ᠳᠠᠭᠠᠭᠤᠯᠣᠨ ᠰᠣᠷᠣᠯᠴᠠᠵᠣ ᠨᠡᠪᠲᠡᠷᠡᠲᠡᠯ᠎ᠡ ᠣᠶᠢᠯᠭᠠᠭᠤᠯᠣᠭᠰᠠᠨ ᠰᠢᠨ᠎ᠡ ᠪᠠᠷᠭᠤ ᠵᠡᠭᠦᠨ ᠬᠤᠰᠢᠭᠤᠨ ᠤ ᠠᠮᠣᠭᠤᠯᠠᠩ ᠪᠠᠯᠭᠠᠰᠣ ᠶᠢᠨ ᠨᠠᠮ ᠤᠨ ᠬᠤᠷᠢᠶᠠᠨ ᠤ ᠱᠦᠵᠢ ᠰᠣᠳᠣ ᠶᠢ ᠰᠣᠷᠪᠣᠯᠵᠢᠯᠠᠭᠰᠠᠨ ᠨᠢ
ᠨᠡᠶᠢᠲᠡᠯᠡᠭᠰᠡᠨ ᠴᠠᠭ᠄
2017-12-25
     ︽ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠬᠤ ᠪᠣᠯ ᠮᠠᠨ ᠤ ᠪᠠᠯᠭᠠᠰᠣᠨ ᠤ ᠨᠠᠮ ᠤᠨ ᠬᠤᠷᠢᠶᠠᠨ ᠤ ᠲᠡᠷᠢᠭᠦᠨ ᠴᠢᠬᠤᠯᠠ ᠣᠯᠣᠰ ᠲᠦᠷᠦ ᠶᠢᠨ ᠡᠭᠦᠷᠭᠡ ᠪᠣᠯᠣᠨ᠎ᠠ᠃ ᠲᠡᠶᠢᠮᠣ ᠠᠴᠠ ᠮᠠᠨ ᠤ ᠪᠠᠯᠭᠤᠰᠣᠨ ᠤ ᠨᠠᠮ ᠤᠨ ᠬᠤᠷᠢᠶ᠎ᠠ〈 ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶᠢᠷᠡᠭᠦᠯᠦᠨ ᠰᠣᠷᠣᠯᠴᠠᠬᠤ ᠲᠣᠰᠬᠠᠢ ᠮᠡᠳᠡᠭᠳᠡᠯ 〉᠎ ᠢ ᠳᠠᠷᠣᠮᠠᠯᠯᠠᠨ ᠲᠠᠷᠬᠠᠭᠠᠵᠣ᠂ ᠬᠦᠮᠦᠨ ᠪᠦᠬᠦᠨ ᠳᠤ ᠣᠶᠢᠯᠠᠭᠠᠭᠤᠯᠬᠤ᠂ ᠬᠦᠮᠦᠨ ᠪᠦᠬᠦᠨ ᠳᠤ ᠪᠦᠬᠦ ᠲᠠᠯ᠎ᠠ ᠶᠢᠨ ᠠᠵᠢᠯ ᠤᠨ ᠬᠦᠲᠦᠯᠪᠣᠷᠢ ᠪᠣᠯᠭᠠᠬᠤ ᠪᠠᠷ ᠴᠢᠷᠮᠠᠶᠢᠵᠣ᠂ ᠰᠣᠷᠣᠯᠴᠠᠯᠭ᠎ᠠ ᠬᠦᠮᠦᠵᠢᠯ ᠪᠣᠯᠪᠠᠰᠣᠷᠠᠯ ᠤᠨ ᠣᠯᠠᠨ ᠠᠷᠭ᠎ᠠ ᠬᠡᠯᠪᠡᠷᠢ ᠶᠢ ᠠᠪᠴᠣ ᠠᠯᠬᠤᠮ ᠠᠯᠬᠤᠮ ᠢᠶᠠᠷ  ᠭᠦᠨᠵᠡᠭᠡᠶᠢᠷᠡᠭᠦᠯᠵᠣ ᠪᠠᠶᠢᠨ᠎ᠠ︾ ᠭᠡᠵᠣ ᠰᠢᠨ᠎ᠡ ᠪᠠᠷᠭᠤ ᠵᠡᠭᠦᠨ ᠬᠤᠰᠢᠭᠤᠨ ᠤ ᠠᠮᠣᠭᠤᠯᠠᠩ ᠪᠠᠯᠭᠠᠰᠣᠨ ᠤ ᠨᠠᠮ ᠤᠨ ᠬᠤᠷᠢᠶᠠᠨ ᠤ ᠱᠦᠵᠢ ᠰᠣᠳᠣ ᠪᠣᠳᠠᠲᠠᠢ ᠬᠢᠵᠣ ᠪᠠᠶᠢᠭ᠎ᠠ ᠰᠣᠷᠣᠯᠴᠠᠯᠭ᠎ᠠ ᠶᠢᠨ ᠢᠶᠠᠨ ᠲᠣᠬᠠᠢ ᠲᠠᠨᠢᠯᠴᠠᠭᠤᠯᠣᠯ᠎ᠠ᠃      ︽ᠨᠠᠮ ᠤᠨ ᠬᠢᠴᠢᠶᠡᠯ︾ ᠣᠷᠣᠵᠣ ᠲᠣᠰᠬᠠᠢ ᠰᠡᠳᠦᠪ ᠢᠶᠠᠷ ᠰᠣᠷᠣᠯᠴᠠᠨ᠎ᠠ᠃ ᠵᠢᠱᠢᠶᠡᠯᠡᠪᠡᠯ᠂ ᠣᠶᠢᠷ᠎ᠠ ᠳᠤ ᠪᠢ ᠪᠠᠯᠭᠠᠰᠣᠨ ᠤ ᠪᠠᠨ ᠪᠦᠬᠦ ᠺᠠᠳ᠋ᠷ ᠠᠵᠢᠯᠲᠠᠨ ᠳᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠳᠤ ᠣᠬᠠᠭᠤᠯᠣᠨ ᠲᠠᠶᠢᠯᠪᠣᠷᠢᠯᠠᠬᠤ ᠬᠢᠴᠢᠶᠡᠯ ᠣᠷᠣᠵᠣ᠂ ᠪᠠᠯᠭᠠᠰᠣᠨ ᠤ ᠪᠣᠳᠠᠲᠣ ᠠᠵᠢᠯ᠂ ᠬᠦᠭᠵᠢᠯᠲᠡ ᠬᠤᠪᠢᠷᠠᠯᠲᠠ ᠶᠢᠨ ᠪᠠᠶᠢᠳᠠᠯ ᠲᠠᠢ ᠣᠶᠠᠯᠳᠣᠭᠤᠯᠵᠣ ᠪᠠᠶᠢᠭᠠᠳ ᠨᠠᠮ ᠤᠨ ᠪᠠᠶᠢᠭᠤᠯᠣᠯᠲᠠ ᠶᠢᠨ ᠠᠵᠢᠯ ᠤᠨ ᠲᠣᠬᠠᠢ ᠶᠠᠷᠢᠭᠰᠠᠨ᠃ ᠪᠢᠳᠡ ᠮᠠᠲ᠋ᠧᠷᠢᠶᠠᠯ ᠣᠩᠰᠢᠭᠠᠳ᠂ ᠨᠠᠮ ᠤᠨ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠰᠠᠨᠠᠭᠠᠴᠢᠯᠠᠭ᠎ᠠ ᠠᠴᠠ ᠪᠠᠨ ᠪᠡᠶᠡᠯᠡᠭᠦᠯᠬᠦ ᠬᠡᠷᠡᠭᠲᠡᠢ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠳ ᠶᠠᠷᠢᠪᠠᠯ᠂ ᠬᠡᠨ ᠳᠤ ᠴᠣ᠋ ︽ᠪᠢ ᠮᠠᠳᠠᠵᠣ ᠯᠡ ᠪᠠᠶᠢᠨ᠎ᠠ︾ ᠭᠡᠰᠡᠨ ᠲᠦᠷᠦᠭᠳᠡᠯ ᠦᠭᠴᠦ ᠮᠡᠳᠡᠨ᠎ᠡ᠃ ᠭᠡᠲᠡᠯ᠎ᠡ ᠴᠢᠨᠣ ᠬᠢᠵᠣ ᠪᠠᠶᠢᠭ᠎ᠠ ᠠᠵᠢᠯ ᠲᠠᠢ ᠴᠢᠨᠢ ᠣᠶᠠᠯᠳᠣᠭᠤᠯᠣᠭᠠᠳ ᠢᠷᠡᠬᠦ ᠳᠤ ᠂ ᠠᠵᠢᠯ ᠤᠨ ᠠᠷᠭ᠎ᠠ᠂ ᠠᠵᠢᠯ ᠤᠨ ᠣᠪᠣᠷ ᠭᠡᠳ ᠶᠠᠮᠠᠷ ᠨᠢᠭᠡ ᠲᠠᠯ᠎ᠠ ᠪᠠᠷ ᠳᠡᠭᠡᠭᠰᠢᠯᠡᠭᠦᠯᠬᠦ ᠴᠢᠬᠤᠯᠠᠲᠠᠢ ᠶᠣᠮ ᠤᠤ᠂ ᠡᠰᠡᠭᠦᠯ᠎ᠡ ᠣᠯᠠᠮ ᠳᠡᠯᠭᠡᠷᠡᠭᠦᠯᠦᠨ ᠣᠯᠠᠨ ᠢᠶᠠᠷ ᠢᠶᠠᠨ ᠮᠦᠷᠳᠡᠵᠣ ᠪᠣᠯᠣᠮᠠᠷ ᠰᠠᠶᠢᠨ ᠬᠢᠳᠡᠯ ᠴᠣ᠋ ᠭᠠᠷᠣᠭᠠᠳ ᠡᠷᠡᠵᠤ ᠮᠡᠳᠡᠨ᠎ᠡ᠃ ᠡᠨᠡ ᠪᠣᠯ ᠳᠠᠷᠣᠢ ᠰᠣᠷᠣᠯᠴᠠᠨ᠎ᠠ᠂ ᠰᠣᠷᠣᠯᠴᠠᠭᠰᠠᠨ ᠤ ᠳ᠋ᠦᠩ ᠳᠤ ᠣᠯᠣᠯᠲᠠ ᠲᠠᠢ ᠪᠠᠶᠢᠨ᠎ᠠ ᠭᠡᠰᠡᠨ ᠦᠭᠡ ᠪᠠᠶᠢᠬᠤ ᠭᠡᠵᠣ ᠪᠢ ᠪᠣᠳᠣᠵᠣ ᠪᠠᠶᠢᠨ᠎ᠠ᠂      ︽ᠭᠤᠷᠪᠠᠨ ᠬᠤᠷᠠᠯ ᠨᠢᠭᠡ ᠬᠢᠴᠢᠶᠡᠯ︾᠎ ᠤᠨ ᠳᠦᠷᠢᠮ ᠢ ᠪᠠᠷᠢᠮᠲᠠᠯᠠᠵᠣ ᠦᠷᠭᠦᠯᠵᠢ ᠰᠣᠷᠣᠯᠴᠠᠨ᠎ᠠ᠃ ᠰᠣᠷᠣᠯᠴᠠᠵᠣ ᠯᠡ ᠪᠠᠶᠢᠪᠠᠯ ᠣᠯᠣᠯᠲᠠ ᠲᠠᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ︽ᠭᠤᠷᠪᠠᠨ ᠬᠤᠷᠠᠯ ᠨᠢᠭᠡ ᠬᠢᠴᠢᠶᠡᠯ︾᠎ ᠤᠨ ᠪᠦᠬᠦ ᠶᠠᠪᠣᠴᠠ ᠳᠤ ᠲᠣᠣᠱᠯᠠᠭᠤᠯᠵᠣ᠂ ᠰᠣᠷᠣᠯᠴᠠᠯᠭ᠎ᠠ ᠶᠢᠨ ᠲᠦᠯᠦᠪᠯᠡᠭᠡ ᠲᠣᠭᠲᠠᠭᠠᠬᠤ ᠬᠡᠷᠡᠭᠲᠡᠢ᠂ ᠲᠡᠭᠡᠬᠦ ᠳᠡᠭᠡᠨ ᠨᠠᠮ ᠤᠨ ᠭᠡᠰᠢᠭᠦᠨ ᠺᠠᠳ᠋ᠷ ᠠᠵᠢᠯᠲᠠᠨ ᠮᠠᠯᠴᠢᠨ ᠭᠡᠳ ᠲᠣᠬᠠᠢ ᠶᠢᠨ ᠬᠦᠮᠦᠨ ᠤ ᠪᠠᠶᠢᠳᠠᠯ ᠢ ᠦᠨᠳᠦᠰᠦᠯᠡᠬᠦ ᠬᠡᠷᠡᠭᠲᠡᠢ᠂ ᠣᠯᠠᠷᠢᠯ ᠤᠨ ᠬᠤᠪᠢᠷᠠᠯᠲᠠ ᠶᠢ ᠪᠠᠰᠠ ᠬᠠᠷᠠᠭᠠᠯᠵᠠᠬᠤ ᠬᠡᠷᠡᠭᠲᠡᠢ᠃ ᠲᠡᠭᠡᠭᠡᠳ ᠲᠦᠪᠯᠡᠷᠡᠭᠦᠯᠦᠨ ᠰᠣᠷᠣᠯᠴᠠᠬᠤ ᠶᠣᠮ ᠤᠤ᠂ ᠬᠡᠰᠡᠭ ᠪᠦᠯᠦᠭ ᠬᠤᠪᠢᠶᠠᠨ ᠰᠣᠷᠣᠯᠴᠠᠪᠠᠯ ᠲᠣᠬᠢᠷᠠᠮᠵᠢᠲᠠᠢ ᠶᠣᠮ ᠤᠤ ᠭᠡᠳᠡᠭ ᠢ ᠲᠣᠭᠲᠠᠭᠠᠨ᠎ᠠ᠃ ︽ᠲᠣᠭᠠᠴᠢᠯᠠᠭᠰᠠᠨ ᠨᠠᠮ ᠤᠨ ᠪᠠᠶᠢᠭᠤᠯᠣᠯᠲᠠ︾᠎ ᠶᠢ ᠮᠣᠩᠭᠤᠯ ᠭᠡᠷ ᠲᠤ ᠣᠷᠣᠭᠤᠯᠬᠤ ᠵᠡᠷᠭᠡ ᠠᠷᠭ᠎ᠠ ᠬᠡᠯᠪᠡᠷᠢ ᠪᠠᠷ ᠠᠴᠢᠶᠠᠯᠠᠪᠣᠷᠢ ᠪᠣᠯᠭᠠᠵᠣ ᠪᠠᠯᠭᠠᠰᠣᠨ ᠤ ᠪᠠᠶᠢᠭᠤᠯᠣᠯᠭ᠎ᠠ ᠨᠢᠭᠡᠴᠡ ᠠᠴᠠ ᠦᠨᠳᠦᠰᠦᠨ ᠱᠠᠲᠣᠨ ᠤ ᠨᠠᠮ ᠤᠨ ᠡᠭᠦᠷ᠂ ᠲᠡᠷᠡᠴᠢᠯᠡᠨ ᠪᠦᠬᠦ ᠰᠠᠭᠤᠭᠠᠯᠢ ᠠᠷᠠᠳ ᠮᠠᠯᠴᠢᠳ ᠲᠠᠭᠠᠨ ᠳᠠᠮᠵᠢᠭᠤᠯᠣᠨ ᠰᠣᠷᠣᠯᠴᠠᠭᠤᠯᠬᠤ᠂ ᠪᠠᠶᠢᠳᠠᠯ ᠳᠤᠨᠢ ᠲᠣᠬᠢᠷᠠᠭᠤᠯᠣᠨ ᠵᠢᠯᠣᠭᠤᠳᠬᠤ ᠶᠢ ᠰᠠᠶᠢᠲᠣᠷ ᠠᠳᠬᠤᠵᠣ ᠪᠠᠶᠢᠨ᠎ᠠ᠃      ︽ᠨᠠᠮ ᠤᠨ ᠭᠡᠰᠢᠭᠦᠨ ᠤ ᠭᠤᠣᠯᠳᠠᠯᠭᠠᠲᠣ ᠡᠷᠦᠬᠡ︾᠎ ᠪᠠᠷ ᠴᠡᠭ ᠪᠣᠯᠭᠠᠵᠣ ᠲᠦᠪᠯᠡᠷᠡᠭᠦᠯᠦᠨ ᠰᠣᠷᠣᠯᠴᠠᠨ᠎ᠠ᠃ ᠰᠠᠶ᠋ᠢᠬᠠᠨ ᠮᠠᠨ ᠤ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠬᠤᠷᠠᠯ ᠬᠢᠭᠡᠳ ᠦᠩᠭᠡᠷᠡᠭᠰᠡᠨ᠃ ᠬᠤᠷᠠᠯ ᠠᠴᠠ ᠡᠮᠦᠨ᠎ᠡ ᠪᠢᠳᠡ ᠲᠦᠯᠦᠭᠡᠯᠡᠭᠴᠢ ᠶᠢᠨ ᠰᠣᠩᠭᠤᠭᠤᠯᠢ ᠶᠢᠨ ᠠᠵᠢᠯ ᠲᠠᠢ ᠣᠶᠠᠯᠳᠣᠭᠤᠯᠣᠨ᠂ ᠣᠳᠣᠷᠢᠳᠬᠤ ᠺᠠᠳ᠋ᠷ ᠳᠠᠭᠠᠭᠤᠯᠣᠨ ᠰᠣᠷᠣᠯᠴᠠᠬᠤ ᠠᠵᠢᠯᠠᠯᠭ᠎ᠠ ᠦᠷᠨᠢᠭᠦᠯᠵᠣ᠃ ᠣᠳᠣᠷᠣᠳᠬᠤ ᠺᠠᠳ᠋ᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠪᠠ ᠨᠠᠮ ᠤᠨ ᠳᠦᠷᠢᠮ ᠤᠨ ᠮᠣᠩᠭᠤᠯ ᠮᠠᠲ᠋ᠧᠷᠢᠶᠠᠯ ᠢ ᠨᠠᠮ ᠤᠨ ᠭᠡᠰᠢᠭᠦᠨ ᠪᠠ ᠭᠤᠣᠯᠳᠠᠯᠭᠠᠲᠣ ᠡᠷᠦᠬᠡ ᠳᠤ ᠬᠦᠷᠭᠡᠵᠣ᠂ ᠲᠡᠷᠡ ᠡᠷᠦᠭᠡ ᠪᠠᠷ ᠴᠡᠭ ᠪᠣᠯᠭᠠᠨ ᠮᠠᠯᠴᠢᠨ ᠨᠠᠮ ᠤᠨ ᠭᠡᠰᠢᠭᠦᠳ ᠲᠤ  ᠲᠠᠶᠢᠯᠪᠣᠷᠢᠯᠠᠨ ᠦᠭᠴᠦ᠂ ᠲᠡᠳᠡᠨ ᠳᠤ ᠨᠠᠮ ᠪᠠ ᠣᠯᠣᠰ ᠤᠨ ᠪᠣᠳᠣᠯᠭ᠎ᠠ ᠴᠢᠭᠯᠡᠯᠲᠡ ᠶᠢ ᠨᠠᠷᠢᠨ ᠲᠠᠶᠢᠯᠪᠣᠷᠢᠯᠠᠵᠣ᠂ ᠨᠠᠮ ᠤᠨ ᠳᠦᠷᠢᠮ ᠲᠣᠭᠲᠠᠭᠠᠯ ᠢ ᠣᠶᠢᠯᠠᠭᠠᠭᠤᠯᠬᠤ ᠠᠵᠢᠯ ᠬᠢᠵᠡᠢ᠃ ᠪᠠᠰᠠ ᠬᠤᠰᠢᠭᠤᠨ ᠤ ᠨᠠᠮ ᠤᠨ ᠰᠣᠷᠭᠠᠭᠤᠯᠢ ᠠᠴᠠ ᠪᠠᠭᠰᠢ ᠣᠷᠢᠵᠣ᠂ ᠨᠠᠮ ᠤᠨ ᠭᠡᠰᠢᠭᠦᠨ ᠤ ᠭᠤᠣᠯᠳᠠᠯᠭᠠᠲᠣ ᠡᠷᠦᠬᠡ ᠳᠤ ᠣᠴᠢᠭᠤᠯᠣᠨ᠂ ᠰᠢᠰᠲ᠋ᠧᠮ ᠲᠠᠢ᠂ ᠣᠶᠢᠯᠠᠭᠠᠮᠵᠢᠲᠠᠢ ᠣᠨᠣᠯ ᠤᠨ ᠬᠢᠴᠢᠶᠡᠯ ᠣᠷᠣᠭᠤᠯᠣᠭᠰᠠᠨ᠃      ︽ᠭᠤᠣᠯ ᠰᠡᠳᠦᠪᠲᠦ ᠨᠠᠮ ᠤᠨ ᠡᠳᠦᠷ ᠤᠨ ᠠᠵᠢᠯᠠᠯᠭ᠎ᠠ︾ ᠦᠷᠨᠢᠭᠦᠯᠵᠣ ᠠᠮᠢᠳᠣᠯᠢᠭ ᠢᠶᠠᠷ ᠰᠣᠷᠣᠯᠴᠠᠨ᠎ᠠ᠃ ᠡᠯ᠎ᠡ ᠦᠨᠳᠦᠰᠦᠨ ᠱᠠᠲᠣᠨ ᠤ ᠨᠠᠮ ᠤᠨ ᠡᠭᠦᠷ ᠤᠨ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠣᠨ ︽ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠵᠣ᠂ ᠣᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠣ ᠴᠡᠭᠡᠵᠢᠯᠡᠨ᠎ᠡ︾ ᠭᠡᠰᠡᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠠᠯᠭ᠎ᠠ ᠦᠷᠨᠢᠭᠦᠯᠦᠨ᠂ ︽ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ︾᠎ ᠢ ᠳᠠᠭᠠᠭᠤᠯᠣᠨ ᠰᠣᠷᠣᠯᠴᠠᠬᠤ᠂ ᠨᠠᠮ ᠳᠠᠭᠠᠨ ᠳᠠᠬᠢᠨᠲᠠ ᠲᠠᠩᠭᠠᠷᠢᠭᠯᠠᠬᠤ᠂ ᠨᠠᠮ ᠤᠨ ᠰᠦᠢᠳᠬᠡᠯ ᠢ ᠨᠢᠭᠡ ᠡᠳᠦᠷ ᠲᠦᠪᠯᠡᠷᠡᠭᠦᠯᠦᠨ ᠲᠣᠰᠢᠶᠠᠬᠤ᠂ ᠨᠠᠮ ᠤᠨ ᠲᠡᠣᠬᠡ ᠶᠢ ᠡᠷᠬᠢᠴᠡᠭᠦᠯᠬᠦ ᠵᠡᠷᠭᠡ ᠠᠮᠢᠳᠣᠯᠢᠭ ᠰᠠᠶᠢᠬᠠᠨ ᠨᠠᠮ ᠤᠨ ᠬᠢᠴᠢᠶᠡᠯ ᠬᠦᠮᠦᠵᠢᠯ ᠬᠢᠵᠣ ᠂ ᠨᠠᠮ ᠤᠨ ᠭᠡᠰᠢᠭᠦᠨ ᠨᠢᠭᠡᠪᠦᠷᠢ ᠶᠢᠨ ᠨᠠᠮᠴᠢ ᠴᠢᠨᠠᠷ ᠤᠨ ᠣᠬᠠᠮᠰᠠᠷ ᠢ ᠳᠡᠭᠡᠭᠰᠢᠯᠡᠭᠦᠯᠵᠦ᠂ ᠨᠠᠮ ᠤᠨ ᠡᠭᠦᠷᠭᠡ ᠬᠠᠷᠢᠭᠤᠴᠠᠯᠭ᠎ᠠ ᠪᠠᠨ ᠪᠡᠶᠡᠯᠡᠭᠦᠯᠵᠣ᠂ ᠢᠲᠡᠭᠡᠯ ᠪᠢᠰᠢᠷᠡᠯ ᠢᠶᠠᠨ ᠴᠢᠩᠭᠠᠳᠬᠠᠵᠣ᠂ ᠨᠠᠮ ᠳᠠᠭᠠᠨ ᠦᠨᠡᠨᠴᠢ ᠪᠠᠶᠢᠬᠤ ᠶᠢ ᠪᠠᠲᠣᠯᠠᠵᠣ ᠪᠠᠶᠢᠨ᠎ᠠ᠃      ︽ᠭᠠᠷ ᠣᠲᠠᠰᠣᠨ ᠤ ᠪᠢᠴᠢᠯ ᠬᠢᠴᠢᠶᠡᠯ ᠤᠨ ᠲᠢᠩᠬᠢᠮ︾᠎ ᠢ ᠨᠡᠭᠡᠭᠡᠵᠣ ᠴᠠᠭ ᠦᠷᠭᠦᠯᠵᠢᠳᠡ ᠰᠣᠷᠣᠯᠴᠠᠨ᠎ᠠ᠃ ᠭᠠᠴᠠᠭᠠᠨ ᠤ ᠨᠠᠮ ᠤᠨ ᠭᠡᠰᠢᠭᠦᠳ ᠤᠨ ᠲᠠᠷᠠᠬᠠᠢ ᠪᠣᠲᠠᠷᠬᠠᠢ ᠰᠠᠭᠤᠷᠢᠰᠢᠵᠣ ᠪᠠᠶᠢᠭ᠎ᠠ ᠪᠣᠳᠠᠲᠠᠢ ᠪᠠᠶᠢᠳᠠᠯ ᠢ ᠦᠨᠳᠦᠰᠦᠯᠡᠨ᠂ ᠪᠠᠯᠭᠠᠰᠣᠨ ᠤ ᠨᠠᠮ ᠤᠨ ᠬᠤᠷᠢᠶᠠᠨ ᠤ ᠭᠠᠷᠭᠠᠭᠰᠠᠨ ᠰᠣᠷᠣᠯᠴᠠᠯᠭ᠎ᠠ ᠶᠢᠨ ᠲᠦᠯᠦᠪᠯᠡᠭᠡ ᠶᠣᠰᠣᠭᠠᠷ᠂ ᠮᠣᠩᠭᠤᠯ ᠬᠢᠲᠠᠳ ᠬᠡᠯᠡᠨ ᠤ ᠰᠣᠷᠣᠯᠴᠠᠬᠤ ᠠᠭᠤᠯᠭ᠎ᠠ ᠪᠠᠨ ᠭᠠᠴᠠᠭ᠎ᠠ ᠨᠡᠶᠢᠭᠡᠮ ᠲᠣᠭᠤᠷᠢᠭ ᠤᠨ ᠨᠠᠮ ᠤᠨ ᠭᠡᠰᠢᠭᠦᠳ ᠤᠨ ᠵᠢᠷᠭᠢᠶ᠎ᠡ ᠶᠢᠨ ᠬᠤᠯᠪᠣᠭ᠎ᠠ ᠳᠤ ᠨᠡᠶᠢᠲᠡᠯᠡᠵᠣ᠂ ᠨᠠᠮ ᠤᠨ ᠭᠡᠰᠢᠭᠦᠳ ᠤᠨ ᠭᠡᠷ ᠲᠡᠭᠡᠨ ᠰᠠᠭᠤᠵᠣ ᠪᠠᠶᠢᠭᠠᠳ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠴᠠᠭ ᠦᠷᠭᠦᠯᠵᠢᠳᠡ ᠰᠣᠷᠣᠯᠴᠠᠵᠣ ᠳᠡᠶᠢᠯᠬᠦ ᠶᠢ ᠪᠠᠲᠣᠯᠠᠵᠠᠢ᠃ ᠡᠨᠡ ᠨᠢ ᠦᠨᠡᠨᠳᠡᠭᠡᠨ ᠪᠦᠬᠦ ᠨᠠᠮ ᠤᠨ ᠭᠡᠰᠢᠭᠦᠳ ᠲᠤ ᠰᠣᠷᠣᠯᠴᠠᠬᠤ ᠮᠠᠲ᠋ᠧᠷᠢᠶᠠᠯ ᠬᠠᠩᠭᠠᠵᠣ ᠴᠢᠳᠠᠭᠰᠠᠨ ᠢᠶᠠᠷ ᠪᠠᠷᠠᠬᠤ ᠦᠭᠡᠢ᠂ ᠦᠢᠯᠡᠳᠦᠯᠭᠡ ᠲᠠᠢ ᠪᠠᠨ ᠣᠶᠠᠯᠳᠣᠭᠤᠯᠬᠤ᠂ ᠠᠵᠢᠯ ᠤᠨ ᠳᠣᠮᠳᠠ ᠪᠠᠨ ᠵᠦᠭᠯᠡᠭᠦᠷ ᠵᠢᠯᠣᠭᠤᠳᠠᠯᠭ᠎ᠠ ᠪᠣᠯᠭᠠᠬᠤ ᠭᠠᠷ ᠠᠪᠣᠯᠭ᠎ᠠ᠂ ᠡᠪᠦᠷ ᠲᠡᠮᠳᠡᠭᠯᠡᠯ ᠵᠣᠬᠢᠶᠠᠵᠣ ᠦᠭᠭᠦᠭᠰᠡᠨ ᠶᠠᠪᠣᠳᠠᠯ ᠪᠣᠯᠣᠨ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号