ᠵᠠᠰᠠᠭ ᠤᠨ ᠣᠷᠳᠣᠨ ᠤ ᠠᠵᠢᠯ ᠤᠨ ᠢᠯᠡᠳᠬᠡᠯ | | — — 2017 ᠤᠨ ᠤ12ᠰᠡᠷ᠎ᠡ ᠶᠢᠨ6 ᠤ ᠡᠳᠤᠷ | ᠰᠢᠨ᠎ᠡ ᠪᠡᠷᠭᠤ ᠵᠡᠬᠦᠨ ᠬᠤᠰᠢᠭᠤᠨ ᠤ ᠠᠷᠪᠡᠨ ᠲᠠᠪᠤᠳᠤᠭᠠᠷ | ᠬᠤᠭᠤᠴᠠᠭᠠᠨ ᠤ ᠠᠷᠡᠳ ᠤᠨ ᠲᠦᠯᠤᠭᠡᠯᠡᠭᠴᠢᠳ ᠤᠨ ᠶᠡᠭᠡᠡ᠋ ᠬᠤᠷᠡᠯ ᠤᠨ | ᠠᠩᠬᠠᠳᠤᠭᠠᠷ ᠬᠤᠷᠠᠯᠳᠤᠭᠠᠨ ᠲᠡᠭᠡᠷ᠎ᠡ | ᠠᠷᠡᠳ ᠤᠨ ᠵᠠᠰᠠᠭ ᠤᠨ ᠤᠷᠳᠤᠨ ᠤ ᠬᠤᠰᠢᠭᠤᠨ ᠲᠠᠷᠤᠭ᠎ᠠ ᠬᠠᠢ ᠴᠢᠩ | | ᠲᠥᠯᠥᠭᠡᠯᠡᠭᠴᠢᠳ ᠡ᠄ | ᠣᠳᠣ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠥᠪᠯᠡᠬᠦ | ᠪᠣᠯᠪᠠᠤ᠂ ᠲᠡᠷᠡᠴᠢᠯᠡᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠣᠨ ᠬᠤᠷᠠᠯ ᠳᠤ ᠰᠤᠯᠠ ᠤᠷᠤᠯᠴᠠᠭᠰᠡᠳ ᠰᠠᠨᠠᠯ ᠢᠶᠠᠨ ᠳᠤᠷᠠᠳᠬᠤ | ᠪᠤᠯᠪᠠᠤ᠃ | ᠨᠢᠭᠡ᠄ ᠥᠩᠭᠡᠷᠡᠭᠰᠡᠨ ᠲᠠᠪᠤᠨ ᠵᠢᠯ ᠤᠨ ᠠᠵᠢᠯ ᠤᠨ ᠡᠷᠭᠢᠴᠡᠭᠦᠯᠦᠯ | ᠲᠣᠰ ᠬᠤᠭᠤᠴᠠᠭᠠᠨ ᠤ ᠬᠤᠰᠢᠭᠤ ᠵᠠᠰᠠᠭ ᠤᠨ ᠣᠷᠳᠣᠨ ᠲᠤᠰᠢᠶᠠᠯ ᠬᠠᠷᠢᠭᠤᠴᠠᠭᠰᠠᠨ ᠠᠴᠠ ᠨᠠᠰᠢ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠣᠯᠣᠨ ᠬᠤᠰᠢᠭᠤᠨ ᠤ ᠨᠠᠮ ᠤᠨ ᠬᠤᠷᠢᠶᠠᠨ ᠤ ᠵᠥᠪ ᠤᠳᠤᠷᠢᠳᠤᠯᠭ᠎ᠠ ᠳᠣᠣᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠲᠠᠯᠪᠢᠯᠲᠠ ᠪᠣᠯᠣᠨ ᠳᠡᠮᠵᠢᠯᠭᠡ ᠳᠣᠣᠷ᠎ᠠ᠂ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠳᠡᠲᠦ | ᠂ ᠬᠠᠮᠲᠤ ᠪᠠᠷ ᠡᠳ᠋ᠯᠡᠬᠦ ᠬᠥᠭᠵᠢᠯᠲᠡ ᠶᠢᠨ ᠦᠵᠡᠯᠲᠡ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠷᠡᠮᠡᠬᠡᠶᠢᠯᠡᠨ ᠳᠠᠪᠰᠢᠵᠤ᠂ ᠪᠦᠯᠬᠦᠮᠳᠡᠨ | ᠤᠷᠤᠭᠰᠢᠯᠠᠵᠤ᠂ ᠠᠵᠤ ᠠᠬᠤᠢ᠂ ᠤᠯᠤᠰ ᠲᠥᠷᠥ᠂ ᠰᠣᠶᠣᠯ ᠪᠣᠯᠪᠠᠰᠤᠷᠠᠯ᠂ ᠨᠡᠶᠢᠭᠡᠮ ᠣᠷᠴᠢᠨ ᠪᠠ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ | ᠶᠢ ᠪᠠᠲᠤ ᠲᠦᠯᠬᠢᠨ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠬᠥᠭᠵᠢᠯᠲᠡ ᠶᠢᠨ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠪᠠ᠃ | ᠲᠠᠪᠤᠨ ᠵᠢᠯ ᠤᠨ ᠲᠤᠷᠰᠢ᠂ ᠪᠢᠳᠠ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠤᠶᠢᠪᠢᠰᠢ ᠦᠭᠡᠢ ᠲᠤᠤᠱᠯᠠᠭᠤᠯᠤᠨ᠂ ᠬᠥᠭᠵᠢᠯᠲᠡ ᠶᠢᠨ ᠦᠵᠡᠯᠲᠡ | ᠶᠢ ᠲᠥᠪ ᠪᠣᠯᠭᠠᠵᠤ᠂ ᠬᠥᠭᠵᠢᠯᠲᠡ ᠶᠢᠨ ᠬᠡᠯᠪᠡᠷᠢ ᠶᠢ ᠡᠷᠡᠰ ᠴᠢᠩᠭ᠎ᠠ ᠪᠠᠷ ᠬᠤᠪᠢᠷᠠᠭᠤᠯᠪᠠ᠃ ᠬᠥᠯᠥᠨ ᠪᠣᠶᠢᠷ ᠬᠤᠲᠠ ᠶᠢᠨ ᠲᠣᠭᠲᠠᠭᠠᠭᠰᠠᠨ ︽ᠦᠵᠡᠰᠬᠦᠯᠡᠩ | ᠰᠠᠶᠢᠬᠠᠨ ᠬᠥᠭᠵᠢᠯᠲᠡ᠂ ᠰᠢᠨᠵᠢᠯᠡᠬᠦ ᠤᠬᠠᠭᠠᠨᠴᠢ ᠮᠠᠨᠳᠤᠯᠲᠠ᠂ ᠬᠥᠭᠵᠢᠯᠲᠡ ᠶᠢ ᠬᠠᠮᠲᠤ ᠪᠠᠷ ᠡᠳ᠋ᠯᠡᠬᠦ︾ ᠶᠡᠷᠦᠩᠬᠡᠢ ᠬᠥᠭᠵᠢᠯᠲᠡ ᠶᠢᠨ ᠪᠠᠶᠢᠷᠢᠯᠠᠭᠤᠯᠤᠯᠲᠠ ᠪᠣᠯᠣᠨ | ︽ᠬᠤᠶᠠᠷ ᠲᠣᠭᠤᠷᠢᠭ ᠭᠤᠷᠪᠠᠨ ᠣᠷᠣᠨ ᠨᠢᠭᠡ ᠭᠡᠷ ᠬᠦᠷᠢᠶᠡᠯᠡᠩ︾ ᠤᠨ ᠭᠤᠣᠯ ᠬᠥᠭᠵᠢᠯᠲᠡ ᠶᠢᠨ ᠬᠠᠷᠠᠯᠲᠠ ᠲᠣᠭᠲᠠᠭᠠᠯᠲᠠ ᠪᠠᠷ᠂ ᠡᠷᠬᠡ ᠪᠠᠨ ᠥᠷᠭᠡᠳᠬᠡᠨ | ᠬᠤᠰᠢᠭᠤ ᠪᠠᠨ ᠬᠦᠴᠦᠷᠬᠡᠭᠵᠢᠭᠦᠯᠬᠦ ᠲᠤᠷᠰᠢᠯᠲᠠ ᠶᠢᠨ ᠴᠢᠭ᠋᠂ ᠤᠯᠤᠰ ᠠᠴᠠ ᠬᠡᠷᠡᠭᠵᠢᠭᠦᠯᠦᠭᠰᠡᠨ ᠵᠡᠭᠦᠨ ᠬᠤᠶᠢᠲᠤ ᠣᠷᠣᠨ ᠢ ᠮᠠᠨᠳᠤᠭᠤᠯᠬᠤ᠂ ᠨᠢᠭᠡ ᠪᠦᠰᠡ ᠨᠢᠭᠡ | ᠵᠠᠮ᠂ ᠤᠮᠠᠷᠠᠰᠢ ᠴᠢᠯᠦᠭᠡᠲᠡᠢ ᠨᠡᠭᠡᠭᠡᠯᠲᠡ ᠬᠢᠬᠦ ᠵᠡᠷᠭᠡ ᠪᠠᠶᠢᠯᠳᠤᠬᠤ ᠪᠣᠳᠣᠯᠭ᠎ᠠ ᠶᠢᠨ ᠲᠣᠬᠢᠶᠠᠯ ᠢ ᠴᠢᠩᠭ᠎ᠠ ᠠᠳᠬᠤᠵᠤ᠂ ᠣᠷᠣᠨ ᠪᠠᠶᠢᠷᠢ ᠶᠢᠨ ᠳᠠᠪᠠᠭᠤᠯᠢᠭ | ᠨᠥᠬᠦᠴᠡᠯ᠂ ᠦᠨᠳᠦᠰᠦᠲᠡᠨ ᠤ ᠰᠣᠶᠣᠯ ᠤᠨ ᠥᠪ ᠬᠥᠷᠥᠩᠭᠡ᠂ ᠠᠮᠢ ᠠᠬᠤᠢ ᠶᠢᠨ ᠰᠢᠯᠢᠳᠡᠭ ᠣᠷᠴᠢᠨ ᠲᠣᠭᠤᠷᠢᠨ ᠵᠡᠷᠭᠡ ᠳᠠᠪᠠᠭᠤᠯᠢᠭ ᠲᠠᠯ᠎ᠠ ᠪᠠᠨ ᠭᠦᠢᠴᠡᠳ | ᠪᠠᠳᠠᠷᠠᠭᠤᠯᠪᠠ᠃ ︽ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠲᠤ ᠠᠰᠢᠭ ᠬᠦᠷᠲᠡᠭᠡᠬᠦ᠂ | ᠠᠶᠤᠯ ᠲᠦᠭᠰᠢᠭᠦᠷᠢ ᠶᠢ ᠰᠡᠷᠭᠡᠶᠢᠯᠡᠬᠦ︾ ᠵᠡᠷᠭᠡ ᠲᠥᠷᠥ ᠶᠢᠨ ᠪᠣᠳᠣᠯᠭ᠎ᠠ ᠵᠢᠨᠦᠷᠭᠦᠯᠵᠢᠯᠡᠯ ᠳᠠᠶᠢᠴᠢᠯᠠᠯ ᠳᠣᠣᠷ᠎ᠠ᠂ ᠬᠥᠭᠵᠢᠯᠲᠡ ᠶᠢᠨ ᠴᠢᠨᠠᠷ ᠴᠢᠨᠰᠠᠭ᠎ᠠ ᠪᠣᠯᠣᠨ | ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠪᠡ᠃ | ᠲᠠᠪᠤᠨ ᠵᠢᠯ ᠤᠨ ᠲᠤᠷᠰᠢ᠂ ᠪᠢᠳᠠ ᠬᠥᠭᠵᠢᠯᠲᠡ ᠪᠠᠨ ᠲᠦᠷᠭᠡᠳᠬᠡᠬᠦ ᠶᠢ ᠢᠮᠠᠭᠲᠠ ᠲᠡᠷᠢᠭᠦᠨ ᠴᠢᠬᠤᠯᠠ ᠡᠭᠦᠷᠭᠡ ᠪᠣᠯᠭᠠᠵᠤ᠂ ︽ᠠᠷᠪᠠᠨ ᠬᠤᠶᠠᠳᠤᠭᠠᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠪᠠᠨ ᠰᠠᠶᠢᠲᠤᠷ ᠪᠡᠶᠡᠯᠡᠭᠦᠯᠵᠦ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠡᠭᠦᠷᠭᠡ ᠪᠠᠨ ᠡᠬᠢᠯᠡᠨ ᠬᠡᠷᠡᠭᠵᠢᠭᠦᠯᠪᠡ᠃ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠪᠠᠷᠤᠭ1.7 ᠳ᠋ᠦᠩᠰᠢᠭᠤᠷ ᠲᠥᠭᠦᠷᠢᠭ | ᠲᠤ ᠬᠦᠷᠴᠦ᠂ 2012 ᠣᠨ ᠤ ᠬᠢ ᠠᠴᠠ 21.11% ᠪᠠᠷ ᠨᠡᠮᠡᠭᠳᠡᠵᠦ᠂ 2016 ᠣᠨ ᠤ ᠬᠢ ᠠᠴᠠ 80.56% ᠪᠠᠷ ᠨᠡᠮᠡᠭᠳᠡᠪᠡ︔ ᠬᠤᠲᠠ ᠪᠠᠯᠭᠠᠰᠤ᠂ | ᠮᠠᠯᠵᠢᠬᠤ ᠣᠷᠣᠨ ᠤ ᠪᠠᠶᠢᠩᠭᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠪᠠᠷᠤᠭ ᠲᠤᠰ ᠲᠤᠰ 24706 ᠲᠥᠭᠦᠷᠢᠭ | ᠪᠣᠯᠣᠨ 19649 ᠲᠥᠭᠦᠷᠢᠭ ᠲᠤ ᠬᠦᠷᠴᠦ᠂ 2012 ᠣᠨ ᠤ ᠬᠢ ᠠᠴᠠ ᠲᠤᠰ ᠲᠤᠰ 47.6 % ᠪᠣᠯᠣᠨ 61.7 % ᠪᠠᠷ ᠨᠡᠮᠡᠭᠳᠡᠪᠡ︔ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠤᠭ᠎ᠠ ᠪᠠᠷᠤᠭ 7.63 ᠳ᠋ᠦᠩᠰᠢᠭᠤᠷ ᠲᠥᠭᠦᠷᠢᠭ ᠲᠤ ᠬᠦᠷᠴᠦ᠂ 2012 ᠣᠨ ᠤ ᠬᠢ ᠠᠴᠠ | 52.6 % ᠪᠠᠷ ᠨᠡᠮᠡᠭᠳᠡᠪᠡ︔ ᠪᠦᠬᠦ ᠬᠤᠰᠢᠭᠤᠨ ᠤ ᠬᠢᠵᠠᠭᠠᠷᠲᠤ ᠲᠤᠭ᠎ᠠ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢ ᠨᠡᠶᠢᠲᠡ | 127.07 ᠳ᠋ᠦᠩᠰᠢᠭᠤᠷ ᠲᠥᠭᠦᠷᠢᠭ ᠣᠷᠴᠢᠮ ᠪᠡᠶᠡᠯᠡᠭᠦᠯᠵᠦ᠂ ᠡᠩ ᠥᠨᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢ ᠨᠡᠶᠢᠲᠡ 52. | 46 ᠳ᠋ᠦᠩᠰᠢᠭᠤᠷ ᠲᠥᠭᠦᠷᠢᠭ ᠪᠡᠶᠡᠯᠡᠭᠦᠯᠪᠡ᠃ | ᠲᠠᠪᠤᠨ ᠵᠢᠯ ᠤᠨ ᠲᠤᠷᠰᠢ᠂ ᠲᠥᠷᠥᠯ ᠵᠦᠢᠯ᠂ ᠠᠵᠤ ᠦᠢᠯᠡᠰ᠂ ᠨᠠᠶᠢᠳᠠᠪᠤᠷᠢᠵᠢᠭᠤᠯᠤᠯᠲᠠ ᠶᠢ ᠲᠣᠪᠣᠶᠢᠮ᠎ᠠ ᠠᠳᠬᠤᠵᠤ᠂ ᠬᠥᠭᠵᠢᠯᠲᠡ ᠶᠢᠨ ᠰᠠᠭᠤᠷᠢ ᠶᠢ | ᠤᠯᠠᠮ ᠨᠢᠭᠡ ᠠᠯᠬᠤᠮ ᠪᠠᠬᠢᠵᠢᠭᠦᠯᠪᠡ᠃ 398 ᠵᠦᠢᠯ ᠤᠨ ᠠᠵᠤ ᠠᠬᠤᠢ ᠨᠡᠶᠢᠭᠡᠮ ᠤᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠠᠵᠤ ᠦᠢᠯᠡᠰ | ᠪᠦᠷᠢ ᠶᠢ ᠬᠠᠮᠤᠭ ᠪᠠᠭ᠎ᠠ ᠳᠠᠭᠠᠨ ᠬᠤᠶᠠᠷ ᠲᠣᠯᠣᠭᠠᠶᠢᠯᠠᠭᠴᠢ ᠠᠵᠤ ᠠᠬᠤᠶᠢᠯᠠᠯ ᠳᠠᠶᠢᠴᠢᠯᠠᠨ ᠬᠤᠶᠠᠷ ᠲᠣᠯᠣᠭᠠᠶᠢᠯᠠᠭᠴᠢ ᠲᠥᠷᠥᠯ ᠵᠦᠢᠯ ᠢᠶᠠᠷ ᠲᠤᠯᠭᠠᠭᠤᠷᠢᠯᠠᠭᠰᠠᠨ | ᠬᠥᠭᠵᠢᠯᠲᠡ ᠶᠢᠨ ᠪᠠᠶᠢᠳᠠᠯ ᠢ ᠪᠣᠢ ᠪᠣᠯᠭᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠮᠡᠳᠡᠭᠳᠡᠮ᠎ᠡ ᠴᠢᠩᠭᠠᠷᠠᠭᠤᠯᠪᠠ᠃ | | ︵ᠨᠢᠭᠡ︶ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠠᠬᠢᠴᠠ ᠶᠢ ᠲᠦᠷᠭᠡᠳᠬᠡᠵᠦ᠂ ᠮᠠᠯᠵᠢᠬᠤ ᠠᠵᠤ ᠦᠢᠯᠡᠰ ᠤᠨ ᠴᠢᠨᠠᠷ ᠴᠢᠨᠰᠠᠭ᠎ᠠ ᠦᠷ᠎ᠡ ᠠᠰᠢᠭ | ᠢ ᠨᠡᠮᠡᠭᠳᠡᠭᠦᠯᠪᠡ᠃ ᠲᠠᠪᠤᠨ ᠵᠢᠯ ᠤᠨ ᠲᠤᠷᠰᠢ᠂ ᠨᠡᠶᠢᠲᠡ1.8 ᠳ᠋ᠦᠩᠰᠢᠭᠤᠷ ᠲᠥᠭᠦᠷᠢᠭ ᠪᠡᠯᠡ ᠣᠷᠣᠭᠤᠯᠵᠤ᠂ ᠰᠠᠭᠤᠷᠢ ᠢᠵᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠴᠡᠭ ᠪᠦᠷᠢ ᠳᠤ ᠫᠧᠩ ᠰᠠᠷᠠᠪᠴᠢ ᠪᠠᠶᠢᠭᠤᠯᠵᠤ᠂ ᠰᠤᠮᠤ ᠪᠠᠯᠭᠠᠰᠤ | ᠪᠦᠷᠢ ᠳᠤ ᠪᠠᠴᠢᠮ ᠪᠠᠶᠢᠳᠠᠯ ᠢ ᠠᠷᠭᠠᠴᠠᠬᠤ ᠲᠡᠵᠢᠭᠡᠯ ᠪᠣᠷᠳᠤᠭ᠎ᠠ ᠨᠥᠭᠡᠴᠡᠯᠡᠬᠦ ᠬᠥᠮᠥᠷᠭᠡ ᠪᠠᠶᠢᠭᠤᠯᠬᠤ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠪᠡ᠃ ᠡᠾᠧ ᠮᠤ᠋ | ᠶᠠᠩ ᠭᠤᠸᠠᠩ᠂ ᠪᠠᠶᠢᠵᠢᠨᠠ᠂ ᠬᠥᠬᠡᠬᠠᠳᠠ ᠵᠡᠷᠭᠡ ᠣᠷᠣᠨ ᠨᠤᠲᠤᠭ ᠤᠨ ᠠᠵᠤ ᠠᠬᠤᠶᠢᠯᠠᠯ ᠢ ᠭᠤᠣᠯᠳᠠᠯᠭ᠎ᠠ ᠲᠠᠢ ᠳᠡᠮᠵᠢᠨ ᠬᠦᠴᠦᠷᠬᠡᠭᠵᠢᠭᠦᠯᠵᠦ᠂ ᠨᠡᠷᠡᠲᠦ ᠲᠡᠮᠳᠡᠭ | ᠤᠨ ᠦᠷ᠎ᠡ ᠠᠰᠢᠭ ᠢ ᠡᠭᠦᠳᠪᠡ᠃ ᠪᠦᠬᠦ ᠬᠤᠲᠠ ᠶᠢᠨ ᠲᠠᠷᠢᠮᠠᠯ ᠡᠪᠡᠰᠦᠨ ᠤ ᠰᠠᠭᠤᠷᠢᠨ ᠭᠠᠵᠠᠷ ᠢ ᠪᠠᠶᠢᠭᠤᠯᠵᠤ᠂ 7.7 ᠲᠦᠮᠡᠨ ᠮᠦ ᠴᠠᠷᠭᠠᠰᠤ ᠲᠠᠷᠢᠪᠠ᠃ | 2017 ᠣᠨ ᠤ ᠮᠠᠯᠵᠢᠯ ᠤᠨ ᠣᠨ ᠤ ᠲᠣᠭᠠᠯᠠᠯᠠᠭᠠ ᠶᠢᠨ ᠮᠠᠯ ᠤᠨ ᠲᠤᠭ᠎ᠠ 126.6 ᠲᠦᠮᠡᠨ ᠲᠣᠯᠣᠭᠠᠢ ᠪᠣᠯᠵᠤ᠂ 2012 ᠣᠨ ᠤ ᠬᠢ ᠠᠴᠠ 13.1% ᠪᠠᠷ | ᠬᠠᠰᠤᠭᠳᠠᠵᠤ᠂ ᠰᠦ᠂ ᠮᠠᠯ ᠤᠨ ᠮᠢᠬ᠎ᠠ ᠶᠢᠨ ᠵᠢᠯ ᠤᠨ ᠭᠠᠷᠤᠯᠲᠠ ᠶᠢᠨ ᠬᠡᠮᠵᠢᠶ᠎ᠡ 9 ᠲᠦᠮᠡᠨ ᠲᠣᠨ ᠪᠠ 2.7 ᠲᠦᠮᠡᠨ ᠲᠤᠨ ᠳᠤ ᠲᠣᠭᠲᠠᠪᠤᠷᠢᠵᠢᠪᠠ᠃ ᠪᠦᠬᠦ | ᠬᠤᠰᠢᠭᠤᠨ ᠤ ᠰᠦ᠂ ᠮᠢᠬᠠᠨ ᠤ ᠪᠦᠲᠦᠭᠡᠭᠳᠡᠬᠦᠨ ᠤ ᠡᠳᠦᠷ ᠪᠦᠷᠢ ᠶᠢᠨ ᠦᠢᠯᠡᠳᠪᠦᠷᠢᠯᠡᠨ ᠪᠣᠯᠪᠠᠰᠤᠷᠠᠭᠤᠯᠬᠤ ᠴᠢᠳᠠᠪᠤᠷᠢ ᠲᠤᠰ ᠲᠤᠰ 300 ᠲᠣᠨ ᠪᠣᠯᠣᠨ | 8000 ᠲᠣᠯᠣᠭᠠᠢ ᠬᠤᠨᠢ ᠨᠢᠭᠡᠴᠢ ᠳᠤ ᠬᠦᠷᠪᠡ᠃ ᠭᠤᠷᠪᠠᠨ ᠵᠢᠯ ᠳᠠᠷᠠᠭᠠᠯᠠᠭᠰᠠᠨ ᠭᠠᠩ ᠬᠠᠭᠰᠠᠷᠠᠭᠠᠨ ᠢ ᠢᠯᠡᠨ ᠲᠤᠭᠤᠯᠵᠤ᠂ ᠨᠡᠶᠢᠲᠡ 5000 ᠭᠠᠷᠤᠢ ᠲᠦᠮᠡᠨ | ᠲᠥᠭᠦᠷᠢᠭ ᠭᠠᠮᠰᠢᠭ ᠢ ᠡᠰᠡᠷᠭᠦᠴᠡᠬᠦ ᠪᠡᠯᠡ ᠮᠥᠩᠭᠦ ᠵᠠᠷᠤᠴᠠᠭᠤᠯᠵᠤ᠂ 1 ᠳ᠋ᠦᠩᠰᠢᠭᠤᠷ ᠲᠥᠭᠦᠷᠢᠭ ᠭᠠᠮᠰᠢᠭ ᠠᠴᠠ ᠠᠪᠤᠷᠠᠬᠤ ᠵᠢᠭᠡᠯᠡᠯᠭᠡ ᠶᠢᠨ ᠮᠥᠩᠭᠦ ᠲᠠᠯᠪᠢᠵᠤ᠂ | ᠮᠠᠯᠴᠢᠳ ᠢ ᠳᠠᠶᠢᠴᠢᠯᠠᠨ 11.75 ᠲᠦᠮᠡᠨ ᠲᠣᠯᠣᠭᠠᠢ ᠮᠠᠯ ᠢ ᠬᠢᠩᠭᠠᠨ ᠠᠶᠢᠮᠠᠭ᠂ ᠲᠦᠩᠯᠢᠶᠣᠣ᠂ ᠬᠠᠷᠠᠮᠥ᠋ᠷᠡᠨ᠂ ᠭᠢᠷᠢᠨ ᠵᠡᠷᠭᠡ ᠭᠠᠵᠠᠷ ᠲᠤ ᠪᠡᠯᠴᠢᠭᠡᠷ | ᠰᠢᠯᠵᠢᠭᠦᠯᠵᠦ᠂ ᠮᠠᠯᠴᠢᠳ ᠤᠨ ᠬᠤᠬᠢᠷᠠᠯ ᠢ ᠬᠠᠮᠤᠭ ᠶᠡᠭᠡ ᠬᠡᠮᠵᠢᠶ᠎ᠡ ᠪᠠᠷ ᠪᠠᠭᠠᠰᠬᠠᠵᠤ᠂ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠮᠤᠷ ᠲᠦᠪᠰᠢᠨ ᠢ | ᠪᠠᠲᠤᠯᠠᠪᠠ᠃ | ︵ᠬᠤᠶᠠᠷ︶ ᠴᠡᠪᠡᠷ ᠡᠨᠧᠷᠭᠢ ᠶᠢᠨ ᠰᠤᠷᠪᠤᠯᠵᠢ ᠶᠢ ᠪᠦᠬᠦ ᠲᠠᠯ᠎ᠠ ᠪᠠᠷ ᠨᠡᠭᠡᠭᠡᠨ ᠬᠥᠭᠵᠢᠭᠦᠯᠵᠦ᠂ ᠠᠵᠤ ᠦᠢᠯᠡᠳᠪᠦᠷᠢ ᠶᠢᠨ ᠬᠥᠭᠵᠢᠯᠲᠡ ᠲᠣᠭᠲᠠᠭᠤᠨ | ᠰᠠᠶᠢᠵᠢᠷᠠᠪᠠ᠃ ᠲᠠᠪᠤᠨ ᠵᠢᠯ ᠤᠨ ᠲᠤᠷᠰᠢ ᠨᠡᠶᠢᠲᠡ 101 ᠠᠵᠤ ᠦᠢᠯᠡᠳᠪᠦᠷᠢ ᠶᠢᠨ ᠲᠥᠷᠥᠯ ᠵᠦᠢᠯ ᠢ ᠬᠡᠷᠡᠭᠵᠢᠭᠦᠯᠵᠦ᠂ ᠪᠠᠷᠤᠭ 53 ᠳ᠋ᠦᠩᠰᠢᠭᠤᠷ ᠲᠥᠭᠦᠷᠢᠭ | ᠪᠡᠯᠡ ᠣᠷᠣᠭᠤᠯᠵᠤ᠂ ᠴᠡᠪᠡᠷ ᠡᠨᠧᠷᠭᠢ ᠶᠢᠨ ᠰᠤᠷᠪᠤᠯᠵᠢ ᠪᠣᠯᠣᠨ ᠮᠠᠯ ᠤᠨ ᠠᠰᠢᠭ ᠰᠢᠮ᠎ᠡ ᠶᠢ ᠨᠠᠷᠢᠯᠢᠭ ᠪᠣᠯᠪᠠᠰᠤᠷᠠᠭᠤᠯᠬᠤ ᠠᠵᠤ ᠦᠢᠯᠡᠰ ᠢ ᠭᠤᠣᠯᠳᠠᠯᠭ᠎ᠠ ᠲᠠᠢ | ᠬᠥᠭᠵᠢᠭᠦᠯᠪᠡ᠃ ᠴᠡᠪᠡᠷ ᠡᠨᠧᠷᠭᠢ ᠶᠢᠨ ᠰᠤᠷᠪᠤᠯᠵᠢ ᠶᠢᠨ ᠰᠠᠭᠤᠷᠢᠨ ᠭᠠᠵᠠᠷ ᠤᠨ ᠪᠠᠶᠢᠭᠤᠯᠤᠯᠲᠠ ᠠᠩᠬᠠᠨ ᠤ ᠠᠮᠵᠢᠯᠲᠠᠣᠯᠵᠤ᠂ ᠮᠧᠩ ᠯᠢ᠂ ᠡᠦ ᠯᠢᠩ᠂ ᠢᠦᠢ | ᠬᠠᠨ ᠭᠡᠷᠡᠯ ᠡᠨᠧᠷᠭᠢ ᠶᠢᠨ ᠠᠵᠤ ᠠᠬᠤᠶᠢᠯᠠᠯ ᠤᠳ ᠤᠨ ᠪᠡᠯᠡ ᠣᠷᠤᠭᠤᠯᠤᠯᠲᠠ ᠪᠠᠷᠤᠭ 10 ᠳ᠋ᠦᠩᠰᠢᠭᠤᠷ ᠲᠥᠭᠦᠷᠢᠭ ᠬᠦᠷᠴᠦ᠂ 70MW ᠬᠡᠪᠴᠢᠶᠡᠨ ᠤ | ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ ᠪᠠᠶᠢᠭᠤᠯᠵᠤ᠂ ᠪᠦᠬᠦ ᠬᠤᠲᠠ ᠶᠢᠨ ᠲᠡᠷᠢᠭᠦᠨ ᠳᠤ ᠣᠷᠣᠵᠤ᠂ ᠴᠡᠪᠡᠷ ᠡᠨᠧᠷᠭᠢ ᠪᠠᠷ ᠨᠡᠶᠢᠲᠡ 4.2 ᠳ᠋ᠦᠩᠰᠢᠭᠤᠷ | ᠺᠢᠯᠣᠸᠠᠲ ᠴᠠᠬᠢᠯᠭᠠᠨ ᠡᠭᠦᠰᠬᠡᠵᠦ᠂ ᠰᠢᠨ᠎ᠡ ᠠᠵᠤ ᠠᠬᠤᠢ ᠶᠢᠨ ᠨᠡᠮᠡᠭᠳᠡᠯ ᠴᠡᠭ ᠢ ᠪᠦᠷᠢᠯᠳᠦᠭᠦᠯᠪᠡ᠃ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ | ᠭᠦᠨᠵᠡᠭᠡᠢ ᠲᠦᠯᠬᠢᠨ ᠠᠬᠢᠭᠤᠯᠵᠤ᠂ ᠨᠡᠶᠢᠲᠡ 268 ᠲᠣᠰᠣᠨ ᠬᠤᠳᠳᠤᠭ ᠴᠣᠬᠢᠵᠤ᠂ ᠵᠢᠯ ᠤᠨ ᠨᠡᠭᠡᠭᠡᠨ ᠮᠠᠯᠲᠠᠬᠤ ᠴᠢᠳᠠᠪᠤᠷᠢ 6 ᠲᠦᠮᠡᠨ ᠲᠣᠨ ᠳᠤ ᠬᠦᠷᠴᠦ᠂ | ᠨᠡᠭᠡᠭᠡᠨ ᠮᠠᠯᠲᠠᠭᠰᠠᠨ ᠲᠦᠭᠦᠬᠡᠢ ᠴᠢᠯᠠᠭᠤᠨ ᠲᠣᠰᠣ 27.2 ᠲᠦᠮᠡᠨ ᠲᠣᠨ ᠪᠣᠯᠪᠠ︔ ᠵᠢᠯ ᠤᠨ ᠭᠠᠷᠤᠯᠲᠠ 60 ᠲᠦᠮᠡᠨ ᠲᠣᠨ ᠬᠦᠷᠬᠦ ᠪᠠᠶᠠᠨᠴᠠᠭᠠᠨ ᠨᠡᠭᠦᠷᠡᠰᠦᠨ | ᠤ ᠠᠭᠤᠷᠬᠠᠢ ᠶᠢᠨ ᠦᠢᠯᠡᠳᠪᠦᠷᠢᠯᠡᠯ ᠤᠨ ᠱᠤᠭᠤᠮ ᠢ ᠪᠠᠶᠢᠭᠤᠯᠵᠤ᠂ ᠬᠠᠨᠳᠠᠭᠠᠢ ᠶᠢᠨ ᠲᠡᠮᠦᠷ ᠵᠡᠰ ᠤᠨ ᠠᠭᠤᠷᠬᠠᠢ ᠢᠨᠵᠧᠨᠧᠷᠢᠩ ᠢ ᠪᠣᠳᠠᠲᠠᠢ ᠡᠬᠢᠯᠡᠭᠦᠯᠦᠨ | ᠪᠠᠶᠢᠭᠤᠯᠪᠠ︔ ᠮᠠᠯ ᠤᠨ ᠠᠰᠢᠭ ᠰᠢᠮ᠎ᠡ ᠶᠢ ᠨᠠᠷᠢᠯᠢᠭ ᠪᠣᠯᠪᠠᠰᠤᠷᠠᠭᠤᠯᠬᠤ ᠠᠵᠢᠯ ᠢ ᠲᠦᠷᠭᠡᠨ ᠬᠥᠭᠵᠢᠭᠦᠯᠵᠦ᠂ ᠬᠥᠬᠡᠬᠠᠳᠠ ᠶᠢᠨ ᠰᠦ ᠶᠢᠨ ᠦᠢᠯᠡᠰ ᠤᠨ ︽ | ᠭᠠᠯᠠᠭᠤᠲᠤ︾ ᠨᠡᠷᠡᠲᠦ ᠲᠡᠮᠳᠡᠭᠲᠦ ᠵᠠᠬ᠎ᠠ ᠳᠡᠯᠭᠡᠭᠦᠷ ᠤᠨ ᠦᠨᠡᠯᠡᠯᠲᠡ ᠶᠢ ᠣᠯᠵᠤ᠂ ᠦᠬᠡᠷ ᠬᠤᠨᠢᠨ ᠤ ᠮᠢᠬ᠎ᠠ ᠶᠢ ᠨᠠᠷᠢᠯᠢᠭ ᠪᠣᠯᠪᠠᠰᠤᠷᠠᠭᠤᠯᠬᠤ ᠴᠢᠳᠠᠪᠤᠷᠢ ᠶᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠢᠬᠠᠨ ᠤ ᠵᠦᠢᠯ ᠢ ᠪᠣᠯᠪᠠᠰᠤᠷᠠᠭᠤᠯᠬᠤ ᠠᠵᠤ ᠠᠬᠤᠶᠢᠯᠠᠯ 4.2 ᠳ᠋ᠦᠩᠰᠢᠭᠤᠷ ᠲᠥᠭᠦᠷᠢᠭ ᠤᠨ ᠦᠢᠯᠡᠳᠪᠦᠷᠢᠯᠡᠯ ᠤᠨ | ᠥᠷᠲᠡᠭ ᠡᠭᠦᠳᠪᠡ᠃ ︽ᠡᠦ ᠢ ᠮᠠᠯᠵᠢᠯ ᠤᠨ ᠲᠠᠯᠠᠪᠠᠢ ᠶᠢᠨ ᠨᠡᠭᠦᠷᠡᠰᠦᠨ ᠠᠭᠤᠷᠬᠠᠢ︾ ᠶᠢᠨ ᠶᠡᠷᠦᠩᠬᠡᠢ ᠲᠥᠯᠥᠪᠵᠢᠭᠦᠯᠭᠡ ᠤᠯᠤᠰ ᠤᠨ ᠡᠨᠧᠷᠭᠢ ᠶᠢᠨ ᠰᠤᠷᠪᠤᠯᠵᠢ | ᠶᠢᠨ ᠲᠣᠪᠴᠢᠶᠠᠨ ᠤ ᠴᠣᠬᠤᠯᠠᠪᠤᠷᠢ ᠶᠢ ᠣᠯᠵᠤ᠂ ᠨᠡᠭᠦᠷᠡᠰᠦᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠳᠤ ᠪᠠᠲᠤ ᠪᠠᠬᠢ ᠰᠠᠭᠤᠷᠢ ᠲᠠᠯᠪᠢᠪᠠ᠃ ᠳᠤᠮᠳᠠᠳᠤ | ᠮᠣᠩᠭᠤᠯ ᠤᠯᠤᠰ ᠤᠨ ᠠᠵᠤ ᠠᠬᠤᠢ ᠮᠡᠷᠭᠡᠵᠢᠯ ᠤᠨ ᠬᠠᠮᠲᠤᠷᠠᠯᠴᠠᠭᠠᠨ ᠤ ᠣᠷᠣᠨ ᠤ ᠭᠠᠷᠳᠠᠮ ᠭᠦᠢᠴᠡᠳᠬᠡᠬᠦ ᠶᠢ ᠨᠢᠭᠡᠨᠲᠡ ᠤᠯᠤᠰ ᠤᠨ ᠱᠠᠲᠤᠨ ᠳᠤ ᠮᠡᠳᠡᠭᠦᠯᠵᠦ᠂ | ᠮᠠᠨᠵᠤᠤᠷ ᠵᠡᠭᠦᠨ ᠬᠤᠰᠢᠭᠤᠨ ᠤ ᠠᠵᠤ ᠦᠢᠯᠡᠰ ᠤᠨ ᠲᠣᠭᠤᠷᠢᠭ ᠵᠠᠯᠠᠶᠢᠨᠠᠭᠤᠷ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠢ | ᠲᠥᠯᠥᠪᠵᠢᠭᠦᠯᠭᠡ ᠳᠤ ᠣᠷᠣᠵᠤ᠂ ᠥᠪᠡᠷᠲᠡᠭᠡᠨ ᠵᠠᠰᠠᠬᠤ ᠣᠷᠣᠨ ᠤ ᠴᠣᠬᠤᠯᠠᠪᠤᠷᠢ ᠶᠢ ᠣᠯᠪᠠ᠃ ᠮᠠᠨᠵᠤᠤᠷ ᠵᠡᠭᠦᠨ ᠬᠤᠰᠢᠭᠤᠨ ᠤ ᠠᠵᠤ ᠦᠢᠯᠡᠰ ᠤᠨ ᠲᠣᠭᠤᠷᠢᠭ | ᠲᠥᠷᠥᠯ ᠵᠦᠢᠯ ᠢ ᠤᠷᠢᠨ ᠣᠷᠣᠭᠤᠯᠬᠤ ᠦᠨᠳᠦᠰᠦᠨ ᠨᠥᠬᠦᠴᠡᠯ ᠢ ᠪᠦᠷᠢᠯᠳᠦᠭᠦᠯᠵᠦ᠂ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢ | ᠲᠦᠷᠭᠡᠳᠬᠡᠬᠦ ᠳᠤ ᠲᠥᠷᠥ ᠶᠢᠨ ᠪᠣᠳᠣᠯᠭ᠎ᠠ ᠪᠣᠯᠣᠨ ᠣᠷᠣᠨ ᠵᠠᠢ ᠶᠢᠨ ᠨᠥᠬᠦᠴᠡᠯ ᠡᠭᠦᠳᠪᠡ᠃ | ︵ᠭᠤᠷᠪᠠ︶ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠮᠣᠩᠭᠤᠯ ᠤᠯᠤᠰ ᠯᠤᠭ᠎ᠠ ᠴᠢᠯᠦᠭᠡᠲᠦ ᠨᠡᠭᠡᠭᠡᠯᠲᠡ ᠬᠢᠬᠦ ᠠᠵᠢᠯ | ᠰᠢᠪᠲᠤᠯᠤᠯᠲᠠ ᠲᠠᠢ ᠪᠣᠯᠪᠠ᠃ ᠲᠠᠪᠤᠨ ᠵᠢᠯ ᠤᠨ ᠲᠤᠷᠰᠢ᠂ ᠨᠡᠶᠢᠲᠡ 2.02 ᠳ᠋ᠦᠩᠰᠢᠭᠤᠷ ᠲᠥᠭᠦᠷᠢᠭ ᠪᠡᠯᠡ ᠣᠷᠣᠭᠤᠯᠵᠤ᠂ ᠡᠳ᠋ ᠪᠠᠷᠠᠭ᠎ᠠ ᠶᠢ ᠬᠢᠨᠠᠨ ᠬᠠᠮᠢᠶᠠᠷᠬᠤ | ᠭᠠᠵᠠᠷ᠂ ᠲᠡᠵᠢᠭᠡᠯ ᠪᠣᠷᠳᠤᠭ᠎ᠠ ᠶᠢ ᠪᠠᠶᠢᠴᠠᠭᠠᠨ ᠰᠢᠯᠭᠠᠵᠤ ᠨᠥᠭᠡᠴᠡᠯᠡᠨ ᠲᠡᠭᠡᠭᠡᠪᠦᠷᠢᠯᠡᠵᠦ ᠪᠣᠯᠪᠠᠰᠤᠷᠠᠭᠤᠯᠬᠤ ᠰᠠᠭᠤᠷᠢᠨ ᠭᠠᠵᠠᠷ᠂ ᠠᠮᠢᠲᠠᠨ ᠢ ᠪᠠᠶᠢᠴᠠᠭᠠᠨ ᠰᠢᠯᠭᠠᠬᠤ | ᠲᠤᠷᠰᠢᠯᠲᠠ ᠶᠢᠨ ᠲᠠᠰᠤᠭ ᠵᠡᠷᠭᠡ ᠢᠨᠵᠧᠨᠧᠷᠢᠩ ᠢ ᠪᠠᠶᠢᠭᠤᠯᠵᠤ᠂ ᠵᠠᠬ᠎ᠠ ᠶᠢᠨ ᠠᠷᠠᠯᠵᠢᠶᠠᠨ ᠤ ᠲᠣᠭᠤᠷᠢᠭ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ᠂ ᠭᠠᠶᠢᠯᠢ | ᠬᠡᠯᠲᠦᠷᠢᠭᠦᠯᠬᠦ ᠳᠡᠯᠭᠡᠭᠦᠷ ᠡᠵᠡᠩᠨᠡᠯᠲᠡ ᠳᠤ ᠣᠷᠣᠵᠤ᠂ ᠪᠣᠭᠤᠮᠲᠠ ᠶᠢᠨ ᠵᠠᠰᠠᠮᠠᠯ ᠵᠠᠮ ᠲᠡᠷᠭᠡ ᠨᠡᠪᠲᠡᠷᠡᠵᠦ᠂ ᠠᠮᠤ ᠪᠤᠳᠠᠭ᠎ᠠ ᠶᠢ ᠪᠠᠶᠢᠴᠠᠭᠠᠨ ᠰᠢᠯᠭᠠᠵᠤ ᠨᠥᠭᠡᠴᠡᠯᠡᠨ | ᠲᠡᠭᠡᠭᠡᠪᠦᠷᠢᠯᠡᠵᠦ ᠪᠣᠯᠪᠠᠰᠤᠷᠠᠭᠤᠯᠬᠤ ᠰᠠᠭᠤᠷᠢᠨ ᠭᠠᠵᠠᠷ᠂ ᠤᠯᠤᠰ ᠤᠨ ᠡᠭᠦᠳᠡ ᠶᠢᠨ ᠦᠵᠡᠮᠵᠢᠲᠦ ᠣᠷᠣᠨ ᠵᠢᠴᠢ ᠰᠢᠨ᠎ᠡ ᠪᠠᠶᠢᠭᠤᠯᠤᠭᠰᠠᠨ ᠬᠤᠯᠪᠣᠭᠠᠯᠠᠨ | ᠪᠠᠶᠢᠴᠠᠭᠠᠬᠤ ᠠᠰᠠᠷ ᠤᠨ ppp ᠲᠥᠷᠥᠯ ᠵᠦᠢᠯ ᠢ ᠡᠬᠢᠯᠡᠨ ᠪᠠᠶᠢᠭᠤᠯᠵᠤ᠂ ᠬᠢᠯᠢ ᠶᠢᠨ ᠵᠠᠭᠠᠭ ᠤᠨ ᠬᠤᠶᠠᠳᠤᠭᠠᠷ ᠬᠥᠭᠦᠷᠭᠡ ᠪᠠᠶᠢᠭᠤᠯᠬᠤ ᠭᠡᠷ᠎ᠡ ᠶᠢ ᠵᠢᠩᠬᠢᠨᠢ ᠪᠠᠷ | ᠲᠣᠭᠲᠠᠪᠠ᠃ ᠣᠯᠠᠨ ᠵᠢᠯ ᠤᠨ ᠴᠢᠷᠮᠠᠶᠢᠯᠭ᠎ᠠ ᠪᠠᠷ᠂ 2017 ᠣᠨ ᠳᠤ ᠪᠣᠭᠤᠮᠲᠠ ᠶᠢ ᠬᠤᠶᠠᠷ ᠲᠠᠯ᠎ᠠ ᠪᠠᠷ ᠪᠠᠶᠢᠩᠭᠤ ᠴᠢᠯᠦᠭᠡᠲᠡᠢ ᠨᠡᠭᠡᠭᠡᠯᠲᠡ ᠬᠢᠬᠦ ᠶᠢ ᠪᠡᠶᠡᠯᠡᠭᠦᠯᠵᠦ | ᠂ ᠪᠣᠭᠤᠮᠲᠠ ᠢᠶᠠᠷ ᠵᠠᠭᠤᠨ ᠲᠦᠮᠡᠨ ᠲᠣᠨ ᠡᠳ᠋ ᠪᠠᠷᠠᠭ᠎ᠠ ᠣᠷᠣᠭᠤᠯᠵᠤ ᠭᠠᠷᠭᠠᠬᠤ ᠴᠢᠳᠠᠪᠤᠷᠢ ᠶᠢ ᠪᠦᠷᠢᠯᠳᠦᠭᠦᠯᠵᠦ᠂ ᠲᠦᠭᠦᠬᠡᠢ ᠴᠢᠯᠠᠭᠤᠨ ᠲᠣᠰᠣ᠂ ᠲᠡᠵᠢᠭᠡᠯ | ᠪᠣᠷᠳᠤᠭ᠎ᠠ ᠶᠢ ᠭᠠᠳᠠᠭᠠᠳᠤ ᠠᠴᠠ ᠣᠷᠣᠭᠤᠯᠬᠤ ᠶᠢ ᠪᠠᠶᠢᠩᠭᠤᠵᠢᠭᠤᠯᠵᠤ᠂ ᠳᠤᠮᠳᠠᠳᠤ ᠣᠷᠣᠰ ᠮᠣᠩᠭᠤᠯ ᠤᠯᠤᠰ ᠤᠨ ᠬᠠᠮᠲᠤᠷᠠᠨ ᠠᠵᠢᠯᠯᠠᠬᠤ ᠬᠤᠰᠢᠭᠤᠴᠢ ᠣᠷᠣᠨ | ᠤ ᠲᠥᠷᠥ ᠶᠢᠨ ᠪᠣᠳᠣᠯᠭ᠎ᠠ ᠶᠢ ᠮᠠᠨ ᠤ ᠬᠤᠰᠢᠭᠤᠨ ᠳᠤ ᠭᠦᠨᠵᠡᠭᠡᠶᠢᠷᠡᠭᠦᠯᠪᠡ᠃ ᠠᠮᠤ ᠪᠤᠳᠠᠭ᠎ᠠ ᠶᠢ ᠭᠠᠳᠠᠭᠠᠳᠤ ᠠᠴᠠ ᠣᠷᠣᠭᠤᠯᠬᠤ ᠲᠣᠭᠲᠠᠭᠰᠠᠨ ᠪᠣᠭᠤᠮᠲᠠ | ᠪᠣᠯᠭᠠᠬᠤ ᠪᠠᠷ ᠶᠠᠰᠤ ᠴᠢᠨᠠᠷ ᠲᠤ ᠬᠢᠨᠠᠯᠲᠠ ᠲᠠᠯᠪᠢᠬᠤ ᠤᠯᠤᠰ ᠤᠨ ᠶᠡᠷᠦᠩᠬᠡᠢ ᠲᠣᠪᠴᠢᠶᠠᠨ ᠳᠤ ᠮᠡᠳᠡᠭᠦᠯᠪᠡ᠃ ᠲᠠᠪᠤᠨ ᠵᠢᠯ ᠤᠨ ᠲᠤᠷᠰᠢ᠂ ᠪᠣᠭᠤᠮᠲᠠ ᠢᠶᠠᠷ | ᠨᠡᠶᠢᠲᠡ 29.5 ᠲᠦᠮᠡᠨ ᠬᠥᠮᠥᠨ ᠤᠳᠠᠭ᠎ᠠ᠂ 20.2 ᠲᠦᠮᠡᠨ ᠰᠠᠤᠷᠢ ᠲᠡᠷᠭᠡ ᠤᠳᠠᠭ᠎ᠠ ᠬᠢᠯᠢ ᠪᠠᠷ ᠨᠡᠪᠲᠡᠷᠡᠵᠦ᠂ ᠠᠷᠠᠯᠵᠢᠶᠠᠨ ᠤ ᠥᠷᠲᠡᠭ 57.9 ᠳ᠋ᠦᠩᠰᠢᠭᠤᠷ | ᠲᠥᠭᠦᠷᠢᠭ ᠲᠤ ᠬᠦᠷᠴᠦ᠂ 220.7 ᠲᠦᠮᠡᠨ ᠲᠣᠨ ᠪᠠᠷᠠᠭ᠎ᠠ ᠣᠷᠣᠭᠤᠯᠵᠤ ᠭᠠᠷᠭᠠᠵᠤ᠂ ᠪᠦᠬᠦ ᠬᠤᠲᠠ ᠶᠢᠨ ᠪᠣᠭᠤᠮᠲᠠ ᠶᠢᠨ ᠬᠤᠶᠠᠳᠤᠭᠠᠷ ᠲᠤ ᠵᠢᠭᠰᠠᠭᠠᠭᠳᠠᠪᠠ᠃ | ︵ᠳᠥᠷᠪᠡ︶ ᠵᠢᠭᠤᠯᠴᠢᠯᠠᠯ ᠤᠨ ᠰᠣᠶᠣᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠪᠡ | ᠃ ᠲᠠᠪᠤᠨ ᠵᠢᠯ ᠤᠨ ᠲᠤᠷᠰᠢ᠂ ᠨᠡᠶᠢᠲᠡ2.18 ᠳ᠋ᠦᠩᠰᠢᠭᠤᠷ ᠲᠥᠭᠦᠷᠢᠭ ᠪᠡᠯᠡ ᠣᠷᠣᠭᠤᠯᠵᠤ᠂ ᠭᠤᠣᠯᠳᠠᠯᠭ᠎ᠠ ᠲᠠᠢ ᠦᠵᠡᠮᠵᠢᠲᠦ ᠣᠷᠣᠨ ᠤ ᠵᠡᠷᠭᠡ ᠳᠡᠰ ᠢ | ᠳᠡᠪᠰᠢᠭᠦᠯᠵᠦ᠂ ᠪᠠᠷᠭᠤ ᠮᠣᠩᠭᠤᠯ ᠠᠶᠢᠮᠠᠭ ᠵᠢᠭᠤᠯᠴᠢᠯᠠᠯ ᠤᠨ ᠴᠢᠭ᠋ ᠢ 4A ᠳᠡᠰ ᠤᠨ ᠦᠵᠡᠮᠵᠢᠲᠦ ᠣᠷᠣᠨ ᠪᠣᠯᠭᠠᠵᠤ᠂ 2 ᠦᠵᠡᠮᠵᠢᠲᠦ ᠣᠷᠣᠨ 3A ᠳᠡᠰ ᠤᠨ | ᠦᠵᠡᠮᠵᠢᠲᠦ ᠣᠷᠣᠨ ᠪᠣᠯᠪᠠ᠃ ᠨᠣᠮᠣᠨ ᠬᠠᠨ ᠳᠠᠶᠢᠨ ᠤ ᠦᠯᠡᠳᠡᠭᠳᠡᠯ ᠤᠨ ᠦᠵᠡᠮᠵᠢᠲᠦ ᠣᠷᠣᠨ ︽ᠪᠦᠬᠦ ᠤᠯᠤᠰ ᠤᠨ ᠬᠤᠪᠢᠰᠬᠠᠯᠲᠤ ᠵᠤᠭᠠᠴᠠᠯ ᠤᠨ ᠦᠵᠡᠮᠵᠢᠲᠦ | ᠣᠷᠣᠨ ᠤ ᠨᠡᠷᠡᠰ ᠤᠨ ᠵᠢᠭᠰᠠᠭᠠᠯ︾ ᠳᠤ ᠣᠷᠣᠪᠠ᠃ ︽ᠵᠢᠭᠤᠯᠴᠢᠯᠠᠯ+ ᠰᠣᠶᠣᠯ+ ᠲᠠᠮᠢᠷ + ᠮᠠᠯ ᠠᠵᠤ ᠠᠬᠤᠢ︾ ᠶᠢᠨ ᠬᠥᠭᠵᠢᠯᠲᠡ ᠶᠢ ᠪᠦᠬᠦ ᠲᠠᠯ᠎ᠠ ᠪᠠᠷ | ᠲᠦᠯᠬᠢᠨ ᠠᠬᠢᠭᠤᠯᠵᠤ᠂ ᠵᠢᠭᠤᠯᠴᠢᠯᠠᠯ ᠤᠨ ᠪᠦᠲᠦᠭᠡᠭᠳᠡᠬᠦᠨ ᠤ ᠲᠥᠷᠥᠯ ᠵᠦᠢᠯ ᠢ ᠪᠠᠶᠠᠯᠢᠭᠵᠢᠭᠤᠯᠵᠤ᠂ ︽ᠪᠠᠷᠭᠤ ᠰᠣᠶᠣᠯ ᠤᠷᠠᠯᠢᠭ ᠤᠨ ᠨᠠᠶᠢᠷ︾᠂ ︽ᠮᠥᠩᠭᠦᠨ | ᠪᠠᠷᠭᠤ︾ ᠵᠡᠷᠭᠡ ᠰᠢᠷᠢᠰ ᠬᠥᠳᠡᠯᠭᠡᠭᠡᠨ᠂ ︽ᠪᠠᠽᠠᠷᠭᠠᠨᠲᠠ︾ ᠬᠤᠨᠳᠠᠭᠠᠲᠤ ᠣᠯᠠᠨ ᠤᠯᠤᠰ ᠤᠨ ᠮᠠᠶ᠋ᠢᠭ ᠤᠨ ᠪᠥᠬᠡ᠂ ᠳᠤᠮᠳᠠᠳᠤ ᠣᠷᠣᠰ ᠮᠣᠩᠭᠤᠯ ᠤᠯᠤᠰ ᠤᠨ ︽ | ᠲᠦᠮᠡᠨ ᠭᠠᠵᠠᠷ ᠤᠨ ᠴᠠᠢ ᠶᠢᠨ ᠵᠠᠮ︾ ᠤᠨ ᠵᠢᠭᠠᠰᠤ ᠬᠦᠬᠢᠳᠡᠨ ᠵᠢᠭᠤᠯᠴᠢᠯᠠᠬᠤ ᠵᠡᠷᠭᠡ ᠲᠣᠮᠣ ᠬᠡᠯᠪᠡᠷᠢ ᠶᠢᠨ ᠤᠷᠤᠯᠳᠤᠭᠠᠨ ᠪᠣᠯᠣᠨ ᠠᠩᠬᠠᠳᠤᠭᠠᠷ ᠬᠤᠭᠤᠴᠠᠭᠠᠨ ᠤ | ᠬᠥᠯᠥᠨ ᠪᠣᠶᠢᠷ ᠤᠨ ᠲᠠᠯ᠎ᠠ ᠨᠤᠲᠤᠭ ᠤᠨ ᠭᠤᠣᠯ ᠣᠷᠣᠨ ᠤ ᠪᠠᠶᠢᠭᠠᠯᠢᠯᠢᠭ ᠬᠤᠨᠢᠨ ᠮᠢᠬᠠᠨ ᠤ ᠬᠤᠳᠠᠯᠳᠤᠭᠠᠨ ᠤ ᠬᠤᠷᠠᠯ ᠢ ᠦᠷᠭᠦᠯᠵᠢᠯᠡᠨ ᠥᠷᠨᠢᠭᠦᠯᠪᠡ᠃ ᠪᠣᠶᠢᠷ | ᠨᠠᠭᠤᠷ ᠢᠶᠠᠷ ᠲᠣᠭᠤᠷᠢᠨ ᠵᠤᠭᠠᠴᠠᠬᠤ ᠵᠡᠷᠭᠡ ᠣᠯᠠᠨ ᠵᠤᠷᠪᠤᠰ ᠬᠢᠯᠢ ᠠᠯᠤᠰᠯᠠᠨ ᠵᠤᠭᠠᠴᠠᠬᠤ ᠣᠬᠢ ᠰᠢᠯᠢᠳᠡᠭ ᠵᠠᠮ ᠱᠤᠭᠤᠮ ᠪᠣᠯᠣᠨ ᠪᠣᠭᠤᠮᠲᠠ ᠶᠢᠨ ᠬᠢᠯᠢ ᠪᠠᠷ | ᠨᠡᠪᠲᠡᠷᠡᠵᠦ ᠵᠤᠭᠠᠴᠠᠬᠤ ᠲᠣᠭᠤᠷᠢᠭ ᠱᠤᠭᠤᠮ ᠢ ᠠᠮᠵᠢᠯᠲᠠᠲᠠᠢ ᠪᠠᠷ ᠨᠡᠭᠡᠭᠡᠵᠦ᠂ ᠬᠢᠯᠢ ᠠᠯᠤᠰᠯᠠᠬᠤ ᠵᠤᠭᠠᠴᠠᠯ ᠤᠨ ᠲᠤᠬᠠᠢ ᠶᠢᠨ ᠣᠷᠣᠨ ᠳᠤ ᠸᠢᠰᠠ ᠶᠢᠨ ᠭᠠᠷᠳᠠᠮ | ᠭᠦᠢᠴᠡᠳᠬᠡᠬᠦ ᠶᠢ ᠪᠡᠶᠡᠯᠡᠭᠦᠯᠪᠡ᠃ ᠲᠠᠪᠤᠨ ᠵᠢᠯ ᠤᠨ ᠲᠤᠷᠰᠢ᠂ ᠬᠦᠯᠢᠶᠡᠨ ᠠᠪᠤᠭᠰᠠᠨ ᠵᠤᠭᠠᠴᠠᠭᠰᠠᠳ ᠤᠨ ᠲᠤᠭ᠎ᠠ ᠨᠡᠶᠢᠲᠡ 281.7 ᠲᠦᠮᠡᠨ ᠬᠥᠮᠥᠨ ᠤᠳᠠᠭ᠎ᠠ᠂ | ᠵᠢᠯ ᠳᠤᠮᠳᠠᠴᠢ ᠪᠠᠷ 8.9% ᠪᠠᠷ ᠨᠡᠮᠡᠭᠳᠡᠪᠡ︔ ᠵᠢᠭᠤᠯᠴᠢᠯᠠᠯ ᠤᠨ ᠣᠷᠣᠯᠭ᠎ᠠ 21.36 ᠳ᠋ᠦᠩᠰᠢᠭᠤᠷ ᠲᠥᠭᠦᠷᠢᠭ ᠬᠦᠷᠴᠦ᠂ ᠵᠢᠯ ᠳᠤᠮᠳᠠᠴᠢ ᠪᠠᠷ 19.6% ᠪᠠᠷ | ᠨᠡᠮᠡᠭᠳᠡᠪᠡ᠃ | ︵ᠲᠠᠪᠤ︶ ᠣᠷᠴᠢᠨ ᠲᠣᠭᠤᠷᠢᠨ ᠤ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ᠠᠮᠢ ᠠᠬᠤᠢ ᠶᠢᠨ ᠪᠠᠶᠢᠭᠤᠯᠤᠯᠲᠠ ᠶᠢᠨ ᠦᠷ᠎ᠡ ᠪᠦᠲᠦᠮᠵᠢ | ᠢᠯᠡᠳᠲᠡ ᠪᠣᠯᠪᠠ᠃ ᠬᠥᠯᠥᠨ ᠨᠠᠭᠤᠷ ᠤᠨ ᠤᠷᠤᠰᠬᠠᠯ ᠤᠨ ᠳᠠᠭᠤ ᠰᠠᠪᠠ ᠭᠠᠵᠠᠷ ᠤᠨ ᠠᠮᠢ ᠠᠬᠤᠢ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠪᠦᠬᠦ ᠲᠠᠯ᠎ᠠ ᠪᠠᠷ | ᠡᠬᠢᠯᠡᠭᠦᠯᠵᠦ᠂ ᠠᠮᠢ ᠠᠬᠤᠢ ᠶᠢᠨ ᠪᠠᠭᠤᠷᠠᠢ ᠣᠷᠣᠨ ᠠᠴᠠ ᠠᠷᠠᠳ ᠢ ᠨᠡᠭᠦᠯᠭᠡᠬᠦ᠂ ᠨᠠᠭᠤᠷ ᠤᠨ ᠲᠣᠭᠤᠷᠢᠨ ᠳᠠᠬᠢ ᠡᠯᠡᠰᠦᠷᠬᠡᠭ ᠭᠠᠵᠠᠷ ᠢ ᠵᠠᠰᠠᠬᠤ᠂ ᠠᠮᠤᠷ | ᠲᠦᠪᠰᠢᠨ ᠤᠤᠭᠤᠬᠤ ᠤᠰᠤ ᠪᠣᠯᠣᠨ ᠬᠤᠭ ᠨᠣᠪᠰᠢ᠂ ᠪᠤᠵᠠᠷ ᠤᠰᠤ ᠶᠢ ᠰᠢᠢᠳᠪᠦᠷᠢᠯᠡᠬᠦ ᠵᠡᠷᠭᠡ ᠲᠥᠷᠥᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠵᠦ᠂ 1.2 | ᠳ᠋ᠦᠩᠰᠢᠭᠤᠷ ᠲᠥᠭᠦᠷᠢᠭ ᠪᠡᠯᠡ ᠣᠷᠣᠭᠤᠯᠪᠠ᠃ ᠬᠥᠯᠥᠨ ᠪᠣᠶᠢᠷ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠪᠠᠲᠤᠲᠠᠢ ᠠᠬᠢᠭᠤᠯᠵᠤ᠂ | ᠲᠠᠪᠤᠨ ᠵᠢᠯ ᠤᠨ ᠲᠤᠷᠰᠢ ᠨᠡᠶᠢᠲᠡ 3.2 ᠳ᠋ᠦᠩᠰᠢᠭᠤᠷ ᠲᠥᠭᠦᠷᠢᠭ ᠪᠡᠯᠡ ᠣᠷᠣᠭᠤᠯᠵᠤ᠂ 150.2 ᠲᠦᠮᠡᠨ ᠮᠦ ᠡᠯᠡᠰᠦᠷᠬᠡᠭ ᠭᠠᠵᠠᠷ ᠢ ᠵᠠᠰᠠᠵᠤ᠂ ᠨᠤᠲᠤᠭ | ᠪᠡᠯᠴᠢᠭᠡᠷ ᠮᠠᠭᠤᠳᠠᠵᠤ ᠡᠯᠡᠰᠦᠷᠬᠡᠭᠵᠢᠬᠦ ᠬᠠᠨᠳᠤᠰᠢ ᠶᠢ ᠪᠦᠲᠦᠮᠵᠢᠲᠡᠢ ᠬᠤᠷᠢᠭᠯᠠᠪᠠ᠃ 120 ᠲᠦᠮᠡᠨ ᠮᠦ ᠨᠡᠶᠢᠲᠡ ᠶᠢᠨ ᠠᠰᠠᠷᠠᠮᠵᠢ ᠶᠢᠨ ᠣᠢ ᠰᠢᠭᠤᠢ ᠶᠢ | ᠦᠷᠭᠦᠯᠵᠢᠯᠡᠨ ᠬᠠᠮᠢᠶᠠᠷᠤᠨ ᠬᠠᠮᠠᠭᠠᠯᠠᠵᠤ᠂ 2.03 ᠲᠦᠮᠡᠨ ᠮᠦ ᠭᠤᠣᠯᠳᠠᠯᠭᠠᠲᠤ ᠣᠷᠣᠨ ᠢ ᠨᠣᠭᠤᠭᠠᠷᠠᠭᠤᠯᠵᠤ᠂ ᠪᠦᠬᠦ ᠠᠷᠠᠳ ᠢᠶᠠᠷ ᠢᠶᠠᠨ 41 ᠲᠦᠮᠡᠨ ᠰᠠᠭᠤᠷᠢ | ᠠᠯᠪᠠᠨ ᠵᠢᠷᠤᠮ ᠤᠨ ᠮᠣᠳᠣ ᠲᠠᠷᠢᠪᠠ᠃ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠦᠷᠢᠯᠡᠨ ᠱᠠᠩᠨᠠᠬᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ 2127.8 ᠲᠦᠮᠡᠨ ᠮᠦ ᠨᠤᠲᠤᠭ ᠢ ᠪᠡᠯᠴᠢᠭᠡᠷᠯᠡᠭᠦᠯᠬᠦ ᠠᠴᠠ ᠵᠣᠭᠰᠣᠭᠠᠨ᠂ ᠪᠡᠯᠴᠢᠭᠡᠷ ᠮᠠᠯ ᠢ ᠲᠡᠩᠴᠡᠭᠦᠷᠰᠢᠭᠦᠯᠵᠦ᠂ ᠨᠡᠶᠢᠲᠡ 6.75 | ᠳ᠋ᠦᠩᠰᠢᠭᠤᠷ ᠲᠥᠭᠦᠷᠢᠭ ᠤᠨ ᠨᠥᠬᠦᠪᠦᠷᠢ ᠱᠠᠩᠨᠠᠯ ᠤᠨ ᠮᠥᠩᠭᠦ ᠲᠠᠷᠬᠠᠭᠠᠵᠤ᠂ 8294 ᠮᠠᠯᠵᠢᠬᠤ ᠡᠷᠦᠬᠡ ᠶᠢᠨ 1.8 ᠲᠦᠮᠡᠨ ᠬᠥᠮᠥᠨ ᠳᠤ ᠠᠰᠢᠭ ᠬᠦᠷᠲᠡᠭᠡᠪᠡ᠃ | ᠳᠤᠷ᠎ᠠ ᠪᠠᠷ ᠲᠡᠭᠦᠵᠦ ᠮᠠᠯᠲᠠᠬᠤ ᠵᠡᠷᠭᠡ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠳᠤ ᠦᠷᠭᠦᠯᠵᠢᠯᠡᠨ | ᠴᠣᠬᠢᠯᠲᠠ ᠥᠭᠴᠦ᠂ ᠠᠭᠠᠷ ᠮᠠᠨᠳᠠᠯ ᠪᠣᠯᠣᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠥᠯᠥᠪᠯᠡᠭᠡ ᠶᠢ ᠠᠯᠬᠤᠮ ᠳᠠᠷᠠᠭ᠎ᠠ ᠲᠠᠢ ᠬᠡᠷᠡᠭᠵᠢᠭᠦᠯᠪᠡ᠃ 4 ᠰᠤᠮᠤ | ᠪᠠᠯᠭᠠᠰᠤ ︽ᠤᠯᠤᠰ ᠤᠨ ᠳᠡᠰ ᠤᠨ ᠠᠮᠢ ᠠᠬᠤᠶᠢᠴᠢ ᠰᠤᠮᠤ ᠪᠠᠯᠭᠠᠰᠤ︾ ᠶᠢᠨ ᠴᠣᠯᠠ ᠬᠦᠷᠲᠡᠪᠡ᠃ | ︵ᠵᠢᠷᠭᠤᠭ᠎ᠠ︶ ᠬᠤᠲᠠ ᠬᠥᠳᠡᠭᠡ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠯᠡᠵᠦ᠂ ᠬᠤᠲᠠ ᠪᠠᠯᠭᠠᠰᠤᠨ ᠤ ᠳᠦᠷᠢ ᠲᠥᠷᠬᠦ ᠶᠡᠬᠡᠪᠡᠷ ᠰᠠᠶᠢᠵᠢᠷᠠᠪᠠ᠃ | ᠲᠠᠪᠤᠨ ᠵᠢᠯ ᠤᠨ ᠲᠤᠷᠰᠢ ᠨᠡᠶᠢᠲᠡ 8.9 ᠳ᠋ᠦᠩᠰᠢᠭᠤᠷ ᠲᠥᠭᠦᠷᠢᠭ ᠪᠡᠯᠡ ᠵᠠᠷᠤᠴᠠᠭᠤᠯᠵᠤ᠂ ᠪᠠᠯᠭᠠᠰᠤ ᠲᠣᠭᠤᠷᠢᠭ ᠲᠠᠬᠢ 9.75 ᠺᠢᠯᠤᠮᠧᠲᠷ ᠵᠠᠮ ᠢ ᠰᠢᠨ᠎ᠡ ᠪᠠᠷ | ᠪᠠᠶᠢᠭᠤᠯᠤᠨ ᠵᠠᠰᠠᠵᠤ᠂ ᠲᠥᠪᠯᠡᠷᠡᠭᠦᠯᠦᠨ ᠳᠤᠯᠠᠭᠠᠯᠠᠬᠤ ᠲᠠᠯᠠᠪᠠᠢ ᠶᠢ 27 ᠲᠦᠮᠡᠨ ᠲᠡᠭᠰᠢ ᠳᠥᠷᠪᠡᠯᠵᠢᠨ ᠮᠧᠲᠷ ᠨᠡᠮᠡᠭᠳᠡᠭᠦᠯᠵᠦ᠂ ᠬᠤᠭ ᠨᠣᠪᠰᠢ᠂ ᠪᠤᠵᠠᠷ ᠤᠰᠤ ᠶᠢ | ᠰᠢᠢᠳᠪᠦᠷᠢᠯᠡᠬᠦ ᠦᠢᠯᠡᠳᠪᠦᠷᠢ ᠠᠰᠢᠭᠯᠠᠯᠲᠠ ᠳᠤ ᠣᠷᠣᠵᠤ᠂ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ︔ 2165ᠢᠵᠢ ᠪᠠᠲᠤᠯᠠᠭ᠎ᠠ | ᠶᠢᠨ ᠴᠢᠨᠠᠷᠲᠠᠢ ᠣᠷᠣᠨ ᠰᠠᠭᠤᠴᠠ ᠶᠢ ᠥᠭᠡᠷᠡᠴᠢᠯᠡᠨ ᠰᠠᠶᠢᠵᠢᠷᠠᠭᠤᠯᠵᠤ᠂ 800 ᠡᠷᠦᠬᠡ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ | ᠥᠭᠡᠷᠡᠴᠢᠯᠡᠬᠦ ᠢᠨᠵᠧᠨᠧᠷᠢᠩ ᠢ ᠪᠡᠶᠡᠯᠡᠭᠦᠯᠵᠦ᠂ 16.27 ᠲᠦᠮᠡᠨ ᠲᠡᠭᠰᠢ ᠳᠥᠷᠪᠡᠯᠵᠢᠨ ᠮᠧᠲᠷ ᠭᠡᠷ ᠪᠠᠶᠢᠰᠢᠩ ᠭᠠᠵᠠᠷ ᠬᠥᠷᠥᠩᠭᠡ ᠶᠢᠨ ᠲᠠᠯᠠᠪᠠᠢ ᠶᠢ ᠨᠡᠮᠡᠭᠳᠡᠭᠦᠯᠪᠡ | ︔ ᠪᠠᠯᠭᠠᠰᠤ ᠲᠣᠭᠤᠷᠢᠭ ᠤᠨ 4 ᠪᠠᠯᠭᠠᠰᠤ ᠲᠡᠭᠦᠷᠭᠡ ᠶᠢᠨ ᠦᠵᠡᠮᠵᠢ ᠶᠢ ᠳᠡᠰ ᠳᠡᠪᠰᠢᠭᠦᠯᠦᠨ ᠰᠠᠶᠢᠵᠢᠷᠠᠭᠤᠯᠵᠤ᠂ ᠠᠮᠤᠭᠤᠯᠠᠩ ᠤᠨ ᠨᠤᠭᠤ ᠭᠠᠵᠠᠷ ᠤᠨ ᠴᠡᠴᠡᠷᠯᠢᠭ᠂ | ᠥᠯᠵᠡᠶᠢᠲᠦ ᠷᠠᠰᠢᠶᠠᠨ ᠤ ᠴᠡᠴᠡᠷᠯᠢᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠥᠰᠥᠪ ᠡᠬᠢᠯᠡᠭᠦᠯᠵᠦ᠂ 12 ᠲᠦᠮᠡᠨ ᠲᠡᠭᠰᠢ ᠳᠥᠷᠪᠡᠯᠵᠢᠨ | ᠮᠧᠲᠷ ᠨᠣᠭᠤᠭᠠᠷᠠᠭᠤᠯᠤᠯᠲᠠ ᠶᠢᠨ ᠲᠠᠯᠠᠪᠠᠢ ᠨᠡᠮᠡᠭᠳᠡᠵᠦ᠂ ᠬᠤᠲᠠ ᠪᠠᠯᠭᠠᠰᠤᠨ ᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠪᠠ᠃ ᠰᠠᠭᠤᠷᠢ | ᠲᠣᠨᠤᠭ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠲᠠᠰᠤᠷᠠᠯᠲᠠ ᠦᠭᠡᠢ ᠴᠢᠩᠭᠠᠳᠴᠦ᠂ ᠨᠡᠶᠢᠲᠡ 10.2 ᠳ᠋ᠦᠩᠰᠢᠭᠤᠷ ᠲᠥᠭᠦᠷᠢᠭ ᠵᠠᠷᠤᠴᠠᠭᠤᠯᠵᠤ᠂ 577 | ᠺᠢᠯᠤᠮᠧᠲᠷ ᠭᠠᠴᠠᠭ᠎ᠠ ᠲᠣᠰᠬᠤᠨ ᠳᠤ ᠨᠡᠪᠲᠡᠷᠡᠬᠦ ᠵᠠᠮ ᠢ ᠵᠠᠰᠠᠵᠤ᠂ 367 ᠺᠢᠯᠤᠮᠧᠲᠷ ᠭᠠᠴᠠᠭᠠᠨ ᠤ ᠵᠡᠭᠡᠯᠢ ᠭᠤᠳᠤᠮᠵᠢ ᠶᠢᠨ ᠵᠠᠮ ᠢ ᠰᠠᠶᠢᠵᠢᠷᠠᠭᠤᠯᠤᠨ ᠵᠠᠰᠠᠪᠠ︔ | ᠵᠡᠭᠦᠨ ᠬᠤᠰᠢᠭᠤᠨ ᠠᠴᠠ ᠪᠠᠷᠠᠭᠤᠨ ᠬᠤᠰᠢᠭᠤ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠲᠡᠷᠭᠡ ᠨᠡᠪᠲᠡᠷᠡᠪᠡ︔ 19 ᠲᠥᠪᠯᠡᠷᠡᠭᠦᠯᠦᠨ ᠤᠰᠤ ᠬᠠᠩᠭᠠᠬᠤ | ᠢᠨᠵᠧᠨᠧᠷᠢᠩ ᠢ ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ ᠠᠶᠢᠯ ᠡᠷᠦᠬᠡ ᠶᠢᠨ ᠤᠰᠤ ᠰᠠᠶᠢᠵᠢᠷᠠᠭᠤᠯᠬᠤ ᠲᠣᠨᠤᠭ ᠲᠥᠬᠦᠭᠡᠷᠦᠮᠵᠢ ᠶᠢ 1901ᠢᠵᠢ ᠤᠭᠰᠠᠷᠠᠵᠤ᠂ | 3 ᠭᠠᠵᠠᠷ ᠤᠰᠤᠨ ᠬᠥᠮᠥᠷᠭᠡ ᠪᠣᠯᠣᠨ ᠦᠶᠡᠷ ᠰᠡᠷᠭᠡᠶᠢᠯᠡᠬᠦ ᠲᠥᠬᠦᠭᠡᠷᠦᠮᠵᠢ ᠪᠠᠶᠢᠭᠤᠯᠪᠠ︔ ᠠᠮᠤᠭᠤᠯᠠᠩ ᠪᠣᠯᠣᠨ ᠨᠣᠮᠣᠨ ᠬᠠᠨ ᠤ 220 ᠺᠢᠯᠣᠸᠠᠲ ᠬᠦᠴᠦᠳᠡᠯ | ᠥᠭᠡᠷᠡᠴᠢᠯᠡᠬᠦ ᠥᠷᠲᠡᠭᠡ ᠶᠢ ᠪᠠᠶᠢᠭᠤᠯᠵᠤ᠂ 437 ᠺᠢᠯᠤᠮᠧᠲᠷ ᠴᠠᠬᠢᠯᠭᠠᠨ ᠲᠣᠣᠷ ᠢ ᠰᠢᠨ᠎ᠡ ᠪᠠᠷ ᠨᠡᠮᠡᠭᠳᠡᠭᠦᠯᠵᠦ᠂ ᠪᠠᠯᠭᠠᠰᠤᠨ ᠳᠤ ᠬᠤᠣᠰ ᠴᠠᠬᠢᠯᠭᠠᠨ ᠡᠭᠦᠰᠭᠡᠭᠦᠷ | ᠢᠶᠠᠷ ᠴᠠᠬᠢᠯᠭᠠᠨ ᠬᠠᠩᠭᠠᠬᠤ ᠶᠢ ᠪᠡᠶᠡᠯᠡᠭᠦᠯᠵᠦ᠂ ᠰᠤᠮᠤ ᠪᠠᠯᠭᠠᠰᠤ ᠶᠢᠨ ᠰᠠᠭᠤᠭ᠎ᠠ ᠭᠠᠵᠠᠷ ᠲᠤ ᠭᠡᠷᠡᠯ ᠰᠢᠷᠬᠡᠭ ᠢ ᠨᠡᠪᠲᠡᠷᠡᠭᠦᠯᠪᠡ᠃ | ︵ᠳᠣᠯᠤᠭ᠎ᠠ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠢ ᠲᠦᠯᠬᠢᠨ ᠠᠬᠢᠭᠤᠯᠵᠤ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ | ᠲᠠᠰᠤᠷᠠᠯᠲᠠ ᠦᠭᠡᠢ ᠴᠢᠩᠭᠠᠳᠬᠠᠪᠠ᠃ ᠠᠵᠤ ᠠᠬᠤᠢ ᠠᠮᠢ ᠠᠬᠤᠢ ᠶᠢᠨ ᠬᠦᠷᠢᠶᠡᠨ ᠳᠠᠬᠢ179 ᠲᠥᠷᠥᠯ ᠤᠨ ᠥᠭᠡᠷᠡᠴᠢᠯᠡᠯᠲᠡ ᠶᠢ ᠶᠠᠪᠤᠭᠳᠠᠭᠤᠯᠵᠤ᠂ 134 | ᠲᠥᠷᠥᠯ ᠵᠦᠢᠯ ᠦᠷ᠎ᠡ ᠪᠦᠲᠦᠮᠵᠢ ᠣᠯᠪᠠ᠃ ᠥᠪᠡᠷᠲᠡᠭᠡᠨ ᠵᠠᠰᠠᠬᠤ ᠣᠷᠣᠨ ᠤ ᠡᠷᠬᠡ ᠢᠶᠠᠨ ᠥᠷᠭᠡᠳᠬᠡᠵᠦ ᠬᠤᠰᠢᠭᠤ ᠪᠠᠨ ᠬᠦᠴᠦᠷᠬᠡᠭᠵᠢᠭᠦᠯᠬᠦ ᠲᠤᠷᠰᠢᠯᠲᠠ ᠶᠢᠨ | ᠴᠢᠭ᠋ ᠪᠣᠯᠵᠤ᠂ 61 ᠲᠥᠷᠥᠯ ᠤᠨ ᠡᠷᠬᠡ ᠡᠭᠦᠷᠭᠡ ᠶᠢ ᠬᠦᠯᠢᠶᠡᠨ ᠪᠡᠶᠡᠯᠡᠭᠦᠯᠵᠦ᠂ 183 ᠲᠥᠷᠥᠯ ᠤᠨ ᠲᠤᠬᠠᠶᠢᠯᠠᠭᠰᠠᠨ ᠠᠵᠢᠯ ᠢ ᠭᠦᠢᠴᠡᠳᠬᠡᠪᠡ᠃ ︽ᠬᠤᠶᠠᠷ | ᠲᠣᠬᠢᠶᠠᠯ ᠢ ᠠᠮᠵᠢᠵᠤ᠂ ᠨᠢᠭᠡ ᠶᠢ ᠢᠯᠠ ᠪᠠᠶᠢᠯᠭᠠᠬᠤ︾ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ︽ᠬᠤᠶᠠᠷ ᠳᠠᠩᠰᠠ ᠶᠢ ᠨᠢᠭᠡ ᠪᠣᠯᠭᠠᠬᠤ︾ ᠶᠢ | ᠨᠠᠶᠢᠷᠠᠭᠤᠯᠤᠨ ᠵᠣᠬᠢᠶᠠᠵᠤ᠂ 4759 ᠲᠥᠷᠥᠯ ᠤᠨ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢᠨ ᠳᠦᠷᠢᠮ ᠢ ᠨᠡᠶᠢᠲᠡᠯᠡᠪᠡ᠃ ︽ᠤᠷᠢᠳᠠᠪᠡᠷ ᠡᠵᠡᠩᠨᠡᠯᠲᠡ ᠶᠢᠨ | ᠦᠨᠡᠮᠯᠡᠯ ᠢ ᠣᠯᠭᠤᠵᠤ ᠳᠠᠷᠠᠭ᠎ᠠ ᠨᠢ ᠵᠥᠪᠰᠢᠶᠡᠷᠡᠯ ᠤᠨ ᠭᠡᠷᠡᠴᠢ ᠶᠢ ᠣᠯᠭᠤᠬᠤ︾ ᠶᠢ ᠲᠦᠯᠬᠢᠨ ᠠᠬᠢᠭᠤᠯᠵᠤ᠂ ︽ᠲᠠᠪᠤᠨ ᠦᠨᠡᠮᠯᠡᠯ ᠢ ᠨᠢᠭᠡᠳᠬᠡᠨ ᠨᠢᠭᠡ ᠪᠣᠯᠭᠠᠬᠤ︾ | ᠂ ︽ᠨᠢᠭᠡ ᠦᠨᠡᠮᠯᠡᠯ ᠨᠢᠭᠡ ᠲᠡᠮᠳᠡᠭ︾ ᠢᠶᠠᠷ ᠳᠠᠩᠰᠠᠯᠠᠬᠤ ᠶᠢ ᠪᠡᠶᠡᠯᠡᠭᠦᠯᠵᠦ᠂ 103 ᠡᠷᠦᠬᠡ ᠵᠠᠬ᠎ᠠ ᠳᠡᠯᠭᠡᠭᠦᠷ ᠤᠨ ᠭᠤᠣᠯ ᠴᠣᠭᠴᠠ᠂ 4.4 ᠳ᠋ᠦᠩᠰᠢᠭᠤᠷ | ᠲᠥᠭᠦᠷᠢᠭ ᠳᠠᠩᠰᠠᠯᠠᠬᠤ ᠬᠥᠷᠥᠩᠭᠡ ᠮᠥᠩᠭᠦ ᠰᠢᠨ᠎ᠡ ᠪᠠᠷ ᠨᠡᠮᠡᠭᠳᠡᠪᠡ᠃ ᠭᠠᠶᠢᠯᠢ ᠲᠠᠲᠠᠪᠤᠷᠢᠯᠠᠬᠤ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠬᠤ ᠠᠵᠢᠯ ᠢ ᠪᠡᠶᠡᠯᠡᠭᠦᠯᠪᠡ᠃ ᠪᠦᠬᠦ ᠬᠤᠰᠢᠭᠤᠨ ᠤ 152 ᠵᠢᠵᠢᠭ | ᠬᠡᠯᠪᠡᠷᠢ ᠶᠢᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠠᠶᠢᠭᠤᠯᠤᠯᠲᠠ ᠬᠠᠮᠢᠶᠠᠷᠤᠯᠲᠠ ᠶᠢ ᠰᠠᠯᠭᠠᠬᠤ ᠲᠣᠭᠲᠠᠴᠠ ᠶᠢᠨ ᠥᠭᠡᠷᠡᠴᠢᠯᠡᠯᠲᠡ ᠶᠢ ᠬᠡᠷᠡᠭᠵᠢᠭᠦᠯᠪᠡ᠃ | ᠬᠤᠰᠢᠭᠤᠨ ᠤ ᠳᠠᠪᠠᠭᠤᠯᠢᠭ ᠡᠬᠢ ᠪᠠᠶᠠᠯᠢᠭ ᠢᠶᠠᠨ ᠨᠢᠭᠡᠳᠬᠡᠵᠦ᠂ ᠠᠵᠠᠲᠠᠢ ᠵᠢᠭᠤᠯᠴᠢᠯᠠᠯ ᠤᠨ ᠪᠡᠯᠡ ᠣᠷᠤᠭᠤᠯᠤᠯᠲᠠ ᠶᠢᠨ ᠺᠣᠮᠫᠠᠨᠢ ᠶᠢ ᠪᠠᠶᠢᠭᠤᠯᠵᠤ᠂ ᠵᠢᠭᠤᠯᠴᠢᠯᠠᠯ | ᠤᠨ ᠡᠬᠢ ᠪᠠᠶᠠᠯᠢᠭ ᠢ ᠬᠥᠷᠥᠩᠭᠡ ᠪᠣᠯᠭᠠᠬᠤ ᠠᠬᠢᠴᠠ ᠶᠢ ᠲᠦᠯᠬᠢᠨ ᠠᠬᠢᠭᠤᠯᠪᠠ︔ ᠤᠯᠤᠰ ᠤᠨ ᠥᠮᠴᠢᠯᠡᠯᠲᠦ ᠡᠳ᠋ ᠬᠥᠷᠥᠩᠭᠡ᠂ ᠰᠢᠨ ᠲᠠᠢ ᠰᠠᠭᠤᠷᠢ ᠲᠣᠨᠤᠭ | ᠲᠥᠬᠦᠭᠡᠷᠦᠮᠵᠢ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠵᠡᠷᠭᠡ ᠪᠡᠯᠡ ᠬᠤᠷᠠᠮᠳᠤᠯᠭ᠎ᠠ ᠶᠢᠨ ᠲᠠᠪᠴᠠᠩ ᠢ ᠪᠠᠶᠢᠭᠤᠯᠪᠠ᠃ ᠤᠯᠤᠰ ᠤᠨ ᠥᠮᠴᠢᠯᠡᠯᠲᠦ ᠣᠢ | ᠰᠢᠭᠤᠢ ᠶᠢᠨ ᠲᠠᠯᠠᠪᠠᠢ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠰᠢᠨ᠎ᠡ ᠨᠢᠭᠡ ᠡᠭᠡᠯᠵᠢ ᠶᠢᠨ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ | ᠳᠠᠭᠠᠭᠠᠴᠢᠯᠠᠭᠤᠯᠬᠤ ᠠᠵᠢᠯ ᠢ ᠪᠦᠬᠦ ᠬᠦᠴᠦᠨ ᠪᠠᠷ ᠲᠦᠯᠬᠢᠨ ᠠᠬᠢᠭᠤᠯᠪᠠ᠃ | ︵ᠨᠠᠢᠮᠠ︶ ᠨᠡᠶᠢᠭᠡᠮ ᠤᠨ ᠠᠵᠢᠯ ᠦᠢᠯᠡᠰ ᠢ ᠬᠦᠴᠦᠯᠡᠨ ᠬᠥᠭᠵᠢᠭᠦᠯᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠡᠬᠡᠪᠡᠷ ᠳᠡᠭᠡᠭᠰᠢᠯᠡᠪᠡ᠃ ᠲᠠᠪᠤᠨ ᠵᠢᠯ ᠤᠨ | ᠲᠤᠷᠰᠢ᠂ ᠠᠷᠠᠳ ᠤᠨ ᠠᠮᠢᠳᠤᠷᠠᠯ ᠢ ᠪᠠᠲᠤᠯᠠᠬᠤ ᠪᠠᠷ ᠭᠤᠣᠯ ᠪᠣᠯᠭᠠᠵᠤ᠂ ᠠᠷᠠᠳ ᠤᠨ ᠠᠮᠢᠳᠤᠷᠠᠯ ᠪᠣᠯᠣᠨ ᠨᠡᠶᠢᠭᠡᠮ ᠤᠨ ᠬᠥᠭᠵᠢᠯᠲᠡ ᠳᠤ ᠵᠠᠷᠤᠴᠠᠭᠤᠯᠤᠭᠰᠠᠨ | ᠪᠡᠯᠡ ᠮᠥᠩᠭᠦ ᠡᠳ᠋ ᠤᠨ ᠵᠠᠰᠠᠭ ᠤᠨ ᠵᠠᠷᠤᠯᠭ᠎ᠠ ᠶᠢᠨ ᠭᠤᠷᠪᠠᠨ ᠤ ᠬᠤᠶᠠᠷ ᠠᠴᠠ ᠳᠡᠭᠡᠭᠰᠢ ᠶᠢ ᠡᠵᠡᠯᠡᠪᠡ᠃ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠬᠤ | ᠶᠢ ᠬᠦᠴᠦᠲᠡᠢ ᠠᠬᠢᠭᠤᠯᠵᠤ᠂ 6797 ᠲᠦᠮᠡᠨ ᠲᠥᠭᠦᠷᠢᠭ ᠪᠡᠯᠡ ᠣᠷᠣᠭᠤᠯᠵᠤ᠂ 22 ᠲᠥᠷᠥᠯ ᠤᠨ ᠶᠠᠳᠠᠭᠤ ᠶᠢ ᠲᠡᠳᠬᠦᠬᠦ ᠲᠥᠷᠥᠯ ᠵᠦᠢᠯ ᠢ ᠬᠡᠷᠡᠭᠵᠢᠭᠦᠯᠵᠦ᠂ | 3.2 ᠳ᠋ᠦᠩᠰᠢᠭᠤᠷ ᠲᠥᠭᠦᠷᠢᠭ ᠤᠨ ᠲᠡᠳᠬᠦᠮᠵᠢ ᠶᠢᠨ ᠴᠢᠨᠠᠷᠲᠠᠢ ᠵᠢᠭᠡᠯᠡᠯᠭᠡ ᠲᠠᠯᠪᠢᠵᠤ᠂ ᠨᠡᠶᠢᠲᠡ 1231 ᠬᠥᠮᠥᠨ ᠲᠣᠭᠲᠠᠭᠤᠨ ᠢᠶᠠᠷ ᠶᠠᠳᠠᠭᠤ ᠠᠴᠠ | ᠠᠩᠭᠢᠵᠢᠷᠠᠪᠠ᠃ ᠭᠠᠴᠠᠭᠠᠨ ᠤ ᠬᠠᠮᠲᠤ ᠶᠢᠨ ᠠᠵᠤ ᠠᠬᠤᠢ ᠶᠢ ᠪᠦᠬᠦ ᠭᠠᠴᠠᠭᠠᠨ ᠳᠤ ᠪᠦᠷᠬᠦᠭᠦᠯᠵᠦ᠂ 900 ᠭᠠᠷᠤᠢ ᠲᠦᠮᠡᠨ ᠲᠥᠭᠦᠷᠢᠭ ᠬᠤᠷᠠᠮᠳᠤᠭᠤᠯᠪᠠ᠃ | ᠬᠤᠲᠠ ᠬᠥᠳᠡᠭᠡ ᠶᠢᠨ ᠬᠠᠮᠤᠭ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠬᠥᠮᠥᠨ ᠳᠤᠮᠳᠠᠴᠢ ᠶᠢᠨ ᠨᠥᠬᠦᠪᠦᠷᠢ ᠲᠤᠰ ᠲᠤᠰ 6360 ᠲᠥᠭᠦᠷᠢᠭ | ᠪᠣᠯᠣᠨ 3800 ᠲᠥᠭᠦᠷᠢᠭ ᠨᠡᠮᠡᠭᠳᠡᠪᠡ᠃ ᠨᠠᠰᠤᠵᠢᠯ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠳᠤ ᠲᠤᠰ ᠲᠤᠰ 26994 ᠬᠥᠮᠥᠨ᠂ 33242 | ᠬᠥᠮᠥᠨ ᠣᠷᠣᠯᠴᠠᠵᠤ᠂ 2012 ᠣᠨ ᠤ ᠬᠢ ᠠᠴᠠ ᠲᠣᠰ ᠲᠣᠰ 74% ᠪᠣᠯᠣᠨ166 % ᠪᠠᠷ ᠨᠡᠮᠡᠭᠳᠡᠵᠦ᠂ ᠬᠤᠲᠠ ᠬᠥᠳᠡᠭᠡ ᠪᠦᠬᠦᠨ ᠢ ᠬᠠᠮᠤᠷᠤᠭᠰᠠᠨ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠪᠠ᠃ ᠠᠵᠢᠯ ᠣᠯᠭᠤᠬᠤ ᠠᠷᠭ᠎ᠠ ᠮᠠᠶ᠋ᠢᠭ ᠢᠶᠠᠷ ᠬᠠᠪᠰᠤᠷᠤᠨ ᠲᠡᠳᠬᠦᠬᠦ ᠬᠦᠴᠦᠯᠡᠴᠡ ᠪᠠᠨ | ᠦᠷᠭᠦᠯᠵᠢᠯᠡᠨ ᠴᠢᠩᠭᠠᠳᠬᠠᠵᠤ᠂ ᠬᠤᠲᠠ ᠪᠠᠯᠭᠠᠰᠤᠨ ᠤ 3600 ᠬᠥᠮᠥᠨ ᠳᠤ ᠰᠢᠨ᠎ᠡ ᠪᠠᠷ ᠠᠵᠢᠯ ᠣᠯᠭᠤᠪᠠ᠃ | ᠰᠤᠷᠭᠠᠨ ᠬᠥᠮᠥᠵᠢᠯ᠂ ᠡᠷᠡᠭᠦᠯ ᠬᠠᠮᠠᠭᠠᠯᠠᠯ᠂ ᠰᠣᠶᠣᠯ ᠤᠨ ᠦᠢᠯᠡᠰ ᠢ ᠪᠦᠬᠦ ᠲᠠᠯ᠎ᠠ ᠪᠠᠷ ᠬᠥᠭᠵᠢᠭᠦᠯᠵᠦ᠂ ᠲᠠᠪᠤᠨ ᠵᠢᠯ ᠤᠨ ᠲᠤᠷᠰᠢ ᠨᠡᠶᠢᠲᠡ 1.46 | ᠳ᠋ᠦᠩᠰᠢᠭᠤᠷ ᠲᠥᠭᠦᠷᠢᠭ ᠪᠡᠯᠡ ᠣᠷᠣᠭᠤᠯᠵᠤ᠂ 8 ᠬᠡᠦᠬᠡᠳ ᠤᠨ ᠴᠡᠴᠡᠷᠯᠢᠭ ᠢ ᠰᠢᠨ᠎ᠡ ᠪᠠᠷ ᠥᠷᠭᠡᠳᠬᠡᠨ ᠪᠠᠶᠢᠭᠤᠯᠵᠤ᠂ 8392 ᠶᠠᠳᠠᠭᠤ ᠬᠦᠴᠢᠷᠳᠡᠯᠲᠡᠢ | ᠰᠤᠷᠤᠭᠴᠢ ᠶᠢ ᠲᠡᠳᠬᠦᠵᠦ᠂ ᠳᠤᠮᠳᠠᠳᠤ ᠪᠠᠭ᠎ᠠ ᠰᠤᠷᠭᠠᠭᠤᠯᠢ ᠪᠦᠬᠦᠨ ᠢᠶᠠᠷ ᠣᠳᠣᠬᠢᠴᠢᠯᠠᠭᠰᠠᠨ ᠪᠠᠷᠢᠮᠵᠢᠶᠠᠵᠢᠭᠰᠠᠨ ᠰᠤᠷᠭᠠᠭᠤᠯᠢ ᠶᠢᠨ ᠬᠢᠷᠢ ᠲᠦᠪᠰᠢᠨ ᠳᠤ | ᠬᠦᠷᠴᠦ᠂ ᠠᠮᠤᠭᠤᠯᠠᠩ ᠨᠢᠭᠡᠳᠦᠭᠡᠷ ᠪᠠᠭ᠎ᠠ ᠰᠤᠷᠭᠠᠭᠤᠯᠢ᠂ ᠠᠮᠤᠭᠤᠯᠠᠩ ᠨᠢᠭᠡᠳᠦᠭᠡᠷ ᠳᠤᠮᠳᠠᠳᠤ ᠰᠤᠷᠭᠠᠭᠤᠯᠢ ᠪᠦᠬᠦ ᠤᠯᠤᠰ ᠤᠨ ᠰᠤᠷᠭᠠᠨ ᠬᠥᠮᠥᠵᠢᠯ ᠤᠨ | ᠰᠢᠰᠲ᠋ᠧᠮ ᠤᠨ ᠲᠡᠷᠢᠭᠦᠨ ᠤ ᠬᠠᠮᠲᠤ ᠨᠢᠭᠡᠴᠡ᠂ ᠪᠦᠬᠦ ᠤᠯᠤᠰ ᠤᠨ ︽ᠭᠤᠸ᠎ᠠ ᠰᠠᠶᠢᠬᠠᠨ ᠤ ᠬᠥᠮᠥᠵᠢᠯ ᠤᠨ ᠰᠤᠳᠤᠯᠭᠠᠨ ᠤ ᠰᠠᠭᠤᠷᠢᠨ ᠭᠠᠵᠠᠷ︾ ᠢᠶᠠᠷ | ᠦᠨᠡᠯᠡᠭᠳᠡᠪᠡ︔ ᠦᠨᠳᠦᠰᠦᠨ ᠱᠠᠲᠤᠨ ᠤ 19 ᠡᠮ ᠡᠮᠨᠡᠯᠭᠡ ᠶᠢᠨ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠭᠡᠷ ᠢ ᠪᠠᠶᠢᠭᠤᠯᠵᠤ᠂ ᠮᠣᠩᠭᠤᠯ ᠡᠮᠨᠡᠯᠭᠡ ᠶᠢᠨ | ᠬᠤᠷᠢᠶ᠎ᠠ ᠶᠢᠨ ᠥᠷᠭᠡᠳᠬᠡᠨ ᠪᠠᠶᠢᠭᠤᠯᠬᠤ ᠲᠥᠷᠥᠯ ᠵᠦᠢᠯ ᠢ ᠡᠬᠢᠯᠡᠭᠦᠯᠵᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ ᠪᠦᠬᠦ | ᠲᠠᠯ᠎ᠠ ᠪᠠᠷ ᠲᠦᠯᠬᠢᠨ ᠠᠬᠢᠭᠤᠯᠵᠤ᠂ ︽ᠡᠷᠡᠭᠦᠯ ᠮᠡᠨᠳᠦ ᠶᠢ ᠪᠠᠲᠤᠯᠠᠬᠤ ᠡᠮ ᠤᠨ ᠵᠢᠵᠢᠭ ᠬᠠᠶᠢᠷᠴᠠᠭ︾ ᠤᠨ ᠳᠡᠰ ᠳᠡᠪᠰᠢᠭᠦᠯᠬᠦ ᠢᠨᠵᠧᠨᠧᠷᠢᠩ ᠢ ᠭᠦᠨᠵᠡᠭᠡᠢ | ᠬᠡᠷᠡᠭᠵᠢᠭᠦᠯᠵᠦ᠂ ᠨᠡᠶᠢᠭᠡᠮ ᠤᠨ ᠥᠪᠡᠷ ᠤᠨ ᠥᠷᠲᠡᠭ ᠢ ᠨᠡᠶᠢᠲᠡ 1900 ᠲᠦᠮᠡᠨ ᠲᠥᠭᠦᠷᠢᠭ ᠠᠷᠪᠢᠯᠠᠪᠠ︔ ᠦᠨᠳᠦᠰᠦᠨ ᠱᠠᠲᠤᠨ ᠤ ᠰᠣᠶᠣᠯ ᠪᠣᠯᠣᠨ ᠪᠡᠶ᠎ᠡ | ᠴᠢᠭᠢᠷᠠᠭᠵᠢᠭᠤᠯᠬᠤ ᠲᠠᠯᠠᠪᠤᠷ ᠢ ᠤᠯᠠᠮ ᠨᠢᠭᠡ ᠠᠯᠬᠤᠮ ᠪᠦᠷᠢᠨᠰᠢᠭᠦᠯᠵᠦ᠂ 265 ᠤᠳᠠᠭᠠᠨ ᠤ ᠡᠯ᠎ᠡ ᠲᠥᠷᠥᠯ ᠤᠨ ᠰᠣᠶᠣᠯ ᠲᠠᠮᠢᠷ ᠤᠨ ᠬᠥᠳᠡᠯᠭᠡᠭᠡᠨ ᠢ | ᠥᠷᠨᠢᠭᠦᠯᠵᠦ᠂ 3 ᠲᠥᠷᠥᠯ ᠤᠨ ᠣᠯᠠᠨ ᠤᠯᠤᠰ ᠤᠨ ᠤᠷᠤᠯᠳᠤᠭᠠᠨ ᠢ ᠳᠠᠭᠠᠭᠠᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠪᠠᠨ ᠶᠢᠰᠦᠳᠦᠭᠡᠷ | ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠲᠠᠮᠢᠷ ᠤᠨ ᠴᠤᠭᠯᠠᠭᠠᠨ ᠳᠤ 17 ᠮᠧᠲᠠᠯ ᠣᠯᠵᠤ᠂ ᠰᠢᠯᠢᠳᠡᠭ ᠦᠷ᠎ᠡ ᠪᠦᠲᠦᠮᠵᠢ ᠣᠯᠪᠠ᠃ ᠠᠮᠤᠷ | ᠲᠦᠪᠰᠢᠨ ᠰᠢᠨ᠎ᠡ ᠪᠠᠷᠭᠤ ᠵᠡᠭᠦᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠵᠠᠬᠢᠳᠠᠯ ᠰᠤᠷᠪᠤᠯᠵᠢᠯᠠᠭ᠎ᠠ᠂ ᠠᠶᠤᠯᠭᠦᠢ ᠦᠢᠯᠡᠳᠪᠦᠷᠢᠯᠡᠯ᠂ | ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠶᠡᠷᠦᠩᠬᠡᠢ ᠲᠣᠭᠲᠠᠭᠤᠨ ᠪᠣᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠣᠯᠠᠨ ᠲᠦᠮᠡᠨᠴᠢ ᠪᠦᠯᠬᠦᠮ | ᠲᠣᠪᠣᠶᠢᠮ᠎ᠠ ᠦᠢᠯᠡᠳᠦᠯ ᠢᠶᠠᠨ ᠪᠠᠳᠠᠷᠠᠭᠤᠯᠵᠤ᠂ ᠣᠯᠠᠨ ᠲᠦᠮᠡᠨ ᠤ ᠠᠮᠤᠷ ᠲᠦᠪᠰᠢᠨ᠂ ᠬᠠᠨᠤᠮᠵᠢ ᠶᠢᠨ ᠬᠡᠮᠵᠢᠶ᠎ᠡ ᠤᠯᠠᠮ ᠨᠢᠭᠡ ᠠᠯᠬᠤᠮ ᠳᠡᠭᠡᠭᠰᠢᠯᠡᠪᠡ᠃ ᠬᠠᠤᠯᠢ | ᠴᠠᠭᠠᠵᠠ ᠶᠢ ᠲᠦᠭᠡᠮᠡᠯᠵᠢᠭᠦᠯᠬᠦ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢ ᠤᠯᠠᠮ ᠨᠢᠭᠡ | ᠠᠯᠬᠤᠮ ᠴᠢᠩᠭᠠᠳᠬᠠᠪᠠ᠃ | ᠲᠠᠪᠤᠨ ᠵᠢᠯ ᠤᠨ ᠲᠤᠷᠰᠢ᠂ ᠪᠦᠬᠦ ᠬᠤᠰᠢᠭᠤᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠣᠯᠣᠨ ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ | ᠠᠮᠵᠢᠯᠲᠠ ᠣᠯᠪᠠ᠃ ᠤ᠊ᠷᠢᠳ ᠬᠤᠵᠢᠳ ᠪᠦᠬᠦ ᠤᠯᠤᠰ ᠤᠨ ᠮᠠᠯᠵᠢᠬᠤ ᠣᠷᠣᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢᠨ | ᠲᠡᠷᠢᠭᠦᠨ ᠤ ᠭᠠᠵᠠᠷ ᠣᠷᠣᠨ᠂ ᠪᠦᠬᠦ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠥᠵᠢᠯ ᠢ ᠲᠡᠩᠴᠡᠭᠦᠷᠢᠲᠡᠢ ᠬᠥᠭᠵᠢᠭᠦᠯᠦᠭᠰᠡᠨ ᠬᠤᠰᠢᠭᠤ᠂ ᠪᠦᠬᠦ ᠣᠷᠣᠨ ᠤ | ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠰᠢᠯᠢᠳᠡᠭ ᠬᠤᠰᠢᠭᠤ᠂ ᠠᠮᠤᠷ ᠲᠦᠪᠰᠢᠨ ᠪᠦᠲᠦᠭᠡᠨ ᠪᠠᠶᠢᠭᠤᠯᠤᠯᠲᠠ ᠶᠢᠨ ᠲᠡᠷᠢᠭᠦᠨ ᠤ ᠬᠤᠰᠢᠭᠤ ᠪᠠ ᠪᠦᠬᠦ | ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠳᠠᠷᠠᠭᠠᠯᠠᠨ ᠭᠤᠷᠪᠠᠨ ᠵᠢᠯ ᠰᠠᠶᠢᠵᠢᠷᠠᠭᠰᠠᠨ ᠬᠤᠰᠢᠭᠤ᠂ ᠣᠶᠢᠵᠢᠭᠤᠯᠤᠯᠲᠠ | ᠨᠣᠭᠤᠭᠠᠷᠠᠭᠤᠯᠤᠯᠲᠠ ᠶᠢᠨ ᠲᠡᠷᠢᠭᠦᠨ ᠤ ᠭᠠᠵᠠᠷ ᠣᠷᠣᠨ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠡᠷᠢᠭᠦᠨ ᠤ ᠬᠠᠮᠲᠤ ᠨᠢᠭᠡᠴᠡ ᠵᠡᠷᠭᠡ ᠴᠣᠯᠠ | ᠬᠦᠷᠲᠡᠵᠦ᠂ ᠬᠥᠬᠡᠬᠠᠳᠠ ᠰᠦ ᠶᠢᠨ ᠦᠢᠯᠡᠰ ᠤᠨ ︽ᠭᠠᠯᠠᠭᠤᠲᠦ︾ ᠲᠥᠷᠥᠯ ᠲᠡᠮᠳᠡᠭ ᠥᠪᠡᠷᠲᠡᠭᠡᠨ ᠵᠠᠰᠠᠬᠤ ᠣᠷᠣᠨ ᠤ ᠨᠡᠷ᠎ᠡ ᠠᠯᠳᠠᠷᠰᠢᠭᠰᠠᠨ ᠲᠥᠷᠥᠯ ᠲᠡᠮᠳᠡᠭ | ᠪᠣᠯᠵᠤ᠂ ᠪᠦᠬᠦ ᠣᠷᠣᠨ ᠤ ᠳ᠋ᠠᠩ ᠲᠥᠷᠥᠯ ᠵᠦᠢᠯ ᠤᠨ ᠬᠡᠪᠴᠢᠶ᠎ᠡ ᠪᠠᠷ ᠬᠠᠮᠤᠭ ᠶᠡᠭᠡ ᠠᠩᠭᠧᠰ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠪᠦᠬᠦ ᠬᠤᠲᠠ | ᠶᠢᠨ ᠬᠠᠮᠤᠭ ᠶᠡᠭᠡ ᠴᠡᠪᠡᠷ ᠡᠨᠧᠷᠭᠢ ᠶᠢᠨ ᠰᠤᠷᠪᠤᠯᠵᠢ ᠶᠢ ᠭᠠᠳᠠᠭᠰᠢ ᠵᠥᠭᠡᠭᠡᠪᠦᠷᠢᠯᠡᠬᠦ ᠰᠠᠭᠤᠷᠢᠨ ᠭᠠᠵᠠᠷ ᠢ ᠪᠠᠶᠢᠭᠤᠯᠵᠤ᠂ ᠡᠪᠦᠳᠦᠭ ᠪᠣᠭᠤᠮᠲᠠ ᠶᠢ ᠪᠠᠶᠢᠩᠭᠤ | ᠴᠢᠯᠦᠭᠡᠲᠡᠢ ᠨᠡᠭᠡᠭᠡᠵᠦ᠂ ᠬᠢᠯᠢ ᠠᠯᠤᠰᠯᠠᠬᠤ ᠵᠤᠭᠠᠴᠠᠯ ᠤᠨ ᠲᠤᠬᠠᠢ ᠶᠢᠨ ᠣᠷᠣᠨ ᠳᠤ ᠸᠢᠰᠠ ᠶᠢᠨ ᠭᠠᠷᠳᠠᠮ ᠭᠦᠢᠴᠡᠳᠬᠡᠬᠦ ᠲᠤᠬᠠᠶᠢᠯᠠᠭᠰᠠᠨ ᠠᠵᠢᠯ ᠢ ᠥᠪᠡᠷᠲᠡᠭᠡᠨ | ᠵᠠᠰᠠᠬᠤ ᠣᠷᠣᠨ ᠳᠤ ᠬᠠᠮᠤᠭ ᠲᠡᠷᠢᠭᠦᠨ ᠳᠤ ᠪᠡᠶᠡᠯᠡᠭᠦᠯᠵᠦ᠂ ᠬᠥᠯᠥᠨ ᠪᠣᠶᠢᠷ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠠᠵᠢᠯ ᠪᠦᠬᠦ ᠬᠤᠲᠠ ᠳᠤ | ᠲᠡᠷᠢᠭᠦᠨ ᠳᠤ ᠣᠷᠣᠵᠤ᠂ ᠡᠷᠡᠭᠦᠯ ᠮᠡᠨᠳᠦ ᠶᠢᠨ ᠪᠠᠲᠤᠯᠠᠭ᠎ᠠ ᠶᠢᠨ ᠡᠮ ᠤᠨ ᠵᠢᠵᠢᠭ ᠬᠠᠶᠢᠷᠴᠠᠭ ᠤᠨ ᠢᠨᠵᠧᠨᠧᠷᠢᠩ ᠥᠪᠡᠷᠲᠡᠭᠡᠨ ᠵᠠᠰᠠᠬᠤ ᠣᠷᠣᠨ ᠢ ᠲᠥᠯᠥᠭᠡᠯᠡᠨ | ᠠᠷᠪᠠ ᠶᠢᠰᠦᠳᠦᠭᠡᠷ ᠬᠤᠭᠤᠴᠠᠭᠠᠨ ᠤ ᠪᠦᠬᠦ ᠳᠡᠯᠡᠬᠡᠢ ᠶᠢᠨ ᠡᠷᠡᠭᠦᠯ ᠬᠠᠮᠠᠭᠠᠯᠠᠯ ᠢ ᠠᠬᠢᠭᠤᠯᠬᠤ ᠬᠤᠷᠠᠯ ᠤᠨ ᠳᠡᠯᠭᠡᠨ ᠦᠵᠡᠭᠦᠯᠦᠯᠭᠡ ᠳᠤ ᠣᠷᠣᠯᠴᠠᠨ ᠰᠠᠶᠢᠨ | ᠦᠨᠡᠯᠡᠯᠲᠡ ᠣᠯᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ | ᠠᠵᠢᠯ ᠠᠮᠵᠢᠯᠲᠠ ᠣᠯᠪᠠ᠃ | ᠲᠠᠪᠤᠨ ᠵᠢᠯ ᠤᠨ ᠲᠤᠷᠰᠢ᠂ ᠪᠢᠳᠠ ᠬᠠᠤᠯᠢ ᠶᠣᠰᠣᠭᠠᠷ ᠵᠠᠰᠠᠭ ᠶᠠᠪᠤᠭᠤᠯᠵᠤ᠂ ᠥᠨᠳᠥᠷ ᠪᠦᠲᠦᠮᠵᠢᠲᠡᠢ ᠵᠠᠰᠠᠭ ᠬᠡᠷᠡᠭᠵᠢᠭᠦᠯᠬᠦ ᠶᠢ ᠪᠠᠷᠢᠮᠲᠠᠯᠠᠵᠤ᠂ ᠠᠵᠢᠯ ᠤᠨ | ᠰᠤᠷᠲᠠᠯ ᠢᠶᠠᠨ ᠢᠳᠡᠪᠬᠢᠲᠡᠢ ᠰᠠᠶᠢᠵᠢᠷᠠᠭᠤᠯᠵᠤ᠂ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ | ᠰᠢᠨ᠎ᠡ ᠦᠷ᠎ᠡ ᠪᠦᠲᠦᠮᠵᠢ ᠣᠯᠪᠠ᠃ ᠵᠠᠰᠠᠭ ᠢ ᠴᠣᠮᠬᠠᠳᠬᠠᠨ ᠡᠷᠬᠡ ᠶᠢ ᠲᠠᠯᠪᠢᠬᠤ᠂ ᠴᠢᠯᠦᠭᠡᠲᠡᠢ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ | ᠶᠢ ᠰᠢᠯᠢᠳᠡᠭᠵᠢᠭᠦᠯᠬᠦ ᠶᠢ ᠭᠦᠨᠵᠡᠭᠡᠢ ᠲᠦᠯᠬᠢᠨ ᠠᠬᠢᠭᠤᠯᠵᠤ᠂ ᠰᠢᠨ᠎ᠡ ᠨᠢᠭᠡ ᠡᠭᠡᠯᠵᠢ ᠶᠢᠨ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠪᠡᠶᠡᠯᠡᠭᠦᠯᠵᠦ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠵᠦ | ᠬᠢᠨᠠᠯᠲᠠ ᠲᠠᠯᠪᠢᠬᠤ ᠶᠢ ᠨᠠᠶᠢᠳᠠᠪᠤᠷᠢᠵᠢᠭᠤᠯᠪᠠ᠃ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | 3000 ᠭᠠᠷᠤᠢ ᠲᠡᠭᠰᠢ ᠳᠥᠷᠪᠡᠯᠵᠢᠨ ᠮᠧᠲᠷ ᠪᠠᠷᠢᠮᠵᠢᠶᠠᠨ ᠠᠴᠠ ᠬᠡᠲᠦᠷᠡᠭᠰᠡᠨ ᠠᠯᠪᠠᠨ ᠬᠡᠷᠡᠭᠯᠡᠭᠡᠨ ᠤ ᠭᠡᠷ ᠢ ᠲᠡᠭᠰᠢᠯᠡᠨ ᠪᠤᠴᠠᠭᠠᠵᠤ᠂ ᠠᠯᠪᠠᠨ ᠲᠡᠷᠭᠡ ᠶᠢ ᠬᠡᠷᠡᠭᠯᠡᠬᠦ | ᠥᠭᠡᠷᠡᠴᠢᠯᠡᠯᠲᠡ ᠶᠢ ᠪᠡᠶᠡᠯᠡᠭᠦᠯᠪᠡ᠃ ᠡᠯ᠎ᠡ ᠲᠥᠷᠥᠯ ᠤᠨ ᠬᠤᠷᠠᠯ᠂ ᠠᠯᠪᠠᠨ ᠪᠢᠴᠢᠭ ᠮᠠᠲ᠋ᠧᠷᠢᠶᠠᠯ᠂ ᠪᠠᠶᠠᠷ ᠤᠨ ᠶᠣᠰᠣᠯᠠᠯ ᠪᠣᠯᠣᠨ ᠵᠣᠴᠢᠯᠠᠬᠤ ᠠᠵᠢᠯᠯᠠᠭᠠᠨ ᠢ | ᠴᠣᠮᠬᠠᠳᠬᠠᠵᠤ᠂ ᠭᠤᠷᠪᠠᠨ ᠵᠦᠢᠯ ᠤᠨ ᠠᠯᠪᠠᠨ ᠤ ᠵᠠᠷᠤᠳᠠᠯ ᠵᠢᠯ ᠳᠠᠷᠠᠭᠠᠯᠠᠨ ᠪᠠᠭᠠᠰᠪᠠ᠃ ᠨᠠᠮ ᠤᠨ ᠣᠯᠠᠨ ᠲᠦᠮᠡᠨᠴᠢ ᠬᠥᠮᠥᠵᠢᠯ ᠦᠢᠯᠡᠳᠦᠯᠭᠡ ᠶᠢᠨ ᠠᠵᠢᠯᠯᠠᠭᠠᠨ | ᠪᠣᠯᠣᠨ ︽ᠭᠤᠷᠪᠠᠨ ᠴᠢᠩᠭ᠎ᠠ ᠭᠤᠷᠪᠠᠨ ᠪᠣᠳᠠᠲᠠᠢ︾ ᠲᠤᠰᠬᠠᠢ ᠰᠡᠳᠦᠪᠲᠦ ᠬᠥᠮᠥᠵᠢᠯ ᠢ ᠭᠦᠨᠵᠡᠭᠡᠢ ᠥᠷᠨᠢᠭᠦᠯᠵᠦ᠂ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ | ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠥᠵᠢᠯ ᠢ ᠪᠠᠶᠢᠩᠭᠤᠵᠢᠭᠤᠯᠤᠨ ᠳᠦᠷᠢᠮᠵᠢᠭᠦᠯᠬᠦ ᠶᠢ ᠲᠦᠯᠬᠢᠨ ᠠᠬᠢᠭᠤᠯᠵᠤ᠂ ᠤᠯᠤᠰ ᠲᠥᠷᠥ ᠶᠢᠨ ᠤᠬᠠᠮᠰᠠᠷ᠂ | ᠶᠡᠭᠡ ᠲᠠᠯ᠎ᠠ ᠶᠢᠨ ᠤᠬᠠᠮᠰᠠᠷ᠂ ᠭᠤᠣᠯᠯᠠᠬᠤ ᠤᠬᠠᠮᠰᠠᠷ᠂ ᠨᠢᠭᠡᠳᠦᠯᠲᠡᠢ ᠪᠠᠶᠢᠬᠤ ᠤᠬᠠᠮᠰᠠᠷ ᠢ ᠦᠨᠡᠨᠬᠦ ᠴᠢᠩᠭᠠᠳᠬᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ᠂ ᠤᠯᠤᠰ ᠲᠥᠷᠥ ᠶᠢᠨ ᠵᠥᠪᠯᠡᠯᠭᠡᠨ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ 1095 | ᠬᠤᠪᠢ ᠠᠷᠠᠳ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠪᠣᠯᠣᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ | ᠰᠢᠢᠳᠪᠦᠷᠢᠯᠡᠵᠦ᠂ ᠬᠠᠷᠢᠭᠤᠯᠲᠠ ᠥᠭᠭᠦᠭᠰᠡᠨ ᠨᠤᠷᠮ᠎ᠠ 100% ᠪᠣᠯᠪᠠ᠃ | ᠡᠳᠡᠭᠡᠷ ᠠᠮᠵᠢᠯᠲᠠ ᠬᠢᠯᠪᠠᠷ ᠢᠷᠡᠭᠰᠡᠨ ᠪᠢᠰᠢ᠂ ᠡᠨᠡ ᠪᠣᠯ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ | ᠬᠠᠯᠠᠮᠵᠢᠯᠠᠯ ᠤᠨ ᠦᠷ᠎ᠡ ᠳ᠋ᠦᠩ ᠪᠣᠯᠣᠨ᠎ᠠ᠂ ᠬᠤᠰᠢᠭᠤᠨ ᠤ ᠨᠠᠮ ᠤᠨ ᠬᠤᠷᠢᠶ᠎ᠠ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠰᠢᠨᠵᠢᠯᠡᠬᠦ ᠤᠬᠠᠭᠠᠨᠴᠢ ᠪᠠᠷ | ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠦᠷ᠎ᠡ ᠳ᠋ᠦᠩ ᠪᠣᠯᠣᠨ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ | ᠵᠥᠪᠯᠡᠯᠭᠡᠨ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠳᠡᠮᠵᠢᠯᠭᠡ᠂ ᠬᠠᠯᠠᠮᠵᠢᠯᠠᠯ ᠬᠠᠪᠰᠤᠷᠤᠯᠭ᠎ᠠ ᠶᠢᠨ ᠦᠷ᠎ᠡ ᠳ᠋ᠦᠩ ᠪᠣᠯᠣᠨ᠎ᠠ᠂ ᠪᠦᠬᠦ ᠬᠤᠰᠢᠭᠤᠨ ᠤ | ᠥᠷᠭᠡᠨ ᠣᠯᠠᠨ ᠺᠠᠳ᠋ᠷ ᠨᠢᠭᠲᠠᠷᠠᠨ ᠪᠦᠯᠬᠦᠮᠳᠡᠵᠦ᠂ ᠰᠢᠷᠭᠠᠭᠤ ᠬᠠᠲᠠᠭᠤᠵᠢᠯᠲᠠᠢ ᠲᠡᠮᠡᠴᠡᠭᠰᠡᠨ ᠤ ᠦᠷ᠎ᠡ ᠳ᠋ᠦᠩ ᠪᠣᠯᠣᠨ᠎ᠠ᠃ ᠠᠳᠡ ᠪᠢ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠢᠶᠠᠨ ᠲᠥᠯᠥᠭᠡᠯᠡᠨ᠂ ᠡᠯ᠎ᠡ ᠠᠵᠢᠯ ᠤᠨ ᠹᠷᠤᠨᠲ ᠲᠤ ᠪᠠᠶᠢᠭ᠎ᠠ ᠥᠷᠭᠡᠨ ᠣᠯᠠᠨ ᠺᠠᠳ᠋ᠷ᠂ ᠠᠷᠠᠳ ᠤᠨ ᠪᠦᠯᠬᠦᠮ᠂ ᠦᠢᠯᠡᠳᠪᠦᠷᠢ ᠬᠤᠳᠠᠯᠳᠤᠭᠠᠨ | ᠤ ᠬᠤᠯᠪᠣᠭ᠎ᠠ ᠪᠣᠯᠣᠨ ᠱᠠᠰᠢᠨ ᠰᠤᠷᠲᠠᠬᠤᠨ ᠤ ᠡᠲᠡᠭᠡᠳ᠂ ᠠᠵᠢᠯ ᠠᠴᠠ ᠪᠠᠨ ᠳᠠᠷᠬᠠᠯᠠᠭᠳᠠᠵᠤ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ᠂ ᠬᠤᠰᠢᠭᠤᠨ | ᠳᠤ ᠰᠠᠭᠤᠭ᠎ᠠ ᠴᠡᠷᠢᠭ ᠴᠠᠭᠳᠠᠭ᠎ᠠ ᠪᠠᠶᠢᠯᠳᠤᠭᠴᠢᠳ ᠪᠣᠯᠣᠨ ᠪᠠᠶᠢᠭᠤᠯᠭ᠎ᠠ ᠨᠢᠭᠡᠴᠡ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ | ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠪᠢᠳᠠ ᠠᠮᠵᠢᠯᠲᠠ ᠣᠯᠣᠭᠰᠠᠨ ᠤ ᠬᠠᠮᠲᠤ᠂ ᠪᠠᠰᠠ ᠮᠠᠨ ᠤ ᠬᠤᠰᠢᠭᠤᠨ ᠤ ᠪᠠᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ | ᠵᠠᠷᠢᠮ ᠵᠥᠷᠢᠴᠡᠯ ᠪᠣᠯᠣᠨ ᠠᠰᠠᠭᠤᠳᠠᠯ ᠢ ᠰᠡᠷᠭᠡᠭ ᠢᠶᠠᠷ ᠲᠠᠨᠢᠬᠤ ᠬᠡᠷᠡᠭᠲᠡᠢ᠂ ᠭᠤᠣᠯᠳᠠᠭᠤ᠄ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠠᠭᠤᠷᠢ | ᠨᠢᠮᠭᠡᠨ ᠪᠠᠶᠢᠳᠠᠯ ᠦᠨᠳᠦᠰᠦᠨ ᠳᠡᠭᠡᠨ ᠬᠤᠪᠢᠷᠠᠭᠰᠠᠨ ᠦᠭᠡᠢ᠂ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠬᠦ ᠴᠢᠬᠤᠯᠠ ᠲᠠᠢ᠂ ᠠᠵᠤ ᠦᠢᠯᠡᠰ ᠤᠨ | ᠪᠣᠶᠢᠵᠢᠯᠲᠠ ᠬᠥᠭᠵᠢᠯᠲᠡ ᠬᠦᠷᠦᠯᠴᠡᠬᠦ ᠦᠭᠡᠢ᠂ ᠲᠣᠮᠣ ᠲᠥᠷᠥᠯ ᠵᠦᠢᠯ ᠤᠨ ᠳᠠᠶᠢᠴᠢᠯᠠᠯᠲᠠ ᠳᠤᠲᠠᠮᠠᠭ︔ ᠣᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ | ᠰᠠᠶᠢᠨ ᠰᠠᠶᠢᠬᠠᠨ ᠠᠮᠢᠳᠤᠷᠠᠯ ᠤᠨ ᠱᠠᠭᠠᠷᠳᠠᠯᠭ᠎ᠠ ᠪᠣᠯᠣᠨ ᠲᠡᠩᠴᠡᠭᠦᠷᠢ ᠦᠭᠡᠢ ᠭᠦᠢᠴᠡᠳ ᠦᠭᠡᠢ ᠬᠥᠭᠵᠢᠯᠲᠡ ᠶᠢᠨ ᠬᠤᠭᠤᠷᠣᠨᠳᠤᠬᠢ ᠵᠥᠷᠢᠴᠡᠯ ᠪᠠᠰᠠ ᠨᠡᠯᠢᠶᠡᠳ | ᠲᠣᠪᠣᠶᠢᠮ᠎ᠠ᠂ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠬᠤ ᠡᠭᠦᠷᠭᠡ ᠬᠦᠨᠳᠦ᠂ ᠰᠤᠷᠭᠠᠨ ᠬᠥᠮᠥᠵᠢᠯ᠂ ᠡᠮ ᠡᠮᠨᠡᠯᠭᠡ᠂ ᠨᠠᠰᠤᠵᠢᠯ᠂ ᠠᠵᠢᠯ ᠣᠯᠭᠤᠯᠲᠠ | ᠵᠡᠷᠭᠡ ᠲᠠᠯ᠎ᠠ ᠶᠢᠨ ᠬᠥᠭᠵᠢᠯᠲᠡ ᠶᠢᠨ ᠬᠢᠷᠢ ᠲᠦᠪᠰᠢᠨ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠠᠴᠠ ᠪᠠᠰᠠ ᠵᠥᠷᠢᠶ᠎ᠡ ᠲᠠᠢ︔ ᠰᠠᠭᠤᠷᠢ ᠲᠣᠨᠤᠭ | ᠲᠥᠬᠦᠭᠡᠷᠦᠮᠵᠢ ᠶᠢᠨ ᠪᠣᠭᠤᠮᠢ ᠶᠢᠨ ᠬᠢᠵᠠᠭᠠᠷᠯᠠᠯ ᠬᠦᠨᠳᠦ ᠨᠣᠴᠢᠲᠠᠢ᠂ ᠪᠠᠲᠤᠯᠠᠭ᠎ᠠ ᠲᠤᠯᠭᠠᠭᠤᠷᠢᠯᠠᠬᠤ ᠴᠢᠳᠠᠪᠤᠷᠢ ᠰᠤᠯᠠ︔ ᠡᠳ᠋ ᠤᠨ ᠵᠠᠰᠠᠭ ᠤᠨ ᠣᠷᠣᠯᠭ᠎ᠠ | ᠵᠠᠷᠤᠯᠭ᠎ᠠ ᠶᠢᠨ ᠵᠥᠷᠢᠴᠡᠯ ᠲᠣᠪᠣᠶᠢᠮ᠎ᠠ᠂ ᠪᠠᠲᠤᠯᠠᠭᠠᠲᠤ ᠵᠠᠷᠤᠯᠭ᠎ᠠ ᠶᠢᠨ ᠬᠠᠷᠢᠴᠠᠯ ᠶᠡᠭᠡ᠂ ᠬᠥᠭᠵᠢᠯᠲᠡ ᠶᠢ ᠲᠤᠯᠭᠠᠭᠤᠷᠢᠯᠠᠬᠤ ᠡᠳ᠋ ᠤᠨ ᠬᠦᠴᠦᠨ ᠬᠦᠷᠦᠯᠴᠡᠬᠦ | ᠦᠭᠡᠢ︔ ᠪᠢᠳᠠ ᠡᠳᠡᠭᠡᠷ ᠠᠰᠠᠭᠤᠳᠠᠯ ᠤᠳ ᠢ ᠬᠤᠶᠢᠰᠢᠳᠠ ᠶᠢᠨ ᠠᠵᠢᠯ ᠤᠨ ᠶᠠᠪᠤᠴᠠ ᠳᠠᠭᠠᠨ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠬᠢᠨᠠᠮᠠᠭᠠᠢ ᠰᠢᠢᠳᠪᠦᠷᠢᠯᠡᠨ᠎ᠡ | ᠃ | ᠬᠣᠶᠠᠷ᠂ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠰᠡᠳᠬᠢᠴᠡ | ᠲᠣᠰ ᠬᠤᠭᠤᠴᠠᠭᠠᠨ ᠤ ᠬᠤᠰᠢᠭᠤ ᠵᠠᠰᠠᠭ ᠤᠨ ᠣᠷᠳᠣᠨ ᠤ ᠲᠤᠰᠢᠶᠠᠯ ᠤᠨ ᠬᠤᠭᠤᠴᠠᠭ᠎ᠠ ᠪᠣᠯ ᠶᠠᠭ ᠨᠠᠮ ᠪᠣᠯᠣᠨ ᠤᠯᠤᠰ ᠤᠨ ︽ᠬᠤᠣᠰ ᠵᠠᠭᠤᠨ ᠵᠢᠯ︾ ᠤᠨ | ᠲᠡᠮᠡᠴᠡᠬᠦ ᠬᠠᠷᠠᠯᠲᠠ ᠶᠢᠨ ᠲᠡᠦᠬᠡᠨ ᠠᠭᠤᠯᠵᠠᠷ ᠤᠨ ᠬᠤᠭᠤᠴᠠᠭᠠᠨ ᠳᠤ ᠪᠠᠶᠢᠭ᠎ᠠ ᠪᠥᠭᠡᠳ ᠰᠢᠨ᠎ᠡ ᠪᠠᠷᠭᠤ ᠵᠡᠭᠦᠨ ᠬᠤᠰᠢᠭᠤᠨ ᠤ ᠴᠢᠨᠡᠭᠡᠯᠢᠭ ᠨᠡᠶᠢᠭᠡᠮ ᠢ ᠪᠦᠬᠦ ᠲᠠᠯ᠎ᠠ | ᠪᠠᠷ ᠪᠡᠶᠡᠯᠡᠭᠦᠯᠵᠦ᠂ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠰᠢᠨ᠎ᠡ ᠠᠶᠠᠨ ᠢ ᠪᠦᠬᠦ ᠲᠠᠯ᠎ᠠ ᠪᠠᠷ ᠡᠬᠢᠯᠡᠭᠦᠯᠬᠦ ᠥᠩᠭᠡ ᠭᠡᠷᠡᠯᠲᠦ ᠡᠭᠦᠷᠭᠡ ᠪᠣᠯᠣᠨ | ᠲᠡᠦᠬᠡᠨ ᠬᠦᠨᠳᠦ ᠡᠭᠦᠷᠭᠡ ᠶᠢ ᠡᠭᠦᠷᠭᠡᠯᠡᠵᠦ ᠪᠠᠶᠢᠨ᠎ᠠ᠃ | ᠪᠢᠳᠠ ᠣᠳᠣ ᠶᠠᠭ ᠢᠷᠡᠭᠡᠳᠦᠢ ᠶᠢᠨ ᠶᠡᠭᠡ ᠦᠢᠯᠡᠰ ᠢ ᠪᠦᠲᠦᠭᠡᠬᠦ ᠴᠢᠬᠤᠯᠠ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯᠲᠦ ᠴᠠᠭ ᠬᠤᠭᠤᠴᠠᠭᠠᠨ ᠳᠤ | ᠣᠷᠣᠰᠢᠵᠤ ᠪᠠᠶᠢᠭ᠎ᠠ ᠲᠤᠯᠠ ᠬᠥᠭᠵᠢᠯᠲᠡ ᠶᠢ ᠲᠦᠷᠭᠡᠳᠬᠡᠬᠦ ᠳᠠᠪᠠᠭᠤᠯᠢᠭ ᠲᠠᠯ᠎ᠠ ᠪᠣᠯᠣᠨ ᠠᠵᠠ ᠲᠣᠬᠢᠶᠠᠯ ᠢ ᠡᠷᠬᠡᠪᠰᠢ ᠭᠦᠢᠴᠡᠳ ᠡᠵᠡᠮᠳᠡᠵᠦ᠂ ᠬᠦᠴᠢᠷᠳᠡᠯ ᠪᠣᠯᠣᠨ | ᠥᠷᠢᠰᠦᠯᠳᠦᠭᠡᠨ ᠢ ᠢᠳᠡᠪᠬᠢᠲᠡᠢ ᠢᠯᠠᠵᠤ᠂ ᠭᠤᠣᠯᠳᠠᠯᠭ᠎ᠠ ᠶᠢ ᠠᠳᠬᠤᠵᠤ᠂ ᠳᠤᠲᠠᠭᠳᠠᠯ ᠢᠶᠠᠨ ᠨᠥᠬᠦᠪᠦᠷᠢᠯᠡᠨ᠂ ᠰᠠᠭᠤᠷᠢ ᠪᠠᠨ ᠴᠢᠩᠭᠠᠳᠬᠠᠬᠤ ᠬᠡᠷᠡᠭᠲᠡᠢ᠃ | ᠬᠥᠭᠵᠢᠯᠲᠡ ᠶᠢ ᠲᠦᠷᠭᠡᠳᠬᠡᠬᠦ ᠳᠤ ᠪᠦᠷᠢᠳᠦᠭᠦᠯᠦᠭᠰᠡᠨ ᠳᠠᠪᠠᠭᠤᠯᠢᠭ ᠲᠠᠯ᠎ᠠ ᠪᠣᠯᠣᠨ ᠠᠵᠠ ᠲᠣᠬᠢᠶᠠᠯ᠃ ᠮᠠᠨ ᠤ ᠬᠤᠰᠢᠭᠤ ᠪᠣᠯ ᠥᠪᠡᠷᠲᠡᠭᠡᠨ ᠵᠠᠰᠠᠬᠤ | ᠣᠷᠣᠨ ᠤ ᠡᠷᠬᠡ ᠪᠠᠨ ᠥᠷᠭᠡᠳᠬᠡᠵᠦ ᠬᠤᠰᠢᠭᠤ ᠪᠠᠨ ᠬᠦᠴᠦᠷᠬᠡᠭᠵᠢᠭᠦᠯᠬᠦ ᠲᠤᠷᠰᠢᠯᠲᠠ ᠶᠢᠨ ᠴᠢᠭ᠋ ᠤᠨ ᠰᠢᠭᠤᠳ ᠬᠢᠨᠠᠨ ᠵᠥᠪᠰᠢᠶᠡᠷᠡᠭᠦᠯᠬᠦ ᠡᠷᠬᠡ ᠲᠠᠢ᠃ ᠣᠷᠣᠨ | ᠪᠠᠶᠢᠷᠢ ᠶᠢᠨ ᠨᠥᠬᠦᠴᠡᠯ ᠬᠠᠷᠢᠴᠠᠩᠭᠤᠢ ᠪᠠᠷ ᠳᠠᠪᠠᠭᠤᠯᠢᠭ ᠪᠥᠭᠡᠳ ︽ᠬᠠᠶᠢᠯᠠᠷ ᠮᠠᠨᠵᠤᠤᠷ ᠷᠠᠰᠢᠶᠠᠨ︾ ᠤ ᠠᠵᠤ ᠠᠬᠤᠢ ᠶᠢᠨ ᠵᠠᠩᠭᠢᠯᠠᠭ᠎ᠠ ᠶᠢᠨ ᠣᠷᠣᠨ ᠳᠤ | ᠪᠠᠶᠢᠷᠢᠯᠠᠵᠤ᠂ ᠵᠢᠭᠤᠯᠴᠢᠯᠠᠯ ᠪᠣᠯᠣᠨ ᠪᠣᠳᠠᠰ ᠤᠨ ᠭᠦᠢᠯᠭᠡᠭᠡ ᠵᠡᠷᠭᠡ ᠬᠤᠯᠪᠣᠭᠳᠠᠯ ᠪᠦᠬᠦᠢ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠬᠦ ᠰᠠᠭᠤᠷᠢ ᠨᠥᠬᠦᠴᠡᠯ | ᠲᠠᠢ᠃ ᠪᠣᠭᠤᠮᠲᠠ ᠶᠢᠨ ᠬᠢᠯᠢ ᠶᠢᠨ ᠠᠷᠠᠯᠵᠢᠶ᠎ᠠ ᠲᠦᠷᠭᠡᠨ ᠬᠥᠭᠵᠢᠵᠦ᠂ ᠪᠣᠭᠤᠮᠲᠠ ᠨᠡᠪᠲᠡᠷᠡᠬᠦ ᠪᠠᠲᠤᠯᠠᠭ᠎ᠠ ᠶᠢᠨ ᠴᠢᠳᠠᠪᠤᠷᠢ ᠤᠯᠠᠮ ᠲᠡᠭᠦᠯᠳᠡᠷᠵᠢᠵᠦ᠂ ᠮᠣᠩᠭᠤᠯ | ᠤᠯᠤᠰ ᠯᠤᠭ᠎ᠠ ᠬᠥᠷᠰᠢ ᠵᠡᠷᠭᠡᠯᠡᠳᠡᠭᠡ ᠭᠠᠵᠠᠷ ᠣᠷᠣᠨ ᠤ ᠬᠤᠯᠪᠣᠭᠠᠯᠠᠯ ᠨᠡᠪᠲᠡᠷᠡᠯᠴᠡᠯ᠂ ᠰᠣᠶᠣᠯ ᠪᠣᠯᠪᠠᠰᠤᠨ᠂ ᠰᠤᠷᠭᠠᠨ ᠬᠥᠮᠥᠵᠢᠯ᠂ ᠡᠷᠡᠭᠦᠯ ᠬᠠᠮᠠᠭᠠᠯᠠᠯ᠂ ᠬᠢᠯᠢ | ᠠᠯᠤᠰᠯᠠᠨ ᠵᠤᠭᠠᠴᠠᠬᠤ ᠵᠡᠷᠭᠡ ᠬᠦᠷᠢᠶ᠎ᠡ ᠬᠡᠪᠴᠢᠶᠡᠨ ᠳᠠᠬᠢ ᠬᠠᠮᠲᠤᠷᠠᠯᠴᠠᠭ᠎ᠠ ᠲᠠᠰᠤᠷᠠᠯᠲᠠ ᠦᠭᠡᠢ ᠴᠢᠩᠭᠠᠳᠴᠦ᠂ ᠠᠮᠢ ᠠᠬᠤᠢ ᠶᠢᠨ ᠣᠷᠴᠢᠨ ᠲᠣᠭᠤᠷᠢᠨ ᠤ | ᠳᠠᠭᠠᠭᠠᠴᠠᠲᠦ ᠬᠥᠭᠵᠢᠯᠲᠡ ᠥᠷᠭᠡᠵᠢᠨ᠂ ᠬᠥᠭᠵᠢᠯᠲᠡ ᠶᠢᠨ ᠠᠬᠢᠴᠠ ᠶᠢ ᠲᠦᠷᠭᠡᠳᠬᠡᠬᠦ ᠳᠤ ᠠᠰᠢᠭᠲᠠᠢ ᠣᠷᠣᠨ ᠵᠠᠢ ᠶᠢᠨ ᠲᠤᠯᠭᠠᠭᠤᠷᠢᠯᠠᠯ ᠬᠠᠩᠭᠠᠪᠠ᠃ | ᠤᠯᠤᠰ ᠤᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠠᠰᠢᠭᠯᠠᠬᠤ᠂ ᠰᠢᠨ᠎ᠡ ᠨᠢᠭᠡ ᠡᠭᠡᠯᠵᠢ ᠶᠢᠨ ᠵᠡᠭᠦᠨ ᠬᠤᠶᠢᠲᠤ ᠣᠷᠣᠨ ᠢ ᠬᠥᠭᠵᠢᠭᠦᠯᠬᠦ᠂ ᠨᠢᠭᠡ ᠪᠦᠰᠡ | ᠨᠢᠭᠡ ᠵᠠᠮ᠂ ᠤᠮᠠᠷᠠᠰᠢ ᠴᠢᠯᠦᠭᠡᠲᠡᠢ ᠨᠡᠭᠡᠭᠡᠬᠦ ᠪᠣᠯᠣᠨ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠰᠠᠶᠢᠨ ᠪᠥᠭᠡᠳ ᠲᠦᠷᠭᠡᠨ ᠬᠥᠭᠵᠢᠯᠲᠡ ᠶᠢ ᠠᠬᠢᠭᠤᠯᠬᠤ | ᠬᠠᠮᠢᠶ᠎ᠠ ᠪᠦᠬᠦᠢ ᠰᠠᠨᠠᠯ ᠰᠠᠨᠠᠭᠤᠯᠭ᠎ᠠ ᠵᠡᠷᠭᠡ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠦᠭᠰᠡᠨ ᠠᠴᠠ ᠬᠠᠷᠠᠮᠥ᠋ᠷᠡᠨ ᠪᠣᠯᠣᠨ ᠥᠪᠥᠷ ᠮᠣᠩᠭᠤᠯ ᠤᠨ ᠵᠡᠭᠦᠨ | ᠬᠤᠶᠢᠲᠤ ᠣᠷᠣᠨ ᠤ ᠬᠢᠯᠢ ᠳᠠᠭᠠᠤ ᠨᠡᠭᠡᠭᠡᠯᠲᠡ ᠬᠢᠵᠦ ᠴᠢᠯᠦᠭᠡᠲᠡᠢ ᠶᠠᠪᠤᠯᠴᠠᠬᠤ ᠲᠥᠯᠥᠪᠵᠢᠭᠦᠯᠭᠡ᠂ ᠮᠣᠩᠭᠤᠯ ᠤᠯᠤᠰ ᠯᠤᠭ᠎ᠠ ᠬᠠᠷᠢᠯᠴᠠᠨ ᠬᠤᠯᠪᠣᠭᠠᠯᠠᠵᠤ | ᠬᠠᠷᠢᠯᠴᠠᠨ ᠨᠡᠪᠲᠡᠷᠡᠯᠴᠡᠬᠦ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠲᠥᠯᠥᠪᠵᠢᠭᠦᠯᠭᠡ ᠪᠣᠯᠣᠨ ᠬᠡᠷᠡᠭᠵᠢᠭᠦᠯᠬᠦ ᠲᠥᠰᠥᠯ᠂ ᠳᠤᠮᠳᠠᠳᠤ ᠮᠣᠩᠭᠤᠯ ᠣᠷᠣᠰ ᠭᠤᠷᠪᠠᠨ | ᠤᠯᠤᠰ ᠤᠨ ᠠᠵᠤ ᠠᠬᠤᠢ ᠶᠢᠨ ᠬᠤᠩᠭᠢᠯ ᠪᠠᠶᠢᠭᠤᠯᠬᠤ ᠬᠡᠷᠡᠭᠵᠢᠭᠦᠯᠬᠦ ᠲᠥᠰᠥᠯ ᠵᠡᠷᠭᠡ ᠲᠥᠷᠥ ᠶᠢᠨ ᠪᠣᠳᠣᠯᠭ᠎ᠠ ᠬᠢᠭᠡᠳ ᠠᠷᠭ᠎ᠠ ᠬᠡᠮᠵᠢᠶ᠎ᠡ ᠶᠢ ᠨᠢᠭᠡᠨᠲᠡ ᠪᠣᠢ | ᠪᠣᠯᠭᠠᠵᠤ᠂ ᠮᠠᠨ ᠤ ᠬᠤᠰᠢᠭᠤᠨ ᠤ ᠠᠵᠤ ᠠᠬᠤᠢ ᠶᠢᠨ ᠬᠥᠭᠵᠢᠯᠲᠡ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠭᠠᠳᠠᠭᠠᠳᠤ ᠲᠠᠢ ᠴᠢᠯᠦᠭᠡᠲᠡᠢ | ᠶᠠᠪᠤᠯᠴᠠᠬᠤ ᠵᠡᠷᠭᠡ ᠲᠠᠯ᠎ᠠ ᠳᠤ ᠦᠷᠭᠦᠯᠵᠢᠯᠡᠯ ᠴᠢᠨᠠᠷᠲᠠᠢ ᠲᠥᠷᠥ ᠶᠢᠨ ᠪᠣᠳᠣᠯᠭ᠎ᠠ ᠶᠢᠨ ᠬᠤᠷᠠᠮᠳᠤᠯ ᠤᠨ ᠦᠢᠯᠡᠳᠦᠯ ᠦᠵᠡᠭᠦᠯᠦᠨ᠎ᠡ᠃ | ᠬᠥᠭᠵᠢᠯᠲᠡ ᠶᠢ ᠲᠦᠷᠭᠡᠳᠬᠡᠬᠦ ᠳᠤ ᠢᠯᠠᠨ ᠳᠠᠪᠠᠭ᠋ᠤ ᠴᠢᠬᠤᠯᠠᠲᠠᠢ ᠬᠦᠴᠢᠷᠳᠡᠯ ᠪᠣᠯᠣᠨ ᠥᠷᠢᠰᠦᠯᠳᠦᠭᠡᠨ᠃ ᠮᠠᠨ ᠤ ᠬᠤᠰᠢᠭᠤ ᠣᠶᠢᠷ᠎ᠠ ᠬᠠᠪᠢ ᠶᠢᠨ ᠭᠠᠵᠠᠷ | ᠣᠷᠣᠨ ᠲᠠᠢ ᠡᠬᠢ ᠪᠠᠶᠠᠯᠢᠭ ᠪᠣᠯᠣᠨ ᠨᠥᠬᠦᠴᠡᠯ ᠢᠶᠠᠷ ᠠᠳᠠᠯᠢᠪᠲᠤᠷ ᠲᠤᠯᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠲᠤᠯᠭᠠᠭᠤᠷᠢᠯᠠᠬᠤ ᠠᠵᠤ ᠦᠢᠯᠡᠰ ᠢ | ᠬᠥᠭᠵᠢᠭᠦᠯᠬᠦ ᠳᠤ ᠨᠡᠩ ᠬᠦᠴᠢᠷ ᠶᠤᠮ᠃ ᠮᠣᠩᠭᠤᠯ ᠤᠯᠤᠰ ᠤᠨ ᠬᠥᠷᠰᠢ ᠵᠡᠷᠭᠡᠯᠡᠳᠡᠭᠡ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠬᠤᠴᠣᠷᠤᠩᠭᠤᠢ᠂ | ᠬᠥᠮᠥᠨ ᠠᠮᠠ ᠴᠥᠭᠡᠨ᠂ ᠬᠢᠯᠢ ᠶᠢᠨ ᠠᠷᠠᠯᠵᠢᠶ᠎ᠠ ᠪᠣᠯᠣᠨ ᠪᠣᠭᠤᠮᠲᠠ ᠶᠢᠨ ᠠᠵᠤ ᠠᠬᠤᠢ ᠶᠢ ᠳᠠᠶᠢᠴᠢᠯᠠᠨ ᠬᠥᠭᠵᠢᠭᠦᠯᠬᠦ ᠬᠦᠴᠦᠨ ᠪᠠᠭᠤᠷᠠᠢ᠃ ᠠᠵᠤ ᠠᠬᠤᠢ ᠶᠢᠨ | ᠦᠷᠭᠦᠯᠵᠢᠯᠡᠨ ᠮᠠᠭᠤᠳᠠᠬᠤ ᠳᠠᠷᠤᠭᠠᠰᠤ᠂ ᠡᠳᠦᠷ ᠢᠷᠡᠬᠦᠶ᠎ᠡ ᠬᠤᠷᠴᠠᠳᠴᠤ ᠪᠠᠶᠢᠭ᠎ᠠ ᠵᠠᠬ᠎ᠠ ᠳᠡᠯᠭᠡᠭᠦᠷ ᠤᠨ ᠥᠷᠢᠰᠦᠯᠳᠦᠭᠡᠨ ᠤ ᠣᠷᠴᠢᠨ ᠲᠣᠭᠤᠷᠢᠨ ᠨᠢ ᠨᠡᠭᠡᠭᠡᠯᠲᠡ | ᠬᠥᠭᠵᠢᠯᠲᠡ ᠳᠤᠲᠠᠮᠠᠭ᠂ ᠬᠥᠭᠵᠢᠯᠲᠡ ᠪᠠᠷ ᠠᠨᠠᠢ ᠭᠠᠵᠠᠷ ᠣᠷᠣᠨ ᠳᠠᠬᠢ ᠨᠥᠯᠥᠭᠡᠯᠡᠯ ᠵᠢᠱᠢᠬᠦᠶ᠎ᠡ ᠪᠡᠷᠬᠡ ᠶᠤᠮ᠃ | ᠠᠮᠢ ᠠᠬᠤᠢ ᠶᠢᠨ ᠭᠤᠣᠯ ᠴᠣᠭᠴᠠ ᠶᠢᠨ ᠴᠢᠳᠠᠮᠵᠢᠲᠤ ᠣᠷᠣᠨ ᠤ ᠪᠠᠶᠢᠷᠢ ᠲᠣᠭᠲᠠᠭᠠᠯᠲᠠ ᠪᠣᠯᠣᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠪᠠᠷᠢᠮᠵᠢᠶ᠎ᠠ | ᠳᠡᠭᠡᠭᠰᠢᠯᠡᠬᠦ ᠶᠢ ᠳᠠᠭᠠᠯᠳᠤᠨ᠂ ᠮᠠᠨ ᠤ ᠬᠤᠰᠢᠭᠤᠨ ᠤ ᠬᠥᠭᠵᠢᠯᠲᠡ ᠶᠢ ᠲᠦᠷᠭᠡᠳᠬᠡᠬᠦ ᠬᠢᠵᠠᠭᠠᠷᠯᠠᠯ ᠡᠳᠦᠷ ᠢᠷᠡᠬᠦᠶ᠎ᠡ ᠲᠣᠪᠣᠶᠢᠮ᠎ᠠ ᠪᠣᠯᠪᠠ᠃ ᠢᠵᠢ ᠲᠦᠭᠦᠷᠵᠢᠭᠰᠡᠨ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠬᠠᠷᠢᠴᠠᠩᠭᠤᠢ ᠬᠤᠴᠣᠷᠤᠩᠭᠤᠢ ᠠᠴᠠ ᠪᠣᠯᠵᠤ ᠬᠥᠭᠵᠢᠭᠰᠡᠨ ᠣᠷᠣᠨ ᠤ ᠠᠵᠤ ᠦᠢᠯᠡᠰ ᠤᠨ ᠲᠥᠷᠥᠯ | ᠵᠦᠢᠯ ᠢ ᠰᠢᠯᠵᠢᠭᠦᠯᠬᠦ ᠶᠢ ᠬᠦᠯᠢᠶᠡᠬᠦ ᠳᠤ ᠬᠦᠴᠢᠷ ᠪᠣᠯᠵᠠᠢ᠃ ᠮᠠᠯ ᠠᠵᠤ ᠠᠬᠤᠢ ᠵᠡᠷᠭᠡ ᠤᠯᠠᠮᠵᠢᠯᠠᠯᠲᠤ ᠠᠵᠤ ᠦᠢᠯᠡᠰ ᠤᠨ ᠬᠥᠭᠵᠢᠯᠲᠡ ᠯᠤᠲᠤ ᠶᠡᠭᠡ | ᠥᠷᠢᠰᠦᠯᠳᠦᠭᠡᠨ ᠪᠣᠯᠣᠨ ᠬᠡᠯᠪᠡᠷᠢ ᠪᠠᠨ ᠬᠤᠪᠢᠷᠠᠭᠤᠯᠬᠤ᠂ᠪᠦᠲᠦᠴᠡ ᠶᠢ ᠲᠣᠬᠢᠷᠠᠭᠤᠯᠬᠤ ᠵᠡᠷᠭᠡ ᠣᠯᠠᠨ ᠲᠠᠯ᠎ᠠ ᠶᠢᠨ ᠳᠠᠷᠤᠯᠲᠠ ᠳᠤ ᠤᠴᠠᠷᠠᠪᠠ᠃ | ᠬᠤᠶᠢᠰᠢᠳᠠ ᠶᠢᠨ ᠲᠠᠪᠤᠨ ᠵᠢᠯ ᠤᠨ ᠬᠤᠰᠢᠭᠤ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠰᠡᠳᠬᠢᠴᠡ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ | ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠣᠨ ᠨᠠᠶᠢᠳᠠᠪᠤᠷᠢᠵᠢᠭᠤᠯᠵᠤ᠂ ᠬᠤᠰᠢᠭᠤᠨ ᠤ ᠠᠷᠪᠠᠨ ᠳᠥᠷᠪᠡᠳᠦᠭᠡᠷ ᠤᠳᠠᠭᠠᠨ ᠤ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠳᠤ ᠲᠣᠭᠲᠠᠭᠠᠭᠰᠠᠨ ︽ᠢᠲᠡᠭᠡᠯ ᠵᠣᠷᠢᠭ ᠢᠶᠠᠨ ᠪᠠᠲᠤᠳᠬᠠᠵᠤ᠂ ᠵᠣᠷᠢᠭᠲᠠᠢ ᠪᠠᠷ ᠡᠷᠡᠯᠬᠡᠭᠯᠡᠨ ᠳᠠᠪᠰᠢᠵᠤ᠂ ᠲᠡᠷᠢᠭᠦᠨ ᠤ | ᠡᠩᠨᠡᠭᠡᠨ ᠳᠤ ᠣᠷᠣᠬᠤ︾ ᠲᠡᠮᠡᠴᠡᠬᠦ ᠬᠠᠷᠠᠯᠲᠠ ᠪᠠᠷ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠯᠡᠨ | ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠰᠢᠨ᠎ᠡ ᠶᠢ ᠡᠭᠦᠳᠬᠦ᠂ | ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠳᠡᠲᠦ᠂ ᠬᠠᠮᠲᠤ ᠪᠠᠷ ᠡᠳ᠋ᠯᠡᠬᠦ ᠬᠥᠭᠵᠢᠯᠲᠡ ᠶᠢᠨ ᠦᠵᠡᠯᠲᠡ ᠶᠢ ᠶᠡᠬᠡᠪᠡᠷ ᠦᠢᠯᠡᠳᠦᠯᠭᠡᠵᠢᠭᠦᠯᠵᠦ᠂ ᠬᠤᠲᠠ | ᠪᠠᠯᠭᠠᠰᠤᠵᠢᠯᠲᠠ᠂ ᠮᠠᠯ ᠠᠵᠤ ᠦᠢᠯᠡᠰᠵᠢᠯᠲᠡ᠂ ᠪᠣᠬᠢᠷᠲᠤᠯ ᠦᠭᠡᠢ ᠠᠬᠢᠴᠠ ᠶᠢ ᠲᠦᠷᠭᠡᠳᠬᠡᠨ᠎ᠡ᠃ ᠴᠡᠪᠡᠷ ᠡᠨᠧᠷᠭᠢ ᠶᠢᠨ ᠰᠤᠷᠪᠤᠯᠵᠢ ᠶᠢ ᠨᠡᠭᠡᠭᠡᠨ ᠬᠥᠭᠵᠢᠭᠦᠯᠬᠦ᠂ | ᠮᠠᠯ ᠤᠨ ᠠᠰᠢᠭ ᠰᠢᠮ᠎ᠡ ᠶᠢᠨ ᠪᠣᠬᠢᠷᠲᠤᠯ ᠦᠭᠡᠢ ᠪᠦᠲᠦᠭᠡᠭᠳᠡᠬᠦᠨ ᠢ ᠦᠢᠯᠡᠳᠪᠦᠷᠢᠯᠡᠨ ᠪᠣᠯᠪᠠᠰᠤᠷᠠᠭᠤᠯᠬᠤ᠂ ᠪᠣᠭᠤᠮᠲᠠ ᠶᠢᠨ ᠠᠵᠤ ᠠᠬᠤᠢ ᠪᠣᠯᠣᠨ ᠬᠢᠯᠢ ᠶᠢᠨ | ᠠᠷᠠᠯᠵᠢᠶ᠎ᠠ᠂ ᠪᠠᠷᠭᠤ ᠰᠣᠶᠣᠯ ᠵᠢᠭᠤᠯᠴᠢᠯᠠᠯ ᠵᠡᠷᠭᠡ ︽ᠳᠥᠷᠪᠡᠨ ᠲᠣᠮᠣ︾ ᠵᠢᠱᠢᠶ᠎ᠡ ᠦᠵᠡᠭᠦᠯᠬᠦ ᠠᠵᠤ ᠦᠢᠯᠡᠰ ᠢ ᠪᠠᠶᠢᠭᠤᠯᠵᠤ᠂ ᠪᠣᠭᠤᠮᠲᠠ ᠶᠢᠨ ᠠᠵᠤ ᠠᠬᠤᠢ | ᠠᠷᠠᠯᠵᠢᠶᠠᠨ ᠤ ᠬᠠᠮᠲᠤᠷᠠᠨ ᠠᠵᠢᠯᠯᠠᠬᠤ ᠣᠷᠣᠨ ᠪᠣᠯᠣᠨ ᠬᠢᠯᠢ ᠶᠢᠨ ᠪᠣᠭᠤᠮᠲᠠ ᠪᠠᠷ ᠣᠷᠣᠭᠤᠯᠵᠤ ᠭᠠᠷᠭᠠᠬᠤ ᠪᠣᠳᠠᠰ ᠤᠨ ᠭᠦᠢᠯᠭᠡᠭᠡᠨ ᠢ ᠪᠣᠯᠪᠠᠰᠤᠷᠠᠭᠤᠯᠬᠤ ᠠᠵᠤ | ᠦᠢᠯᠡᠰ ᠤᠨ ᠬᠦᠷᠢᠶᠡᠯᠡᠩ᠂ ᠮᠠᠨᠵᠤᠤᠷ ᠵᠡᠭᠦᠨ ᠬᠤᠰᠢᠭᠤᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ︽ᠨᠢᠭᠡ ᠣᠷᠣᠨ ᠲᠣᠭᠤᠷᠢᠭ ᠬᠤᠶᠠᠷ ᠬᠦᠷᠢᠶᠡᠯᠡᠩ | ︾ ᠤᠨ ᠬᠥᠭᠵᠢᠯᠲᠡ ᠶᠢᠨ ᠲᠠᠪᠴᠠᠩ ᠢ ᠪᠠᠶᠢᠭᠤᠯᠵᠤ᠂ ᠤᠯᠤᠰ ᠤᠨ ᠳᠡᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ᠂ | ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠰᠢᠭᠤ ᠶᠢ ᠡᠭᠦᠳᠦᠨ ᠪᠠᠶᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ | ᠶᠢ ᠣᠯᠬᠤ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠴᠦ᠂ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠪᠠᠷ ᠴᠢᠷᠮᠠᠶᠢᠨ᠎ᠠ᠃ | ᠬᠤᠶᠢᠰᠢᠳᠠ ᠶᠢᠨ ᠲᠠᠪᠤᠨ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠪᠣᠯ᠄ ᠬᠤᠰᠢᠭᠤᠨ ᠤ ᠠᠷᠪᠠᠨ ᠳᠥᠷᠪᠡᠳᠦᠭᠡᠷ ᠤᠳᠠᠭᠠᠨ | ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠳᠤ ᠲᠣᠭᠲᠠᠭᠠᠭᠰᠠᠨ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢᠨ ᠰᠠᠭᠤᠷᠢᠨ ᠳᠡᠭᠡᠷ᠎ᠡ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ᠂ ᠣᠳᠣᠬᠢᠴᠢᠯᠠᠯᠲᠠ ᠶᠢ | ᠦᠨᠳᠦᠰᠦᠨ ᠳᠡᠭᠡᠨ ᠪᠡᠶᠡᠯᠡᠭᠦᠯᠬᠦ ᠰᠢᠨ᠎ᠡ ᠠᠶᠠᠨ ᠢ ᠪᠦᠬᠦ ᠲᠠᠯ᠎ᠠ ᠪᠠᠷ ᠡᠬᠢᠯᠡᠭᠦᠯᠬᠦ ᠠᠵᠢᠯ ᠤᠨ ᠡᠭᠦᠷᠭᠡ ᠱᠠᠭᠠᠷᠳᠠᠯᠭ᠎ᠠ ᠪᠠᠷ ᠠᠵᠤ ᠠᠬᠤᠢ ᠶᠢᠨ ᠪᠣᠳᠠᠲᠤ ᠬᠦᠴᠦᠨ ᠢ | ᠲᠣᠭᠲᠠᠭᠤᠨ ᠳᠡᠭᠡᠭᠰᠢᠯᠡᠭᠦᠯᠬᠦ ᠪᠠᠷ ᠴᠢᠷᠮᠠᠶᠢᠵᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ᠂ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ | ᠂ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢ ᠲᠣᠭᠲᠠᠭᠤᠨ ᠨᠡᠮᠡᠭᠳᠡᠭᠦᠯᠵᠦ᠂ ᠭᠤᠣᠯ ᠠᠵᠤ ᠠᠬᠤᠢ ᠶᠢᠨ ᠭᠦᠢᠴᠡᠳᠬᠡᠬᠦ | ᠲᠤᠭ᠎ᠠ ᠶᠢ ᠪᠦᠬᠦ ᠬᠤᠲᠠ ᠶᠢᠨ ᠲᠡᠭᠰᠢᠳᠬᠡᠭᠰᠡᠨ ᠬᠢᠷᠢ ᠲᠦᠪᠰᠢᠨ ᠳᠤ ᠬᠦᠷᠭᠡᠨ᠎ᠡ᠃ ᠭᠠᠳᠠᠭᠠᠳᠤ ᠨᠡᠭᠡᠭᠡᠯᠲᠡ ᠶᠢ ᠯᠠᠪᠳᠠᠭᠤᠨ ᠲᠦᠯᠬᠢᠨ ᠠᠬᠢᠭᠤᠯᠵᠤ ᠂ ᠮᠣᠩᠭᠤᠯ | ᠤᠯᠤᠰ ᠲᠠᠢ ᠴᠢᠯᠦᠭᠡᠲᠡᠢ ᠶᠠᠪᠤᠯᠴᠠᠬᠤ ᠬᠥᠯᠥᠨ ᠪᠣᠶᠢᠷ ᠤᠨ ᠴᠢᠬᠤᠯᠠ ᠪᠠᠬᠢᠯᠡᠯᠲᠡ ᠶᠢ ᠪᠠᠶᠢᠭᠤᠯᠵᠤ᠂ ︽ᠬᠠᠶᠢᠯᠠᠷ᠂ ᠮᠠᠨᠵᠤᠤᠷ᠂ ᠷᠠᠰᠢᠶᠠᠨ︾ ᠣᠷᠣᠨ ᠪᠦᠰᠡ ᠶᠢᠨ | ᠬᠠᠮᠲᠤᠷᠠᠨ ᠬᠥᠭᠵᠢᠭᠦᠯᠬᠦ ᠶᠢ ᠪᠦᠬᠦ ᠲᠠᠯ᠎ᠠ ᠪᠠᠷ ᠠᠭᠤᠰᠤᠯᠴᠠᠭᠤᠯᠵᠤ᠂ ︽ᠨᠢᠭᠡ ᠪᠦᠰᠡ ᠨᠢᠭᠡ ᠵᠠᠮ︾ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ | ᠴᠢᠬᠤᠯᠠ ᠵᠠᠩᠭᠢᠯᠠᠭ᠎ᠠ ᠶᠢᠨ ᠴᠡᠭ ᠪᠣᠯᠣᠨ ᠬᠤᠷᠢᠨ ᠨᠢᠭᠡᠳᠦᠭᠡᠷ ᠵᠠᠭᠤᠨ ᠤ ᠳᠠᠯᠠᠢ ᠳᠡᠭᠡᠷᠡᠬᠢ ᠲᠣᠷᠭᠠᠨ ᠵᠠᠮ ᠤᠨ ᠬᠦᠢᠰᠦ ᠪᠣᠯᠭᠠᠨ᠎ᠠ︔ ᠬᠥᠭᠵᠢᠯᠲᠡ ᠶᠢᠨ ᠠᠷᠭ᠎ᠠ | ᠬᠡᠯᠪᠡᠷᠢ ᠶᠢ ᠦᠷᠭᠦᠯᠵᠢᠯᠡᠨ ᠰᠢᠯᠢᠳᠡᠭᠵᠢᠭᠦᠯᠵᠦ᠂ ᠳᠠᠪᠠᠭᠤᠯᠢᠭ ᠲᠣᠪᠣᠶᠢᠮ᠎ᠠ᠂ ᠪᠦᠲᠦᠴᠡ ᠵᠣᠬᠢᠰᠲᠠᠢ᠂ ᠣᠷᠣᠨ ᠪᠦᠰᠡ ᠵᠣᠬᠢᠴᠠᠩᠭᠤᠢ ᠬᠤᠲᠠ ᠬᠥᠳᠡᠭᠡ ᠶᠢ ᠨᠢᠭᠡ | ᠴᠣᠭᠴᠠᠵᠢᠭᠤᠯᠤᠭᠰᠠᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠦᠷᠢᠯᠳᠦᠭᠦᠯᠦᠨ᠎ᠡ︔ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ | ᠠᠮᠢ ᠠᠬᠤᠢ ᠶᠢᠨ ᠬᠠᠮᠠᠭᠠᠯᠠᠯᠲᠠ ᠶᠢᠨ ᠢᠨᠵᠧᠨᠧᠷᠢᠩ ᠢ ᠲᠣᠭᠲᠠᠭᠤᠨ ᠢᠶᠠᠷ ᠲᠦᠯᠬᠢᠨ ᠠᠬᠢᠭᠤᠯᠵᠤ᠂ ᠵᠡᠭᠦᠨ ᠬᠤᠰᠢᠭᠤᠨ ᠤ ᠪᠠᠨ ᠲᠠᠯ᠎ᠠ ᠨᠤᠲᠤᠭ ᠢ ᠤᠯᠠᠮ | ᠨᠣᠭᠤᠭᠠᠨ᠂ ᠣᠢ ᠰᠢᠭᠤᠢ ᠶᠢ ᠤᠯᠠᠮ ᠰᠠᠬᠤᠯᠢᠭ᠂ ᠣᠭᠲᠠᠷᠭᠤᠢ ᠶᠢ ᠤᠯᠠᠮ ᠴᠡᠩᠬᠡᠷ᠂ ᠤᠰᠤ ᠶᠢ ᠤᠯᠠᠮ ᠲᠤᠩᠭᠠᠯᠠᠭ ᠪᠣᠯᠭᠠᠨ᠎ᠠ᠃ ᠡᠶ᠎ᠡ ᠵᠣᠬᠢᠴᠠᠩᠭᠤᠢ ᠨᠡᠶᠢᠭᠡᠮ ᠢ | ᠨᠡᠩ ᠳᠠᠪᠰᠢᠯᠲᠠ ᠲᠠᠢ ᠪᠣᠯᠭᠠᠵᠤ᠂ ᠠᠮᠤᠷ ᠲᠦᠪᠰᠢᠨ᠂ ᠬᠠᠤᠯᠢ ᠪᠠᠷ ᠵᠠᠰᠠᠬᠤ᠂ ᠡᠶ᠎ᠡ ᠨᠠᠶᠢᠷᠠᠮᠳᠠᠬᠤ ᠰᠢᠨ᠎ᠡ ᠪᠠᠷᠭᠤ ᠵᠡᠭᠦᠨ ᠬᠤᠰᠢᠭᠤᠨ ᠤ ᠪᠦᠲᠦᠭᠡᠨ ᠪᠠᠶᠢᠭᠤᠯᠤᠯᠲᠠ | ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠬᠢᠯᠢ ᠬᠢᠵᠠᠭᠠᠷ ᠤᠨ ᠴᠥᠭᠡᠨ ᠲᠣᠭᠠᠲᠤ ᠦᠨᠳᠦᠰᠦᠲᠡᠨ ᠤ ᠣᠷᠣᠨ ᠤ ᠠᠮᠤᠷ ᠲᠣᠭᠲᠠᠭᠤᠨ ᠬᠠᠯᠬᠠᠪᠴᠢ ᠶᠢ ᠨᠡᠩ | ᠪᠠᠬᠢᠵᠢᠭᠦᠯᠦᠨ᠎ᠡ︔ ᠠᠷᠠᠳ ᠤᠨ ᠠᠮᠢᠳᠤᠷᠠᠯ ᠢ ᠨᠡᠩ ᠵᠣᠯ ᠵᠢᠷᠭᠠᠯ ᠲᠠᠢ ᠪᠣᠯᠭᠠᠵᠤ᠂ ᠬᠤᠲᠠ ᠬᠥᠳᠡᠭᠡ ᠶᠢ ᠪᠦᠷᠬᠦᠭᠰᠡᠨ᠂ ᠠᠳᠠᠯᠢ ᠲᠡᠭᠰᠢ ᠨᠡᠶᠢᠭᠡᠮ ᠤᠨ ᠪᠠᠲᠤᠯᠠᠭ᠎ᠠ | ᠪᠣᠯᠣᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠤᠯᠠᠮ ᠪᠦᠷᠢᠨ ᠲᠡᠭᠦᠯᠳᠡᠷᠵᠢᠭᠦᠯᠵᠦ᠂ ᠬᠤᠲᠠ ᠪᠠᠯᠭᠠᠰᠤ ᠪᠣᠯᠣᠨ ᠮᠠᠯᠵᠢᠬᠤ ᠣᠷᠣᠨ ᠤ ᠪᠠᠶᠢᠩᠭᠤ | ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ ᠪᠦᠬᠦ ᠬᠤᠲᠠ ᠶᠢᠨ ᠲᠡᠭᠰᠢᠳᠬᠡᠭᠰᠡᠨ ᠬᠢᠷᠢ | ᠲᠦᠪᠰᠢᠨ ᠳᠤ ᠬᠦᠷᠭᠡᠨ᠎ᠡ᠃ | ᠳᠡᠭᠡᠷᠡᠬᠢ ᠬᠥᠭᠵᠢᠯᠲᠡ ᠶᠢᠨ ᠬᠠᠷᠠᠯᠲᠠ ᠶᠢ ᠲᠣᠭᠲᠠᠭᠠᠭᠰᠠᠨ ᠨᠢ ᠬᠥᠭᠵᠢᠯᠲᠡ ᠬᠠᠷᠢᠴᠠᠩᠭᠤᠢ ᠬᠤᠴᠣᠷᠤᠩᠭᠤᠢ ᠪᠠᠶᠢᠳᠠᠯ ᠢ ᠲᠦᠷᠭᠡᠨ ᠬᠤᠪᠢᠷᠠᠭᠤᠯᠬᠤ ᠵᠠᠶᠢᠯᠠᠰᠢ | ᠦᠭᠡᠢ ᠱᠠᠭᠠᠷᠳᠠᠯᠭ᠎ᠠ ᠪᠣᠯᠣᠨ᠎ᠠ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ᠂ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠰᠢᠨ᠎ᠡ ᠠᠶᠠᠨ ᠢ | ᠪᠦᠬᠦ ᠲᠠᠯ᠎ᠠ ᠪᠠᠷ ᠡᠬᠢᠯᠡᠭᠦᠯᠬᠦ ᠵᠠᠶᠢᠯᠠᠰᠢ ᠦᠭᠡᠢ ᠰᠣᠩᠭᠤᠯᠲᠠ ᠪᠣᠯᠣᠨ᠎ᠠ᠃ ᠪᠢᠳᠠ ᠬᠤᠶᠢᠰᠢᠳᠠ ᠶᠢᠨ ᠲᠠᠪᠤᠨ ᠵᠢᠯ ᠤᠨ ᠴᠤᠴᠠᠯᠲᠠ ᠦᠭᠡᠢ ᠴᠢᠷᠮᠠᠶᠢᠯᠭ᠎ᠠ ᠪᠠᠷ | ᠳᠠᠮᠵᠢᠵᠤ᠂ ᠵᠡᠭᠦᠨ ᠬᠤᠰᠢᠭᠤ ᠪᠠᠨ ᠠᠵᠤ ᠠᠬᠤᠢ ᠬᠥᠭᠵᠢᠭᠰᠡᠨ᠂ ᠦᠨᠳᠦᠰᠦᠲᠡᠨ ᠪᠦᠯᠬᠦᠮᠳᠡᠭᠰᠡᠨ᠂ ᠰᠣᠶᠣᠯ ᠴᠡᠴᠡᠭᠯᠡᠭᠰᠡᠨ᠂ ᠬᠢᠯᠢ ᠬᠢᠵᠠᠭᠠᠷ ᠠᠮᠤᠷ ᠲᠣᠭᠲᠠᠭᠤᠨ᠂ | ᠠᠮᠢ ᠠᠬᠤᠢ ᠪᠣᠯᠪᠠᠰᠤᠨ᠂ ᠦᠵᠡᠰᠬᠦᠯᠡᠩᠲᠦ ᠰᠠᠶᠢᠬᠠᠨ᠂ ᠡᠶ᠎ᠡ ᠵᠣᠬᠢᠴᠠᠩᠭᠤᠢ ᠵᠣᠯ ᠵᠢᠷᠭᠠᠯᠲᠤ ᠭᠡᠷ ᠣᠷᠣᠨ ᠪᠣᠯᠭᠠᠨ ᠪᠦᠲᠦᠭᠡᠨ ᠪᠠᠶᠢᠭᠤᠯᠤᠨ᠎ᠠ᠃ | ︵ᠨᠢᠭᠡ︶ ᠪᠣᠬᠢᠷᠲᠤᠯ ᠦᠭᠡᠢ ᠬᠥᠭᠵᠢᠭᠦᠯᠬᠦ ᠪᠠᠷ ᠲᠡᠷᠢᠭᠦᠨ ᠴᠢᠬᠤᠯᠠ ᠡᠭᠦᠷᠭᠡ ᠪᠣᠯᠭᠠᠵᠤ᠂ ᠠᠵᠤ ᠠᠬᠤᠢ ᠶᠢᠨ ᠶᠡᠷᠦᠩᠬᠡᠶᠢᠯᠡᠭᠰᠡᠨ ᠬᠦᠴᠦᠨ ᠢ ᠪᠦᠬᠦ ᠲᠠᠯ᠎ᠠ | ᠪᠠᠷ ᠳᠡᠭᠡᠭᠰᠢᠯᠡᠭᠦᠯᠦᠨ᠎ᠡ᠃ ᠪᠣᠬᠢᠷᠲᠤᠯ ᠦᠭᠡᠢ ᠬᠥᠭᠵᠢᠯᠲᠡ ᠪᠣᠯ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠭᠤᠣᠯ ᠰᠢᠵᠢᠮ ᠪᠣᠯᠬᠤ ᠪᠥᠭᠡᠳ᠂ ᠪᠠᠰᠠ ᠴᠦ | ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠬᠤ ᠲᠡᠷᠢᠭᠦᠨ ᠤ ᠬᠥᠳᠡᠯᠭᠡᠬᠦ ᠬᠦᠴᠦᠨ ᠪᠣᠯᠣᠨ᠎ᠠ᠂ ᠡᠷᠬᠡᠪᠰᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢᠶᠠᠷ | ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠢ ᠬᠥᠲᠥᠯᠥᠨ ᠵᠢᠯᠣᠭᠤᠳᠬᠤ ᠶᠢ ᠪᠠᠷᠢᠮᠲᠠᠯᠠᠵᠤ᠂ ᠴᠢᠨᠠᠷ ᠴᠢᠨᠰᠠᠭ᠎ᠠ ᠥᠨᠳᠥᠷ᠂ ᠦᠷ᠎ᠡ ᠪᠦᠲᠦᠮᠵᠢ | ᠰᠠᠶᠢᠨ᠂ ᠪᠦᠲᠦᠴᠡ ᠰᠢᠯᠢᠳᠡᠭ᠂ ᠨᠥᠭᠡᠴᠡ ᠬᠦᠴᠦᠨ ᠭᠦᠢᠴᠡᠳ ᠬᠥᠭᠵᠢᠯᠲᠡ ᠶᠢᠨ ᠰᠢᠨ᠎ᠡ ᠠᠷᠭ᠎ᠠ ᠵᠠ᠊ ᠮ ᠢᠶᠠᠷ ᠵᠠᠮᠨᠠᠨ᠎ᠠ᠃ | ᠪᠦᠲᠦᠮᠵᠢᠲᠡᠢ ᠪᠡᠯᠡ ᠣᠷᠤᠭᠤᠯᠤᠯᠲᠠ ᠶᠢ ᠢᠳᠡᠪᠬᠢᠲᠡᠢ ᠥᠷᠭᠡᠳᠬᠡᠨ᠎ᠡ᠃ ᠳᠠᠪᠠᠭᠤᠯᠢᠭᠡᠬᠢ ᠪᠠᠶᠠᠯᠢᠭ ᠲᠤ ᠰᠠᠭᠤᠷᠢᠯᠠᠨ᠂ ᠭᠤᠣᠯᠳᠠᠯᠭᠠᠲᠤ ᠬᠦᠷᠢᠶᠡᠨ ᠳᠠᠬᠢ | ᠭᠤᠣᠯ ᠲᠥᠷᠥᠯ ᠵᠦᠢᠯ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠰᠠᠶᠢᠲᠤᠷ ᠬᠢᠨ᠎ᠡ᠃ ᠾᠪᠸᠢ ᠶᠢᠨ ᠪᠦᠲᠦᠭᠡᠨ ᠪᠠᠶᠢᠭᠤᠯᠤᠯᠲᠠ ᠶᠢᠨ | ᠪᠦᠯᠦᠭᠯᠡᠯ ᠵᠡᠷᠭᠡ ᠠᠵᠤ ᠠᠬᠤᠶᠢᠯᠠᠯ ᠪᠣᠯᠣᠨ ᠬᠥᠯᠥᠨ ᠪᠣᠶᠢᠷ ᠬᠤᠲᠠ ᠶᠢᠨ ᠪᠡᠯᠡ ᠣᠷᠤᠭᠤᠯᠤᠯᠲᠠ᠂ ᠵᠢᠭᠤᠯᠴᠢᠯᠠᠯ ᠤᠨ ᠪᠡᠯᠡ ᠣᠷᠤᠭᠤᠯᠤᠯᠲᠠ᠂ ᠵᠠᠮ ᠬᠠᠷᠢᠯᠴᠠᠭᠠᠨ | ᠤ ᠪᠡᠯᠡ ᠣᠷᠤᠭᠤᠯᠤᠯᠲᠠ ᠵᠡᠷᠭᠡ ᠪᠡᠯᠡ ᠬᠤᠷᠠᠮᠳᠤᠭᠤᠯᠭ᠎ᠠ ᠶᠢᠨ ᠲᠠᠪᠴᠠᠩ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ 30 ᠳ᠋ᠦᠩᠰᠢᠭᠤᠷ ᠲᠥᠭᠦᠷᠢᠭ ᠠᠴᠠ | ᠳᠡᠭᠡᠭᠰᠢ ᠪᠡᠯᠡ ᠣᠷᠤᠭᠤᠯᠤᠯᠲᠠ ᠶᠢ ᠣᠯᠬᠤ ᠪᠠᠷ ᠬᠦᠴᠦᠯᠡᠨ ᠴᠢᠷᠮᠠᠶᠢᠨ᠎ᠠ᠃ ᠨᠢᠭᠡ ᠪᠦᠯᠦᠭ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠳᠤ | ᠵᠣᠬᠢᠴᠠᠬᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠵᠤ᠂ ᠳᠡᠰ ᠳᠡᠪᠰᠢᠭᠦᠯᠬᠦ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠵᠣᠬᠢᠴᠠᠬᠤ ᠲᠣᠮᠣ ᠲᠥᠷᠥᠯ | ᠵᠦᠢᠯ᠂ ᠰᠠᠶᠢᠨ ᠲᠥᠷᠥᠯ ᠵᠦᠢᠯ ᠢ ᠬᠡᠷᠡᠭᠵᠢᠭᠦᠯᠵᠦ᠂ ᠬᠤᠲᠠ ᠪᠠ ᠬᠤᠰᠢᠭᠤᠨ ᠱᠠᠲᠤᠨ ᠤ 60 ᠵᠦᠢᠯ ᠤᠨ ᠭᠤᠣᠯᠳᠠᠯᠭᠠᠲᠤ ᠲᠥᠷᠥᠯ ᠵᠦᠢᠯ ᠢ ᠬᠡᠷᠡᠭᠵᠢᠭᠦᠯᠬᠦ ᠪᠠᠷ | ᠲᠥᠯᠥᠪᠯᠡᠵᠦ᠂ ᠡᠯ᠎ᠡ ᠲᠥᠷᠥᠯ ᠤᠨ ᠪᠡᠯᠡ ᠮᠥᠩᠭᠦ ᠶᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠪᠣᠯᠪᠠᠰᠤᠷᠠᠭᠤᠯᠬᠤ᠂ ᠪᠦᠬᠦ ᠣᠷᠣᠨ ᠢᠶᠠᠷ ᠵᠤᠭᠠᠴᠠᠬᠤ᠂ ᠴᠡᠪᠡᠷ | ᠡᠨᠧᠷᠭᠢ ᠶᠢ ᠨᠡᠭᠡᠭᠡᠨ ᠠᠰᠢᠭᠯᠠᠬᠤ᠂ ᠵᠠᠬ᠎ᠠ ᠶᠢᠨ ᠠᠷᠠᠯᠵᠢᠶᠠᠨ ᠤ ᠪᠣᠳᠠᠰ ᠤᠨ ᠭᠦᠢᠯᠭᠡᠭᠡ᠂ ᠬᠤᠲᠠ ᠪᠠᠯᠭᠠᠰᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠵᠡᠷᠭᠡ ᠬᠡᠪᠴᠢᠶᠡᠨ ᠳᠤ ᠵᠠᠷᠤᠴᠠᠭᠤᠯᠵᠤ᠂ ᠴᠢᠬᠤᠯᠠ ᠶᠡᠭᠡ ᠲᠥᠷᠥᠯ ᠵᠦᠢᠯ ᠤᠨ ᠠᠵᠤ ᠠᠬᠤᠢ ᠶᠢᠨ ᠨᠡᠮᠡᠭᠳᠡᠯ ᠳᠠᠬᠢ ᠲᠤᠯᠭᠠᠭᠤᠷᠢᠯᠠᠬᠤ ᠦᠢᠯᠡᠳᠦᠯ ᠢ | ᠭᠦᠢᠴᠡᠳ ᠪᠠᠳᠠᠷᠠᠭᠤᠯᠤᠨ᠎ᠠ᠃ | ᠪᠣᠬᠢᠷᠲᠤᠯ ᠦᠭᠡᠢ ᠠᠵᠤ ᠦᠢᠯᠡᠰ ᠤᠨ ᠰᠢᠰᠲ᠋ᠧᠮ ᠢ ᠢᠳᠡᠪᠬᠢᠲᠡᠢ ᠬᠥᠭᠵᠢᠭᠦᠯᠦᠨ᠎ᠡ᠃ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠤ | ᠣᠷᠣᠨ ᠤ ᠪᠦᠲᠦᠭᠡᠨ ᠪᠠᠶᠢᠭᠤᠯᠤᠯᠲᠠ ᠶᠢ ᠳᠡᠮᠵᠢᠬᠦ ᠪᠡᠯᠡ ᠣᠷᠤᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠭᠡᠷᠡᠯ ᠡᠨᠧᠷᠭᠢ ᠪᠠᠷ ᠴᠠᠬᠢᠯᠭᠠᠨ | ᠭᠠᠷᠭᠠᠬᠤ ︽ᠳᠠᠶᠢᠴᠢᠯᠠᠭᠴᠢ︾ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠲᠦᠰᠢᠭ ᠪᠣᠯᠭᠠᠵᠤ᠂ ᠢᠦᠢ ᠬᠠᠨ᠂ ᠡᠦ ᠯᠢᠩ᠂ ᠮᠧᠩ ᠯᠢ ᠵᠡᠷᠭᠡ ᠭᠡᠷᠡᠯ ᠡᠨᠧᠷᠭᠢ | ᠶᠢᠨ ᠲᠣᠯᠣᠭᠠᠶᠢᠯᠠᠭᠠᠴᠢ ᠠᠵᠤ ᠠᠬᠤᠶᠢᠯᠠᠯ ᠢ ᠬᠥᠭᠵᠢᠭᠦᠯᠦᠨ ᠬᠦᠴᠦᠷᠬᠡᠭᠵᠢᠭᠦᠯᠵᠦ᠂ ᠵᠦᠩ ᠾᠧ ᠤᠮᠠᠷᠠᠲᠤ ᠰᠢᠨ᠎ᠡ ᠡᠨᠧᠷᠭᠢ ᠶᠢᠨ 100 ᠰᠠᠶ᠎ᠠ ᠸᠠᠲ ᠭᠡᠷᠡᠯ | ᠡᠨᠧᠷᠭᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ 10 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠣᠭᠤᠯᠬᠤ ᠪᠠᠷ ᠴᠢᠷᠮᠠᠶᠢᠨ᠎ᠠ | ᠃ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠨ ᠪᠣᠯᠪᠠᠰᠤᠷᠠᠭᠤᠯᠵᠤ ᠵᠥᠭᠡᠭᠡᠪᠦᠷᠢᠯᠡᠬᠦ ᠵᠢᠱᠢᠶ᠎ᠡ ᠦᠵᠡᠭᠦᠯᠬᠦ ᠠᠵᠤ ᠦᠢᠯᠡᠰ ᠢ | ᠡᠭᠦᠳᠦᠨ ᠪᠠᠶᠢᠭᠤᠯᠬᠤ ᠪᠠᠷ ᠲᠦᠰᠢᠭ ᠪᠣᠯᠭᠠᠵᠤ᠂ ᠠᠩᠭᠧᠰ ᠮᠢᠬᠠᠨ ᠤ ᠦᠬᠡᠷ᠂ ᠮᠧᠩ ᠼᠣᠣ ᠡᠪᠡᠰᠦᠨ ᠤ ᠦᠢᠯᠡᠰ᠂ ᠭᠠᠯᠠᠭᠤᠲᠤ ᠰᠦ ᠶᠢᠨ ᠦᠢᠯᠡᠰ᠂ ᠳ᠋ᠢᠩ ᠵᠢᠢ | ᠶᠠᠩ᠂ ᠪᠠᠶᠢᠵᠢᠨᠠ ᠵᠡᠷᠭᠡ ᠨᠡᠷᠡᠲᠦ ᠲᠡᠮᠳᠡᠭ ᠢ ᠪᠤᠵᠠᠭᠠᠶᠢᠷᠠᠭᠤᠯᠤᠨ ᠬᠥᠭᠵᠢᠭᠦᠯᠵᠦ᠂ ᠲᠣᠯᠣᠭᠠᠶᠢᠯᠠᠭᠴᠢ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ | ᠴᠢᠩᠭᠠᠳᠬᠠᠵᠤ᠂ ᠡᠪᠡᠰᠦ᠂ ᠮᠢᠬ᠎ᠠ᠂ ᠰᠦ ᠶᠢᠨ ᠦᠢᠯᠡᠰ ᠢ ᠬᠡᠪᠴᠢᠶᠡᠵᠢᠭᠦᠯᠬᠦ᠂ ᠨᠠᠷᠢᠯᠢᠭᠵᠢᠭᠤᠯᠬᠤ᠂ ᠨᠡᠷᠡᠲᠦ ᠲᠡᠮᠳᠡᠭᠴᠢᠯᠡᠬᠦ ᠶᠢ ᠲᠦᠯᠬᠢᠨ ᠠᠬᠢᠭᠤᠯᠤᠨ᠎ᠠ᠃ ︽ | ᠨᠢᠭᠡ ᠲᠣᠭᠤᠷᠢᠭ ᠬᠤᠶᠠᠷ ᠬᠦᠷᠢᠶᠡᠯᠡᠩ︾ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠣᠯᠠᠨ ᠴᠡᠭ ᠣᠯᠠᠨ ᠦᠢᠯᠡᠰ ᠲᠤᠯᠭᠠᠭᠤᠷᠢᠯᠠᠭᠰᠠᠨ | ᠠᠵᠤ ᠠᠬᠤᠢ ᠶᠢᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠪᠦᠷᠢᠯᠳᠦᠭᠦᠯᠦᠨ᠎ᠡ᠃ | 2022 ᠣᠨ ᠪᠣᠯᠲᠠᠯ᠎ᠠ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ 10 ᠪᠣᠯᠭᠠᠵᠤ᠂ ᠠᠵᠤ ᠦᠢᠯᠡᠳᠪᠦᠷᠢ ᠶᠢᠨ | ᠦᠢᠯᠡᠳᠪᠦᠷᠢᠯᠡᠯ ᠤᠨ ᠥᠷᠲᠡᠭ ᠢ 4 ᠳ᠋ᠦᠩᠰᠢᠭᠤᠷ ᠲᠥᠭᠦᠷᠢᠭ ᠠᠴᠠ ᠳᠡᠭᠡᠭᠰᠢ ᠬᠦᠷᠭᠡᠵᠦ᠂ ᠵᠢᠯ ᠳᠤᠮᠳᠠᠴᠢ 5% ᠪᠠᠷ ᠨᠡᠮᠡᠭᠳᠡᠭᠦᠯᠦᠨ᠎ᠡ᠃ ᠪᠦᠬᠦ ᠬᠤᠰᠢᠭᠤᠨ ᠤ | ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠦᠢᠯᠡᠳᠪᠦᠷᠢ ᠶᠢᠨ ᠬᠡᠪᠴᠢᠶ᠎ᠡ ᠶᠢ 300 ᠰᠠᠶ᠎ᠠ ᠸᠠᠲ ᠬᠦᠷᠭᠡᠵᠦ᠂ ᠭᠡᠷᠡᠯ ᠡᠨᠧᠷᠭᠢ ᠪᠠᠷ ᠴᠠᠬᠢᠯᠭᠠᠨ ᠭᠠᠷᠭᠠᠬᠤ | ᠬᠡᠪᠴᠢᠶ᠎ᠡ ᠶᠢ 200 ᠰᠠᠶ᠎ᠠ ᠸᠠᠲ ᠳᠤ ᠬᠦᠷᠭᠡᠨ᠎ᠡ᠃ ᠵᠢᠯ ᠤᠨ ᠰᠦ ᠪᠣᠯᠣᠨ ᠮᠢᠬᠠᠨ ᠤ ᠠᠰᠢᠭ ᠰᠢᠮ᠎ᠡ ᠶᠢ ᠨᠠᠷᠢᠯᠢᠭ ᠪᠣᠯᠪᠠᠰᠤᠷᠠᠭᠤᠯᠬᠤ ᠬᠡᠮᠵᠢᠶ᠎ᠡ ᠶᠢ ᠲᠤᠰ ᠲᠤᠰ | 1000 ᠲᠣᠨ ᠪᠣᠯᠣᠨ 2000 ᠲᠣᠨ ᠠᠴᠠ ᠳᠡᠭᠡᠭᠰᠢ ᠳᠤ ᠬᠦᠷᠭᠡᠨ᠎ᠡ᠃ ᠠᠵᠤ ᠦᠢᠯᠡᠰ ᠤᠶᠠᠯᠳᠤᠨ ᠬᠥᠭᠵᠢᠵᠦ᠂ ᠬᠠᠷᠢᠴᠠᠯ ᠤᠯᠠᠮ ᠲᠡᠩᠴᠡᠭᠦᠷᠢᠲᠡᠢ᠂ | ᠬᠥᠳᠡᠯᠭᠡᠬᠦ ᠬᠦᠴᠦᠨ ᠲᠠᠰᠤᠷᠠᠯᠲᠠ ᠦᠭᠡᠢ ᠨᠡᠮᠡᠭᠳᠡᠭᠰᠡᠨ ᠠᠵᠤ ᠦᠢᠯᠡᠰ ᠤᠨ ᠰᠢᠰᠲ᠋ᠧᠮ ᠢ ᠠᠩᠬ᠎ᠠ ᠠᠯᠬᠤᠮ ᠪᠦᠷᠢᠯᠳᠦᠭᠦᠯᠦᠨ᠎ᠡ᠃ | ︵ᠬᠤᠶᠠᠷ︶ ᠠᠮᠢ ᠠᠬᠤᠢ ᠶᠢᠨ ᠪᠣᠯᠪᠠᠰᠤᠨ ᠢᠶᠠᠷ ᠴᠢᠬᠤᠯᠠ ᠰᠢᠵᠢᠮ ᠪᠣᠯᠭᠠᠵᠤ᠂ ᠬᠥᠭᠵᠢᠯᠲᠡ ᠶᠢᠨ ᠳᠠᠭᠠᠭᠠᠴᠠᠲᠦ ᠰᠠᠭᠤᠷᠢ ᠶᠢ ᠪᠦᠬᠦ ᠲᠠᠯ᠎ᠠ ᠪᠠᠷ | ᠪᠠᠬᠢᠵᠢᠭᠦᠯᠦᠨ᠎ᠡ᠃ ︽ᠬᠥᠬᠡ ᠠᠭᠤᠯᠠ ᠬᠥᠬᠡᠮᠳᠦᠭ ᠤᠰᠤ ᠪᠣᠯ ᠳᠠᠷᠤᠢ ᠠᠯᠲᠠ ᠮᠥᠩᠭᠦᠨ ᠠᠭᠤᠯᠠ︾ ᠭᠡᠬᠦ ᠣᠶᠢᠯᠠᠭᠠᠭᠳᠠᠬᠤᠨ ᠢ ᠪᠠᠲᠤ ᠪᠣᠯᠭᠠᠵᠤ᠂ ᠣᠢ ᠰᠢᠭᠤᠢ᠂ | ᠡᠪᠡᠰᠦ ᠪᠡᠯᠴᠢᠭᠡᠷ᠂ ᠠᠭᠤᠯᠠ ᠤᠰᠤ᠂ ᠭᠤᠣᠯ ᠨᠠᠭᠤᠷ ᠢ ᠶᠡᠷᠦᠩᠬᠡᠶᠢᠯᠡᠨ ᠬᠠᠮᠠᠭᠠᠯᠠᠨ ᠵᠠᠰᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠤᠮᠠᠷᠠᠲᠤ ᠣᠷᠣᠨ ᠤ | ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠤᠯᠠᠮ ᠨᠢᠭᠡ ᠠᠯᠬᠤᠮ ᠪᠠᠬᠢᠵᠢᠭᠦᠯᠦᠨ᠎ᠡ᠃ | ᠠᠮᠢ ᠠᠬᠤᠢ ᠶᠢᠨ ᠬᠠᠮᠠᠭᠠᠯᠠᠯᠲᠠ ᠬᠢᠭᠡᠳ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ᠃ 1.2 ᠳ᠋ᠦᠩᠰᠢᠭᠤᠷ ᠲᠥᠭᠦᠷᠢᠭ | ᠤᠨ ᠪᠡᠯᠡ ᠣᠷᠣᠭᠤᠯᠵᠤ᠂ ᠭᠤᠣᠯ ᠨᠠᠭᠤᠷ ᠤᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ︽ᠭᠤᠣᠯ ᠤᠨ ᠳᠠᠷᠤᠭ᠎ᠠ ᠶᠢᠨ ᠳᠦᠷᠢᠮ︾ ᠢ | ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠥᠯᠥᠨ ᠨᠠᠭᠤᠷ ᠢ ᠶᠡᠷᠦᠩᠬᠡᠶᠢᠯᠡᠨ ᠵᠠᠰᠠᠬᠤ ᠬᠦᠴᠦᠯᠡᠴᠡ ᠶᠢ ᠴᠢᠩᠭᠠᠳᠬᠠᠵᠤ᠂ ᠬᠥᠯᠥᠨ ᠨᠠᠭᠤᠷ ᠵᠢᠴᠢ ᠡᠷᠭᠢᠨ | ᠲᠣᠭᠤᠷᠢᠨ ᠤ ᠤᠰᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠲᠥᠯᠥᠪᠯᠡᠨ ᠰᠢᠢᠳᠪᠦᠷᠢᠯᠡᠨ᠎ᠡ᠃ 11 ᠳ᠋ᠦᠩᠰᠢᠭᠤᠷ ᠲᠥᠭᠦᠷᠢᠭ ᠪᠡᠯᠡ | ᠣᠷᠣᠭᠤᠯᠵᠤ᠂ ᠲᠠᠯ᠎ᠠ ᠨᠤᠲᠤᠭ ᠤᠨ ᠠᠮᠢ ᠠᠬᠤᠢ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ 36 ᠲᠦᠮᠡᠨ ᠮᠦ | ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠵᠤ᠂ ᠪᠡᠯᠴᠢᠭᠡᠷᠯᠡᠭᠦᠯᠬᠦ ᠶᠢ ᠵᠣᠭᠰᠣᠭᠠᠨ᠂ ᠡᠪᠡᠰᠦ ᠪᠡᠯᠴᠢᠭᠡᠷ ᠢ ᠰᠡᠷᠭᠦᠭᠡᠬᠦ ᠵᠡᠷᠭᠡ ᠲᠥᠷᠥᠯ ᠵᠦᠢᠯ ᠢ ᠦᠷᠭᠦᠯᠵᠢᠯᠡᠨ | ᠬᠡᠷᠡᠭᠵᠢᠭᠦᠯᠵᠦ᠂ ᠣᠷᠣᠨ ᠲᠣᠭᠤᠷᠢᠭ ᠢ ᠨᠣᠭᠤᠭᠠᠷᠠᠭᠤᠯᠬᠤ ᠪᠠ 120 ᠲᠦᠮᠡᠨ ᠮᠦ ᠣᠯᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠣᠢ ᠰᠢᠭᠤᠢ ᠶᠢ ᠠᠷᠠᠴᠢᠯᠠᠨ | ᠬᠠᠮᠠᠭᠠᠯᠠᠵᠤ ᠪᠣᠶᠢᠵᠢᠭᠤᠯᠬᠤ ᠠᠵᠢᠯ ᠢ ᠰᠠᠶᠢᠲᠤᠷ ᠬᠢᠵᠦ᠂ ᠵᠠᠰᠠᠨ ᠰᠠᠶᠢᠵᠢᠷᠠᠭᠤᠯᠤᠭᠰᠠᠨ ᠦᠷ᠎ᠡ ᠳ᠋ᠦᠩ ᠢᠶᠠᠨ ᠪᠠᠲᠤᠳᠬᠠᠵᠤ᠂ ᠠᠮᠢ ᠠᠬᠤᠢ ᠶᠢᠨ ᠦᠷ᠎ᠡ ᠠᠰᠢᠭ ᠢ | ᠲᠥᠯᠥᠪᠯᠡᠨ ᠨᠡᠮᠡᠭᠳᠡᠭᠦᠯᠦᠨ᠎ᠡ᠃ ᠠᠭᠠᠷ ᠮᠠᠨᠳᠠᠯ ᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠯᠵᠢᠬᠤ ᠣᠷᠣᠨ ᠤ | ᠰᠠᠭᠤᠭᠠᠯᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠨ᠎ᠡ᠃ ᠣᠢ ᠰᠢᠭᠤᠢ ᠲᠠᠯ᠎ᠠ ᠨᠤᠲᠤᠭ ᠤᠨ ᠭᠠᠯ ᠲᠣᠶᠢᠮᠡᠷ ᠤᠨ | ᠰᠡᠷᠭᠡᠶᠢᠯᠡᠯᠲᠡ᠂ ᠡᠬᠢ ᠪᠠᠶᠠᠯᠢᠭ ᠤᠨ ᠬᠠᠮᠠᠭᠠᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠣᠨᠴᠠ ᠶᠡᠭᠡ ᠣᠢ ᠰᠢᠭᠤᠢ ᠲᠠᠯ᠎ᠠ ᠨᠤᠲᠤᠭ ᠤᠨ ᠲᠣᠶᠢᠮᠡᠷ ᠤᠨ ᠠᠶᠤᠯ ᠡᠭᠦᠰᠬᠦ ᠦᠭᠡᠢ ᠶᠢ ᠦᠨᠡᠨᠬᠦ ᠪᠠᠲᠤᠯᠠᠨ᠎ᠠ᠃ | ᠠᠮᠢ ᠠᠬᠤᠢ ᠶᠢᠨ ᠪᠣᠯᠪᠠᠰᠤᠨ ᠤ ᠳᠦᠷᠢᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠠᠮᠢ ᠠᠬᠤᠢ ᠶᠢᠨ ᠡᠯ᠎ᠡ ᠲᠥᠷᠥᠯ ᠤᠨ ᠤᠯᠠᠭᠠᠨ | ᠱᠤᠭᠤᠮ ᠢ ᠴᠢᠩᠭ᠎ᠠ ᠰᠠᠬᠢᠵᠤ᠂ ᠬᠠᠮᠤᠭ ᠴᠢᠩᠭ᠎ᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ ᠢ ᠦᠷᠭᠦᠯᠵᠢᠯᠡᠨ ᠬᠡᠷᠡᠭᠵᠢᠭᠦᠯᠵᠦ᠂ ᠤᠤᠭᠤᠬᠤ | ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠨ᠎ᠠ᠃ ᠲᠠᠷᠢᠶᠠᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠣᠢ ᠮᠣᠳᠣ | ᠡᠪᠡᠰᠦ ᠪᠡᠯᠴᠢᠭᠡᠷ ᠢ ᠰᠡᠷᠭᠦᠭᠡᠬᠦ ᠬᠦᠷᠢᠶ᠎ᠡ ᠬᠡᠪᠴᠢᠶ᠎ᠡ ᠶᠢ ᠲᠣᠭᠲᠠᠪᠤᠷᠢᠵᠢᠭᠤᠯᠤᠨ ᠥᠷᠭᠡᠳᠬᠡᠵᠦ᠂ ᠬᠥᠷᠥᠰᠥ ᠰᠢᠷᠣᠢ ᠶᠢ ᠭᠤᠣᠯᠳᠠᠯᠭ᠎ᠠ ᠲᠠᠢ ᠰᠡᠷᠭᠡᠶᠢᠯᠡᠨ ᠵᠠᠰᠠᠬᠤ | ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠲᠠᠯ᠎ᠠ ᠨᠤᠲᠤᠭ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠢ ᠮᠣᠳᠣ᠂ ᠨᠤᠲᠤᠭ ᠪᠡᠯᠴᠢᠭᠡᠷ ᠢ | ᠡᠪᠳᠡᠵᠦ᠂ ᠳᠤᠷ᠎ᠠ ᠪᠠᠷ ᠲᠡᠭᠦᠵᠦ ᠮᠠᠯᠲᠠᠬᠤ ᠵᠡᠷᠭᠡ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠠᠵᠤ ᠦᠢᠯᠡᠰ ᠢ | ᠣᠷᠣᠭᠤᠯᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠨᠠᠷᠢᠨ ᠳᠠᠩᠰᠠ ᠶᠢᠨ ᠳᠦᠷᠢᠮ ᠢ ᠴᠢᠩᠭ᠎ᠠ ᠰᠠᠬᠢᠵᠤ᠂ ᠤᠯᠤᠰ ᠤᠨ ᠠᠮᠢ ᠠᠬᠤᠢ ᠶᠢᠨ ᠴᠢᠳᠠᠮᠵᠢᠲᠤ ᠣᠷᠣᠨ | ᠳᠤ ᠰᠢᠯᠵᠢᠭᠦᠯᠦᠨ ᠥᠭᠬᠦ ᠪᠡᠯᠡ ᠮᠥᠩᠭᠦ ᠶᠢ ᠢᠳᠡᠪᠬᠢᠲᠡᠢ ᠣᠯᠬᠤ ᠪᠠᠷ ᠴᠢᠷᠮᠠᠶᠢᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠲᠣᠭᠲᠠᠴᠠ᠂ ᠵᠠᠰᠠᠭ ᠤᠨ | ᠠᠵᠢᠯ ᠤᠨ ᠦᠷ᠎ᠡ ᠪᠦᠲᠦᠮᠵᠢ ᠶᠢ ᠬᠢᠨᠠᠨ ᠰᠢᠯᠭᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠠᠷᠠᠳ ᠲᠦᠮᠡᠨ ᠤ ᠬᠠᠮᠤᠭ | ᠠᠴᠠ ᠠᠩᠬᠠᠷᠴᠤ ᠪᠠᠶᠢᠭ᠎ᠠ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠵᠠᠰᠠᠭ ᠤᠨ ᠣᠷᠳᠣᠨ ᠠᠴᠠ ᠭᠤᠣᠯᠯᠠᠨ | ᠤᠳᠤᠷᠢᠳᠴᠤ᠂ ᠨᠡᠶᠢᠭᠡᠮ ᠤᠨ ᠡᠯ᠎ᠡ ᠡᠲᠡᠭᠡᠳ ᠪᠣᠯᠣᠨ ᠣᠯᠠᠨ ᠲᠦᠮᠡᠨ ᠥᠷᠭᠡᠨ ᠢᠶᠠᠷ ᠣᠷᠣᠯᠴᠠᠭᠰᠠᠨ ᠵᠠᠰᠠᠯᠲᠠ ᠶᠢᠨ ᠰᠢᠰᠲ᠋ᠧᠮ ᠢ ᠪᠠᠶᠢᠭᠤᠯᠤᠨ᠎ᠠ᠃ | 2022 ᠣᠨ ᠪᠣᠯᠲᠠᠯ᠎ᠠ᠂ ᠣᠢ ᠰᠢᠭᠤᠢ ᠶᠢᠨ ᠪᠦᠷᠬᠦᠴᠡ ᠶᠢᠨ ᠨᠤᠷᠮ᠎ᠠ ᠶᠢ 4% ᠳᠤ ᠬᠦᠷᠭᠡᠵᠦ᠂ 100 ᠲᠦᠮᠡᠨ ᠮᠦ ᠡᠯᠡᠰᠦᠷᠬᠡᠭ ᠭᠠᠵᠠᠷ᠂ 7000 ᠮᠦ | ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠵᠤ᠂ ᠭᠤᠣᠯ ᠤᠨ ᠡᠷᠭᠢᠨ ᠲᠣᠭᠤᠷᠢᠨ ᠤ ᠡᠬᠢ ᠪᠠᠶᠠᠯᠢᠭ ᠢ ᠶᠡᠷᠦᠩᠬᠡᠶᠢᠯᠡᠨ ᠲᠣᠬᠢᠷᠠᠭᠤᠯᠬᠤ ᠴᠢᠳᠠᠪᠤᠷᠢ ᠶᠢ | ᠠᠩᠬ᠎ᠠ ᠠᠯᠬᠤᠮ ᠪᠡᠶᠡᠯᠡᠭᠦᠯᠵᠦ᠂ ᠬᠥᠮᠥᠰ ᠤᠨ ᠣᠷᠣᠰᠢᠨ ᠠᠮᠢᠳᠤᠷᠠᠬᠤ ᠠᠮᠢ ᠠᠬᠤᠢ ᠶᠢᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠢᠯᠡᠳᠲᠡ | ᠰᠠᠶᠢᠵᠢᠷᠠᠭᠤᠯᠤᠨ᠎ᠠ᠃ | ︵ᠭᠤᠷᠪᠠ︶ ᠨᠠᠷᠢᠯᠢᠭ ᠣᠨᠣᠪᠴᠢᠲᠠᠢ ᠶᠠᠳᠠᠭᠤ ᠶᠢ ᠲᠡᠳᠬᠦᠬᠦ ᠪᠠᠷ ᠭᠤᠣᠯ ᠠᠷᠭ᠎ᠠ ᠵᠠᠮ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠶᠠᠳᠠᠭᠤ ᠠᠷᠠᠳ ᠤᠨ ᠣᠷᠣᠯᠭ᠎ᠠ ᠶᠢ ᠨᠡᠮᠡᠭᠳᠡᠭᠦᠯᠵᠦ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ | ᠰᠠᠶᠢᠵᠢᠷᠠᠭᠤᠯᠬᠤ ᠪᠠᠷ ᠭᠤᠣᠯ ᠪᠣᠯᠭᠠᠵᠤ᠂ ᠮᠠᠯ ᠠᠵᠤ ᠠᠬᠤᠢ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠬᠡᠬᠦ ᠬᠦᠴᠦᠯᠡᠴᠡ ᠪᠠᠨ ᠴᠢᠩᠭᠠᠳᠬᠠᠵᠤ᠂ 7 | ᠳ᠋ᠦᠩᠰᠢᠭᠤᠷ ᠲᠥᠭᠦᠷᠢᠭ ᠠᠴᠠ ᠳᠡᠭᠡᠭᠰᠢ ᠡᠯ᠎ᠡ ᠲᠥᠷᠥᠯ ᠤᠨ ᠪᠡᠯᠡ ᠮᠥᠩᠭᠦ ᠶᠢ ᠨᠢᠭᠡᠳᠦᠭᠦᠯᠵᠦ᠂ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠬᠤ ᠠᠵᠢᠯ | ᠢ ᠠᠯᠬᠤᠮ ᠳᠠᠷᠠᠭ᠎ᠠ ᠲᠠᠢ ᠲᠦᠯᠬᠢᠨ ᠠᠬᠢᠭᠤᠯᠬᠤ ᠶᠢ ᠪᠠᠲᠤᠯᠠᠨ᠎ᠠ᠃ | ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠪᠠᠲᠤᠯᠠᠭ᠎ᠠ ᠶᠢᠨ ᠰᠢᠰᠲ᠋ᠧᠮ ᠤᠨ ᠠᠵᠢᠯ ᠢ ᠨᠠᠷᠢᠯᠢᠭ ᠰᠠᠶᠢᠲᠤᠷ ᠬᠢᠨ᠎ᠡ᠃ ᠶᠠᠳᠠᠭᠤ ᠬᠥᠮᠥᠨ ᠠᠮᠠ ᠶᠢ | ᠬᠥᠳᠡᠯᠦᠩᠭᠦᠢ ᠬᠠᠮᠢᠶᠠᠷᠴᠤ᠂ ᠲᠥᠷᠥ ᠶᠢᠨ ᠪᠣᠳᠣᠯᠭ᠎ᠠ᠂ ᠠᠷᠭ᠎ᠠ ᠠᠪᠴᠢᠯ᠂ ᠲᠤᠤᠱᠲᠠᠢ ᠬᠠᠪᠰᠤᠷᠬᠤ᠂ ᠶᠠᠳᠠᠭᠤ ᠠᠴᠠ ᠠᠩᠭᠢᠵᠢᠷᠠᠭᠰᠠᠨ ᠴᠦ ᠳᠡᠮᠵᠢᠬᠦ ᠲᠥᠷᠥ ᠶᠢᠨ | ᠪᠣᠳᠣᠯᠭ᠎ᠠ ᠬᠤᠪᠢᠷᠠᠬᠤ ᠦᠭᠡᠢ ᠶᠢ ᠪᠠᠷᠢᠮᠲᠠᠯᠠᠨ᠎ᠠ᠃ ᠶᠠᠳᠠᠭᠤ ᠶᠢ ᠲᠡᠳᠬᠦᠬᠦ ᠨᠡᠭᠡᠭᠡᠯᠲᠡ ᠶᠢᠨ ᠲᠥᠷᠥᠯ ᠵᠦᠢᠯ ᠢ ᠤᠯᠠᠮ ᠨᠢᠭᠡ ᠠᠯᠬᠤᠮ ᠬᠡᠷᠡᠭᠵᠢᠭᠦᠯᠵᠦ᠂ ᠶᠠᠳᠠᠭᠤ | ᠠᠷᠠᠳ ᠣᠯᠠᠨ ᠤ ᠦᠨᠳᠦᠰᠦᠨ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠶᠢ ᠪᠦᠬᠦ ᠲᠠᠯ᠎ᠠ ᠪᠠᠷ ᠪᠠᠲᠤᠯᠠᠨ᠎ᠠ᠃ ᠨᠡᠶᠢᠭᠡᠮ ᠤᠨ ᠲᠤᠰᠠᠯᠠᠮᠵᠢ ᠬᠢᠭᠡᠳ ᠶᠠᠳᠠᠭᠤ ᠶᠢ | ᠲᠡᠳᠬᠦᠬᠦ ᠨᠡᠭᠡᠭᠡᠯᠲᠡ ᠶᠢ ᠠᠪᠴᠠᠯᠳᠤᠭᠤᠯᠬᠤ ᠬᠦᠴᠦᠯᠡᠴᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠨᠳᠦᠰᠦᠨ ᠡᠮ ᠡᠮᠨᠡᠯᠭᠡ᠂ ᠬᠦᠨᠳᠦ ᠡᠪᠡᠳᠴᠢᠨ ᠢ | ᠠᠪᠤᠷᠠᠨ ᠲᠤᠰᠠᠯᠠᠬᠤ᠂ ᠡᠷᠡᠭᠦᠯ ᠡᠩᠬᠡ ᠪᠠᠷ ᠶᠠᠳᠠᠭᠤ ᠶᠢ ᠲᠡᠳᠬᠦᠬᠦ ᠬᠤᠳᠠᠯᠳᠤᠭᠠᠨ ᠤ ᠳᠠᠭᠠᠳᠬᠠᠯ ᠵᠡᠷᠭᠡ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠣᠭᠲᠠᠴᠠ ᠶᠢ | ᠲᠡᠭᠦᠯᠳᠡᠷᠵᠢᠭᠦᠯᠵᠦ᠂ ᠡᠮ ᠡᠮᠨᠡᠯᠭᠡ ᠶᠢᠨ ᠪᠠᠲᠤᠯᠠᠭ᠎ᠠ ᠶᠢᠨ ᠬᠠᠮᠲᠤᠷᠠᠯ ᠤᠨ ᠬᠦᠴᠦᠨ ᠢ ᠪᠦᠷᠢᠯᠳᠦᠭᠦᠯᠦᠨ᠎ᠡ᠃ ᠰᠤᠷᠭᠠᠨ ᠬᠥᠮᠥᠵᠢᠯ ᠤᠨ ︽ᠬᠤᠷ᠎ᠠ ᠲᠥᠯᠥᠪᠯᠡᠭᠡ︾ | ᠶᠢᠨ ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠠᠳᠠᠭᠤ ᠭᠡᠷ ᠪᠦᠯᠢ ᠶᠢᠨ ᠶᠡᠭᠡ ᠰᠤᠷᠭᠠᠭᠤᠯᠢ ᠬᠢᠭᠡᠳ ᠲᠤᠰᠬᠠᠢ ᠮᠡᠷᠭᠡᠵᠢᠯ ᠤᠨ ᠰᠤᠷᠭᠠᠭᠤᠯᠢ ᠳᠤ ᠰᠢᠨ᠎ᠡ | ᠪᠠᠷ ᠣᠷᠣᠬᠤ ᠰᠤᠷᠤᠭᠴᠢ ᠶᠢ ᠬᠠᠪᠰᠤᠷᠬᠤ ᠬᠦᠴᠦᠯᠡᠴᠡ ᠪᠠᠨ ᠤᠯᠠᠮ ᠨᠢᠭᠡ ᠠᠯᠬᠤᠮ ᠴᠢᠩᠭᠠᠳᠬᠠᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠶᠡᠬᠡᠪᠡᠷ | ᠳᠡᠮᠵᠢᠵᠦ᠂ ᠶᠠᠳᠠᠭᠤ ᠶᠢ ᠲᠡᠳᠬᠦᠬᠦ ᠳᠠᠬᠢᠨ ᠵᠢᠭᠡᠯᠡᠯᠭᠡ᠂ ᠳᠠᠮ ᠬᠦᠦ ᠮᠥᠩᠭᠦ ᠲᠠᠢ ᠵᠢᠭᠡᠯᠡᠯᠭᠡ ᠵᠡᠷᠭᠡ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ | | ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠤᠨ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠦᠨ᠎ᠡ᠃ ︽ᠰᠠᠭᠤᠷᠢ ᠮᠥᠩᠭᠦ + ᠲᠣᠯᠣᠭᠠᠶᠢᠯᠠᠭᠴᠢ | ᠠᠵᠤ ᠠᠬᠤᠶᠢᠯᠠᠯ + ᠰᠠᠭᠤᠷᠢᠨ ᠭᠠᠵᠠᠷ + ᠶᠠᠳᠠᠭᠤ ᠡᠷᠦᠬᠡ︾᠂ ᠡᠯᠧᠺᠲᠷᠤᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ᠂ ᠭᠡᠷᠡᠯ ᠸᠣᠯᠲ ᠢᠶᠠᠷ ᠶᠠᠳᠠᠭᠤ ᠶᠢ | ᠲᠡᠳᠬᠦᠬᠦ ᠵᠡᠷᠭᠡ ᠣᠯᠠᠨ ᠬᠡᠯᠪᠡᠷᠢ ᠶᠢᠨ ᠠᠰᠢᠭ ᠲᠤᠰᠠ ᠶᠢᠨ ᠬᠤᠯᠪᠣᠯᠳᠤᠯ ᠤᠨ ᠲᠣᠭᠲᠠᠴᠠ ᠶᠢ ᠲᠦᠷᠭᠡᠨ ᠪᠠᠶᠢᠭᠤᠯᠵᠤ᠂ ᠶᠠᠳᠠᠭᠤ ᠡᠷᠦᠬᠡ ᠶᠢᠨ ᠮᠠᠯ ᠠᠵᠤ ᠠᠬᠤᠢ | ᠶᠢᠨ ᠣᠷᠣᠯᠭ᠎ᠠ ᠶᠢ ᠦᠷᠭᠦᠯᠵᠢᠯᠡᠨ ᠲᠣᠭᠲᠠᠭᠤᠨ ᠨᠡᠮᠡᠭᠳᠡᠭᠦᠯᠦᠨ᠎ᠡ᠃ ᠬᠤᠰᠢᠭᠤ᠂ ᠰᠤᠮᠤ ᠪᠠᠯᠭᠠᠰᠤ᠂ ᠭᠠᠴᠠᠭ᠎ᠠ ᠨᠡᠶᠢᠭᠡᠮ ᠲᠣᠭᠤᠷᠢᠭ ᠤᠨ ᠭᠤᠷᠪᠠᠨ ᠱᠠᠲᠤᠨ ᠤ | ᠠᠵᠢᠯ ᠣᠯᠭᠤᠬᠤ ᠦᠢᠯᠡᠴᠢᠯᠡᠭᠡᠨ ᠤ ᠲᠣᠣᠷ ᠰᠦᠯᠵᠢᠶ᠎ᠡ ᠶᠢ ᠲᠡᠭᠦᠯᠳᠡᠷᠵᠢᠭᠦᠯᠵᠦ᠂ ᠦᠨᠳᠦᠰᠦᠲᠡᠨ ᠤ ᠤᠯᠠᠮᠵᠢᠯᠠᠯᠲᠤ ᠰᠣᠶᠣᠯ᠂ ᠪᠣᠭᠤᠮᠲᠠ ᠶᠢᠨ ᠵᠠᠬ᠎ᠠ ᠶᠢᠨ | ᠠᠷᠠᠯᠵᠢᠶ᠎ᠠ ᠶᠢᠨ ᠣᠷᠣᠨ ᠵᠡᠷᠭᠡ ᠳᠠᠪᠠᠭᠤᠯᠢᠭ ᠡᠬᠢ ᠪᠠᠶᠠᠯᠢᠭ ᠲᠤ ᠲᠦᠰᠢᠭᠯᠡᠨ᠂ ᠶᠠᠳᠠᠭᠤ ᠬᠥᠮᠥᠨ ᠠᠮᠠ ᠳᠤ ᠣᠯᠠᠨ ᠠᠷᠭ᠎ᠠ ᠵᠠᠮ ᠢᠶᠠᠷ ᠠᠵᠢᠯ ᠣᠯᠭᠤᠨ᠎ᠠ᠃ ᠡᠯ᠎ᠡ | ᠭᠠᠴᠠᠭ᠎ᠠ ᠶᠢᠨ 1-2 ᠭᠤᠣᠯᠯᠠᠬᠤ ᠠᠵᠤ ᠦᠢᠯᠡᠰ ᠢ ᠬᠥᠭᠵᠢᠭᠦᠯᠬᠦ ᠶᠢ ᠵᠣᠷᠢᠭᠵᠢᠭᠤᠯᠵᠤ᠂ ᠶᠠᠳᠠᠭᠤ ᠮᠠᠯᠵᠢᠬᠤ ᠡᠷᠦᠬᠡ ᠶᠢᠨ ᠣᠷᠣᠯᠭ᠎ᠠ ᠪᠠᠨ ᠨᠡᠮᠡᠭᠳᠡᠭᠦᠯᠬᠦ ᠨᠢᠭᠡ | ᠲᠥᠷᠥᠯ ᠵᠦᠢᠯ ᠢ ᠬᠥᠭᠵᠢᠭᠦᠯᠬᠦ ᠶᠢ ᠬᠠᠪᠰᠤᠷᠤᠨ ᠳᠡᠮᠵᠢᠨ᠎ᠡ᠃ | 2018ᠣᠨ ᠪᠣᠯᠲᠠᠯ᠎ᠠ ︽ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠬᠤᠰᠢᠭᠤ ᠭᠡᠬᠦ ᠨᠡᠷ᠎ᠡ ᠶᠢ ᠠᠪᠴᠤ ᠬᠠᠶᠠᠬᠤ︾ ᠠᠵᠢᠯ ᠢ ᠲᠣᠭᠲᠠᠭᠤᠨ | ᠪᠡᠶᠡᠯᠡᠭᠦᠯᠵᠦ᠂ 2022 ᠣᠨ ᠪᠣᠯᠲᠠᠯ᠎ᠠ᠂ ᠶᠠᠳᠠᠭᠤ ᠭᠠᠴᠠᠭᠠᠨ ᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢᠨ ᠭᠦᠢᠴᠡᠳᠬᠡᠬᠦ ᠲᠤᠭ᠎ᠠ ᠶᠢ ᠪᠦᠬᠦ ᠣᠷᠣᠨ | ᠤ ᠲᠡᠭᠰᠢᠳᠬᠡᠭᠰᠡᠨ ᠬᠢᠷᠢ ᠲᠦᠪᠰᠢᠨ ᠳᠤ ᠦᠨᠳᠦᠰᠦᠨ ᠳᠡᠭᠡᠨ ᠬᠦᠷᠭᠡᠵᠦ᠂ ᠪᠦᠬᠦ ᠬᠤᠰᠢᠭᠤᠨ ᠤ ᠶᠠᠳᠠᠭᠤ ᠬᠦᠴᠢᠷᠳᠡᠯ ᠲᠠᠢ ᠬᠥᠮᠥᠨ ᠪᠦᠷᠢ ᠶᠢᠨ ᠡᠵᠡᠮᠳᠡᠵᠦ ᠪᠣᠯᠬᠤ | ᠳᠤᠮᠳᠠᠴᠢ ᠣᠷᠣᠯᠭ᠎ᠠ ᠶᠢ 12000 ᠲᠥᠭᠦᠷᠢᠭ ᠪᠣᠯᠭᠠᠨ᠎ᠠ᠃ | ︵ᠳᠥᠷᠪᠡ︶ ᠪᠣᠭᠤᠮᠲᠠ ᠶᠢᠨ ᠠᠵᠤ ᠠᠬᠤᠢ ᠪᠠᠷ ᠴᠢᠬᠤᠯᠠ ᠰᠢᠪᠲᠤᠯᠤᠯᠲᠠ ᠪᠣᠯᠭᠠᠵᠤ᠂ ᠴᠢᠯᠦᠭᠡᠲᠦ ᠨᠡᠭᠡᠭᠡᠯᠲᠡ ᠶᠢᠨ ᠴᠢᠳᠠᠪᠤᠷᠢ ᠪᠠᠨ ᠪᠦᠬᠦ ᠲᠠᠯ᠎ᠠ ᠪᠠᠷ | ᠴᠢᠩᠭᠠᠳᠬᠠᠨ᠎ᠠ᠃ ᠭᠠᠳᠠᠭᠠᠳᠤ ᠲᠠᠢ ᠴᠢᠯᠦᠭᠡᠲᠡᠢ ᠶᠠᠪᠤᠯᠴᠠᠬᠤ ᠶᠢ ᠦᠷᠭᠦᠯᠵᠢᠯᠡᠨ ᠥᠷᠭᠡᠳᠬᠡᠬᠦ ᠪᠣᠯ ᠠᠷᠠᠳ ᠢᠶᠠᠨ ᠪᠠᠶᠠᠵᠢᠭᠤᠯᠵᠤ ᠬᠤᠰᠢᠭᠤ ᠪᠠᠨ | ᠬᠦᠴᠦᠷᠬᠡᠭᠵᠢᠭᠦᠯᠬᠦ ᠶᠢᠨ ᠵᠠᠪᠠᠯ ᠶᠠᠪᠤᠬᠤ ᠵᠠᠮ ᠶᠤᠮ᠂ ᠪᠢᠳᠠ ᠡᠷᠬᠡᠪᠰᠢ ᠨᠢᠭᠡ ᠪᠦᠰᠡ ᠨᠢᠭᠡ ᠵᠠᠮ᠂ ᠤᠮᠠᠷᠠᠰᠢ ᠴᠢᠯᠦᠭᠡᠲᠡᠢ ᠨᠡᠭᠡᠭᠡᠯᠲᠡ ᠬᠢᠬᠦ ᠪᠠᠶᠢᠯᠳᠤᠬᠤ ᠪᠣᠳᠣᠯᠭ᠎ᠠ | ᠳᠤ ᠰᠠᠨᠠᠭᠠᠴᠢᠯᠠᠭ᠎ᠠ ᠲᠠᠢ ᠪᠠᠷ ᠤᠶᠠᠯᠳᠤᠵᠤ᠂ ᠨᠡᠩ ᠥᠷᠭᠡᠨ ᠬᠡᠪᠴᠢᠶᠡᠨ ᠳᠤ ᠭᠠᠳᠠᠭᠠᠳᠤ ᠲᠠᠢ ᠴᠢᠯᠦᠭᠡᠲᠡᠢ ᠶᠠᠪᠤᠯᠴᠠᠬᠤ ᠬᠥᠭᠵᠢᠯᠲᠡ ᠶᠢᠨ ᠠᠬᠢᠴᠠ ᠶᠢ ᠪᠦᠬᠦ ᠲᠠᠯ᠎ᠠ | ᠪᠠᠷ ᠲᠦᠯᠬᠢᠨ ᠠᠬᠢᠭᠤᠯᠤᠨ᠎ᠠ᠃ | ᠪᠣᠭᠤᠮᠲᠠ ᠪᠠᠷ ᠨᠡᠪᠲᠡᠷᠡᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃ ᠨᠡᠶᠢᠭᠡᠮ ᠤᠨ ᠬᠥᠷᠥᠩᠭᠡ ᠶᠢ ᠢᠳᠡᠪᠬᠢᠲᠡᠢ ᠣᠷᠣᠭᠤᠯᠵᠤ᠂ ᠪᠣᠭᠤᠮᠲᠠ ᠶᠢᠨ | ᠶᠡᠷᠦᠩᠬᠡᠢ ᠲᠥᠯᠥᠪᠵᠢᠭᠦᠯᠭᠡ ᠶᠢ ᠥᠨᠳᠥᠷ ᠲᠦᠪᠰᠢᠨ ᠳᠡᠭᠡᠳᠦ ᠪᠠᠷᠢᠮᠵᠢᠶ᠎ᠠ ᠪᠠᠷ ᠨᠠᠶᠢᠳᠠᠪᠤᠷᠢᠵᠢᠭᠤᠯᠤᠨ᠎ᠠ᠃ 5 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ | ᠣᠷᠣᠭᠤᠯᠬᠤ ᠪᠠᠷ ᠲᠥᠯᠥᠪᠯᠡᠵᠦ᠂ ᠬᠤᠯᠪᠣᠭᠠᠯᠠᠨ ᠪᠠᠶᠢᠴᠠᠭᠠᠬᠤ ᠠᠰᠠᠷ ᠪᠣᠯᠣᠨ ᠤᠯᠤᠰ ᠤᠨ ᠡᠭᠦᠳᠡ ᠶᠢᠨ ᠦᠵᠡᠮᠵᠢᠲᠦ ᠣᠷᠣᠨ ᠤ PPP ᠲᠥᠷᠥᠯ ᠵᠦᠢᠯ ᠢ | ᠪᠠᠶᠢᠭᠤᠯᠵᠤ᠂ ᠵᠠᠬ᠎ᠠ ᠶᠢᠨ ᠠᠷᠠᠯᠵᠢᠶᠠᠨ ᠤ ᠲᠣᠭᠤᠷᠢᠭ᠂ ᠪᠠᠶᠢᠴᠠᠭᠠᠨ ᠰᠢᠯᠭᠠᠵᠤ ᠨᠥᠭᠡᠴᠡᠯᠡᠨ ᠵᠥᠭᠡᠭᠡᠪᠦᠷᠢᠯᠡᠬᠦ ᠪᠠ ᠪᠣᠯᠪᠠᠰᠤᠷᠠᠭᠤᠯᠬᠤ ᠰᠠᠭᠤᠷᠢᠨ ᠭᠠᠵᠠᠷ᠂ ᠡᠳ᠋ | ᠪᠠᠷᠠᠭ᠎ᠠ ᠶᠢ ᠬᠢᠨᠠᠨ ᠬᠠᠮᠢᠶᠠᠷᠬᠤ ᠲᠠᠯᠠᠪᠤᠷ ᠵᠡᠷᠭᠡ ᠭᠤᠣᠯ ᠲᠣᠨᠤᠭ ᠲᠥᠬᠦᠭᠡᠷᠦᠮᠵᠢ ᠶᠢᠨ ᠴᠢᠳᠠᠪᠬᠢ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠪᠣᠭᠤᠮᠲᠠ ᠶᠢᠨ | ᠰᠢᠰᠲ᠋ᠧᠮᠴᠢ ᠦᠢᠯᠡᠴᠢᠯᠡᠭᠡᠨ ᠤ ᠴᠣᠩᠬᠤ᠂ ᠲᠣᠮᠣ ᠳ᠋ᠠᠶᠢᠲᠨ ᠶᠢᠨ ᠲᠠᠪᠴᠠᠩ᠂ ATA ᠬᠠᠭᠤᠳᠠᠰᠤ ᠪᠠᠷᠢᠮᠲᠠ ᠳᠠᠩᠰᠠ ᠬᠦᠰᠦᠨᠦᠭᠲᠦ ᠶᠢᠨ ᠲᠣᠭᠲᠠᠴᠠ᠂ ᠳᠤᠮᠳᠠᠳᠤ | ᠮᠣᠩᠭᠤᠯ ᠤᠯᠤᠰ ᠤᠨ ︽ᠢᠲᠡᠭᠡᠯ ᠤᠨ ᠵᠠᠮ︾ ᠤᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠪᠣᠭᠤᠮᠲᠠ ᠪᠠᠷ ᠨᠡᠪᠲᠡᠷᠡᠬᠦ ᠦᠷ᠎ᠡ ᠪᠦᠲᠦᠮᠵᠢ ᠶᠢ ᠶᠡᠬᠡᠪᠡᠷ | ᠳᠡᠭᠡᠭᠰᠢᠯᠡᠭᠦᠯᠦᠨ᠎ᠡ᠃ ᠳᠤᠮᠳᠠᠳᠤ ᠮᠣᠩᠭᠤᠯ ᠤᠯᠤᠰ ᠤᠨ ᠬᠢᠯᠢ ᠶᠢᠨ ᠵᠠᠭᠠᠭ ᠤᠨ ᠬᠤᠶᠠᠳᠤᠭᠠᠷ ᠬᠥᠭᠦᠷᠭᠡ ᠶᠢ ᠪᠠᠶᠢᠭᠤᠯᠬᠤ ᠲᠥᠷᠥᠯ ᠵᠦᠢᠯ ᠢ ᠡᠬᠢᠯᠡᠭᠦᠯᠵᠦ᠂ ᠬᠢᠯᠢ | ᠠᠯᠤᠰᠯᠠᠭᠰᠠᠨ ᠵᠠᠮ ᠰᠦᠯᠵᠢᠶ᠎ᠡ ᠬᠢᠭᠡᠳ ᠳᠠᠮᠵᠢᠭᠤᠯᠬᠤ ᠱᠤᠭᠤᠮ ᠢ ᠬᠠᠷᠢᠯᠴᠠᠨ ᠬᠤᠯᠪᠣᠵᠤ ᠨᠡᠪᠲᠡᠷᠡᠭᠦᠯᠬᠦ ᠶᠢ ᠲᠦᠯᠬᠢᠨ ᠠᠬᠢᠭᠤᠯᠤᠨ᠎ᠠ᠃ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠭᠠᠳᠠᠭᠠᠳᠤ ᠠᠴᠠ ᠣᠷᠣᠭᠤᠯᠵᠤ ᠭᠠᠷᠭᠠᠬᠤ ᠲᠣᠭᠲᠠᠭᠰᠠᠨ ᠪᠣᠭᠤᠮᠲᠠ ᠪᠣᠯᠣᠨ ᠳᠡᠯᠡᠬᠡᠢ ᠨᠡᠶᠢᠲᠡ ᠶᠢᠨ ᠴᠢᠨᠠᠷᠲᠠᠢ | ᠪᠣᠭᠤᠮᠲᠠ ᠪᠣᠯᠭᠠᠬᠤ ᠠᠬᠢᠴᠠ ᠶᠢ ᠲᠦᠷᠭᠡᠳᠬᠡᠨ ᠠᠬᠢᠭᠤᠯᠵᠤ᠂ ᠠᠮᠤ ᠪᠤᠳᠠᠭ᠎ᠠ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠠᠳᠤ ᠠᠴᠠ ᠣᠷᠣᠭᠤᠯᠬᠤ ᠠᠵᠢᠯ ᠢ | ᠪᠠᠶᠢᠩᠭᠤᠵᠢᠭᠤᠯᠤᠨ᠎ᠠ᠃ ᠳ᠋ᠠᠴᠢᠩ ᠤᠨ ᠲᠦᠭᠦᠬᠡᠢ ᠴᠢᠯᠠᠭᠤᠨ ᠲᠣᠰᠣ ᠶᠢ ᠭᠠᠳᠠᠭᠠᠳᠤ ᠠᠴᠠ ᠣᠷᠣᠭᠤᠯᠬᠤ ᠬᠡᠪᠴᠢᠶᠡᠵᠢᠯ ᠢ ᠥᠷᠭᠡᠳᠬᠡᠬᠦ ᠶᠢ ᠳᠡᠮᠵᠢᠨ᠎ᠡ᠃ | ᠣᠷᠣᠨ ᠪᠦᠰᠡ ᠶᠢᠨ ᠴᠢᠯᠦᠭᠡᠲᠦ ᠨᠡᠭᠡᠭᠡᠯᠲᠡ ᠶᠢᠨ ᠬᠠᠮᠲᠤᠷᠠᠯᠴᠠᠭᠠᠨ ᠤ ᠬᠥᠭᠵᠢᠯᠲᠡ ᠶᠢ ᠬᠦᠴᠦᠯᠡᠨ ᠠᠬᠢᠭᠤᠯᠤᠨ᠎ᠠ᠃ ︽ᠬᠠᠶᠢᠯᠠᠷ ᠮᠠᠨᠵᠤᠤᠷ ᠷᠠᠰᠢᠶᠠᠨ︾ | ᠣᠷᠣᠨ ᠪᠦᠰᠡ ᠶᠢᠨ ᠬᠠᠮᠲᠤᠷᠠᠯᠴᠠᠨ ᠬᠥᠭᠵᠢᠭᠦᠯᠬᠦ ᠬᠡᠪᠴᠢᠶ᠎ᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠮᠠᠯ ᠤᠨ ᠠᠰᠢᠭ ᠰᠢᠮ᠎ᠡ ᠪᠠ ᠲᠠᠷᠢᠶᠠᠯᠠᠩ ᠤᠨ ᠭᠠᠷᠤᠯᠲᠠ | ᠶᠢ ᠭᠠᠳᠠᠭᠠᠳᠤ ᠠᠴᠠ ᠣᠷᠣᠭᠤᠯᠵᠤ ᠭᠠᠷᠭᠠᠨ ᠪᠣᠯᠪᠠᠰᠤᠷᠠᠭᠤᠯᠬᠤ᠂ ᠬᠤᠳᠠᠯᠳᠤᠭ᠎ᠠ ᠪᠣᠳᠠᠰ ᠤᠨ ᠭᠦᠢᠯᠭᠡᠭᠡ᠂ ᠬᠢᠯᠢ ᠠᠯᠤᠰᠯᠠᠨ ᠵᠤᠭᠠᠴᠠᠬᠤ ᠵᠡᠷᠭᠡ ᠠᠵᠤ ᠦᠢᠯᠡᠰ ᠢ | ᠶᠡᠭᠡ ᠪᠠᠷ ᠬᠥᠭᠵᠢᠭᠦᠯᠦᠨ᠎ᠡ᠃ ᠬᠢᠯᠢ ᠶᠢᠨ ᠠᠷᠠᠯᠵᠢᠶᠠᠨ ᠤ ᠠᠵᠤ ᠦᠢᠯᠡᠰ ᠤᠨ ᠬᠥᠭᠵᠢᠯᠲᠡ ᠶᠢ ᠪᠦᠬᠦ ᠲᠠᠯ᠎ᠠ ᠪᠠᠷ ᠲᠦᠷᠭᠡᠳᠬᠡᠨ᠂ ᠪᠣᠭᠤᠮᠲᠠ ᠶᠢᠨ ᠵᠠᠬ᠎ᠠ ᠶᠢᠨ | ᠠᠷᠠᠯᠵᠢᠶ᠎ᠠ ᠶᠢ ᠭᠤᠣᠯᠳᠠᠯᠭ᠎ᠠ ᠲᠠᠢ ᠬᠥᠭᠵᠢᠭᠦᠯᠵᠦ᠂ ᠮᠣᠩᠭᠤᠯ ᠣᠷᠣᠰ ᠤᠯᠤᠰ ᠤᠨ ᠲᠠᠸᠠᠷ ᠤᠨ ᠵᠠᠬ᠎ᠠ ᠶᠢᠨ ᠠᠷᠠᠯᠵᠢᠶᠠᠨ ᠤ ᠲᠠᠪᠴᠠᠩ ᠢ ᠪᠠᠶᠢᠭᠤᠯᠤᠨ᠎ᠠ᠃ | ᠪᠣᠭᠤᠮᠲᠠ ᠬᠢᠭᠡᠳ ᠠᠮᠤᠭᠤᠯᠠᠩ ᠪᠠᠯᠭᠠᠰᠤ ᠶᠢ ᠨᠢᠭᠡ ᠴᠣᠭᠴᠠᠵᠢᠭᠤᠯᠬᠤ᠂ ᠬᠤᠯᠪᠣᠭᠠᠯᠠᠨ ᠠᠵᠢᠯᠯᠠᠬᠤ ᠬᠡᠯᠪᠡᠷᠢ ᠶᠢᠨ ᠬᠥᠭᠵᠢᠯᠲᠡ ᠶᠢᠨ ᠪᠠᠶᠢᠷᠢᠰᠢᠯ ᠢ ᠢᠳᠡᠪᠬᠢᠲᠡᠢ | ᠪᠠᠶᠢᠭᠤᠯᠵᠤ᠂ ᠪᠣᠭᠤᠮᠲᠠ ᠶᠢᠨ ᠠᠵᠤ ᠠᠬᠤᠢ᠂ ᠬᠢᠯᠢ ᠶᠢᠨ ᠠᠷᠠᠯᠵᠢᠶ᠎ᠠ᠂ ᠦᠨᠳᠦᠰᠦᠲᠡᠨ ᠤ ᠰᠣᠶᠣᠯ ᠤᠨ ᠠᠵᠤ ᠦᠢᠯᠡᠰ ᠢᠶᠠᠷ ᠲᠤᠯᠭᠠᠭᠤᠷᠢᠯᠠᠭᠰᠠᠨ ᠪᠣᠭᠤᠮᠲᠠ ᠶᠢᠨ | ᠬᠤᠲᠠ ᠪᠠᠯᠭᠠᠰᠤ ᠶᠢ ᠪᠠᠶᠢᠭᠤᠯᠤᠨ᠎ᠠ᠃ ︽ᠬᠢᠯᠢ ᠶᠢᠨ ᠭᠠᠳᠠᠨ᠎ᠠ ᠡᠳ᠋ᠰᠢᠭᠦᠯᠵᠦ᠂ ᠬᠢᠯᠢ ᠶᠢᠨ ᠳᠣᠲᠣᠷ᠎ᠠ ᠨᠠᠷᠢᠯᠢᠭ ᠪᠣᠯᠪᠠᠰᠤᠷᠠᠭᠤᠯᠬᠤ︾ ᠬᠢᠯᠢ ᠠᠯᠤᠰᠯᠠᠨ | ᠦᠢᠯᠡᠳᠪᠦᠷᠢᠯᠡᠬᠦ ᠬᠡᠯᠪᠡᠷᠢ ᠶᠢ ᠵᠣᠷᠢᠭᠵᠢᠭᠤᠯᠤᠨ ᠬᠥᠭᠵᠢᠭᠦᠯᠦᠨ᠎ᠡ᠃ ᠮᠠᠯᠴᠢᠳ ᠪᠠ ᠰᠠᠭᠤᠭᠠᠯᠢ ᠠᠷᠠᠳ ᠢ ᠳᠠᠶᠢᠴᠢᠯᠠᠨ ᠵᠣᠷᠢᠭᠵᠢᠭᠤᠯᠵᠤ ᠬᠢᠯᠢ ᠶᠢᠨ ᠠᠷᠠᠯᠵᠢᠶ᠎ᠠ | ᠡᠵᠡᠩᠨᠡᠭᠦᠯᠦᠨ᠎ᠡ᠃ | ᠰᠣᠯᠢᠯᠴᠠᠭ᠎ᠠ ᠶᠠᠪᠤᠯᠴᠠᠭ᠎ᠠ ᠪᠠᠨ ᠬᠦᠴᠦᠯᠡᠨ ᠭᠦᠨᠵᠡᠭᠡᠶᠢᠷᠡᠭᠦᠯᠦᠨ᠎ᠡ᠃ ᠮᠣᠩᠭᠤᠯ ᠤᠯᠤᠰ ᠯᠤᠭ᠎ᠠ ᠬᠥᠷᠰᠢ ᠵᠡᠷᠭᠡᠯᠡᠳᠡᠭᠡ ᠭᠠᠵᠠᠷ ᠣᠷᠣᠨ ᠤ ᠰᠣᠶᠣᠯ ᠰᠢᠨᠵᠢᠯᠡᠭᠡ᠂ | ᠰᠤᠷᠭᠠᠨ ᠬᠥᠮᠥᠵᠢᠯ᠂ ᠡᠷᠡᠭᠦᠯ ᠬᠠᠮᠠᠭᠠᠯᠠᠯ ᠤᠨ ᠬᠦᠷᠢᠶ᠎ᠡ ᠬᠡᠪᠴᠢᠶᠡᠨ ᠳᠠᠬᠢ ᠪᠣᠳᠠᠲᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ | ᠬᠤᠭᠤᠷᠣᠨᠳᠤᠬᠢ ᠲᠣᠭᠲᠠᠭᠰᠠᠨ ᠬᠤᠭᠤᠴᠠᠭᠠᠨ ᠤ ᠠᠭᠤᠯᠵᠠᠯᠲᠠ ᠶᠢᠨ ᠲᠣᠭᠲᠠᠴᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠᠷ ᠭᠤᠣᠯᠯᠠᠭᠰᠠᠨ ᠰᠣᠯᠢᠯᠴᠠᠭ᠎ᠠ | ᠬᠠᠮᠲᠤᠷᠠᠯᠴᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠨᠥᠬᠦᠷᠰᠡᠭ ᠬᠤᠲᠠ ᠪᠣᠯᠣᠨ ᠰᠣᠶᠣᠯ ᠢᠷᠭᠡᠨᠰᠢᠯ ᠤᠨ ᠰᠣᠯᠢᠯᠴᠠᠭᠠᠨ ᠤ ᠠᠷᠭ᠎ᠠ ᠵᠠᠮ ᠢ | ᠥᠷᠭᠡᠳᠬᠡᠨ᠎ᠡ᠃ ᠳᠤᠮᠳᠠᠳᠤ ᠮᠣᠩᠭᠤᠯ ᠣᠷᠣᠰ ᠣᠯᠠᠨ ᠤᠯᠤᠰ ᠤᠨ ᠪᠥᠬᠡ ᠪᠣᠯᠣᠨ ᠬᠠᠷᠪᠤᠯᠭ᠎ᠠ ᠶᠢᠨ ᠤᠷᠤᠯᠳᠤᠭᠠᠨ ᠢ ᠦᠷᠭᠦᠯᠵᠢᠯᠡᠨ ᠥᠷᠨᠢᠭᠦᠯᠵᠦ᠂ ᠪᠠᠷᠭᠤ ᠵᠠᠩ | ᠦᠢᠯᠡ ᠰᠣᠶᠣᠯ ᠤᠨ ᠰᠤᠳᠤᠯᠭᠠᠨ ᠪᠣᠯᠣᠨ ᠰᠤᠷᠭᠠᠭᠤᠯᠢ ᠶᠢᠨ ᠰᠤᠷᠭᠠᠨ ᠬᠥᠮᠥᠵᠢᠯ᠂ ᠮᠣᠩᠭᠤᠯ ᠡᠮᠴᠢᠯᠡᠭᠡ ᠵᠡᠷᠭᠡ ᠰᠣᠯᠢᠯᠴᠠᠭᠠᠨ ᠤ ᠠᠵᠢᠯᠯᠠᠭᠠᠨ ᠢ ᠭᠦᠨᠵᠡᠭᠡᠢ | ᠥᠷᠨᠢᠭᠦᠯᠦᠨ᠎ᠡ᠃ ᠠᠷᠠᠳ ᠤᠨ ᠳᠤᠮᠳᠠᠬᠢ ᠰᠣᠶᠣᠯ ᠤᠨ ᠪᠦᠲᠦᠭᠡᠯᠴᠢ᠂ ᠲᠣᠭᠯᠠᠭᠴᠢᠳ ᠪᠣᠯᠣᠨ ᠦᠨᠳᠦᠰᠦᠲᠡᠨ ᠤ ᠬᠤᠪᠴᠠᠰᠤ ᠵᠠᠰᠠᠯ ᠤᠨ ᠲᠥᠰᠥᠪᠯᠡᠭᠴᠢ᠂ | ᠦᠨᠳᠦᠰᠦᠲᠡᠨ ᠤ ᠲᠠᠮᠢᠷᠴᠢᠳ ᠬᠠᠷᠢᠯᠴᠠᠨ ᠲᠤᠷᠰᠢᠯᠭ᠎ᠠ ᠰᠣᠯᠢᠯᠴᠠᠬᠤ᠂ ᠦᠵᠡᠭᠦᠯᠦᠯᠭᠡ ᠬᠢᠬᠦ ᠵᠡᠷᠭᠡ ᠠᠵᠢᠯᠯᠠᠭᠠᠨ ᠢ ᠵᠣᠬᠢᠶᠠᠨ ᠪᠠᠶᠢᠭᠤᠯᠬᠤ ᠪᠠᠷ ᠳᠡᠮᠵᠢᠵᠦ᠂ ᠬᠥᠷᠰᠢ | ᠵᠡᠷᠭᠡᠯᠡᠳᠡᠭᠡ ᠶᠢᠨ ᠨᠥᠬᠦᠷᠰᠡᠭ᠂ ᠡᠶ᠎ᠡ ᠨᠠᠶᠢᠷᠠᠮᠳᠠᠭᠤ᠂ ᠬᠢᠯᠢ ᠬᠢᠵᠠᠭᠠᠷ ᠲᠣᠭᠲᠠᠭᠤᠨ ᠢᠲᠡᠭᠡᠮᠵᠢᠲᠡᠢ ᠬᠠᠮᠲᠤᠷᠠᠨ ᠠᠵᠢᠯᠯᠠᠬᠤ ᠪᠠᠶᠢᠳᠠᠯ ᠢ ᠤᠯᠠᠮ ᠨᠢᠭᠡ ᠠᠯᠬᠤᠮ | ᠠᠬᠢᠭᠤᠯᠤᠨ᠎ᠠ᠃ | 2022 ᠣᠨ ᠪᠣᠯᠲᠠᠯ᠎ᠠ᠂ ᠵᠢᠯ ᠤᠨ ᠣᠷᠣᠭᠤᠯᠬᠤ ᠲᠦᠭᠦᠬᠡᠢ ᠴᠢᠯᠠᠭᠤᠨ ᠲᠣᠰᠣ ᠶᠢ 100 ᠲᠦᠮᠡᠨ ᠲᠤᠨ ᠠᠴᠠ ᠳᠡᠭᠡᠭᠰᠢ ᠪᠣᠯᠭᠠᠵᠤ᠂ ᠵᠢᠯ ᠤᠨ ᠭᠠᠷᠭᠠᠬᠤ | ᠶᠡᠷᠦᠩᠬᠡᠶᠢᠯᠡᠭᠰᠡᠨ ᠴᠢᠳᠠᠪᠤᠷᠢ ᠶᠢ 150 ᠲᠦᠮᠡᠨ ᠲᠣᠨ ᠠᠴᠠ ᠳᠡᠭᠡᠭᠰᠢ ᠬᠦᠷᠭᠡᠵᠦ᠂ ᠵᠢᠯ ᠤᠨ ᠪᠣᠭᠤᠮᠲᠠ ᠪᠠᠷ ᠨᠡᠪᠲᠡᠷᠡᠬᠦ ᠴᠢᠳᠠᠪᠤᠷᠢ ᠶᠢ 10 ᠲᠦᠮᠡᠨ ᠬᠥᠮᠥᠨ | ᠤᠳᠠᠭ᠎ᠠ ᠠᠴᠠ ᠳᠡᠭᠡᠭᠰᠢ ᠳᠤ ᠬᠦᠷᠭᠡᠵᠦ᠂ ᠡᠪᠦᠳᠦᠭ ᠪᠣᠭᠤᠮᠲᠠ ᠶᠢ ᠬᠥᠯᠥᠨ ᠪᠣᠶᠢᠷ ᠬᠤᠲᠠ ᠶᠢᠨ ᠤᠮᠠᠷᠠᠰᠢ ᠴᠢᠯᠦᠭᠡᠲᠡᠢ ᠨᠡᠭᠡᠭᠡᠯᠲᠡ ᠬᠢᠬᠦ ᠣᠯᠠᠨ ᠤᠯᠤᠰ ᠤᠨ | ᠴᠢᠨᠠᠷᠲᠠᠢ ᠴᠢᠬᠤᠯᠠ ᠪᠣᠭᠤᠮᠲᠠ ᠪᠣᠯᠭᠠᠬᠤ ᠪᠠᠷ ᠴᠢᠷᠮᠠᠶᠢᠨ᠎ᠠ᠃ | ︵ᠲᠠᠪᠤ︶ ᠨᠡᠷᠡᠲᠦ ᠲᠡᠮᠳᠡᠭ ᠢ ᠡᠭᠦᠳᠬᠦ ᠪᠠᠷ ᠭᠤᠣᠯ ᠰᠢᠪᠲᠤᠯᠤᠯᠲᠠ ᠪᠣᠯᠭᠠᠵᠤ᠂ ᠵᠢᠭᠤᠯᠴᠢᠯᠠᠯ ᠤᠨ ᠠᠵᠤ ᠦᠢᠯᠡᠰ ᠤᠨ ᠳᠡᠰ ᠳᠡᠪᠰᠢᠭᠦᠯᠬᠦ ᠶᠢ ᠪᠦᠬᠦ ᠲᠠᠯ᠎ᠠ ᠪᠠᠷ | ᠠᠬᠢᠭᠤᠯᠤᠨ᠎ᠠ᠃ ᠵᠢᠭᠤᠯᠴᠢᠯᠠᠯ ᠤᠨ ᠠᠵᠤ ᠦᠢᠯᠡᠰ ᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠤᠯᠭᠠᠭᠤᠷᠢᠯᠠᠭᠴᠢ ᠠᠵᠤ ᠦᠢᠯᠡᠰ ᠪᠣᠯᠣᠨ ᠪᠦᠲᠦᠴᠡ ᠶᠢ | ᠲᠣᠬᠢᠷᠠᠭᠤᠯᠬᠤ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ ︽ᠪᠦᠬᠦ ᠣᠷᠣᠨ ᠪᠦᠰᠡ ᠪᠠᠷ ᠵᠤᠭᠠᠴᠠᠬᠤ᠂ ᠬᠢᠯᠢ ᠠᠯᠤᠰᠯᠠᠨ ᠵᠤᠭᠠᠴᠠᠬᠤ︾ ᠬᠥᠭᠵᠢᠯᠲᠡ ᠶᠢᠨ | ᠰᠢᠨ᠎ᠡ ᠪᠠᠶᠢᠷᠢᠰᠢᠯ ᠢ ᠢᠳᠡᠪᠬᠢᠲᠡᠢ ᠪᠠᠶᠢᠭᠤᠯᠵᠤ᠂ ᠪᠠᠷᠭᠤᠴᠤᠳ ᠤᠨ ᠵᠤᠭᠠᠴᠠᠯ ᠤᠨ ᠨᠡᠷᠡᠲᠦ ᠲᠡᠮᠳᠡᠭ ᠢ ᠡᠭᠦᠳᠦᠨ᠎ᠡ᠃ | ᠵᠢᠭᠤᠯᠴᠢᠯᠠᠯ ᠤᠨ ᠦᠵᠡᠮᠵᠢᠲᠦ ᠣᠷᠣᠨ ᠤ ᠪᠠᠷᠢᠮᠵᠢᠶ᠎ᠠ ᠶᠢ ᠳᠡᠭᠡᠭᠰᠢᠯᠡᠭᠦᠯᠵᠦ ᠳᠡᠰ ᠳᠡᠪᠰᠢᠭᠦᠯᠬᠦ ᠠᠵᠢᠯ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ 4.2 | ᠳ᠋ᠦᠩᠰᠢᠭᠤᠷ ᠲᠥᠭᠦᠷᠢᠭ ᠪᠡᠯᠡ ᠣᠷᠣᠭᠤᠯᠵᠤ ᠭᠠᠨᠵᠤᠤᠷ ᠰᠦᠮ᠎ᠡ᠂ ᠥᠯᠵᠡᠶᠢᠲᠦ ᠷᠠᠰᠢᠶᠠᠨ ᠤ ᠴᠡᠴᠡᠷᠯᠢᠭ᠂ ᠬᠤᠰᠢᠭᠤ ᠨᠠᠭᠠᠳᠤᠮ ᠤᠨ ᠲᠠᠯᠠᠪᠤᠷ ᠵᠡᠷᠭᠡ ᠪᠠᠷ ᠭᠤᠣᠯ | ᠪᠣᠯᠭᠠᠵᠤ᠂ ᠶᠡᠷᠦᠩᠬᠡᠶᠢᠯᠡᠭᠰᠡᠨ ᠴᠢᠨᠠᠷᠲᠠᠢ ᠭᠠᠨᠵᠤᠤᠷ ᠤᠨ ᠦᠵᠡᠮᠵᠢᠲᠦ ᠣᠷᠣᠨ ᠢ ᠲᠥᠯᠥᠪᠯᠡᠨ ᠪᠠᠶᠢᠭᠤᠯᠤᠨ᠎ᠠ︔ 1.9 ᠳ᠋ᠦᠩᠰᠢᠭᠤᠷ ᠲᠥᠭᠦᠷᠢᠭ ᠪᠡᠯᠡ | ᠣᠷᠣᠭᠤᠯᠵᠤ ᠨᠣᠮᠣᠨ ᠬᠠᠨ ᠤ ᠦᠵᠡᠮᠵᠢᠲᠦ ᠣᠷᠣᠨ ᠤ ᠬᠡᠪᠴᠢᠶ᠎ᠡ ᠶᠢ ᠥᠷᠭᠡᠳᠬᠡᠵᠦ᠂ ᠦᠵᠡᠮᠵᠢᠲᠦ ᠣᠷᠣᠨ ᠤ ᠠᠭᠤᠯᠤᠭᠳᠠᠬᠤᠨ ᠢ ᠪᠠᠶᠠᠯᠢᠭᠵᠢᠭᠤᠯᠵᠤ᠂ | ᠬᠤᠪᠢᠰᠬᠠᠯᠲᠤ ᠵᠢᠭᠤᠯᠴᠢᠯᠠᠯ ᠢ ᠬᠥᠭᠵᠢᠭᠦᠯᠦᠨ᠎ᠡ᠃ 10 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠣᠭᠤᠯᠵᠤ᠂ ᠶᠡᠬᠡᠠ᠋ᠭᠤᠯᠠ᠂ ᠪᠠᠷᠭᠤ ᠠᠶᠢᠮᠠᠭ᠂ | ᠠᠳᠤᠭᠤᠲᠦ᠂ ᠳᠣᠯᠤᠲᠤ᠂ ᠨᠣᠭᠤᠭᠠᠨᠨᠠᠭᠤᠷ ᠵᠡᠷᠭᠡ ᠵᠢᠭᠤᠯᠴᠢᠯᠠᠯ ᠤᠨ ᠦᠵᠡᠮᠵᠢᠲᠦ ᠣᠷᠣᠨ ᠢ ᠥᠷᠭᠡᠳᠬᠡᠨ ᠪᠠᠶᠢᠭᠤᠯᠵᠤ᠂ ᠬᠠᠨᠳᠠᠭᠠᠢ ᠶᠢᠨ ᠣᠨᠴᠠᠯᠢᠭᠲᠤ | ᠵᠢᠭᠤᠯᠴᠢᠯᠠᠯ ᠤᠨ ᠰᠤᠮᠤ ᠪᠣᠯᠣᠨ ᠭᠠᠨᠵᠤᠤᠷ᠂ ᠣᠯᠠᠨᠨᠠᠭᠤᠷ ᠤᠨ ᠵᠢᠭᠤᠯᠴᠢᠯᠠᠯ ᠤᠨ ᠭᠠᠴᠠᠭ᠎ᠠ ᠶᠢ ᠪᠠᠶᠢᠭᠤᠯᠵᠤ᠂ ᠦᠵᠡᠮᠵᠢᠲᠦ ᠣᠷᠣᠨ ᠤ ᠳᠡᠰ ᠢ ᠳᠡᠪᠰᠢᠭᠦᠯᠬᠦ ᠪᠠᠷ | ᠳᠠᠮᠵᠢᠵᠤ᠂ ᠵᠢᠭᠤᠯᠴᠢᠯᠠᠯ ᠤᠨ ᠦᠢᠯᠡᠰ ᠤᠨ ᠲᠦᠷᠭᠡᠨ ᠬᠥᠭᠵᠢᠯᠲᠡ ᠶᠢᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠦᠨ᠎ᠡ᠃ | ᠵᠢᠭᠤᠯᠴᠢᠯᠠᠯ ᠤᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ︽ᠮᠥᠩᠭᠦᠨ ᠪᠠᠷᠭᠤ︾᠂ ︽ᠪᠠᠷᠭᠤ | ᠰᠣᠶᠣᠯ ᠤᠷᠠᠯᠢᠭ ᠤᠨ ᠨᠠᠶᠢᠷ︾ ᠪᠣᠯᠣᠨ ︽ᠮᠣᠩᠭᠤᠯ ᠦᠨᠳᠦᠰᠦᠲᠡᠨ ᠤ ᠤᠷᠳᠤ ᠶᠢᠨ ᠳᠠᠭᠤᠤ ᠶᠢᠨ ᠤᠷᠤᠯᠳᠤᠭᠠᠨ︾ ᠵᠡᠷᠭᠡ ᠰᠢᠷᠢᠰ ᠬᠥᠳᠡᠯᠭᠡᠭᠡᠨ ᠢ | ᠦᠷᠭᠦᠯᠵᠢᠯᠡᠨ ᠥᠷᠨᠢᠭᠦᠯᠬᠦ ᠪᠠᠷ ᠳᠠᠮᠵᠢᠵᠤ᠂ ︽ᠵᠢᠭᠤᠯᠴᠢᠯᠠᠯ + ᠰᠣᠶᠣᠯ︾ ᠢ ᠦᠷᠭᠦᠯᠵᠢᠯᠡᠨ ᠡᠷᠡᠭᠦᠯ ᠢᠶᠠᠷ ᠬᠥᠭᠵᠢᠭᠦᠯᠬᠦ ᠶᠢ ᠲᠦᠯᠬᠢᠨ ᠠᠬᠢᠭᠤᠯᠤᠨ᠎ᠠ᠃ ︽ | ᠤᠯᠤᠰ ᠤᠨ ᠰᠢᠨᠵᠢᠯᠡᠬᠦ ᠮᠡᠷᠭᠡᠵᠢᠯ ᠤᠨ ᠮᠠᠯ ᠠᠵᠤ ᠠᠬᠤᠢ ᠶᠢᠨ ᠲᠤᠷᠰᠢᠯᠲᠠ ᠶᠢᠨ ᠣᠷᠣᠨ︾ ᠢᠶᠠᠷ ᠲᠦᠰᠢᠭ ᠪᠣᠯᠭᠠᠵᠤ᠂ ᠭᠡᠷ ᠪᠦᠯᠢ ᠶᠢᠨ ᠲᠣᠭᠤᠷᠢᠨ ᠵᠤᠭᠠᠴᠠᠬᠤ | ᠮᠠᠯᠵᠢᠯ ᠤᠨ ᠲᠠᠯᠠᠪᠠᠢ ᠶᠢ ᠳᠡᠮᠵᠢᠨ ᠬᠥᠭᠵᠢᠭᠦᠯᠵᠦ᠂ ︽ᠵᠢᠭᠤᠯᠴᠢᠯᠠᠯ + ᠮᠠᠯ ᠠᠵᠤ ᠠᠬᠤᠢ︾ ᠶᠢ ᠭᠦᠨᠵᠡᠭᠡᠢ ᠠᠭᠤᠰᠤᠯᠴᠠᠭᠤᠯᠬᠤ ᠶᠢ ᠭᠦᠨᠵᠡᠭᠡᠢ ᠠᠬᠢᠭᠤᠯᠵᠤ᠂ | ᠬᠠᠷᠢᠯᠴᠠᠨ ᠨᠥᠯᠥᠭᠡᠯᠡᠨ ᠬᠥᠭᠵᠢᠭᠦᠯᠦᠨ᠎ᠡ᠃ ᠡᠯᠪᠡᠭ ᠪᠠᠶᠠᠯᠢᠭ ᠮᠣᠩᠭᠤᠯ ᠡᠮ ᠡᠮᠨᠡᠯᠭᠡ ᠶᠢᠨ ᠡᠬᠢ ᠰᠤᠷᠪᠤᠯᠵᠢ ᠳᠤ ᠲᠦᠰᠢᠭᠯᠡᠨ᠂ ᠮᠣᠩᠭᠤᠯ ᠡᠮ ᠡᠮᠨᠡᠯᠭᠡ ᠡᠷᠡᠭᠦᠯ | ᠵᠢᠭᠤᠯᠴᠢᠯᠠᠯ ᠤᠨ ᠨᠡᠷᠡᠲᠦ ᠲᠡᠮᠳᠡᠭ ᠢ ᠬᠥᠭᠵᠢᠭᠦᠯᠵᠦ᠂ ︽ᠵᠢᠭᠤᠯᠴᠢᠯᠠᠯ + ᠪᠡᠶ᠎ᠡ ᠴᠢᠭᠢᠷᠠᠭᠵᠢᠭᠤᠯᠵᠤ ᠰᠤᠪᠢᠯᠠᠬᠤ︾ ᠠᠵᠤ ᠦᠢᠯᠡᠰ ᠢ ᠪᠠᠶᠢᠭᠤᠯᠤᠨ᠎ᠠ᠃ ᠨᠢᠭᠡ | ᠪᠦᠯᠦᠭ ᠬᠤᠪᠢ ᠶᠢᠨ ᠮᠠᠰᠢᠨ ᠢᠶᠠᠷ ᠵᠤᠭᠠᠴᠠᠬᠤ ᠰᠠᠭᠤᠷᠢᠨ ᠭᠠᠵᠠᠷ ᠢ ᠲᠥᠯᠥᠪᠯᠡᠨ ᠪᠠᠶᠢᠭᠤᠯᠵᠤ᠂ ᠲᠠᠯ᠎ᠠ ᠨᠤᠲᠤᠭ ᠣᠢ ᠰᠢᠭᠤᠢ ᠶᠢᠨ ᠰᠣᠶᠣᠯ ᠤᠨ ᠵᠢᠭᠤᠯᠴᠢᠯᠠᠯ ᠢ | ᠶᠡᠬᠡᠪᠡᠷ ᠬᠥᠭᠵᠢᠭᠦᠯᠦᠨ᠎ᠡ᠃ ᠬᠤᠲᠠ ᠪᠠᠯᠭᠠᠰᠤᠨ ᠤ ᠵᠢᠭᠤᠯᠴᠢᠯᠠᠯ ᠤᠨ ᠦᠢᠯᠡᠴᠢᠯᠡᠭᠡᠨ ᠤ ᠲᠣᠨᠤᠭ ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ | ᠬᠤᠰᠢᠭᠤᠨ ᠤ 3A ᠳᠡᠰ ᠠᠴᠠ ᠳᠡᠭᠡᠭᠰᠢᠬᠢ ᠦᠵᠡᠮᠵᠢᠲᠦ ᠣᠷᠣᠨ ᠢ 7 ᠪᠣᠯᠭᠠᠨ ᠪᠠᠶᠢᠭᠤᠯᠵᠤ᠂ ᠣᠳᠣᠨ ᠳᠡᠰ ᠤᠨ ᠪᠠᠭᠤᠳᠠᠯ ᠢ ᠰᠢᠨ᠎ᠡ ᠪᠠᠷ ᠨᠢᠭᠡ ᠨᠡᠮᠡᠵᠦ᠂ | ᠣᠶᠤᠨᠴᠢ ᠵᠢᠭᠤᠯᠴᠢᠯᠠᠯ ᠢ ᠪᠦᠬᠦ ᠲᠠᠯ᠎ᠠ ᠪᠠᠷ ᠤᠶᠠᠯᠳᠤᠭᠤᠯᠵᠤ᠂ ᠠᠮᠤᠭᠤᠯᠠᠩ ᠪᠠᠯᠭᠠᠰᠤ ᠶᠢ ᠪᠦᠬᠦ ᠬᠤᠰᠢᠭᠤᠨ ᠤ ᠪᠠᠨ ᠵᠢᠭᠤᠯᠴᠢᠯᠠᠯ ᠤᠨ ᠲᠥᠪ ᠪᠣᠯᠭᠠᠨ᠎ᠠ᠃ | ᠬᠢᠯᠢ ᠠᠯᠤᠰᠯᠠᠭᠰᠠᠨ ᠵᠢᠭᠤᠯᠴᠢᠯᠠᠯ ᠤᠨ ᠠᠵᠤ ᠦᠢᠯᠡᠰ ᠢ ᠪᠦᠬᠦ ᠲᠠᠯ᠎ᠠ ᠪᠠᠷ ᠬᠦᠴᠦᠷᠬᠡᠭᠵᠢᠭᠦᠯᠦᠨ᠎ᠡ᠃ ᠬᠢ᠊ᠯᠢ ᠶᠢᠨ ᠳᠣᠲᠣᠨ᠎ᠠ ᠭᠠᠳᠠᠨᠠᠬᠢ ᠵᠢᠭᠤᠯᠴᠢᠯᠠᠯ ᠤᠨ | ᠡᠬᠢ ᠪᠠᠶᠠᠯᠢᠭ ᠢ ᠨᠢᠭᠡᠳᠬᠡᠵᠦ᠂ ᠬᠢᠯᠢ ᠠᠯᠤᠰᠯᠠᠭᠰᠠᠨ ᠵᠢᠭᠤᠯᠴᠢᠯᠠᠯ ᠤᠨ ᠬᠠᠮᠲᠤᠷᠠᠯᠴᠠᠭ᠎ᠠ ᠨᠡᠭᠡᠭᠡᠯᠲᠡ ᠶᠢᠨ ᠲᠥᠷᠥᠯ ᠵᠦᠢᠯ ᠢ ᠪᠦᠬᠦ ᠲᠠᠯ᠎ᠠ ᠪᠠᠷ ᠬᠡᠷᠡᠭᠵᠢᠭᠦᠯᠵᠦ᠂ | ᠵᠡᠭᠦᠨ ᠬᠤᠰᠢᠭᠤ — ᠬᠠᠯᠬ᠎ᠠ ᠭᠤᠣᠯ ᠰᠤᠮᠤ — ᠪᠣᠶᠢᠷ ᠨᠠᠭᠤᠷ ᠬᠦᠷᠬᠦ ᠬᠢᠯᠢ ᠠᠯᠤᠰᠯᠠᠭᠰᠠᠨ ᠵᠢᠭᠤᠯᠴᠢᠯᠠᠯ ᠤᠨ ᠬᠠᠮᠲᠤᠷᠠᠯᠴᠠᠭᠠᠨ ᠤ ᠣᠷᠣᠨ ᠤ ᠪᠦᠲᠦᠭᠡᠨ | ᠪᠠᠶᠢᠭᠤᠯᠤᠯᠲᠠ ᠶᠢ ᠢᠳᠡᠪᠬᠢᠲᠡᠢ ᠲᠦᠯᠬᠢᠨ ᠠᠬᠢᠭᠤᠯᠵᠤ᠂ ᠮᠣᠩᠭᠤᠯ ᠤᠯᠤᠰ ᠤᠨ ᠳᠣᠷᠣᠨᠠᠲᠤ ᠠᠶᠢᠮᠠᠭ ᠤᠨ ᠪᠦᠬᠦ ᠣᠷᠣᠨ ᠢᠶᠠᠷ ᠲᠣᠭᠤᠷᠢᠨ ᠵᠢᠭᠤᠯᠴᠢᠯᠠᠬᠤ ᠪᠠ | ᠪᠣᠭᠤᠮᠲᠠ ᠠᠯᠤᠰᠯᠠᠭᠰᠠᠨ ᠵᠢᠭᠤᠯᠴᠢᠯᠠᠯ ᠤᠨ ᠱᠤᠭᠤᠮ ᠢ ᠨᠡᠭᠡᠭᠡᠵᠦ᠂ ᠵᠤᠭᠠᠴᠠᠨ ᠠᠮᠠᠷᠠᠬᠤ᠂ ᠬᠢᠯᠢ ᠶᠢᠨ ᠭᠠᠳᠠᠨ᠎ᠠ ᠪᠡᠶᠡᠴᠢᠯᠡᠨ ᠣᠶᠢᠯᠠᠭᠠᠬᠤ᠂ ᠰᠡᠯᠡᠭᠦᠴᠡᠯ | ᠬᠤᠳᠠᠯᠳᠤᠭ᠎ᠠ ᠶᠢ ᠨᠢᠭᠡ ᠴᠣᠭᠴᠠᠵᠢᠭᠤᠯᠤᠭᠰᠠᠨ ᠬᠢᠯᠢ ᠠᠯᠤᠰᠯᠠᠬᠤ ᠵᠢᠭᠤᠯᠴᠢᠯᠠᠯ ᠤᠨ ᠪᠦᠲᠦᠭᠡᠭᠳᠡᠬᠦᠨ ᠢ ᠡᠭᠦᠳᠴᠦ᠂ ᠬᠢᠯᠢ ᠠᠯᠤᠰᠯᠠᠬᠤ ᠵᠤᠭᠠᠴᠠᠯ ᠤᠨ ᠥᠭᠡᠷ᠎ᠡ | ᠭᠠᠵᠠᠷ ᠸᠢᠰᠠ ᠭᠦᠢᠴᠡᠳᠬᠡᠬᠦ᠂ 72 ᠴᠠᠭ ᠳᠣᠲᠣᠷ᠎ᠠ ᠬᠢᠯᠢ ᠨᠡᠪᠲᠡᠷᠡᠬᠦ ᠸᠢᠰᠠ ᠶᠢᠨ ᠭᠠᠷ ᠭᠦᠢᠴᠡᠳᠬᠡᠯ ᠦᠯᠦ ᠬᠢᠬᠦ ᠵᠡᠷᠭᠡ ᠨᠡᠩ ᠣᠯᠠᠨ ᠪᠣᠭᠤᠮᠲᠠ ᠪᠠᠷ ᠨᠡᠪᠲᠡᠷᠡᠬᠦ | ᠳᠥᠭᠦᠮ ᠲᠥᠷᠥ ᠶᠢᠨ ᠪᠣᠳᠣᠯᠭ᠎ᠠ ᠶᠢ ᠪᠦᠬᠦ ᠬᠦᠴᠦᠨ ᠢᠶᠠᠷ ᠴᠢᠷᠮᠠᠶᠢᠨ ᠬᠡᠷᠡᠭᠵᠢᠭᠦᠯᠦᠨ᠎ᠡ᠃ | 2022 ᠣᠨ ᠪᠣᠯᠲᠠᠯ᠎ᠠ ᠨᠡᠶᠢᠲᠡ 309.9 ᠲᠦᠮᠡᠨ ᠬᠥᠮᠥᠨ ᠤᠳᠠᠭ᠎ᠠ ᠵᠣᠴᠢᠳ ᠢ ᠬᠦᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠶᠢ 23.2 | ᠳ᠋ᠦᠩᠰᠢᠭᠤᠷ ᠲᠥᠭᠦᠷᠢᠭ ᠲᠤ ᠬᠦᠷᠭᠡᠨ᠎ᠡ᠃ ᠬᠠᠶᠢᠯᠠᠷ᠂ ᠮᠠᠨᠵᠤᠤᠷ᠂ ᠷᠠᠰᠢᠶᠠᠨ ᠢᠶᠠᠷ ᠵᠢᠭᠤᠯᠴᠢᠯᠠᠬᠤ ᠲᠣᠭᠤᠷᠢᠭ ᠱᠤᠭᠤᠮ ᠤᠨ ᠭᠤᠣᠯ ᠴᠡᠭ ᠪᠣᠯᠵᠤ᠂ ᠬᠥᠯᠥᠨ | ᠪᠣᠶᠢᠷ ᠤᠨ ᠡᠮᠦᠨᠡᠲᠦ ᠬᠡᠰᠡᠭ ᠤᠨ ᠵᠢᠭᠤᠯᠴᠢᠯᠠᠯ ᠤᠨ ᠴᠢᠬᠤᠯᠠ ᠲᠥᠪ ᠭᠠᠵᠠᠷ ᠪᠣᠯᠭᠠᠨ᠎ᠠ᠃ | ︵ᠵᠢᠷᠭᠤᠭ᠎ᠠ︶ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠪᠠᠷ ᠭᠤᠣᠯ ᠡᠭᠦᠷᠭᠡ ᠪᠣᠯᠭᠠᠵᠤ᠂ ᠮᠠᠯ ᠠᠵᠤ ᠦᠢᠯᠡᠰ ᠤᠨ ᠬᠢᠷᠢ ᠲᠦᠪᠰᠢᠨ ᠢ | ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ︽ᠮᠠᠯ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠵᠦ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠮᠠᠯᠵᠢᠬᠤ | ᠣᠷᠣᠨ ᠤ ᠣᠷᠭᠠᠨᠢᠭ ᠪᠦᠲᠦᠭᠡᠭᠳᠡᠬᠦᠨ ᠢ ᠨᠡᠮᠡᠭᠳᠡᠭᠦᠯᠬᠦ︾ ᠬᠥᠭᠵᠢᠯᠲᠡ ᠶᠢᠨ ᠵᠠᠷᠴᠢᠮ ᠢᠶᠠᠷ᠂ ᠠᠵᠤ ᠦᠢᠯᠡᠰ ᠢᠶᠠᠷ ᠰᠠᠭᠤᠷᠢ ᠪᠣᠯᠭᠠᠨ᠂ ᠨᠡᠷᠡᠲᠦ ᠲᠡᠮᠳᠡᠭ ᠢᠶᠠᠷ | ᠪᠠᠲᠤᠯᠠᠭ᠎ᠠ ᠪᠣᠯᠭᠠᠵᠤ᠂ ᠣᠳᠣ ᠦᠶ᠎ᠡ ᠶᠢᠨ ᠮᠠᠯ ᠠᠵᠤ ᠠᠬᠤᠢ ᠶᠢᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ | ᠮ᠊ᠠᠯ ᠠᠵᠤ ᠠᠬᠤᠢ ᠶᠢᠨ ᠠᠵᠤ ᠦᠢᠯᠡᠰ ᠤᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠦᠨ᠎ᠡ᠃ 1.5 ᠳ᠋ᠦᠩᠰᠢᠭᠤᠷ ᠲᠥᠭᠦᠷᠢᠭ ᠪᠡᠯᠡ ᠣᠷᠣᠭᠤᠯᠵᠤ᠂ | ᠴᠢᠨᠠᠷ ᠰᠠᠶᠢᠲᠠᠢ ᠮᠢᠬᠠᠨ ᠤ ᠦᠬᠡᠷ ᠮᠢᠬᠠᠨ ᠤ ᠬᠤᠨᠢ ᠲᠡᠵᠢᠭᠡᠬᠦ ᠰᠠᠭᠤᠷᠢᠨ ᠭᠠᠵᠠᠷ᠂ ᠭᠠᠮᠰᠢᠭ ᠢ ᠡᠰᠡᠷᠭᠦᠴᠡᠬᠦ ᠲᠡᠵᠢᠭᠡᠯ ᠪᠣᠷᠳᠤᠭ᠎ᠠ ᠨᠥᠭᠡᠴᠡᠯᠡᠬᠦ ᠰᠠᠭᠤᠷᠢᠨ ᠭᠠᠵᠠᠷ | ᠪᠣᠯᠣᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠪᠣᠯᠪᠠᠰᠤᠷᠠᠭᠤᠯᠵᠤ ᠭᠠᠷᠭᠠᠬᠤ ᠰᠠᠭᠤᠷᠢᠨ ᠭᠠᠵᠠᠷ ᠢ ᠬᠦᠴᠦᠯᠡᠨ ᠪᠠᠶᠢᠭᠤᠯᠵᠤ᠂ ᠬᠥᠯᠥᠨ ᠪᠣᠶᠢᠷ | ᠤᠨ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠳᠡᠭᠡᠳᠦ ᠳᠡᠰ ᠤᠨ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠣᠷᠣᠨ ᠪᠣᠯᠣᠨ ᠲᠡᠵᠢᠭᠡᠯ ᠪᠣᠷᠳᠣᠭᠠᠨ ᠤ ᠠᠵᠤ | ᠦᠢᠯᠡᠰ ᠤᠨ ᠲᠠᠷᠢᠵᠤ ᠤᠷᠭᠤᠭᠤᠯᠬᠤ ᠣᠷᠣᠨ ᠢ ᠲᠥᠯᠥᠪᠯᠡᠨ ᠪᠠᠶᠢᠭᠤᠯᠤᠨ᠎ᠠ᠃ ᠨᠤᠲᠤᠭ ᠪᠡᠯᠴᠢᠭᠡᠷ ᠤᠨ ᠡᠷᠬᠡ ᠶᠢ ᠰᠢᠯᠵᠢᠭᠦᠯᠦᠨ ᠬᠡᠷᠡᠭᠯᠡᠬᠦ ᠬᠦᠴᠦᠯᠡᠴᠡ ᠪᠠᠨ | ᠴᠢᠩᠭᠠᠳᠬᠠᠵᠤ᠂ ᠣᠯᠠᠨ ᠲᠥᠷᠥᠯ ᠤᠨ ᠵᠣᠬᠢᠰᠲᠠᠢ ᠬᠡᠪᠴᠢᠶᠡᠲᠦ ᠡᠵᠡᠩᠨᠡᠯᠲᠡ ᠶᠢ ᠢᠳᠡᠪᠬᠢᠲᠡᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠰᠢᠨᠵᠢᠯᠡᠬᠦ ᠮᠡᠷᠭᠡᠵᠢᠯ | ᠢᠶᠠᠷ ᠰᠢᠨ᠎ᠡ ᠶᠢ ᠡᠭᠦᠳᠬᠦ ᠪᠣᠯᠣᠨ ᠦᠢᠯᠡᠴᠢᠯᠡᠭᠡᠨ ᠤ ᠰᠢᠰᠲ᠋ᠧᠮ ᠢ ᠪᠦᠷᠢᠨ ᠲᠡᠭᠦᠯᠳᠡᠷᠵᠢᠭᠦᠯᠵᠦ᠂ ᠮᠠᠯ ᠠᠵᠤ ᠠᠬᠤᠢ ᠶᠢᠨ ᠰᠢᠨᠵᠢᠯᠡᠬᠦ ᠮᠡᠷᠭᠡᠵᠢᠯ ᠤᠨ ᠳᠠᠪᠰᠢᠯᠲᠠ | ᠶᠢᠨ ᠬᠤᠪᠢ ᠨᠡᠮᠡᠭᠦᠷᠢ ᠶᠢᠨ ᠨᠤᠷᠮ᠎ᠠ ᠶᠢ 80% ᠠᠴᠠ ᠳᠡᠭᠡᠭᠰᠢ ᠪᠣᠯᠭᠠᠨ᠎ᠠ᠃ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ | ᠰᠠᠶᠢᠲᠤᠷ ᠬᠢᠵᠦ᠂ ᠭᠠᠮᠰᠢᠭ ᠢ ᠡᠰᠡᠷᠭᠦᠴᠡᠵᠦ ᠭᠠᠮᠰᠢᠭ ᠠᠴᠠ ᠰᠡᠷᠭᠡᠶᠢᠯᠡᠬᠦ ᠰᠠᠭᠤᠷᠢ ᠲᠥᠬᠦᠭᠡᠷᠦᠮᠵᠢ ᠶᠢ ᠤᠯᠠᠮ ᠴᠢᠩᠭᠠᠳᠬᠠᠨ᠎ᠠ᠃ | ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ᠃ ᠮᠠ᠊ᠯ ᠠᠵᠤ | ᠠᠬᠤᠢ ᠶᠢᠨ ᠡᠵᠡᠩᠨᠡᠯᠲᠡ ᠶᠢᠨ ᠠᠷᠭ᠎ᠠ ᠬᠡᠯᠪᠡᠷᠢ ᠶᠢ ᠲᠦᠷᠭᠡᠨ ᠬᠤᠪᠢᠷᠠᠭᠤᠯᠵᠤ᠂ ︽ᠠᠵᠤ ᠠᠬᠤᠶᠢᠯᠠᠯ + ᠰᠠᠭᠤᠷᠢᠨ ᠭᠠᠵᠠᠷ + ᠬᠤᠷᠰᠢᠶᠠᠵᠢᠯ +᠂ ᠮᠠᠯᠵᠢᠬᠤ | ᠡᠷᠦᠬᠡ︾ ᠬᠡᠯᠪᠡᠷᠢ ᠶᠢᠨ ᠲᠤᠰᠬᠠᠢ ᠬᠤᠷᠰᠢᠶᠠᠵᠢᠯ ᠢ ᠬᠦᠴᠦᠯᠡᠨ ᠬᠥᠭᠵᠢᠭᠦᠯᠵᠦ᠂ ᠠᠵᠤ ᠠᠬᠤᠶᠢᠯᠠᠯ ᠬᠢᠭᠡᠳ ᠮᠠᠯᠴᠢᠳ ᠤᠨ ᠰᠢᠨᠵᠢᠯᠡᠬᠦ ᠤᠬᠠᠭᠠᠨᠴᠢ ᠠᠰᠢᠭ ᠲᠤᠰᠠ | ᠶᠢᠨ ᠬᠤᠯᠪᠣᠯᠳᠤᠯ ᠤᠨ ᠲᠣᠭᠲᠠᠴᠠ ᠶᠢ ᠢᠳᠡᠪᠬᠢᠲᠡᠢ ᠪᠠᠶᠢᠭᠤᠯᠵᠤ᠂ ᠠᠰᠢᠭ ᠲᠤᠰᠠ ᠶᠢ ᠬᠠᠮᠲᠤ ᠪᠠᠷ ᠬᠦᠷᠲᠡᠬᠦ᠂ ᠬᠠᠮᠲᠤ ᠪᠠᠷ ᠡᠳ᠋ᠯᠡᠬᠦ᠂ ᠠᠶᠤᠯ ᠲᠦᠭᠰᠢᠭᠦᠷᠢ ᠶᠢ | ᠬᠠᠮᠲᠤ ᠪᠠᠷ ᠡᠭᠦᠷᠭᠡᠯᠡᠬᠦ ᠠᠵᠤ ᠠᠬᠤᠢ ᠶᠢᠨ ᠬᠠᠮᠲᠤ ᠶᠢᠨ ᠴᠣᠭᠴᠠ ᠶᠢ ᠪᠦᠷᠢᠯᠳᠦᠭᠦᠯᠦᠨ᠎ᠡ᠃ ︽ᠢᠨᠲ᠋ᠧᠷ ᠰᠦᠯᠵᠢᠶ᠎ᠡ +︾ ᠬᠢᠭᠡᠳ ᠮᠠᠯ ᠠᠵᠤ ᠠᠬᠤᠢ ᠶᠢ | ᠭᠦᠨᠵᠡᠭᠡᠢ ᠤᠶᠠᠯᠳᠤᠭᠤᠯᠵᠤ᠂ ᠢᠨᠲ᠋ᠧᠷ ᠰᠦᠯᠵᠢᠶ᠎ᠡ ᠪᠠᠷ ᠡᠵᠡᠩᠨᠡᠨ ᠪᠣᠷᠣᠯᠠᠭᠤᠯᠬᠤ ᠬᠡᠯᠪᠡᠷᠢ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠡᠯᠧᠺᠲᠷᠤᠨ | ᠬᠤᠳᠠᠯᠳᠤᠭᠠᠨ ᠤ ᠬᠡᠷᠡᠭᠯᠡᠭᠡᠨ ᠤ ᠲᠦᠭᠡᠮᠡᠯᠵᠢᠯᠲᠡ ᠶᠢᠨ ᠨᠤᠷᠮ᠎ᠠ ᠶᠢ 30% ᠳᠤ ᠬᠦᠷᠭᠡᠵᠦ᠂ ᠲᠣᠣᠷ ᠰᠦᠯᠵᠢᠶᠡᠨ ᠤ ᠪᠣᠷᠣᠯᠠᠭᠤᠯᠤᠯᠲᠠ ᠶᠢᠨ ᠬᠡᠮᠵᠢᠶ᠎ᠡ ᠶᠢ 2000 | ᠲᠦᠮᠡᠨ ᠲᠥᠭᠦᠷᠢᠭ ᠠᠴᠠ ᠳᠡᠭᠡᠭᠰᠢ ᠳᠤ ᠬᠦᠷᠭᠡᠵᠦ᠂ ᠮᠠᠯ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠵᠦ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ | ᠴᠢᠬᠤᠯᠠ ᠲᠤᠯᠭᠠᠭᠤᠷᠢᠯᠠᠯ ᠪᠣᠯᠭᠠᠨ᠎ᠠ᠃ | ᠨᠡᠷᠡᠲᠦ ᠲᠡᠮᠳᠡᠭᠵᠢᠭᠦᠯᠦᠯᠲᠡ ᠶᠢᠨ ᠠᠬᠢᠴᠠ ᠶᠢ ᠤᠯᠠᠮ ᠨᠢᠭᠡ ᠠᠯᠬᠤᠮ ᠲᠦᠷᠭᠡᠳᠬᠡᠨ᠎ᠡ᠃ 2.4 ᠳ᠋ᠦᠩᠰᠢᠭᠤᠷ ᠲᠥᠭᠦᠷᠢᠭ ᠪᠡᠯᠡ ᠣᠷᠣᠭᠤᠯᠵᠤ᠂ ᠣᠷᠣᠨ | ᠨᠤᠲᠤᠭ ᠤᠨ ᠲᠣᠯᠣᠭᠠᠶᠢᠯᠠᠭᠴᠢ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ 30 ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ | ᠰᠠᠭᠤᠷᠢᠨ ᠭᠠᠵᠠᠷ ᠢ ᠲᠥᠯᠥᠪᠯᠡᠨ ᠪᠠᠶᠢᠭᠤᠯᠵᠤ᠂ ᠵᠢᠯ ᠳᠤ 60 ᠲᠦᠮᠡᠨ ᠲᠣᠯᠣᠭᠠᠢ ᠮᠠᠯ ᠨᠢᠲᠤᠯᠵᠤ᠂ ᠦᠢᠯᠡᠳᠬᠦᠨ ᠤ ᠨᠡᠮᠡᠭᠳᠡᠯ ᠥᠷᠲᠡᠭ ᠢ ᠨᠡᠮᠡᠭᠳᠡᠭᠦᠯᠦᠨ᠎ᠡ᠃ | ᠮᠠᠯ ᠰᠦᠷᠦᠭ ᠤᠨ ᠪᠦᠲᠦᠴᠡ ᠶᠢ ᠰᠢᠯᠢᠳᠡᠭᠵᠢᠭᠦᠯᠦᠨ᠂ ᠪᠤᠲᠠ ᠮᠠᠯ ᠢ ᠨᠡᠮᠡᠭᠳᠡᠭᠦᠯᠵᠦ᠂ ᠪᠣᠭ ᠮᠠᠯ ᠢ ᠪᠠᠭᠠᠰᠬᠠᠨ᠂ ᠰᠢᠮᠧᠨ᠋ᠲᠷ᠂ ᠠᠩᠭᠧᠰ᠂ ᠭᠤᠷᠪᠠᠨ ᠭᠤᠣᠯ ᠤᠨ | ᠦᠬᠡᠷ ᠢ ᠲᠡᠵᠢᠭᠡᠨ ᠦᠷᠡᠵᠢᠭᠦᠯᠬᠦ ᠬᠡᠪᠴᠢᠶᠡᠵᠢᠯ ᠢ ᠤᠯᠠᠮ ᠨᠢᠭᠡ ᠠᠯᠬᠤᠮ ᠥᠷᠭᠡᠳᠬᠡᠵᠦ᠂ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ | ᠪᠣᠯᠣᠨ ᠮᠥᠷᠳᠡᠬᠦ ᠰᠢᠰᠲ᠋ᠧᠮ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠪᠣᠬᠢᠷᠲᠤᠯ ᠦᠭᠡᠢ᠂ ᠣᠷᠭᠠᠨᠢᠭ ᠮᠠᠯ ᠤᠨ ᠠᠰᠢᠭ ᠰᠢᠮ᠎ᠡ ᠶᠢᠨ | ᠭᠠᠷᠤᠯᠲᠠ ᠶᠢᠨ ᠬᠡᠮᠵᠢᠶ᠎ᠡ ᠶᠢ 30% ᠠᠴᠠ ᠳᠡᠭᠡᠭᠰᠢ ᠳᠤ ᠬᠦᠷᠭᠡᠨ᠎ᠡ᠃ | 2022 ᠣᠨ ᠪᠣᠯᠲᠠᠯ᠎ᠠ᠂ ᠪᠦᠬᠦ ᠬᠤᠰᠢᠭᠤᠨ ᠳᠤ 1200 ᠡᠷᠦᠬᠡ ᠭᠡᠷ ᠪᠦᠯᠢ ᠶᠢᠨ ᠠᠮᠢ ᠠᠬᠤᠢ ᠶᠢᠨ ᠮᠡᠯᠵᠢᠯ ᠤᠨ ᠲᠠᠯᠠᠪᠠᠢ ᠶᠢ ᠳᠠᠩᠰᠠᠯᠠᠵᠤ᠂ ᠬᠠᠳᠤᠯᠠᠩ | ᠪᠡᠯᠴᠢᠭᠡᠷ ᠢ ᠰᠢᠯᠵᠢᠭᠦᠯᠦᠨ ᠬᠡᠷᠡᠭᠯᠡᠬᠦ ᠲᠠᠯᠠᠪᠠᠢ᠂ ᠵᠠᠬᠢᠶᠠᠯᠠᠭ᠎ᠠ ᠶᠢᠨ ᠮᠠᠯ ᠠᠵᠤ ᠠᠬᠤᠢ ᠶᠢ ᠲᠤᠰ ᠲᠤᠰ 600 ᠲᠦᠮᠡᠨ ᠮᠦ ᠪᠣᠯᠣᠨ 20 ᠲᠦᠮᠡᠨ ᠲᠣᠯᠣᠭᠠᠢ ᠠᠴᠠ | ᠳᠡᠭᠡᠭᠰᠢ ᠳᠤ ᠬᠦᠷᠭᠡᠵᠦ᠂ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠬᠢᠷᠢ ᠲᠦᠪᠰᠢᠨ ᠪᠣᠯᠣᠨ ᠮᠠᠯ ᠤᠨ ᠠᠰᠢᠭ ᠰᠢᠮ᠎ᠡ ᠶᠢ ᠪᠣᠯᠪᠠᠰᠤᠷᠠᠭᠤᠯᠤᠨ | ᠡᠳ᠋ᠰᠢᠭᠦᠯᠬᠦ ᠨᠤᠷᠮ᠎ᠠ ᠶᠢ ᠲᠤᠰ ᠲᠤᠰ 82% ᠪᠣᠯᠣᠨ 65% ᠠᠴᠠ ᠳᠡᠭᠡᠭᠰᠢ ᠳᠤ ᠬᠦᠷᠭᠡᠵᠦ᠂ ᠠᠵᠤ ᠦᠢᠯᠡᠰᠵᠢᠯᠲᠡ ᠶᠢᠨ ᠬᠢᠷᠢ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ | ︵ᠳᠣᠯᠤᠭ᠎ᠠ︶ ᠰᠠᠭᠤᠷᠢ ᠲᠥᠬᠦᠭᠡᠷᠦᠮᠵᠢ ᠪᠠᠷ ᠭᠤᠣᠯ ᠲᠤᠯᠭᠠᠭᠤᠷᠢ ᠪᠣᠯᠭᠠᠵᠤ᠂ ᠬᠤᠲᠠ ᠬᠥᠳᠡᠭᠡ ᠶᠢᠨ ᠵᠣᠬᠢᠴᠠᠩᠭᠤᠢ ᠬᠥᠭᠵᠢᠯᠲᠡ ᠶᠢ ᠪᠦᠬᠦ ᠲᠠᠯ᠎ᠠ ᠪᠠᠷ | ᠠᠬᠢᠭᠤᠯᠤᠨ᠎ᠠ᠃ ᠬᠥᠮᠥᠨᠢᠶ᠋ᠡᠷ ᠦᠨᠳᠦᠰᠦ ᠪᠣᠯᠭᠠᠬᠤ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠠᠬᠢᠴᠠ ᠶᠢ ᠶᠡᠬᠡᠪᠡᠷ ᠲᠦᠯᠬᠢᠨ ᠠᠬᠢᠭᠤᠯᠵᠤ᠂ ᠰᠠᠭᠤᠷᠢ | ᠲᠥᠬᠦᠭᠡᠷᠦᠮᠵᠢ ᠶᠢᠨ ᠦᠢᠯᠡᠴᠢᠯᠡᠭᠡᠨ ᠤ ᠲᠣᠣᠷ ᠢ ᠮᠠᠯᠵᠢᠬᠤ ᠣᠷᠣᠨ ᠳᠤ ᠪᠦᠷᠬᠦᠭᠦᠯᠵᠦ᠂ ᠮᠠᠯᠴᠢᠳ ᠪᠠ ᠰᠠᠭᠤᠭᠠᠯᠢ ᠠᠷᠠᠳ ᠲᠤ ᠰᠢᠨ᠎ᠡ ᠮᠠᠯᠵᠢᠬᠤ ᠣᠷᠣᠨ ᠤ | ᠬᠥᠭᠵᠢᠯᠲᠡ ᠬᠤᠪᠢᠷᠠᠯᠲᠠ ᠶᠢ ᠦᠨᠡᠨ ᠬᠦ ᠡᠳ᠋ᠯᠡᠭᠦᠯᠦᠨ᠎ᠡ᠃ | ᠰᠢ᠊ᠨᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠤᠨ᠎ᠠ᠃ ᠠᠮ᠊ ᠢ ᠠᠬᠤᠢ ᠪᠣᠯᠣᠨ ᠦᠨᠳᠦᠰᠦᠲᠡᠨ ᠤ ᠣᠷᠣᠨ ᠪᠦᠰᠡ | ᠶᠢᠨ ᠣᠨᠴᠠᠯᠢᠭ ᠢ ᠲᠣᠪᠣᠶᠢᠯᠭᠠᠵᠤ᠂ ᠬᠤᠲᠠ ᠪᠠᠯᠭᠠᠰᠤᠨ ᠤ ᠬᠥᠭᠵᠢᠯᠲᠡ ᠶᠢᠨ ᠲᠥᠯᠥᠪᠵᠢᠭᠦᠯᠭᠡ ᠶᠢ ᠲᠡᠭᠦᠯᠳᠡᠷᠵᠢᠭᠦᠯᠵᠦ᠂ ᠥᠭᠡᠷᠡᠴᠢᠯᠡᠨ ᠪᠠᠶᠢᠭᠤᠯᠬᠤ ᠬᠦᠴᠦᠯᠡᠴᠡ | ᠪᠠᠨ ᠴᠢᠩᠭᠠᠳᠬᠠᠵᠤ᠂ ᠦᠨᠳᠦᠰᠦᠲᠡᠨ ᠤ ᠰᠣᠶᠣᠯ ᠲᠠᠮᠢᠷ ᠤᠨ ᠬᠥᠭᠵᠢᠯᠲᠡ ᠶᠢᠨ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠢ ᠪᠠᠶᠢᠭᠤᠯᠤᠨ ᠲᠡᠭᠦᠯᠳᠡᠷᠵᠢᠭᠦᠯᠬᠦ | ᠶᠢ ᠠᠬᠢᠭᠤᠯᠵᠤ᠂ ᠮᠣᠩᠭᠤᠯ ᠣᠨᠴᠠᠯᠢᠭ ᠢ ᠬᠠᠷᠠᠭᠤᠯᠤᠭᠰᠠᠨ᠂ ᠴᠢᠯᠦᠭᠡᠲᠦ ᠨᠡᠭᠡᠭᠡᠯᠲᠡ ᠬᠢᠬᠦ ᠳᠠᠪᠠᠭᠤᠯᠢᠭ ᠢ ᠪᠦᠷᠢᠯᠳᠦᠭᠦᠯᠦᠭᠰᠡᠨ ᠬᠤᠲᠠ ᠬᠥᠳᠡᠭᠡ ᠶᠢ ᠨᠢᠭᠡᠳᠦᠯᠲᠡᠢ | ᠲᠥᠯᠥᠪᠯᠡᠨ ᠬᠥᠭᠵᠢᠭᠦᠯᠬᠦ ᠲᠠᠪᠴᠠᠩ ᠢ ᠪᠠᠶᠢᠭᠤᠯᠤᠨ᠎ᠠ᠃ 8 ᠳ᠋ᠦᠩᠰᠢᠭᠤᠷ ᠲᠥᠭᠦᠷᠢᠭ ᠪᠡᠯᠡ ᠣᠷᠣᠭᠤᠯᠵᠤ᠂ ᠬᠤᠲᠠ ᠶᠢᠨ ᠶᠠᠪᠤᠳᠠᠯ ᠤᠨ ᠢᠵᠢ ᠲᠦᠭᠦᠷᠵᠢᠭᠰᠡᠨ | ᠲᠣᠨᠤᠭ ᠲᠥᠬᠦᠭᠡᠷᠦᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠤᠰᠤ ᠬᠠᠩᠭᠠᠵᠤ ᠵᠠᠯᠠᠬᠤ᠂ ᠴᠠᠬᠢᠯᠭᠠᠨ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ | ᠳᠡᠭᠡᠭᠰᠢᠯᠡᠭᠦᠯᠵᠦ᠂ ᠰᠢᠨ᠎ᠡ ᠳᠤᠯᠠᠭᠠᠯᠠᠭ᠎ᠠ ᠶᠢᠨ ᠴᠡᠭ ᠤᠨ ᠪᠠᠶᠢᠭᠤᠯᠤᠯᠲᠠ ᠶᠢ ᠡᠬᠢᠯᠡᠭᠦᠯᠵᠦ᠂ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠠᠮᠤᠷ ᠲᠦᠪᠰᠢᠨ ᠢ ᠦᠨᠡᠨᠬᠦ | ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ ᠤ ᠣᠢ ᠴᠡᠴᠡᠷᠯᠢᠭᠲᠦ ᠬᠤᠲᠠ ᠪᠠᠯᠭᠠᠰᠤ ᠶᠢ ᠢᠳᠡᠪᠬᠢᠲᠡᠢ ᠡᠭᠦᠳᠦᠨ ᠪᠠᠶᠢᠭᠤᠯᠵᠤ᠂ ᠠᠮᠤᠭᠤᠯᠠᠩ ᠤᠨ ᠨᠤᠭᠤ ᠭᠠᠵᠠᠷ | ᠤᠨ ᠴᠡᠴᠡᠷᠯᠢᠭ ᠢ ᠪᠠᠶᠢᠭᠤᠯᠵᠤ᠂ ᠴᠡᠴᠡᠷᠯᠢᠭ ᠢ ᠨᠣᠭᠤᠭᠠᠷᠠᠭᠤᠯᠬᠤ᠂ ᠪᠠᠯᠭᠠᠰᠤ ᠲᠡᠭᠦᠷᠭᠡ ᠶᠢᠨ ᠦᠵᠡᠮᠵᠢ ᠶᠢ ᠰᠠᠶᠢᠵᠢᠷᠠᠭᠤᠯᠬᠤ ᠪᠠ ᠭᠡᠷᠡᠯᠲᠦᠭᠦᠯᠬᠦ ᠢᠨᠵᠧᠨᠧᠷᠢᠩ ᠢ | ᠬᠡᠷᠡᠭᠵᠢᠭᠦᠯᠦᠨ᠎ᠡ᠃ ᠳᠥᠭᠦᠮ ᠪᠦᠲᠦᠴᠡᠲᠦ ᠣᠷᠣᠨ ᠰᠠᠭᠤᠴᠠ ᠶᠢ ᠥᠭᠡᠷᠡᠴᠢᠯᠡᠬᠦ ᠬᠦᠴᠦᠯᠡᠴᠡ ᠪᠠᠨ ᠴᠢᠩᠭᠠᠳᠬᠠᠵᠤ᠂ ᠪᠠᠲᠤᠯᠠᠭ᠎ᠠ ᠶᠢᠨ ᠴᠢᠨᠠᠷᠲᠠᠢ ᠭᠡᠷ ᠪᠠᠶᠢᠰᠢᠩ | ᠪᠣᠯᠣᠨ ᠳᠡᠭᠡᠳᠦ ᠳᠡᠰ ᠤᠨ ᠲᠠᠸᠠᠷ ᠤᠨ ᠭᠡᠷ ᠪᠠᠶᠢᠰᠢᠩ ᠢ ᠨᠢᠭᠡ ᠴᠣᠭᠴᠠᠵᠢᠭᠤᠯᠤᠭᠰᠠᠨ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ ᠢ ᠪᠦᠷᠢᠯᠳᠦᠭᠦᠯᠦᠨ᠎ᠡ᠃ | ᠬᠠᠮᠢᠶᠠᠷᠤᠯᠲᠠ ᠬᠢᠭᠡᠳ ᠪᠦᠲᠦᠭᠡᠨ ᠪᠠᠶᠢᠭᠤᠯᠤᠯᠲᠠ ᠶᠢ ᠵᠡᠷᠭᠡᠪᠡᠷ ᠴᠢᠬᠤᠯᠠᠴᠢᠯᠠᠬᠤ ᠵᠠᠷᠴᠢᠮ ᠢ ᠪᠠᠷᠢᠮᠲᠠᠯᠠᠵᠤ᠂ ᠬᠤᠲᠠ ᠪᠠᠯᠭᠠᠰᠤᠨ ᠤ ᠬᠠᠮᠢᠶᠠᠷᠤᠯᠲᠠ ᠶᠢᠨ ᠪᠠᠶᠢᠭᠤᠯᠤᠯ | ᠤᠨ ᠰᠢᠨ᠎ᠡ ᠶᠢ ᠡᠭᠦᠳᠴᠦ᠂ ᠠᠷᠢᠭᠤᠨ ᠴᠡᠪᠡᠷ᠂ ᠡᠮᠬᠢ ᠵᠠᠮᠪᠠᠷᠠᠭ᠎ᠠ ᠲᠠᠢ᠂ ᠪᠣᠯᠪᠠᠰᠤᠨ ᠬᠤᠲᠠ ᠪᠠᠯᠭᠠᠰᠤᠨ ᠤ ᠣᠷᠴᠢᠨ ᠲᠣᠭᠤᠷᠢᠨ ᠢ ᠪᠣᠢ ᠪᠣᠯᠭᠠᠨ᠎ᠠ᠃ | ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ | ᠴᠠᠬᠢᠯᠭᠠᠨ ᠬᠦᠴᠦᠨ ᠵᠡᠷᠭᠡ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠪᠠᠷ ᠭᠤᠣᠯᠳᠠᠯᠭ᠎ᠠ ᠪᠣᠯᠭᠠᠵᠤ᠂ ᠬᠥᠭᠵᠢᠯᠲᠡ ᠳᠤ ᠵᠣᠬᠢᠴᠠᠭᠰᠠᠨ᠂ | ᠲᠣᠬᠢᠷᠠᠮᠵᠢᠲᠤ ᠳᠠᠪᠰᠢᠭᠰᠠᠨ ᠰᠠᠭᠤᠷᠢ ᠲᠥᠬᠦᠭᠡᠷᠦᠮᠵᠢ ᠶᠢᠨ ᠲᠣᠣᠷ ᠰᠦᠯᠵᠢᠶᠡᠨ ᠤ ᠰᠢᠰᠲ᠋ᠧᠮ ᠢ ᠪᠠᠶᠢᠭᠤᠯᠤᠨ᠎ᠠ᠃ 66 ᠳ᠋ᠦᠩᠰᠢᠭᠤᠷ ᠲᠥᠭᠦᠷᠢᠭ ᠠᠴᠠ ᠳᠡᠭᠡᠭᠰᠢ | ᠪᠡᠯᠡ ᠣᠷᠣᠭᠤᠯᠵᠤ ᠣᠳᠣᠬᠢᠴᠢᠯᠠᠭᠰᠠᠨ ᠵᠠᠮ ᠬᠠᠷᠢᠯᠴᠠᠭᠠᠨ ᠤ ᠰᠦᠯᠵᠢᠶ᠎ᠡ ᠶᠢᠨ ᠪᠠᠶᠢᠭᠤᠯᠤᠯᠲᠠ ᠶᠢ ᠲᠦᠷᠭᠡᠳᠬᠡᠵᠦ᠂ ᠬᠤᠰᠢᠭᠤᠨ ᠤ ᠥᠨᠳᠥᠷ ᠬᠤᠷᠳᠤᠴᠠᠲᠤ ᠵᠠᠮ᠂ | ᠡᠯ᠎ᠡ ᠰᠤᠮᠤ ᠪᠠᠯᠭᠠᠰᠤᠨ ᠤ ᠳᠡᠭᠡᠳᠦ ᠳᠡᠰ ᠤᠨ ᠵᠠᠰᠠᠮᠠᠯ ᠵᠠᠮ᠂ 70% ᠶᠢᠨ ᠭᠠᠴᠠᠭᠠᠨ ᠤ ᠴᠠᠷᠳᠠᠮᠠᠯ ᠵᠠᠮ ᠨᠡᠪᠲᠡᠷᠡᠭᠦᠯᠬᠦ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ | ᠃ 1.8 ᠳ᠋ᠦᠩᠰᠢᠭᠤᠷ ᠲᠥᠭᠦᠷᠢᠭ ᠪᠡᠯᠡ ᠣᠷᠣᠭᠤᠯᠵᠤ᠂ ᠠᠮᠤᠷ ᠲᠦᠪᠰᠢᠨ ᠤᠤᠭᠤᠬᠤ ᠤᠰᠤᠨ ᠤ ᠢᠨᠵᠧᠨᠧᠷᠢᠩ ᠢ ᠠᠬᠢᠭᠤᠯᠵᠤ᠂ 5 ᠲᠥᠪᠯᠡᠷᠡᠭᠦᠯᠦᠨ ᠤᠰᠤ | ᠬᠠᠩᠭᠠᠬᠤ ᠢᠨᠵᠧᠨᠧᠷᠢᠩ ᠪᠣᠯᠣᠨ 957 ᠤᠰᠤ ᠬᠠᠩᠭᠠᠬᠤ ᠰᠠᠭᠤᠷᠢ ᠬᠤᠳᠳᠤᠭ ᠢ ᠰᠢᠨ᠎ᠡ ᠪᠠᠷ ᠮᠠᠯᠲᠠᠵᠤ᠂ ᠠᠶᠢᠯ ᠡᠷᠦᠬᠡ ᠪᠠᠷ ᠤᠰᠤ ᠰᠠᠶᠢᠵᠢᠷᠠᠭᠤᠯᠬᠤ 2147 | ᠢᠵᠢ ᠲᠣᠨᠤᠭ ᠲᠥᠬᠦᠭᠡᠷᠦᠮᠵᠢ ᠶᠢ ᠲᠥᠯᠥᠪᠯᠡᠨ ᠤᠭᠰᠠᠷᠠᠨ᠎ᠠ᠃1.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠦᠴᠦᠳᠡᠯ ᠥᠭᠡᠷᠡᠴᠢᠯᠡᠬᠦ ᠥᠷᠲᠡᠭᠡ | ᠪᠣᠯᠣᠨ ᠭᠤᠣᠯ ᠴᠠᠬᠢᠯᠭᠠᠨ ᠲᠣᠣᠷ ᠤᠨ ᠪᠦᠲᠦᠴᠡ ᠶᠢᠨ ᠪᠠᠶᠢᠭᠤᠯᠤᠯᠲᠠ ᠶᠢ ᠲᠦᠷᠭᠡᠳᠬᠡᠵᠦ᠂ ᠰᠠᠯᠬᠢ ᠭᠡᠷᠡᠯ ᠤᠨ ᠡᠨᠧᠷᠭᠢ ᠶᠢ ᠬᠠᠷᠢᠯᠴᠠᠨ ᠨᠥᠬᠦᠪᠦᠷᠢᠯᠡᠵᠦ | ᠴᠠᠬᠢᠯᠭᠠᠨ ᠬᠠᠩᠭᠠᠬᠤ ᠴᠢᠳᠠᠪᠤᠷᠢ ᠶᠢᠨ ᠵᠡᠷᠭᠡ ᠳᠡᠰ ᠪᠣᠯᠣᠨ ᠪᠠᠲᠤᠯᠠᠭ᠎ᠠ ᠶᠢ ᠳᠡᠭᠡᠭᠰᠢᠯᠡᠭᠦᠯᠵᠦ᠂ ᠴᠠᠬᠢᠯᠭᠠᠨ ᠬᠦᠴᠦᠨ ᠢ ᠭᠠᠳᠠᠭᠰᠢ ᠳᠠᠮᠵᠢᠭᠤᠯᠬᠤ ᠪᠠᠶᠢᠭᠤᠯᠤᠯᠲᠠ | ᠶᠢ ᠲᠦᠯᠬᠢᠨ ᠠᠬᠢᠭᠤᠯᠤᠨ᠎ᠠ᠃ ᠮᠠᠯᠵᠢᠬᠤ ᠣᠷᠣᠨ ᠤ ᠴᠢᠮᠡᠭᠡ ᠬᠠᠷᠢᠯᠴᠠᠭᠠᠨ ᠤ ᠲᠣᠣᠷ ᠰᠦᠯᠵᠢᠶ᠎ᠡ ᠶᠢᠨ ᠪᠦᠷᠬᠦᠴᠡ ᠶᠢᠨ ᠨᠤᠷᠮ᠎ᠠ ᠶᠢ ᠳᠡᠭᠡᠭᠰᠢᠯᠡᠭᠦᠯᠵᠦ᠂ ᠰᠤᠷᠠᠭ | ᠵᠠᠩᠭᠢ ᠬᠢᠭᠡᠳ ᠮᠡᠳᠡᠭᠡ ᠬᠤᠯᠪᠣᠭ᠎ᠠ ᠶᠢᠨ ᠰᠠᠭᠤᠷᠢ ᠲᠥᠬᠦᠭᠡᠷᠦᠮᠵᠢ ᠶᠢᠨ ᠳᠡᠰ ᠳᠡᠪᠰᠢᠬᠦ ᠪᠠ ︽ᠭᠤᠷᠪᠠᠨ ᠲᠣᠣᠷ ᠰᠦᠯᠵᠢᠶ᠎ᠡ ᠨᠡᠶᠢᠯᠡᠬᠦ︾ ᠠᠵᠢᠯ ᠢ ᠲᠦᠯᠬᠢᠨ | ᠠᠬᠢᠭᠤᠯᠤᠨ᠎ᠠ᠃ | 2022 ᠣᠨ ᠪᠣᠯᠲᠠᠯ᠎ᠠ᠂ ᠪᠠᠯᠭᠠᠰᠤ ᠲᠣᠭᠤᠷᠢᠭ ᠤᠨ ᠨᠣᠭᠤᠭᠠᠷᠠᠭᠤᠯᠤᠯᠲᠠ ᠪᠣᠯᠣᠨ ᠬᠥᠷᠥᠰᠥ ᠵᠦᠯᠭᠡ ᠶᠢᠨ ᠨᠣᠭᠤᠭᠠᠷᠠᠭᠤᠯᠤᠯᠲᠠ ᠶᠢᠨ ᠨᠤᠷᠮ᠎ᠠ ᠶᠢ ᠲᠤᠰ | ᠲᠤᠰ 35% ᠪᠠ 30% ᠳᠤ ᠬᠦᠷᠭᠡᠵᠦ᠂ 352 ᠺᠢᠯᠤᠮᠧᠲᠷ ᠨᠢᠭᠡᠳᠦᠭᠡᠷ ᠳᠡᠰ ᠤᠨ ᠵᠠᠰᠠᠮᠠᠯ ᠵᠠᠮ ᠪᠣᠯᠣᠨᠬᠤᠶᠠᠳᠤᠭᠠᠷ ᠳᠡᠰ ᠠᠴᠠ ᠳᠣᠷᠣᠭᠰᠢ ᠵᠠᠰᠠᠮᠠᠯ ᠵᠠᠮ ᠢ | 1600 ᠺᠢᠯᠤᠮᠧᠲᠷ ᠠᠴᠠ ᠳᠡᠭᠡᠭᠰᠢ ᠪᠠᠶᠢᠭᠤᠯᠵᠤ᠂ ᠪᠦᠬᠦ ᠬᠤᠰᠢᠭᠤᠨ ᠤ ᠬᠥᠳᠡᠭᠡ ᠲᠣᠰᠬᠤᠨ ᠤ ᠵᠠᠮ ᠨᠡᠪᠲᠡᠷᠡᠭᠦᠯᠭᠡ ᠶᠢᠨ ᠲᠣᠣᠷ ᠢ ᠦᠨᠳᠦᠰᠦᠨ ᠳᠡᠭᠡᠨ | ᠪᠦᠷᠢᠳᠦᠭᠦᠯᠦᠨ᠎ᠡ᠃ ᠮᠠᠯᠴᠢᠳ ᠪᠠ ᠰᠠᠭᠤᠭᠠᠯᠢ ᠠᠷᠠᠳ ᠤᠨ ᠠᠮᠤᠷ ᠲᠦᠪᠰᠢᠨ ᠤᠤᠭᠤᠬᠤ ᠤᠰᠤᠨ ᠤ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠨᠡᠩ ᠠᠮᠤᠷ | ᠲᠦᠪᠰᠢᠨ᠂ ᠠᠵᠤ ᠠᠬᠤᠢ ᠶᠢᠨ ᠦᠷ᠎ᠡ ᠠᠰᠢᠭ ᠥᠨᠳᠥᠷ ᠣᠳᠣᠬᠢᠴᠢᠯᠠᠭᠰᠠᠨ ᠴᠠᠬᠢᠯᠭᠠᠨ ᠲᠣᠣᠷ ᠪᠣᠯᠣᠨ ᠮᠡᠳᠡᠭᠡ ᠬᠤᠯᠪᠣᠭᠠᠨ ᠤ ᠲᠣᠣᠷ ᠰᠦᠯᠵᠢᠶ᠎ᠡ ᠶᠢ | ᠪᠠᠶᠢᠭᠤᠯᠤᠨ᠎ᠠ᠃ | ︵ᠨᠠᠢᠮᠠ︶ ᠠᠷᠠᠳ ᠤᠨ ᠠᠮᠢᠳᠤᠷᠠᠯ ᠢ ᠪᠠᠲᠤᠯᠠᠬᠤ ᠪᠠᠷ ᠦᠨᠳᠦᠰᠦᠨ ᠪᠠᠷᠢᠮᠵᠢᠶ᠎ᠠ ᠪᠣᠯᠭᠠᠵᠤ᠂ ᠨᠡᠶᠢᠭᠡᠮ ᠤᠨ ᠠᠵᠢᠯ ᠦᠢᠯᠡᠰ ᠤᠨ ᠪᠠᠶᠢᠭᠤᠯᠤᠯᠲᠠ ᠶᠢ ᠪᠦᠬᠦ ᠲᠠᠯ᠎ᠠ | ᠪᠠᠷ ᠲᠦᠷᠭᠡᠳᠬᠡᠨ᠎ᠡ᠃ ᠠ᠊ᠷᠠᠳ ᠲᠤ ᠪᠣᠳᠠᠲᠤ ᠶᠠᠪᠤᠳᠠᠯ ᠢ ᠰᠠᠶᠢᠲᠤᠷ ᠬᠢᠬᠦ ᠶᠢ ᠪᠠᠷᠢᠮᠲᠠᠯᠠᠵᠤ᠂ ᠨᠡᠶᠢᠭᠡᠮ ᠤᠨ ᠠᠵᠢᠯ ᠦᠢᠯᠡᠰ ᠢ ᠶᠡᠬᠡᠪᠡᠷ ᠬᠥᠭᠵᠢᠭᠦᠯᠵᠦ᠂ ᠨᠡᠶᠢᠭᠡᠮ | ᠤᠨ ᠴᠡᠭᠴᠡᠯᠡᠨ ᠵᠠᠰᠠᠬᠤ ᠰᠢᠰᠲ᠋ᠧᠮ ᠢ ᠴᠢᠩᠭᠠᠳᠬᠠᠨ ᠲᠡᠭᠦᠯᠳᠡᠷᠵᠢᠭᠦᠯᠵᠦ᠂ ᠰᠠᠶᠢᠨ ᠰᠠᠶᠢᠬᠠᠨ ᠨᠡᠶᠢᠭᠡᠮ ᠤᠨ ᠡᠮᠬᠢ ᠵᠢᠷᠤᠮ ᠢ ᠪᠣᠢ ᠪᠣᠯᠭᠠᠵᠤ᠂ ᠠᠷᠠᠳ ᠲᠦᠮᠡᠨ ᠤ | ᠣᠯᠭᠤᠮᠵᠢ ᠬᠦᠷᠲᠡᠭᠡᠯ᠂ ᠵᠣᠯ ᠵᠢᠷᠭᠠᠯ᠂ ᠠᠮᠤᠷ ᠲᠦᠪᠰᠢᠨ ᠤ ᠲᠥᠷᠥᠭᠳᠡᠯ ᠢ ᠨᠡᠩ ᠲᠡᠭᠦᠯᠳᠡᠷ᠂ ᠪᠠᠲᠤᠯᠠᠭ᠎ᠠ ᠲᠠᠢ᠂ ᠦᠷᠭᠦᠯᠵᠢᠬᠦᠶᠢᠴᠡ ᠪᠣᠯᠭᠠᠨ᠎ᠠ᠃ | ᠠᠷᠠᠳ ᠤᠨ ᠠᠮᠢᠳᠤᠷᠠᠯ ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠶᠢ ᠪᠥᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ 5800 ᠲᠦᠮᠡᠨ ᠲᠥᠭᠦᠷᠢᠭ ᠤᠨ | ᠪᠡᠯᠡ ᠣᠷᠣᠭᠤᠯᠵᠤ᠂ ᠰᠤᠷᠭᠠᠭᠤᠯᠢ ᠡᠷᠬᠢᠯᠡᠬᠦ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠠᠯᠪᠠᠨ ᠠᠴᠠ ᠡᠷᠬᠢᠯᠡᠭᠰᠡᠨ ᠰᠤᠷᠭᠠᠭᠤᠯᠢ ᠶᠢᠨ ᠰᠤᠷᠬᠤ | ᠨᠠᠰᠤᠨ ᠠᠴᠠ ᠡᠮᠦᠨᠡᠬᠢ ᠬᠥᠮᠥᠵᠢᠯ ᠪᠣᠯᠣᠨ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠭᠦᠯᠬᠦ ᠶᠢ ᠲᠦᠯᠬᠢᠨ | ᠠᠬᠢᠭᠤᠯᠵᠤ᠂ ᠠᠷᠠᠳ ᠣᠯᠠᠨ ᠤ ᠰᠢᠯᠢᠳᠡᠭ ᠰᠤᠷᠭᠠᠨ ᠬᠥᠮᠥᠵᠢᠯ ᠤᠨ ᠡᠬᠢ ᠪᠠᠶᠠᠯᠢᠭ ᠢ ᠡᠳ᠋ᠯᠡᠬᠦ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠨ᠎ᠠ᠃ 1.5 | ᠳ᠋ᠦᠩᠰᠢᠭᠤᠷ ᠲᠥᠭᠦᠷᠢᠭ ᠪᠡᠯᠡ ᠣᠷᠣᠭᠤᠯᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠦᠨᠳᠦᠰᠦᠲᠡᠨ ᠤ ᠰᠣᠶᠣᠯ ᠤᠨ | ᠤᠯᠠᠮᠵᠢᠯᠠᠯ᠂ ᠣᠯᠠᠨ ᠲᠦᠮᠡᠨᠴᠢ ᠲᠠᠮᠢᠷ ᠤᠨ ᠬᠥᠳᠡᠯᠭᠡᠭᠡᠨ᠂ ᠷᠠᠳᠢᠣ᠋ ᠲᠧᠯᠸᠢᠰ ᠤᠨ ᠦᠢᠯᠡᠰ ᠤᠨ ᠬᠥᠭᠵᠢᠯᠲᠡ ᠵᠡᠷᠭᠡ ᠲᠠᠯᠠᠪᠤᠷ ᠣᠷᠳᠣᠨ ᠤ ᠪᠠᠶᠢᠭᠤᠯᠤᠯᠲᠠ ᠶᠢ | ᠡᠬᠢᠯᠡᠭᠦᠯᠵᠦ᠂ ︽ᠵᠠᠭᠤᠨ ᠪᠦᠯᠬᠦᠮ ᠮᠢᠩᠭᠠᠨ ᠲᠠᠯᠠᠪᠤᠷ ᠲᠣᠭᠯᠠᠯᠲᠠ ᠭᠠᠷᠭᠠᠬᠤ︾᠂ ︽ᠨᠤᠲᠤᠭ ᠤᠨ ᠬᠠᠶᠢᠷ᠎ᠠ ᠰᠣᠶᠣᠯ ᠤᠷᠠᠯᠢᠭ ᠤᠨ ᠬᠠᠷᠢᠭᠤ ᠮᠡᠳᠡᠭᠦᠯᠦᠯᠲᠡ︾ | ᠵᠡᠷᠭᠡ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭᠠᠨ ᠢ ᠦᠷᠭᠦᠯᠵᠢᠯᠡᠨ ᠲᠥᠯᠥᠪᠯᠡᠨ ᠥᠷᠨᠢᠭᠦᠯᠦᠨ᠎ᠡ᠃ 8800 ᠲᠦᠮᠡᠨ ᠲᠥᠭᠦᠷᠢᠭ ᠪᠡᠯᠡ | ᠣᠷᠣᠭᠤᠯᠵᠤ᠂ ︽ᠡᠷᠡᠭᠦᠯ ᠡᠩᠬᠡ ᠰᠢᠨ᠎ᠡ ᠪᠠᠷᠭᠤ ᠵᠡᠭᠦᠨ ᠬᠤᠰᠢᠭᠤ ᠶᠢ ᠪᠠᠶᠢᠭᠤᠯᠬᠤ︾ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠤᠰᠢᠭᠤᠨ ᠤ ᠠᠷᠠᠳ ᠤᠨ | ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ ᠬᠤᠷᠢᠶ᠎ᠠ ᠶᠢ ︽ᠬᠤᠶᠠᠳᠤᠭᠠᠷ ᠵᠡᠷᠭᠡ ᠶᠢᠨ ᠬᠥᠬᠡ ᠳᠡᠰ︾ ᠲᠤ ᠳᠡᠪᠰᠢᠭᠦᠯᠬᠦ ᠶᠢ ᠲᠦᠷᠭᠡᠳᠬᠡᠵᠦ᠂ ︽ᠢᠨᠲ᠋ᠧᠷ | ᠰᠦᠯᠵᠢᠶ᠎ᠡ + ᠡᠮ ᠤᠨ ᠵᠢᠵᠢᠭ ᠬᠠᠶᠢᠷᠴᠠᠭ︾ ᠤᠨ ᠮᠡᠳᠡᠭᠡ ᠵᠠᠩᠭᠢᠵᠢᠯᠲᠡ ᠶᠢ ᠳᠡᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠤᠶᠠᠷ ᠬᠡᠦᠬᠡᠳ ᠠᠪᠬᠤ | ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠣᠭᠲᠠᠭᠤᠨ ᠬᠡᠷᠡᠭᠵᠢᠭᠦᠯᠦᠨ᠎ᠡ᠃ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠵᠤ᠂ ᠣᠨᠴᠠᠯᠢᠭᠲᠤ ᠠᠵᠢᠯ ᠦᠢᠯᠡᠰ ᠪᠣᠰᠬᠠᠬᠤ ᠬᠦᠷᠢᠶᠡᠯᠡᠩ᠂ ᠬᠥᠮᠥᠵᠢᠯ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠵᠤ᠂ | ᠠᠵᠢᠯ ᠦᠢᠯᠡᠰ ᠪᠣᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠭᠤᠣᠯᠳᠠᠯᠭᠠᠲᠤ ᠬᠥᠮᠥᠰ᠂ ᠪᠠᠭᠤᠷᠠᠶᠢᠴᠤᠤᠯ ᠤᠨ ᠠᠵᠢᠯ | ᠣᠯᠭᠤᠯᠲᠠ ᠶᠢ ᠪᠠᠲᠤᠯᠠᠵᠤ᠂ ᠬᠤᠲᠠ ᠪᠠᠯᠭᠠᠰᠤᠨ ᠤ 3100 ᠬᠥᠮᠥᠨ ᠳᠤ ᠰᠢᠨ᠎ᠡ ᠪᠠᠷ ᠠᠵᠢᠯ ᠣᠯᠭᠤᠬᠤ ᠪᠠᠷ ᠬᠦᠴᠦᠯᠡᠨ ᠴᠢᠷᠮᠠᠶᠢᠨ᠎ᠠ᠃ ︽ᠪᠦᠬᠦ ᠠᠷᠠᠳ ᠤᠨ | ᠳᠠᠭᠠᠳᠬᠠᠯ ᠳᠤ ᠣᠷᠣᠯᠴᠠᠵᠤ ᠳᠠᠩᠰᠠᠯᠠᠬᠤ ᠲᠥᠯᠥᠪᠵᠢᠭᠦᠯᠭᠡ︾ ᠪᠣᠯᠣᠨ ︽ᠬᠠᠷᠢᠯᠴᠠᠨ ᠬᠤᠯᠪᠣᠭᠠᠯᠠᠨ ᠨᠡᠪᠲᠡᠷᠡᠯᠴᠡᠵᠦ ᠠᠷᠠᠳ ᠲᠤ ᠠᠰᠢᠭ ᠬᠦᠷᠲᠡᠭᠡᠬᠦ︾ | ᠢᠨᠵᠧᠨᠧᠷᠢᠩ ᠢ ᠬᠡᠷᠡᠭᠵᠢᠭᠦᠯᠦᠨ᠎ᠡ᠃ ᠨᠡᠶᠢᠭᠡᠮ ᠤᠨ ᠠᠪᠤᠷᠠᠨ ᠲᠤᠰᠠᠯᠠᠬᠤ ᠠᠷᠭ᠎ᠠ ᠵᠠᠮ ᠢ ᠥᠷᠭᠡᠳᠬᠡᠵᠦ᠂ ᠶᠠᠳᠠᠭᠤ ᠬᠦᠴᠢᠷᠳᠡᠯᠲᠡᠢ ᠬᠥᠮᠥᠰ ᠤᠨ ᠪᠠᠲᠤᠯᠠᠭ᠎ᠠ ᠶᠢᠨ | ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ | ᠨ᠊ᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠦᠬᠦ ᠬᠦᠴᠦᠨ ᠢᠶᠠᠷ ᠠᠬᠢᠭᠤᠯᠤᠨ᠎ᠠ᠃ ᠨ᠊ᠡᠶᠢᠭᠡᠮ ᠤᠨ ᠴᠡᠭᠴᠡᠯᠡᠨ ᠵᠠᠰᠠᠬᠤ ᠬᠢᠷᠢ ᠲᠦᠪᠰᠢᠨ ᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠠᠷᠠᠳ ᠣᠯᠠᠨ ᠤ ᠠᠮᠤᠷ ᠲᠦᠪᠰᠢᠨ ᠪᠣᠯᠣᠨ ᠬᠠᠨᠤᠮᠵᠢ ᠶᠢ ᠦᠨᠡᠨ ᠬᠦ ᠳᠡᠭᠡᠭᠰᠢᠯᠡᠭᠦᠯᠦᠨ᠎ᠡ᠃ ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭᠠᠲᠤ ᠠᠵᠢᠯ ᠲᠥᠷᠥᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠰᠢᠰᠲ᠋ᠧᠮ ᠢ | ᠴᠢᠩᠭᠠᠳᠬᠠᠵᠤ᠂ ᠢᠳᠡᠭᠡᠨ ᠪᠣᠯᠣᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠵᠦᠢᠯ ᠤᠨ ᠬᠦᠨᠳᠦ ᠣᠨᠴᠠ ᠠᠳᠡᠯ ᠡᠭᠦᠰᠬᠦ ᠶᠢ | ᠡᠷᠡᠰ ᠬᠤᠷᠢᠭᠯᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠪᠠ ᠵᠥᠷᠢᠴᠡᠯ ᠵᠢᠭᠤᠷᠠᠯᠳᠤᠭᠠᠨ ᠢ ᠨᠢᠭᠡᠳ ᠨᠢᠭᠡ ᠪᠠᠷ ᠪᠠᠶᠢᠴᠠᠭᠠᠬᠤ | ᠠᠵᠢᠯ ᠢ ᠭᠦᠨᠵᠡᠭᠡᠢ ᠥᠷᠨᠢᠭᠦᠯᠵᠦ᠂ ᠨᠡᠶᠢᠭᠡᠮ ᠤᠨ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠪᠦᠬᠦᠯᠢ ᠴᠣᠭᠴᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠠᠤᠯᠢ | ᠶᠢ ᠵᠥᠷᠢᠴᠡᠭᠰᠡᠨ ᠡᠯ᠎ᠡ ᠲᠥᠷᠥᠯ ᠤᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯ ᠢ | ᠭᠦᠨᠵᠡᠭᠡᠢ ᠥᠷᠨᠢᠭᠦᠯᠦᠨ᠎ᠡ᠃ ᠣᠯᠠᠨ ᠲᠦᠮᠡᠨᠴᠢ ᠪᠦᠯᠬᠦᠮ ᠵᠣᠬᠢᠶᠠᠨ ᠪᠠᠶᠢᠭᠤᠯᠤᠯᠲᠠ ᠶᠢᠨ ᠣᠯᠠᠨ ᠲᠦᠮᠡᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠦᠨᠳᠦᠰᠦᠲᠡᠨ ᠱᠠᠰᠢᠨ ᠰᠤᠷᠲᠠᠬᠤᠨ ᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠡᠷᠢᠭᠦᠨ ᠢ ᠡᠭᠦᠳᠬᠦ ᠰᠢᠷᠢᠰ ᠬᠥᠳᠡᠯᠭᠡᠭᠡᠨ ᠢ ᠦᠷᠭᠦᠯᠵᠢᠯᠡᠨ ᠭᠦᠨᠵᠡᠭᠡᠢ ᠥᠷᠨᠢᠭᠦᠯᠦᠨ᠎ᠡ᠃ | | 2022 ᠣᠨ ᠪᠣᠯᠲᠠᠯ᠎ᠠ᠂ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠬᠢᠷᠢ ᠲᠦᠪᠰᠢᠨ ᠢ ᠰᠢᠯᠢᠳᠡᠭ ᠲᠡᠩᠴᠡᠭᠦᠷᠢᠲᠡᠢ ᠬᠠᠷᠠᠯᠲᠠ ᠳᠤ ᠬᠦᠷᠭᠡᠵᠦ᠂ | ᠭᠠᠴᠠᠭ᠎ᠠ ᠨᠡᠶᠢᠭᠡᠮ ᠲᠣᠭᠤᠷᠢᠭ ᠲᠤ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠪᠦᠷᠬᠦᠭᠦᠯᠵᠦ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ | ᠤᠨ ᠬᠤᠷᠢᠶ᠎ᠠ ᠶᠢ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠣᠯᠠᠨ ᠲᠦᠮᠡᠨ ᠬᠠᠨᠤᠮᠵᠢᠲᠠᠢ ᠬᠡᠮᠵᠢᠶᠡᠨ ᠳᠤ ᠬᠦᠷᠭᠡᠵᠦ᠂ ᠡᠶ᠎ᠡ ᠵᠣᠬᠢᠴᠠᠩᠭᠤᠢ ᠲᠣᠭᠲᠠᠭᠤᠨ | ᠨᠡᠶᠢᠭᠡᠮ ᠤᠨ ᠣᠷᠴᠢᠨ ᠲᠣᠭᠤᠷᠢᠨ ᠢ ᠴᠢᠷᠮᠠᠶᠢᠨ ᠪᠣᠢ ᠪᠣᠯᠭᠠᠨ᠎ᠠ᠃ | ︵ᠶᠢᠰᠦ︶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠴᠢᠩᠭ᠎ᠠ ᠬᠥᠳᠡᠯᠭᠡᠭᠴᠢ ᠬᠦᠴᠦᠨ ᠪᠣᠯᠭᠠᠵᠤ᠂ ᠰᠢᠨ᠎ᠡ ᠶᠢ ᠡᠭᠦᠳᠬᠦ ᠬᠥᠭᠵᠢᠯᠲᠡ ᠶᠢᠨ ᠠᠮᠢᠵᠢᠷᠠᠯ ᠤᠨ | ᠬᠦᠴᠦᠨ ᠢ ᠪᠦᠬᠦ ᠲᠠᠯ᠎ᠠ ᠪᠠᠷ ᠬᠥᠭᠵᠢᠶᠡᠨᠡ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠶᠢ ᠲᠣᠪᠣᠶᠢᠯᠭᠠᠵᠤ᠂ ᠵᠠᠩᠭᠢᠯᠠᠭ᠎ᠠ ᠶᠢ | ᠠᠳᠬᠤᠨ᠂ ᠨᠡᠩ ᠬᠠᠨᠳᠤᠯᠭᠠᠲᠤ ᠴᠢᠨᠠᠷᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠥᠳᠡᠯᠭᠡᠬᠦ ᠬᠦᠴᠦᠨ | ᠨᠡᠮᠡᠷᠢᠯᠡᠨ᠎ᠡ᠃ | ᠵᠠ᠊ᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠣᠯᠣᠨ ᠵᠠᠬ᠎ᠠ ᠳᠡᠯᠭᠡᠭᠦᠷ ᠤᠨ ᠲᠣᠬᠢᠷᠠᠭᠤᠯᠤᠯᠲᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠵ᠊ᠠᠰᠠᠭ ᠤᠨ | ᠣᠷᠳᠣᠨ ᠤ ᠡᠭᠦᠷᠭᠡ ᠴᠢᠳᠠᠪᠬᠢ ᠶᠢ ᠤᠯᠠᠮ ᠨᠢᠭᠡ ᠠᠯᠬᠤᠮ ᠬᠤᠪᠢᠷᠠᠭᠤᠯᠵᠤ᠂ ᠵᠠᠰᠠᠭ ᠢᠶᠠᠨ ᠴᠣᠮᠬᠠᠳᠬᠠᠵᠤ ᠡᠷᠬᠡ ᠪᠠᠨ ᠪᠠᠭᠤᠯᠭᠠᠬᠤ᠂ ᠴᠢᠯᠦᠭᠡᠲᠡᠢ ᠲᠠᠯᠪᠢᠬᠤ | ᠪᠣᠯᠣᠨ ᠬᠠᠮᠢᠶᠠᠷᠬᠤ ᠶᠢ ᠤᠶᠠᠯᠳᠤᠭᠤᠯᠬᠤ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯ ᠢ ᠪᠠᠭᠠᠰᠬᠠᠵᠤ᠂ ᠵᠠᠰᠠᠭ ᠤᠨ ᠣᠷᠳᠣᠨ ᠤ ᠠᠵᠢᠯ ᠤᠨ | ᠪᠦᠲᠦᠮᠵᠢ ᠶᠢ ᠳᠡᠭᠡᠭᠰᠢᠯᠡᠭᠦᠯᠦᠨ᠎ᠡ᠃ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠨᠥᠬᠦᠴᠡᠯ ᠢ ᠰᠢᠯᠢᠳᠡᠭᠵᠢᠭᠦᠯᠵᠦ᠂ ᠠᠵᠤ | ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠶᠢ ᠤᠯᠠᠮ ᠨᠢᠭᠡ ᠠᠯᠬᠤᠮ ᠳᠦᠷᠢᠮᠵᠢᠭᠦᠯᠵᠦ᠂ | ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠣᠯᠣᠨ ᠨᠡᠶᠢᠭᠡᠮ ᠤᠨ ᠪᠦᠲᠦᠭᠡᠯᠴᠢ ᠬᠦᠴᠦᠨ ᠢ ᠤᠷᠮᠠᠰᠢᠭᠤᠯᠤᠨ ᠬᠦᠭᠵᠢᠶᠡᠨᠡ᠃ ᠪᠡᠯᠡ ᠣᠷᠣᠭᠤᠯᠬᠤ ᠪᠣᠯᠣᠨ | ᠪᠡᠯᠡ ᠬᠤᠷᠠᠮᠳᠤᠭᠤᠯᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠪᠣᠯᠣᠨ ᠨᠡᠶᠢᠭᠡᠮ ᠤᠨ ᠪᠡᠯᠡ ᠬᠥᠷᠥᠩᠭᠡ ᠶᠢᠨ | ᠬᠠᠮᠲᠤᠷᠠᠯᠴᠠᠭᠠᠨ ᠤ ᠬᠡᠯᠪᠡᠷᠢ ᠶᠢ ᠨᠠᠷᠢᠨ ᠬᠢᠨᠠᠮᠠᠭᠠᠢ ᠳᠦᠷᠢᠮᠵᠢᠭᠦᠯᠬᠦ ᠶᠢᠨ ᠬᠠᠮᠲᠤ ᠢᠳᠡᠪᠬᠢᠲᠡᠢ ᠠᠰᠢᠭᠯᠠᠨ᠎ᠠ᠃ | ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ ᠪᠣᠯᠣᠨ ᠵᠠᠩᠭᠢᠯᠠᠭ᠎ᠠ ᠶᠢᠨ ᠶᠠᠪᠤᠴᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠠᠵᠢᠯ ᠣᠯᠭᠤᠬᠤ ᠪᠠ | ᠠᠵᠢᠯ ᠦᠢᠯᠡᠰ ᠪᠣᠰᠬᠠᠬᠤ ᠪᠠᠶᠢᠭᠤᠯᠤᠯ ᠲᠣᠭᠲᠠᠴᠠ ᠶᠢ ᠪᠦᠷᠢᠨᠰᠢᠭᠦᠯᠦᠨ ᠠᠬᠢᠭᠤᠯᠵᠤ᠂ ᠦᠢᠯᠡᠰ ᠪᠣᠰᠬᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠦᠨ᠎ᠡ᠃ ᠨᠡᠶᠢᠭᠡᠮ ᠤᠨ ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠨᠡᠶᠢᠭᠡᠮ ᠤᠨ ᠳᠠᠭᠠᠳᠬᠠᠯ ᠤᠨ ᠬᠠᠷᠢᠴᠠᠭ᠎ᠠ ᠶᠢ | ᠣᠷᠣᠨ ᠰᠢᠯᠵᠢᠭᠦᠯᠦᠨ ᠦᠷᠭᠦᠯᠵᠢᠯᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠳᠠᠭᠠᠳᠬᠠᠯ ᠤᠨ | ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠪᠦᠷᠬᠦᠴᠡ ᠶᠢᠨ ᠬᠡᠪᠴᠢᠶ᠎ᠡ ᠶᠢ ᠥᠷᠭᠡᠳᠬᠡᠨ᠎ᠡ᠃ ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠨᠳᠦᠰᠦᠨ ᠡᠮ ᠤᠨ ᠳᠦᠷᠢᠮ ᠢ ᠲᠡᠭᠦᠯᠳᠡᠷᠵᠢᠭᠦᠯᠵᠦ᠂ ᠬᠤᠲᠠ | ᠬᠥᠳᠡᠭᠡ ᠶᠢ ᠬᠠᠮᠤᠷᠤᠭᠰᠠᠨ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠤᠨ ᠳᠦᠷᠢᠮ ᠢ ᠪᠠᠶᠢᠭᠤᠯᠵᠤ᠂ ᠮᠣᠩᠭᠤᠯ ᠡᠮ ᠡᠮᠨᠡᠯᠭᠡ ᠶᠢᠨ ᠠᠵᠢᠯ ᠦᠢᠯᠡᠰ ᠤᠨ | ᠬᠥᠭᠵᠢᠯᠲᠡ ᠶᠢᠨ ᠲᠣᠭᠲᠠᠴᠠ ᠶᠢ ᠪᠦᠷᠢᠨ ᠲᠡᠭᠦᠯᠳᠡᠷᠵᠢᠭᠦᠯᠦᠨ᠎ᠡ᠃ | 2022 ᠣᠨ ᠪᠣᠯᠲᠠᠯ᠎ᠠ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠳᠠᠮᠵᠢᠵᠤ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠤ | ᠬᠥᠭᠵᠢᠯᠲᠡ ᠶᠢᠨ ᠰᠠᠭᠠᠳ ᠬᠠᠷᠰᠢ ᠶᠢ ᠠᠷᠢᠯᠭᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠢ ᠳᠠᠶᠢᠴᠢᠯᠠᠬᠤ ᠳᠤ ᠠᠰᠢᠭᠲᠠᠢ | ᠪᠠᠶᠢᠭᠤᠯᠤᠯ ᠲᠣᠭᠲᠠᠴᠠ ᠶᠢ ᠲᠦᠷᠭᠡᠳᠬᠡᠨ ᠪᠠᠶᠢᠭᠤᠯᠤᠨ᠎ᠠ᠃ | ︵ᠠᠷᠪᠠ︶ ᠵᠠᠰᠠᠭ ᠪᠠᠷᠢᠬᠤ ᠴᠢᠳᠠᠪᠤᠷᠢ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ | ᠲᠠᠯ᠎ᠠ ᠪᠠᠷ ᠴᠢᠩᠭᠠᠳᠬᠠᠨ᠎ᠠ᠃ ᠰᠢᠨ᠎ᠡ ᠴᠠᠭ ᠦᠶ᠎ᠡ ᠳᠤ ᠳᠠᠪᠰᠢᠨ᠂ ᠰᠢᠨ᠎ᠡ ᠠᠶᠠᠨ ᠢᠶᠠᠨ ᠡᠬᠢᠯᠡᠭᠦᠯᠵᠦ᠂ ᠰᠢᠨ᠎ᠡ ᠬᠠᠭᠤᠳᠠᠰᠤ ᠶᠢ ᠪᠢᠴᠢᠭᠯᠡᠬᠦ ᠳᠤ ᠡᠷᠬᠡᠪᠰᠢ ᠠᠷᠠᠳ | ᠤᠨ ᠲᠥᠯᠥᠭᠡ ᠵᠠᠰᠠᠭ ᠪᠠᠷᠢᠬᠤ ᠣᠶᠢᠯᠠᠭᠠᠭᠳᠠᠬᠤᠨ ᠢ ᠪᠣᠢ ᠪᠣᠯᠭᠠᠵᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ | ᠴᠢᠩᠭᠠᠳᠬᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠨᠡᠩ ᠰᠠᠶᠢᠲᠤᠷ ᠭᠦᠢᠴᠡᠳᠬᠡᠨ᠎ᠡ᠃ | ᠬᠠᠤᠯᠢᠵᠢᠯ ᠵᠠᠰᠠᠭ ᠤᠨ ᠣᠷᠳᠣᠨ ᠢ ᠪᠠᠶᠢᠭᠤᠯᠤᠨ᠎ᠠ᠃ ᠬᠠᠤᠯᠢ ᠶᠣᠰᠣᠭᠠᠷ ᠵᠠᠰᠠᠭ ᠶᠠᠪᠤᠭᠤᠯᠵᠤ᠂ ᠲᠥᠪ ᠭᠤᠣᠯᠴᠢ ᠪᠠᠷ ᠬᠠᠤᠯᠢ ᠬᠡᠷᠡᠭᠵᠢᠭᠦᠯᠬᠦ ᠶᠢ ᠪᠠᠷᠢᠮᠲᠠᠯᠠᠵᠤ | ᠂ ᠬᠠᠤᠯᠢ ᠳᠤ ᠲᠣᠭᠲᠠᠭᠠᠭᠰᠠᠨ ᠡᠷᠬᠡ ᠶᠢᠨ ᠬᠡᠪᠴᠢᠶ᠎ᠡ ᠪᠣᠯᠣᠨ ᠵᠢᠷᠤᠮ ᠶᠣᠰᠣᠭᠠᠷ ᠡᠷᠬᠡ ᠲᠤᠰᠢᠶᠠᠯ ᠢᠶᠠᠨ ᠴᠢᠩᠭ᠎ᠠ ᠭᠦᠢᠴᠡᠳᠬᠡᠵᠦ᠂ ᠠᠵᠤ ᠠᠬᠤᠢ ᠨᠡᠶᠢᠭᠡᠮ ᠤᠨ | ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠴᠤ᠂ ᠵᠠᠰᠠᠭ ᠤᠨ ᠣᠷᠳᠣᠨ ᠤ ᠠᠵᠢᠯ ᠤᠨ ᠬᠠᠤᠯᠢ ᠪᠠᠷ ᠵᠠᠰᠠᠬᠤ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠦᠨ᠎ᠡ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ | ᠤᠨ ᠡᠯ᠎ᠡ ᠡᠲᠡᠭᠡᠳ ᠤᠨ ᠰᠠᠨᠠᠯ ᠢ ᠥᠷᠭᠡᠨ ᠢᠶᠠᠷ ᠰᠣᠨᠣᠰᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ | ᠪᠣᠯᠣᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠨᠠᠷᠢᠨ ᠬᠢᠨᠠᠮᠠᠭᠠᠢ ᠰᠢᠢᠳᠪᠦᠷᠢᠯᠡᠨ᠎ᠡ᠃ ᠬᠠᠤᠯᠢ ᠴᠠᠭᠠᠵᠠ ᠶᠢᠨ ᠵᠥᠪᠯᠡᠭᠴᠢ᠂ | ᠲᠤᠰᠬᠠᠢ ᠮᠡᠷᠭᠡᠵᠢᠯᠲᠡᠨ ᠠᠴᠠ ᠵᠥᠪᠯᠡᠯᠭᠡ ᠠᠪᠬᠤ ᠵᠡᠷᠭᠡ ᠳᠦᠷᠢᠮ ᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠪᠦᠬᠦᠶᠢᠯᠡ ᠠᠵᠢᠯ ᠢ ᠬᠠᠤᠯᠢ ᠪᠠᠷ ᠵᠠᠰᠠᠬᠤ | ᠳᠦᠷᠢᠮᠵᠢᠯ ᠤᠨ ᠵᠠᠮ ᠳᠤ ᠣᠷᠣᠭᠤᠯᠤᠨ᠎ᠠ᠃ | ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠤᠨ᠎ᠠ᠃ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠰᠠᠬᠢᠯᠭ᠎ᠠ ᠪᠠᠲᠤ ᠶᠢ ᠲᠥᠪ ᠴᠢᠩᠭ᠎ᠠ ᠰᠠᠬᠢᠵᠤ᠂ | ᠢᠯᠵᠠᠷᠠᠯ ᠢ ᠵᠠᠯᠬᠠᠭᠠᠨ ᠰᠢᠢᠳᠬᠡᠬᠦ ᠶᠢ ᠴᠢᠬᠡᠴᠢ ᠵᠠᠰᠠᠭ ᠤᠨ ᠣᠷᠳᠣᠨ ᠪᠠᠶᠢᠭᠤᠯᠬᠤ ᠴᠢᠬᠤᠯᠠ ᠵᠢᠷᠤᠮᠯᠠᠯ ᠪᠣᠯᠭᠠᠬᠤ ᠶᠢ ᠪᠠᠷᠢᠮᠲᠠᠯᠠᠵᠤ᠂ ᠲᠥᠪ ᠤᠨ ᠨᠠᠢᠮᠠᠨ ᠵᠦᠢᠯ ᠤᠨ | ᠲᠣᠭᠲᠠᠭᠠᠯ ᠤᠨ ᠵᠣᠷᠢᠭ ᠰᠠᠨᠠᠭᠠᠨ ᠤ ᠦᠷ᠎ᠡ ᠪᠦᠲᠦᠭᠡᠯ ᠢ ᠪᠠᠲᠤᠳᠬᠠᠨ ᠨᠠᠶᠢᠳᠠᠪᠤᠷᠢᠵᠢᠭᠤᠯᠵᠤ᠂ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ | ᠪᠣᠯᠬᠤ︾ ᠰᠤᠷᠤᠯᠴᠠᠯᠭ᠎ᠠ ᠬᠥᠮᠥᠵᠢᠯ ᠤᠨ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ︽ᠨᠢᠭᠡ ᠠᠵᠢᠯ ᠤᠨ ᠪᠠᠶᠢᠷᠢ ᠳᠠᠬᠢ ᠬᠤᠶᠠᠷ ᠬᠠᠷᠢᠭᠤᠴᠠᠯᠭ᠎ᠠ | ︾ ᠶᠢ ᠨᠠᠷᠢᠨ ᠬᠢᠨᠠᠮᠠᠭᠠᠢ ᠭᠦᠢᠴᠡᠳᠬᠡᠵᠦ᠂ ᠬᠢᠨᠠᠨ ᠪᠣᠳᠣᠯᠲᠠ ᠪᠣᠯᠣᠨ ᠬᠢᠨᠠᠨ ᠪᠠᠶᠢᠴᠠᠭᠠᠯᠲᠠ ᠶᠢᠨ ᠬᠦᠴᠦᠯᠡᠴᠡ ᠪᠠᠨ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶ᠎ᠡ | ᠬᠡᠪᠴᠢᠶ᠎ᠡ ᠪᠣᠯᠣᠨ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠠᠷᠢᠭᠤᠨ ᠴᠢᠬᠡᠴᠢ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠦᠨᠡᠨᠬᠦ ᠴᠢᠩᠭᠠᠳᠬᠠᠨ᠎ᠠ᠃ | ᠠᠷᠠᠳ ᠲᠦᠮᠡᠨ ᠡᠷᠬᠡ ᠳᠤ ᠬᠢᠨᠠᠯᠲᠠ ᠲᠠᠯᠪᠢᠵᠤ᠂ ᠡᠷᠬᠡ ᠶᠢ ᠢᠯᠠ ᠲᠣᠳᠣ ᠬᠡᠷᠡᠭᠵᠢᠭᠦᠯᠦᠨ᠎ᠡ᠃ | ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ᠃ ᠨᠠᠮ ᠤᠨ ᠣᠯᠠᠨ ᠲᠦᠮᠡᠨᠴᠢ ᠱᠤᠭᠤᠮ ᠢ ᠢᠮᠠᠭᠲᠠ ᠵᠠᠰᠠᠭ ᠤᠨ ᠣᠷᠳᠣᠨ ᠤ ᠡᠯ᠎ᠡ | ᠲᠥᠷᠥᠯ ᠤᠨ ᠠᠵᠢᠯ ᠳᠤ ᠲᠤᠤᠱᠯᠠᠭᠤᠯᠵᠤ᠂ ᠣᠯᠠᠨ ᠲᠦᠮᠡᠨ ᠤ ᠬᠠᠨᠤᠮᠵᠢ ᠶᠢ ᠵᠠᠰᠠᠭ ᠤᠨ ᠣᠷᠳᠣᠨ ᠤ ᠠᠵᠢᠯ ᠤᠨ ᠲᠡᠷᠢᠭᠦᠨ ᠪᠠᠷᠢᠮᠵᠢᠶ᠎ᠠ ᠪᠣᠯᠭᠠᠨ᠎ᠠ᠃ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠴᠢᠳᠠᠪᠤᠷᠢ ᠪᠠᠨ ᠴᠢᠩᠭᠠᠳᠬᠠᠨ᠂ ᠦᠨᠡᠨ ᠦᠭᠡ ᠶᠠᠷᠢᠬᠤ᠂ ᠪᠣᠳᠠᠲᠠᠢ ᠠᠵᠢᠯ ᠬᠢᠬᠦ᠂ ᠪᠣᠳᠠᠲᠠᠢ ᠠᠷᠭ᠎ᠠ ᠭᠠᠷᠭᠠᠬᠤ᠂ | ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠶᠢ ᠪᠠᠷᠢᠮᠲᠠᠯᠠᠵᠤ᠂ ᠱᠠᠯᠠᠮᠠᠭᠠᠢ ᠰᠢᠭᠤᠷᠬᠠᠢ ᠠᠵᠢᠯᠯᠠᠬᠤ ᠪᠠ ᠤᠳᠠᠭᠠᠨ ᠳᠠᠭᠠᠭᠠᠮᠠᠭᠠᠢ ᠪᠠᠷᠢᠮᠲᠠᠯᠠᠬᠤ ᠶᠢ ᠣᠷᠭᠠᠨᠢᠭ ᠢᠶᠠᠷ | ᠤᠶᠠᠯᠳᠤᠭᠤᠯᠤᠨ᠂ ᠬᠦᠴᠢᠷ ᠪᠡᠷᠬᠡ ᠶᠢ ᠵᠣᠷᠢᠭᠲᠠᠢ ᠲᠤᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠣᠯᠣᠨ ᠮᠣᠩᠭᠤᠯ ᠮᠣᠷᠢᠨ ᠤ ᠵᠣᠷᠢᠭ ᠰᠠᠨᠠᠭ᠎ᠠ ᠪᠠᠷ ᠡᠯ᠎ᠡ | ᠲᠥᠷᠥᠯ ᠤᠨ ᠠᠵᠢᠯ ᠢᠶᠠᠨ ᠪᠣᠳᠠᠲᠠᠢ ᠰᠠᠶᠢᠲᠤᠷ ᠬᠢᠨ᠎ᠡ᠃ ᠵᠠᠰᠠᠭ ᠤᠨ ᠣᠷᠳᠣᠨ ᠤ ᠢᠲᠡᠭᠡᠯ ᠤᠨ ᠬᠦᠴᠦᠨ ᠪᠣᠯᠣᠨ ᠭᠦᠢᠴᠡᠳᠬᠡᠬᠦ ᠬᠦᠴᠦᠨ ᠢ ᠲᠠᠰᠤᠷᠠᠯᠲᠠ ᠦᠭᠡᠢ | ᠴᠢᠩᠭᠠᠳᠬᠠᠵᠤ᠂ ᠠᠷᠠᠳ ᠲᠦᠮᠡᠨ ᠳᠤ ᠬᠠᠨᠤᠮᠵᠢᠲᠠᠢ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠵᠤ᠂ ᠵᠠᠰᠠᠭ ᠤᠨ ᠣᠷᠳᠣᠨ ᠤ ᠠᠵᠢᠯ ᠤᠨ | ᠰᠢᠨ᠎ᠡ ᠳᠦᠷᠢ ᠲᠥᠷᠬᠦ ᠶᠢ ᠴᠢᠷᠮᠠᠶᠢᠨ ᠪᠣᠢ ᠪᠣᠯᠭᠠᠨ᠎ᠠ᠃ | ᠲᠥᠯᠥᠭᠡᠯᠡᠭᠴᠢᠳ ᠡ᠄ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠱᠠᠲᠤᠨ ᠤ ᠠᠭᠤᠤ ᠶᠡᠭᠡ ᠢᠯᠠᠯᠲᠠ ᠶᠢ ᠴᠢᠷᠮᠠᠶᠢᠨ ᠣᠯᠵᠤ᠂ | ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠠᠬᠢᠴᠠ ᠪᠠᠨ ᠨᠢᠭᠡᠨᠲᠡ ᠡᠬᠢᠯᠡᠭᠦᠯᠪᠡ᠃ ᠪᠢᠳᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠣᠯᠣᠨ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠢ ᠨᠢᠭᠲᠠ ᠪᠦᠯᠬᠦᠮᠳᠡᠭᠦᠯᠦᠨ᠂ ᠰᠠᠬᠢᠨ | ᠪᠠᠷᠠᠭᠠᠯᠠᠵᠤ ᠬᠠᠷᠢᠯᠴᠠᠨ ᠬᠠᠪᠰᠤᠷᠤᠯᠴᠠᠨ᠂ ᠪᠦᠯᠬᠦᠮᠳᠡᠨ ᠲᠡᠮᠡᠴᠡᠵᠦ᠂ ᠡᠷᠡᠮᠡᠬᠡᠶᠢᠯᠡᠨ ᠴᠢᠷᠮᠠᠶᠢᠵᠤ᠂ ᠰᠢᠨ᠎ᠡ ᠪᠠᠷᠭᠤ ᠵᠡᠭᠦᠨ ᠬᠤᠰᠢᠭᠤ ᠪᠠᠨ ᠡᠬᠡ ᠤᠯᠤᠰ ᠤᠨ | ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠪᠣᠯᠭᠠᠨ ᠪᠦᠲᠦᠭᠡᠨ ᠪᠠᠶᠢᠭᠤᠯᠵᠤ᠂ ︽ᠦᠵᠡᠰᠬᠦᠯᠡᠩᠲᠦ ᠰᠠᠶᠢᠬᠠᠨ ᠬᠥᠭᠵᠢᠯᠲᠡ᠂ ᠲᠡᠷᠢᠭᠦᠨ ᠤ | ᠡᠩᠨᠡᠭᠡᠨ ᠳᠤ ᠣᠷᠣᠬᠤ︾ ᠰᠢᠨ᠎ᠡ ᠪᠠᠶᠢᠳᠠᠯ ᠢ ᠪᠦᠬᠦ ᠲᠠᠯ᠎ᠠ ᠪᠠᠷ ᠡᠭᠦᠳᠦᠨ ᠨᠡᠭᠡᠭᠡᠬᠦ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕ |