ᠪᠠᠷᠭᠤ ᠵᠠᠯᠠᠭᠤ ᠬᠠᠳᠠᠨᠪᠠᠭᠠᠲᠣᠷ ᠳᠡᠯᠡᠬᠡᠢ ᠶᠢᠨ ᠬᠤᠨᠳᠠᠭᠠᠲᠣ ᠳᠣᠮᠳᠠᠳᠣ ᠮᠠᠶ᠋ᠢᠭ ᠤᠨ ᠪᠦᠬᠡ ᠶᠢᠨ ᠣᠷᠣᠯᠳᠣᠭᠠᠨ ᠳᠤ ᠮᠠᠩᠯᠠᠶᠢᠯᠠᠪᠠ
ᠨᠡᠶᠢᠲᠡᠯᠡᠭᠰᠡᠨ ᠴᠠᠭ᠄
2017-12-14
    12 ᠰᠠᠷ᠎ᠠ ᠶᠢᠨ 8᠎ ᠤ ᠡᠳᠦᠷ ᠠᠴᠠ 10᠎ ᠤ ᠡᠳᠦᠷ ᠪᠣᠯᠲᠠᠯ᠎ᠠ᠂ ᠠᠮᠧᠷᠢᠺᠡ ᠣᠯᠣᠰ ᠤᠨ ᠰᠠᠨ ᠹᠷᠠᠨᠰᠢᠰᠺᠦ ᠳᠤ ᠶᠠᠪᠣᠭᠳᠠᠭᠰᠠᠨ ᠳᠡᠯᠡᠬᠡᠢ ᠶᠢᠨ ᠬᠤᠨᠳᠠᠭᠠᠲᠣ ᠳᠣᠮᠳᠠᠳᠣ ᠮᠠᠶ᠋ᠢᠭ ᠤᠨ ᠪᠦᠬᠡ ᠶᠢᠨ ᠣᠷᠣᠯᠳᠣᠭᠠᠨ ᠣᠯᠣᠰ ᠣᠷᠣᠨ ᠢᠶᠠᠨ ᠲᠦᠯᠦᠭᠡᠯᠡᠨ ᠶᠠᠪᠣᠭᠰᠠᠨ ᠰᠢᠨ᠎ᠡ ᠪᠠᠷᠭᠤ ᠵᠡᠭᠦᠨ ᠬᠤᠰᠢᠭᠤᠨ ᠤ ᠭᠠᠨᠵᠣᠣᠷ ᠰᠣᠮᠣᠨ ᠤ ᠣᠷᠱᠣᠨ ᠭᠠᠴᠠᠭᠠᠨ ᠤ ᠬᠠᠳᠠᠨᠪᠠᠭᠠᠲᠣᠷ  ︵ᠭᠡᠷ ᠤᠨ ᠨᠡᠷ᠎ᠡ ᠪᠠᠳᠠᠷᠠᠩᠭᠤᠢ︶᠎ ᠤᠨ ᠣᠷᠣᠯᠳᠣᠭᠠᠨ ᠤ ᠪᠠᠶᠢᠳᠠᠯ ᠨᠢ ᠣᠯᠠᠨ ᠤ ᠠᠩᠬᠠᠷᠣᠯ ᠢ ᠲᠠᠲᠠᠭᠰᠠᠨ ᠪᠠᠶᠢᠨ᠎ᠠ᠃     ᠲᠣᠰ ᠣᠳᠠᠭᠠᠨ ᠤ ᠳᠡᠯᠡᠬᠡᠢ ᠶᠢᠨ ᠬᠤᠨᠳᠠᠭᠠᠲᠣ ᠳᠣᠮᠳᠠᠲᠣ ᠮᠠᠶ᠋ᠢᠭ ᠤᠨ ᠪᠦᠬᠡ ᠶᠢᠨ ᠣᠷᠣᠯᠳᠣᠭᠠᠨ ᠬᠤᠶᠠᠷ ᠡᠳᠦᠷ ᠤᠨ ᠲᠣᠷᠰᠢ ᠬᠤᠷᠴᠠ ᠰᠢᠷᠦᠭᠦᠨ ᠶᠠᠪᠣᠭᠳᠠᠵᠣ᠂ ᠳᠡᠯᠡᠬᠡᠢ ᠶᠢᠨ ᠬᠦᠮᠦᠰ ᠤᠨ ᠠᠩᠬᠠᠷᠣᠯ ᠢ ᠲᠠᠲᠠᠨ᠂ ᠪᠦᠬᠦ ᠳᠡᠯᠡᠬᠡᠢ ᠶᠢᠨ 22 ᠣᠯᠣᠰ ᠤᠨ ᠬᠤᠶᠠᠷ ᠵᠠᠭᠤᠨ ᠭᠠᠷᠣᠢ ᠰᠢᠯᠢᠳᠡᠭ ᠲᠠᠮᠢᠷᠴᠢᠳ ᠣᠷᠣᠯᠴᠠᠪᠠ᠃ ᠬᠠᠳᠠᠨᠪᠠᠭᠠᠲᠣᠷ ᠬᠠᠭᠠᠰ ᠰᠢᠢᠳᠪᠦᠷᠢᠲᠦ ᠣᠷᠣᠯᠳᠣᠭᠠᠨ ᠳᠤ ᠠᠮᠧᠷᠢᠺᠡ ᠶᠢᠨ ᠲᠠᠮᠢᠷᠴᠢᠨ ᠲᠠᠢ ᠪᠠᠷᠢᠯᠳᠣᠵᠣ ᠰᠢᠷᠬᠠᠳᠣᠭᠰᠠᠨ ᠪᠣᠯᠪᠠᠴᠣ ᠵᠣᠷᠢᠭ ᠢᠶᠠᠨ ᠴᠢᠩᠭᠠᠯᠠᠨ ᠡᠷᠡᠰ ᠲᠡᠮᠡᠴᠡᠨ᠂ ᠡᠴᠣᠰ ᠲᠤ 90 ᠺᠢᠯᠣᠭ᠍ᠷᠠᠮ ᠤᠨ ᠳᠡᠰ ᠤᠨ ᠣᠷᠣᠯᠳᠣᠭᠠᠨ ᠳᠤ ᠮᠠᠩᠯᠠᠶᠢᠯᠠᠵᠣ᠂ ᠡᠬᠡ ᠣᠷᠣᠨ᠂ ᠨᠣᠲᠤᠭ ᠣᠷᠣᠨ ᠳᠠᠭᠠᠨ ᠢᠷᠠᠭᠤ ᠠᠯᠳᠠᠷ ᠠᠪᠴᠢᠷᠠᠵᠣ ᠦᠭᠭᠦᠯ᠎ᠡ᠃     ᠴᠢᠷᠮᠠᠶᠢᠯᠠᠭ᠎ᠠ ᠬᠦᠮᠦᠨ ᠢ ᠭᠤᠮᠣᠳᠠᠭᠠᠳᠠᠭ ᠦᠭᠡᠢ᠂ ᠬᠠᠳᠠᠨᠪᠠᠭᠠᠲᠣᠷ ᠤᠨ ᠦᠨᠦᠳᠦᠷ ᠤᠨ ᠠᠮᠵᠢᠯᠲᠡ ᠪᠦᠬᠦᠨ ᠲᠡᠭᠦᠨ ᠤ ᠬᠠᠳᠠᠨ ᠵᠣᠷᠢᠭ ᠬᠠᠲᠠᠭᠤ ᠪᠣᠯᠪᠠᠰᠣᠷᠠᠯ ᠲᠠᠢ ᠨᠢᠭᠲᠠ ᠬᠤᠯᠪᠣᠭ᠎ᠠ ᠲᠠᠢ ᠪᠦᠭᠡᠳ ᠠᠮᠵᠢᠯᠲᠠ ᠶᠢᠨ ᠠᠶᠠᠨ ᠎ ᠳᠤᠨᠢ ᠬᠠᠪᠰᠣᠷᠣᠭᠰᠠᠨ ᠲᠦᠷᠦᠯ ᠰᠠᠳᠣᠨ᠂ ᠨᠠᠶᠢᠵᠠ ᠨᠦᠬᠦᠳ᠂ ᠪᠠᠭᠰᠢ ᠠᠬᠠᠮᠠᠳ ᠠᠴᠠ ᠨᠢ ᠰᠠᠯᠵᠣ ᠪᠣᠯᠣᠰᠢ ᠦᠭᠡᠢ ᠶᠣᠮ᠃
 
ᠢᠷᠡᠯᠲᠡ᠄ ᠬᠦᠯᠦᠨ ᠪᠣᠶᠢᠷ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号