ᠬᠤᠰᠢᠭᠤᠨ ᠤ ᠨᠤᠮ ᠤᠨ ᠰᠠᠩ ︽ᠨᠠᠮ ᠤᠨ ᠠᠷᠪᠠ ᠶᠢᠰᠦᠳᠦᠬᠡᠷ ᠶᠡᠭᠡ ᠬᠤᠷᠠᠯ︾᠎ ᠤᠨ ᠵᠤᠷᠢᠭ ᠰᠠᠨᠠᠭ᠎ᠠ ᠎ ᠶᠢ ᠬᠦᠨᠵᠡᠬᠡᠢ ᠰᠤᠷᠤᠯᠴᠠᠬᠤ ᠤᠩᠰᠢᠯᠭ᠎ᠠ ᠶᠢᠨ ᠤᠷᠤᠯᠳᠤᠭᠠᠨ ᠦᠷᠨᠢᠬᠦᠯᠵᠡᠢ
ᠨᠡᠶᠢᠲᠡᠯᠡᠭᠰᠡᠨ ᠴᠠᠭ᠄
2017-12-12
    12 ᠰᠠᠷᠠᠶᠢᠨ 9᠎ ᠤ ᠡᠳᠦᠷ᠂ ᠦᠪᠡᠷᠳᠡᠬᠡᠨ ᠵᠠᠰᠠᠬᠤ ᠤᠷᠤᠨ ᠤ ᠨᠤᠮ ᠤᠨ ᠰᠠᠩ ᠤᠨ ᠠᠩᠬᠠᠳᠤᠭᠠᠷ ᠬᠤᠭᠤᠴᠠᠭᠠᠨ ᠤ ︽ᠨᠠᠮ ᠤᠨ ᠠᠷᠪᠠ ᠶᠢᠰᠦᠳᠦᠬᠡᠷ ᠶᠡᠭᠡ ᠬᠤᠷᠠᠯ︾᠎ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠠᠯᠠᠭᠤᠯᠬᠤ ᠨᠤᠮ ᠤᠨ ᠱᠠᠳᠤ ᠤᠩᠰᠢᠯᠭ᠎ᠠ ᠶᠢᠨ ᠤᠷᠤᠯᠳᠤᠭᠠᠨ ᠤ ᠡᠬᠢᠯᠡᠯᠳᠡ ᠶᠢᠨ ᠶᠤᠰᠤᠯᠠᠯ ᠶᠠᠪᠤᠭᠳᠠᠬᠤ ᠶᠢ ᠲᠠᠭᠠᠯᠳᠤᠨ᠂ ᠬᠤᠰᠢᠭᠤᠨ ᠤ ᠨᠤᠮ ᠤᠨ ᠰᠠᠩ ᠤᠨ ᠬᠢᠨ ᠴᠤ ᠪᠦᠬᠦ ᠤᠷᠤᠨ ᠤ ᠡᠯ᠎ᠡ ᠠᠶᠢᠮᠠᠭ ᠬᠤᠳᠠ ᠬᠤᠰᠢᠭᠤ ᠰᠢᠶᠠᠨ ᠤ 117 ᠨᠡᠶᠢᠳᠡ ᠶᠢᠨ ᠨᠤᠮ ᠤᠨ ᠰᠠᠩ ᠲᠠᠢ ᠵᠡᠷᠬᠡᠪᠡᠷ ︽ᠢᠵᠢᠯ ᠨᠤᠮ ᠢ ᠬᠠᠮᠳᠤᠪᠠᠷ ᠤᠩᠰᠢᠵᠦ᠂ ᠢᠷᠡᠬᠡᠳᠦᠢ ᠶᠢᠨ ᠬᠦᠰᠡᠯ ᠢᠶᠠᠨ ᠪᠡᠶᠡᠯᠡᠬᠦᠯᠦᠶ᠎ᠡ︾ ᠬᠡᠬᠦ ᠭᠤᠤᠯ ᠰᠡᠳᠦᠪᠳᠦ ︽ᠨᠠᠮ ᠤᠨ ᠠᠷᠪᠠ ᠶᠢᠰᠦᠳᠦᠬᠡᠷ ᠶᠡᠭᠡ ᠬᠤᠷᠠᠯ︾᠎ ᠤᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠬᠤ ᠤᠩᠰᠢᠯᠭ᠎ᠠ ᠶᠢᠨ ᠤᠷᠤᠯᠳᠤᠭᠠᠨ ᠦᠷᠨᠢᠬᠦᠯᠵᠡᠢ᠃ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ ᠮᠤᠩᠭᠤᠯ ᠬᠡᠯᠡᠨ ᠤ ᠤᠷᠴᠢᠭᠤᠯᠤᠨ ᠦᠢᠯᠡᠳᠬᠦ ᠰᠠᠭᠤᠷᠢᠨ ᠭᠠᠵᠠᠷ᠂ ᠬᠤᠰᠢᠭᠤᠨ ᠤ ᠰᠤᠶᠤᠯ ᠲᠠᠮᠢᠷ ᠰᠤᠨᠢᠨ ᠮᠡᠳᠡᠭᠡ ᠬᠡᠪᠯᠡᠯ ᠷᠠᠳᠢᠤ᠋ ᠲᠧᠯᠸᠢᠰ ᠤᠨ ᠲᠤᠪᠴᠢᠶ᠎ᠠ᠂ ᠰᠤᠶᠤᠯ ᠤᠨ ᠤᠷᠳᠤᠨ᠂ ᠨᠠᠰᠤᠳᠠᠶᠢᠴᠤᠳ ᠤᠨ ᠨᠡᠶᠢᠬᠡᠮᠯᠢᠭ᠂ ᠰᠤᠮᠤ ᠪᠠᠯᠭᠠᠰᠤᠨ ᠤ ᠠᠵᠢᠯᠳᠠᠳ᠂ ᠮᠠᠯᠴᠢᠨ ᠲᠦᠮᠡᠨ ᠵᠡᠷᠬᠡ ᠨᠡᠶᠢᠬᠡᠮ ᠤᠨ ᠡᠯ᠎ᠡ ᠲᠠᠯ᠎ᠠ ᠠᠴᠠ ᠢᠷᠡᠭᠰᠡᠨ 35 ᠬᠦᠮᠦᠨ ᠤᠷᠤᠯᠳᠤᠭᠠᠨ ᠳᠤ ᠢᠳᠡᠪᠬᠢᠯᠡᠨ ᠤᠷᠤᠯᠴᠠᠵᠦ᠂ ᠬᠠᠮᠳᠤᠪᠠᠷ ᠨᠤᠮ ᠤᠩᠰᠢᠨ᠂ ᠮᠡᠳᠡᠯᠬᠡ ᠪᠠᠨ ᠨᠡᠮᠡᠭᠳᠡᠬᠦᠯᠵᠦ᠂ ᠬᠢᠷᠢ ᠲᠦᠪᠰᠢᠨ ᠢᠶᠠᠨ ᠰᠤᠷᠢᠭᠰᠠᠨ ᠪᠠᠶᠢᠨ᠎ᠠ᠃     ᠬᠤᠶᠠᠷ ᠴᠠᠭ ᠭᠠᠷᠤᠢ ᠶᠢᠨ ᠬᠤᠷᠴᠠ ᠰᠢᠷᠦᠬᠦᠨ ᠦᠷᠢᠰᠦᠯᠳᠦᠬᠡᠨ ᠢᠶᠠᠷ ᠲᠠᠮᠵᠢᠨ᠂ ᠨᠢᠬᠡᠳᠦᠬᠡᠷ ᠲᠡᠰ ᠲᠤ ᠨᠢᠬᠡ ᠨᠡᠷ᠎ᠡ᠂ ᠬᠤᠶᠠᠳᠤᠭᠠᠷ ᠲᠡᠰ ᠲᠤ ᠬᠤᠶᠠᠷ ᠨᠡᠷ᠎ᠡ᠂ ᠭᠤᠷᠪᠠᠳᠤᠭᠠᠷ ᠲᠡᠰ ᠲᠤ ᠭᠤᠷᠪᠠᠨ ᠨᠡᠷ᠎ᠡ᠂ ᠰᠢᠯᠢᠳᠡᠭ ᠲᠡᠰ ᠎ ᠲᠤ ᠠᠷᠪᠠᠨ ᠨᠡᠷᠡᠰ ᠴᠤᠯᠭᠤᠷᠠᠨ ᠭᠠᠷᠴᠦ᠂ ᠤᠩᠰᠢᠯᠭ᠎ᠠ ᠶᠢᠨ ᠤᠷᠤᠯᠳᠤᠭᠠᠨ ᠨᠢ ᠤᠷᠤᠯᠳᠤᠭᠠᠨ ᠳᠤ ᠤᠷᠤᠯᠴᠠᠭᠰᠠᠳ ᠎ ᠤᠨ ᠬᠠᠯᠠᠭᠤᠨ ᠬᠦᠷᠢᠶᠡᠯᠡᠯ ᠢ ᠤᠯᠵᠦ᠂ ᠶᠡᠬᠡᠳᠡ ᠰᠤᠨᠢᠨ ᠰᠡᠪᠡᠬᠦᠨ᠂ ᠰᠢᠨ᠎ᠡ ᠬᠡᠯᠪᠡᠷᠢ ᠶᠢᠨ ᠤᠷᠤᠯᠳᠤᠭᠠᠨ ᠪᠠᠶᠢᠵᠦ᠂ ᠤᠷᠤᠯᠳᠤᠭᠠᠨ ᠢᠶᠠᠷ ᠲᠠᠮᠵᠢᠨ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠤᠨᠴᠠᠭᠠᠶᠢᠯᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠎ ᠤᠨ ᠤᠯᠤᠰ ᠢᠶᠠᠨ ᠵᠠᠰᠠᠵᠦ ᠵᠠᠰᠠᠭ ᠪᠠᠷᠢᠬᠤ ᠲᠠᠯ᠎ᠠ ᠪᠠᠷ ᠨᠡᠩ ᠬᠦᠨᠵᠡᠬᠡᠢ ᠰᠠᠭᠤᠭᠳᠠᠯ ᠦᠢᠯᠠᠭᠠᠯᠳᠠ ᠲᠠᠢ ᠪᠤᠯᠵᠠᠢ ᠬᠡᠵᠡᠵᠡᠬᠡᠵᠦ ᠪᠠᠶᠢᠯ᠎ᠠ᠃     ᠬᠤᠰᠢᠭᠤᠨ ᠤ ᠨᠤᠮ ᠤᠨ ᠰᠠᠩ ᠨᠢ ᠲᠤᠰ ᠤᠳᠠᠭᠠᠨ ᠤ ᠤᠷᠠᠨ ᠤᠩᠰᠢᠯᠭ᠎ᠠ ᠶᠢᠨ ᠤᠷᠤᠯᠳᠤᠭᠠᠨ ᠢᠶᠠᠷ ᠲᠠᠮᠵᠢᠨ᠂  ᠨᠡᠶᠢᠬᠡᠮ ᠤᠨ ᠰᠤᠷᠭᠠᠨ ᠬᠦᠮᠦᠵᠢᠯ ᠤᠨ ᠦᠢᠯᠡᠳᠦᠯ ᠴᠢᠳᠠᠪᠬᠢ ᠪᠠᠨ ᠰᠠᠶᠢᠳᠤᠷ ᠪᠠᠳᠠᠷᠠᠭᠤᠯᠵᠦ᠂ ᠬᠤᠶᠢᠰᠢᠳᠠ ᠶᠢᠨ ᠦᠢᠯᠡᠴᠢᠯᠡᠭᠡ ᠲᠤᠮᠳᠠ ᠪᠠᠨ ᠤᠩᠰᠢᠭᠴᠢᠳ ᠤᠨ ᠰᠢᠨ᠎ᠡ ᠬᠦᠰᠡᠯ ᠱᠠᠭᠠᠷᠳᠠᠯᠭ᠎ᠠ ᠶᠢ ᠬᠠᠩᠭᠠᠨ ᠦᠭᠬᠦ ᠪᠠᠷ ᠭᠠᠷᠳᠠᠴᠠ ᠪᠤᠯᠭᠠᠨ᠂ ᠴᠠᠭ ᠦᠶ᠎ᠡ ᠲᠠᠢ ᠮᠦᠷᠦ ᠵᠡᠷᠬᠡᠴᠡᠨ᠂ ᠦᠢᠯᠡᠴᠢᠯᠡᠬᠡᠨ ᠤ ᠠᠷᠭ᠎ᠠ ᠬᠡᠯᠪᠡᠷᠢ ᠶᠢᠨ ᠰᠢᠨ᠎ᠡ ᠶᠢ ᠡᠬᠦᠳᠴᠦ  ᠂ ᠨᠡᠩ ᠡᠯᠪᠡᠭ ᠪᠠᠶᠠᠯᠢᠭ ᠰᠤᠷᠤᠯᠴᠠᠯᠭ᠎ᠠ ᠬᠦᠮᠦᠵᠢᠯ ᠤᠨ ᠬᠡᠯᠪᠡᠷᠢ ᠪᠠᠷ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠦᠢᠯᠡᠳᠦᠯᠬᠡᠵᠢᠬᠦᠯᠵᠦ᠂ ︽ᠤᠷᠤᠯᠳᠤᠭᠠᠨ ᠢᠶᠠᠷ  ᠰᠤᠷᠤᠯᠴᠠᠯᠭ᠎ᠠ ᠶᠢ ᠠᠬᠢᠭᠤᠯᠵᠦ᠂ ᠰᠤᠷᠤᠯᠴᠠᠯᠭ᠎ᠠ ᠪᠠᠷ ᠬᠡᠷᠡᠭᠯᠡᠯᠳᠡ ᠶᠢ ᠠᠬᠢᠭᠤᠯᠬᠤ︾ ᠠᠭᠤᠷ ᠠᠮᠢᠰᠬᠤᠯ ᠢ ᠡᠬᠦᠳᠴᠦ᠂ ᠴᠢᠨᠠᠭᠰᠢᠯᠠᠨ ᠪᠦᠬᠦ ᠨᠡᠶᠢᠬᠡᠮ ᠨᠡᠶᠢᠳᠡ ᠳᠤ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠲᠤᠤᠱᠠᠯᠠᠭᠤᠯᠬᠤ ᠬᠠᠯᠠᠭᠤᠨ ᠤᠷᠤᠰᠬᠠᠯ ᠢ ᠰᠡᠬᠦᠬᠦ ᠶᠢ ᠵᠤᠷᠢᠵᠦ ᠪᠤᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号