2017 ᠤᠨ ᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠤᠮᠳᠠᠳᠦ ᠰᠤᠷᠭᠠᠭᠤᠯᠢ ᠶᠢᠨ ᠰᠤᠷᠤᠭᠴᠢᠳ ᠤᠨ ᠮᠤᠩᠭᠤᠯ ᠪᠦᠬᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠠᠮᠵᠢᠯᠲᠠ ᠲᠡᠭᠦᠯᠳᠡᠷ ᠶᠠᠪᠤᠭᠳᠠᠯ᠎ᠠ
ᠨᠡᠶᠢᠲᠡᠯᠡᠭᠰᠡᠨ ᠴᠠᠭ᠄
2017-11-29
    ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠠᠴᠠ ᠭᠤᠤᠯᠯᠠᠨ ᠡᠷᠬᠢᠯᠡᠵᠦ᠂ ᠤᠯᠠᠭᠠᠨᠬᠠᠳᠠ ᠬᠤᠲᠠ ᠶᠢᠨ ᠰᠤᠷᠭᠠᠨ ᠬᠦᠮᠦᠵᠢᠯ ᠤᠨ ᠲᠤᠪᠴᠢᠶ᠎ᠠ᠂ ᠪᠠᠭᠠᠷᠢᠨ ᠪᠠᠷᠠᠭᠤᠨ ᠬᠤᠰᠢᠭᠤᠨ ᠤ ᠰᠤᠷᠭᠠᠨ ᠬᠦᠮᠦᠵᠢᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶ᠎ᠠ ᠠᠴᠠ ᠲᠠᠭᠠᠭᠠᠴᠢᠯᠠᠨ ᠡᠷᠬᠢᠯᠡᠭᠰᠡᠨ2017 ᠤᠨ ᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠤᠮᠳᠠᠳᠦ ᠰᠤᠷᠭᠠᠭᠤᠯᠢ ᠶᠢᠨ ᠰᠤᠷᠤᠭᠴᠢᠳ ᠤᠨ ᠮᠤᠩᠭᠤᠯ ᠪᠦᠬᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠵᠢᠴᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠢᠤᠳᠤᠤ ᠪᠦᠬᠡ ᠶᠢᠨ ᠨᠡᠶᠢᠭᠡᠮᠯᠢᠭ ᠤᠨ ᠪᠠᠭᠠᠷᠢᠨ ᠪᠠᠷᠠᠭᠤᠨ ᠬᠤᠰᠢᠭᠤᠨ ᠤ ᠶᠡᠭᠡ ᠪᠠᠶᠢᠰᠢᠩ ᠪᠠᠯᠭᠠᠰᠤᠨ ᠤ ᠮᠤᠩᠭᠤᠯ ᠦᠨᠳᠦᠰᠦᠲᠡᠨ ᠤ ᠲᠤᠮᠳᠠᠳᠦ ᠰᠤᠷᠭᠠᠭᠤᠯᠢ ᠳᠠᠬᠢ ᠰᠠᠭᠤᠷᠢᠨ ᠭᠠᠵᠠᠷ ᠪᠠᠶᠢᠭᠤᠯᠬᠤ ᠶᠤᠰᠤᠯᠠᠯ 11 ᠳ᠋ᠤᠭᠡᠷ ᠰᠠᠷ᠎ᠠ ᠶᠢᠨ 17 —18 ᠪᠤᠯᠲᠠᠯ᠎ᠠ᠂ ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤᠨ ᠤ ᠬᠦᠯ ᠪᠦᠮᠪᠦᠭᠡ ᠶᠢᠨ ᠤᠷᠳᠤᠨ ᠳᠤ ᠠᠮᠵᠢᠯᠲᠠ ᠲᠡᠭᠦᠯᠳᠡᠷ ᠶᠠᠪᠤᠭᠳᠠᠭᠰᠠᠨ ᠪᠠᠶᠢᠨ᠎ᠠ᠃ ᠲᠤᠰ ᠠᠵᠢᠯᠯᠠᠭᠠᠨ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠠᠶᠢᠲᠤᠷ ᠲᠤᠤᠱᠯᠠᠭᠤᠯᠤᠨ ᠨᠠᠶᠢᠳᠠᠪᠦᠷᠢᠵᠢᠭᠤᠯᠵᠦ᠂ ᠰᠤᠷᠭᠠᠭᠤᠯᠢ ᠶᠢᠨ ᠬᠦᠷᠢᠶᠠᠨ ᠤ ᠪᠠᠶ᠎ᠠ ᠶᠢᠨ ᠲᠠᠮᠢᠷ ᠪᠠ ᠰᠤᠶᠤᠯ ᠤᠷᠠᠯᠢᠭ ᠎ ᠤᠨ ᠬᠦᠭᠵᠢᠯᠲᠡ ᠶᠢ ᠠᠬᠢᠭᠤᠯᠬᠤ ᠵᠤᠷᠢᠯᠭ᠎ᠠ ᠪᠠᠷ ᠡᠷᠬᠢᠯᠡᠨ ᠶᠠᠪᠤᠭᠳᠠᠭᠤᠯᠤᠭᠰᠠᠨ ᠪᠠᠶᠢᠨ᠎ᠠ᠃ ᠲᠤᠰ ᠠᠵᠢᠯᠯᠠᠭᠠᠨ ᠳᠤ ᠪᠦᠬᠦ ᠤᠷᠤᠨ ᠤ 9 ᠠᠶᠢᠮᠠᠭ ᠬᠤᠲᠠ ᠶᠢᠨ 17 ᠰᠤᠷᠭᠠᠭᠤᠯᠢ ᠶᠢᠨ100 ᠭᠠᠷᠤᠢ ᠰᠤᠷᠤᠭᠴᠢᠳ ᠤᠷᠤᠯᠴᠠᠭᠰᠠᠨ ᠪᠠᠶᠢᠨ᠎ᠠ᠃     ᠲᠤᠰ ᠤᠳᠠᠭᠠᠨ ᠤ ᠤᠷᠤᠯᠳᠤᠭᠠᠨ ᠳᠤ ᠪᠦᠯᠬᠦᠮ ᠨᠢᠭᠡᠴᠡ ᠶᠢᠨ ᠪᠠ ᠬᠤᠪᠢ ᠬᠦᠮᠦᠨ ᠤ ᠤᠷᠤᠯᠳᠤᠭᠠᠨ ᠢ ᠲᠤᠬᠢᠷᠠᠭᠤᠯᠤᠭᠰᠠᠨ ᠪᠠᠶᠢᠨ᠎ᠠ᠃ ᠤᠷᠤᠯᠳᠤᠭᠠᠨ ᠤ ᠡᠴᠦᠰ ᠲᠤ᠂ ᠡᠷᠡᠭᠲᠡᠢ ᠶᠢᠨ ᠪᠦᠯᠬᠦᠮ ᠨᠢᠭᠡᠴᠡ ᠶᠢᠨ ᠲᠤᠭᠤᠶᠢᠯᠠᠩ ᠳᠤ ᠴᠢᠪᠠᠭ᠎ᠠ ᠶᠢᠨ ᠬᠤᠶᠠᠳᠤᠭᠠᠷ ᠲᠤᠮᠳᠠᠳᠦ ᠰᠤᠷᠭᠠᠭᠤᠯᠢ ᠶᠢᠨ ᠠᠩᠬᠢ ᠲᠡᠷᠢᠬᠦᠨ ᠳᠤ ᠲᠤᠳᠤᠷᠠᠵᠦ᠂ ᠰᠢᠯᠢ ᠶᠢᠨ ᠭᠤᠤᠯ ᠠᠶᠢᠮᠠᠭ ᠤᠨ ᠮᠤᠩᠭᠤᠯ ᠲᠤᠮᠳᠠᠳᠦ ᠰᠤᠷᠭᠠᠭᠤᠯᠢ ᠶᠢᠨ ᠠᠩᠬᠢ ᠲᠡᠳ᠋ᠯᠡᠵᠦ᠂ ᠲᠦᠩᠯᠢᠶᠤᠤ ᠶᠢᠨ ᠮᠤᠩᠭᠤᠯ ᠲᠤᠮᠳᠠᠳᠦ ᠰᠤᠷᠭᠠᠭᠤᠯᠢ ᠶᠢᠨ ᠠᠩᠬᠢ ᠭᠤᠳᠠᠭᠠᠷ ᠳᠤ ᠲᠤᠳᠤᠷᠠᠵᠠᠢ᠃ ᠡᠮᠡᠭᠲᠡᠢ ᠶᠢᠨ ᠪᠦᠯᠬᠦᠮ ᠨᠢᠭᠡᠴᠡ ᠎ ᠶᠢᠨ ᠲᠤᠭᠤᠶᠢᠯᠠᠩ ᠳᠤ᠂ ᠬᠢᠩᠭᠠᠨ ᠠᠶᠢᠮᠠᠭ ᠤᠨ ᠪᠠᠶᠠᠠᠬᠤᠰᠢᠭᠤ ᠨᠢᠭᠡᠳᠦᠭᠡᠷ ᠲᠤᠮᠳᠠᠳᠦ ᠰᠤᠷᠭᠠᠭᠤᠯᠢ ᠶᠢᠨ ᠠᠩᠬᠢ ᠲᠡᠷᠢᠬᠦᠨ ᠳᠤ ᠲᠤᠳᠤᠷᠠᠵᠦ᠂ ᠬᠠᠶᠢᠯᠠᠷ ᠤᠨ ᠨᠢᠭᠡᠳᠦᠭᠡᠷ ᠲᠤᠮᠳᠠᠳᠦ ᠰᠤᠷᠭᠠᠭᠤᠯᠢ ᠶᠢᠨ ᠠᠩᠬᠢ ᠲᠡᠳ᠋ᠯᠡᠵᠦ᠂ ᠡᠷᠢᠶᠠᠨ ᠬᠤᠲᠠ ᠶᠢᠨ ᠮᠤᠩᠭᠤᠯ ᠲᠤᠮᠳᠠᠳᠦ ᠰᠤᠷᠭᠠᠭᠤᠯᠢ ᠶᠢᠨ ᠠᠩᠬᠢ ᠭᠤᠳᠠᠭᠠᠷ ᠳᠤ ᠲᠤᠳᠤᠷᠠᠵᠠᠢ᠃ ᠡᠷᠡᠭᠲᠡᠢ ᠶᠢᠨ ᠬᠤᠪᠢ ᠬᠦᠮᠦᠨ ᠤ ᠤᠷᠤᠯᠳᠤᠭᠠᠨ ᠳᠤ ᠵᠡᠬᠦᠨ ᠦᠵᠦᠮᠦᠴᠢᠨ ᠬᠤᠰᠢᠭᠤᠨ ᠶᠡᠷᠦᠩᠬᠡᠶᠢᠯᠡᠭᠰᠡᠨ ᠲᠡᠭᠡᠲᠦ ᠵᠡᠷᠭᠡ ᠶᠢᠨ ᠰᠤᠷᠭᠠᠭᠤᠯᠢ ᠶᠢᠨ ᠡᠷᠳᠡᠨᠢᠰᠦ᠋ᠬᠡ ᠲᠡᠷᠢᠬᠦᠯᠡᠵᠦ᠂ ᠮᠦᠨ ᠲᠤᠰ ᠰᠤᠷᠭᠠᠭᠤᠯᠢ ᠶᠢᠨ ᠲᠠᠷᠢᠬᠢᠵᠠᠪ ᠲᠡᠳ᠋ ᠪᠠᠶᠢᠷᠢᠨ ᠳᠤ ᠲᠤᠳᠤᠷᠠᠵᠠᠢ᠃ ᠡᠮᠡᠭᠲᠡᠢ ᠶᠢᠨ ᠬᠤᠪᠢ ᠬᠦᠮᠦᠨ ᠤ ᠤᠷᠤᠯᠳᠤᠭᠠᠨ ᠳᠤ ᠴᠢᠪᠠᠭ᠎ᠠ ᠶᠢᠨ ᠬᠤᠶᠠᠳᠤᠭᠠᠷ ᠲᠤᠮᠳᠠᠳᠦ ᠰᠤᠷᠭᠠᠭᠤᠯᠢ ᠶᠢᠨ ᠲᠤᠷᠤᠨ᠎ᠠ ᠲᠡᠷᠢᠬᠦᠯᠡᠵᠦ᠂ ᠲᠦᠩᠯᠢᠶᠤᠤ ᠶᠢᠨ ᠮᠤᠩᠭᠤᠯ ᠲᠤᠮᠳᠠᠳᠦ ᠰᠤᠷᠭᠠᠭᠤᠯᠢ ᠶᠢᠨ ᠳ᠋ᠦᠩ ᠬᠤᠩ ᠮᠸᠢ ᠲᠡᠳ᠋ ᠪᠠᠶᠢᠷᠢᠨ ᠳᠤ ᠲᠤᠳᠤᠷᠠᠵᠠᠢ᠃  ᠲᠦᠩᠯᠢᠶᠤᠤ ᠬᠤᠲᠠ ᠶᠢᠨ ᠮᠤᠩᠭᠤᠯ ᠲᠤᠮᠳᠠᠳᠦ ᠰᠤᠷᠭᠠᠭᠤᠯᠢ ᠎ ᠶᠢᠨ ᠰᠤᠷᠤᠭᠴᠢ ᠴᠡᠩᠬᠡᠯ ᠲᠤᠰ ᠤᠳᠠᠭᠠᠨ ᠤ ᠤᠷᠤᠯᠳᠤᠭᠠᠨ ᠳᠤ ᠤᠷᠤᠯᠴᠠᠭᠠᠳ ᠮᠤᠩᠭᠤᠯ ᠪᠦᠬᠡ ᠶᠢᠨ ᠲᠠᠯ᠎ᠠ ᠪᠠᠷ ᠎ ᠬᠢ ᠦᠭᠡᠷ᠎ᠡ ᠪᠤᠰᠤᠳ ᠤᠨ ᠮᠡᠭᠡ ᠮᠡᠷᠭᠡᠵᠢᠯ᠂ ᠲᠤᠷᠰᠢᠯᠭ᠎ᠠ ᠰᠤᠷᠭᠠᠮᠵᠢ ᠶᠢ ᠬᠦᠷᠲᠡᠭᠰᠡᠨ ᠳᠤ ᠪᠠᠨ ᠮᠠᠰᠢ ᠶᠡᠭᠡ ᠪᠠᠶᠠᠷᠯᠠᠵᠦ ᠪᠠᠶᠢᠨ᠎ᠠ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号