2013 ᠣᠨ ᠤ ᠵᠠᠰᠠᠭ  ᠎ ᠤᠨ  ᠣᠷᠳᠣᠨ  ᠎ ᠤ  ᠠᠵᠢᠯ  ᠎ ᠤᠨ  ᠢᠯᠡᠳᠬᠡᠯ
ᠨᠡᠶᠢᠲᠡᠯᠡᠭᠰᠡᠨ ᠴᠠᠭ᠄
2017-07-25
ᠰᠢᠨ᠎ᠡ ᠪᠠᠷᠭᠤ ᠵᠡᠭᠦᠨ ᠬᠤᠰᠢᠭᠤᠠ ᠤ ᠠᠷᠪᠠᠨ ᠳᠦᠷᠪᠡᠳᠤᠭᠡᠷ ᠬᠤᠭᠤᠴᠠᠭᠠᠨ ᠤ ᠠᠷᠠᠤᠠ ᠤᠨ ᠲᠦᠯᠤᠭᠡᠯᠡᠭᠴᠢᠤᠠ ᠎ ᠤᠨᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ ᠪᠢᠴᠢᠭ ᠮᠠᠲ᠋ᠧᠷᠢᠶᠠᠯ ︵ᠠᠷᠪᠠᠨ ᠳᠦᠷᠪᠡ︶ ᠵᠠᠰᠠᠭ  ᠎ ᠤᠨ   ᠣᠷᠳᠣᠨ  ᠎ ᠤ   ᠠᠵᠢᠯ  ᠎ ᠤᠨ   ᠢᠯᠡᠳᠬᠡᠯ            -- 2013 ᠣᠨ ᠤ 3 ᠰᠠᠷ᠎ᠠ ᠶᠢᠨ 6᠎ ᠤ ᠡᠳᠦᠷ ᠰᠢᠨ᠎ᠡ ᠪᠠᠷᠭᠤ ᠵᠡᠭᠦᠨ ᠬᠤᠰᠢᠭᠤᠨ ᠤ ᠠᠷᠪᠠᠨ ᠳᠦᠷᠪᠡᠳᠤᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ  ᠬᠤᠶᠠᠳᠤᠭᠠᠷ ᠬᠤᠷᠠᠯᠳᠤᠭᠠᠨ ᠳᠡᠭᠡᠷ᠎ᠡ                                                                                         ᠠᠷᠠᠳ ᠤᠨ ᠵᠠᠰᠠᠭ ᠤᠨ ᠣᠷᠳᠤᠠ ᠤ ᠤᠷᠤᠯᠠᠭᠴᠢ ᠬᠤᠰᠢᠭᠤᠨ ᠳᠠᠷᠤᠭ᠎ᠠ     ᠡᠤ ᠬᠠᠢ ᠳ᠋ᠥᠡᠭᠲᠥᠯᠥᠭᠡᠯᠡᠭᠴᠢᠳ ᠡ᠄ ᠣᠳᠣ ᠪᠢ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠥᠪᠯᠡᠬᠦ ᠪᠣᠯᠪᠠᠦ᠂ ᠲᠡᠷᠡᠴᠢᠯᠡᠨ ᠤᠯᠤᠰ ᠲᠦᠷᠤ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠵᠤ ᠪᠠᠶᠢᠭ᠎ᠠ ᠨᠥᠬᠦᠳ ᠰᠠᠨᠠᠯ ᠢᠶᠠᠨ ᠳᠤᠷᠠᠳᠬᠤ ᠪᠣᠯᠪᠠᠦ ᠨᠢᠭᠡ᠂ 2012 ᠤᠨ ᠤ ᠠᠵᠢᠯ ᠤᠨ ᠡᠷᠭᠢᠴᠡᠭᠦᠯᠦᠯ 2012 ᠤᠨ ᠳᠤ ᠠᠵᠦ ᠠᠬᠤᠢ ᠶᠢᠨ ᠭᠠᠳᠠᠭᠠᠳᠥ ᠣᠷᠴᠢᠨ ᠤ ᠨᠦᠯᠦᠭᠡᠯᠡᠯ᠂ ᠭᠤᠤᠯᠳᠠᠯᠭ᠎ᠠ ᠲᠠᠢ ᠲᠦᠷᠦᠯ ᠵᠦᠢᠯ ᠎ ᠤᠨ ᠪᠡᠯᠡ ᠤᠷᠤᠭᠤᠯᠤᠯᠳᠠ ᠤᠳᠠᠭᠠᠰᠢᠷᠠᠭᠰᠠᠨ ᠪᠠ ᠪᠠᠶᠢᠭᠠᠯᠢ ᠶᠢᠨ ᠭᠡᠨᠡᠳᠳᠡ ᠶᠢᠨ ᠭᠠᠮᠰᠢᠭ ᠵᠡᠷᠭᠡ ᠠᠯᠢ ᠤᠯᠠᠨ ᠬᠦᠴᠢᠷᠳᠠᠯ ᠢ ᠲᠤᠭᠤᠯᠵᠤ᠂ ᠪᠢᠳᠡ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ ᠬᠤᠰᠢᠭᠤ ᠨᠠᠮ ᠤᠨ ᠬᠤᠷᠢᠶᠠᠨ ᠤ ᠤᠳᠤᠷᠢᠳᠤᠯᠭ᠎ᠠ ᠶᠢᠨ ᠲᠤᠤᠷ᠎ᠠ᠂ ᠪᠦᠬᠦ ᠬᠤᠰᠢᠭᠤᠨ ᠤ ᠦᠨᠳᠦᠰᠤᠲᠠᠨ ᠨᠦᠭᠦᠳ ᠤᠨ ᠺᠠᠳ᠋ᠷ ᠤᠯᠠᠨ ᠲᠦᠮᠠᠡ ᠢ ᠪᠦᠯᠬᠦᠮᠳᠡᠭᠦᠯᠤᠨ ᠲᠠᠶᠢᠴᠢᠯᠠᠵᠦ᠂ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ ᠪᠠᠷ ᠪᠥᠭᠦ ᠲᠠᠯ᠎ᠠ ᠶᠢ ᠵᠢᠯᠤᠭᠤᠳᠤᠭᠤᠯᠬᠤ ᠶᠢ ᠪᠠᠷᠢᠮᠳᠠᠯᠠᠵᠦ᠂ ᠬᠦᠴᠢᠷ ᠪᠡᠷᠭᠡᠰᠢᠶᠠᠯ ᠢ ᠲᠠᠪᠠᠵᠦ᠂ ᠯᠠᠪᠳᠠᠭᠤᠨ ᠪᠠᠳᠤᠲᠠᠢ ᠠᠵᠢᠯᠯᠠᠨ᠂ ᠠᠵᠦ ᠠᠬᠤᠢ ᠶᠢᠨ ᠶᠡᠷᠥᠩᠬᠡᠶᠢᠯᠡᠭᠰᠡᠨ ᠪᠤᠳᠠᠳᠦ ᠬᠦᠴᠦᠨ ᠨᠡᠯᠢᠶᠡᠳ ᠲᠦᠷᠭᠡᠨ ᠨᠠᠮᠡᠭᠳᠡᠵᠥ᠂ ᠠᠷᠠᠳ ᠤᠨ ᠠᠮᠢᠳᠤᠷᠠᠯ ᠦᠷᠬᠦᠯᠵᠢᠯᠡᠨ ᠲᠡᠭᠡᠭᠰᠢᠯᠡᠵᠦ᠂ ᠠᠵᠥ ᠠᠬᠤᠢ ᠨᠡᠶᠢᠭᠡᠮ ᠪᠦᠬᠦ ᠲᠠᠯ᠎ᠠ ᠪᠠᠷ ᠬᠥᠭᠵᠢᠭᠰᠡᠨ ᠤᠬᠢ ᠰᠠᠶᠢᠨ ᠪᠠᠶᠢᠳᠠᠯ ᠢ ᠪᠤᠢ ᠪᠤᠯᠭᠠᠪᠠ᠃ —— ᠠᠵᠦ ᠠᠬᠤᠢ ᠶᠢᠨ ᠶᠡᠷᠥᠩᠬᠡᠶᠢᠯᠡᠭᠰᠡᠨ ᠪᠤᠳᠠᠳᠦ ᠬᠦᠴᠦᠨ ᠦᠷᠭᠦᠯᠵᠢᠯᠡᠨ ᠨᠡᠮᠡᠭᠳᠡᠪᠡ᠃ ᠪᠦᠬᠦ ᠬᠤᠰᠢᠭᠤᠨ ᠤ ᠭᠠᠵᠠᠷ ᠤᠷᠤᠨ ᠤ ᠦᠢᠯᠡᠳᠪᠦᠷᠢᠯᠠᠯ ᠤᠨ ᠶᠡᠷᠥᠩᠬᠡᠢ ᠦᠷᠳᠡᠭ ᠢ 32 ᠳ᠋ᠦᠩᠰᠢᠭᠤᠷ ᠲᠦᠬᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 15.5%᠎ ᠪᠠᠷ ᠨᠡᠮᠡᠭᠳᠡᠪᠡ︔ ᠨᠢᠭᠡᠳᠥᠭᠡᠷ ᠠᠵᠦ ᠦᠢᠯᠡᠰ ᠤᠨ ᠨᠡᠮᠡᠭᠳᠡᠯ ᠦᠷᠳᠡᠭ ᠢ 6.5 ᠳ᠋ᠦᠩᠰᠢᠭᠤᠷ ᠲᠦᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.9% ᠎ ᠪᠠᠷ ᠨᠡᠮᠡᠭᠳᠡᠪᠡ︔ ᠬᠤᠶᠠᠳᠤᠭᠠᠷ ᠠᠵᠦ ᠦᠢᠯᠡᠰ ᠤᠨ ᠨᠡᠮᠡᠭᠳᠡᠯ ᠦᠷᠳᠡᠭ ᠢ 16.6 ᠳ᠋ᠦᠩᠰᠢᠭᠤᠷ ᠲᠦᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 29.6%᠎ ᠪᠠᠷ ᠨᠡᠮᠡᠭᠳᠡᠪᠡ︔ ᠭᠤᠷᠪᠠᠳᠤᠭᠠᠷ ᠠᠵᠦ ᠦᠢᠯᠡᠰ ᠎ ᠤᠨ ᠨᠡᠮᠡᠭᠳᠡᠯ ᠦᠷᠳᠡᠭ ᠢ 8.9 ᠳ᠋ᠦᠩᠰᠢᠭᠤᠷ ᠲᠦᠬᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.5%᠎ ᠪᠠᠷ ᠨᠡᠮᠡᠭᠳᠡᠪᠡ︔ ᠪᠦᠬᠦ ᠨᠡᠶᠢᠭᠡᠮ ᠤᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 33.3 ᠳ᠋ᠦᠩᠰᠢᠭᠤᠷ ᠲᠦᠬᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 43.9%᠎ ᠪᠠᠷ ᠨᠡᠮᠡᠭᠳᠡᠪᠡ︔ ᠤᠷᠤᠨ ᠨᠤᠳᠤᠭ ᠤᠨ ᠡᠳ᠋ ᠤᠨ ᠵᠠᠰᠠᠭ ᠤᠨ ᠶᠡᠷᠤᠩᠭᠡᠢ ᠤᠷᠤᠯᠭ᠎ᠠ ᠶᠢ 3.2 ᠳ᠋ᠦᠩᠰᠢᠭᠤᠷ ᠳᠦᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 32.5%᠎ ᠪᠠᠷ ᠨᠡᠮᠡᠭᠳᠡᠪᠡ︔ ᠤᠷᠤᠨ ᠨᠤᠳᠤᠭ ᠤᠨ ᠡᠳ᠋ ᠤᠨ ᠵᠠᠰᠠᠭ ᠤᠨ ᠶᠡᠷᠤᠩᠭᠡᠢ ᠵᠠᠷᠤᠯᠭ᠎ᠠ 8.3 ᠳ᠋ᠦᠩᠰᠢᠭᠤᠷ ᠲᠦᠬᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11% ᠎ ᠪᠠᠷ ᠨᠡᠮᠡᠭᠳᠡᠪᠡ᠃ ᠠᠵᠦ ᠦᠢᠯᠡᠳᠪᠦᠷᠢ ᠶᠢᠨ ᠲᠤᠭᠳᠠᠮᠠᠯ ᠬᠥᠷᠥᠩᠭᠡ ᠶᠢᠨ ᠪᠡᠯᠡ ᠤᠷᠤᠭᠤᠯᠤᠯᠳᠠ ᠶᠢ 26.1 ᠳ᠋ᠦᠩᠰᠢᠭᠤᠷ ᠲᠦᠬᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ  ᠤ ᠬᠢ ᠠᠴᠠ 155%᠎ ᠪᠠᠷ ᠨᠡᠮᠡᠭᠳᠡᠵᠥ᠂16 ᠭᠤᠤᠯᠳᠠᠯᠭ᠎ᠠ ᠲᠠᠢ ᠠᠵᠥ ᠦᠢᠯᠡᠳᠪᠦᠷᠢ ᠶᠢᠨ ᠲᠦᠷᠥᠯ ᠵᠦᠢᠯ ᠢ ᠬᠡᠷᠡᠭᠵᠢᠬᠦᠯᠵᠦ᠂ ᠳ᠋ᠠᠴᠢᠩ ᠤᠨ ᠴᠢᠯᠠᠭᠤᠨ ᠲᠤᠰᠤᠨ ᠎ ᠤ ᠦᠷᠭᠦᠯᠵᠢᠯᠡᠯ ᠤᠨ ᠴᠢᠨᠠᠷᠲᠠᠢ ᠢᠨᠵᠧᠨᠧᠷᠢᠩ᠂ ᠰᠢᠨ ᠶᠦᠸᠧ ᠵᠡᠰ ᠲᠡᠮᠥᠷ ᠤᠨ ᠠᠭᠤᠷᠬᠠᠢ᠂ ᠵᠥᠡᠭ ᠶᠧ ᠨᠡᠭᠦᠷᠡᠰᠥᠨ ᠳᠠᠪᠬᠤᠷᠭ᠎ᠠ ᠶᠢᠨ ᠬᠡᠢ ᠶᠢᠨ ᠲᠦᠷᠦᠯ ᠵᠦᠢᠯ ᠤᠨ ᠠᠬᠢᠴᠠ ᠤᠷᠤᠭᠰᠢᠲᠠᠢ ᠶᠠᠪᠤᠭᠳᠠᠵᠥ᠂ ᠴᠢᠯᠠᠭᠤᠨ ᠲᠤᠰᠦ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠦᠢᠯᠡᠳᠪᠦᠷᠢᠯᠡᠯ ᠤᠨ ᠴᠢᠳᠠᠪᠤᠷᠢ ᠲᠤᠭᠲᠠᠭᠤᠨ ᠢᠶᠠᠷ ᠲᠡᠭᠡᠭᠰᠢᠯᠡᠪᠡ᠃᠂ ᠨᠡᠶᠢᠭᠡᠮ ᠤᠨ ᠬᠡᠷᠡᠭᠯᠡᠭᠡᠨ ᠤ ᠵᠢᠵᠢᠭᠯᠡᠨ ᠪᠤᠷᠤᠯᠠᠭᠤᠯᠤᠭᠰᠠᠨ ᠶᠡᠷᠥᠩᠬᠡᠢ ᠲᠤᠭ᠎ᠠ 4.7 ᠳ᠋ᠦᠩᠰᠢᠭᠤᠷ ᠲᠦᠭᠦᠷᠢᠭ ᠪᠤᠯᠵᠦ᠂ ᠠᠳᠠᠯᠢ ᠬᠤᠭᠤᠴᠠᠭᠠᠨ ᠤ ᠬᠢ ᠠᠴᠠ 16%᠎ ᠪᠠᠷ ᠨᠡᠮᠡᠭᠳᠡᠪᠡ᠂ ᠲᠤᠮᠳᠠ ᠪᠠᠭ᠎ᠠ ᠠᠵᠦ ᠠᠬᠤᠶᠢᠯᠠᠯ᠂ ᠨᠡᠶᠢᠳᠡ ᠶᠢᠨ ᠪᠤᠰᠦ ᠦᠮᠴᠢᠯᠡᠯᠳᠦ ᠠᠵᠦ ᠠᠬᠤᠢ ᠶᠢᠨ ᠪᠤᠳᠠᠳᠦ ᠴᠤᠭᠴᠠ ᠨᠡᠮᠡᠭᠳᠡᠭᠡᠳ 2851 ᠡᠷᠦᠬᠡ ᠳᠤ ᠬᠦᠷᠴᠦ᠂ ᠡᠪᠥᠳᠥᠭ ᠪᠤᠭᠤᠮᠳᠠ ᠶᠢ ᠵᠢᠩᠭᠢᠨᠢ ᠪᠠᠷ ᠭᠠᠳᠠᠭᠠᠳᠦ ᠲᠠᠢ ᠨᠡᠭᠡᠭᠡᠯᠳᠡ ᠬᠢᠬᠦ ᠪᠤᠯᠭᠠᠵᠦ᠂ ᠭᠠᠳᠠᠭᠠᠳᠦ ᠠᠴᠠ ᠤᠷᠤᠭᠤᠯᠵᠦ᠂ ᠭᠠᠳᠠᠭᠠᠳᠦ ᠳᠤ ᠭᠠᠷᠭᠠᠬᠤ ᠠᠷᠠᠯᠵᠢᠶ᠎ᠠ ᠬᠤᠳᠠᠯᠳᠤᠭ᠎ᠠ᠂ ᠵᠢᠭᠤᠯᠴᠢᠯᠠᠯ ᠤᠨ ᠤᠷᠤᠯᠭ᠎ᠠ ᠶᠢ ᠲᠦᠷᠭᠡᠳᠭᠡᠨ ᠨᠡᠮᠡᠭᠳᠡᠭᠦᠯᠪᠠ᠃ —— ᠮᠠᠯ ᠠᠵᠦ ᠠᠬᠤᠢ ᠶᠢᠨ ᠥᠢᠯᠡᠳᠪᠥᠷᠢᠯᠡᠯ ᠤᠨ ᠶᠡᠷᠥᠩᠬᠡᠶᠢᠯᠡᠭᠰᠡᠨ ᠴᠢᠳᠠᠪᠥᠷᠢ ᠦᠷᠭᠦᠯᠵᠢᠯᠡᠨ ᠳᠡᠭᠡᠭᠰᠢᠯᠡᠪᠡ᠃ ᠮᠠᠯ ᠠᠵᠥ ᠠᠬᠤᠢ ᠶᠢᠨ ᠰᠠᠭᠤᠷᠢ ᠲᠦᠭᠦᠭᠡᠷᠥᠮᠵᠢ ᠶᠢ ᠶᠡᠭᠡᠪᠡᠷ ᠴᠢᠩᠭᠠᠳᠬᠠᠵᠥ᠂ ᠰᠢᠨ᠎ᠡ ᠪᠠᠷ ᠪᠠᠷᠢᠭᠰᠠᠨ ᠡᠯ᠎ᠡ ᠵᠥᠢᠯ ᠤᠨ ᠫᠧᠩ ᠰᠠᠷᠠᠪᠴᠢ 471 ᠰᠠᠭᠤᠷᠢ᠂ ᠮᠠᠯᠵᠢᠬᠤ ᠥᠢᠯᠡᠳᠪᠥᠷᠢᠯᠡᠯ ᠤᠨ ᠮᠠᠰᠢᠨ ᠪᠠᠭᠠᠵᠢ ᠭᠡᠷᠡᠭᠰᠡᠯ 2746 ᠰᠠᠥᠷᠢ ᠪᠤᠯᠵᠥ᠂ ᠮᠠᠯᠵᠢᠬᠤ ᠡᠷᠥᠬᠡ ᠶᠢᠨ ᠰᠢᠨ᠎ᠡ ᠪᠠᠷ ᠮᠠᠯᠳᠠᠭᠰᠠᠨ ᠦᠨᠳᠦᠰᠥᠨ ᠬᠤᠳᠳᠤᠭ 121᠂ ᠲᠡᠵᠢᠭᠡᠯ ᠪᠤᠷᠳᠤᠭᠠᠨ ᠤ ᠨᠦᠬᠡᠴᠡᠯᠡᠬᠦ ᠬᠥᠮᠥᠷᠭᠡ 5 ᠰᠠᠭᠤᠷᠢ ᠪᠤᠯᠵᠤ᠂ ᠬᠥᠮᠥᠨ ᠤ ᠬᠥᠴᠥ ᠪᠠᠷ 3 ᠲᠦᠮᠡᠨ ᠮᠦ ᠡᠪᠡᠰᠥ ᠲᠠᠷᠢᠪᠠ᠃ ᠮᠠᠯᠵᠢᠯ ᠤᠨ ᠤᠨ ᠤ ᠮᠠᠯ ᠤᠨ ᠪᠥᠭᠦ ᠲᠤᠭ᠎ᠠ 145.6 ᠲᠥᠮᠡᠨ ᠲᠤᠯᠤᠭᠠᠢ  ᠳᠤ ᠭᠥᠷᠴᠥ᠂ ᠳ᠋ᠥᠡᠭ ᠯᠠᠢ ᠱᠥᠨ ᠺᠤᠮᠫᠠᠨᠢ ᠶᠢᠨ 120 ᠲᠦᠮᠡᠨ ᠲᠤᠨ ᠮᠢᠬᠠᠨ ᠤ ᠬᠤᠨᠢ ᠶᠢ ᠨᠠᠷᠢᠯᠢᠭ ᠪᠤᠯᠪᠠᠰᠤᠷᠠᠭᠤᠯᠬᠤ ᠲᠥᠷᠥᠯ ᠵᠥᠢᠯ ᠢ ᠡᠬᠢᠯᠡᠭᠦᠯᠥᠨ ᠪᠥᠲᠥᠭᠡᠨ ᠪᠠᠶᠢᠭᠤᠯᠵᠥ᠂ ᠰᠥ᠂ ᠮᠢᠬᠠᠨ ᠤ ᠭᠠᠷᠤᠯᠲᠠ ᠶᠢᠨ ᠬᠡᠮᠵᠢᠶ᠎ᠡ ᠶᠢ ᠲᠤᠰ ᠲᠤᠰ 8.7 ᠲᠦᠮᠡᠨ ᠲᠤᠨ ᠪᠠ 2.2 ᠲᠦᠮᠡᠨ ᠲᠤᠨ ᠳᠤ ᠬᠥᠷᠭᠡᠪᠡ᠃ ᠰᠤᠮᠥ ᠪᠠᠯᠭᠠᠰᠥ᠂ ᠭᠠᠴᠠᠭ᠎ᠠ᠂ ᠮᠠᠯᠴᠢᠳ ᠤᠨ ᠪᠠᠭ᠎ᠠ ᠳᠤᠭᠤᠶᠢᠯᠠᠩ ᠪᠤᠯᠤᠨ ᠮᠠᠯᠴᠢᠨ ᠲᠦᠮᠡᠨ ᠬᠠᠮᠲᠤᠷᠠᠨ ᠭᠠᠮᠰᠢᠭ ᠢ ᠡᠰᠡᠷᠭᠦᠴᠡᠵᠦ ᠰᠡᠷᠭᠡᠶᠢᠯᠡᠨ ᠬᠠᠮᠠᠭᠠᠯᠠᠬᠤ ᠲᠤᠭᠲᠠᠴᠠ ᠶᠢ ᠪᠥᠷᠢᠯᠳᠥᠭᠦᠯᠵᠥ᠂ ᠮᠠᠯ ᠠᠵᠥ ᠠᠬᠤᠢ ᠶᠢᠨ ᠥᠪᠡᠷ ᠢ ᠪᠠᠨ ᠲᠡᠩᠭᠡᠷᠡᠭᠦᠯᠬᠦ ᠴᠢᠳᠠᠪᠥᠷᠢ ᠶᠢ ᠳᠡᠭᠡᠭᠰᠢᠯᠡᠭᠦᠯᠦᠨ᠂ ᠨᠡᠶᠢᠭᠡᠮ ᠤᠨ ᠬᠥᠴᠥᠨ ᠪᠦᠬᠦᠨ ᠢ ᠪᠥᠲᠥᠮᠵᠢᠲᠠᠢ ᠳᠠᠶᠢᠴᠢᠯᠠᠵᠥ᠂ ᠤᠨᠴᠠ ᠶᠡᠭᠡ ᠴᠠᠭᠠᠨ ᠵᠤᠳ ᠢ ᠲᠤᠭᠤᠯᠵᠥ᠂ ᠱᠠᠲᠥᠴᠢ ᠴᠢᠨᠠᠷ ᠲᠠᠢ ᠠᠮᠵᠢᠯᠲᠠ ᠤᠯᠪᠠ᠃ —— ᠠᠮᠢ ᠠᠬᠤᠢ ᠤᠷᠴᠢᠨ ᠲᠤᠭᠤᠷᠢᠨ ᠪᠤᠯᠤᠨ ᠰᠠᠭᠤᠷᠢ ᠲᠦᠬᠦᠭᠡᠷᠤᠮᠵᠢ ᠶᠢᠨ ᠨᠦᠬᠦᠴᠡᠯ ᠦᠷᠭᠦᠯᠵᠢᠯᠡᠨ ᠲᠡᠭᠡᠭᠰᠢᠯᠡᠪᠡ᠃ ᠨᠤᠳᠤᠭ ᠪᠡᠯᠴᠢᠭᠡᠷ ᠢ ᠬᠠᠮᠠᠭᠠᠯᠠᠬᠤ ᠪᠠ ᠡᠯᠡᠰᠤᠷᠬᠡᠭ ᠭᠠᠵᠠᠷ ᠢ ᠵᠠᠰᠠᠨ ᠰᠠᠶᠢᠵᠢᠷᠠᠭᠤᠯᠬᠤ ᠲᠦᠷᠤᠯ ᠵᠦᠢᠯ ᠢ ᠨᠢᠭᠡᠳᠦᠭᠦᠯᠤᠨ ᠭᠡᠷᠡᠭᠵᠢᠭᠦᠯᠵᠦ᠂ 2127.7 ᠲᠦᠮᠡᠨ ᠮᠤ᠋ ᠨᠤᠳᠤᠭ ᠪᠡᠯᠴᠢᠭᠡᠷ ᠤᠨ ᠠᠮᠢ ᠠᠬᠤᠢ ᠶᠢᠨ ᠨᠦᠬᠦᠪᠦᠷᠢ ᠱᠠᠩᠨᠠᠯ ᠤᠨ ᠮᠦᠩᠭᠦ ᠶᠢ ᠨᠠᠶᠢᠳᠠᠪᠦᠷᠢᠵᠢᠭᠤᠯᠵᠦ᠂ 145 ᠲᠦᠮᠡᠨ ᠮᠤ᠋ ᠪᠡᠯᠴᠢᠭᠡᠷᠯᠡᠭᠦᠯᠬᠦ ᠶᠢ ᠵᠤᠭᠰᠤᠭᠠᠨ ᠡᠪᠡᠰᠦ ᠲᠠᠷᠢᠵᠦ᠂ 69.1 ᠲᠦᠮᠡᠨ ᠮᠤ᠋ ᠡᠯᠡᠰᠤᠷᠬᠡᠭ ᠭᠠᠵᠠᠷ ᠢ ᠵᠠᠰᠠᠨ ᠰᠠᠶᠢᠵᠢᠷᠠᠭᠤᠯᠪᠠ᠃ ᠰᠤᠮᠤ ᠪᠠᠯᠭᠠᠰᠤᠨ ᠤ ᠰᠠᠭᠤᠷᠢ ᠪᠦᠳᠦᠭᠡᠨ ᠪᠠᠶᠢᠭᠤᠯᠤᠯᠳᠠ ᠶᠢ ᠵᠡᠷᠭᠡᠪᠡᠷ ᠲᠦᠯᠬᠢᠨ ᠠᠬᠢᠭᠤᠯᠵᠦ᠂ ᠪᠠᠯᠭᠠᠰᠤᠨ ᠳᠠᠬᠢ ᠵᠠᠮ ᠢ 9 ᠲᠦᠮᠡᠨ ᠲᠡᠭᠰᠢ ᠲᠦᠷᠪᠡᠯᠵᠢᠨ ᠮᠧᠲᠷ ᠵᠠᠰᠠᠨ ᠪᠠᠶᠢᠭᠤᠯᠵᠦ᠂ ᠲᠦᠪᠯᠡᠷᠡᠭᠦᠯᠤᠨ ᠲᠤᠯᠠᠭᠠᠯᠭ᠎ᠠ ᠬᠠᠩᠭᠠᠬᠤ ᠪᠠ ᠬᠤᠭ ᠨᠤᠪᠰᠢ ᠶᠢ ᠬᠤᠤᠷ ᠦᠭᠡᠶᠢᠳᠡᠭᠦᠯᠦᠨ  ᠰᠡᠶᠢᠳᠪᠥᠷᠢᠯᠡᠬᠦ ᠢᠨᠵᠧᠨᠧᠷᠢᠩ ᠢ ᠠᠰᠢᠭᠯᠠᠯᠳᠠ ᠳᠤ ᠤᠷᠤᠭᠤᠯᠤᠨ ᠬᠡᠷᠡᠭᠯᠡᠵᠦ᠂ ᠰᠢᠨ᠎ᠡ ᠎ ᠪᠠᠷ ᠨᠡᠮᠡᠭᠳᠡᠭᠰᠡᠨ ᠭᠡᠷ ᠪᠠᠷᠢᠯᠭ᠎ᠠ ᠵᠢᠴᠢ ᠠᠯᠪᠠᠨ ᠭᠡᠷ ᠤᠨ ᠲᠠᠯᠠᠪᠠᠢ 28.4 ᠲᠦᠮᠡᠨ ᠲᠡᠭᠰᠢ ᠲᠦᠷᠪᠡᠯᠵᠢᠨ ᠮᠧᠲᠷ ᠎ ᠲᠤ ᠬᠦᠷᠪᠠ᠃ ᠭᠠᠴᠠᠭᠠᠨ ᠤ ︽ᠨᠢᠭᠡ ᠶᠠᠪᠤᠳᠠᠯ ᠢ ᠨᠢᠭᠡ ᠵᠦᠪᠯᠡᠬᠦ︾ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠲᠦᠷᠦᠯ ᠵᠦᠢᠯ ᠢ 63 ᠵᠦᠢᠯ ᠭᠡᠷᠡᠭᠵᠢᠭᠦᠯᠵᠦ᠂ 4 ᠰᠤᠮᠤᠨ ᠤ ᠠᠯᠪᠠᠨ ᠭᠡᠷ ᠤᠨ ᠭᠤᠤᠯ ᠴᠤᠭᠴᠠ ᠶᠢᠨ ᠠᠵᠢᠯ ᠢ ᠲᠠᠭᠤᠰᠬᠠᠪᠠ᠃ ᠴᠠᠭᠠᠨ ᠤ ᠦᠶᠡᠷ ᠢ ᠰᠡᠷᠭᠡᠶᠢᠯᠡᠬᠦ ᠢᠨᠵᠧᠨᠧᠷᠢᠩ ᠢ ᠪᠠᠶᠢᠭᠤᠯᠤᠨ ᠲᠠᠭᠤᠰᠬᠠᠵᠦ᠂ 110 ᠺᠢᠯᠤᠸᠤᠯᠲ ᠠᠴᠠ ᠲᠡᠭᠡᠭᠰᠢ ᠬᠦᠴᠤᠳᠡᠯ ᠦᠭᠡᠷᠡᠴᠢᠯᠠᠨ ᠲᠠᠮᠵᠢᠭᠤᠯᠬᠤ ᠲᠤᠤᠷ ᠢ 122 ᠺᠢᠯᠤᠮᠧᠲᠷ ᠰᠢᠨ᠎ᠡ ᠪᠠᠷ ᠨᠡᠮᠡᠵᠦ᠂ 10 ᠺᠢᠯᠤᠸᠤᠯᠲ ᠠᠴᠠ ᠲᠤᠷᠤᠭᠰᠢᠬᠢ ᠴᠠᠬᠢᠯᠭᠠᠨ ᠲᠤᠤᠷ ᠢ 126 ᠺᠢᠯᠤᠮᠧᠲᠷ ᠰᠢᠨ᠎ᠡ ᠪᠠᠷ ᠵᠠᠰᠠᠨ ᠰᠠᠶᠢᠵᠢᠷᠠᠭᠤᠯᠵᠤ᠂ ᠭᠠᠴᠠᠭ᠎ᠠ ᠳᠤ ᠨᠡᠪᠳᠡᠷᠡᠬᠦ ᠵᠠᠮ ᠤᠨ ᠤᠷᠳᠦ ᠶᠢ 75.8 ᠺᠢᠯᠤᠮᠧᠲᠷ ᠨᠡᠮᠡᠭᠳᠡᠭᠦᠯᠪᠠ᠃ —— ᠠᠷᠠᠳ ᠤᠨ ᠠᠮᠢᠳᠤᠷᠠᠯ ᠤᠨ ᠬᠢᠷᠢ ᠲᠥᠪᠰᠢᠨ ᠦᠷᠬᠦᠯᠵᠢᠯᠡᠨ ᠰᠠᠶᠢᠵᠢᠷᠠᠪᠠ᠃ ᠠᠷᠠᠳ ᠤᠨ ᠠᠮᠢᠳᠤᠷᠠᠯ ᠎ ᠳᠤ 5.5 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ ᠡᠳ᠋ ᠤᠨ ᠵᠠᠰᠠᠭ ᠤᠨ ᠶᠡᠷᠤᠩᠭᠡᠢ ᠵᠠᠷᠤᠯᠭ᠎ᠠ ᠶᠢᠨ 66%᠎ ᠶᠢ ᠡᠵᠡᠯᠡᠪᠡ᠃ ᠬᠤᠳᠠ ᠪᠠᠯᠭᠠᠰᠤᠨ ᠤ ᠰᠠᠭᠤᠭᠠᠠᠯᠢ ᠠᠷᠠᠳ ᠤᠨ ᠬᠦᠮᠤᠨ ᠪᠦᠷᠢ ᠶᠢᠨ ᠲᠡᠭᠰᠢᠳᠭᠡᠭᠰᠡᠨ ᠡᠵᠡᠮᠳᠡᠵᠦ ᠪᠤᠯᠬᠤ ᠤᠷᠤᠯᠭ᠎ᠠ 16682 ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.6%᠎ ᠪᠠᠷ ᠨᠡᠮᠡᠭᠳᠡᠪᠡ︔ ᠮᠠᠯᠴᠢᠳ ᠤᠨ ᠬᠦᠮᠦᠨ ᠪᠦᠷᠢ ᠶᠢᠨ ᠲᠡᠭᠰᠢᠳᠭᠡᠭᠰᠡᠨ ᠴᠡᠪᠡᠷ ᠤᠷᠤᠯᠭ᠎ᠠ 12468 ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.4%᠎ ᠪᠠᠷ ᠨᠡᠮᠡᠭᠳᠡᠪᠡ᠃ ᠮᠠᠯᠵᠢᠯ ᠤᠨ ᠡᠯ᠎ᠡ ᠵᠦᠢᠯ ᠤᠨ ᠬᠠᠷᠠᠭᠠᠯᠵᠠᠯ ᠤᠨ ᠮᠦᠩᠭᠦ ᠶᠢ 1.2 ᠳ᠋ᠦᠩᠰᠢᠭᠤᠷ ᠲᠦᠬᠦᠷᠢᠭ ᠲᠠᠷᠬᠠᠭᠠᠪᠠ᠃ ᠨᠡᠶᠢᠭᠡᠮ ᠤᠨ ᠡᠯ᠎ᠡ ᠪᠠᠲᠥᠯᠠᠪᠦᠷᠢ ᠶᠢᠨ ᠮᠥᠩᠭᠦ ᠶᠢ 6933 ᠲᠦᠮᠡᠨ ᠲᠦᠬᠦᠷᠢᠭ ᠲᠠᠯᠪᠢᠵᠥ᠂ ᠬᠤᠳᠠ ᠪᠠᠯᠭᠠᠰᠤᠨ ᠤ ᠬᠠᠮᠤᠭ ᠤᠨ ᠨᠠᠭᠠᠳᠦ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢ ᠵᠢᠯ ᠳᠤ ᠬᠦᠮᠤᠨ ᠪᠦᠷᠢ ᠳᠤ ᠲᠡᠭᠰᠢᠳᠬᠡᠭᠡᠳ ᠲᠤᠰ ᠲᠤᠰ 4440 ᠲᠦᠬᠦᠷᠢᠭ ᠪᠠ 2500 ᠲᠦᠭᠦᠷᠢᠭ ᠪᠤᠯᠭᠠᠨ ᠳᠡᠭᠡᠭᠰᠢᠯᠡᠭᠦᠯᠵᠥ᠂ ᠠᠳᠠᠯᠢ ᠬᠤᠭᠤᠴᠠᠭᠠᠨ ᠤ ᠬᠢ ᠠᠴᠠ 30% ᠪᠠ 25%᠎ ᠪᠠᠷ ᠨᠡᠮᠡᠭᠳᠡᠭᠦᠯᠪᠡ᠃ ᠨᠡᠶᠢᠭᠡᠮ ᠲᠤᠭᠤᠷᠢᠭ ᠤᠨ ︽ᠬᠤᠶᠠᠷ ᠵᠦᠪᠯᠡᠯ︾᠎ ᠤᠨ ᠤᠳᠤᠷᠢᠳᠬᠤ ᠪᠠᠭ ᠤᠨ ᠬᠡᠰᠢᠭᠦᠳ ᠤᠨ ᠰᠠᠷ᠎ᠠ ᠪᠦᠷᠢ ᠶᠢᠨ ᠲᠡᠭᠰᠢᠳᠬᠡᠭᠰᠡᠨ ᠴᠠᠯᠢᠩ ᠢ 1600 ᠲᠦᠬᠦᠷᠢᠭ ᠪᠤᠯᠭᠠᠨ ᠲᠡᠭᠡᠭᠰᠢᠯᠡᠭᠦᠯᠵᠦ᠂ 167%᠎ ᠪᠠᠷ ᠨᠡᠮᠡᠭᠳᠡᠭᠦᠯᠪᠡ᠃ 60 ᠨᠠᠰᠥᠨ ᠠᠴᠠ ᠲᠡᠭᠡᠭᠰᠢᠬᠢ ᠰᠠᠭᠤᠭᠠᠯᠢ ᠠᠷᠠᠳ ᠪᠠ ᠮᠠᠯᠴᠢᠳ ᠲᠤ ᠦᠨᠳᠥᠰᠥᠨ ᠨᠠᠰᠥᠵᠢᠯ ᠤᠨ ᠳᠠᠭᠠᠳᠬᠠᠯ ᠤᠨ ᠮᠥᠩᠭᠦ ᠶᠢ ᠲᠠᠷᠬᠠᠭᠠᠵᠥ ᠪᠥᠭᠦ ᠬᠤᠰᠢᠭᠤᠨ ᠳᠤ ᠲᠦᠭᠡᠮᠨᠯᠵᠢᠭᠦᠯᠦᠨ᠂ ᠭᠤᠷᠪᠡᠨ ᠲᠦᠷᠥᠯ ᠤᠨ ᠦᠨᠳᠥᠰᠥᠨ ᠡᠮ ᠡᠮᠨᠡᠯᠭᠡ ᠶᠢᠨ ᠳᠠᠭᠠᠳᠬᠠᠯ ᠳᠤ ᠤᠷᠤᠯᠴᠠᠭᠰᠠᠨ ᠨᠤᠷᠮ᠎ᠠ ᠶᠢ 86.2%᠎ ᠳᠤ ᠬᠥᠷᠭᠡᠪᠡ᠃ ᠬᠤᠳᠠ ᠪᠠᠯᠭᠠᠰᠤᠨ ᠤ ᠰᠢᠨ᠎ᠡ ᠪᠠᠷ ᠠᠵᠢᠯ ᠤᠯᠤᠭᠰᠠᠨ ᠬᠦᠮᠦᠨ 950 ᠪᠤᠯᠵᠥ᠂ 697 ᠲᠦᠮᠡᠨ ᠲᠦᠬᠦᠷᠢᠭ ᠤᠨ ᠪᠠᠭ᠎ᠠ ᠲᠤᠭᠠᠨ ᠤ ᠪᠠᠲᠤᠯᠠᠭᠠᠲᠥ ᠵᠢᠭᠡᠯᠡᠯᠭᠡ ᠶᠢ ᠲᠠᠯᠪᠢᠪᠠ︔ ᠪᠥᠬᠦ ᠬᠤᠰᠢᠭᠤᠨ ᠤ ᠠᠵᠢᠯᠲᠠᠨ ᠠᠵᠢᠯᠴᠢᠨ ᠤ ᠴᠠᠯᠢᠩ ᠢ ᠨᠡᠮᠡᠭᠳᠡᠭᠦᠯᠪᠡ᠃ 402 ᠢᠵᠢ ᠪᠠᠲᠤᠯᠠᠭ᠎ᠠ ᠶᠢᠨ ᠴᠢᠨᠠᠷᠳᠠᠢ ᠤᠷᠤᠨ ᠰᠠᠭᠤᠴᠠ ᠶᠢ ᠰᠢᠨ᠎ᠡ ᠪᠠᠷ ᠪᠠᠶᠢᠭᠤᠯᠵᠦ᠂ 121 ᠡᠷᠦᠬᠡ ᠶᠢ ᠨᠡᠭᠦᠯᠭᠡᠨ ᠰᠢᠯᠵᠢᠭᠦᠯᠪᠠ᠃ ᠶᠠᠳᠠᠭᠤ ᠶᠢ ᠲᠡᠳᠭᠦᠭᠦ ᠪᠡᠯᠡ ᠮᠦᠡᠭᠭᠦ ᠶᠢ 1300 ᠲᠦᠮᠡᠨ ᠲᠦᠬᠦᠷᠢᠭ ᠭᠠᠷᠭᠠᠵᠤ᠂ 2584 ᠶᠠᠳᠠᠭᠤ ᠬᠦᠴᠢᠷᠳᠡᠯ ᠲᠠᠢ ᠬᠦᠮᠦᠨ ᠠᠮᠠ ᠶᠢ ᠲᠤᠰᠠᠯᠠᠪᠠ᠃ ᠭᠠᠮᠰᠢᠭ ᠠᠴᠠ ᠠᠪᠤᠷᠠᠠ ᠲᠤᠰᠠᠯᠠᠬᠤ ᠡᠯ᠎ᠡ ᠵᠦᠢᠯ ᠤᠨ ᠪᠡᠯᠡ ᠮᠦᠩᠭᠦ ᠶᠢ 477 ᠲᠦᠮᠡᠨ ᠲᠦᠭᠦᠷᠢᠭ ᠲᠠᠷᠬᠠᠭᠠᠵᠦ᠂ 1.7 ᠲᠦᠮᠨ᠋ᠡ ᠬᠦᠮᠦᠨ ᠢ ᠲᠤᠰᠠᠯᠠᠨ ᠲᠡᠮᠵᠢᠪᠡ᠃ —— ᠨᠡᠶᠢᠭᠡᠮ ᠤᠨ ᠠᠵᠢᠯ ᠦᠢᠯᠡᠰ ᠪᠦᠬᠦ ᠲᠠᠯ᠎ᠠ ᠪᠠᠷ ᠬᠦᠭᠵᠢᠪᠡ᠃ ᠭᠡᠪ ᠴᠢᠨᠠᠷ ᠤᠨ ᠰᠤᠷᠭᠠᠨ ᠬᠥᠮᠥᠵᠢᠯ ᠪᠤᠯᠥᠨ ᠥᠨᠳᠥᠰᠥᠲᠡᠨ ᠤ ᠰᠤᠷᠭᠠᠨ ᠬᠥᠮᠥᠵᠢᠯ ᠢ ᠪᠥᠭᠦ ᠲᠠᠯ᠎ᠠ ᠪᠠᠷ ᠬᠡᠷᠡᠭᠵᠢᠭᠦᠯᠵᠥ᠂ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠢᠯᠡᠳᠳᠡ ᠲᠡᠭᠡᠭᠰᠢᠯᠡᠵᠦ᠂ ᠠᠮᠤᠭᠤᠯᠠᠩ ᠨᠢᠭᠡᠳᠦᠭᠡᠷ ᠪᠠᠭ᠎ᠠ ᠰᠤᠷᠭᠠᠭᠤᠯᠢ ᠶᠢ ᠠᠮᠵᠢᠯᠳᠠ ᠲᠠᠢ ᠪᠠᠷ ᠨᠡᠭᠦᠯᠭᠡᠨ ᠪᠠᠶᠢᠭᠤᠯᠵᠦ᠂ 3 ᠰᠠᠭᠤᠷᠢ ᠬᠡᠤᠭᠡᠳ ᠤᠨ ᠴᠡᠴᠡᠷᠯᠢᠭ ᠪᠤᠯᠥᠨ 1 ᠰᠠᠭᠤᠷᠢ ᠰᠠᠯᠬᠢ ᠪᠤᠷᠤᠭᠠᠨ ᠢ ᠬᠠᠯᠬᠠᠯᠠᠬᠤ ᠲᠠᠮᠢᠷ ᠤᠨ ᠲᠠᠯᠠᠪᠤᠷ ᠢ ᠠᠵᠢᠯ ᠡᠬᠢᠯᠡᠭᠦᠯᠦᠨ ᠪᠠᠶᠢᠭᠤᠯᠪᠠ᠃ ᠮᠠᠯᠵᠢᠬᠤ ᠤᠷᠥᠨ ᠤ ᠪᠤᠳᠠᠳᠥ ᠪᠠᠶᠢᠳᠠᠯ ᠎ ᠲᠠᠢ ᠤᠶᠠᠯᠳᠤᠭᠤᠯᠵᠥ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠤᠨ ᠥᠭᠡᠷᠡᠴᠢᠯᠡᠯᠲᠠ ᠶᠢ ᠭᠥᠨᠵᠡᠭᠡᠶᠢᠷᠡᠭᠦᠯᠵᠥ᠂ ᠠᠷᠠᠳ ᠤᠯᠠᠨ  ᠤ ᠡᠷᠡᠭᠦᠯ ᠴᠢᠬᠢᠷᠠᠭ ᠤᠨ ᠬᠢᠷᠢ ᠲᠥᠪᠰᠢᠨ ᠢ ᠲᠠᠰᠤᠷᠠᠯᠲᠠ ᠥᠭᠡᠢ ᠳᠡᠭᠡᠭᠰᠢᠯᠡᠭᠦᠯᠪᠡ᠃ ᠡᠷᠡᠭᠦᠯ ᠬᠠᠮᠠᠭᠠᠯᠠᠯ ᠤᠨ ᠶᠡᠷᠤᠩᠭᠡᠶᠢᠯᠡᠭᠰᠡᠨ ᠠᠰᠠᠷ ᠪᠤᠯᠤᠨ ᠦᠨᠳᠦᠰᠤᠨ ᠱᠠᠳᠤᠨ ᠤ 3 ᠡᠷᠡᠭᠦᠯ ᠬᠠᠮᠠᠭᠠᠯᠠᠯ ᠤᠨ ᠬᠤᠷᠢᠶ᠎ᠠ ᠶᠢ ᠰᠢᠨ᠎ᠡ ᠪᠠᠷ ᠪᠠᠶᠢᠭᠤᠯᠵᠥ᠂ ᠦᠨᠳᠦᠰᠤᠨ ᠱᠠᠳᠤᠨ ᠳᠤ ᠴᠥᠮ ᠡᠮ ᠡᠮᠨᠡᠯᠭᠡ ᠶᠢᠨ ᠡᠷᠡᠭᠦᠯ ᠬᠠᠮᠠᠭᠠᠯᠠᠯ ᠤᠨ ᠨᠡᠭᠦᠳᠡᠯ ᠦᠢᠯᠡᠴᠢᠯᠡᠭᠡᠨ ᠤ ᠲᠡᠷᠭᠡ ᠶᠢ ᠲᠤᠬᠢᠷᠠᠭᠤᠯᠪᠠ᠃ ᠬᠦᠮᠦᠨ ᠠᠮᠠ ᠶᠢᠨ ᠠᠶᠠᠨᠳᠠᠭᠠᠨ ᠥᠰᠥᠭᠰᠡᠨ ᠨᠤᠷᠮ᠎ᠠ 2.9‰ ᠪᠤᠯᠪᠠ᠃ ᠦᠨᠳᠦᠰᠤᠨ ᠱᠠᠳᠤᠨ ᠤ 3 ᠰᠤᠶᠤᠯ ᠤᠨ ᠦᠷᠳᠡᠭᠡ ᠶᠢ ᠰᠢᠨ᠎ᠡ ᠪᠠᠷ ᠪᠠᠶᠢᠭᠤᠯᠵᠦ᠂ ᠳᠤᠯᠤᠳᠤᠭᠠᠷ ᠬᠤᠭᠤᠴᠠᠭᠠᠨ ᠤ ︽ᠪᠠᠷᠭᠤ ᠰᠤᠶᠤᠯ ᠤᠷᠠᠯᠢᠭ ᠤᠨ ᠨᠠᠶᠢᠷ︾᠂ ᠬᠤᠶᠠᠳᠤᠭᠠᠷ ᠬᠤᠭᠤᠴᠠᠭᠠᠨ ᠤ ︽ᠭᠠᠴᠠᠭ᠎ᠠ ᠨᠡᠶᠢᠭᠡᠮ ᠲᠤᠭᠤᠷᠢᠭ ᠤᠨ ᠰᠤᠶᠤᠯ ᠤᠨ ᠨᠠᠶᠢᠷ︾ ᠵᠡᠷᠭᠡ ᠣᠯᠠᠨ ᠲᠦᠮᠡᠨᠴᠢ ᠰᠤᠶᠥᠯ ᠎ ᠤᠨ ᠬᠥᠳᠡᠯᠭᠡᠭᠡᠨ ᠢ ᠠᠮᠵᠢᠯᠲᠠ ᠲᠠᠢ ᠡᠷᠬᠢᠯᠡᠪᠡ᠃ ᠢᠳᠡᠭᠡᠨ ᠪᠠ ᠡᠮ ᠤᠨ ᠵᠥᠢᠯ ᠤᠨ ᠠᠮᠥᠷ ᠲᠥᠪᠰᠢᠨ ᠤ ᠬᠢᠨᠠᠨ ᠬᠠᠮᠢᠶᠠᠷᠥᠯᠲᠠ ᠶᠢ ᠭᠥᠨᠵᠡᠭᠡᠢ ᠥᠷᠨᠢᠭᠦᠯᠵᠥ᠂ ᠨᠡᠶᠢᠭᠡᠮ ᠤᠨ ᠠᠮᠤᠷᠯᠢᠩᠭᠤᠢ ᠶᠢ ᠶᠡᠷᠥᠩᠬᠡᠶᠢᠯᠡᠨ ᠵᠠᠰᠠᠬᠤ ᠶᠢ ᠪᠥᠬᠦ ᠲᠠᠯ᠎ᠠ ᠪᠠᠷ ᠲᠥᠯᠬᠢᠨ ᠠᠬᠢᠭᠤᠯᠪᠠ᠃ ᠠᠷᠠᠳ ᠲᠤ ᠠᠰᠢᠭᠲᠠᠢ ᠪᠤᠳᠠᠳᠥ ᠶᠠᠪᠥᠳᠠᠯ ᠬᠢᠭᠰᠡᠨ ᠥᠷ᠎ᠡ ᠪᠥᠲᠥᠮᠵᠢ ᠲᠤᠪᠤᠶᠢᠮ᠎ᠠ ᠪᠤᠯᠪᠠ᠃ ︽ᠡᠷᠡᠭᠦᠯ ᠴᠢᠬᠢᠷᠠᠭ ᠤᠨ ᠪᠠᠲᠤᠯᠠᠭ᠎ᠠ ᠶᠢᠨ ᠡᠮ ᠤᠨ ᠵᠢᠵᠢᠭ ᠬᠠᠶᠢᠷᠴᠠᠭ ᠢ ᠮᠠᠯᠵᠢᠬᠤ ᠡᠷᠦᠬᠡ ᠎ ᠳᠤ ᠬᠦᠷᠬᠡᠬᠦ᠂ ᠷᠠᠳᠢᠤ᠋ ᠲᠧᠯᠸᠢᠰ ᠢ ᠡᠷᠦᠬᠡ ᠪᠤᠯᠭᠠᠨ ᠳᠤ ᠤᠷᠤᠭᠤᠯᠬᠤ᠂ ᠮᠠᠯᠵᠢᠬᠤ ᠤᠷᠤᠨ ᠳᠤ ᠠᠮᠤᠷ ᠲᠦᠪᠰᠢᠨ ᠤᠤᠭᠤᠬᠤ ᠤᠰᠤ ᠶᠢ ᠲᠦᠪᠯᠡᠷᠡᠭᠦᠯᠦᠨ ᠬᠠᠩᠭᠠᠬᠤ᠂ ᠡᠷᠦᠬᠡ ᠪᠤᠯᠭᠠᠨ ᠳᠤ ᠴᠠᠬᠢᠯᠭᠠᠨ ᠨᠡᠪᠳᠡᠷᠡᠬᠦᠯᠬᠦ᠂ ᠠᠮᠦᠭᠤᠯᠠᠩ ᠪᠠᠯᠭᠠᠰᠤᠨ ᠤ ᠬᠤᠶᠠᠳᠤᠭᠠᠷ ᠳᠡᠰ ᠤᠨ ᠠᠶᠠᠨᠴᠢᠳ ᠤᠨ ᠲᠡᠭᠡᠭᠡᠪᠥᠷᠢ ᠶᠢᠨ ᠥᠷᠲᠡᠭᠡ᠂ ᠮᠠᠯᠴᠢᠳ ᠢ ᠬᠤᠲᠠ ᠳᠤ ᠰᠠᠭᠤᠷᠢᠰᠢᠭᠤᠯᠬᠤ ᠪᠠ ᠬᠤᠲᠠ ᠤᠷᠤᠵᠥ ᠥᠢᠯᠡᠰ ᠪᠥᠲᠥᠭᠡᠬᠦ ᠬᠥᠷᠢᠶᠡᠯᠡᠩ᠂ ᠥᠪᠥᠷᠪᠤᠯᠠᠭ ᠪᠤᠯᠤᠨ ᠰᠢᠨᠡᠪᠤᠯᠠᠭ ᠰᠤᠮᠤᠨ ᠤ ᠬᠡᠤᠬᠡᠳ ᠤᠨ ᠴᠡᠴᠡᠷᠯᠢᠭ᠂ ᠶᠠᠳᠠᠭᠤ ᠬᠥᠴᠢᠷᠲᠠᠢ ᠭᠡᠷ ᠪᠥᠯᠢ ᠶᠢᠨ ᠬᠡᠥᠬᠡᠳ ᠲᠤ ᠠᠵᠢᠯ ᠤᠯᠭᠤᠵᠥ ᠳᠡᠮᠵᠢᠬᠦ ᠵᠡᠷᠭᠡ 8 ᠲᠥᠷᠥᠯ ᠤᠨ ᠢᠨᠵᠧᠨᠧᠷᠢᠩ ᠢ ᠪᠡᠶᠡᠯᠡᠭᠦᠯᠪᠡ᠃ ᠵᠡᠮᠳᠡᠭᠴᠤᠳ ᠢ ᠨᠠᠶᠢᠲᠠᠨ ᠠᠰᠠᠷᠠᠬᠤ ᠲᠥᠪ᠂ ᠲᠠᠮᠢᠷ ᠤᠨ ᠶᠡᠷᠥᠩᠬᠡᠶᠢᠯᠡᠭᠰᠡᠨ ᠬᠥᠳᠡᠯᠭᠡᠭᠡᠨ ᠤ ᠲᠥᠪ ᠵᠡᠷᠭᠡ 2 ᠢᠨᠵᠧᠨᠧᠷᠢᠩ ᠤᠨ ᠡᠮᠦᠨᠡᠭᠢ ᠬᠤᠭᠤᠴᠠᠭᠠᠨ ᠤ ᠠᠵᠢᠯ ᠢ ᠡᠬᠢᠯᠡᠭᠦᠯᠪᠡ᠃ ︽ᠵᠢᠷᠭᠤᠳᠤᠭᠠᠷ ᠲᠠᠪᠤᠨ ᠵᠢᠯ︾᠎ ᠤᠨ ᠬᠠᠤᠯᠢ ᠲᠦᠭᠡᠮᠡᠯᠵᠢᠭᠦᠯᠬᠦ ᠠᠵᠢᠯ ᠢ ᠦᠷᠨᠢᠭᠦᠯᠵᠥ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠪᠤᠯᠤᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠰᠠᠨᠠᠯ ᠵᠦᠪᠯᠡᠯᠭᠡ ᠪᠤᠯᠤᠨ ᠰᠠᠨᠠᠯ ᠲᠤᠷᠠᠳᠤᠯᠭ᠎ᠠ ᠶᠢ 120 ᠬᠤᠪᠢ ᠰᠡᠶᠢᠳᠪᠥᠷᠢᠯᠡᠪᠡ᠂ ᠠᠶᠤᠯᠭᠦᠢ ᠦᠢᠯᠡᠳᠪᠦᠷᠢᠯᠡᠯ᠂ ᠦᠨᠳᠥᠰᠥᠲᠡᠨ ᠱᠠᠰᠢᠨ ᠰᠤᠷᠳᠠᠬᠤᠨ᠂ ᠬᠠᠷᠭᠠᠯᠵᠠᠨ ᠲᠥᠪᠬᠢᠨᠡᠭᠦᠯᠬᠦ᠂ ᠬᠢᠯᠢ ᠶᠢᠨ ᠪᠠᠳᠤᠯᠠᠨ ᠬᠠᠮᠠᠭᠠᠯᠠᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠪᠠ᠃ ᠠᠭᠠᠷ  ᠤᠨ ᠰᠡᠷᠭᠡᠶᠢᠯᠡᠯᠲᠡ᠂ ᠭᠠᠯ ᠢ ᠰᠡᠷᠭᠡᠶᠢᠯᠡᠬᠦ᠂ ᠬᠢᠨᠠᠨ ᠪᠤᠳᠤᠬᠤ᠂ ᠦᠢᠯᠡᠳᠪᠥᠷᠢ ᠬᠤᠳ᠋ᠨᠯᠳᠤᠭ᠎ᠠ᠂ ᠤᠯᠤᠰ ᠤᠨ ᠭᠠᠶᠢᠯᠢ᠂ ᠤᠷᠤᠨ ᠨᠤᠲᠤᠭ ᠤᠨ ᠭᠠᠶᠢᠯᠢ᠂ ᠶᠠᠰᠥ ᠴᠢᠨᠠᠷ ᠲᠤ ᠬᠢᠨᠠᠯᠲᠠ ᠲᠠᠯᠪᠢᠬᠤ᠂ ᠳᠠᠩᠰᠠ ᠡᠪᠬᠡᠮᠡᠯ ᠲᠡᠤᠬᠡ ᠤᠶᠢᠯᠠᠯᠭ᠎ᠠ᠂ ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ᠂ ᠡᠮᠡᠭᠲᠠᠶᠢᠴᠤᠳ ᠤᠨ ᠬᠤᠯᠪᠤᠭ᠎ᠠ᠂ ᠤᠳᠬ᠎ᠠ ᠤᠷᠨᠯᠢᠭ ᠤᠨ ᠬᠢᠨ ᠤ ᠬᠤᠯᠪᠤᠭ᠎ᠠ᠂ ᠵᠡᠮᠳᠡᠭᠴᠤᠳ ᠤᠨ ᠬᠤᠯᠪᠤᠭ᠎ᠠ᠂ ᠦᠢᠯᠡᠳᠪᠥᠷᠢ ᠬᠤᠳᠠᠯᠳᠤᠭᠠᠨ ᠤ ᠬᠤᠯᠪᠤᠭ᠎ᠠ᠂ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ ᠵᠡᠷᠭᠡ ᠠᠵᠢᠯ ᠰᠢᠨ᠎ᠡ ᠠᠮᠵᠢᠯᠲᠠ ᠤᠯᠪᠠ᠃ ᠲᠦᠯᠦᠭᠡᠯᠡᠭᠴᠢᠳ ᠡ᠂ 2012 ᠤᠨ ᠤ ᠠᠵᠢᠯ ᠤᠨ ᠠᠮᠵᠢᠯᠲᠠ ᠪᠤᠯ ᠬᠤᠳᠠ ᠶᠢᠨ ᠨᠠᠮ ᠤᠨ ᠬᠤᠷᠢᠶ᠎ᠠ᠂ ᠵᠠᠰᠠᠭ ᠎ ᠤᠨ ᠤᠷᠳᠤᠨ ᠪᠤᠯᠤᠨ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠲᠠᠢ ᠤᠳᠤᠷᠢᠳᠤᠯᠭ᠎ᠠ ᠶᠢᠨ ᠦᠷ᠎ᠡ ᠳ᠋ᠦᠩ ᠪᠤᠯᠤᠨ᠎ᠠ᠂ ᠮᠦᠨ ᠴᠦ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠤᠯᠤᠨ ᠤᠯᠤᠰ ᠲᠦᠷᠦ ᠶᠢᠨ ᠵᠦᠪᠯᠡᠯᠭᠡᠨ ᠤ ᠬᠦᠴᠦᠲᠠᠢ ᠲᠡᠮᠵᠢᠯᠭᠡ ᠶᠢᠨ ᠦᠷ᠎ᠡ ᠳ᠋ᠦᠩ ᠶᠤᠮ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠺᠠᠳ᠋ᠷ ᠤᠯᠠᠨ ᠲᠦᠮᠠᠨ ᠪᠦᠯᠬᠦᠮᠳᠠᠨ ᠴᠢᠷᠮᠠᠶᠢᠨ ᠠᠵᠢᠯᠯᠠᠭᠰᠠᠨ ᠤ ᠦᠷ᠎ᠡ ᠳ᠋ᠦᠩ ᠪᠤᠯᠤᠨ᠎ᠠ᠃ ᠡᠭᠦᠨ ᠳᠤ ᠪᠢ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠢ ᠲᠦᠯᠦᠭᠡᠯᠡᠵᠦ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠠᠨ ᠪᠤᠯᠤᠨ ᠰᠢᠨ᠎ᠡ ᠪᠠᠷᠭᠤ ᠵᠡᠭᠦᠨ ᠬᠤᠰᠢᠭᠤᠨ ᠤ ᠪᠦᠳᠦᠭᠡᠨ ᠪᠠᠶᠢᠭᠤᠯᠤᠯᠳᠠ ᠪᠠ ᠬᠦᠭᠵᠢᠯᠳᠡ ᠳᠤ ᠬᠤᠪᠢ ᠨᠡᠮᠡᠷᠢ ᠪᠠᠨ ᠦᠵᠡᠭᠦᠯᠦᠭᠰᠡᠨ ᠨᠦᠬᠦᠳ ᠪᠠ ᠬᠠᠯᠠᠮᠵᠢᠯᠠᠯ ᠲᠡᠮᠵᠢᠯᠭᠡ ᠥᠵᠡᠭᠦᠯᠥᠭᠰᠡᠨ ᠪᠤᠢ ᠪᠦᠬᠦᠢ ᠬᠦᠮᠦᠰ ᠲᠤ ᠴᠢᠩ ᠰᠡᠳᠭᠢᠯ ᠤᠨ ᠲᠠᠯᠠᠷᠬᠠᠯ ᠪᠠ ᠡᠷᠬᠢᠮ ᠳᠡᠭᠡᠳᠦ ᠮᠡᠨᠳᠦᠴᠢᠯᠡᠯ ᠲᠡᠪᠰᠢᠭᠦᠯᠦᠶ᠎ᠡ︕ 2012 ᠤᠨ ᠳᠤ᠂ ᠪᠢᠲᠡ ᠬᠥᠮᠥᠰ ᠢ ᠵᠤᠷᠢᠭᠵᠢᠭᠤᠯᠤᠮ᠎ᠠ ᠠᠮᠵᠢᠯᠲᠠ ᠤᠯᠤᠭᠰᠠᠨ ᠢᠶᠠᠷ ᠪᠠᠷᠠᠬᠤ ᠦᠬᠡᠢ᠂ ᠡᠷᠬᠢᠮ ᠨᠠᠨᠳᠢᠨ ᠲᠤᠷᠰᠢᠯᠭ᠎ᠠ ᠰᠤᠷᠭᠠᠮᠵᠢ ᠪᠤᠯᠤᠨ ᠠᠵᠢᠯ ᠤᠨ ᠠᠷᠭ᠎ᠠ ᠶᠢ ᠬᠤᠷᠠᠮᠳᠤᠭᠤᠯᠪᠠ᠃ ᠨᠢᠭᠡ ᠳᠤ ᠦᠵᠡᠯ ᠰᠠᠨᠠᠭ᠎ᠠ ᠎ ᠪᠠᠨ ᠴᠢᠯᠦᠭᠡᠯᠡᠵᠤ᠂ ᠵᠤᠷᠢᠭᠳᠠᠢ ᠪᠠᠷ ᠰᠢᠨ᠎ᠡ ᠶᠢ ᠡᠭᠦᠳᠬᠦ ᠶᠢ ᠡᠷᠬᠡᠪᠰᠢ ᠪᠠᠷᠢᠮᠳᠠᠯᠠᠬᠤ ᠬᠡᠷᠡᠭᠲᠠᠢ᠃ ᠦᠵᠠᠯ ᠲᠠᠨᠢᠯᠲᠠ ᠎ ᠪᠠᠨ ᠨᠢᠭᠡᠳᠭᠡᠨ᠂ ᠰᠡᠳᠬᠢᠴᠡ ᠪᠠᠨ ᠦᠷᠭᠡᠳᠭᠡᠵᠦ᠂ ᠠᠰᠠᠭᠤᠳᠠᠯ ᠢ ᠰᠡᠶᠢᠳᠪᠤᠷᠢᠯᠡᠨ᠂ ᠰᠢᠨ᠎ᠡ ᠶᠢ ᠡᠭᠦᠳᠤᠨ᠂ ᠤᠷᠤᠭᠰᠢᠯᠠᠨ ᠲᠠᠪᠰᠢᠵᠤ᠂ ᠦᠵᠡᠯ ᠰᠠᠨᠠᠭᠠᠨ ᠤ ᠴᠢᠯᠦᠭᠡᠯᠨᠯᠲᠡ ᠪᠠᠷ ᠠᠵᠦ ᠠᠬᠤᠢ ᠨᠡᠶᠢᠭᠡᠮ ᠤᠨ ᠬᠦᠭᠵᠢᠯᠳᠠ ᠶᠢ ᠲᠦᠯᠬᠢᠨ ᠠᠬᠢᠭᠤᠯᠬᠤ ᠬᠡᠷᠡᠭᠲᠡᠢ᠃ ᠬᠤᠶᠠᠷ ᠲᠤ᠂ ᠡᠬᠢ ᠪᠠᠶᠠᠯᠢᠭ ᠢ ᠨᠡᠭᠡᠭᠡᠨ ᠠᠰᠢᠭᠯᠠᠵᠤ ᠲᠦᠷᠤᠯ ᠵᠦᠢᠯ ᠢᠶᠠᠷ ᠲᠠᠶᠢᠴᠢᠯᠠᠨ ᠲᠠᠭᠠᠭᠤᠯᠬᠤ ᠶᠢ ᠪᠠᠷᠢᠮᠲᠠᠯᠠᠵᠥ᠂ ᠲᠦᠷᠦ ᠶᠢᠨ ᠪᠤᠳᠤᠯᠭ᠎ᠠ ᠪᠠᠷ ᠲᠡᠳᠭᠦᠭᠦ ᠪᠠ ᠠᠵᠦ ᠦᠢᠯᠡᠰ ᠢ ᠰᠢᠯᠵᠢᠬᠦᠯᠬᠦ ᠳᠤ ᠲᠦᠷᠦᠯ ᠵᠦᠢᠯ ᠢ ᠴᠢᠷᠮᠠᠶᠢᠨ ᠤᠷᠤᠭᠤᠯᠵᠤ᠂ ᠤᠷᠴᠢᠨ ᠲᠤᠭᠤᠷᠢᠨ ᠢ ᠰᠢᠯᠢᠳᠡᠭᠵᠢᠭᠦᠯᠦᠨ ᠠᠷᠠᠯᠵᠢᠶᠠᠴᠢᠨ ᠤᠷᠢᠬᠤ ᠬᠡᠷᠡᠭᠲᠡᠢ᠃ ᠭᠤᠷᠪᠠ ᠳᠤ᠂ ᠡᠷᠬᠡᠪᠰᠢ ᠤᠨᠴᠠᠯᠢᠭ ᠢ ᠲᠤᠪᠤᠶᠢᠯᠭᠠᠨ᠂ ᠲᠠᠪᠠᠭᠤᠯᠢᠭ ᠢᠶᠠᠨ ᠪᠠᠳᠠᠷᠠᠭᠤᠯᠬᠤ ᠬᠡᠷᠡᠭᠲᠠᠢ᠂ ᠡᠬᠢ ᠪᠠᠶᠠᠯᠢᠭ ᠤᠨ ᠲᠠᠪᠠᠭᠤᠯᠢᠭ ᠢᠶᠠᠨ ᠭᠦᠢᠴᠡᠳ ᠠᠰᠢᠭᠯᠠᠨ᠂ ᠠᠵᠦ ᠦᠢᠯᠡᠰ ᠤᠨ ᠬᠦᠭᠵᠢᠯᠳᠠ ᠶᠢᠨ ᠶᠠᠰᠦ ᠴᠢᠨᠠᠷ ᠬᠢᠭᠡᠳ ᠦᠷ᠎ᠡ ᠠᠰᠢᠭ ᠢ ᠲᠡᠭᠡᠭᠰᠢᠯᠡᠭᠦᠯᠬᠦ ᠬᠡᠷᠡᠭᠲᠠᠢ᠃ ᠲᠦᠷᠪᠡ ᠳᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠵᠦ᠂ ᠠᠷᠠᠳ ᠢᠶᠠᠨ ᠬᠠᠷᠠᠭᠠᠯᠵᠠᠨ ᠠᠷᠠᠳ ᠢᠶᠠᠨ ᠪᠠᠶᠠᠵᠢᠭᠤᠯᠬᠤ ᠶᠢ ᠪᠠᠷᠢᠮᠳᠠᠯᠠᠬᠤ ᠬᠡᠷᠡᠭᠲᠠᠢ᠂ ᠠᠷᠠᠳ ᠤᠨ ᠠᠮᠢᠳᠤᠷᠠᠯ ᠢ ᠪᠠᠳᠤᠯᠠᠬᠤ ᠪᠠ ᠰᠠᠶᠢᠵᠢᠷᠠᠭᠤᠯᠬᠤ ᠶᠢ ᠦᠷᠬᠦᠯᠵᠢ ᠰᠠᠶᠢᠳᠤᠷ ᠠᠳᠬᠤᠵᠤ᠂ ᠠᠷᠠᠳ ᠤᠨ ᠲᠦᠯᠦᠭᠡ ᠬᠦᠭᠵᠢᠭᠦᠯᠬᠦ᠂ ᠠᠷᠠᠳ ᠤᠯᠠᠨ ᠢ ᠲᠦᠰᠢᠭᠯᠡᠬᠦ᠂ ᠬᠦᠭᠵᠢᠯᠳᠠ ᠶᠢᠨ ᠦᠷ᠎ᠡ ᠪᠦᠳᠦᠭᠡᠯ ᠢ ᠠᠷᠠᠳ ᠲᠦᠮᠡᠨ ᠬᠠᠮᠳᠦ ᠪᠠᠷ ᠡᠳ᠋ᠯᠡᠬᠦ ᠬᠡᠷᠡᠭᠲᠡᠢ᠃ ᠠᠮᠵᠢᠯᠳᠠ ᠪᠠᠨ ᠨᠤᠲᠠᠯᠠᠬᠤ ᠶᠢᠨ ᠬᠠᠮᠳᠦ ᠤᠷᠤᠰᠢᠵᠦ ᠪᠠᠶᠢᠭ᠎ᠠ ᠠᠰᠠᠭᠤᠳᠠᠯ ᠢᠶᠠᠨ ᠰᠡᠷᠭᠡᠭ ᠢᠶᠠᠷ ᠲᠠᠨᠢᠬᠤ ᠬᠡᠷᠡᠭᠲᠠᠢ᠂ ᠪᠥᠭᠦ ᠬᠤᠰᠢᠭᠤᠨ ᠤ ᠠᠵᠥ ᠠᠬᠤᠢ ᠨᠡᠶᠢᠭᠡᠮ ᠤᠨ ᠭᠥᠭᠵᠢᠯᠲᠡ ᠶᠢᠨ ᠳᠤᠮᠳᠠ ᠪᠠᠰᠠ ᠬᠥᠴᠢᠷᠳᠡᠯ ᠪᠠ ᠠᠰᠠᠭᠤᠳᠠᠯ ᠤᠷᠤᠰᠢᠭᠰᠠᠭᠠᠷ ᠪᠠᠶᠢᠨ᠎ᠠ᠃ ᠳᠠᠷᠦᠢ᠄ ᠠᠵᠦ ᠠᠬᠤᠢ ᠶᠢᠨ ᠶᠡᠷᠤᠩᠭᠡᠢ ᠬᠡᠮᠵᠢᠶ᠎ᠡ ᠪᠠᠭ᠎ᠠ᠂ ᠲᠤᠯᠭᠠᠭᠤᠷᠢᠯᠠᠬᠤ ᠠᠵᠦ ᠦᠢᠯᠡᠰ ᠮᠦᠨ ᠯᠡ ᠪᠦᠷᠢᠯᠳᠦᠭᠡᠳᠦᠢ ᠪᠠᠶᠢᠭᠰᠠᠭᠠᠷ᠃ ᠡᠬᠢ ᠪᠠᠶᠠᠯᠢᠭ ᠢ ᠬᠤᠪᠢᠷᠠᠭᠤᠯᠬᠤ ᠠᠬᠢᠴᠠ ᠤᠳᠠᠭᠠᠨ᠂ ᠠᠵᠥ ᠦᠢᠯᠡᠳᠪᠦᠷᠢ ᠶᠢᠨ ᠬᠥᠭᠵᠢᠯᠲᠡ ᠬᠠᠷᠢᠴᠠᠩᠭᠤᠢ ᠪᠠᠷ ᠤᠳᠠᠭᠠᠰᠢᠷᠠᠭᠰᠠᠨ︔ ᠲᠠᠷᠢᠶᠠᠯᠠᠩ ᠮᠠᠯ ᠠᠵᠦ ᠦᠢᠯᠠᠰᠵᠢᠯᠳᠠ ᠎ ᠶᠢᠨ ᠲᠠᠪᠬᠤᠷᠭ᠎ᠠ ᠲᠤᠤᠷ᠎ᠠ᠂ ᠰᠠᠭᠤᠷᠢ ᠲᠥᠬᠦᠭᠡᠷᠥᠮᠵᠢ ᠪᠠᠭᠤᠷᠠᠢ᠂ ᠶᠡᠷᠥᠩᠬᠡᠶᠢᠯᠡᠭᠰᠡᠨ ᠦᠢᠯᠡᠳᠪᠥᠷᠢᠯᠡᠯ ᠤᠨ ᠴᠢᠳᠠᠪᠤᠷᠢ ᠠᠨᠠᠢ᠂ ᠮᠠᠯᠴᠢᠳ ᠪᠠ ᠰᠠᠭᠤᠭᠠᠯᠢ ᠠᠷᠠᠳ ᠤᠨ ᠤᠷᠤᠯᠭ᠎ᠠ ᠶᠢ ᠨᠡᠮᠡᠭᠳᠡᠭᠦᠯᠭᠦ ᠳᠤ ᠬᠦᠴᠢᠷᠳᠡᠯ ᠶᠡᠭᠡ︔ ᠶᠠᠳᠠᠭᠤ ᠶᠢ ᠲᠡᠳᠭᠦᠭᠦ ᠰᠢᠪᠳᠤᠯᠤᠯᠳᠠ ᠶᠢᠨ ᠴᠢᠨᠠᠷᠲᠠᠢ ᠡᠭᠦᠷᠭᠡ ᠬᠥᠨᠳᠥ᠂ ᠬᠤᠲᠠ ᠪᠠᠯᠭᠠᠰᠤᠨ ᠤ ᠥᠢᠯᠡᠴᠢᠯᠡᠭᠡᠨ ᠤ ᠴᠢᠳᠠᠪᠬᠢ ᠲᠡᠭᠦᠯᠲᠡᠷ ᠪᠤᠰᠤ᠂ ᠡᠯ᠎ᠡ ᠲᠥᠷᠥᠯ ᠤᠨ ᠭᠠᠶᠢᠯᠢ ᠶᠢᠨ ᠢᠷᠡᠯᠲᠡ ᠲᠤᠭᠲᠠᠭᠤᠨ ᠪᠤᠰᠥ᠂ ᠡᠳ᠋ ᠤᠨ ᠵᠠᠰᠠᠭ ᠎ ᠤᠨ ᠤᠷᠥᠯᠭ᠎ᠠ ᠵᠠᠷᠤᠯᠭ᠎ᠠ ᠤᠨ ᠵᠦᠷᠢᠴᠡᠯ ᠮᠦᠨ ᠯᠡ ᠲᠤᠪᠤᠶᠢᠮ᠎ᠠ᠂ ᠴᠦᠭᠡᠨ ᠲᠤᠭᠠᠨ ᠤ ᠺᠠᠳ᠋ᠷᠴᠤᠳ ᠦᠵᠡᠯ ᠰᠠᠨᠠᠭ᠎ᠠ ᠪᠠᠨ ᠴᠢᠯᠦᠭᠡᠯᠡᠬᠦ ᠪᠠᠷ ᠬᠦᠷᠤᠯᠴᠡᠬᠦ ᠦᠭᠡᠢ᠂ ᠠᠵᠢᠯ ᠦᠢᠯᠡᠰ ᠢ ᠡᠭᠦᠳᠥᠨ ᠪᠠᠶᠢᠭᠤᠯᠬᠤ ᠤᠷᠭᠢᠯᠤᠮ᠎ᠠ ᠰᠡᠳᠭᠢᠯᠭᠡ ᠪᠤᠯᠤᠨ ᠬᠦᠴᠦᠨ ᠵᠤᠷᠢᠭ ᠢᠶᠠᠷ ᠲᠤᠳᠠᠮᠠᠭ᠂ ᠡᠶᠢᠮᠦ ᠠᠴᠠ ᠪᠢᠳᠡ ᠡᠷᠬᠡᠪᠰᠢ ᠬᠥᠴᠦᠨ ᠢᠶᠠᠨ ᠲᠦᠪᠯᠡᠷᠡᠭᠦᠯᠦᠨ ᠨᠡᠩ ᠰᠠᠶᠢᠳᠤᠷ ᠰᠡᠶᠢᠳᠪᠦᠷᠢᠯᠡᠬᠦ ᠬᠡᠷᠡᠭᠲᠡᠢ᠃ ᠬᠤᠶᠠᠷ᠂ 2013 ᠤᠨ ᠤ ᠭᠤᠤᠯ ᠠᠵᠢᠯ 2013 ᠤᠨ ᠪᠤᠯ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠥᠭᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠠᠩᠬᠠᠨ ᠤ ᠵᠢᠯ ᠪᠤᠯᠤᠨ᠎ᠠ᠂ ᠮᠦᠨ ᠴᠦ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠤᠷᠳᠤᠨ ᠤ ᠡᠬᠢᠯᠡᠯᠳᠡ ᠶᠢᠨ ᠤᠨ᠂ ᠭᠠᠵᠠᠷ ᠤᠷᠤᠨ ᠤ ᠠᠵᠥ ᠠᠬᠤᠢ ᠶᠢ ᠲᠥᠷᠭᠡᠳᠭᠡᠨ ᠬᠥᠭᠵᠢᠭᠦᠯᠬᠦ ᠎ ᠶᠢ ᠠᠬᠢᠭᠤᠯᠬᠤ ᠣᠨ ᠪᠤᠯᠬᠤ ᠪᠦᠭᠡᠳ ᠡᠨᠡ ᠵᠢᠯ ᠤᠨ ᠠᠵᠢᠯ ᠢᠶᠠᠨ ᠰᠠᠶᠢᠲᠤᠷ ᠬᠢᠬᠦ ᠲᠠᠢ ᠰᠢᠭᠤᠳ ᠬᠠᠷᠢᠴᠠᠭ᠎ᠠ ᠲᠠᠢ ᠶᠤᠮ᠃ ᠤᠳᠤᠬᠠᠨ ᠤ ᠭᠠᠵᠠᠷ ᠤᠷᠤᠨ ᠤ ᠠᠵᠥ ᠠᠬᠤᠢ ᠶᠢᠨ ᠬᠥᠭᠵᠢᠯᠲᠡ ᠶᠢ ᠠᠬᠢᠭᠤᠯᠬᠤ ᠰᠢᠨ᠎ᠡ ᠪᠠᠶᠢᠳᠠᠯ ᠳᠤᠤᠷ᠎ᠡ᠂ ᠮᠠᠨ ᠤ ᠬᠤᠰᠢᠭᠤᠨ ᠤ ᠠᠮᠢ ᠠᠬᠤᠢ᠂ ᠡᠬᠢ ᠪᠠᠶᠠᠯᠢᠭ᠂ ᠦᠨᠳᠥᠰᠥᠲᠡᠨ᠂ ᠬᠢᠯᠢ ᠬᠢᠵᠠᠭᠠᠷ ᠤᠨ ᠲᠠᠯ᠎ᠠ ᠎ ᠪᠠᠷ ᠬᠢ ᠳᠠᠪᠠᠭᠤᠯᠢᠭ ᠨᠡᠩ ᠳᠤᠪᠤᠶᠢᠮ᠎ᠠ ᠪᠤᠯᠵᠥ᠂ ᠬᠥᠴᠥᠨ ᠢᠶᠠᠨ ᠨᠢᠭᠡᠳᠬᠡᠵᠥ ᠯᠠᠪᠳᠠᠭᠤᠨ ᠪᠠᠲᠥᠲᠠᠢ ᠠᠵᠢᠯᠯᠠᠵᠥ᠂ ᠰᠢᠷᠭᠠᠭᠤ ᠬᠠᠲᠠᠭᠤᠵᠢᠯᠲᠠᠢ ᠲᠡᠮᠡᠴᠡᠨ᠂ ᠰᠢᠨᠳᠡᠷᠡᠰᠢ ᠦᠭᠡᠢ ᠡᠷᠡᠯᠬᠡᠭᠯᠡᠨ ᠲᠡᠮᠡᠴᠡᠬᠦ ᠵᠤᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠳᠠᠭ ᠯᠡ ᠶᠤᠮ ᠪᠤᠯ ᠠᠵᠥ ᠠᠬᠤᠢ ᠨᠡᠶᠢᠭᠡᠮ ᠤᠨ ᠪᠥᠭᠦ ᠲᠠᠯ᠎ᠠ ᠶᠢᠨ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠥᠨ ᠨᠡᠭᠡᠭᠡᠭᠦ ᠨᠢ ᠯᠠᠪᠲᠠᠢ᠃ ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠥᠩᠬᠡᠢ ᠰᠡᠳᠭᠢᠴᠡ ᠪᠤᠯ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠬᠤᠳᠠ ᠶᠢᠨ ᠭᠤᠷᠪᠠᠳᠤᠭᠠᠷ ᠬᠤᠭᠤᠴᠠᠭᠠᠨ ᠤ ᠭᠤᠷᠪᠠ᠂ ᠲᠦᠷᠪᠡᠳᠦᠭᠡᠷ ᠤᠳᠠᠭᠠᠨ ᠤ ᠪᠦᠬᠦ ᠭᠡᠰᠢᠭᠦᠳ ᠤᠨ ᠬᠤᠷᠠᠯ ᠪᠤᠯᠤᠨ ᠬᠤᠰᠢᠭᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠲᠠᠪᠤᠳᠤᠭᠠᠷ ᠤᠳᠠᠭᠠᠨ ᠤ ᠪᠥᠬᠦ ᠭᠡᠰᠢᠭᠦᠳ ᠤᠨ ᠦᠷᠭᠡᠳᠬᠡᠭᠰᠡᠨ ᠬᠤᠷᠠᠯ ᠤᠨ ᠵᠤᠷᠢᠭ ᠰᠠᠨᠠᠭ᠎ᠠ ᠶᠢ ᠪᠥᠭᠦ ᠲᠠᠯ᠎ᠠ ᠪᠠᠷ ᠲᠤᠤᠱᠯᠠᠭᠤᠯᠵᠥ᠂ ᠭᠠᠵᠠᠷ ᠤᠷᠤᠨ ᠤ ᠠᠵᠦ ᠠᠬᠤᠢ ᠶᠢ ᠶᠡᠬᠡᠪᠡᠷ ᠬᠦᠭᠵᠢᠭᠦᠯᠵᠦ ᠬᠦᠴᠤᠷᠭᠡᠭᠵᠢᠭᠦᠯᠤᠠ᠂ ᠪᠡᠯᠡ ᠤᠷᠤᠭᠤᠯᠤᠯᠳᠡ ᠶᠢ ᠲᠠᠲᠠᠨ ᠠᠪᠴᠢᠷᠠᠵᠤ ᠲᠦᠷᠤᠯ ᠵᠦᠢᠯ ᠢᠶᠠᠷ ᠲᠠᠶᠢᠴᠢᠯᠠᠬᠤ ᠪᠠᠷ ᠭᠤᠤᠯᠳᠠᠯᠭ᠎ᠠ ᠪᠤᠯᠭᠠᠵᠦ᠂ ︽ᠠᠮᠢ ᠠᠬᠤᠢ ᠶᠢ ᠬᠠᠮᠠᠭᠠᠯᠠᠨ᠂ ᠮᠠᠯ ᠠᠵᠦ ᠠᠬᠤᠢ ᠪᠠᠷ ᠬᠤᠰᠢᠭᠤ ᠎ ᠪᠠᠨ ᠲᠤᠭᠳᠠᠪᠤᠷᠢᠵᠢᠭᠤᠯᠵᠤ᠂ ᠡᠬᠢ ᠪᠠᠶᠠᠯᠢᠭ ᠢᠶᠠᠨ ᠬᠤᠪᠢᠷᠠᠭᠤᠯᠤᠨ᠂ ᠠᠵᠦ ᠦᠢᠯᠡᠳᠪᠦᠷᠢ ᠢᠶᠠᠷ ᠬᠤᠰᠢᠭᠤ ᠪᠠᠨ ᠬᠦᠴᠤᠷᠭᠡᠭᠵᠢᠭᠦᠯᠬᠦ︾ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ︽ᠰᠢᠨ᠎ᠡ ᠮᠠᠯᠵᠢᠬᠤ ᠤᠷᠤᠨ ᠤ ᠲᠤᠷᠰᠢᠯᠳᠠ ᠎ ᠶᠢᠨ ᠴᠢᠭ᠋ ᠤᠨ ᠬᠤᠰᠢᠭᠤ︾᠎ ᠶᠢ ᠪᠦᠳᠦᠭᠡᠨ ᠪᠠᠶᠢᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠦ᠂ ᠨᠡᠶᠢᠳᠡ ᠎ ᠶᠢᠨ ᠪᠤᠰᠦ ᠦᠮᠴᠢᠯᠡᠯᠲᠦ ᠠᠵᠦ ᠠᠬᠤᠢ ᠶᠢ ᠶᠡᠬᠡᠪᠡᠷ ᠬᠦᠭᠵᠢᠭᠦᠯᠵᠦ᠂ ︽ᠰᠢᠨ᠎ᠡ ᠬᠡᠯᠪᠡᠷᠢ ᠶᠢᠨ ᠠᠵᠥ ᠥᠢᠯᠡᠳᠪᠥᠷᠢᠵᠢᠯᠲᠡ ᠶᠢᠨ ᠲᠤᠯᠭᠠᠭᠤᠷᠢ ᠠᠵᠥ ᠥᠢᠯᠡᠰ᠂ ᠤᠳᠥ ᠥᠶ᠎ᠡ ᠶᠢᠨ ᠮᠠᠯ ᠠᠵᠥ ᠠᠬᠤᠢ ᠶᠢᠨ ᠰᠠᠭᠤᠷᠢ ᠠᠵᠥ ᠥᠢᠯᠡᠰ᠂ ᠪᠠᠷᠭᠤ ᠶᠢᠨ ᠲᠠᠯ᠎ᠡ ᠨᠤᠲᠤᠭ ᠤᠨ ᠵᠢᠭᠤᠯᠴᠢᠯᠠᠯ ᠤᠨ ᠰᠤᠶᠤᠯ ᠤᠨ ᠥᠢᠯᠡᠴᠢᠯᠭᠡᠨ ᠤ ᠠᠵᠥ ᠥᠢᠯᠡᠰ ᠂ ᠪᠤᠭᠤᠮᠲᠠ ᠶᠢᠨ ᠠᠷᠠᠯᠵᠢᠶ᠎ᠠ ᠬᠤᠳᠠᠯᠳᠤᠭ᠎ᠠ ᠭᠥᠢᠯᠭᠡᠭᠡᠨ ᠤ ᠠᠵᠥ ᠥᠢᠯᠡᠰ︾᠎ ᠢ ᠡᠭᠦᠳᠥᠨ ᠪᠠᠶᠢᠭᠤᠯᠵᠥ᠂ ᠠᠷᠠᠳ ᠎ ᠤᠨ ᠠᠮᠢᠳᠤᠷᠠᠯ ᠢ ᠪᠠᠳᠤᠯᠠᠬᠤ ᠪᠠ ᠰᠠᠶᠢᠵᠢᠷᠠᠭᠤᠯᠬᠤ ᠲᠡᠭᠡᠷ᠎ᠡ ᠬᠦᠴᠦ ᠲᠠᠯᠪᠢᠵᠦ᠂ ᠨᠡᠶᠢᠭᠡᠮ ᠤᠨ ᠪᠦᠳᠤᠭᠡᠨ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠨ᠂ ᠦᠨᠳᠦᠰᠦᠳᠠᠨ ᠤ ᠪᠦᠯᠬᠦᠮᠳᠡᠯ ᠢ ᠪᠠᠬᠢᠵᠢᠭᠦᠯᠵᠦ᠂ ᠬᠢᠯᠢ ᠬᠢᠵᠠᠭᠠᠷ ᠤᠨ ᠲᠤᠭᠳᠠᠭᠤᠨ ᠢ ᠬᠠᠮᠠᠭᠠᠯᠠᠨ᠎ᠠ᠃ ᠭᠤᠤᠯ ᠵᠢᠱᠢᠭᠰᠡᠨ ᠬᠠᠷᠠᠯᠳᠠ ᠪᠤᠯ᠄ ᠭᠠᠵᠠᠷ ᠤᠷᠤᠨ ᠤ ᠦᠢᠯᠡᠳᠪᠤᠷᠢᠯᠡᠯ ᠤᠨ ᠶᠡᠷᠤᠩᠭᠡᠢ ᠦᠷᠳᠡᠭ ᠢ 18%᠎ ᠪᠠᠷ ᠨᠡᠮᠡᠭᠳᠡᠭᠦᠯᠥᠨ᠎ᠡ︔ ᠤᠷᠤᠨ ᠨᠤᠳᠤᠭ ᠤᠨ ᠡᠳ᠋ ᠤᠨ ᠵᠠᠰᠠᠭ ᠤᠨ ᠶᠡᠷᠤᠩᠭᠡᠢ ᠤᠷᠤᠯᠭ᠎ᠠ ᠶᠢ 23.3% ᠎ ᠪᠠᠷ ᠨᠡᠮᠡᠭᠳᠡᠭᠦᠯᠥᠨ᠎ᠡ︔ ᠪᠦᠬᠦ ᠨᠡᠶᠢᠭᠡᠮ ᠤᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 20%᠎ ᠪᠠᠷ ᠨᠡᠮᠡᠭᠳᠡᠭᠦᠯᠥᠨ᠎ᠡ︔ ᠨᠡᠶᠢᠭᠡᠮ ᠤᠨ ᠭᠡᠷᠡᠭᠯᠡᠭᠡᠨ ᠤ ᠵᠢᠵᠢᠭᠯᠡᠨ ᠪᠤᠷᠤᠯᠠᠭᠤᠯᠬᠤ ᠶᠡᠷᠦᠩᠭᠡᠢ ᠲᠤᠭ᠎ᠠ ᠶᠢ 15%᠎ ᠪᠠᠷ ᠨᠡᠮᠡᠭᠳᠡᠭᠦᠯᠥᠨ᠎ᠡ︔ ᠬᠤᠳᠠ ᠬᠦᠳᠡᠭᠡ ᠶᠢᠨ ᠰᠠᠭᠤᠭᠠᠯᠢ ᠠᠷᠠᠳ ᠪᠤᠯᠤᠨ ᠮᠠᠯᠴᠢᠳ ᠤᠨ ᠬᠦᠮᠦᠨ ᠪᠦᠷᠢ ᠶᠢᠨ ᠲᠡᠭᠰᠢᠳᠬᠡᠬᠡᠭᠰᠡᠨ ᠡᠵᠡᠮᠳᠡᠵᠦ ᠪᠤᠯᠬᠤ ᠤᠷᠤᠯᠭ᠎ᠠ ᠶᠢ 17%᠎ ᠪᠠᠷ ᠨᠡᠮᠡᠭᠳᠡᠭᠦᠯᠤᠨ᠎ᠠ᠃ ᠡᠨᠡ ᠵᠢᠯ ᠤᠨ ᠬᠠᠷᠠᠯᠳᠠᠳᠦ ᠡᠭᠦᠷᠭᠡ ᠶᠢ ᠪᠡᠶᠡᠯᠡᠭᠦᠯᠬᠦ ᠳᠤ ᠭᠤᠤᠯᠲᠠᠭᠤ ᠳᠤᠤᠷᠠᠬᠢ ᠮᠡᠲᠦ ᠵᠢᠷᠭᠤᠭᠠᠨ ᠲᠠᠯ᠎ᠠ ᠶᠢᠨ ᠠᠵᠢᠯ ᠢ ᠰᠠᠶᠢᠳᠤᠷ ᠬᠢᠨ᠎ᠡ᠃ ︵ᠨᠢᠭᠡ︶ ᠪᠡᠯᠡ ᠤᠷᠣᠭᠤᠯᠤᠯᠳᠠ ᠶᠢ ᠲᠠᠲᠠᠨ ᠠᠪᠴᠢᠷᠠᠵᠤ᠂ ᠲᠦᠷᠤᠯ ᠵᠦᠢᠯ ᠤᠨ ᠪᠦᠳᠦᠭᠡᠨ ᠪᠠᠶᠢᠭᠤᠯᠤᠯᠳᠠ ᠪᠠᠷ ᠭᠤᠤᠯᠳᠠᠯᠭ᠎ᠠ ᠪᠤᠯᠭᠠᠵᠦ᠂ ᠠᠵᠦ ᠦᠢᠯᠡᠳᠪᠦᠷᠢ ᠶᠢᠨ ᠠᠵᠦ ᠠᠬᠤᠢ ᠶᠢᠨ ᠶᠡᠷᠤᠩᠭᠡᠢ ᠬᠡᠮᠵᠢᠶ᠎ᠡ ᠶᠢ ᠶᠡᠬᠡᠪᠡᠷ ᠨᠡᠮᠡᠭᠳᠡᠭᠦᠯᠤᠨ᠎ᠡ᠃ ᠠᠵᠦ ᠦᠢᠯᠡᠳᠪᠦᠷᠢ ᠶᠢᠨ ᠲᠤᠭ᠎ᠠ ᠬᠡᠮᠵᠢᠶ᠎ᠡ ᠶᠢᠨ ᠨᠡᠮᠡᠭᠳᠡᠯ ᠢ ᠰᠠᠶᠢᠲᠤᠷ ᠠᠳᠬᠤᠵᠦ᠂ ᠲᠤᠭ᠎ᠠ ᠬᠡᠮᠵᠢᠶ᠎ᠡ ᠶᠢ ᠰᠢᠯᠢᠳᠡᠭᠵᠢᠭᠦᠯᠦᠨ ᠲᠤᠬᠢᠷᠠᠭᠤᠯᠵᠤ᠂ ᠤᠷᠤᠨ ᠨᠤᠲᠤᠭ ᠤᠨ ᠡᠳ᠋ ᠤᠨ ᠵᠠᠰᠠᠭ ᠤᠨ ᠤᠷᠤᠯᠭ᠎ᠠ ᠶᠢ ᠨᠡᠮᠡᠭᠳᠡᠭᠦᠯᠭᠦ ᠪᠠᠷ ᠴᠢᠷᠮᠠᠶᠢᠵᠥ᠂ ᠠᠷᠠᠳ ᠤᠯᠠᠨ ᠳᠤ ᠨᠡᠩ ᠤᠯᠠᠨ ᠪᠤᠳᠠᠳᠤ ᠠᠰᠢᠭ ᠬᠥᠷᠲᠡᠭᠡᠨ᠎ᠡ᠂ ᠭᠤᠤᠯᠳᠠᠯᠭ᠎ᠠ ᠎ ᠲᠠᠢ ᠠᠵᠦ ᠦᠢᠯᠡᠳᠪᠦᠷᠢ ᠶᠢᠨ 11 ᠲᠦᠷᠤᠯ ᠵᠦᠢᠯ ᠢ ᠬᠡᠷᠡᠭᠵᠢᠭᠦᠯᠤᠨ᠂ ᠠᠵᠦ ᠦᠢᠯᠡᠳᠪᠦᠷᠢ ᠶᠢᠨ ᠲᠤᠭᠲᠠᠮᠠᠯ ᠬᠥᠷᠥᠩᠭᠡ ᠶᠢᠨ ᠪᠡᠯᠡ ᠤᠷᠤᠭᠤᠯᠤᠯᠲᠠ ᠶᠢ 26 ᠳ᠋ᠦᠩᠰᠢᠭᠤᠷ ᠲᠦᠬᠦᠷᠢᠭ ᠪᠡᠶᠡᠯᠡᠭᠦᠯᠥᠨ᠎ᠡ᠃ ᠬᠡᠪᠴᠢᠶᠡᠵᠢᠯ ᠠᠴᠠ ᠳᠡᠭᠡᠭᠰᠢᠬᠢ ᠠᠵᠥ ᠥᠢᠯᠡᠳᠪᠥᠷᠢ ᠶᠢᠨ ᠨᠡᠮᠡᠭᠳᠡᠯ ᠦᠷᠲᠡᠭ ᠢ 18%᠎ ᠠᠴᠠ ᠳᠡᠭᠡᠭᠰᠢ ᠳᠤ ᠬᠥᠷᠭᠡᠨ᠎ᠡ᠃ ᠨᠢᠭᠡ ᠳᠤ  ᠤᠯᠠᠮᠵᠢᠯᠠᠯᠳᠦ ᠠᠵᠦ ᠦᠢᠯᠡᠰ ᠢ ᠰᠢᠨ᠎ᠡ ᠰᠢᠪᠳᠤᠯᠤᠯᠳᠠ ᠲᠠᠢ ᠪᠤᠯᠭᠠᠨ᠎ᠠ᠃ ᠴᠢᠯᠠᠭᠤᠨ ᠲᠤᠰᠦ᠂ ᠨᠠᠭᠦᠷᠠᠰᠦ᠂ ᠦᠩᠭᠡᠳᠦ ᠲᠡᠮᠦᠷᠯᠢᠭ ᠵᠡᠷᠭᠡ ᠡᠬᠢ ᠪᠠᠶᠠᠯᠢᠭ ᠤᠨ ᠬᠡᠯᠪᠡᠷᠢᠲᠥ ᠠᠵᠦ ᠦᠢᠯᠡᠰ ᠢ ᠴᠢᠩᠭ᠎ᠠ ᠠᠳᠬᠤᠵᠦ᠂ ᠲᠦᠷᠦᠯ ᠵᠦᠢᠯ ᠢ ᠮᠡᠳᠡᠭᠦᠯᠤᠨ ᠵᠦᠪᠰᠢᠶᠡᠷᠡᠭᠦᠯᠬᠦ ᠶᠢ ᠲᠦᠷᠭᠡᠳᠭᠡᠵᠦ᠂ ᠲᠦᠷᠦᠯ ᠵᠦᠢᠯ ᠤᠨ ᠡᠷᠬᠢᠯᠳᠠ ᠶᠢ ᠴᠢᠩᠭᠠᠳᠬᠠᠨ᠂ ᠬᠦᠴᠤᠯᠠᠴᠡ ᠪᠠᠨ ᠵᠤᠬᠢᠴᠠᠭᠤᠯᠵᠦ ᠲᠤᠬᠢᠷᠠᠭᠤᠯᠤᠨ᠂ ᠲᠦᠷᠦᠯ ᠵᠦᠢᠯ ᠢ ᠡᠷᠳᠡ ᠰᠠᠭᠤᠷᠢᠰᠢᠭᠤᠯᠵᠦ᠂ ᠪᠥᠲᠦᠭᠡᠨ ᠪᠠᠶᠢᠭᠤᠯᠵᠥ ᠪᠠᠶᠢᠭ᠎ᠠ ᠲᠥᠷᠥᠯ ᠵᠥᠢᠯ ᠢ ᠠᠰᠢᠭᠯᠠᠯᠳᠠ ᠳᠤ ᠲᠦᠷᠭᠡᠨ ᠤᠷᠤᠭᠤᠯᠤᠨ᠎ᠠ᠃ ᠨᠠᠭᠦᠷᠠᠰᠤᠨ ᠤ ᠠᠵᠢᠯ ᠦᠢᠯᠡᠰ ᠢ ᠨᠡᠭᠡᠭᠡᠨ ᠬᠥᠭᠵᠢᠭᠦᠯᠵᠥ ᠰᠢᠪᠲᠤᠯᠤᠯᠲᠠ ᠲᠠᠢ ᠪᠤᠯᠭᠠᠬᠤ ᠳᠤ 3 ᠲᠠᠯ᠎ᠠ ᠶᠢᠨ ᠠᠵᠢᠯ ᠢ ᠰᠠᠶᠢᠳᠤᠷ ᠬᠢᠬᠦ ᠭᠡᠷᠡᠭᠲᠡᠢ᠂ ᠪᠠᠶᠠᠨᠴᠠᠭᠠᠨ ᠤ 120 ᠲᠦᠮᠠᠨ ᠲᠤᠨ ᠤ ᠨᠠᠭᠦᠷᠡᠰᠤᠨ ᠠᠭᠤᠷᠬᠠᠢ ᠶᠢ ᠦᠷᠭᠡᠳᠭᠡᠨ ᠪᠠᠶᠢᠭᠤᠯᠬᠤ ᠲᠦᠷᠤᠯ ᠵᠦᠢᠯ ᠢ ᠲᠤᠰ ᠵᠢᠯ ᠳᠤ ᠠᠰᠢᠭᠯᠠᠯᠳᠠ ᠳᠤ ᠤᠷᠤᠭᠤᠯᠬᠤ ᠪᠠᠷ ᠴᠢᠷᠮᠠᠶᠢᠵᠦ᠂ ᠨᠠᠬᠦᠷᠠᠰᠤ ᠶᠢ ᠬᠢᠮᠢᠵᠢᠭᠦᠯᠬᠦ ᠲᠦᠷᠦᠯ ᠵᠦᠢᠯ ᠤᠨ ᠡᠮᠤᠨᠡᠬᠢ ᠬᠤᠭᠤᠴᠠᠭᠠᠨ ᠤ ᠠᠵᠢᠯ ᠢ ᠦᠷᠬᠦᠯᠵᠢᠯᠠᠨ ᠰᠠᠶᠢᠳᠤᠷ ᠬᠢᠨ᠎ᠡ︔ ᠬᠤᠸᠠ ᠨᠧᠩ ᠤᠨ ᠲᠢᠶᠧ ᠨᠠᠨ ᠠᠭᠤᠷᠬᠠᠢ ᠶᠢᠨ 300 ᠲᠦᠮᠡᠨ ᠲᠤᠨ ᠨᠡᠭᠦᠷᠡᠰᠤᠨ ᠠᠭᠤᠷᠬᠠᠢ ᠶᠢ ᠨᠡᠭᠡᠭᠡᠨ ᠠᠰᠢᠭᠯᠠᠬᠤ ᠲᠦᠷᠦᠯ ᠵᠦᠢᠯ ᠢ ᠤᠯᠬᠤ ᠠᠷᠭ᠎ᠠ ᠵᠠᠮ ᠢ ᠰᠠᠶᠢᠳᠦᠷ ᠰᠦᠪᠡᠭᠴᠢᠯᠡᠨ᠎ᠡ᠃ ᠵᠢᠩ ᠨᠧᠩ ᠤᠨ ᠨᠤᠮᠤᠨ ᠬᠠᠨ ᠤ ᠬᠦᠷᠡᠩ ᠨᠠᠭᠦᠷᠡᠰᠤ ᠶᠢ ᠬᠠᠯᠠᠭᠠᠨ ᠵᠠᠳᠠᠷᠠᠭᠤᠯᠬᠤ ᠲᠦᠷᠤᠯ ᠵᠦᠢᠯ ᠤᠨ ᠡᠮᠤᠨᠡᠬᠢ ᠬᠤᠭᠤᠴᠠᠭᠠᠨ ᠤ ᠭᠠᠷ ᠬᠦᠢᠴᠡᠳᠭᠡᠯ ᠢ ᠤᠯᠠᠮ ᠰᠠᠶᠢᠲᠤᠷ ᠬᠢᠵᠦ᠂ ᠦᠢᠯᠡᠳᠪᠦᠷᠢᠯᠡᠯ ᠢ ᠡᠬᠢᠯᠡᠭᠦᠯᠤᠨ᠎ᠡ᠃ ᠲᠤᠰᠦ᠂ ᠬᠡᠢ᠂ ᠦᠩᠭᠡᠳᠦ ᠲᠡᠮᠦᠷᠯᠢᠭ ᠢ ᠨᠡᠭᠡᠭᠡᠨ ᠠᠰᠢᠭᠯᠠᠬᠤ ᠲᠠᠯ᠎ᠠ ᠪᠠᠷ ᠭᠤᠤᠯᠳᠠᠬᠤ 3 ᠲᠦᠷᠦᠯ ᠵᠦᠢᠯ ᠢ ᠲᠦᠯᠬᠢᠨ ᠠᠬᠢᠭᠤᠯᠵᠦ᠂ ᠳ᠋ᠠᠴᠢᠩ ᠤᠨ ᠴᠢᠯᠠᠭᠤᠨ ᠲᠤᠰᠤᠨ ᠤ ᠬᠠᠶᠢᠨ ᠰᠢᠨᠵᠢᠯᠳᠡ ᠵᠢᠴᠢ ᠦᠷᠬᠦᠯᠵᠢᠯᠡᠨ ᠨᠡᠭᠡᠭᠡᠨ ᠭᠦᠭᠵᠢᠭᠦᠯᠬᠦ ᠢᠨᠵᠧᠨᠧᠷᠢᠩ ᠢ ᠪᠡᠶᠡᠯᠨᠭᠦᠯᠵᠦ᠂ ᠲᠦᠬᠦᠭᠡᠢ ᠲᠤᠰᠤᠨ ᠤ ᠦᠢᠯᠡᠳᠪᠦᠷᠢᠯᠡᠯ ᠤᠨ ᠴᠢᠳᠠᠪᠤᠷᠢ ᠶᠢ 5.3 ᠲᠤᠨ ᠠᠴᠠ ᠲᠡᠭᠡᠭᠰᠢ ᠬᠦᠷᠭᠡᠨ᠎ᠡ︔ ᠨᠤᠮᠤᠨ ᠬᠠᠨ ᠤ ᠨᠡᠭᠦᠷᠡᠰᠤᠨ ᠠᠭᠤᠷᠬᠠᠢ ᠶᠢᠨ ᠠᠮᠢᠳᠦ ᠪᠤᠳᠠᠰ ᠤᠨ ᠨᠠᠭᠦᠷᠡᠰᠤᠨ ᠲᠠᠪᠬᠤᠷᠭ᠎ᠠ ᠶᠢᠨ ᠬᠡᠢ ᠶᠢᠨ 100 ᠲᠤᠷᠰᠢᠯᠳᠠ ᠶᠢᠨ ᠨᠢᠭᠡᠴᠢ ᠶᠢ ᠪᠦᠳᠦᠭᠡᠨ ᠪᠠᠶᠢᠭᠤᠯᠵᠦ᠂ ᠲᠤᠰ ᠵᠢᠯ ᠳᠤᠨᠢ ᠦᠢᠯᠡᠳᠪᠦᠷᠢᠯᠡᠨ᠎ᠡ︔ ᠰᠢᠨ ᠶᠦᠸᠧ ᠲᠡᠮᠤᠷ ᠵᠡᠰ ᠤᠨ ᠠᠭᠤᠷᠬᠠᠢ ᠶᠢ ᠦᠷᠬᠦᠯᠵᠢᠯᠡᠨ ᠪᠠᠶᠢᠭᠤᠯᠬᠤ ᠲᠦᠷᠤᠯ ᠵᠦᠢᠯ ᠢ ᠪᠡᠶᠡᠯᠡᠭᠦᠯᠵᠦ᠂ ᠠᠰᠢᠭᠯᠠᠯᠲᠠ ᠳᠤ ᠤᠷᠤᠭᠤᠯᠤᠨ ᠦᠷ᠎ᠡ ᠠᠰᠢᠭ ᠬᠦᠷᠳᠡᠨ᠎ᠡ᠃ ᠡᠤ ᠢ ᠶᠢᠨ ᠨᠠᠭᠦᠷᠡᠰᠤᠨ ᠠᠭᠤᠷᠬᠠᠢ᠂ ᠨᠤᠮᠤᠨ ᠬᠠᠨ ᠤ ᠨᠡᠭᠦᠷᠡᠰᠤᠨ ᠠᠭᠤᠷᠬᠠᠢ ᠶᠢᠨ ᠶᠡᠷᠤᠩᠭᠡᠢ ᠲᠦᠯᠦᠪᠵᠢᠭᠦᠯᠭᠡ ᠶᠢ ᠬᠢᠨᠠᠨ ᠵᠦᠪᠰᠢᠶᠡᠷᠡᠭᠦᠯᠬᠦ ᠠᠬᠢᠴᠠ ᠶᠢ ᠲᠦᠷᠭᠡᠳᠭᠡᠨ᠎ᠡ᠃ ᠴᠠᠭᠠᠨ ᠎ ᠤ ᠬᠤᠶᠢᠳᠦ ᠬᠡᠰᠡᠭ ᠤᠨ ᠨᠡᠭᠦᠷᠡᠰᠤᠨ ᠠᠭᠤᠷᠬᠠᠢ ᠶᠢᠨ ᠶᠡᠷᠤᠩᠭᠡᠢ ᠲᠦᠯᠦᠪᠵᠢᠭᠦᠯᠭᠡ ᠶᠢ ᠲᠤᠭᠤᠷᠪᠢᠵᠤ ᠮᠡᠳᠡᠭᠦᠯᠬᠦ ᠠᠵᠢᠯ ᠢ ᠲᠦᠯᠬᠢᠨ ᠠᠬᠢᠭᠤᠯᠤᠨ᠎ᠠ᠂ ᠬᠦᠬᠡᠨᠠᠭᠤᠷ ᠨᠡᠭᠦᠷᠡᠰᠤᠨ ᠠᠭᠤᠷᠬᠠᠢ ᠶᠢᠨ ᠶᠡᠷᠦᠩᠭᠡᠢ ᠲᠦᠯᠦᠪᠵᠢᠬᠦᠯᠭᠡ ᠶᠢ ᠲᠤᠭᠤᠷᠪᠢᠬᠤ ᠠᠵᠢᠯ ᠢ ᠲᠠᠷᠤᠢ ᠲᠦᠷᠭᠡᠨ ᠡᠬᠢᠯᠡᠬᠦᠯᠦᠨ᠎ᠡ᠃ ᠳ᠋ᠠ ᠲᠠᠩ᠂ ᠭᠦᠸᠧ ᠳ᠋ᠢᠶᠠᠨ ᠤ ᠨᠡᠭᠦᠷᠡᠰᠦ ᠶᠢ ᠴᠠᠬᠢᠯᠭᠠᠨᠵᠢᠭᠤᠯᠬᠤ ᠰᠠᠭᠤᠷᠢᠨ ᠭᠠᠵᠠᠷ ᠤᠨ ᠲᠦᠯᠦᠪᠵᠢᠭᠦᠯᠭᠡ ᠶᠢᠨ ᠡᠮᠤᠨᠡᠬᠢ ᠬᠤᠭᠤᠴᠠᠭᠠᠨ ᠤ ᠠᠵᠢᠯ ᠢ ᠰᠠᠶᠢᠲᠤᠷ ᠠᠤᠬᠤᠨ᠎ᠠ᠃ ᠬᠤᠶᠠᠷ ᠲᠤ  ᠰᠢᠨ᠎ᠡ ᠠᠵᠦ ᠦᠢᠯᠡᠰ ᠢ ᠪᠤᠵᠠᠭᠠᠶᠢᠷᠠᠭᠤᠯᠤᠨ᠎ᠠ᠃ ᠰᠠᠯᠬᠢ ᠪᠠ ᠨᠠᠷᠠᠨ ᠤ ᠡᠨᠧᠷᠬᠢ ᠢᠶᠠᠷ ᠴᠠᠬᠢᠯᠭᠠᠨ ᠭᠠᠷᠭᠠᠬᠤ ᠪᠤᠯᠤᠨ ᠠᠮᠢᠳᠦ ᠪᠤᠳᠠᠰ ᠤᠨ ᠡᠮ ᠦᠢᠯᠡᠳᠬᠦ ᠲᠦᠷᠤᠯ ᠵᠥᠢᠯ ᠤᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠰᠠᠶᠢᠲᠤᠷ ᠬᠢᠵᠥ᠂ ᠰᠠᠯᠬᠢ ᠬᠡᠷᠡᠯ ᠢᠶᠠᠷ ᠴᠠᠬᠢᠯᠭᠠᠨ ᠭᠠᠷᠭᠠᠬᠤ 4 ᠲᠦᠷᠤᠯ ᠵᠦᠢᠯ ᠢ ᠭᠤᠤᠯᠳᠠᠯᠭ᠎ᠠ ᠲᠠᠢ ᠲᠦᠯᠬᠢᠨ ᠠᠬᠢᠭᠤᠯᠵᠦ᠂ ᠬᠤᠸᠠ ᠨᠧᠩ ᠤᠨ ᠰᠠᠯᠬᠢᠨ ᠢᠶᠠᠷ ᠴᠠᠬᠢᠯᠭᠠᠨ ᠭᠠᠷᠭᠠᠬᠤ ᠨᠢᠭᠡᠳᠦᠭᠡᠷ ᠬᠤᠭᠤᠴᠠᠭ᠎ᠠ᠂ ᠭᠦᠸᠧ ᠬᠤᠸᠠ ᠶᠢᠨ ᠰᠠᠯᠬᠢᠨ ᠢᠶᠠᠷ ᠴᠠᠬᠢᠯᠭᠠᠨ ᠭᠠᠷᠭᠠᠬᠤ ᠬᠤᠶᠠᠳᠤᠭᠠᠷ ᠬᠤᠭᠤᠴᠠᠭᠠᠨ ᠤ ᠦᠷᠭᠡᠳᠭᠡᠨ ᠪᠠᠶᠢᠭᠤᠯᠬᠤ ᠲᠦᠷᠤᠯ ᠵᠦᠢᠯ ᠢ ᠪᠡᠶᠡᠯᠨᠭᠦᠯᠵᠦ᠂ ᠲᠤᠤᠷᠵᠢᠯ ᠳᠤ ᠤᠭᠰᠠᠷᠠᠵᠦ ᠴᠠᠭᠢᠯᠭᠠᠨ ᠭᠠᠷᠭᠠᠨ᠎ᠠ᠃ ᠯᠦᠩ ᠶᠤᠸᠠᠨ ᠨᠠᠷᠠᠨ ᠤ ᠭᠡᠷᠡᠯ ᠤᠨ ᠡᠨᠧᠷᠭᠢ᠂ ᠭᠦᠸᠧ ᠬᠤᠸᠠ ᠰᠠᠯᠬᠢ ᠬᠡᠷᠡᠯ ᠬᠠᠷᠢᠯᠴᠠᠨ ᠨᠦᠬᠦᠪᠦᠷᠢᠯᠡᠬᠦ ᠲᠦᠷᠤᠯ ᠵᠦᠢᠯ ᠢ ᠡᠬᠢᠯᠡᠭᠦᠯᠤᠨ ᠪᠦᠳᠦᠭᠡᠨ ᠪᠠᠶᠢᠭᠤᠯᠵᠦ᠂ ᠰᠠᠯᠬᠢ ᠬᠡᠷᠨᠯ ᠢᠶᠠᠷ ᠴᠠᠬᠢᠯᠭᠠᠨ ᠭᠠᠷᠭᠠᠬᠤ ᠴᠤᠭᠴᠠᠯᠠᠪᠤᠷᠢ ᠮᠠᠰᠢᠨ ᠎ ᠤ ᠪᠠᠭᠳᠠᠭᠠᠮᠵᠢ ᠶᠢ 11 ᠲᠦᠮᠡᠨ ᠺᠢᠯᠤᠸ᠋ᠨᠲ ᠲᠤ ᠬᠦᠷᠭᠡᠵᠦ᠂ ᠪᠥᠭᠦ ᠬᠤᠰᠢᠭᠤᠨ ᠤ ᠴᠤᠭᠴᠠᠯᠠᠪᠤᠷᠢ ᠮᠠᠰᠢᠨ ᠤ ᠶᠡᠷᠤᠩᠭᠡᠢ ᠬᠡᠮᠵᠢᠶ᠎ᠡ ᠶᠢ 16 ᠲᠦᠮᠡᠨ ᠺᠢᠯᠤᠸ᠋ᠨᠲ ᠲᠤ ᠬᠦᠷᠭᠡᠨ᠎ᠡ᠃ ᠳ᠋ᠦᠩ ᠯᠠᠢ ᠱᠦᠨ ᠺᠤᠮᠫᠠᠨᠢ ᠶᠢᠨ ᠮᠢᠬᠠᠨ ᠤ ᠬᠤᠨᠢ ᠶᠢ ᠨᠢᠳᠥᠯᠵᠥ ᠨᠠᠷᠢᠯᠢᠭ ᠪᠤᠯᠪᠠᠰᠤᠷᠠᠭᠤᠯᠬᠤ ᠲᠥᠷᠥᠯ ᠵᠥᠢᠯ ᠤᠨ ᠨᠢᠭᠡᠳᠥᠭᠡᠷ ᠬᠤᠭᠤᠴᠠᠭ᠎ᠠ ᠶᠢ ᠠᠰᠢᠭᠯᠠᠯᠲᠠ ᠎ ᠳᠤ ᠣᠷᠤᠭᠤᠯᠵᠥ ᠦᠷ᠎ᠡ ᠠᠰᠢᠭ ᠣᠯᠣᠭᠰᠠᠨ ᠰᠠᠭᠤᠷᠢᠨ ᠳᠡᠭᠡᠷ᠎ᠡ᠂ ᠠᠮᠢᠳᠦ ᠪᠤᠳᠠᠰ ᠤᠨ ᠡᠮ ᠦᠢᠯᠡᠳᠬᠦ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠢ ᠡᠬᠢᠯᠡᠭᠦᠯᠥᠨ᠎ᠡ᠃ ᠭᠠᠵᠠᠷ ᠤᠨ ᠢᠯᠴᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠵᠦ᠂ ᠬᠦᠪᠰᠤᠭᠡᠷ ᠰᠢᠷᠤᠢ ᠶᠢᠨ ᠠᠭᠤᠷᠬᠠᠢ ᠶᠢ ᠬᠠᠶᠢᠨ ᠰᠢᠨᠵᠢᠬᠦ ᠲᠦᠷᠦᠯ ᠵᠦᠢᠯ ᠢ ᠦᠪᠡᠷᠳᠡᠭᠡᠨ ᠵᠠᠰᠠᠬᠤ ᠤᠷᠤᠨ ᠢᠶᠠᠷ ᠵᠦᠪᠰᠢᠶᠡᠷᠡᠭᠦᠯᠬᠦ ᠪᠠᠷ ᠴᠢᠷᠮᠠᠶᠢᠨ᠎ᠠ᠃ ᠭᠤᠷᠪᠠ ᠳᠤ  ᠠᠵᠦ ᠦᠢᠯᠡᠳᠪᠦᠷᠢ ᠶᠢᠨ ᠲᠤᠭᠤᠷᠢᠭ ᠪᠤᠯᠤᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠎ᠠ᠃ ᠠᠵᠥ ᠥᠢᠯᠡᠰ ᠢ ᠰᠠᠭᠤᠷᠢᠨ ᠭᠠᠵᠠᠷ ᠲᠡᠰᠢ ᠲᠥᠪᠯᠡᠷᠡᠭᠦᠯᠵᠤ᠂ ᠲᠥᠷᠥᠯ ᠵᠥᠢᠯ ᠢ ᠣᠷᠣᠨ ᠲᠤᠭᠤᠷᠢᠭ ᠲᠡᠰᠢ ᠲᠥᠪᠯᠡᠷᠡᠭᠦᠯᠬᠦ ᠶᠢ ᠲᠥᠯᠬᠢᠨ ᠠᠬᠢᠭᠤᠯᠵᠥ᠂ ︽ᠨᠢᠭᠡ ᠲᠤᠭᠤᠷᠢᠭ᠂ ᠭᠤᠷᠪᠠᠨ ᠰᠠᠭᠤᠷᠢᠨ ᠭᠠᠵᠠᠷ︾᠎ ᠢ ᠬᠦᠭᠵᠢᠭᠦᠯᠬᠦ ᠲᠦᠯᠦᠪᠵᠢᠭᠦᠯᠭᠡ᠂ ᠠᠵᠦ ᠦᠢᠯᠡᠰ ᠤᠨ ᠪᠠᠶᠢᠷᠢᠰᠢᠯ ᠪᠤᠯᠤᠨ ᠭᠤᠤᠯ ᠪᠤᠯᠬᠤ ᠲᠦᠷᠦᠯ ᠵᠦᠢᠯ ᠢ ᠤᠷᠢᠨ ᠤᠷᠤᠭᠤᠯᠬᠤ ᠶᠢ ᠨᠠᠷᠢᠨ ᠬᠢᠨᠠᠮᠠᠭᠠᠢ ᠲᠥᠯᠥᠪᠯᠡᠨ᠎ᠡ᠃ ᠠᠵᠦ ᠦᠢᠯᠡᠳᠪᠦᠷᠢ ᠶᠢᠨ ᠲᠤᠭᠤᠷᠢᠭ ᠤᠨ ᠶᠡᠷᠤᠩᠭᠡᠢ ᠲᠦᠯᠦᠪᠵᠢᠭᠦᠯᠭᠡ᠂ ᠭᠠᠵᠠᠷ ᠰᠢᠷᠤᠢ ᠶᠢ ᠠᠰᠢᠭᠯᠠᠨ ᠬᠡᠷᠡᠭᠯᠡᠬᠦ ᠲᠦᠯᠦᠪᠵᠢᠭᠦᠯᠭᠡ᠂ ᠤᠷᠴᠢᠨ ᠲᠤᠭᠤᠷᠢᠨ ᠤ ᠨᠦᠯᠦᠭᠡᠯᠡᠯ ᠢ ᠦᠨᠡᠯᠡᠬᠦ᠂ ᠤᠰᠤᠨ ᠤ ᠡᠬᠢ ᠪᠠᠶᠠᠯᠢᠭ ᠢ ᠠᠰᠢᠭᠯᠠᠬᠤ ᠲᠤᠰᠬᠠᠢ ᠲᠦᠯᠦᠪᠵᠢᠭᠦᠯᠭᠡ ᠶᠢ ᠲᠠᠷᠤᠶᠢᠬᠠᠨ ᠨᠠᠶᠢᠷᠠᠭᠤᠯᠤᠨ ᠲᠤᠭᠤᠷᠪᠢᠵᠦ᠂ ᠤᠷᠴᠢᠨ ᠲᠤᠭᠤᠷᠢᠨ ᠢ ᠬᠢᠨᠠᠨ ᠦᠨᠡᠯᠡᠬᠦ ᠶᠢ ᠬᠦᠢᠴᠡᠳᠭᠡᠬᠦ ᠠᠵᠢᠯ ᠢ ᠭᠤᠤᠯᠳᠠᠯᠭ᠎ᠠ ᠎ ᠲᠠᠢ ᠲᠦᠯᠬᠢᠨ ᠠᠬᠢᠭᠤᠯᠤᠨ᠎ᠠ᠃ ᠤᠷᠤᠨ ᠲᠤᠭᠤᠷᠢᠭ ᠤᠨ ᠰᠠᠭᠤᠷᠢ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠎ ᠶᠢ ᠰᠠᠶᠢᠲᠤᠷ ᠬᠢᠵᠦ᠂ ᠠᠵᠦ ᠦᠢᠯᠡᠳᠪᠦᠷᠢ ᠶᠢᠨ ᠲᠤᠭᠤᠷᠢᠭ ᠤᠨ ᠭᠠᠵᠠᠷ ᠰᠢᠷᠤᠢ ᠶᠢ ᠬᠤᠷᠢᠶᠠᠵᠤ ᠬᠠᠮᠠᠭᠠᠯᠠᠬᠤ ᠠᠵᠢᠯ ᠢ ᠰᠠᠶᠢᠲᠥᠷ ᠬᠢᠵᠦ᠂ ᠠᠮᠤᠭᠤᠯᠠᠩ ᠪᠠᠯᠭᠠᠰᠤᠨ ᠤ ᠠᠵᠥ ᠥᠢᠯᠡᠰ ᠤᠨ ᠰᠠᠭᠤᠷᠢᠨ ᠭᠠᠵᠠᠷ ᠤᠨ ︽ᠲᠠᠪᠤ ᠶᠢ ᠨᠡᠪᠳᠡᠷᠡᠭᠦᠯᠵᠤ᠂ ᠨᠢᠭᠡ ᠶᠢ ᠲᠡᠭᠰᠢᠯᠡᠬᠦ︾ ᠢᠨᠵᠧᠨᠧᠷᠢᠩ ᠢ ᠡᠬᠢᠯᠡᠭᠦᠯᠤᠨ ᠪᠦᠳᠦᠭᠡᠨ ᠪᠠᠶᠢᠭᠤᠯᠤᠨ᠎ᠠ᠃ ᠲᠦᠷᠪᠡ ᠳᠤ  ᠠᠷᠠᠯᠵᠢᠶᠠᠴᠢᠨ ᠤᠷᠢᠵᠦ ᠪᠡᠯᠡ ᠤᠷᠤᠭᠤᠯᠬᠤ ᠪᠠ ᠡᠳ᠋ ᠤᠨ ᠶᠠᠪᠤᠳᠠᠯ ᠭᠠᠶᠢᠯᠢ ᠶᠢᠨ ᠬᠠᠮᠢᠶᠠᠷᠤᠯᠲᠠ ᠎ ᠶᠢ ᠰᠠᠶᠢᠲᠤᠷ ᠬᠢᠨ᠎ᠡ᠃ ᠬᠢᠨᠭ᠍ᠭᠠᠨ ᠠᠶᠢᠮᠠᠭ ᠲᠠᠢ ᠬᠤᠷᠰᠢᠵᠥ ᠨᠤᠮᠤᠨ ᠬᠠᠨ ᠤ ᠨᠠᠭᠦᠷᠡᠰᠥᠨ ᠠᠭᠤᠷᠬᠠᠢ ᠶᠢ ᠨᠡᠭᠡᠭᠡᠨ ᠠᠰᠢᠭᠯᠠᠵᠤ᠂ ᠮᠤᠩᠭᠤᠯ ᠤᠯᠤᠰ ᠲᠠᠢ ᠬᠤᠷᠰᠢᠵᠥ ᠳᠤᠮᠳᠠᠳᠥ ᠮᠤᠩᠭᠤᠯ ᠤᠨ ᠬᠢᠯᠢ ᠠᠯᠤᠰᠯᠠᠭᠰᠠᠨ ᠠᠵᠥ ᠠᠬᠤᠢ ᠶᠢᠨ ᠬᠠᠮᠲᠤᠷᠡᠯᠴᠠᠭᠠᠨ ᠤ ᠤᠷᠤᠨ ᠢ ᠬᠠᠮᠲᠥ ᠪᠠᠷ ᠪᠠᠶᠢᠭᠤᠯᠵᠥ᠂ ᠮᠠᠨᠵᠤᠤᠷ ᠲᠠᠢ ᠬᠤᠷᠰᠢᠵᠥ ᠴᠠᠭᠠᠨ ᠤᠷᠤᠨ  ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠤᠷᠤᠨ ᠲᠤᠭᠤᠷᠢᠭ  ᠤᠨ ᠬᠠᠮᠳᠤᠷᠠᠯᠴᠠᠭ᠎ᠠ ᠶᠢ ᠭᠤᠤᠯᠳᠠᠯᠭ᠎ᠠ ᠲᠠᠢ ᠠᠳᠬᠤᠵᠥ᠂ ᠡᠭᠢ ᠪᠠᠶᠠᠯᠢᠭ ᠤᠨ ᠲᠠᠪᠠᠭᠤᠯᠢᠭ ᠢ ᠨᠡᠭᠡᠭᠡᠨ ᠠᠰᠢᠭᠯᠠᠵᠤ᠂ ᠲᠥᠷᠥᠯ ᠵᠥᠢᠯ ᠤᠨ ᠪᠡᠯᠡ ᠤᠷᠤᠭᠤᠯᠤᠯᠲᠠ ᠬᠢᠨ᠎ᠡ᠂ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠠᠮᠢᠳᠦ ᠪᠤᠳᠠᠰ ᠤᠨ ᠡᠮ ᠥᠢᠯᠡᠳᠬᠦ᠂ ᠪᠤᠭᠤᠮᠲᠠ ᠶᠢᠨ ᠠᠷᠠᠯᠵᠢᠶ᠎ᠠ ᠬᠤᠳᠠᠯᠳᠤᠭ᠎ᠠ᠂ ᠬᠥᠮᠦᠷᠭᠡᠯᠡᠵᠥ ᠬᠠᠳᠠᠭᠠᠯᠠᠬᠤ ᠪᠤᠳᠠᠰ ᠤᠨ ᠭᠥᠢᠯᠭᠡᠭᠡ ᠵᠡᠷᠭᠡ ᠳᠠᠪᠠᠭᠤᠯᠢᠭ ᠠᠵᠥ ᠦᠢᠯᠡᠰ ᠤᠨ ᠠᠷᠠᠯᠵᠢᠶᠠᠴᠢᠨ ᠤᠷᠢᠵᠥ ᠪᠡᠯᠡ ᠤᠷᠤᠭᠤᠯᠬᠤ ᠳᠡᠭᠡᠷ᠎ᠡ ᠰᠢᠪᠲᠥᠯᠥᠯᠲᠠ ᠭᠠᠷᠭᠠᠵᠥ᠂ ᠪᠡᠯᠡ ᠤᠷᠤᠭᠤᠯᠤᠯᠲᠠ ᠶᠢ 23 ᠳ᠋ᠦᠩᠰᠢᠭᠤᠷ ᠲᠦᠭᠦᠷᠢᠭ ᠠᠴᠠ ᠳᠡᠭᠡᠭᠰᠢ ᠪᠤᠯᠭᠠᠬᠤ ᠪᠠᠷ ᠴᠢᠷᠮᠠᠶᠢᠨ᠎ᠠ᠃ ᠭᠠᠶᠢᠯᠢ ᠶᠢᠨ ᠤᠷᠤᠯᠭ᠎ᠠ ᠶᠢ ᠬᠤᠷᠢᠶᠠᠵᠤ ᠬᠠᠮᠢᠶᠠᠷᠬᠤ ᠪᠠ ᠭᠠᠶᠢᠯᠢ ᠶᠢᠨ ᠢᠷᠡᠯᠲᠡ ᠶᠢ ᠨᠡᠮᠡᠭᠳᠡᠬᠦᠯᠬᠦ ᠶᠢ ᠭᠤᠤᠯᠳᠠᠯᠭ᠎ᠠ ᠲᠠᠢ ᠴᠢᠩᠭᠠᠳᠬᠠᠵᠤ᠂ ᠵᠢᠯ ᠤᠨ ᠬᠠᠷᠠᠯᠲᠠᠳᠥ ᠡᠭᠦᠷᠭᠡ ᠪᠠᠨ ᠪᠡᠶᠡᠯᠡᠭᠦᠯᠭᠦ ᠶᠢ ᠪᠠᠲᠥᠯᠠᠨ᠎ᠠ᠃ ︵ᠬᠤᠶᠠᠷ︶ ᠮᠠᠯᠴᠢᠳ ᠤᠨ ᠤᠷᠤᠯᠭ᠎ᠠ ᠶᠢ ᠨᠡᠮᠡᠭᠳᠡᠬᠦᠯᠬᠦ ᠪᠠᠷ ᠭᠤᠤᠯᠳᠠᠯᠭ᠎ᠠ ᠪᠤᠯᠭᠠᠵᠦ᠂ ᠲᠠᠷᠢᠶᠠᠯᠠᠩ ᠮᠠᠯ ᠠᠵᠦ ᠠᠬᠤᠢ ᠶᠢᠨ ᠠᠵᠦ ᠦᠢᠯᠠᠰᠵᠢᠯᠳᠠ ᠶᠢ ᠶᠡᠬᠡᠪᠡᠷ ᠬᠥᠴᠥᠷᠭᠡᠭᠵᠢᠭᠦᠯᠥᠨ᠎ᠡ᠃ ᠮᠠᠯ ᠠᠵᠥ ᠠᠬᠤᠢ ᠪᠠᠷ ᠠᠷᠠᠳ ᠢ ᠪᠠᠶᠠᠵᠢᠭᠤᠯᠬᠤ ᠠᠵᠥ ᠦᠢᠯᠡᠰ ᠪᠤᠯᠭᠠᠨ ᠦᠷᠭᠦᠯᠵᠢᠯᠡᠨ ᠰᠠᠶᠢᠲᠤᠷ ᠠᠳᠬᠤᠵᠥ᠂ ᠠᠷᠭ᠎ᠠ ᠪᠥᠭᠦᠨ ᠢ ᠰᠦᠪᠡᠭᠴᠢᠯᠡᠨ᠂ ᠮᠠᠯᠵᠢᠯ ᠤᠨ ᠰᠠᠭᠤᠷᠢ ᠲᠦᠬᠦᠭᠡᠷᠤᠮᠵᠢ ᠪᠠᠭᠤᠷᠠᠢ᠂ ᠠᠵᠥ ᠥᠢᠯᠡᠰᠵᠢᠯᠲᠡ ᠶᠢᠨ ᠳᠡᠰ ᠳᠠᠪᠬᠤᠷᠭ᠎ᠠ ᠲᠤᠤᠷ᠎ᠠ᠂ ᠲᠠᠷᠢᠶᠠᠯᠡᠩ ᠮᠠᠯ ᠠᠵᠥ ᠠᠬᠤᠢ ᠶᠢᠨ ᠪᠥᠲᠥᠭᠡᠭᠳᠡᠬᠦᠨ ᠴᠦᠭᠡᠨ ᠵᠡᠷᠭᠡ ᠳᠤᠪᠤᠶᠢᠮ᠎ᠠ ᠠᠰᠠᠭᠤᠳᠠᠯ ᠢ ᠰᠠᠶᠢᠲᠥᠷ ᠰᠡᠶᠢᠳᠪᠥᠷᠢᠯᠡᠵᠥ᠂ ᠮᠠᠯᠴᠢᠨ ᠲᠦᠮᠡᠨ ᠤ ᠥᠢᠯᠡᠳᠪᠥᠷᠢᠯᠡᠯ ᠠᠮᠢᠳᠥᠷᠠᠯ ᠤᠨ ᠬᠢᠷᠢ ᠲᠥᠪᠰᠢᠨ ᠢ ᠴᠢᠷᠮᠠᠶᠢᠨ ᠳᠡᠭᠡᠭᠰᠢᠯᠡᠭᠦᠯᠦᠨ᠎ᠡ᠃ ᠨᠢᠭᠡ ᠳᠤ  ᠮᠠᠯ ᠠᠵᠦ ᠠᠬᠤᠢ ᠶᠢᠨ ᠰᠠᠭᠤᠷᠢ ᠲᠦᠬᠦᠭᠡᠷᠤᠮᠵᠢ ᠶᠢ ᠴᠢᠩᠭᠠᠳᠬᠠᠨ᠎ᠠ᠃ ︽ᠮᠠᠯ ᠠᠵᠥ ᠠᠬᠤᠢ ᠶᠢᠨ ᠰᠠᠭᠤᠷᠢ ᠲᠥᠭᠦᠭᠡᠷᠥᠮᠵᠢ ᠶᠢᠨ ᠪᠥᠲᠥᠭᠡᠨ ᠪᠠᠶᠢᠭᠤᠯᠤᠯᠲᠠ ᠶᠢᠨ ᠤᠨ︾᠎ ᠤ ᠠᠵᠢᠯᠯᠠᠭ᠎ᠠ ᠶᠢ ᠪᠥᠬᠦ ᠲᠠᠯ᠎ᠠ ᠪᠠᠷ ᠦᠷᠨᠢᠭᠦᠯᠵᠥ ︽ᠨᠢᠭᠡ ᠰᠤᠮᠤ ᠪᠠᠯᠭᠠᠰᠤ ᠨᠢᠭᠡ ᠦᠢᠯᠡᠰ︾᠂ ︽ᠨᠢᠭᠡ ᠭᠠᠴᠠᠭ᠎ᠠ ᠨᠢᠭᠡ ᠪᠦᠲᠦᠭᠡᠭᠳᠡᠬᠦᠨ︾᠎ ᠤ ᠬᠠᠷᠠᠯᠲᠠ ᠪᠠᠷ ᠮᠠᠯ ᠠᠵᠥ ᠠᠬᠤᠢ ᠶᠢᠨ ᠰᠠᠭᠤᠷᠢ ᠲᠥᠬᠦᠭᠡᠷᠥᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠠᠪᠤᠨ ᠵᠢᠯ ᠎ ᠤᠨ ᠲᠦᠯᠥᠪᠵᠢᠭᠦᠯᠭᠡ ᠶᠢ ᠰᠠᠶᠢᠲᠥᠷ ᠬᠢᠨ᠎ᠡ᠃ ᠨᠦᠬᠦᠪᠦᠷᠢ ᠲᠤᠰᠠᠯᠠᠮᠵᠢ ᠶᠢᠨ ᠮᠥᠩᠭᠦ ᠶᠢ ᠨᠡᠯᠢᠶᠡᠳ ᠲᠦᠪᠯᠡᠷᠡᠭᠦᠯᠦᠨ ᠲᠠᠷᠬᠠᠭᠠᠵᠦ ᠪᠠᠶᠢᠭ᠎ᠠ ᠪᠠᠶᠢᠳᠠᠯ ᠳᠤ ᠴᠢᠭᠯᠡᠬᠦᠯᠦᠨ᠂ ᠲᠥᠷᠥᠯ ᠵᠥᠢᠯ ᠤᠨ ᠳᠡᠮᠵᠢᠯᠭᠡ ᠲᠠᠢ ᠤᠶᠠᠯᠳᠤᠭᠤᠯᠵᠥ᠂ ᠮᠠᠯᠴᠢᠳ ᠡᠷᠦᠬᠡ ᠬᠤᠯᠪᠤᠭᠠᠯᠠᠨ ᠰᠠᠭᠤᠷᠢ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠬᠢᠵᠦ᠂ ᠨᠢᠭᠡᠳᠤᠯᠲᠠᠢ ᠎ ᠪᠠᠷ ᠮᠠᠲ᠋ᠧᠷᠢᠶᠠᠯ ᠬᠤᠳᠠᠯᠳᠤᠨ ᠠᠪᠴᠥ᠂ ᠨᠢᠭᠡᠳᠤᠯᠲᠠᠢ ᠪᠠᠷ ᠲᠠᠭᠠᠭᠠᠴᠢᠯᠠᠯᠳᠠ ᠬᠦᠯᠢᠶᠡᠵᠤ᠂ ᠨᠢᠭᠡᠳᠤᠯᠲᠠᠢ ᠪᠠᠷ ᠬᠠᠮᠢᠶᠠᠷᠴᠦ᠂ ᠢᠨᠵᠧᠨᠧᠷᠢᠩ ᠤᠨ ᠶᠠᠰᠦ ᠴᠢᠨᠠᠷ ᠢ ᠪᠠᠳᠤᠯᠠᠬᠤ ᠶᠢᠨ ᠬᠠᠮᠳᠦ ᠦᠪᠡᠷ ᠤᠨ ᠦᠷᠳᠡᠭ ᠢ ᠨᠢ ᠪᠠᠭᠤᠷᠠᠭᠤᠯᠤᠨ᠎ᠠ᠃ ᠡᠯ᠎ᠡ ᠲᠦᠷᠦᠯ ᠤᠨ ᠫᠧᠩ ᠰᠠᠷᠠᠪᠴᠢ ᠶᠢ 400 ᠰᠠᠭᠤᠷᠢ ᠠᠴᠠ ᠲᠡᠭᠡᠭᠰᠢ ᠪᠠᠶᠢᠭᠤᠯᠤᠨ᠂ ᠮᠠᠯᠵᠢᠬᠤ ᠡᠷᠦᠬᠡ ᠶᠢᠨ ᠦᠨᠳᠦᠰᠤᠨ ᠬᠤᠳᠳᠤᠭ ᠢ 120᠎ ᠠᠴᠠ ᠲᠡᠭᠡᠭᠰᠢ ᠨᠠᠮᠡᠭᠳᠡᠭᠦᠯᠵᠥ᠂ ᠬᠦᠳᠡᠯᠭᠡᠭᠦᠷᠳᠦ ᠮᠠᠰᠢᠨ ᠎ ᠢ 400᠎ ᠠᠴᠠ ᠲᠡᠭᠡᠭᠰᠢ ᠨᠠᠮᠡᠭᠳᠡᠭᠦᠯᠥᠨ᠎ᠡ᠂ ᠡᠮᠦᠨᠡᠳᠦ ᠬᠡᠰᠡᠭ ᠤᠨ ᠭᠠᠵᠠᠷ ᠤᠷᠤᠨ ᠤ ᠠᠮᠢ ᠠᠬᠤᠢ᠂ ᠲᠠᠷᠢᠶᠠᠯᠠᠩ᠂ ᠮᠠᠯ ᠠᠵᠦ ᠠᠬᠤᠢ ᠶᠢᠨ ᠦᠢᠯᠠᠰ ᠤᠨ ᠡᠬᠢ ᠪᠠᠶᠠᠯᠢᠭ ᠢ ᠶᠡᠷᠤᠩᠭᠡᠶᠢᠯᠡᠨ ᠠᠰᠢᠭᠯᠠᠨ ᠬᠠᠮᠢᠶᠠᠷᠬᠤ ᠴᠢᠳᠠᠪᠤᠷᠢ ᠶᠢ ᠲᠡᠭᠡᠭᠰᠢᠯᠡᠬᠦᠯᠵᠦ᠂ ᠲᠠᠷᠢᠶᠠᠯᠠᠩ ᠤᠨ ᠲᠠᠯᠠᠪᠠᠢ᠂ ᠮᠠᠯᠵᠢᠯ  ᠤᠨ ᠴᠢᠭ᠋᠂ ᠦᠵᠠᠮᠵᠢᠳᠦ ᠤᠷᠤᠨ ᠤ ᠵᠠᠮ ᠪᠤᠯᠤᠨ ᠴᠠᠬᠢᠯᠭᠠᠨ ᠬᠦᠴᠤᠨ ᠤ ᠲᠤᠤᠷᠵᠢᠯ ᠤᠨ ᠪᠠᠶᠢᠭᠤᠯᠤᠯᠳᠠ ᠶᠢᠨ ᠡᠮᠤᠨᠡᠬᠢ ᠬᠤᠭᠤᠴᠠᠭᠠᠨ ᠤ ᠠᠵᠢᠯ ᠢ ᠡᠬᠢᠯᠡᠭᠦᠯᠦᠨ᠎ᠡ᠃ ᠬᠤᠶᠠᠷ ᠲᠤ  ᠲᠤᠯᠤᠭᠠᠶᠢᠯᠠᠬᠤ ᠠᠵᠥ ᠠᠬᠤᠶᠢᠯᠠᠯ ᠤᠨ ᠲᠠᠭᠠᠭᠤᠯᠤᠨ ᠲᠠᠶᠢᠴᠢᠯᠠᠬᠤ ᠦᠢᠯᠡᠳᠥᠯ ᠢ ᠳᠡᠭᠡᠭᠰᠢᠯᠡᠭᠦᠯᠦᠨ᠎ᠡ ᠃ ᠲᠠᠷᠢᠶᠠᠯᠠᠩ ᠮᠠᠯ ᠠᠵᠦ ᠠᠬᠤᠢ ᠶᠢᠨ ᠦᠢᠯᠠᠰ ᠢ ᠬᠦᠭᠵᠢᠭᠦᠯᠬᠦ ᠲᠦᠯᠦᠪᠵᠢᠭᠦᠯᠭᠡ ᠶᠢ ᠭᠤᠤᠯᠳᠠᠯᠭ᠎ᠠ ᠲᠠᠢ ᠰᠠᠶᠢᠲᠤᠷ ᠠᠳᠬᠤᠵᠦ᠂ ᠳ᠋ᠦᠩ ᠯᠠᠢ ᠱᠦᠨ ᠺᠤᠮᠫᠠᠨᠢ ᠶᠢᠨ ᠮᠢᠬᠠᠨ ᠤ ᠬᠤᠨᠢ ᠶᠢ ᠨᠢᠳᠤᠯᠵᠦ ᠪᠤᠯᠪᠠᠰᠤᠷᠠᠭᠤᠯᠬᠤ ᠲᠦᠷᠦᠯ ᠵᠦᠢᠯ ᠤᠨ ᠨᠢᠭᠡᠳᠦᠭᠡᠷ ᠬᠤᠭᠤᠴᠠᠭᠠᠨ ᠤ ᠦᠢᠯᠡᠳᠪᠦᠷᠢᠯᠡᠨ ᠡᠵᠡᠩᠨᠡᠬᠦ ᠶᠢ ᠲᠦᠯᠬᠢᠨ ᠠᠬᠢᠭᠤᠯᠵᠦ᠂ ᠵᠢᠯ ᠳᠤ ᠲᠤᠰ ᠭᠠᠵᠠᠷ ᠤᠨ ᠮᠠᠯ ᠢ 35 ᠲᠦᠮᠡᠨ ᠲᠤᠯᠤᠭᠠᠢ ᠠᠴᠠ ᠲᠡᠭᠡᠭᠰᠢ ᠡᠳ᠋ᠰᠢᠬᠦᠯᠦᠨ᠎ᠡ᠃ ᠮᠠᠯ ᠤᠨ ᠬᠠᠩᠭᠠᠭᠠᠯᠳᠠ ᠶᠢᠨ ᠰᠢᠨ᠎ᠡ ᠲᠤᠭᠳᠠᠴᠠ ᠶᠢ ᠡᠭᠦᠳᠴᠦ᠂ ︽ᠠᠵᠦ ᠠᠬᠤᠶᠢᠯᠠᠯ + ᠬᠠᠮᠳᠦ ᠨᠡᠶᠢᠳᠡ︾᠎ ᠶᠢᠨ ᠰᠢᠨ᠎ᠡ ᠬᠡᠯᠪᠡᠷᠢ ᠶᠢᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠪᠠᠶᠢᠭᠤᠯᠵᠦ᠂ ᠭᠠᠴᠠᠭ᠎ᠠ᠂ ᠮᠠᠯᠵᠢᠬᠤ ᠡᠷᠦᠬᠡ ᠶᠢᠨ ᠪᠠᠭ᠎ᠠ ᠲᠤᠭᠤᠶᠢᠯᠠᠩ ᠢᠶᠠᠷ ᠨᠢᠭᠡᠴᠡ ᠪᠤᠯᠭᠠᠭᠰᠠᠨ ᠬᠠᠮᠳᠦ ᠨᠡᠶᠢᠳᠡ ᠪᠠᠷ ᠵᠠᠬᠢᠶᠠᠯᠨᠬᠤ ᠬᠡᠯᠪᠡᠷᠢ ᠶᠢᠨ ᠦᠢᠯᠡᠳᠪᠦᠷᠢᠯᠠᠯ ᠢ ᠲᠤᠷᠰᠢᠵᠦ ᠬᠡᠷᠡᠭᠵᠢᠬᠦᠯᠦᠨ᠎ᠡ᠃ ᠱᠤᠸᠠᠩ ᠸᠠ᠂ ᠬᠦᠬᠡᠬᠠᠳᠠ᠂ ᠠᠩᠬᠢᠯᠤᠮ᠎ᠠ ᠵᠡᠷᠭᠡ ᠰᠦᠨ ᠤ ᠢᠳᠡᠭᠡᠨ ᠪᠤᠯᠪᠠᠰᠤᠷᠠᠭᠤᠯᠬᠤ ᠠᠵᠦ ᠠᠬᠤᠶᠢᠯᠠᠯ ᠢ ᠲᠠᠮᠵᠢᠵᠦ᠂ ᠪᠠᠷᠢᠮᠵᠢᠶᠠᠵᠢᠭᠰᠠᠨ ᠰᠦ ᠰᠠᠭᠠᠬᠤ ᠲᠢᠩᠬᠢᠮ ᠢ ᠠᠰᠢᠭᠯᠠᠨ᠂ ᠰᠢᠨ᠎ᠡ ᠰᠦ ᠬᠤᠳᠠᠯᠳᠤᠨ ᠠᠪᠬᠤ ᠶᠢ ᠲᠦᠷᠢᠮᠵᠢᠭᠦᠯᠵᠦ᠂ ᠰᠦᠨ ᠤ ᠦᠢᠯᠡᠰ ᠤᠨ ᠠᠮᠤᠷ ᠲᠦᠪᠰᠢᠨ ᠦᠢᠯᠡᠳᠪᠦᠷᠢᠯᠡᠯ ᠎ ᠢ ᠪᠠᠳᠤᠯᠠᠨ᠎ᠠ᠃ ᠰᠦᠨ ᠤ ᠦᠨᠢᠶ᠎ᠡ ᠲᠡᠵᠢᠭᠡᠨ ᠦᠷᠡᠵᠢᠬᠦᠯᠬᠦ ᠪᠠᠷᠢᠮᠵᠢᠶᠠᠵᠢᠭᠰᠠᠨ ᠪᠠᠭ᠎ᠠ ᠲᠤᠭᠤᠷᠢᠭ ᠢ ᠰᠢᠨ᠎ᠡ ᠪᠠᠷ ᠪᠠᠶᠢᠭᠤᠯᠬᠤ ᠶᠢ ᠳᠡᠮᠵᠢᠨ ᠲᠤᠰᠠᠯᠠᠨ᠎ᠠ᠃ ᠭᠤᠷᠪᠠ ᠳᠤ  ᠡᠪᠡᠰᠤᠨ ᠤ ᠡᠬᠢ ᠪᠠᠶᠠᠯᠢᠭ ᠤᠨ ᠶᠡᠷᠤᠩᠭᠡᠢ ᠬᠡᠮᠵᠢᠶ᠎ᠡ ᠶᠢ ᠲᠡᠭᠡᠭᠰᠢᠯᠡᠬᠦᠯᠬᠦ ᠪᠠᠷ ᠰᠢᠪᠲᠤᠯᠤᠯᠳᠠ ᠪᠤᠯᠭᠠᠵᠦ᠂ ᠪᠡᠯᠴᠢᠭᠡᠷ ᠤᠨ ᠲᠠᠭᠠᠭᠠᠴᠠ ᠶᠢ ᠲᠡᠭᠡᠭᠰᠢᠯᠡᠬᠦᠯᠤᠨ᠎ᠡ᠃ ᠪᠠᠶᠢᠭᠠᠯᠢᠯᠢᠭ ᠨᠤᠳᠤᠭ ᠪᠡᠯᠴᠢᠭᠡᠷ ᠤᠨ ᠡᠪᠡᠰᠤᠨ ᠤ ᠭᠠᠷᠤᠯᠳᠠ ᠶᠢᠨ ᠬᠡᠮᠵᠢᠶ᠎ᠡ ᠶᠢ ᠲᠡᠭᠡᠭᠰᠢᠯᠡᠬᠦᠯᠵᠦ᠂ 1440 ᠲᠦᠮᠡᠨ ᠮᠤ᠋ ᠮᠠᠯ ᠪᠡᠯᠴᠢᠭᠡᠷ ᠢ ᠲᠡᠩᠴᠡᠬᠦᠯᠵᠦ᠂ 750 ᠲᠦᠮᠡᠨ ᠮᠤ᠋ ᠪᠡᠯᠴᠢᠭᠡᠷᠯᠡᠬᠦᠯᠬᠦ ᠶᠢ ᠵᠤᠭᠰᠤᠭᠠᠵᠦ᠂ 60 ᠲᠦᠮᠡᠨ ᠮᠤ᠋ ᠰᠡᠯᠬᠦᠨ ᠮᠠᠯᠵᠢᠵᠦ᠂ 50 ᠲᠦᠮᠡᠨ ᠮᠤ᠋ ᠪᠡᠯᠴᠢᠭᠡᠷ ᠢ ᠰᠡᠷᠭᠦᠬᠡᠵᠥ᠂ 200 ᠲᠦᠮᠡᠨ ᠮᠤ᠋ ᠬᠤᠷᠤᠬᠠᠢ ᠶᠢᠨ ᠭᠠᠮᠰᠢᠭ ᠢ ᠰᠡᠷᠭᠡᠶᠢᠯᠡᠵᠦ᠂ ︽ᠡᠪᠡᠰᠦᠨ ᠦᠷ᠎ᠡ ᠎ ᠶᠢᠨ ᠪᠦᠰᠡ︾ ᠦᠯᠡᠳᠡᠭᠡᠬᠦ ᠶᠢ ᠲᠦᠭᠡᠮᠡᠯᠵᠢᠬᠦᠯᠬᠦ ᠵᠡᠷᠭᠡ ᠠᠷᠭ᠎ᠠ ᠪᠠᠷ ᠨᠤᠳᠤᠭ ᠪᠡᠯᠴᠢᠭᠡᠷ ᠢ ᠰᠢᠨᠵᠢᠯᠡᠬᠦ ᠤᠬᠠᠭᠠᠨᠴᠢ ᠎ ᠪᠠᠷ ᠠᠰᠢᠭᠯᠠᠨ᠎ᠠ᠃ ᠬᠦᠮᠤᠨ ᠤ ᠬᠦᠴᠦ ᠪᠠᠷ ᠡᠪᠡᠰᠤ ᠲᠠᠷᠢᠬᠤ ᠲᠠᠯᠠᠪᠠᠢ ᠶᠢ ᠨᠡᠮᠡᠭᠳᠡᠭᠦᠯᠵᠦ᠂ 1.5 ᠲᠦᠮᠡᠨ ᠮᠤ᠋ ᠡᠪᠡᠰᠦ ᠶᠢ ᠬᠦᠮᠦᠨ ᠤ ᠬᠦᠴᠦ ᠪᠠᠷ ᠲᠠᠷᠢᠵᠦ᠂ 0.7 ᠲᠦᠮᠡᠨ ᠮᠤ᠋ ᠪᠡᠯᠴᠢᠭᠡᠷ ᠢ ᠰᠦᠷᠴᠢᠨ ᠤᠰᠤᠯᠠᠨ᠎ᠠ᠃ ᠬᠢᠯᠢ ᠎ ᠶᠢᠨ ᠭᠠᠳᠠᠨᠠᠬᠢ ᠲᠡᠵᠢᠭᠡᠯ ᠪᠤᠷᠳᠤᠭᠠᠨ ᠤ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠮᠤᠩᠭᠤᠯ ᠤᠯᠤᠰ ᠠᠴᠠ ᠲᠡᠵᠢᠭᠡᠯ ᠪᠤᠷᠳᠤᠭ᠎ᠠ ᠬᠠᠳᠤᠵᠦ ᠤᠷᠤᠭᠤᠯᠬᠤ ᠶᠢ ᠰᠠᠶᠢᠳᠤᠷ ᠬᠢᠵᠦ᠂ ᠲᠡᠵᠢᠭᠡᠯ ᠪᠤᠷᠳᠤᠭ᠎ᠠ ᠶᠢ ᠬᠦᠮᠦᠷᠭᠡᠯᠡᠨ ᠬᠠᠳᠠᠭᠠᠯᠠᠬᠤ ᠶᠡᠷᠤᠩᠭᠡᠢ ᠬᠡᠮᠵᠢᠶ᠎ᠡ ᠶᠢ ᠲᠡᠭᠡᠭᠰᠢᠯᠡᠬᠦᠯᠵᠦ᠂ ᠲᠡᠵᠢᠭᠡᠯ ᠪᠤᠷᠳᠤᠭ᠎ᠠ ᠪᠤᠯᠪᠠᠰᠤᠷᠠᠭᠤᠯᠬᠤ ᠦᠢᠯᠡᠳᠪᠦᠷᠢ ᠪᠠᠶᠢᠭᠤᠯᠬᠤ ᠶᠢ ᠲᠡᠮᠵᠢᠵᠦ᠂ ᠲᠡᠵᠢᠭᠡᠯ ᠪᠤᠷᠳᠤᠭ᠎ᠠ ᠶᠢ ᠲᠦᠷᠪᠡᠨ ᠤᠯᠠᠷᠢᠯ ᠳᠤ ᠬᠡᠷᠡᠭᠯᠡᠬᠦ ᠪᠠ ᠵᠢᠯ ᠠᠯᠤᠰᠯᠠᠵᠦ ᠬᠡᠷᠡᠭᠯᠡᠬᠦ ᠪᠤᠯᠭᠠᠨ᠎ᠠ᠃ ᠲᠦᠷᠪᠡ ᠳᠤ  ᠮᠠᠯ ᠠᠵᠦ ᠠᠬᠤᠢ ᠶᠢᠨ ᠶᠡᠷᠤᠩᠭᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠲᠡᠭᠡᠭᠰᠢᠯᠡᠭᠦᠯᠤᠨ᠎ᠡ᠃ ᠰᠤᠮᠤ ᠪᠠᠯᠭᠠᠰᠦ ᠪᠦᠷᠢ ᠮᠠᠯ ᠤᠨ ᠶᠡᠷᠤᠩᠭᠡᠢ ᠲᠤᠭ᠎ᠠ ᠶᠢ ᠡᠪᠡᠰᠤᠨ ᠤ ᠭᠠᠷᠤᠯᠳᠠ ᠶᠢᠨ ᠬᠡᠮᠵᠢᠶ᠎ᠡ ᠲᠠᠢ ᠵᠤᠬᠢᠴᠠᠭᠤᠯᠤᠭᠰᠠᠨ ᠲᠤᠮᠦ ᠲᠤᠭᠤᠷᠢᠭ ᠢᠶᠠᠷ ᠰᠡᠯᠭᠦᠨ ᠮᠠᠯᠵᠢᠬᠤ ᠬᠢᠭᠡᠳ ᠡᠷᠴᠢᠮᠵᠢᠬᠦᠯᠦᠨ ᠬᠠᠰᠢᠶᠠᠯᠠᠨ ᠲᠡᠵᠢᠭᠡᠬᠦ ᠶᠢ ᠤᠶᠠᠯᠳᠤᠭᠤᠯᠤᠭᠰᠠᠨ ᠮᠠᠯᠵᠢᠬᠤ ᠦᠢᠯᠡᠳᠪᠦᠷᠢᠯᠡᠯ ᠤᠨ ᠰᠢᠨ᠎ᠡ ᠬᠡᠯᠪᠡᠷᠢ ᠶᠢᠨ ᠲᠤᠷᠰᠢᠯᠳᠠ ᠶᠢᠨ ᠴᠢᠭ᠋ ᠢ ᠪᠠᠶᠢᠭᠤᠯᠵᠦ᠂ ᠬᠠᠰᠢᠶᠠᠯᠠᠨ ᠲᠡᠵᠢᠭᠡᠬᠦ ᠬᠤᠭᠤᠴᠠᠭ᠎ᠠ᠂ ᠬᠠᠷᠢᠴᠠᠯ ᠪᠤᠯᠤᠨ ᠲᠤᠭ᠎ᠠ ᠬᠡᠮᠵᠢᠶ᠎ᠡ ᠶᠢ ᠵᠤᠬᠢᠰᠲᠠᠢ ᠨᠡᠮᠡᠭᠳᠡᠭᠦᠯᠤᠨ᠎ᠡ᠃ ᠠᠮᠢ ᠠᠬᠤᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠶᠡᠬᠡᠪᠡᠷ ᠬᠦᠴᠤᠷᠬᠡᠭᠵᠢᠭᠦᠯᠵᠦ᠂ ᠨᠤᠳᠤᠭ ᠪᠡᠯᠴᠢᠭᠡᠷ ᠢ ᠮᠠᠯᠵᠢᠬᠤ ᠡᠷᠤᠭᠡ ᠶᠢᠨ ᠪᠠᠭ᠎ᠠ ᠲᠤᠭᠤᠶᠢᠯᠠᠩ᠂ ᠭᠠᠴᠠᠭᠠᠨ ᠤ ᠲᠤᠳᠤᠭᠠᠳᠦ ᠳᠠᠭᠠᠨ ᠰᠢᠯᠵᠢᠭᠦᠯᠤᠨ ᠲᠦᠷᠢᠮᠵᠢᠭᠦᠯᠬᠦ ᠶᠢ ᠲᠦᠯᠬᠢᠨ ᠠᠬᠢᠭᠤᠯᠵᠦ᠂ ᠮᠠᠯᠵᠢᠬᠤ ᠡᠷᠤᠭᠡ ᠶᠢᠨ ᠬᠤᠯᠪᠤᠭᠠᠯᠠᠨ ᠡᠵᠡᠩᠨᠡᠬᠦ ᠲᠠᠯᠠᠪᠠᠢ ᠶᠢ ᠤᠯᠠᠮ ᠴᠢᠨᠠᠭᠰᠢᠳᠠ ᠦᠷᠭᠡᠳᠭᠡᠨ᠎ᠡ᠃ ᠮᠠᠯ ᠰᠦᠷᠦᠭ ᠤᠨ ᠪᠦᠳᠦᠴᠠ ᠶᠢ ᠰᠢᠯᠢᠳᠡᠭᠵᠢᠭᠦᠯᠤᠨ ᠲᠤᠬᠢᠷᠠᠭᠤᠯᠵᠦ᠂ ᠬᠦᠯᠤᠨ ᠪᠤᠶᠢᠷ ᠬᠤᠨᠢ ᠶᠢ ᠦᠷᠭᠡᠳᠭᠡᠨ ᠦᠷᠨᠵᠢᠭᠦᠯᠬᠦ ᠰᠠᠭᠤᠷᠢᠨ ᠭᠠᠵᠠᠷ ᠤᠨ ᠬᠦᠷᠢᠶ᠎ᠡ ᠬᠡᠪᠴᠢᠶ᠎ᠡ ᠶᠢ ᠦᠷᠭᠡᠳᠭᠡᠵᠦ᠂ ᠡᠴᠢᠭᠡ ᠮᠠᠯ ᠪᠤᠯᠤᠨ ᠪᠡᠯᠡᠳᠭᠡᠯ ᠡᠬᠡ ᠮᠠᠯ ᠤᠨ ᠲᠤᠭ᠎ᠠ ᠪᠠ ᠴᠢᠨᠠᠷ ᠢ ᠲᠡᠭᠡᠭᠰᠢᠯᠡᠬᠦᠯᠤᠨ᠎ᠡ᠃ 4 ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠪᠦᠳᠦᠭᠡᠨ ᠪᠠᠶᠢᠭᠤᠯᠵᠦ᠂ ᠬᠢᠯᠢ ᠬᠢᠵᠠᠭᠠᠷ ᠢ ᠬᠦᠭᠵᠢᠭᠦᠯᠵᠤ ᠠᠷᠠᠳ ᠢᠶᠠᠨ ᠪᠠᠶᠠᠵᠢᠭᠤᠯᠬᠤ ᠤᠨᠴᠠᠯᠢᠭᠲᠥ ᠲᠠᠪᠠᠭᠤᠯᠢᠭ ᠠᠵᠦ ᠦᠢᠯᠠᠰ ᠤᠨ ᠲᠦᠷᠤᠯ ᠵᠦᠢᠯ ᠢ ᠡᠬᠢᠯᠡᠭᠦᠯᠬᠦ ᠪᠠᠷ ᠴᠢᠷᠮᠠᠶᠢᠨ᠎ᠡ᠃ ᠪᠠᠶᠢᠭᠠᠯᠢᠯᠢᠭ᠂ ᠤᠯᠠᠨ ᠶᠠᠩᠵᠤᠲᠤ᠂ ᠡᠷᠬᠢᠯᠳ᠋ᠨᠳᠦ᠂ ᠦᠷ᠎ᠡ ᠠᠰᠢᠭᠲᠤ ᠲᠤᠭᠤᠷᠢᠨ ᠦᠵᠡᠬᠦ ᠬᠡᠯᠪᠡᠷᠢ ᠶᠢᠨ ᠤᠨᠴᠠᠯᠢᠭᠳᠦ ᠲᠡᠵᠢᠭᠡᠨ ᠦᠷᠡᠵᠢᠬᠦᠯᠬᠦ ᠰᠠᠭᠤᠷᠢᠨ ᠭᠠᠵᠠᠷ ᠢ ᠪᠠᠶᠢᠭᠤᠯᠬᠤ ᠶᠢ ᠵᠤᠷᠢᠭᠵᠢᠭᠤᠯᠤᠨ᠎ᠠ᠃ ᠮᠠᠯᠵᠢᠯ ᠤᠨ ᠤᠨ ᠤ ᠮᠠᠯ ᠤᠨ ᠲᠤᠭ᠎ᠠ ᠎ ᠶᠢ 135 ᠲᠦᠮᠡᠨ ᠲᠤᠯᠤᠭᠠᠢ ᠳᠤᠲᠤᠷ᠎ᠠ ᠬᠢᠵᠠᠭᠠᠷᠯᠠᠵᠥ᠂ 1 ᠲᠦᠮᠡᠨ ᠲᠤᠯᠤᠭᠠᠢ ᠦᠭᠡᠷ ᠲᠤ ᠢᠴᠨᠭᠡᠯ ᠦᠷ᠎ᠡ ᠶᠢᠨ ᠬᠡᠭᠡᠯᠳᠤᠭᠦᠯᠭᠡ ᠬᠢᠵᠦ᠂ ᠲᠦᠯ ᠤᠨ ᠪᠤᠶᠢᠵᠢᠯᠳᠡ ᠶᠢᠨ ᠨᠤᠷᠮ᠎ᠠ ᠶᠢ 98%᠎ ᠠᠴᠠ ᠲᠡᠭᠡᠭᠰᠢ ᠬᠦᠷᠭᠡᠬᠦ ᠶᠢ ᠪᠠᠲᠥᠯᠠᠨ᠎ᠠ᠃ ᠲᠠᠪᠤ ᠳᠤ  ᠮᠠᠯᠴᠢᠳ ᠲᠤ ᠬᠠᠷᠠᠭᠠᠯᠵᠠᠯ ᠦᠵᠠᠭᠦᠯᠬᠦ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠤᠨ᠎ᠡ᠃ ᠰᠤᠮᠦ ᠂ ᠭᠠᠴᠠᠭ᠎ᠠ᠂ ᠮᠠᠯᠵᠢᠬᠤ ᠡᠷᠤᠬᠡ ᠶᠢᠨ ᠬᠤᠭᠤᠷᠤᠨᠳᠤᠬᠢ ᠬᠠᠷᠢᠯᠴᠠᠨ ᠬᠤᠯᠪᠤᠭᠠᠯᠠᠬᠤ ᠲᠤᠭᠳᠠᠴᠠ ᠶᠢ ᠴᠢᠩᠭᠠᠳᠬᠠᠵᠦ᠂ ︽ᠮᠠᠯᠵᠢᠬᠤ ᠡᠷᠦᠬᠡ ᠶᠢᠨ ᠪᠠᠭ᠎ᠠ ᠲᠤᠭᠤᠶᠢᠯᠠᠩ︾᠎ ᠤᠨ ᠬᠠᠮᠢᠶᠠᠷᠤᠯᠳᠠ ᠶᠢᠨ ᠲᠦᠷᠢᠮ ᠢ ᠲᠡᠭᠦᠯᠳᠡᠷᠵᠢᠭᠦᠯᠵᠦ᠂ ᠪᠦᠬᠦ ᠬᠤᠰᠢᠭᠤᠨ ᠳᠤ ᠲᠦᠭᠡᠮᠡᠯᠵᠢᠬᠦᠯᠦᠨ᠎ᠡ᠃ ᠨᠤᠳᠤᠭ ᠪᠡᠯᠴᠢᠭᠡᠷ ᠢ ᠲᠠᠭᠠᠭᠠᠴᠢᠯᠠᠬᠤ ᠡᠵᠡᠩᠨᠡᠯᠳᠠ ᠶᠢᠨ ᠡᠷᠬᠡ ᠶᠢᠨ ᠦᠨᠡᠮᠯᠡᠯ ᠢ ᠰᠤᠯᠢᠬᠤ ᠠᠵᠢᠯ ᠢ ᠨᠠᠶᠢᠳᠠᠪᠤᠷᠢᠵᠢᠭᠤᠯᠵᠦ᠂ ᠮᠠᠯ ᠠᠵᠦ ᠠᠬᠤᠢ ᠶᠢᠨ ᠰᠤᠷᠠᠭ ᠵᠠᠩᠬᠢ ᠶᠢᠨ ᠬᠦᠳᠡᠯᠤᠯ ᠪᠠᠶᠢᠳᠠᠯ ᠤᠨ ᠬᠠᠮᠢᠶᠠᠷᠤᠯᠳᠠ ᠶᠢᠨ ᠰᠢᠰᠲ᠋ᠧᠮ ᠢ ᠪᠠᠶᠢᠭᠤᠯᠵᠦ᠂ ᠴᠠᠭ ᠠᠭᠤᠷ ᠤᠨ ᠤᠷᠢᠳᠴᠢᠯᠠᠨ ᠰᠡᠷᠭᠡᠶᠢᠯᠡᠬᠦ ᠰᠤᠷᠠᠭ ᠵᠠᠩᠬᠢ ᠶᠢ ᠮᠠᠳᠡᠭᠡᠯᠡᠬᠦ ᠰᠢᠰᠲ᠋ᠧᠮ ᠢ ᠢᠵᠢ ᠪᠦᠷᠢᠯᠳᠦᠭᠦᠯᠤᠨ ᠪᠠᠶᠢᠭᠤᠯᠤᠨ᠎ᠠ᠃ ᠦᠨᠳᠦᠰᠤᠨ ᠱᠠᠳᠤᠨ ᠤ ᠮᠠᠯ ᠠᠵᠦ ᠠᠬᠤᠢ ᠶᠢᠨ ᠡᠵᠡᠩᠨᠡᠨ ᠬᠠᠮᠢᠶᠠᠷᠤᠯᠳᠠ ᠶᠢᠨ ᠪᠠᠶᠢᠭᠤᠯᠤᠯ ᠢ ᠵᠤᠬᠢᠶᠠᠨ ᠪᠠᠶᠢᠭᠤᠯᠵᠦ᠂ ︽ᠭᠤᠷᠪᠠᠨ ᠬᠦᠷᠦᠩᠭᠡ︾᠎ ᠶᠢᠨ ᠬᠠᠮᠢᠶᠠᠷᠤᠯᠳᠠ ᠶᠢᠨ ᠤᠷᠳᠦ ᠬᠤᠭᠤᠴᠠᠭᠠᠨ ᠤ ᠪᠦᠳᠤᠮᠵᠢᠳᠦ ᠲᠤᠭᠲᠠᠴᠠ ᠶᠢ ᠪᠠᠶᠢᠭᠤᠯᠤᠨ᠎ᠠ᠃ ᠲᠠᠷᠢᠶᠠᠯᠠᠩ ᠮᠠᠯ ᠠᠵᠦ ᠠᠬᠤᠢ ᠶᠢᠨ ᠪᠦᠳᠦᠭᠡᠭᠳᠡᠭᠦᠨ ᠤ ᠴᠢᠨᠠᠷ ᠴᠢᠨᠰᠠᠭ᠎ᠠ ᠶᠢᠨ ᠠᠮᠤᠷ ᠲᠦᠪᠰᠢᠨ ᠢ ᠰᠢᠯᠭᠠᠨ ᠪᠠᠶᠢᠴᠠᠭᠠᠬᠤ ᠦᠷᠳᠡᠭᠡ ᠎ ᠶᠢ ᠪᠠᠶᠢᠭᠤᠯᠵᠦ᠂ ᠲᠠᠷᠢᠶᠠᠯᠠᠩ ᠤᠨ ᠮᠠᠷᠭᠡᠵᠢᠯ ᠢ ᠲᠡᠯᠭᠡᠷᠡᠭᠦᠯᠬᠦ ᠦᠢᠯᠡᠴᠢᠯᠡᠭᠡ᠂ ᠭᠠᠮᠰᠢᠭ ᠠᠴᠠ ᠰᠡᠷᠭᠡᠶᠢᠯᠡᠬᠦ ᠭᠠᠮᠰᠢᠭ ᠎ ᠢ ᠪᠠᠭᠠᠰᠬᠠᠬᠤ ᠪᠠ ᠴᠠᠭ ᠠᠭᠤᠷ ᠤᠨ ᠦᠢᠯᠡᠴᠢᠯᠡᠭᠡ ᠵᠡᠷᠭᠡ 3 ᠰᠢᠰᠲ᠋ᠧᠮ ᠤᠨ ᠪᠠᠶᠢᠭᠤᠯᠤᠯᠳᠠ ᠶᠢ ᠲᠦᠯᠬᠢᠨ ᠠᠬᠢᠭᠤᠯᠵᠥ᠂ ᠰᠢᠨᠡᠪᠤᠯᠠᠭ ᠰᠤᠮᠤᠨ ᠤ ᠴᠠᠭ ᠠᠭᠤᠷ ᠤᠨ ᠥᠷᠲᠡᠭᠡ ᠶᠢ ᠵᠠᠰᠠᠨ ᠰᠠᠶᠢᠵᠢᠷᠠᠭᠤᠯᠵᠤ ᠳᠡᠰ ᠳᠡᠪᠰᠢᠭᠦᠯᠦᠨ᠎ᠡ᠃ ᠮᠠᠯᠴᠢᠳ ᠢ ᠰᠢᠨ᠎ᠡ ᠬᠡᠯᠪᠡᠷᠢ ᠪᠠᠷ ᠳᠠᠪᠲᠠᠨ ᠪᠣᠯᠪᠠᠰᠤᠷᠠᠭᠤᠯᠬᠤ ᠢᠨᠵᠧᠨᠧᠷᠢᠩ ᠢ ᠶᠡᠬᠡᠪᠡᠷ ᠥᠷᠨᠢᠭᠦᠯᠵᠦ᠂ 1000 ᠬᠥᠮᠥᠨ ᠤᠳᠠᠭ᠎ᠠ ᠠᠴᠠ ᠳᠡᠭᠡᠭᠰᠢ ᠪᠣᠯᠪᠠᠰᠤᠷᠠᠭᠤᠯᠤᠨ᠎ᠠ᠃ ᠵᠢᠱᠢᠶᠡᠴᠢ ᠮᠠᠯᠵᠢᠬᠤ ᠡᠷᠥᠬᠡ ᠪᠤᠯᠤᠨ ᠵᠢᠱᠢᠶᠡᠴᠢ ᠭᠠᠴᠠᠭ᠎ᠠ ᠶᠢ ᠡᠭᠦᠳᠥᠨ ᠪᠠᠶᠢᠭᠤᠯᠬᠤ ᠢᠨᠵᠧᠨᠧᠷᠢᠩ ᠢ ᠢᠳᠡᠪᠬᠢᠲᠠᠢ ᠦᠷᠨᠢᠭᠦᠯᠵᠥ᠂ ᠮᠠᠯ ᠠᠵᠤ ᠠᠬᠤᠢ ᠶᠢᠨ ᠰᠢᠯᠢᠳᠡᠭ ᠦᠢᠯᠡᠳᠪᠦᠷᠢᠯᠡᠯ ᠢ ᠦᠨᠡᠯᠡᠬᠦ ᠰᠢᠰᠲ᠋ᠧᠮ ᠢ ᠪᠠᠶᠢᠭᠤᠯᠵᠤ᠂ ᠳᠤᠪᠤᠶᠢᠮ᠎ᠠ ᠬᠤᠪᠢ ᠨᠡᠮᠡᠷᠢ ᠦᠵᠡᠭᠦᠯᠥᠭᠰᠡᠨ ᠮᠠᠯᠴᠢᠳ ᠤᠨ ᠠᠳᠠᠯᠢᠳᠬᠠᠨ ᠰᠢᠯᠭᠠᠷᠠᠭᠤᠯᠬᠤ ᠠᠵᠢᠯᠯᠠᠭ᠎ᠠ ᠶᠢ ᠰᠠᠶᠢᠲᠥᠷ ᠬᠢᠨ᠎ᠡ᠃ ︵ᠭᠤᠷᠪᠠ︶ ᠰᠠᠭᠤᠷᠢ ᠲᠥᠬᠦᠭᠡᠷᠦᠮᠵᠢ ᠪᠣᠯᠣᠨ ᠬᠤᠲᠠ ᠪᠠᠯᠭᠠᠰᠤᠨ ᠤ ᠠᠵᠤ ᠦᠢᠯᠡᠰ ᠢᠶᠠᠷ ᠭᠤᠣᠯᠳᠠᠯᠭ᠎ᠠ ᠪᠣᠯᠭᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠶᠡᠬᠡᠪᠡᠷ ᠬᠥᠭᠵᠢᠭᠦᠯᠦᠨ᠎ᠡ᠃ ᠬᠤᠲᠠ ᠪᠠᠯᠭᠠᠰᠤᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠥᠪᠰᠢᠨ ᠪᠤᠯᠥᠨ ᠥᠢᠯᠡᠰ ᠪᠤᠰᠬᠠᠬᠤ ᠠᠵᠢᠯ ᠤᠯᠭᠤᠯᠲᠠ ᠶᠢᠨ ᠤᠷᠴᠢᠨ ᠲᠤᠭᠤᠷᠢᠨ ᠢ ᠭᠤᠣᠯᠳᠠᠯᠭ᠎ᠠ ᠲᠠᠢ ᠰᠠᠶᠢᠵᠢᠷᠠᠭᠤᠯᠵᠤ᠂ ᠬᠤᠲᠠ ᠪᠠᠯᠭᠠᠰᠥᠨ ᠤ ᠰᠠᠭᠤᠭᠠᠯᠢ ᠠᠷᠠᠳ ᠮᠠᠯᠴᠢᠳ ᠲᠤ ᠨᠡᠩ ᠳᠤᠬᠢᠯᠢᠭ ᠣᠷᠣᠨ ᠰᠠᠭᠤᠴᠠ ᠶᠢᠨ ᠣᠷᠴᠢᠨ ᠲᠣᠭᠤᠷᠢᠨ ᠪᠠ ᠨᠡᠩ ᠰᠠᠶᠢᠨ ᠤᠯᠠᠨ ᠨᠡᠶᠢᠲᠡ ᠶᠢᠨ ᠦᠢᠯᠡᠴᠢᠯᠡᠭᠡᠨ ᠢ ᠬᠠᠩᠭᠠᠵᠥ᠂ ᠠᠵᠢᠯ ᠣᠯᠭᠤᠬᠤ ᠨᠡᠩ ᠰᠠᠶᠢᠨ ᠵᠠᠪᠰᠢᠶᠠᠨ ᠣᠯᠭᠤᠵᠥ᠂ ᠠᠷᠠᠳ ᠤᠯᠠᠨ ᠤ ᠠᠮᠢᠳᠦᠷᠠᠯ ᠤᠨ ᠣᠷᠴᠢᠨ ᠲᠤᠭᠤᠷᠢᠨ ᠢ ᠨᠡᠩ ᠲᠠᠭᠠᠯᠠᠮᠵᠢᠲᠠᠢ ᠪᠤᠯᠭᠠᠨ᠎ᠠ᠃ ᠨᠢᠭᠡ ᠳᠤ  ᠲᠥᠪ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠲᠠ ᠪᠠᠯᠭᠠᠰᠥᠨ ᠤ ᠲᠥᠯᠥᠪᠵᠢᠭᠦᠯᠭᠡ ᠶᠢ ᠠᠵᠥ ᠦᠢᠯᠡᠰ ᠤᠨ ᠲᠥᠯᠥᠪᠵᠢᠭᠦᠯᠭᠡ ᠪᠠ ᠭᠠᠵᠠᠷ ᠰᠢᠷᠥᠢ ᠶᠢ ᠠᠰᠢᠭᠯᠠᠨ ᠭᠡᠷᠡᠭᠯᠡᠭᠦ ᠲᠥᠯᠥᠪᠵᠢᠭᠦᠯᠭᠡ ᠲᠠᠢ ᠵᠤᠯᠭᠠᠭᠤᠯᠬᠤ ᠶᠢ ᠴᠢᠬᠤᠯᠠᠴᠢᠯᠠᠨ᠂ ᠠᠮᠥᠭᠤᠯᠠᠩ ᠪᠠᠯᠭᠠᠰᠤᠨ ᠤ ᠶᠡᠷᠥᠩᠭᠡᠢ ᠲᠦᠯᠦᠪᠵᠢᠬᠦᠯᠭᠡ ᠎ ᠶᠢ ᠵᠠᠰᠠᠨ ᠲᠤᠭᠤᠷᠪᠢᠵᠤ᠂ ᠬᠢᠨᠠᠨ ᠵᠥᠪᠰᠢᠶᠡᠷᠡᠭᠦᠯᠵᠤ ᠳᠠᠩᠰᠠᠯᠠᠬᠤ ᠠᠵᠢᠯ ᠢ ᠰᠠᠶᠢᠲᠤᠷ ᠬᠢᠵᠥ᠂ ᠤᠰᠥ᠂ ᠴᠠᠬᠢᠯᠭᠠᠨ ᠂ ᠳᠤᠯᠠᠭᠠᠯᠠᠭ᠎ᠠ᠂ ᠰᠢᠲᠠᠮᠠᠬᠠᠢ ᠬᠡᠢ ᠬᠠᠨᠭ᠍ᠭᠠᠬᠤ ᠵᠡᠷᠭᠡ ᠶᠢᠨ ᠲᠤᠰᠬᠠᠢ ᠲᠥᠯᠥᠪᠵᠢᠭᠦᠯᠭᠡ ᠶᠢ ᠨᠠᠶᠢᠷᠠᠭᠤᠯᠵᠥ ᠳᠠᠭᠤᠰᠬᠠᠨ᠎ᠠ᠂ ᠪᠠᠯᠭᠠᠰᠤ ᠶᠢᠨ ᠭᠠᠳᠠᠷ ᠲᠣᠭᠤᠷᠢᠭ ᠤᠨ ᠵᠠᠮ ᠢ ᠲᠥᠯᠥᠪᠵᠢᠭᠦᠯᠵᠦ᠂ ᠰᠢᠨ᠎ᠡ ᠲᠣᠭᠤᠷᠢᠭ ᠢ ᠭᠠᠨᠵᠤᠤᠷ ᠭᠤᠳᠤᠮᠵᠢ ᠪᠣᠯᠣᠨ ᠰᠢᠭᠤᠶᠢᠲᠤ ᠭᠤᠳᠤᠮᠵᠢ ᠲᠠᠢ ᠵᠠᠯᠭᠠᠨ ᠨᠡᠪᠲᠡᠷᠡᠭᠦᠯᠵᠦ᠂ ᠷᠠᠰᠢᠶᠠᠨ ᠭᠤᠳᠤᠮᠵᠢ ᠪᠣᠯᠣᠨ ᠬᠥᠭᠵᠢᠯ ᠭᠤᠳᠤᠮᠵᠢ ᠶᠢᠨ ᠳᠠᠭᠠᠯᠳᠤᠯ ᠲᠥᠬᠦᠭᠡᠷᠦᠮᠵᠢ ᠶᠢᠨ ᠢᠨᠵᠧᠨᠧᠷᠢᠩ ᠢ ᠬᠡᠷᠡᠭᠵᠢᠭᠦᠯᠦᠨ᠎ᠡ᠃ 3.8 ᠲᠦᠮᠡᠨ ᠲᠡᠭᠰᠢ ᠳᠥᠷᠪᠡᠯᠵᠢᠨ ᠮᠧᠲᠷ ᠤᠨ ᠭᠡᠷ ᠪᠠᠷᠢᠯᠭ᠎ᠠ ᠳᠤ ᠡᠨᠧᠷᠭᠢ ᠠᠷᠪᠢᠯᠠᠬᠤ ᠰᠢᠨᠡᠳᠬᠡᠯ ᠬᠢᠨ᠎ᠡ᠃ 13 ᠰᠠᠭᠤᠷᠢ ᠠᠯᠪᠠᠨ ᠭᠡᠷ ᠢ ᠪᠠᠶᠢᠭᠤᠯᠵᠤ ᠳᠠᠭᠤᠰᠬᠠᠨ᠎ᠠ᠃ ᠰᠢᠨ᠎ᠡ ᠪᠠᠷ ᠨᠡᠮᠡᠭᠳᠡᠭᠦᠯᠬᠦ ᠭᠡᠷ ᠪᠠᠷᠢᠯᠭ᠎ᠠ ᠶᠢ ᠨᠡᠭᠡᠭᠡᠨ ᠠᠰᠢᠭᠯᠠᠬᠤ ᠲᠠᠯᠠᠪᠠᠢ ᠶᠢ 10 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠭᠡᠨ᠎ᠡ᠃ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠢᠨᠵᠧᠨᠧᠷᠢᠩ ᠢ ᠦᠷᠭᠦᠯᠵᠢᠯᠡᠨ ᠬᠡᠷᠡᠭᠵᠢᠬᠦᠯᠵᠦ᠂ ᠲᠥᠪᠯᠡᠷᠡᠭᠦᠯᠦᠨ ᠳᠤᠯᠠᠭᠠᠯᠠᠭ᠎ᠠ ᠬᠠᠨᠭ᠍ᠭᠠᠬᠤ ᠪᠦᠷᠭᠦᠴᠡ ᠎ ᠶᠢ ᠦᠷᠭᠡᠳᠬᠡᠨ᠎ᠡ᠃ ᠲᠦᠭᠡᠭᠡᠯ ᠤᠰᠤ ᠪᠠ ᠬᠤᠭᠤᠯᠠᠢ ᠪᠠᠷ ᠳᠠᠮᠵᠢᠭᠤᠯᠬᠤ ᠰᠢᠲᠠᠮᠠᠬᠠᠢ ᠬᠡᠢ ᠶᠢᠨ ᠢᠨᠵᠧᠨᠧᠷᠢᠩ ᠢ ᠡᠬᠢᠯᠡᠭᠦᠯᠵᠦ᠂ ᠣᠷᠤᠰᠢᠭᠤᠯᠭ᠎ᠠ ᠶᠢᠨ ᠦᠢᠯᠡᠴᠢᠯᠡᠭᠡᠨ ᠤ ᠲᠣᠭᠤᠷᠢᠭ ᠢ ᠪᠠᠶᠢᠭᠤᠯᠵᠥ ᠳᠠᠭᠤᠰᠬᠠᠨ᠎ᠠ᠃ ᠪᠠᠯᠭᠠᠰᠤ ᠲᠣᠭᠤᠷᠢᠭ ᠤᠨ ᠨᠣᠭᠤᠭᠠᠷᠠᠭᠤᠯᠬᠤ᠂ ᠭᠤᠶᠤᠵᠢᠭᠤᠯᠬᠤ᠂ ᠭᠡᠷᠡᠯᠲᠦᠭᠦᠯᠬᠦ ᠢᠨᠵᠧᠨᠧᠷᠢᠩ ᠢ ᠬᠡᠷᠡᠭᠵᠢᠭᠦᠯᠵᠦ᠂ ᠪᠠᠯᠭᠠᠰᠤ ᠎ ᠠᠴᠠ ᠭᠠᠷᠬᠤ ᠵᠠᠮ ᠤᠨ ᠦᠵᠡᠮᠵᠢ ᠶᠢ ᠰᠠᠶᠢᠵᠢᠷᠠᠭᠤᠯᠵᠤ ᠳᠡᠰ ᠳᠡᠪᠰᠢᠭᠦᠯᠦᠨ᠂ ᠠᠮᠢ ᠠᠬᠤᠢ ᠶᠢᠨ ᠬᠦᠷᠢᠶᠡᠯᠡᠩ ᠢ ᠢᠵᠢ ᠪᠦᠷᠢᠳᠦᠭᠦᠯᠵᠦ ᠪᠦᠲᠦᠭᠡᠨ ᠪᠠᠶᠢᠭᠤᠯᠤᠨ ᠲᠡᠭᠦᠯᠳᠡᠷᠵᠢᠭᠦᠯᠵᠦ᠂ ᠭᠤᠳᠤᠮᠵᠢ ᠶᠢᠨ ᠳ᠋ᠧᠩ ᠢ ᠵᠠᠰᠠᠵᠤ ᠰᠢᠨᠡᠳᠬᠡᠨ᠎ᠡ᠃ ︽ᠬᠤᠲᠡ ᠪᠠᠯᠭᠠᠰᠦ ᠶᠢ ᠪᠥᠲᠥᠭᠡᠨ ᠪᠠᠶᠢᠭᠤᠯᠵᠥ ᠬᠠᠮᠢᠶᠠᠷᠬᠤ ᠤᠨ︾᠎ ᠤ ᠠᠵᠢᠯᠯᠠᠭ᠎ᠠ ᠪᠠ ᠣᠯᠣᠰ ᠎ ᠢᠶᠠᠨ ᠬᠠᠶᠢᠷᠠᠯᠠᠬᠤ ᠬᠥᠳᠡᠯᠭᠡᠭᠡᠨ ᠢ ᠭᠥᠨᠵᠡᠭᠡᠢ ᠦᠷᠨᠢᠭᠦᠯᠵᠥ᠂ ᠪᠠᠭ᠎ᠠ ᠲᠣᠭᠤᠷᠢᠭ ᠤᠨ ᠭᠡᠷ ᠪᠠᠷᠢᠯᠭ᠎ᠠ ᠶᠢᠨ ᠬᠠᠮᠢᠶᠠᠷᠤᠯᠲᠠ ᠶᠢ ᠭᠤᠣᠯᠳᠠᠯᠭ᠎ᠠ ᠲᠠᠢ ᠰᠠᠶᠢᠲᠤᠷ ᠬᠢᠵᠦ᠂ ᠬᠤᠲᠠ ᠪᠠᠯᠭᠠᠰᠤᠨ ᠤ ᠡᠷᠡᠭᠦᠯ ᠬᠠᠮᠠᠭᠠᠯᠠᠯ ᠠᠷᠢᠭᠤᠨ ᠴᠡᠪᠡᠷ ᠢ ᠬᠠᠮᠠᠭᠠᠯᠠᠬᠤ ᠮᠠᠰᠢᠨᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠠᠤᠯᠢ ᠳᠦᠷᠢᠮ ᠢ ᠵᠥᠷᠢᠴᠡᠵᠦ ᠪᠠᠶᠢᠭᠤᠯᠤᠭᠰᠠᠨ ᠪᠠᠷᠢᠯᠭ᠎ᠠ ᠶᠢ ᠬᠠᠤᠯᠢ ᠶᠣᠰᠣᠭᠠᠷ ᠨᠤᠷᠠᠭᠠᠨ ᠰᠡᠶᠢᠳᠪᠦᠷᠢᠯᠡᠵᠦ᠂ ᠵᠡᠭᠡᠯᠢ ᠭᠤᠳᠤᠮᠵᠢ ᠳᠠᠭᠠᠤ ᠠᠷᠠᠯᠵᠢᠶ᠎ᠠ ᠬᠤᠳ᠋ᠨᠯᠳᠤᠭᠠᠨ  ᠤ ᠫᠠᠶᠢᠰᠠ ᠢᠯᠡᠷᠬᠡᠶᠢᠯᠡᠯ ᠢ ᠴᠡᠭᠴᠡᠯᠡᠨ ᠳᠥᠷᠢᠮᠵᠢᠭᠦᠯᠵᠥ᠂ ᠭᠡᠷ ᠤᠨ ᠭᠠᠳᠠᠨ᠎ᠠ ᠬᠡᠷᠡᠮ ᠬᠠᠨ᠎ᠠ ᠳᠡᠭᠡᠷ᠎ᠡ ᠵᠠᠷ ᠮᠡᠳᠡᠭᠡ ᠲᠤᠷ᠎ᠠ ᠪᠠᠷ ᠨᠠᠭᠠᠬᠤ ᠶᠢ ᠡᠷᠡᠰ ᠬᠤᠷᠢᠭᠯᠠᠨ᠂ ᠪᠠᠯᠭᠠᠰᠤ ᠲᠣᠭᠤᠷᠢᠭ ᠤᠨ ᠣᠷᠴᠢᠨ ᠲᠣᠭᠤᠷᠢᠨ ᠢ ᠨᠡᠩ ᠴᠡᠪᠡᠷ ᠲᠡᠭᠰᠢ᠂ ᠳᠦᠷᠢ ᠲᠥᠷᠬᠦ ᠶᠢ ᠨᠡᠩ ᠭᠤᠶᠣ ᠰᠠᠶᠢᠬᠠᠨ ᠪᠣᠯᠭᠠᠨ᠎ᠠ᠃ ᠬᠤᠲᠡ ᠪᠠᠯᠭᠠᠰᠥᠨ ᠎ ᠤ ᠠᠵᠥ ᠥᠢᠯᠡᠰ ᠢ ᠶᠡᠭᠡᠪᠡᠷ ᠬᠦᠭᠵᠢᠬᠦᠯᠵᠦ᠂ ᠠᠮᠢ ᠠᠬᠤᠢ ᠶᠢᠨ ᠬᠥᠷᠢᠶᠡᠯᠡᠩ ᠲᠤᠭᠤᠷᠢᠭ᠂ ᠰᠠᠭᠠᠯᠢ ᠶᠢᠨ ᠦᠨᠢᠶᠡᠨ ᠎ ᠤ ᠲᠤᠰᠬᠤᠨ᠂ ᠮᠠᠯᠴᠢᠳ ᠤᠨ ᠬᠤᠲᠠ ᠤᠷᠥᠵᠥ ᠦᠢᠯᠡᠰ ᠪᠥᠲᠥᠭᠡᠬᠦ ᠬᠥᠷᠢᠶᠡᠯᠡᠩ ᠲᠤᠭᠤᠷᠢᠭ ᠵᠡᠷᠭᠡ ᠰᠠᠭᠤᠷᠢᠨ ᠭᠠᠵᠠᠷ ᠢ ᠳᠥᠷᠢᠮᠵᠢᠭᠦᠯᠵᠥ ᠲᠥᠪᠯᠡᠷᠡᠭᠦᠯᠦᠨ ᠭᠥᠭᠵᠢᠭᠦᠯᠵᠥ᠂ ᠪᠠᠯᠭᠠᠰᠥᠨ ᠤ ᠤᠶᠢᠷ᠎ᠠ ᠬᠠᠪᠢ ᠶᠢᠨ ︽ᠦᠢᠯᠡᠰ ᠪᠤᠰᠬᠠᠵᠤ ᠠᠵᠢᠯ ᠤᠯᠬᠤ ᠪᠤᠯᠤᠨ ᠢᠳᠡᠰᠢᠨ ᠨᠤᠭᠤᠭ᠎ᠠ ᠲᠠᠷᠢᠬᠤ︾ ᠵᠡᠷᠭᠡ ᠠᠵᠥ ᠥᠢᠯᠡᠰ ᠤᠨ ᠶᠡᠷᠥᠩᠬᠡᠶᠢᠯᠡᠭᠰᠡᠨ ᠦᠷ᠎ᠡ ᠠᠰᠢᠭ ᠢ ᠨᠡᠮᠡᠭᠳᠡᠭᠦᠯᠦᠨ᠎ᠡ᠃ ᠪᠠᠷᠢᠯᠭ᠎ᠠ ᠶᠢᠨ ᠮᠠᠲ᠋ᠧᠷᠢᠶᠠᠯ᠂ ᠭᠠᠷ ᠤᠷᠨᠯᠠᠯ᠂ ᠮᠠᠯ ᠤᠨ ᠠᠰᠢᠭ ᠰᠢᠮ᠎ᠡ ᠶᠢᠨ ᠵᠠᠬ᠎ᠠ ᠳᠡᠯᠭᠡᠭᠦᠷ ᠢ ᠲᠦᠯᠥᠪᠯᠡᠵᠥ ᠬᠥᠭᠵᠢᠭᠦᠯᠥᠨ᠎ᠡ᠃ ᠬᠤᠶᠠᠷ ᠲᠤ  ᠰᠢᠨ᠎ᠡ ᠮᠠᠯᠵᠢᠬᠤ ᠣᠷᠣᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠣᠷᠣᠨ ᠤ ᠳᠡᠰ ᠤᠨ ᠰᠢᠨ᠎ᠡ ᠮᠠᠯᠵᠢᠬᠤ ᠣᠷᠣᠨ ᠤ ᠲᠤᠷᠰᠢᠯᠲᠠ ᠶᠢᠨ ᠴᠢᠭ᠋ ᠤᠨ ᠪᠥᠲᠥᠭᠡᠨ  ᠪᠠᠶᠢᠭᠤᠯᠤᠯᠲᠠ ᠶᠢ ᠭᠤᠤᠯᠳᠠᠯᠭ᠎ᠠ ᠎ ᠲᠠᠢ ᠴᠢᠩᠭᠠᠳᠬᠠᠨ᠂ ︿︿ᠤᠰᠤ᠂ ᠴᠠᠬᠢᠯᠭᠠᠨ᠂ ᠵᠠᠮ᠂ ᠭᠡᠷ ᠪᠠᠶᠢᠰᠢᠩ᠂ ᠠᠵᠤ ᠦᠢᠯᠡᠰ﹀﹀ ᠵᠡᠷᠭᠡ ᠶᠢᠨ ᠲᠣᠨᠤᠭ ᠲᠥᠬᠦᠭᠡᠷᠦᠮᠵᠢ ᠶᠢᠨ ᠲᠥᠷᠥᠯ ᠵᠦᠢᠯ ᠢ ᠨᠢᠭᠡᠳᠦᠭᠦᠯᠦᠨ ᠬᠡᠷᠡᠭᠵᠢᠭᠦᠯᠵᠦ᠂ ᠨᠢᠭᠡ ᠶᠢ ᠪᠦᠲᠦᠭᠡᠨ ᠪᠠᠶᠢᠭᠤᠯᠪᠠᠯ ᠨᠢᠭᠡ ᠎ ᠶᠢ ᠨᠢ ᠪᠠᠷᠢᠮᠵᠢᠶᠠᠨ ᠳᠤ ᠬᠦᠷᠦᠭᠦᠯᠬᠦ ᠶᠢ ᠪᠠᠲᠤᠯᠠᠨ᠎ᠠ᠃ ᠮᠠᠨᠵᠤᠤᠷ ᠬᠤᠲᠠ ᠶᠢ ᠭᠤᠤᠯᠳᠠᠯᠭ᠎ᠠ ᠲᠠᠢ ᠨᠡᠭᠡᠭᠡᠨ ᠬᠥᠭᠵᠢᠭᠦᠯᠭᠦ ᠲᠤᠷᠰᠢᠯᠲᠠ ᠶᠢᠨ ᠣᠷᠣᠨ ᠪᠤᠯᠭᠠᠬᠤ ᠳᠠᠪᠠᠭᠤᠯᠢᠭ ᠢ ᠠᠰᠢᠭᠯᠠᠵᠤ᠂ ᠴᠠᠭᠠᠨ ᠪᠠᠯᠭᠠᠰᠤ ᠶᠢᠨ ᠠᠵᠤ ᠦᠢᠯᠡᠳᠪᠦᠷᠢ᠂ ᠰᠦᠨ ᠤ ᠦᠢᠯᠡᠰ ᠤᠨ ᠪᠦᠲᠦᠴᠡ ᠳᠤ ᠲᠤᠬᠢᠷᠠᠭᠤᠯᠤᠯᠲᠠ ᠬᠢᠵᠦ᠂ ᠠᠵᠤ ᠦᠢᠯᠡᠰ ᠬᠢᠭᠡᠳ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠵᠡᠷᠭᠡᠪᠡᠷ ᠬᠥᠭᠵᠢᠭᠦᠯᠦᠨ᠂ ︿︿ᠬᠤᠲᠠ ᠬᠦᠳᠡᠭᠡ ᠶᠢ ᠨᠢᠭᠡ ᠴᠣᠭᠴᠠᠵᠢᠭᠤᠯᠬᠤ﹀﹀ ᠣᠷᠣᠨ ᠤ ᠳᠡᠰ ᠤᠨ ᠰᠢᠨ᠎ᠡ ᠮᠠᠯᠵᠢᠬᠤ ᠤᠷᠤᠨ ᠤ ᠪᠦᠳᠦᠭᠡᠨ ᠪᠠᠶᠢᠭᠤᠯᠤᠯᠳᠠ ᠶᠢᠨ ᠨᠡᠶᠢᠳᠡᠯᠢᠭ ᠵᠢᠱᠢᠶ᠎ᠡ ᠶᠢ ᠡᠭᠦᠳᠦᠨ ᠪᠠᠶᠢᠭᠤᠯᠤᠨ᠎ᠠ᠃ ᠠᠮᠤᠭᠤᠯᠠᠩ ᠪᠠᠯᠭᠠᠰᠤ᠂ ᠵᠢᠪᠬᠤᠯᠠᠩᠳᠦ ᠰᠤᠮᠤ ᠶᠢ ᠤᠷᠤᠨ ᠤ ᠳᠠᠰ ᠤᠨ ᠰᠢᠨ᠎ᠡ ᠮᠠᠯᠵᠢᠬᠤ ᠤᠷᠤᠨ ᠤ ᠪᠦᠬᠦ ᠰᠤᠮᠤ ᠪᠠᠷ ᠨᠢ ᠳᠦᠯᠬᠢᠨ ᠠᠬᠢᠭᠤᠯᠬᠤ ᠲᠤᠷᠰᠢᠯᠲᠠ ᠶᠢᠨ ᠴᠢᠭ᠋ ᠲᠤ ᠤᠷᠤᠭᠤᠯᠵᠤ ᠂ ᠠᠮᠢ ᠠᠬᠤᠢ ᠪᠠᠭᠤᠷᠠᠢ ᠤᠷᠤᠨ ᠤ ᠶᠠᠳᠠᠭᠤ ᠬᠦᠴᠢᠷᠳᠡᠯ ᠲᠠᠢ ᠭᠦᠮᠦᠨ ᠠᠮᠠ ᠶᠢ ᠬᠡᠰᠡᠭ ᠪᠦᠯᠦᠭ ᠢᠶᠠᠷ ᠰᠢᠯᠵᠢᠭᠦᠯᠦᠨ ᠳᠤᠬᠢᠷᠠᠭᠤᠯᠤᠨ᠎ᠠ᠃ ᠰᠤᠮᠤᠨ ᠤ ᠠᠵᠢᠯᠯᠠᠬᠤ ᠠᠰᠠᠷ ᠵᠢᠴᠢ ᠠᠮᠢᠳᠤᠷᠠᠯ ᠤᠨ ᠳᠤᠨᠤᠭ ᠲᠦᠭᠦᠭᠡᠷᠥᠮᠵᠢ ᠎ ᠶᠢᠨ ᠢᠨᠵᠧᠨᠧᠷᠢᠩ ᠢ ᠪᠡᠶᠡᠯᠡᠭᠦᠯᠵᠦ᠂ ᠤᠰᠤ ᠬᠠᠩᠭᠠᠬᠤ᠂ ᠤᠰᠤ ᠭᠠᠳᠠᠭᠰᠢᠯᠠᠭᠤᠯᠬᠤ᠂ ᠭᠤᠳᠤᠮᠵᠢ ᠶᠢᠨ ᠵᠠᠮ ᠤᠨ ᠪᠦᠳᠦᠭᠡᠨ ᠪᠠᠶᠢᠭᠤᠯᠤᠯᠳᠠ ᠶᠢ ᠠᠯᠬᠤᠮ ᠠᠯᠬᠤᠮ ᠢᠶᠠᠷ ᠡᠬᠢᠯᠡᠭᠦᠯᠦᠨ᠎ᠡ᠂ ᠰᠤᠮᠥ ᠪᠠᠯᠭᠠᠰᠤᠨ ᠤ ᠲᠦᠪ ᠲᠤ ᠨᠡᠪᠲᠡᠷᠡᠭᠦᠯᠬᠦ ᠵᠠᠰᠠᠮᠠᠯ ᠵᠠᠮ ᠤᠨ ᠪᠠᠶᠢᠭᠤᠯᠥᠯᠲᠠ ᠶᠢ ᠴᠢᠩᠭᠠᠳᠬᠠᠨ᠎ᠠ᠂ ᠰᠠᠭᠤᠭᠠᠯᠢ ᠭᠠᠴᠠᠭ᠎ᠠ ᠳᠤ ᠪᠦᠬᠦ ᠭᠠᠴᠠᠭ᠎ᠠ ᠎ ᠪᠠᠷ ᠨᠢ ᠳᠦᠯᠬᠢᠨ ᠠᠬᠢᠭᠤᠯᠬᠤ ᠳᠤᠷᠰᠢᠯᠳᠠ ᠶᠢᠨ ᠴᠢᠭ᠋ ᠤᠨ ᠳᠦᠯᠦᠪᠵᠢᠭᠦᠯᠭᠡ ᠶᠢ ᠲᠠᠷᠤᠢ ᠳᠦᠷᠭᠡᠨ ᠳᠤᠭᠤᠷᠪᠢᠵᠦ᠂ ᠭᠠᠵᠠᠷ ᠤᠷᠤᠨ ᠤ ᠪᠤᠳᠠᠳᠠᠢ ᠪᠠᠶᠢᠳᠠᠯ ᠳᠤ ᠳᠤᠬᠢᠷᠠᠭᠤᠯᠵᠦ᠂ ᠤᠨᠴᠠᠯᠢᠭᠳᠦ ᠠᠵᠦ ᠦᠢᠯᠠᠰ ᠢ ᠭᠤᠤᠯᠳᠠᠯᠭ᠎ᠠ ᠲᠠᠢ ᠬᠦᠭᠵᠢᠭᠦᠯᠦᠨ᠎ᠡ᠃ ᠭᠤᠷᠪᠠ ᠳᠤ  ᠰᠠᠭᠤᠷᠢ ᠳᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠎ᠠ᠃ ᠵᠠᠰᠠᠮᠠᠯ ᠵᠠᠮ ᠳᠤ 5 ᠳ᠋ᠦᠩᠰᠢᠭᠤᠷ ᠳᠦᠬᠦᠷᠢᠭ ᠤᠨ ᠪᠠᠯᠡ ᠤᠷᠤᠭᠤᠯᠵᠦ᠂ ᠠᠮᠤᠭᠤᠯᠠᠩ — ᠡᠪᠦᠳᠤᠭ᠌ ᠪᠤᠭᠤᠮᠳᠠ ᠭᠦᠷᠬᠦ᠂ ᠠᠮᠤᠭᠤᠯᠠᠩ — ᠰᠢᠯᠢᠨᠪᠤᠶᠢᠷ ᠬᠦᠷᠬᠦ᠂ ᠨᠤᠭᠤᠭᠠᠨᠨᠠᠭᠤᠷ — ᠦᠪᠦᠷᠪᠤᠯᠠᠭ ᠰᠤᠮᠤ — ᠠᠯᠳᠡᠷᠲᠦ ᠭᠦᠷᠭᠦ᠂ ᠪᠦᠯᠬᠦᠮᠳᠠᠯ — ᠰᠦᠮ᠎ᠡ ᠶᠢᠨ ᠨᠠᠭᠤᠷ᠂ ᠴᠠᠭᠠᠨ ᠬᠦᠷᠬᠦ ᠵᠡᠷᠭᠡ ᠵᠠᠰᠠᠮᠠᠯ ᠵᠠᠮ ᠤᠨ ᠲᠥᠷᠥᠯ ᠵᠥᠢᠯ ᠢ ᠡᠬᠢᠯᠡᠭᠦᠯᠵᠦ᠂ ᠮᠤᠳᠤᠬᠠᠮᠵᠢ — ᠪᠥᠯᠬᠦᠮᠳᠡᠯ ᠬᠦᠷᠬᠦ ᠵᠠᠰᠠᠮᠡᠯ ᠵᠠᠮ ᠢ ᠦᠷᠭᠦᠯᠵᠢᠯᠡᠨ ᠪᠠᠶᠢᠭᠤᠯᠬᠤ ᠲᠦᠷᠦᠯ ᠵᠦᠢᠯ ᠢ ᠪᠡᠶᠡᠯᠡᠭᠦᠯᠵᠦ᠂ ᠨᠡᠶᠢᠳᠡ 264 ᠺᠢᠯᠤᠮᠧᠲᠷ ᠵᠠᠰᠠᠮᠠᠯ ᠵᠠᠮ ᠢ ᠪᠦᠳᠦᠭᠡᠨ ᠪᠠᠶᠢᠭᠤᠯᠤᠨ᠎ᠠ᠃ ᠠᠮᠤᠭᠤᠯᠠᠩ ᠪᠠᠯᠭᠠᠰᠤᠨ ᠤ ᠬᠤᠶᠠᠳᠤᠭᠠᠷ ᠳᠠᠰ ᠤᠨ ᠠᠶᠠᠨᠴᠢᠳ ᠤᠨ ᠦᠷᠳᠡᠭᠡ ᠶᠢ ᠠᠰᠢᠭᠯᠠᠯᠲᠠ ᠳᠤ ᠤᠷᠤᠭᠤᠯᠵᠥ᠂ ᠥᠪᠥᠷᠪᠤᠯᠠᠭ ᠰᠤᠮᠥ ᠪᠤᠯᠥᠨ ᠭᠠᠨᠵᠥᠥᠷ ᠰᠤᠮᠤ ᠳᠤ ᠠᠶᠠᠨᠴᠢᠳ ᠤᠨ ᠦᠷᠲᠡᠭᠡ ᠪᠠᠶᠢᠭᠤᠯᠤᠨ᠎ᠠ᠃ ᠢᠮᠢᠨ ᠠᠴᠠ ᠢᠷᠪᠢᠰ ᠬᠥᠷᠬᠦ ᠲᠡᠮᠦᠷ ᠵᠠᠮ᠂ ᠮᠠᠨᠵᠥᠤᠷ ᠎ ᠠᠴᠠ ᠢᠷᠪᠢᠰ ᠬᠥᠷᠭᠦ ᠲᠡᠮᠤᠷ ᠵᠠᠮ ᠪᠤᠯᠤᠨ ᠠᠮᠤᠭᠤᠯᠠᠩ ᠠᠴᠠ ᠠᠯᠳᠠᠨᠮᠡᠭᠡᠯ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠤᠨ ᠲᠦᠷᠥᠯ ᠵᠥᠢᠯ ᠤᠨ ᠡᠮᠥᠨᠡᠬᠢ ᠬᠤᠭᠤᠴᠠᠭᠠᠨ ᠤ ᠤᠶᠢᠯᠡᠴᠢᠯᠡᠭᠡᠨ ᠤ ᠠᠵᠢᠯ ᠢ ᠰᠠᠶᠢᠲᠥᠷ ᠬᠢᠵᠥ᠂ ᠠᠮᠥᠭᠤᠯᠠᠩ ᠪᠠᠯᠭᠠᠰᠥᠨ ᠤ ᠭᠠᠳᠠᠷ ᠲᠤᠭᠤᠷᠢᠭ ᠤᠨ ᠵᠠᠮ  ᠢ ᠲᠦᠯᠥᠪᠵᠢᠭᠦᠯᠵᠥ ᠪᠠᠶᠢᠭᠤᠯᠦᠨ᠂ ᠲᠠᠮᠴᠤᠭ ᠤᠨ ᠴᠢᠯᠠᠭᠤᠨ ᠲᠤᠰᠤᠨ ᠤ ᠠᠭᠤᠷᠠᠬᠠᠢ ᠠᠴᠠ ᠪᠤᠭᠤᠮᠲᠠ ᠬᠦᠷᠬᠦ ᠵᠠᠰᠠᠮᠠᠯ ᠵᠠᠮ ᠤᠨ ᠪᠠᠶᠢᠭᠤᠯᠥᠯᠲᠠ ᠶᠢᠨ ᠢᠨᠵᠧᠨᠧᠷᠢᠩ ᠢ ᠳᠡᠮᠵᠢᠨ᠎ᠡ᠃ ᠤᠰᠤᠨ ᠠᠰᠢᠭᠯᠠᠯᠳᠠ ᠳᠤ 5500 ᠳᠦᠮᠡᠨ ᠳᠦᠭᠦᠷᠢᠭ ᠤᠨ ᠪᠠᠯᠡ ᠤᠷᠤᠭᠤᠯᠵᠦ᠂ ᠠᠯᠳᠠᠨ ᠤᠰᠤᠨ ᠴᠦᠬᠦᠷᠦᠮ ᠢ ᠪᠠᠬᠢᠵᠢᠭᠦᠯᠭᠦ ᠢᠨᠵᠧᠨᠧᠷᠢᠩ ᠢ ᠪᠦᠳᠦᠭᠡᠨ ᠪᠠᠶᠢᠭᠤᠯᠵᠦ᠂ ᠴᠦᠬᠦᠷᠦᠮ ᠤᠨ ᠤᠰᠤᠨ ᠤ ᠬᠠᠳᠠᠭᠠᠯᠠᠭᠳᠠᠴᠠ ᠶᠢᠨ ᠴᠢᠳᠠᠪᠤᠷᠢ ᠶᠢ 7500 ᠳᠦᠮᠡᠨ ᠳᠡᠭᠰᠢ ᠳᠦᠷᠪᠡᠯᠵᠢᠨ ᠮᠧᠲᠷ ᠲᠤ ᠭᠦᠷᠭᠡᠨ᠎ᠡ᠃ ᠴᠠᠭᠠᠨ ᠮᠠᠯᠵᠢᠯ ᠤᠨ ᠲᠠᠯᠠᠪᠠᠢ ᠶᠢᠨ ᠦᠶᠡᠷ ᠠᠴᠠ ᠰᠡᠷᠭᠡᠶᠢᠯᠡᠭᠦ ᠢᠨᠵᠧᠨᠧᠷᠢᠩ ᠢ ᠡᠬᠢᠯᠡᠭᠦᠯᠦᠨ᠎ᠡ᠃ ᠭᠠᠨᠵᠤᠤᠷ ᠰᠤᠮᠤ ᠶᠢᠨ ᠰᠢᠨ᠎ᠡ ᠳᠤᠰᠬᠤᠨ ᠳᠤ ᠲᠦᠪᠯᠡᠷᠡᠭᠦᠯᠦᠨ ᠤᠰᠤ ᠬᠠᠨᠭ᠍ᠭᠠᠬᠤ ᠵᠢᠴᠢ ᠭᠠᠨᠵᠤᠤᠷᠬᠤᠸ᠋ᠨ᠂ ᠱᠠᠩᠳᠦ ᠭᠠᠴᠠᠭ᠎ᠠ ᠳᠤ ᠳᠦᠭᠡᠭᠡᠯ ᠤᠰᠤ ᠬᠠᠨᠭ᠍ᠭᠠᠬᠤ ᠶᠢ ᠦᠷᠭᠡᠳᠬᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ ᠴᠠᠬᠢᠯᠭᠠᠨ ᠬᠦᠴᠦᠨ ᠤ ᠦᠢᠯᠡᠰ ᠲᠤ 1 ᠳ᠋ᠦᠩᠰᠢᠭᠤᠷ ᠳᠦᠭᠦᠷᠢᠭ ᠤᠨ ᠪᠠᠯᠡ ᠤᠷᠤᠭᠤᠯᠵᠤ᠂ ᠮᠤᠳᠤᠬᠠᠮᠵᠢ — ᠪᠠᠶᠠᠨᠴᠠᠭᠠᠨ ᠬᠦᠷᠬᠦ 110 ᠺᠢᠯᠤᠸᠤᠯᠲ ᠤᠨ ᠴᠠᠬᠢᠯᠭᠠᠨ ᠬᠦᠴᠥᠳᠡᠯ ᠢ ᠬᠤᠪᠢᠷᠠᠭᠤᠯᠵᠦ ᠳᠠᠮᠵᠢᠭᠤᠯᠬᠤ ᠢᠨᠵᠧᠨᠧᠷᠢᠩ ᠢ ᠰᠢᠨ᠎ᠡ ᠎ ᠪᠠᠷ ᠪᠠᠶᠢᠭᠤᠯᠵᠦ᠂ ᠢᠮᠢᠨ — ᠨᠤᠮᠥᠨ ᠬᠠᠨ— ᠠᠮᠤᠭᠤᠯᠠᠩ ᠬᠦᠷᠬᠦ 220 ᠺᠢᠯᠤᠸᠤᠯᠲ ᠤᠨ ᠴᠠᠬᠢᠯᠭᠠᠨ ᠬᠥᠴᠥᠳᠡᠯ ᠢ ᠬᠤᠪᠢᠷᠠᠭᠤᠯᠵᠦ ᠳᠠᠮᠵᠢᠭᠤᠯᠬᠤ ᠢᠨᠵᠧᠨᠧᠷᠢᠩ᠂ ᠲᠠᠷᠢᠶᠠᠯᠠᠩ ᠤᠨ ᠴᠠᠬᠢᠯᠭᠠᠨ ᠲᠤᠤᠷᠵᠢᠯᠲᠠ ᠶᠢ ᠳᠡᠰ ᠳᠡᠪᠰᠢᠭᠦᠯᠵᠤ ᠦᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ᠂ ᠴᠠᠬᠢᠯᠭᠠᠨ ᠦᠭᠡᠢ ᠭᠠᠵᠠᠷ ᠤᠷᠤᠨ ᠳᠤ ᠴᠠᠬᠢᠯᠭᠠᠨ ᠨᠡᠪᠳᠡᠷᠡᠬᠦᠯᠬᠦ ᠢᠨᠵᠧᠨᠧᠷᠢᠩ ᠢ ᠦᠷᠬᠦᠯᠵᠢᠯᠡᠨ ᠲᠦᠯᠬᠢᠨ ᠠᠬᠢᠭᠤᠯᠤᠨ᠎ᠠ᠃ ︵ᠳᠦᠷᠪᠠ︶ ᠠᠮᠢ ᠠᠬᠤᠢ ᠶᠢ ᠬᠠᠮᠠᠭᠠᠯᠠᠬᠤ ᠪᠠ ᠪᠦᠳᠦᠭᠡᠨ ᠪᠠᠶᠢᠭᠤᠯᠬᠤ ᠪᠠᠷ ᠭᠤᠤᠯᠳᠠᠯᠭ᠎ᠠ ᠪᠤᠯᠭᠠᠵᠦ᠂ ᠤᠷᠴᠢᠨ ᠳᠤᠭᠤᠷᠢᠨ ᠤ ᠳᠠᠭᠠᠭᠠᠴᠠ ᠶᠢᠨ ᠴᠢᠳᠠᠯ ᠢ ᠳᠡᠭᠡᠭᠰᠢᠯᠡᠭᠦᠯᠦᠨ᠎ᠡ᠃ ᠡᠬᠡ ᠪᠠᠶᠢᠭᠠᠯᠢ ᠪᠠᠨ ᠬᠠᠮᠠᠭᠠᠯᠠᠨ ᠬᠠᠶᠢᠷᠠᠯᠠᠵᠥ᠂ ᠥᠵᠡᠰᠭᠦᠯᠡᠩᠲᠦ ᠰᠠᠶᠢᠬᠠᠨ ᠨᠤᠲᠤᠭ ᠤᠷᠤᠨ ᠢ ᠴᠤᠭᠴᠠᠯᠠᠨ ᠪᠠᠶᠢᠭᠤᠯᠤᠨ᠎ᠠ᠃ ᠡᠯᠡᠰᠦᠷᠭᠡᠭ ᠤᠷᠤᠨ ᠢ ᠶᠠᠷᠤᠩᠬᠡᠶᠢᠯᠡᠨ ᠵᠠᠰᠠᠬᠤ ᠪᠡᠯᠡ ᠤᠷᠤᠭᠤᠯᠤᠯᠲᠠ ᠶᠢᠨ ᠬᠦᠴᠦᠯᠡᠴᠡ ᠶᠢ ᠨᠡᠮᠡᠭᠳᠡᠭᠦᠯᠵᠦ᠂ ᠤᠯᠥᠰ ᠪᠠ ᠮᠤᠵᠢ ᠶᠢᠨ ᠳᠡᠰ ᠤᠨ ᠵᠠᠰᠠᠮᠠᠯ ᠵᠠᠮ ᠤᠨ ᠬᠠᠵᠠᠭᠤ ᠪᠤᠯᠤᠨ ᠪᠠᠯᠭᠠᠰᠥ ᠲᠤᠭᠤᠷᠢᠭ ᠤᠨ ᠤᠶᠢᠷ᠎ᠠ ᠬᠠᠪᠢ ᠎ ᠶᠢᠨ ᠡᠯᠡᠰᠥᠷᠬᠡᠭ ᠭᠠᠵᠠᠷ ᠢ ᠭᠤᠤᠯᠳᠠᠯᠭ᠎ᠠ ᠲᠠᠢ ᠵᠠᠰᠠᠬᠤ ᠶᠢ ᠴᠢᠩᠭᠠᠳᠬᠠᠵᠥ᠂ ᠥᠩᠭᠡᠷᠡᠭᠰᠡᠨ ᠵᠢᠯ ᠤᠳ ᠤᠨ ᠲᠥᠷᠥᠯ ᠵᠥᠢᠯ ᠤᠨ ᠤᠷᠤᠨ ᠳᠤ ᠡᠪᠡᠰᠥ ᠮᠤᠳᠥ ᠨᠦᠭᠦᠵᠥ ᠳᠠᠷᠢᠬᠤ ᠶᠢᠨ ᠬᠠᠮᠲᠦ 40 ᠲᠦᠮᠡᠨ ᠮᠤ᠋ ᠡᠯᠡᠰᠥᠷᠬᠡᠭ ᠭᠠᠵᠠᠷ ᠢ ᠵᠠᠰᠠᠨ ᠰᠠᠶᠢᠵᠢᠷᠠᠭᠤᠯᠤᠨ᠎ᠠ᠃ ᠠᠮᠢ ᠠᠬᠤᠢ ᠶᠢ ᠵᠠᠰᠠᠨ ᠰᠠᠶᠢᠵᠢᠷᠠᠭᠤᠯᠤᠭᠰᠠᠨ ᠤ ᠲᠠᠷᠠᠭᠠᠬᠢ ᠬᠠᠮᠢᠶᠠᠷᠤᠨ ᠬᠠᠮᠠᠭᠠᠯᠠᠬᠤ ᠶᠢ ᠴᠢᠩᠭᠠᠳᠬᠠᠨ᠂ ᠴᠠᠭᠠᠨ ᠪᠠᠯᠭᠠᠰᠤᠨ ᠤ ︽ᠠᠮᠢ ᠠᠬᠤᠢ ᠶᠢᠨ ᠪᠢᠳᠠᠭᠦᠮᠵᠢᠯᠡᠯ ᠤᠨ ᠤᠷᠤᠨ︾᠎ ᠤ ᠦᠷ᠎ᠡ ᠪᠦᠳᠦᠮᠵᠢ ᠶᠢ ᠪᠠᠬᠢᠵᠢᠭᠦᠯᠦᠨ᠎ᠡ᠃ ᠮᠠᠯ ᠪᠡᠯᠴᠢᠭᠡᠷ ᠤᠨ ᠲᠡᠩᠴᠡᠭᠦᠷᠢ ᠶᠢᠨ ᠳᠦᠷᠢᠮ ᠢ ᠴᠢᠩᠭ᠎ᠠ ᠬᠡᠷᠡᠭᠵᠢᠬᠦᠯᠵᠦ ᠂ ᠨᠤᠳᠤᠭ ᠪᠡᠯᠴᠢᠭᠡᠷ ᠢ ᠬᠠᠮᠠᠭᠠᠯᠠᠬᠤ ᠪᠠ ᠪᠦᠳᠦᠭᠡᠨ ᠪᠠᠶᠢᠭᠤᠯᠬᠤ ᠳᠦᠷᠦᠯ ᠵᠦᠢᠯ ᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠤᠨ᠎ᠡ᠃ ᠤᠢ ᠰᠢᠭᠤᠢ ᠲᠠᠯ᠎ᠠ ᠨᠤᠲᠤᠭ ᠢ ᠬᠠᠮᠠᠭᠠᠯᠠᠵᠤ ᠴᠠᠭᠳᠠᠨ ᠪᠠᠶᠢᠴᠠᠭᠠᠬᠤ ᠬᠥᠴᠦᠯᠡᠴᠡ ᠪᠠᠨ ᠴᠢᠩᠭᠠᠳᠬᠠᠵᠥ᠂ ᠡᠪᠡᠰᠦᠨ ᠡᠮ᠂ ᠤᠢ ᠮᠤᠳᠤ ᠪᠠ ᠡᠪᠡᠰᠦ ᠤᠷᠭᠤᠮᠠᠯ ᠢ ᠬᠤᠬᠢᠷᠠᠭᠤᠯᠵᠥ ᠡᠪᠳᠡᠬᠦ ᠵᠡᠷᠭᠡ ᠬᠠᠤᠯᠢ ᠶᠢ ᠵᠦᠷᠢᠴᠩᠰᠡᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠭᠦᠨ᠎ᠡ᠃ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠵᠢᠯ ᠢ ᠴᠢᠩᠭᠠᠳᠬᠠᠵᠥ᠂ ᠭᠠᠯ ᠢ ᠰᠡᠷᠬᠡᠶᠢᠯᠡᠨ ᠤᠨᠳᠠᠷᠠᠭᠠᠬᠤ ᠬᠤᠶᠠᠷ ᠦᠷᠳᠡᠭᠡ ᠪᠠᠶᠢᠭᠤᠯᠵᠤ᠂ ᠭᠠᠯ ᠢ ᠰᠡᠷᠭᠡᠶᠢᠯᠡᠬᠦ ᠴᠠᠷᠠᠭ᠎ᠠ ᠭᠠᠷᠭᠠᠬᠤ ᠠᠵᠢᠯ ᠢ ᠰᠠᠶᠢᠳᠦᠷ ᠬᠢᠨ᠎ᠡ᠂ 301 ᠤᠯᠤᠰ ᠤᠨ ᠵᠠᠮ ᠪᠤᠯᠤᠨ 201 ᠮᠤᠵᠢ ᠶᠢᠨ ᠵᠠᠮ ᠤᠨ ᠬᠤᠶᠠᠷ ᠬᠠᠵᠠᠭᠤᠳᠠᠬᠢ ᠠᠭᠤᠷᠬᠠᠢ ᠶᠢᠨ ᠤᠷᠤᠨ ᠤ ᠤᠷᠴᠢᠨ ᠳᠤᠭᠤᠷᠢᠨ ᠢ ᠵᠠᠰᠠᠨ ᠰᠠᠶᠢᠵᠢᠷᠠᠭᠤᠯᠬᠤ ᠲᠥᠷᠥᠯ ᠵᠥᠢᠯ ᠢ ᠭᠡᠷᠡᠭᠵᠢᠭᠦᠯᠵᠥ᠂ ᠰᠤᠮᠤ ᠪᠠᠯᠭᠠᠰᠤᠨ ᠤ ᠤᠰᠤᠨ ᠰᠤᠷᠪᠤᠯᠵᠢ ᠶᠢᠨ ᠤᠷᠤᠨ ᠢ ᠬᠠᠮᠠᠭᠠᠯᠠᠬᠤ ᠠᠵᠢᠯ ᠎ ᠢ ᠨᠠᠶᠢᠳᠠᠪᠤᠷᠢᠭᠤᠯᠵᠦ᠂ ᠨᠢᠭᠡ᠂ ᠬᠤᠶᠠᠳᠤᠭᠠᠷ ᠳᠡᠰ ᠤᠨ ᠬᠠᠮᠠᠭᠠᠯᠠᠯᠳᠠ ᠶᠢᠨ ᠤᠷᠤᠨ ᠢ ᠲᠤᠰᠠᠭᠠᠷᠯᠠᠨ ᠰᠡᠷᠭᠡᠶᠢᠯᠡᠬᠦ ᠬᠠᠮᠠᠭᠠᠯᠠᠯᠲᠠ ᠶᠢᠨ ᠠᠵᠢᠯ ᠢ ᠰᠠᠶᠢᠳᠦᠷ ᠬᠢᠨ᠎ᠡ᠃ ᠠᠵᠦ ᠦᠢᠯᠡᠳᠪᠦᠷᠢ ᠶᠢᠨ ᠳᠦᠷᠦᠯ ᠵᠦᠢᠯ ᠤᠨ ︽ᠭᠤᠷᠪᠠ ᠶᠢ ᠵᠡᠷᠭᠡᠪᠡᠷ ᠶᠠᠪᠤᠭᠳᠠᠭᠤᠯᠬᠤ︾ ᠳᠦᠷᠢᠮ ᠢ ᠴᠢᠩᠭ᠎ᠠ ᠬᠡᠷᠡᠭᠵᠢᠭᠦᠯᠵᠦ᠂ ᠭᠤᠤᠯ ᠪᠤᠯᠬᠤ ᠪᠤᠬᠢᠷᠳᠤᠯ ᠪᠤᠳᠠᠰ ᠤᠨ ᠭᠠᠳᠠᠭᠰᠢᠯᠠᠭᠤᠯᠬᠤ ᠬᠡᠮᠵᠢᠶ᠎ᠡ ᠶᠢ ᠵᠢᠭᠠᠯᠳᠠ ᠳᠤᠭᠠᠨ ᠤ ᠳᠤᠳᠤᠷ᠎ᠠ ᠬᠢᠵᠠᠭᠠᠷᠯᠠᠨ᠎ᠡ᠃ ᠤᠯᠤᠰ ᠤᠨ ᠳᠡᠰ ᠤᠨ ᠠᠮᠢ ᠠᠬᠤᠢ ᠶᠢᠨ ᠰᠤᠮᠤ ᠪᠠᠯᠭᠠᠰᠦ᠂ ᠤᠷᠤᠨ ᠤ ᠳᠡᠰ ᠤᠨ ᠠᠮᠢ ᠠᠬᠤᠢ ᠶᠢᠨ ᠭᠠᠴᠠᠭ᠎ᠠ ᠶᠢ ᠢᠳᠠᠪᠬᠢᠲᠠᠢ ᠡᠭᠦᠳᠦᠨ ᠪᠠᠶᠢᠭᠤᠯᠤᠨ᠎ᠠ᠃ ︵ᠲᠠᠪᠤ︶ ᠵᠢᠭᠤᠯᠴᠢᠯᠠᠯ ᠤᠨ ᠰᠤᠶᠤᠯ ᠬᠢᠭᠡᠳ ᠭᠠᠳᠠᠭᠠᠳᠦ ᠨᠡᠭᠡᠭᠡᠯᠳᠡ ᠪᠠᠷ ᠭᠤᠤᠯᠳᠠᠯᠭ᠎ᠠ ᠪᠤᠯᠭᠠᠵᠦ ᠠᠵᠦ ᠠᠬᠤᠢ ᠎ ᠶᠢᠨ ᠰᠢᠨ᠎ᠡ ᠨᠡᠮᠡᠭᠳᠡᠯ ᠤᠨ ᠴᠢᠭ᠋ ᠢ ᠪᠤᠢ ᠪᠤᠯᠭᠠᠨ᠎ᠠ᠃ ᠠᠷᠠᠳ ᠤᠯᠠᠨ ᠢ ᠵᠢᠭᠤᠯᠴᠢᠯᠠᠯ᠂ ᠰᠤᠶᠤᠯ᠂ ᠠᠷᠠᠯᠵᠢᠶ᠎ᠠ ᠬᠤᠳᠠᠯᠳᠤᠭ᠎ᠠ᠂ ᠪᠤᠳ᠋ᠨᠰ ᠤᠨ ᠬᠦᠢᠯᠭᠡᠭᠡ ᠵᠡᠷᠭᠡ ᠠᠵᠦ ᠦᠢᠯᠡᠰ ᠤᠨ ᠲᠤᠭᠤᠷᠢᠨ ᠳᠤ ᠠᠵᠦ ᠠᠬᠤᠶᠢᠯᠠᠯ ᠡᠷᠬᠢᠯᠡᠬᠦ ᠶᠢ ᠲᠡᠮᠵᠢᠵᠦ᠂ ᠨᠦᠬᠦᠴᠡᠯ ᠪᠦᠷᠢᠯᠳᠤᠭᠦᠯᠤᠨ ᠦᠭᠴᠦ᠂ ᠠᠷᠠᠳ ᠤᠯᠠᠨ ᠤ ᠤᠷᠤᠯᠭ᠎ᠠ ᠤᠯᠬᠤ ᠠᠷᠭ᠎ᠠ ᠵᠠᠮ ᠪᠤᠯᠤᠨ ᠤᠷᠤᠯᠭ᠎ᠠ ᠪᠠᠨ ᠨᠡᠮᠡᠭᠳᠡᠬᠦᠯᠬᠦ ᠴᠢᠳᠠᠪᠤᠷᠢ ᠶᠢ ᠲᠡᠭᠡᠭᠰᠢᠯᠡᠬᠦᠯᠬᠦ ᠪᠠᠷ ᠴᠢᠷᠮᠠᠶᠢᠨ᠎ᠠ᠃ ᠨᠢᠭᠡ ᠳᠤ  ᠰᠤᠶᠤᠯ ᠤᠨ ᠵᠢᠭᠤᠯᠴᠢᠯᠠᠯ ᠤᠨ ᠠᠵᠤ ᠦᠢᠯᠡᠰ ᠢ ᠶᠡᠬᠡᠪᠡᠷ ᠬᠦᠴᠦᠷᠭᠡᠭᠵᠢᠬᠦᠯᠦᠨ᠎ᠡ᠃ ᠪᠠᠷᠭᠤ ᠵᠠᠩ ᠵᠠᠩᠰᠢᠯ ᠤᠨ ᠰᠤᠶᠤᠯ ᠢ ᠠᠵᠤ ᠦᠢᠯᠡᠰᠵᠢᠬᠦᠯᠦᠨ᠂ ᠵᠢᠭᠤᠯᠴᠢᠯᠠᠯ ᠬᠢᠭᠡᠳ ᠰᠤᠶᠤᠯ ᠤᠨ ᠠᠵᠤ ᠦᠢᠯᠡᠰ ᠢ ᠨᠢᠭᠡᠳᠤᠭᠦᠯᠦᠨ ᠬᠦᠭᠵᠢᠭᠦᠯᠵᠦ᠂ ︽ᠨᠠᠷᠠᠨ ᠢᠪᠡᠭᠡᠯᠳᠦ ᠲᠠᠯ᠎ᠠ ᠨᠤᠲᠤᠭ᠂ ᠤᠷᠳᠦ ᠶᠢᠨ ᠳᠠᠭᠤᠤ ᠶᠢᠨ ᠦᠯᠦᠭᠡᠢ᠂ ᠱᠠᠰᠢᠨ ᠰᠤᠷᠲᠠᠬᠤᠨ ᠤ ᠲᠠᠷᠬᠠᠨ ᠤᠷᠤᠨ᠂ ᠲᠠᠶᠢᠨ ᠤ ᠪᠠᠭᠤᠷᠢ︾ ᠵᠡᠷᠭᠡ ᠦᠨᠳᠤᠰᠤᠳᠡᠨ ᠤ ᠰᠤᠶᠤᠯ ᠤᠨ ᠵᠢᠭᠤᠯᠴᠢᠯᠠᠯ ᠤᠨ ᠨᠡᠷᠡᠳᠦ ᠲᠡᠮᠳᠡᠭ ᠤᠨ ᠨᠦᠯᠦᠭᠡ ᠳᠤᠰᠬᠠᠯ ᠶᠢ ᠲᠡᠭᠡᠭᠰᠢᠯᠡᠬᠦᠯᠵᠦ᠂ ᠮᠠᠯᠴᠢᠨ ᠡᠷᠦᠬᠡ ᠶᠢᠨ ᠵᠢᠭᠤᠯᠴᠢᠯᠠᠯ᠂ ᠬᠢᠯᠢ ᠠᠯᠤᠰᠯᠠᠭᠰᠠᠨ ᠵᠢᠭᠤᠯᠴᠢᠯᠠᠯ ᠢ ᠬᠦᠭᠵᠢᠬᠦᠯᠬᠦ ᠶᠢ ᠭᠤᠤᠯᠳᠠᠯᠭ᠎ᠠ ᠲᠠᠢ ᠲᠡᠮᠵᠢᠨ᠎ᠡ᠃ ᠷᠠᠰᠢᠶᠠᠨ ᠰᠦᠮ᠎ᠡ ᠶᠢ ᠵᠠᠰᠠᠨ ᠰᠢᠨᠡᠳᠬᠡᠬᠦ ᠢᠨᠵᠧᠨᠧᠷᠢᠩ ᠢ ᠲᠠᠭᠤᠰᠬᠠᠵᠦ᠂ ᠭᠠᠨᠵᠤᠤᠷ ᠰᠦᠮ᠎ᠡ ᠶᠢᠨ ᠦᠵᠡᠮᠵᠢᠲᠦ ᠤᠷᠤᠨ ᠤ ᠵᠢᠭᠤᠯᠴᠢᠯᠠᠭᠰᠠᠳ ᠤᠨ ᠦᠢᠯᠡᠴᠢᠯᠡᠭᠡᠨ ᠤ ᠲᠦᠪ ᠪᠤᠯᠤᠨ ᠤᠶᠢᠷ᠎ᠠ ᠬᠠᠪᠢ ᠶᠢᠨ ᠵᠠᠮ ᠱᠤᠭᠤᠮ ᠵᠢᠴᠢ ᠠᠷᠠᠳ ᠤᠨ ᠤᠷᠤᠨ ᠰᠠᠭᠤᠴᠠ ᠶᠢᠨ ᠬᠦᠷᠢᠶ᠎ᠡ ᠬᠠᠰᠢᠶ᠎ᠠ ᠶᠢ ᠵᠠᠰᠠᠨ ᠰᠠᠶᠢᠵᠢᠷᠠᠭᠤᠯᠵᠤ᠂ ᠨᠤᠮᠤᠨ ᠬᠠᠨ ᠤ ᠳᠠᠶᠢᠨ ᠤ ᠪᠠᠭᠤᠷᠢ ᠶᠢᠨ ᠦᠵᠡᠮᠵᠢᠲᠦ ᠤᠷᠤᠨ ᠤ ᠵᠢᠭᠤᠯᠴᠢᠯᠠᠭᠰᠠᠳ ᠤᠨ ᠦᠢᠯᠡᠴᠢᠯᠡᠭᠡᠨ ᠤ ᠲᠦᠪ ᠢ ᠰᠢᠨ᠎ᠡ ᠪᠠᠷ ᠪᠠᠶᠢᠭᠤᠯᠵᠤ᠂ ᠪᠠᠷᠭᠤ ᠠᠶᠢᠮᠠᠭ ᠵᠤᠭᠠᠴᠠᠯ ᠤᠨ ᠭᠠᠵᠠᠷ ᠢ ᠤᠯᠤᠰ ᠤᠨ 4A ᠲᠡᠰ ᠲᠤ ᠳᠡᠪᠰᠢᠬᠦ ᠶᠢ ᠳᠡᠮᠵᠢᠨ᠎ᠡ᠃ ᠴᠤᠶᠢᠵᠢᠨ ᠴᠠᠭᠠᠨ ᠨᠠᠭᠤᠷ᠂ ᠶᠡᠬᠡᠨᠭᠤᠯᠠ ᠶᠢ ᠲᠡᠭᠡᠲᠦ ᠳᠡᠰ ᠤᠨ ᠰᠡᠯᠡᠭᠦᠴᠡᠯ ᠵᠢᠭᠤᠯᠴᠢᠯᠠᠯ ᠤᠨ ᠦᠵᠡᠮᠵᠢᠲᠦ ᠤᠷᠤᠨ ᠪᠤᠯᠭᠠᠬᠤ ᠪᠠᠷ ᠴᠢᠷᠮᠠᠶᠢᠨ᠎ᠠ᠃ ᠬᠠᠶᠢᠯᠠᠷ — ᠮᠠᠨᠵᠤᠤᠷ — ᠷᠠᠰᠢᠶᠠᠨ ᠬᠦᠷᠬᠦ ᠵᠢᠭᠤᠯᠴᠢᠯᠠᠯ ᠤᠨ ᠵᠠᠮ ᠱᠤᠭᠤᠮ ᠳᠠᠭᠠᠤ 10 ᠮᠠᠯᠴᠢᠨ ᠡᠷᠦᠬᠡ ᠶᠢᠨ ᠭᠡᠷ ᠪᠦᠯᠢ ᠶᠢᠨ ᠵᠢᠭᠤᠯᠴᠢᠯᠠᠯ ᠤᠨ ᠲᠦᠷᠦᠯ ᠵᠦᠢᠯ ᠢ ᠳᠡᠮᠵᠢᠨ ᠬᠦᠭᠵᠢᠭᠦᠯᠦᠨ᠎ᠡ᠃ ᠶᠡᠬᠡᠨᠭᠤᠯᠠ ᠭᠠᠴᠠᠭᠠᠨ ᠳᠤ ᠮᠠᠯᠴᠢᠨ ᠡᠷᠦᠬᠡ ᠶᠢᠨ ᠵᠢᠭᠤᠯᠴᠢᠯᠠᠯ ᠤᠨ ᠲᠤᠷᠰᠢᠯᠳᠠ ᠶᠢᠨ ᠴᠢᠭ᠋ ᠢ ᠪᠠᠶᠢᠭᠤᠯᠤᠨ᠎ᠠ᠃ ︽ᠪᠠᠷᠭᠤ ᠰᠤᠶᠤᠯ ᠤᠷᠠᠯᠢᠭ ᠤᠨ ᠨᠠᠶᠢᠷ︾ ᠵᠡᠷᠭᠡ ᠰᠤᠶᠤᠯ ᠲᠠᠮᠢᠷ ᠤᠨ ᠠᠵᠢᠯᠯᠠᠭ᠎ᠠ ᠡᠷᠬᠢᠯᠡᠬᠦ ᠶᠢ ᠨᠢᠭᠡᠳᠦᠯᠲᠠᠢ ᠲᠦᠯᠦᠪᠯᠡᠵᠤ᠂ ᠲᠠᠮᠢᠷ ᠤᠨ ᠶᠡᠷᠤᠩᠬᠡᠶᠢᠯᠡᠭᠰᠡᠨ ᠬᠦᠳᠡᠯᠭᠡᠭᠡᠨ ᠤ ᠲᠦᠪ ᠪᠠᠶᠢᠭᠤᠯᠬᠤ ᠶᠢ ᠲᠦᠯᠬᠢᠨ ᠠᠬᠢᠭᠤᠯᠵᠦ᠂ ᠮᠤᠩᠭᠤᠯ ᠤᠷᠲᠤ ᠎ ᠶᠢᠨ ᠳᠠᠭᠤᠤ ᠶᠢᠨ ᠰᠤᠶᠤᠯ ᠤᠨ ᠮᠦᠽᠸᠢ ᠪᠤᠯᠤᠨ ᠰᠤᠨᠢᠨ ᠮᠡᠳᠡᠭᠡᠨ ᠤ ᠤᠬᠠᠭᠤᠯᠭ᠎ᠠ ᠶᠢᠨ ᠲᠦᠪ ᠤᠨ ᠡᠮᠦᠨᠡᠬᠢ ᠬᠤᠭᠤᠴᠠᠭᠠᠨ ᠤ ᠠᠵᠢᠯ ᠢ ᠡᠬᠢᠯᠡᠭᠦᠯᠦᠨ᠎ᠡ᠃ ᠬᠤᠶᠠᠷ ᠲᠤ  ᠪᠤᠭᠤᠮᠲᠠ ᠶᠢᠨ ᠠᠵᠤ ᠠᠬᠤᠢ ᠶᠢ ᠬᠦᠴᠦᠷᠭᠡᠭᠵᠢᠭᠦᠯᠦᠨ᠎ᠡ᠃ ᠡᠪᠦᠳᠦᠭ ᠪᠤᠭᠤᠮᠳᠠ ᠶᠢ ᠬᠦᠯᠦᠨ ᠪᠤᠶᠢᠷ ᠤᠨ ᠮᠤᠩᠭᠤᠯ ᠤᠯᠤᠰ ᠲᠠᠢ ᠨᠡᠭᠡᠭᠡᠯᠲᠡ ᠬᠢᠬᠦ ᠠᠵᠤ ᠠᠬᠤᠢ ᠶᠢᠨ ᠬᠠᠮᠲᠤᠷᠠᠯᠴᠠᠭᠠᠨ ᠤ ᠭᠤᠤᠯ ᠤᠷᠤᠨ ᠪᠤᠯᠭᠠᠬᠤ ᠪᠠᠷ ᠢᠳᠡᠪᠬᠢᠲᠠᠢ ᠪᠦᠳᠦᠭᠡᠨ ᠪᠠᠶᠢᠭᠤᠯᠵᠤ᠂ ᠪᠤᠭᠤᠮᠲᠠ ᠶᠢᠨ ᠵᠢᠯ ᠲᠤᠷᠰᠢᠲᠠ ᠨᠡᠭᠡᠭᠡᠬᠦ ᠶᠢ ᠲᠦᠯᠬᠢᠨ ᠠᠬᠢᠭᠤᠯᠵᠤ᠂ ᠲᠠᠮᠴᠤᠭ ᠤᠨ ᠴᠢᠯᠠᠭᠤᠨ ᠲᠤᠰᠤᠨ ᠤ ᠠᠭᠤᠷᠬᠠᠢ ᠶᠢᠨ ᠲᠦᠬᠦᠭᠡᠢ ᠲᠤᠰᠤᠨ ᠤ ᠭᠠᠷᠤᠯᠳᠠ ᠨᠡᠮᠡᠭᠳᠡᠵᠦ ᠪᠠᠶᠢᠭ᠎ᠠ ᠠᠵᠠ ᠲᠤᠬᠢᠶᠠᠯ ᠢ ᠠᠳᠬᠤᠵᠦ᠂ ᠪᠤᠭᠤᠮᠲᠠ ᠪᠠᠷ ᠨᠡᠪᠲᠡᠷᠡᠭᠦᠯᠬᠦ ᠨᠤᠷᠮ᠎ᠠ ᠶᠢ ᠳᠡᠭᠡᠭᠰᠢᠯᠡᠭᠦᠯᠦᠨ᠂ ᠲᠦᠬᠦᠬᠡᠢ ᠲᠤᠰᠤ ᠶᠢ 10 ᠲᠦᠮᠡᠨ ᠲᠤᠨ ᠠᠴᠠ ᠳᠡᠭᠡᠭᠰᠢ ᠤᠷᠤᠭᠤᠯᠬᠤ ᠪᠠᠷ ᠴᠢᠷᠮᠠᠶᠢᠨ᠎ᠠ᠃ ᠳᠤᠮᠳᠠᠲᠤ ᠮᠤᠩᠭᠤᠯ ᠤᠨ ᠬᠢᠯᠢ ᠠᠯᠤᠰᠯᠠᠭᠰᠠᠨ ᠠᠵᠤ ᠠᠬᠤᠢ ᠶᠢᠨ ᠬᠠᠮᠲᠤᠷᠠᠯᠴᠠᠭᠠᠨ ᠤ ᠤᠷᠤᠨ ᠤ ᠶᠡᠷᠦᠩᠬᠡᠢ ᠲᠦᠯᠦᠪᠵᠢᠭᠦᠯᠭᠡ ᠶᠢ ᠰᠠᠶᠢᠲᠤᠷ ᠬᠢᠵᠦ ᠂ ᠬᠤᠶᠠᠷ ᠲᠠᠯ᠎ᠠ ᠪᠠᠷ ᠢᠶᠠᠨ ᠮᠡᠳᠡᠭᠦᠯᠤᠨ ᠵᠦᠪᠰᠢᠶᠡᠷᠡᠭᠦᠯᠬᠦ ᠠᠯᠬᠤᠮ ᠲᠠᠷᠠᠭ᠎ᠠ ᠶᠢ ᠲᠦᠷᠭᠡᠳᠭᠡᠵᠦ᠂ ᠡᠮᠦᠨᠡᠬᠢ ᠬᠤᠭᠤᠴᠠᠭᠠᠨ ᠤ ᠲᠦᠷᠤᠯ ᠵᠦᠢᠯ ᠢ ᠢᠳᠡᠪᠬᠢᠲᠠᠢ ᠲᠦᠯᠤᠪᠯᠡᠨ᠂ ᠤᠯᠤᠰ ᠤᠨ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠤᠯᠬᠤ ᠪᠠᠷ ᠴᠢᠷᠮᠠᠶᠢᠨ᠎ᠡ᠂ ᠮᠤᠩᠭᠤᠯ ᠤᠯᠤᠰ ᠲᠤ ᠰᠠᠭᠤᠭ᠎ᠠ ᠬᠤᠳᠠᠯᠳᠤᠭᠠᠨ ᠤ ᠶᠠᠪᠤᠳᠠᠯ ᠤᠨ ᠤᠷᠤᠯᠠᠨ ᠬᠠᠮᠢᠶᠠᠷᠠᠬᠤ ᠭᠠᠵᠠᠷ ᠤᠨ ᠦᠢᠯᠡᠴᠢᠯᠡᠭᠡᠨ ᠤ ᠴᠢᠳᠠᠪᠦᠷᠢ ᠎ ᠶᠢ ᠴᠢᠩᠭᠠᠳᠬᠠᠵᠤ᠂ ᠮᠤᠩᠭᠤᠯ ᠤᠯᠤᠰ ᠯᠤᠭ᠎ᠠ ᠤᠯᠤᠰ ᠲᠦᠷᠦ ᠂ ᠠᠵᠤ ᠠᠬᠤᠢ᠂ ᠰᠤᠶᠤᠯ ᠰᠤᠷᠭᠠᠨ ᠬᠦᠮᠦᠵᠢᠯ ᠵᠡᠷᠭᠡ ᠲᠠᠯ᠎ᠠ ᠪᠠᠷ ᠬᠢ ᠬᠠᠮᠵᠢᠯᠴᠠᠭ᠎ᠠ ᠶᠢ ᠭᠦᠨᠵᠡᠭᠡᠶᠢᠷᠡᠭᠦᠯᠦᠨ᠎ᠡ᠃ ᠭᠤᠷᠪᠠ ᠳᠤ  ᠨᠡᠶᠢᠳᠡ ᠶᠢᠨ ᠦᠮᠴᠢᠯᠡᠯᠳᠦ ᠪᠤᠰᠦ ᠠᠵᠦ ᠠᠬᠤᠢ ᠶᠢ ᠶᠡᠬᠡᠪᠡᠷ ᠬᠦᠭᠵᠢᠭᠦᠯᠤᠨ᠎ᠡ᠃ ᠨᠡᠶᠢᠳᠡ ᠶᠢᠨ ᠦᠮᠴᠢᠯᠡᠯᠳᠦ ᠪᠤᠰᠦ ᠠᠵᠦ ᠠᠬᠤᠢ ᠶᠢ ᠬᠦᠭᠵᠢᠭᠦᠯᠬᠦ ᠲᠦᠰᠤᠯ ᠢ ᠲᠤᠭᠳᠠᠭᠠᠵᠦ᠂ ᠢᠳᠡᠭᠡᠨ ᠤᠮᠳᠠᠭᠠᠨ ᠪᠠᠭᠤᠳᠠᠯ ᠪᠠ ᠰᠡᠯᠡᠭᠦᠴᠡᠯ ᠵᠤᠭ᠎ᠠ ᠴᠡᠩᠭᠡᠯ᠂ ᠦᠨᠳᠦᠰᠦᠲᠡᠨ ᠤ ᠵᠠᠩ ᠵᠠᠩᠰᠢᠯ ᠤᠨ ᠦᠵᠡᠭᠦᠯᠦᠯᠭᠡ ᠵᠡᠷᠭᠡ ᠤᠯᠠᠮᠵᠢᠯᠠᠯᠳᠦ ᠦᠢᠯᠡᠴᠢᠯᠡᠭᠡ ᠶᠢ ᠢᠳᠡᠪᠬᠢᠲᠠᠢ ᠵᠢᠯᠤᠭᠤᠳᠴᠦ ᠲᠡᠰ ᠲᠡᠪᠰᠢᠭᠦᠯᠤᠨ᠎ᠡ᠃ ᠭᠠᠴᠠᠭ᠎ᠠ ᠨᠡᠶᠢᠭᠡᠮ ᠲᠤᠭᠤᠷᠢᠭ ᠲᠤ ᠭᠡᠷ ᠤᠨ ᠶᠠᠪᠤᠳᠠᠯ ᠪᠤᠯᠳ ᠨᠠᠰᠤᠲᠠᠶᠢᠴᠤᠳ ᠤᠨ ᠦᠢᠯᠡᠴᠢᠯᠡᠭᠡᠨ ᠢᠶᠠᠷ ᠭᠤᠤᠯ ᠪᠤᠯᠭᠠᠭᠰᠠᠨ ᠵᠢᠵᠢᠭ ᠠᠵᠦ ᠠᠬᠤᠶᠢᠯᠠᠯ ᠢ ᠪᠠᠶᠢᠭᠤᠯᠵᠤ᠂ ᠠᠷᠠᠳ ᠤᠨ ᠠᠮᠢᠳᠤᠷᠠᠯ ᠤᠨ ᠦᠢᠯᠡᠴᠢᠯᠡᠭᠡᠨ ᠲᠡᠰᠢ ᠪᠦᠬᠦ ᠲᠠᠯ᠎ᠠ ᠪᠠᠷ ᠬᠠᠨᠳᠤᠭᠤᠯᠤᠨ᠎ᠠ᠂ ᠤᠳᠤ ᠦᠶ᠎ᠡ ᠶᠢᠨ ᠦᠢᠯᠡᠴᠢᠯᠡᠭᠡ ᠲᠦᠪᠯᠡᠷᠡᠭᠰᠡᠨ ᠵᠢᠱᠢᠶ᠎ᠡ ᠦᠵᠡᠭᠦᠯᠬᠦ ᠲᠤᠭᠤᠷᠢᠭ ᠢ ᠲᠦᠯᠤᠪᠵᠢᠭᠦᠯᠤᠨ ᠪᠠᠶᠢᠭᠤᠯᠵᠦ᠂ ᠲᠤᠮᠳᠠ ᠪᠠᠭ᠎ᠠ ᠪᠠ ᠵᠢᠵᠢᠭ ᠠᠵᠦ ᠠᠬᠤᠶᠢᠯᠠᠯ ᠢ ᠤᠷᠢᠨ ᠤᠷᠤᠭᠤᠯᠵᠤ ᠰᠠᠭᠤᠷᠢᠰᠢᠭᠤᠯᠤᠨ᠂ ᠢᠳᠡᠭᠡᠮᠵᠢᠳᠦ ᠵᠢᠭᠡᠯᠡᠯᠭᠡ ᠎ ᠶᠢᠨ ᠪᠡᠯᠡ ᠲᠤᠬᠢᠷᠠᠭᠤᠯᠭ᠎ᠠ᠂ ᠲᠦᠷᠤᠯ ᠵᠦᠢᠯ ᠢ ᠬᠢᠨᠠᠨ ᠵᠦᠪᠰᠢᠶᠡᠷᠡᠭᠦᠯᠬᠦ᠂ ᠪᠦᠳᠦᠭᠡᠨ ᠪᠠᠶᠢᠭᠤᠯᠤᠯᠳᠠ ᠶᠢᠨ ᠬᠡᠷᠡᠭᠯᠡᠭᠡᠨ ᠤ ᠭᠠᠵᠠᠷ ᠵᠡᠷᠭᠡ ᠶᠢᠨ ᠲᠠᠯ᠎ᠠ ᠪᠠᠷ ᠲᠡᠮᠵᠢᠯᠭᠡ ᠦᠵᠡᠭᠦᠯᠵᠦ᠂ ᠬᠤᠳᠠ ᠬᠦᠳᠡᠭᠡ ᠶᠢᠨ ᠵᠠᠬ᠎ᠠ ᠲᠡᠯᠭᠡᠭᠦᠷ ᠎ ᠤᠨ ᠵᠠᠭᠤᠴᠢ ᠰᠤᠷᠠᠭ ᠵᠠᠩᠭᠢ ᠶᠢᠨ ᠦᠢᠯᠡᠴᠢᠯᠡᠭᠡᠨ ᠤ ᠲᠦᠪᠰᠢᠨ ᠢ ᠲᠡᠭᠡᠭᠰᠢᠯᠡᠭᠦᠯᠤᠨ᠎ᠠ᠃ ᠲᠤᠮᠳᠠ ᠪᠠᠭ᠎ᠠ ᠠᠵᠦ ᠠᠬᠤᠶᠢᠯᠠᠯ ᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠲᠠᠪᠴᠠᠩ ᠪᠠᠶᠢᠭᠤᠯᠵᠦ᠂ ᠪᠦᠬᠦ ᠤᠯᠤᠰ ᠤᠨ ᠭᠠᠳᠠᠭᠠᠳᠦ ᠪᠤᠷᠤᠯᠠᠭᠤᠯᠭ᠎ᠠ ᠶᠢᠨ ᠠᠷᠭ᠎ᠠ ᠵᠠᠮ ᠳᠤ ᠰᠢᠭᠤᠳ ᠨᠡᠪᠳᠡᠷᠡᠭᠦᠯᠤᠨ᠎ᠡ᠃ ᠬᠤᠶᠠᠷ ᠮᠦᠩᠭᠦᠨ ᠬᠦᠢᠯᠭᠡᠭᠡᠨ ᠤ ᠦᠢᠯᠡᠴᠢᠯᠡᠭᠡᠨ ᠤ ᠪᠠᠶᠢᠭᠤᠯᠤᠯ ᠢ ᠤᠷᠢᠨ ᠤᠷᠤᠭᠤᠯᠵᠤ᠂ ᠮᠦᠩᠭᠦᠨ ᠭᠦᠢᠯᠭᠡᠭᠡᠨ ᠤ ᠪᠠᠶᠢᠭᠤᠯᠤᠯ ᠢ ᠵᠢᠯᠤᠭᠤᠳᠴᠦ᠂ ᠢᠳᠡᠭᠡᠮᠵᠢᠳᠦ ᠵᠢᠭᠡᠯᠡᠯᠭᠡ ᠲᠡᠯᠪᠢᠬᠤ ᠶᠢ ᠴᠢᠩᠭᠠᠳᠬᠠᠵᠦ᠂ ᠨᠡᠶᠢᠳᠡ ᠶᠢᠨ ᠪᠤᠰᠦ ᠦᠮᠴᠢᠯᠡᠯᠳᠦ ᠠᠵᠦ ᠠᠬᠤᠶᠢᠯᠠᠯ ᠤᠨ ᠪᠡᠯᠡ ᠲᠤᠬᠢᠷᠠᠭᠤᠯᠭ᠎ᠠ ᠶᠢᠨ ᠬᠦᠴᠢᠷᠳᠡᠯ ᠲᠠᠢ ᠠᠰᠠᠭᠤᠳᠠᠯ ᠢ ᠰᠡᠶᠢᠳᠪᠥᠷᠢᠯᠡᠨ᠎ᠡ᠃ ︵ᠵᠢᠷᠭᠤᠭ᠎ᠠ︶ ᠠᠷᠠᠳ ᠤᠨ ᠠᠮᠢᠳᠤᠷᠠᠯ ᠪᠠ ᠨᠡᠶᠢᠭᠡᠮ ᠤᠨ ᠦᠢᠯᠠᠰ ᠢ ᠪᠠᠳᠤᠯᠠᠬᠤ ᠪᠠᠷ ᠭᠤᠤᠯ ᠪᠤᠯᠭᠠᠵᠦ᠂ ᠨᠡᠶᠢᠭᠡᠮ ᠎ ᠤᠨ ᠡᠶ᠎ᠡ ᠵᠤᠬᠢᠴᠠᠩᠭᠤᠢ ᠲᠤᠭᠳᠠᠭᠤᠨ ᠢ ᠲᠦᠯᠬᠢᠨ ᠠᠬᠢᠭᠤᠯᠤᠨ᠎ᠠ᠃ ᠠᠷᠠᠳ ᠤᠨ ᠠᠮᠢᠳᠤᠷᠠᠯ ᠤᠨ ᠲᠠᠯ᠎ᠠ ᠪᠠᠷ ᠪᠡᠯᠡ ᠤᠷᠤᠭᠤᠯᠬᠤ ᠬᠦᠴᠦᠯᠡᠴᠡ ᠪᠠᠨ ᠦᠷᠬᠦᠯᠵᠢᠯᠡᠨ ᠴᠢᠩᠭᠠᠳᠬᠠᠵᠦ᠂ ᠪᠠᠭᠤᠷᠠᠶᠢᠴᠤᠳ ᠤᠨ ᠠᠮᠢᠲᠤᠷᠠᠯ ᠤᠨ ᠪᠠᠳᠤᠯᠠᠭ᠎ᠠ ᠎ ᠶᠢ ᠰᠠᠶᠢᠲᠤᠷ ᠬᠢᠵᠦ᠂ ᠠᠵᠢᠯ ᠦᠢᠯᠡᠰ ᠤᠨ ᠨᠢᠭᠡᠳᠦᠭᠡᠷ ᠹᠷᠤᠨᠲ ᠲᠤ ᠰᠢᠷᠭᠠᠭᠤ ᠬᠠᠲᠠᠭᠤᠵᠢᠯᠲᠠᠢ ᠠᠵᠢᠯᠯᠠᠵᠦ ᠪᠠᠶᠢᠭ᠎ᠠ ᠺᠠᠳ᠋ᠷ ᠠᠵᠢᠯᠲᠠᠨ ᠤ ᠠᠮᠢᠳᠤᠷᠠᠯ ᠢ ᠠᠩᠬᠠᠷᠤᠨ ᠬᠠᠯᠠᠮᠵᠢᠯᠠᠨ᠎ᠠ᠃ ᠰᠤᠷᠭᠠᠨ ᠬᠦᠮᠦᠵᠢᠯ᠂ ᠡᠮ ᠡᠮᠨᠡᠯᠭᠡ᠂ ᠰᠤᠶᠤᠯ ᠵᠡᠷᠭᠡ ᠨᠡᠶᠢᠭᠡᠮ ᠤᠨ ᠡᠯ᠎ᠡ ᠲᠦᠷᠤᠯ ᠤᠨ ᠦᠢᠯᠡᠰ ᠢ ᠰᠠᠶᠢᠲᠤᠷ ᠡᠷᠬᠢᠯᠡᠵᠦ᠂ ᠠᠷᠠᠳ ᠲᠦᠮᠡᠨ ᠢ ᠬᠠᠨᠤᠮᠵᠢᠲᠠᠢ᠂ ᠨᠡᠩ ᠵᠤᠯ ᠵᠢᠷᠭᠠᠯ ᠲᠠᠢ ᠪᠤᠯᠭᠠᠬᠤ ᠶᠢᠨ ᠲᠦᠯᠦᠭᠡ ᠴᠢᠷᠮᠠᠶᠢᠨ᠎ᠠ᠃ ᠨᠢᠭᠡ ᠳᠤ  ᠠᠷᠠᠳ ᠤᠨ ᠠᠮᠢᠳᠤᠷᠠᠯ ᠢ ᠪᠠᠳᠤᠯᠠᠬᠤ ᠪᠠ ᠰᠠᠶᠢᠵᠢᠷᠠᠭᠤᠯᠤᠨ᠎ᠠ᠃ ᠲᠤᠯᠠᠭᠠᠯᠭ᠎ᠠ᠂ ᠤᠰᠦ᠂ ᠴᠠᠬᠢᠯᠭᠠᠨ ᠬᠠᠩᠭᠠᠬᠤ ᠵᠠᠷᠭᠡ ᠰᠠᠭᠤᠭᠠᠠᠯᠢ ᠠᠷᠠᠳ ᠮᠠᠯᠴᠢᠳ ᠤᠨ ᠠᠮᠢᠳᠤᠷᠠᠯ ᠤᠨ ᠪᠠᠳᠤᠯᠠᠭ᠎ᠠ ᠶᠢᠨ ᠠᠰᠠᠭᠤᠳᠠᠯ ᠢ ᠨᠠᠷᠢᠨ ᠬᠢᠨᠠᠮᠠᠭᠠᠢ ᠰᠠᠶᠢᠳᠤᠷ ᠰᠡᠶᠢᠳᠪᠥᠷᠢᠯᠡᠵᠥ᠂ ᠮᠠᠯᠴᠢᠳ ᠢ ᠬᠤᠳᠠ ᠤᠷᠣᠵᠦ ᠰᠠᠭᠤᠷᠢᠰᠢᠭᠤᠯᠬᠤ ᠵᠠᠷᠭᠡ ᠪᠠᠳᠤᠯᠠᠭ᠎ᠠ ᠶᠢᠨ ᠴᠢᠨᠠᠷ ᠲᠠᠢ ᠤᠷᠤᠨ ᠰᠠᠭᠤᠴᠠ ᠶᠢ 500 ᠢᠵᠢ ᠠᠴᠠ ᠳᠡᠭᠡᠭᠰᠢ ᠪᠠᠶᠢᠭᠤᠯᠠᠬᠤ ᠪᠠ ᠲᠦᠪᠯᠡᠷᠡᠭᠦᠯᠦᠨ ᠲᠤᠯᠠᠭᠠᠯᠭ᠎ᠠ ᠬᠠᠨᠭ᠍ᠭᠠᠬᠤ᠂ ᠠᠮᠤᠷ ᠲᠦᠪᠰᠢᠨ ᠤᠰᠦ ᠬᠠᠨᠭ᠍ᠭᠠᠬᠤ ᠪᠤᠯᠤᠨ ᠲᠠᠷᠢᠶᠠᠯᠠᠩ ᠤᠨ ᠲᠤᠤᠷ ᠰᠦᠯᠵᠢᠶ᠎ᠡ ᠶᠢ ᠵᠠᠰᠠᠨ ᠰᠠᠶᠢᠵᠢᠷᠠᠭᠤᠯᠬᠤ ᠵᠠᠷᠭᠡ ᠢᠨᠵᠧᠨᠧᠷᠢᠩ ᠢ ᠲᠠᠷᠤᠶᠢᠬᠠᠨ ᠡᠬᠢᠯᠡᠬᠦᠯᠤᠨ᠎ᠡ᠃ ᠪᠠᠭᠤᠷᠠᠶᠢᠴᠤᠳ ᠤᠨ ᠠᠮᠢᠳᠤᠷᠠᠯ ᠤᠨ ᠠᠰᠠᠭᠤᠳᠠᠯ ᠢ ᠴᠢᠬᠤᠯᠠᠴᠢᠯᠠᠨ ᠠᠩᠬᠠᠷᠴᠦ᠂ ᠬᠤᠳᠠ ᠪᠠᠯᠭᠠᠰᠤᠨ ᠤ ᠤᠷᠴᠢᠨ ᠲᠤᠭᠤᠷᠢᠨ ᠤ ᠴᠡᠪᠡᠷᠯᠡᠭᠴᠢ ᠶᠢᠨ ᠬᠦᠯᠦᠰᠦ ᠤᠯᠭᠤᠮᠵᠢ ᠶᠢ ᠲᠡᠭᠡᠭᠰᠢᠯᠡᠭᠦᠯᠵᠦ᠂ ᠶᠠᠳᠠᠭᠤ ᠶᠢ ᠲᠡᠳᠬᠦᠵᠤ ᠨᠡᠭᠡᠭᠡᠯᠳᠡ ᠬᠢᠬᠦ ᠢᠨᠵᠧᠨᠧᠷᠢᠩ ᠢ ᠯᠠᠪᠳᠠᠭᠤᠨ ᠪᠠᠲᠤᠲᠠᠢ ᠦᠷᠨᠢᠭᠦᠯᠵᠦ᠂ 500 ᠡᠷᠦᠭᠡ ᠠᠴᠠ ᠲᠡᠭᠡᠭᠰᠢ ᠶᠠᠳᠠᠭᠤ ᠬᠦᠴᠢᠷᠲᠡᠢ ᠡᠷᠦᠭᠡ ᠶᠢ ᠲᠡᠳᠭᠦᠨ ᠳᠡᠮᠵᠢᠵᠥ᠂ ᠮᠠᠯᠴᠢᠨ ᠲᠦᠮᠡᠨ ᠤ ᠲᠦᠷᠦ ᠶᠢᠨ ᠪᠤᠳᠤᠯᠭ᠎ᠠ ᠶᠢᠨ ᠴᠢᠨᠠᠷᠲᠠᠢ ᠤᠷᠤᠯᠭ᠎ᠠ ᠶᠢ ᠴᠢᠷᠮᠠᠶᠢᠨ ᠲᠡᠭᠡᠭᠰᠢᠯᠡᠭᠦᠯᠤᠨ᠎ᠡ᠃ ᠠᠵᠢᠯ ᠤᠯᠵᠤ ᠦᠢᠯᠡᠰ ᠪᠤᠰᠬᠠᠬᠤ ᠶᠢ ᠲᠡᠮᠵᠢᠬᠦ ᠬᠦᠴᠤᠯᠡᠴᠡ ᠪᠠᠨ ᠴᠢᠩᠭᠠᠳᠬᠠᠨ᠂ ᠪᠠᠭ᠎ᠠ ᠲᠤᠭᠠᠨ ᠤ ᠪᠠᠳᠤᠯᠠᠭᠠᠳᠦ ᠵᠢᠭᠡᠯᠡᠯᠭᠡ᠂ ᠨᠡᠶᠢᠭᠡᠮ ᠤᠨ ᠲᠠᠭᠠᠳᠬᠠᠯ ᠤᠨ ᠨᠦᠬᠦᠪᠦᠷᠢ ᠶᠢ ᠴᠠᠭ ᠲᠤᠬᠠᠢ ᠳᠤᠨᠢ ᠲᠠᠯᠪᠢᠵᠦ᠂ ᠲᠡᠭᠡᠳᠦ ᠰᠤᠷᠭᠠᠭᠤᠯᠢ ᠎ ᠶᠢᠨ ᠤᠶᠤᠲᠠᠳ᠂ ᠴᠡᠷᠢᠭ ᠠᠴᠠ ᠬᠠᠯᠠᠭᠳᠠᠭᠰᠠᠳ ᠲᠤ ᠠᠵᠢᠯ ᠤᠯᠭᠤᠬᠤ ᠶᠢ ᠵᠢᠯᠤᠭᠤᠳᠤᠨ ᠲᠠᠭᠠᠭᠤᠯᠵᠦ᠂ ᠠᠵᠢᠯ ᠤᠯᠭᠤᠬᠤ ᠬᠦᠮᠦᠨ ᠤ ᠲᠤᠭ᠎ᠠ ᠶᠢ 800᠎ ᠠᠴᠠ ᠳᠡᠭᠡᠭᠰᠢ ᠳᠤ ᠬᠦᠷᠭᠡᠨ᠎ᠡ᠃ ᠮᠠᠯᠴᠢᠨ ᠲᠠᠷᠢᠶᠠᠴᠢᠳ ᠤᠨ ᠨᠤᠳᠤᠭ ᠎ ᠲᠠᠭᠠᠨ ᠪᠤᠴᠠᠨ ᠦᠢᠯᠡᠰ ᠪᠦᠳᠦᠭᠡᠬᠦ ᠤᠷᠤᠨ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠂ ᠠᠵᠢᠯ ᠤᠯᠭᠤᠬᠤ ᠪᠠ ᠨᠡᠶᠢᠭᠡᠮ ᠤᠨ ᠪᠠᠳᠤᠯᠠᠭ᠎ᠠ ᠶᠢᠨ ᠦᠢᠯᠡᠴᠢᠯᠡᠭᠡᠨ ᠤ ᠶᠡᠭᠡ ᠲᠢᠩᠬᠢᠮ ᠪᠤᠯᠤᠨ ᠠᠷᠠᠳ ᠤᠨ ᠠᠮᠢᠳᠤᠷᠠᠯ ᠎ ᠳᠤ ᠦᠢᠯᠡᠴᠢᠯᠡᠬᠦ ᠶᠡᠭᠡ ᠲᠢᠩᠬᠢᠮ ᠢ ᠰᠢᠨ᠎ᠡ ᠪᠠᠷ ᠪᠠᠶᠢᠭᠤᠯᠤᠨ᠎ᠠ᠃ ᠨᠡᠶᠢᠭᠡᠮ ᠤᠨ ᠡᠯ᠎ᠡ ᠵᠦᠢᠯ ᠤᠨ ᠲᠠᠭᠠᠳᠬᠠᠯ ᠤᠨ ᠬᠦᠷᠢᠶ᠎ᠡ ᠬᠡᠪᠴᠢᠶ᠎ᠡ ᠶᠢ ᠦᠷᠭᠡᠳᠭᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ᠂ ᠬᠤᠳᠠ ᠪᠠᠯᠭᠠᠰᠤᠨ ᠤ ᠬᠠᠮᠤᠭ ᠨᠠᠭᠠᠳᠦ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠪᠠᠷᠢᠮᠵᠢᠶ᠎ᠠ ᠶᠢ 15% ᠤᠷᠴᠢᠮ ᠢᠶᠠᠷ ᠲᠡᠭᠡᠭᠰᠢᠯᠡᠬᠦᠯᠤᠨ᠎ᠡ᠃ ᠨᠠᠰᠤᠳᠠᠶᠢᠴᠤᠳ᠂ ᠵᠡᠮᠳᠡᠭᠴᠤᠳ ᠤᠨ ᠠᠮᠢᠳᠤᠷᠠᠯ ᠢ ᠶᠡᠬᠡᠪᠡᠷ ᠬᠠᠷᠠᠭᠠᠯᠵᠠᠨ ᠬᠠᠯᠠᠮᠵᠢᠯᠠᠵᠦ᠂ ᠠᠷᠠᠳ ᠢᠷᠭᠡᠳ ᠤᠨ ᠶᠠᠪᠤᠵᠦ ᠰᠠᠭᠤᠬᠤ ᠡᠳᠤᠷ ᠲᠤᠳᠤᠮ ᠤᠨ ᠠᠮᠢᠳᠤᠷᠠᠯ ᠢ ᠵᠤᠬᠢᠰ ᠲᠠᠢ ᠲᠤᠬᠢᠷᠠᠭᠤᠯᠵᠦ᠂ ᠠᠮᠤ ᠪᠤᠳᠠᠭ᠎ᠠ᠂ ᠰᠤᠷᠭᠠᠭᠤᠯᠢ᠂ ᠰᠤᠶᠤᠯ᠂ ᠡᠪᠡᠳᠴᠢᠨ ᠡᠮᠬᠡᠭ᠂ ᠮᠠᠯ ᠤᠨ ᠭᠠᠷᠭᠠᠯᠳᠠ᠂ ᠢᠳᠡᠰᠢᠨ ᠨᠤᠭᠤᠭᠠᠨ ᠤ ᠬᠠᠩᠭᠠᠯᠳᠠ ᠪᠠ ᠪᠤᠳᠠᠰ ᠤᠨ ᠦᠨ᠎ᠡ ᠬᠠᠩᠰᠢ ᠶᠢᠨ ᠲᠤᠭᠳᠠᠭᠤᠨ ᠵᠡᠷᠭᠡ ᠠᠷᠠᠳ ᠤᠯᠠᠨ ᠤ ᠠᠰᠢᠭ ᠲᠤᠰᠠ ᠲᠠᠢ ᠬᠤᠯᠪᠤᠭᠳᠠᠬᠤ ᠠᠰᠠᠭᠤᠳᠠᠯ ᠢ ᠨᠢᠭᠡᠳᠤᠯᠲᠠᠢ ᠰᠠᠶᠢᠳᠤᠷ ᠠᠳᠬᠤᠨ᠎ᠠ᠃ ᠬᠤᠶᠠᠷ ᠲᠤ  ᠨᠡᠶᠢᠭᠡᠮ ᠤᠨ ᠠᠵᠢᠯ ᠦᠢᠯᠡᠰ ᠤᠨ ᠬᠦᠭᠵᠢᠯᠳᠠ ᠶᠢ ᠲᠦᠷᠭᠡᠳᠭᠡᠨ᠎ᠡ᠃ ᠰᠤᠷᠭᠠᠨ ᠬᠦᠮᠦᠵᠢᠯ ᠤᠨ ᠵᠢᠭᠠᠨ ᠰᠤᠷᠭᠠᠯᠳᠠ ᠶᠢᠨ ᠴᠢᠨᠠᠷ ᠴᠢᠨᠰᠠᠭ᠎ᠠ ᠪᠤᠯᠤᠨ ᠬᠠᠮᠢᠶᠠᠷᠤᠯᠳᠠ ᠶᠢᠨ ᠬᠢᠷᠢ ᠲᠦᠪᠰᠢᠨ ᠢ ᠲᠡᠭᠡᠭᠰᠢᠯᠡᠭᠦᠯᠤᠨ᠂ ᠪᠠᠭᠰᠢ ᠶᠢᠨ ᠡᠩᠨᠡᠭᠡᠨ ᠤ ᠮᠡᠳᠡᠯᠭᠡ ᠪᠤᠯᠪᠠᠰᠤᠷᠠᠯ ᠢ ᠴᠢᠩᠭᠠᠳᠬᠠᠵᠦ᠂ ᠬᠤᠰᠢᠭᠤᠨ ᠤ ᠬᠤᠶᠠᠳᠤᠭᠠᠷ ᠮᠤᠩᠭᠤᠯ ᠦᠨᠳᠦᠰᠦᠲᠠᠨ ᠤ ᠬᠡᠤᠭᠡᠳ ᠤᠨ ᠴᠡᠴᠡᠷᠯᠢᠭ᠂ ᠰᠢᠨᠡᠪᠤᠯᠠᠭ ᠰᠤᠮᠤᠨ ᠤ ᠬᠡᠤᠭᠡᠳ ᠤᠨ ᠴᠡᠴᠡᠷᠯᠢᠭ᠂ ᠦᠪᠦᠷᠪᠤᠯᠠᠭ ᠰᠤᠮᠤᠨ ᠤ ᠬᠡᠤᠭᠡᠳ ᠤᠨ ᠴᠡᠴᠡᠷᠯᠢᠭ ᠢ ᠪᠠᠶᠢᠭᠤᠯᠵᠦ ᠲᠠᠭᠤᠰᠬᠠᠨ᠂ ᠵᠢᠪᠬᠤᠯᠠᠩᠳᠦ ᠰᠤᠮᠤᠨ ᠤ ᠬᠡᠤᠭᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠵᠦ᠂ ᠠᠮᠤᠭᠤᠯᠠᠩ ᠬᠤᠶᠠᠳᠤᠭᠠᠷ ᠲᠤᠮᠳᠠᠳᠦ ᠰᠤᠷᠭᠠᠭᠤᠯᠢ᠂ ᠠᠮᠤᠭᠤᠯᠠᠩ ᠬᠤᠶᠠᠳᠤᠭᠠᠷ ᠪᠠᠭ᠎ᠠ ᠰᠤᠷᠭᠠᠭᠤᠯᠢ᠂ ᠭᠠᠯᠪᠠᠷ ᠰᠤᠷᠭᠠᠭᠤᠯᠢ ᠶᠢᠨ ᠰᠠᠯᠬᠢ ᠪᠤᠷᠤᠭᠠᠨ ᠢ ᠬᠠᠯᠬᠠᠯᠠᠬᠤ ᠲᠠᠮᠢᠷ ᠤᠨ ᠲᠠᠯᠠᠪᠤᠷ᠂ ᠴᠠᠭᠠᠨ ᠪᠠᠯᠭᠠᠰᠤᠨ ᠤ ᠦᠨᠳᠤᠰᠦᠲᠡᠨ ᠤ ᠬᠡᠤᠭᠡᠳ ᠤᠨ ᠴᠡᠴᠡᠷᠯᠢᠭ ᠤᠨ ᠬᠦᠳᠡᠯᠭᠡᠭᠡᠨ ᠤ ᠭᠡᠷ ᠪᠤᠯᠤᠨ ᠬᠤᠭᠤᠯᠠᠨ ᠭᠡᠷ ᠵᠡᠷᠭᠡ ᠶᠢᠨ ᠲᠦᠷᠤᠯ ᠵᠦᠢᠯ ᠢ ᠭᠡᠷᠡᠭᠵᠢᠭᠦᠯᠦᠨ᠎ᠡ᠃ ᠶᠠᠳᠠᠭᠤ ᠬᠦᠴᠢᠷᠲᠠᠢ ᠰᠤᠷᠤᠭᠴᠢ ᠶᠢ ᠵᠠᠰᠠᠭ ᠤᠨ ᠤᠷᠳᠤᠨ ᠠᠴᠠ ᠪᠡᠯᠡ ᠮᠦᠩᠭᠦ ᠪᠠᠷ ᠲᠤᠰᠠᠯᠠᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠰᠤᠷᠤᠭᠴᠢ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠪᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠪᠠᠳᠤᠯᠠᠨ᠎ᠠ᠃ ᠡᠷᠡᠭᠦᠯ ᠬᠠᠮᠠᠭᠠᠯᠠᠯ ᠤᠨ ᠰᠢᠰᠲ᠋ᠧᠮ ᠤᠨ ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ ︽ᠡᠷᠡᠭᠦᠯ ᠴᠢᠬᠢᠷᠠᠭ ᠤᠨ ᠪᠠᠳᠤᠯᠠᠭ᠎ᠠ ᠎ ᠶᠢᠨ ᠡᠮ ᠤᠨ ᠵᠢᠵᠢᠭ ᠬᠠᠶᠢᠷᠴᠠᠭ ᠢ ᠮᠠᠯᠴᠢᠨ ᠡᠷᠦᠬᠡ ᠳᠤ ᠤᠷᠤᠭᠤᠯᠬᠤ︾ ᠰᠢᠰᠲ᠋ᠧᠮ ᠤᠨ ᠳᠤᠭᠳᠠᠴᠠ ᠶᠢ ᠳᠡᠭᠦᠯᠳᠠᠷᠵᠢᠭᠦᠯᠵᠦ᠂ ᠦᠨᠳᠦᠰᠤᠨ ᠱᠠᠳᠤᠨ ᠤ ᠡᠷᠡᠭᠦᠯ ᠬᠠᠮᠠᠭᠠᠯᠠᠯ᠂ ᠤᠯᠠᠨ ᠨᠡᠶᠢᠳᠠ ᠶᠢᠨ ᠡᠷᠡᠭᠦᠯ ᠬᠠᠮᠠᠭᠠᠯᠠᠯ᠂ ᠪᠠᠴᠢᠮ ᠠᠪᠤᠷᠠᠯᠳᠠ ᠶᠢᠨ ᠰᠢᠰᠲ᠋ᠧᠮ᠂ ᠡᠷᠠᠭᠦᠯ ᠬᠠᠮᠠᠭᠠᠯᠠᠯ ᠤᠨ ᠰᠤᠷᠠᠭ ᠵᠠᠩᠬᠢᠵᠢᠯᠳᠠ ᠶᠢᠨ ᠪᠠᠶᠢᠭᠤᠯᠤᠯᠳᠠ ᠶᠢ ᠴᠢᠩᠭᠠᠳᠬᠠᠨ᠎ᠠ᠃ ᠦᠨᠳᠦᠰᠦᠨ ᠱᠠᠳᠦᠨ ᠤ 3 ᠰᠠᠭᠤᠷᠢ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠰᠠᠭᠤᠷᠢ ᠳᠦᠬᠦᠭᠡᠷᠦᠮᠵᠢ ᠶᠢ ᠦᠷᠬᠦᠯᠵᠢᠯᠡᠨ ᠪᠠᠶᠢᠭᠤᠯᠬᠤ ᠢᠨᠵᠧᠨᠧᠷᠢᠩ ᠢ ᠪᠠᠶᠡᠯᠡᠭᠦᠯᠦᠨ᠎ᠠ᠃ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠦᠭᠡᠷᠡᠴᠢᠯᠡᠯᠳᠡ ᠶᠢ ᠰᠠᠶᠢᠲᠤᠷ ᠬᠢᠵᠦ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠮᠤᠩᠭᠤᠯ ᠡᠮᠨᠡᠯᠭᠡ ᠶᠢᠨ ᠬᠤᠷᠢᠶ᠎ᠠ ᠶᠢᠨ ᠪᠠᠶᠢᠭᠤᠯᠤᠯᠲᠠ ᠶᠢᠨ ᠬᠠᠮᠢᠶᠠᠷᠤᠯᠲᠠ ᠬᠢᠭᠡᠳ ᠦᠢᠯᠡᠴᠢᠯᠡᠭᠡᠨ ᠤ ᠬᠢᠷᠢ ᠲᠦᠪᠰᠢᠨ ᠢ ᠭᠤᠤᠯᠳᠠᠯᠭ᠎ᠠ ᠲᠠᠢ ᠲᠡᠭᠡᠭᠰᠢᠯᠡᠭᠦᠯᠵᠦ᠂ ᠮᠤᠩᠭᠤᠯ ᠡᠮ ᠢ ᠨᠠᠶᠢᠷᠠᠭᠤᠯᠵᠤ ᠦᠢᠯᠡᠳᠬᠦ ᠲᠠᠰᠤᠭ ᠢ ᠪᠠᠷᠢᠮᠵᠢᠶᠠᠵᠢᠭᠤᠯᠵᠦ᠂ ᠬᠠᠯᠳᠠᠪᠦᠷᠢᠳᠦ ᠡᠪᠠᠳᠴᠢᠨ ᠢ ᠤᠷᠢᠳᠴᠢᠯᠠᠨ ᠰᠡᠷᠭᠡᠶᠢᠯᠡᠬᠦ ᠶᠢ ᠴᠢᠩᠭᠠᠳᠬᠠᠨ᠂ ᠬᠢᠵᠢᠭ ᠢ ᠰᠡᠷᠭᠡᠶᠢᠯᠡᠨ ᠡᠵᠡᠮᠳᠠᠬᠦ ᠳᠤᠭᠳᠠᠴᠠ ᠶᠢ ᠴᠢᠩᠭ᠎ᠠ ᠨᠠᠶᠢᠳᠠᠪᠤᠷᠢᠵᠢᠭᠤᠯᠤᠨ᠂ ᠪᠷᠦ᠋ᠽᠧᠯ ᠡᠪᠡᠳᠴᠢᠨ ᠢ ᠲᠦᠪᠯᠡᠷᠡᠭᠦᠯᠦᠨ ᠨᠡᠶᠢᠳᠡᠮ ᠪᠠᠶᠢᠴᠠᠭᠠᠬᠤ ᠠᠵᠢᠯ ᠢ ᠦᠷᠨᠢᠭᠦᠯᠦᠨ᠎ᠡ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠢ ᠪᠠᠳᠤᠯᠠᠬᠤ ᠬᠢᠷᠢ ᠲᠦᠪᠰᠢᠨ ᠢ ᠲᠡᠭᠡᠭᠰᠢᠯᠡᠭᠦᠯᠵᠦ᠂ ᠤᠯᠠᠨ ᠨᠡᠶᠢᠳᠠ ᠶᠢᠨ ᠳᠠᠯᠠᠪᠤᠷ ᠤᠨ ᠡᠷᠠᠭᠦᠯ ᠬᠠᠮᠠᠭᠠᠯᠠᠯ ᠤᠨ ᠬᠢᠨᠠᠯᠳᠠ ᠲᠠᠯᠪᠢᠬᠤ ᠪᠠ ᠰᠢᠯᠭᠠᠨ ᠪᠠᠶᠢᠴᠠᠭᠠᠬᠤ ᠶᠢ ᠰᠠᠶᠢᠳᠤᠷ ᠬᠢᠵᠦ᠂ ᠬᠢᠨᠠᠯᠳᠠ ᠲᠠᠯᠪᠢᠬᠤ ᠪᠦᠷᠬᠦᠴᠠ ᠶᠢ 100% ᠎ ᠳᠤ ᠬᠦᠷᠭᠡᠨ᠎ᠡ᠃ ᠪᠠᠶᠢᠩᠭᠤ ᠰᠠᠭᠤᠭ᠎ᠠ ᠬᠦᠮᠦᠨ ᠠᠮᠠ ᠶᠢᠨ ᠮᠡᠯᠵᠢᠬᠤ ᠤᠷᠤᠨ ᠤ ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠭᠡ ᠳᠤ ᠤᠷᠤᠯᠴᠠᠬᠤ ᠨᠤᠷᠮ᠎ᠠ ᠶᠢ 98%᠎ ᠳᠤ ᠬᠦᠷᠭᠡᠨ᠎ᠡ᠃ ᠬᠦᠮᠦᠨ ᠠᠮᠠ ᠬᠢᠭᠡᠳ ᠳᠦᠯᠦᠪᠯᠡᠭᠡᠳᠦ ᠦᠷᠡᠵᠢᠯ ᠎ ᠤᠨ ᠰᠢᠯᠢᠳᠡᠭ ᠦᠢᠯᠡᠴᠢᠯᠡᠭᠡᠨ ᠤ ᠬᠢᠷᠢ ᠳᠦᠪᠰᠢᠨ ᠢ ᠳᠡᠭᠡᠭᠰᠢᠯᠡᠬᠦᠯᠵᠦ᠂ ᠵᠢᠷᠮᠤᠰᠤᠯᠡᠬᠦ ᠠᠴᠠ ᠡᠮᠦᠨᠡᠬᠢ ᠪᠡᠶ᠎ᠡ ᠶᠢᠨ ᠡᠷᠡᠭᠦᠯ ᠴᠢᠬᠢᠷᠠᠭ ᠪᠠ ᠰᠢᠯᠢᠳᠡᠭ ᠬᠡᠤᠬᠡᠳ ᠳᠦᠷᠦᠬᠦ ᠡᠷᠡᠭᠦᠯ ᠴᠢᠬᠢᠷᠠᠭ ᠤᠨ ᠪᠠᠶᠢᠳᠠᠯ ᠢ ᠤᠯᠤᠰ ᠠᠴᠠ ᠰᠦᠢᠳᠬᠡᠯ ᠬᠤᠷᠢᠶᠠᠬᠤ ᠦᠭᠡᠢ ᠪᠠᠷ ᠪᠠᠶᠢᠴᠠᠭᠠᠬᠤ ᠳᠦᠷᠦᠯ ᠵᠦᠢᠯ ᠢ ᠭᠡᠷᠡᠭᠵᠢᠭᠦᠯᠤᠨ᠎ᠡ᠃ ᠤᠯᠠᠨ ᠨᠡᠶᠢᠳᠠ ᠶᠢᠨ ᠰᠤᠶᠤᠯ ᠤᠨ ᠦᠢᠯᠡᠴᠢᠯᠡᠭᠡᠨ ᠤ ᠬᠢᠷᠢ ᠳᠦᠪᠰᠢᠨ ᠢ ᠳᠡᠭᠡᠭᠰᠢᠯᠡᠭᠦᠯᠵᠦ᠂ ᠤᠯᠠᠨ ᠳᠦᠮᠡᠨᠴᠢ ᠰᠤᠶᠤᠯ ᠤᠨ ᠭᠦᠳᠡᠯᠭᠡᠭᠡᠨ ᠢ ᠢᠳᠡᠪᠬᠢᠲᠠᠢ ᠦᠷᠨᠢᠭᠦᠯᠵᠦ᠂ ᠰᠤᠶᠤᠯ ᠤᠷᠠᠯᠢᠭ ᠤᠨ ᠨᠡᠶᠢᠭᠡᠮ ᠳᠤᠭᠤᠷᠢᠭ ᠢ ᠪᠠᠶᠢᠭᠤᠯᠵᠤ᠂ ᠤᠯᠠᠨ ᠳᠦᠮᠡᠨᠴᠢ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠤᠨ᠂ ᠰᠤᠶᠤᠯ ᠤᠨ ᠵᠠᠬ᠎ᠠ ᠳᠡᠯᠭᠡᠭᠦᠷ ᠢ ᠳᠦᠷᠢᠮᠵᠢᠭᠦᠯᠦᠨ ᠴᠡᠭᠴᠡᠯᠡᠵᠦ᠂ ᠬᠤᠳᠠ ᠪᠠᠯᠭᠠᠰᠤᠨ ᠤ ᠰᠤᠶᠤᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠤᠨ᠎ᠠ︔ ᠷᠠᠳᠢᠤ᠋ ᠲᠧᠯᠸᠢᠰ ᠨᠡᠪᠳᠡᠷᠠᠭᠦᠯᠭᠡ ᠎ ᠶᠢᠨ ᠳᠤᠨᠤᠭ ᠲᠦᠬᠦᠭᠡᠷᠤᠮᠵᠢ ᠶᠢ ᠰᠢᠨᠠᠳᠬᠡᠨ ᠳᠡᠰ ᠳᠡᠪᠰᠢᠭᠦᠯᠵᠦ᠂ ᠳᠤᠰᠬᠠᠢ ᠡᠩᠨᠡᠭᠡ ᠶᠢ ᠬᠦᠴᠦᠷᠭᠡᠭᠵᠢᠭᠦᠯᠤᠨ ᠴᠢᠩᠭᠠᠳᠬᠠᠵᠦ᠂ ᠦᠪᠡᠷ ᠢᠶᠠᠨ ᠦᠢᠯᠡᠳᠦᠭᠰᠡᠨ ᠫᠷᠦᠭᠷᠡᠮ ᠨᠡᠪᠳᠡᠷᠡᠭᠦᠯᠭᠡ ᠶᠢᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠤᠨ᠎ᠡ᠃ ︽ᠪᠠᠷᠭᠤ ᠰᠤᠶᠤᠯ︾᠎ ᠤᠨ ᠨᠡᠶᠢᠭᠡᠮᠯᠢᠭ ᠢ ᠵᠤᠬᠢᠶᠠᠨ ᠪᠠᠶᠢᠭᠤᠯᠵᠦ᠂ ︽ᠪᠠᠷᠭᠤ ᠰᠤᠶᠤᠯ ᠢ ᠬᠦᠭᠵᠢᠭᠦᠯᠬᠦ ᠰᠠᠭᠤᠷᠢ ᠮᠦᠩᠭᠦ︾᠎ ᠶᠢ ᠪᠠᠶᠢᠭᠤᠯᠤᠨ᠎ᠠ᠃ ᠰᠢᠨᠵᠢᠯᠡᠭᠡ ᠮᠠᠷᠭᠡᠵᠢᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠭᠡᠷᠡᠭᠯᠡᠭᠡᠨ ᠤ ᠮᠡᠷᠭᠡᠵᠢᠯ ᠤᠨ ᠪᠤᠯᠪᠠᠰᠤᠷᠠᠯ ᠢ ᠪᠦᠳᠤᠮᠵᠢᠲᠠᠢ ᠦᠷᠨᠢᠭᠦᠯᠵᠦ᠂ ᠰᠢᠨ᠎ᠡ ᠦᠢᠯᠡᠳᠬᠦᠨ᠂ ᠰᠢᠨ᠎ᠡ ᠲᠦᠷᠤᠯ ᠲᠡᠮᠳᠡᠭ᠂ ᠰᠢᠨ᠎ᠡ ᠮᠡᠷᠭᠡᠵᠢᠯ ᠢ ᠦᠷᠭᠡᠨ ᠢᠶᠠᠷ ᠲᠡᠯᠭᠡᠷᠡᠭᠦᠯᠤᠨ᠎ᠡ᠃ ᠭᠤᠷᠪᠠ ᠳᠤ  ᠠᠷᠠᠳ ᠲᠤ ᠪᠤᠳᠠᠲᠦ ᠶᠠᠪᠤᠳᠠᠯ ᠬᠢᠬᠦ ᠢᠨᠵᠧᠨᠧᠷᠢᠩ ᠢ ᠬᠡᠷᠡᠭᠵᠢᠭᠦᠯᠤᠨ᠎ᠡ᠃ ᠨᠢᠭᠡ ᠳᠤ᠂ ᠮᠠᠯᠴᠢᠳ ᠢ ᠬᠤᠳᠠ ᠤᠷᠤᠭᠤᠯᠤᠨ ᠰᠠᠭᠤᠷᠢᠰᠢᠭᠤᠯᠬᠤ ᠢᠨᠵᠧᠨᠧᠷᠢᠩ ᠢ ᠬᠡᠷᠡᠭᠵᠢᠭᠦᠯᠤᠨ᠎ᠡ︔ ᠬᠤᠶᠠᠷ ᠲᠤ᠂ ᠮᠠᠯᠵᠢᠬᠤ ᠤᠷᠤᠨ ᠤ ᠰᠠᠭᠤᠷᠢ ᠲᠤᠨᠤᠭ ᠲᠦᠬᠦᠭᠡᠷᠦᠮᠵᠢ ᠶᠢ ᠰᠠᠶᠢᠵᠢᠷᠠᠭᠤᠯᠬᠤ ᠢᠨᠵᠧᠨᠧᠷᠢᠩ ᠢ ᠡᠬᠢᠯᠡᠬᠦᠯᠤᠨ᠎ᠡ︔ ᠭᠤᠷᠪᠠ ᠳᠤ᠂ ᠬᠤᠳᠠ ᠪᠠᠯᠭᠠᠰᠤᠨ ᠤ ᠲᠦᠭᠡᠭᠡᠯ ᠤᠰᠤ ᠶᠢ ᠦᠷᠭᠡᠳᠭᠡᠨ ᠪᠠᠶᠢᠭᠤᠯᠬᠤ ᠢᠨᠵᠧᠨᠧᠷᠢᠩ ᠢ ᠭᠡᠷᠡᠭᠵᠢᠭᠦᠯᠤᠨ᠎ᠡ︔ ᠲᠦᠷᠪᠡ ᠳᠤ᠂ ᠮᠠᠯᠵᠢᠬᠤ ᠤᠷᠤᠨ ᠳᠤ ᠠᠮᠤᠷ ᠲᠦᠪᠰᠢᠨ ᠤᠤᠭᠤᠬᠤ ᠤᠰᠤ ᠶᠢ ᠲᠦᠪᠯᠡᠷᠡᠭᠦᠯᠦᠨ ᠬᠠᠨᠭ᠍ᠭᠠᠬᠤ ᠢᠨᠵᠧᠨᠧᠷᠢᠩ ᠢ ᠬᠡᠷᠡᠭᠵᠢᠭᠦᠯᠤᠨ᠎ᠡ︔ ᠲᠠᠪᠤ ᠳᠤ᠂ ᠠᠵᠢᠯ ᠤᠯᠭᠤᠯᠳᠠ ᠪᠠ ᠨᠡᠶᠢᠭᠡᠮ ᠤᠨ ᠪᠠᠳᠤᠯᠠᠭ᠎ᠠ ᠶᠢᠨ ᠦᠢᠯᠡᠴᠢᠯᠡᠭᠡᠨ ᠤ ᠶᠡᠭᠡ ᠲᠢᠩᠬᠢᠮ ᠢ ᠪᠠᠶᠢᠭᠤᠯᠤᠨ᠎ᠠ︔ ᠵᠢᠷᠭᠤᠭ᠎ᠠ ᠳᠤ᠂ ᠬᠤᠳᠠ ᠬᠦᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠣᠯᠠᠪᠤᠷᠢ ᠶᠢᠨ ᠨᠦᠬᠦᠪᠦᠷᠢ ᠶᠢᠨ ᠪᠠᠷᠢᠮᠵᠢᠶ᠎ᠠ ᠶᠢ ᠲᠡᠭᠡᠭᠰᠢᠯᠡᠬᠦᠯᠤᠨ᠎ᠡ︔ ᠲᠤᠯᠤᠭ᠎ᠠ ᠳᠤ᠂ 3 ᠰᠤᠷᠭᠠᠭᠤᠯᠢ ᠳᠤ ᠰᠠᠯᠬᠢ ᠪᠤᠷᠤᠭᠠᠨ ᠢ ᠬᠠᠯᠬᠠᠯᠠᠬᠤ ᠲᠠᠮᠢᠷ ᠤᠨ ᠲᠠᠯᠠᠪᠤᠷ ᠢ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠤᠨ᠎ᠡ︔ ᠨᠠᠢᠮᠠ ᠎ ᠳᠤ᠂ ᠪᠷᠦ᠋ᠽᠧᠯ ᠡᠪᠡᠳᠴᠢᠨ ᠢ ᠰᠡᠷᠭᠡᠶᠢᠯᠡᠨ ᠵᠠᠰᠠᠬᠤ ᠢᠨᠵᠧᠨᠧᠷᠢᠩ ᠢ ᠬᠡᠷᠡᠭᠵᠢᠬᠦᠯᠤᠨ᠎ᠡ︔ ᠶᠢᠰᠦ ᠳᠤ᠂ ᠷᠠᠳᠢᠤ᠋ ᠲᠧᠯᠸᠢᠰ ᠤᠨ ᠦᠪᠡᠷ ᠢᠶᠠᠨ ᠦᠢᠯᠡᠳᠦᠭᠰᠡᠨ ᠫᠷᠦᠭᠷᠡᠮ ᠨᠡᠪᠲᠡᠷᠡᠭᠦᠯᠭᠡ ᠶᠢ ᠲᠦᠭᠡᠮᠡᠯᠵᠢᠭᠦᠯᠤᠨ᠎ᠡ︔ ᠠᠷᠪᠠ ᠳᠤ᠂ ᠪᠠᠷᠭᠤ ᠰᠤᠶᠤᠯ ᠢ ᠤᠯᠠᠮᠵᠢᠯᠠᠨ ᠵᠠᠯᠭᠠᠮᠵᠢᠯᠠᠬᠤ ᠢᠨᠵᠧᠨᠧᠷᠢᠩ ᠢ ᠡᠬᠢᠯᠡᠭᠦᠯᠤᠨ᠎ᠡ︔ ᠲᠦᠷᠪᠡ ᠳᠤ  ᠨᠡᠶᠢᠭᠡᠮ ᠤᠨ ᠡᠶ᠎ᠡ ᠵᠤᠬᠢᠴᠠᠩᠭᠤᠢ ᠳᠤᠭᠳᠠᠭᠤᠨ ᠢ ᠳᠦᠯᠬᠢᠨ ᠠᠬᠢᠭᠤᠯᠤᠨ᠎ᠠ᠃ ᠨᠡᠶᠢᠭᠡᠮ ᠳᠤᠭᠤᠷᠢᠭ ᠎ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠦ᠂ ᠪᠠᠷᠰᠳᠦ ᠪᠤᠯᠤᠨ ᠭᠠᠨᠵᠤᠤᠷᠬᠤᠸᠠ ᠬᠤᠶᠠᠷ ᠨᠡᠶᠢᠭᠡᠮ ᠳᠤᠭᠤᠷᠢᠭ ᠢ ᠪᠠᠶᠢᠭᠤᠯᠵᠦ᠂ ᠰᠢᠯᠢᠨ ᠨᠡᠶᠢᠭᠡᠮ ᠳᠤᠭᠤᠷᠢᠭ ᠪᠤᠯᠤᠨ ᠡᠷᠳᠡᠨᠢᠠᠭᠤᠯᠠ ᠨᠡᠶᠢᠭᠡᠮ ᠳᠤᠭᠤᠷᠢᠭ ᠤᠨ ᠠᠵᠢᠯᠯᠠᠬᠤ ᠭᠠᠵᠠᠷ ᠢ ᠰᠢᠨ᠎ᠡ ᠪᠠᠷ ᠪᠠᠶᠢᠭᠤᠯᠤᠨ᠎ᠠ᠃ ᠤᠯᠠᠨ ᠳᠦᠮᠡᠨ ᠤ ᠵᠠᠬᠢᠳᠠᠯ ᠰᠤᠷᠪᠤᠯᠵᠢᠯᠠᠭ᠎ᠠ ᠶᠢ ᠴᠢᠬᠤᠯᠠᠴᠢᠯᠠᠨ ᠦᠵᠡᠵᠦ᠂ ᠠᠷᠠᠳ ᠤᠯᠠᠨ ᠤ ᠵᠦᠢ ᠵᠤᠬᠢᠰᠲᠠᠢ ᠵᠠᠷᠭᠤ ᠵᠠᠭᠠᠯᠳᠤᠯᠭ᠎ᠠ ᠶᠢ ᠳᠤᠬᠢᠷᠠᠮᠵᠢᠲᠠᠢ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢ ᠬᠤᠯᠪᠤᠭᠠᠯᠠᠨ ᠬᠦᠯᠢᠶᠡᠨ ᠠᠪᠬᠤ ᠶᠡᠭᠡ ᠲᠢᠩᠬᠢᠮ ᠢ ᠪᠠᠶᠢᠭᠤᠯᠵᠦ ᠳᠠᠭᠤᠰᠬᠠᠨ᠎ᠠ᠃ ᠠᠮᠤᠷ ᠳᠦᠪᠰᠢᠨ ᠦᠢᠯᠡᠳᠪᠦᠷᠢᠯᠠᠯ ᠤᠨ ᠬᠠᠷᠢᠭᠤᠴᠠᠯᠭ᠎ᠠ ᠶᠢ ᠴᠢᠩᠭᠠᠳᠬᠠᠵᠦ᠂ ᠤᠯᠠᠨ ᠨᠡᠶᠢᠳᠡ ᠶᠢᠨ ᠠᠮᠤᠷ ᠲᠦᠪᠰᠢᠨ ᠤ ᠰᠤᠷᠳᠠᠯ ᠤᠬᠠᠭᠤᠯᠭ᠎ᠠ ᠪᠤᠯᠤᠨ ᠪᠠᠴᠢᠮ ᠪᠠᠶᠢᠳᠠᠯ ᠢ ᠠᠷᠠᠭᠠᠴᠠᠬᠤ ᠪᠤᠯᠪᠠᠰᠤᠷᠠᠯ ᠰᠤᠷᠢᠯᠳᠠ ᠶᠢ ᠴᠢᠩᠭᠠᠳᠬᠠᠵᠦ᠂ ᠪᠠᠴᠢᠮ ᠪᠠᠶᠢᠳᠠᠯ ᠢ ᠠᠷᠠᠭᠠᠴᠠᠨ ᠰᠶᠢᠳᠪᠦᠷᠢᠯᠡᠬᠦ ᠴᠢᠳᠠᠪᠤᠷᠢ ᠶᠢ ᠲᠡᠭᠡᠭᠰᠢᠯᠡᠭᠦᠯᠤᠨ᠎ᠡ᠃ ᠬᠠᠤᠯᠢ ᠪᠠᠷ ᠬᠤᠰᠢᠭᠤ ᠪᠠᠨ ᠵᠠᠰᠠᠬᠤ ᠠᠬᠢᠴᠠ ᠶᠢ ᠲᠦᠷᠭᠡᠳᠭᠡᠵᠦ᠂ ︽ᠠᠮᠤᠷ ᠲᠦᠪᠰᠢᠨ ᠰᠢᠨ᠎ᠡ ᠪᠠᠷᠭᠤ ᠵᠡᠭᠦᠨ ᠬᠤᠰᠢᠭᠤ︾᠎ ᠶᠢ ᠡᠭᠦᠳᠤᠨ ᠪᠠᠶᠢᠭᠤᠯᠬᠤ ᠦᠷ᠎ᠡ ᠪᠦᠳᠤᠮᠵᠢ ᠶᠢ ᠪᠠᠬᠢᠵᠢᠭᠦᠯᠤᠨ᠂ ᠨᠡᠶᠢᠭᠡᠮ ᠤᠨ ᠠᠮᠤᠷᠯᠢᠩᠭᠤᠢ ᠶᠢ ᠶᠡᠷᠦᠩᠭᠡᠶᠢᠯᠡᠨ ᠵᠠᠰᠠᠬᠤ ᠶᠢ ᠴᠢᠩᠭᠠᠳᠬᠠᠨ᠂ ᠡᠯ᠎ᠡ ᠳᠦᠷᠦᠯ ᠤᠨ ᠶᠠᠯᠠᠳᠦ ᠠᠵᠢᠯᠯᠠᠭ᠎ᠠ ᠳᠤ ᠴᠤᠬᠢᠯᠳᠠ ᠦᠭᠭᠦᠨ᠎ᠡ᠃ ᠠᠷᠠᠳ ᠤᠨ ᠳᠦᠯᠤᠭᠡᠯᠡᠭᠴᠢᠳ ᠤᠨ ᠶᠡᠭᠡ ᠬᠤᠷᠠᠯ ᠵᠢᠴᠢ ᠳᠡᠭᠦᠨ ᠤ ᠪᠠᠶᠢᠩᠭᠤ ᠶᠢᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢ ᠳᠤᠭᠳᠠᠭᠠᠯ ᠢ ᠨᠠᠷᠢᠨ ᠬᠢᠨᠠᠮᠠᠭᠠᠢ ᠬᠡᠷᠡᠭᠵᠢᠭᠦᠯᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠤᠯᠤᠨ ᠤᠯᠤᠰ ᠲᠦᠷᠦ ᠶᠢᠨ ᠵᠦᠪᠯᠡᠯᠭᠡᠨ ᠤ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠨ᠎ᠡ᠃ ᠡᠯ᠎ᠡ ᠡᠳᠡᠭᠡᠳ ᠤᠨ ᠬᠦᠮᠤᠰ᠂ ᠡᠯ᠎ᠡ ᠠᠷᠠᠳ ᠤᠨ ᠪᠦᠯᠬᠦᠮ ᠤᠨ ᠰᠠᠨᠠᠯ ᠪᠠ ᠰᠠᠨᠠᠭᠤᠯᠭ᠎ᠠ ᠶᠢ ᠢᠳᠡᠪᠬᠢᠲᠠᠢ ᠬᠦᠯᠢᠶᠡᠨ᠎ᠡ᠃ ᠠᠵᠢᠯᠴᠢᠨ ᠤ ᠡᠪᠯᠡᠯ᠂ ᠵᠠᠯᠭᠤᠴᠤᠳ ᠤᠨ ᠡᠪᠯᠡᠯ᠂ ᠡᠮᠡᠭᠲᠠᠶᠢᠴᠤᠳ ᠤᠨ ᠬᠤᠯᠪᠤᠭ᠎ᠠ ᠵᠡᠷᠭᠡ ᠤᠯᠠᠨ ᠲᠦᠮᠡᠨᠴᠢ ᠵᠤᠬᠢᠶᠠᠨ ᠪᠠᠶᠢᠭᠤᠯᠤᠯᠲᠠ ᠶᠢᠨ ᠬᠠᠤᠯᠢ ᠶᠤᠰᠤᠭᠠᠷ ᠠᠵᠢᠯ ᠢᠶᠠᠨ ᠦᠷᠨᠢᠭᠦᠯᠬᠦ ᠶᠢ ᠲᠠᠮᠵᠢᠨ᠎ᠡ᠃ ᠨᠠᠮ ᠤᠨ ᠱᠠᠰᠢᠨ ᠰᠤᠷᠳᠠᠬᠤᠨ ᠎ ᠤ ᠠᠵᠢᠯ ᠤᠨ ᠴᠢᠭᠯᠡᠯᠳᠡ ᠶᠢ ᠪᠦᠬᠦ ᠲᠠᠯ᠎ᠠ ᠪᠠᠷ ᠲᠤᠤᠱᠯᠠᠭᠤᠯᠵᠦ᠂ ᠴᠡᠷᠢᠭ ᠴᠠᠭᠳᠠᠭ᠎ᠠ ᠠᠷᠠᠳ ᠤᠨ ᠬᠠᠮᠳᠤᠷᠠᠭᠰᠠᠨ ᠰᠡᠷᠭᠡᠶᠢᠯᠡᠨ ᠡᠵᠡᠮᠳᠡᠬᠦ ᠰᠢᠰᠲ᠋ᠧᠮ ᠢ ᠴᠢᠩᠭᠠᠳᠬᠠᠵᠦ᠂ ︽ᠬᠤᠶᠠᠷ ᠢ ᠬᠦᠷᠢᠶᠡᠯᠡᠬᠦ ᠬᠠᠮᠲᠤ ᠪᠠᠷ ᠪᠠᠶᠢᠭᠤᠯᠬᠤ ᠪᠠ ᠴᠠᠭᠳᠠᠭᠠᠨ ᠤ ᠬᠠᠷᠠᠭᠠᠯᠵᠠᠯᠠᠯ︾᠎ ᠤᠨ ᠠᠵᠢᠯ ᠢ ᠰᠠᠶᠢᠲᠤᠷ ᠬᠢᠵᠦ᠂ ᠴᠦᠬᠡᠨ ᠲᠤᠭᠠᠳᠦ ᠦᠨᠳᠦᠰᠤᠲᠠᠨ ᠤ ᠬᠢᠯᠢ ᠬᠢᠵᠠᠭᠠᠷ ᠤᠷᠤᠨ ᠤ ᠪᠦᠯᠬᠦᠮᠳᠡᠯ ᠲᠠᠢ᠂ ᠲᠤᠭᠳᠠᠭᠤᠨ᠂ ᠵᠤᠬᠢᠴᠠᠩᠭᠤᠢ ᠤᠬᠢ ᠰᠠᠶᠢᠨ ᠪᠠᠶᠢᠳᠠᠯ ᠢ ᠬᠠᠮᠠᠭᠠᠯᠠᠨ᠎ᠠ᠃ᠭᠤᠷᠪᠠ᠂ ᠵᠠᠰᠠᠭ  ᠤᠨ ᠤᠷᠳᠥᠨ  ᠤ ᠲᠣᠰ ᠪᠡᠶ᠎ᠡ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠨ᠎ᠠ ᠰᠢᠨ᠎ᠡ ᠨᠢᠭᠡ ᠬᠤᠭᠤᠴᠠᠭᠠᠨ ᠤ ᠠᠷᠠᠳ ᠤᠨ ᠵᠠᠰᠠᠭ ᠤᠨ ᠤᠷᠳᠥᠨ ︽ᠠᠷᠠᠳ ᠤᠨ ᠲᠥᠯᠥᠭᠡ ᠵᠠᠰᠠᠭ ᠪᠠᠷᠢᠵᠥ᠂ ᠠᠷᠠᠳ ᠤᠨ ᠲᠥᠯᠥᠭᠡ ᠵᠠᠰᠠᠭ ᠬᠠᠮᠢᠶᠠᠷᠬᠤ︾ ᠦᠵᠡᠯᠲᠡ ᠲᠠᠨᠢᠯᠲᠠ ᠶᠢ ᠵᠢᠷᠥᠮᠯᠠᠵᠥ᠂ ᠠᠷᠠᠳ ᠤᠯᠠᠨ ᠤ ᠭᠥᠴᠢᠷᠳᠠᠯ ᠎ ᠢ ᠴᠢᠷᠮᠠᠶᠢᠨ ᠰᠡᠶᠢᠳᠪᠥᠷᠢᠯᠡᠵᠥ᠂ ᠪᠤᠳᠠᠳᠥ ᠶᠠᠪᠥᠳᠠᠯ ᠬᠢᠵᠥ᠂ ᠨᠠᠮ ᠪᠠ ᠠᠷᠠᠳ ᠲᠦᠮᠡᠨ ᠠᠴᠠ ᠤᠯᠭᠤᠭᠰᠠᠨ ᠳᠠᠷᠬᠠᠨ ᠡᠭᠦᠷᠭᠡ ᠪᠠᠨ ᠰᠠᠶᠢᠲᠥᠷ ᠭᠥᠢᠴᠡᠳᠭᠡᠨ᠎ᠡ᠃ ᠠᠷᠢᠭᠤᠨ ᠴᠢᠭᠡᠴᠢ ᠪᠠᠷ ᠵᠠᠰᠠᠭ ᠪᠠᠷᠢᠬᠤ ᠶᠢ ᠪᠠᠷᠢᠮᠲᠠᠯᠠᠨ᠎ᠠ᠃ ᠢᠯᠵᠠᠷᠠᠨ ᠲᠤᠷᠤᠶᠢᠳᠠᠬᠤ ᠶᠢ ᠵᠠᠯᠬᠠᠭᠠᠨ ᠰᠢᠳᠭᠡᠭᠦ ᠪᠠ ᠤᠷᠢᠳᠴᠢᠯᠡᠨ ᠰᠡᠷᠭᠡᠶᠢᠯᠡᠭᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠳᠦᠷᠢᠮ ᠲᠤᠭᠲᠠᠭᠠᠯ ᠢᠶᠠᠷ ᠬᠥᠮᠥᠨ ᠂ ᠡᠷᠬᠡ᠂ ᠤᠴᠢᠷ ᠶᠠᠪᠥᠳᠠᠯ ᠢ ᠬᠠᠮᠢᠶᠠᠷᠬᠤ ᠶᠢ ᠪᠠᠷᠢᠮᠲᠠᠯᠠᠨ᠎ᠠ᠃ ᠢᠯᠡᠭᠦᠴᠡ ᠵᠠᠷᠥᠳᠠᠯ ᠢ ᠴᠢᠩᠭ᠎ᠠ ᠬᠢᠵᠨᠭᠠᠷᠯᠠᠵᠥ᠂ ᠠᠵᠢᠯᠴᠢ ᠠᠷᠪᠢᠴᠢ ᠪᠠᠷ ᠭᠠᠮᠨᠠᠨ ᠠᠷᠪᠢᠯᠠᠨ᠎ᠠ᠃ ᠭᠤᠤᠯᠲᠠᠯᠭ᠎ᠠ ᠲᠠᠢ ᠢᠨᠵᠧᠨᠧᠷᠢᠩ ᠪᠤᠯᠤᠨ ᠭᠤᠤᠯᠲᠠᠯᠭ᠎ᠠ ᠲᠠᠢ ᠬᠦᠷᠢᠶᠡᠨ ᠳᠠᠬᠢ ᠬᠢᠨᠠᠨ ᠪᠤᠳᠤᠵᠥ ᠬᠢᠨᠠᠯᠲᠠ ᠲᠠᠯᠪᠢᠬᠤ ᠪᠠ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠬᠥᠴᠤᠯᠡᠴᠡ ᠎ ᠪᠠᠨ ᠴᠢᠩᠭᠠᠳᠬᠠᠵᠥ᠂ ᠠᠷᠠᠳ ᠲᠦᠮᠡᠨ ᠤ ᠠᠰᠢᠭ ᠲᠤᠰᠠ ᠶᠢᠨ ᠲᠥᠯᠥᠭᠡ ᠤᠶᠥᠨ ᠤᠬᠠᠭᠠᠨ ᠢᠶᠠᠨ ᠰᠢᠪᠬᠠᠵᠤ᠂ ᠡᠳ᠋ ᠤᠨ ᠬᠥᠴᠥᠨ ᠢᠶᠠᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠵᠤᠷᠢᠭᠤᠯᠤᠨ᠎ᠠ᠃ ᠥᠨᠳᠥᠷ ᠪᠥᠲᠥᠮᠵᠢᠲᠠᠢ ᠪᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ᠦᠨᠳᠥᠰᠥᠨ ᠱᠠᠲᠥᠨ ᠳᠤ ᠦᠢᠯᠡᠴᠢᠯᠡᠵᠦ᠂ ᠠᠵᠥ ᠠᠬᠤᠶᠢᠯᠠᠯ ᠳᠤ ᠦᠢᠯᠡᠴᠢᠯᠡᠵᠤ᠂ ᠤᠯᠠᠨ ᠲᠦᠮᠡᠨ ᠳᠤ ᠦᠢᠯᠡᠴᠢᠯᠡᠬᠦ ᠦᠵᠡᠯᠲᠡ ᠲᠠᠨᠢᠯᠲᠠ ᠪᠠᠨ ᠨᠡᠮᠡᠭᠳᠡᠭᠦᠯᠵᠥ ᠂ ᠶᠤᠰᠥ ᠰᠤᠷᠲᠠᠬᠤᠨ᠂ ᠥᠭᠡ ᠶᠠᠷᠢᠶ᠎ᠠ᠂ ᠦᠢᠯᠡ ᠠᠵᠢᠯᠯᠠᠭ᠎ᠠ ᠳᠠᠭᠠᠨ ᠬᠠᠷᠢᠭᠤᠴᠠᠬᠤ᠂ ᠵᠤᠷᠢᠭᠲᠠᠢ ᠪᠠᠷ ᠵᠠᠷᠴᠢᠮ ᠢ ᠪᠠᠷᠢᠮᠲᠠᠯᠠᠵᠤ᠂ ᠵᠤᠷᠢᠭᠲᠠᠢ ᠪᠠᠷ ᠦᠨᠡᠨ ᠦᠭᠡ ᠬᠡᠯᠡᠬᠦ᠂ ᠵᠤᠷᠢᠭᠲᠠᠢ ᠪᠠᠷ ᠠᠶᠥᠯ ᠲᠥᠭᠰᠢᠭᠦᠷᠢ ᠶᠢ ᠡᠭᠦᠷᠭᠡᠯᠡᠬᠦ᠂ ᠪᠠᠶᠢᠴᠠᠭᠠᠨ ᠰᠤᠳᠤᠯᠤᠯᠲᠠ ᠶᠢ ᠶᠡᠬᠡᠪᠡᠷ ᠬᠢᠭᠦ᠂ ᠤᠯᠠᠨ ᠲᠥᠮᠡᠨ ᠲᠠᠢ ᠨᠢᠭᠲᠠ ᠬᠠᠷᠢᠴᠠᠵᠥ᠂ ᠠᠷᠠᠳ ᠲᠤ ᠠᠮᠠᠯᠳᠠᠭᠰᠠᠨ ᠤᠴᠢᠷ ᠶᠠᠪᠥᠳᠠᠯ ᠢᠶᠠᠨ ᠡᠷᠬᠡᠪᠰᠢ ᠭᠥᠢᠴᠳᠬᠡᠵᠥ᠂ ᠠᠷᠠᠳ ᠤᠨ ᠢᠲᠡᠭᠡᠯ ᠬᠥᠨᠳᠥ ᠶᠢ ᠤᠯᠠᠬᠤ ᠬᠡᠷᠡᠭᠲᠠᠢ᠃ ᠠᠯᠢᠪᠠ ᠪᠤᠳᠤᠯ ᠰᠡᠳᠭᠢᠴᠡ ᠪᠠᠨ ᠭᠥᠭᠵᠢᠭᠦᠯᠬᠦ ᠳᠡᠭᠡᠷ᠎ᠡ ᠲᠠᠯᠪᠢᠵᠥ᠂ ᠪᠥᠭᠦ ᠬᠦᠴᠦᠨ ᠴᠢᠳᠠᠯ ᠢᠶᠠᠨ ᠪᠤᠳᠠᠲᠠᠢ ᠠᠵᠢᠯᠯᠠᠭ᠎ᠠ ᠳᠡᠭᠡᠷ᠎ᠡ ᠨᠢᠭᠡᠳᠥᠭᠦᠯᠵᠥ᠂ ᠵᠤᠷᠢᠭᠲᠠᠢ ᠪᠠᠷ ᠤᠴᠢᠷ ᠶᠠᠪᠤᠳᠠᠯ ᠢ ᠪᠦᠲᠥᠭᠡᠭᠦ᠂ ᠵᠤᠷᠢᠭᠲᠠᠢ ᠪᠠᠷ ᠰᠢᠨ᠎ᠡ ᠠᠷᠭ᠎ᠠ ᠵᠠᠮ ᠢ ᠡᠷᠢᠯᠬᠢᠯᠡᠭᠦ ᠤᠷᠮ᠎ᠠ ᠵᠤᠷᠢᠭ ᠢ ᠪᠤᠢ ᠪᠤᠯᠭᠠᠬᠤ ᠬᠡᠷᠡᠭᠲᠠᠢ᠃ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ᠵᠠᠰᠠᠭ ᠤᠨ ᠤᠷᠳᠤᠨ ᠤ ᠠᠵᠢᠯ ᠢ ᠳᠥᠷᠢᠮᠵᠢᠭᠦᠯᠬᠦ᠂ ᠬᠠᠤᠯᠢ ᠳᠦᠷᠢᠮᠵᠢᠯᠲᠡ ᠶᠢᠨ ᠬᠢᠷᠢ ᠲᠥᠪᠰᠢᠨ ᠢ ᠴᠢᠷᠮᠠᠶᠢᠨ ᠳᠡᠭᠡᠭᠰᠢᠯᠡᠭᠦᠯᠵᠥ ᠢᠳᠡᠪᠬᠢᠲᠠᠢ ᠪᠠᠷ ᠨᠡᠶᠢᠭᠡᠮ ᠤᠨ ᠶᠠᠷᠢᠶ᠎ᠠ ᠬᠡᠯᠡᠯᠴᠡᠭᠡ ᠪᠠ ᠬᠢᠨᠠᠯᠲᠠ ᠲᠠᠯᠪᠢᠯᠲᠠ ᠶᠢ ᠬᠥᠯᠢᠶᠡᠨ᠎ᠡ᠃ ᠰᠢᠨᠵᠢᠯᠡᠬᠦ ᠤᠬᠠᠭᠠᠨᠴᠢ ᠪᠠᠷ ᠠᠷᠠᠳᠴᠢᠯᠠᠯᠲᠦ ᠰᠢᠢᠳᠪᠥᠷᠢ ᠲᠤᠭᠳᠠᠭᠠᠬᠤ ᠶᠢ ᠪᠠᠷᠢᠮᠲᠠᠯᠠᠨ᠂ ᠬᠠᠮᠲᠥ ᠪᠠᠷ ᠪᠠᠳᠤᠯᠠᠨ ᠲᠤᠭᠳᠠᠭᠠᠬᠤ ᠠᠯᠬᠤᠮ ᠳᠠᠷᠠᠭ᠎ᠠ ᠶᠢ ᠬᠡᠷᠡᠭᠵᠢᠭᠦᠯᠵᠥ᠂ ᠡᠯ᠎ᠡ ᠰᠢᠢᠳᠪᠥᠷᠢᠲᠥ ᠪᠤᠳᠤᠯᠭ᠎ᠠ ᠶᠢ ᠠᠷᠠᠳ ᠤᠨ ᠰᠠᠨᠠᠭᠠᠨ ᠳᠤ ᠨᠡᠶᠢᠴᠡᠭᠦᠯᠭᠦ ᠶᠢ ᠪᠠᠲᠥᠯᠠᠵᠥ᠂ ᠤᠶᠢᠯᠡᠲᠥᠯᠭᠡ ᠪᠠ ᠲᠡᠤᠬᠡ ᠎ ᠶᠢᠨ ᠰᠢᠯᠭᠠᠯᠲᠠ ᠶᠢ ᠬᠦᠯᠢᠶᠡᠨ᠎ᠡ᠃ ᠢᠯᠠ ᠲᠤᠳᠥ ᠵᠠᠰᠠᠭ ᠪᠠᠷᠢᠬᠤ ᠶᠢ ᠪᠠᠷᠢᠮᠲᠠᠯᠠᠨ᠎ᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠭᠦ ᠳᠥᠷᠢᠮ ᠤᠨ ᠥᠭᠡᠷᠡᠴᠢᠯᠡᠯᠲᠡ ᠶᠢ ᠭᠥᠨᠵᠡᠭᠡᠶᠢᠷᠡᠭᠦᠯᠵᠥ᠂ ᠵᠠᠰᠠᠭ ᠤᠨ ᠶᠠᠪᠤᠳᠠᠯ ᠢ ᠢᠯᠠ ᠪᠤᠯᠭᠠᠬᠤ ᠬᠥᠷᠢᠶ᠎ᠡ ᠬᠡᠪᠴᠢᠶ᠎ᠡ ᠶᠢ ᠦᠷᠭᠡᠳᠬᠡᠨ᠂ ᠵᠠᠰᠠᠭ ᠤᠨ ᠶᠠᠪᠤᠳᠠᠯ ᠢ ᠤᠯᠠᠨ ᠳᠤ ᠨᠡᠶᠢᠲᠡᠯᠡᠬᠦ ᠳᠦᠷᠢᠮ ᠢ ᠴᠢᠩᠭ᠎ᠠ ᠬᠡᠷᠡᠭᠵᠢᠭᠦᠯᠵᠥ᠂ ᠵᠠᠰᠠᠭ ᠤᠨ ᠤᠷᠳᠤᠨ ᠤ ᠠᠵᠢᠯ ᠤᠨ ᠢᠯᠠ ᠲᠤᠳᠥ ᠴᠢᠨᠠᠷ ᠢ ᠳᠡᠭᠡᠭᠰᠢᠯᠡᠭᠦᠯᠵᠥ᠂ ᠡᠷᠬᠡ ᠶᠢ ᠢᠮᠠᠭᠲᠠ ᠢᠯᠠ ᠲᠤᠳᠥ ᠪᠠᠶᠢᠯᠭᠠᠵᠥ᠂ ᠵᠠᠰᠠᠭ ᠤᠨ ᠤᠷᠳᠥᠨ ᠤ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠥᠢᠴᠡᠳᠬᠡᠨ᠂ ᠠᠷᠠᠳ ᠲᠦᠮᠡᠨ ᠬᠠᠨᠤᠮᠵᠢᠲᠠᠢ ᠪᠠᠶᠢᠬᠤ ᠶᠢ ᠪᠠᠳᠤᠯᠠᠨ᠎ᠠ᠃ ᠲᠥᠯᠥᠭᠡᠯᠡᠭᠴᠢᠳ ᠡ︕ ᠰᠢᠷᠭᠠᠭᠤ ᠬᠠᠲᠠᠭᠤᠵᠢᠯᠲᠠᠢ ᠪᠠᠷ ᠠᠵᠢᠯᠯᠠᠵᠤ᠂ ᠬᠤᠭᠤᠰᠤᠨ ᠦᠭᠡ ᠶᠡᠷᠢᠬᠤ ᠥᠭᠡᠢ᠂ ᠯᠠᠪᠳᠠᠭᠤᠨ ᠪᠠᠲᠤᠲᠠᠢ ᠠᠵᠢᠯᠯᠠᠳᠠᠭ ᠯᠡ ᠶᠤᠮ ᠪᠤᠯ ᠦᠭᠡᠳᠡᠯᠡᠨ ᠳᠠᠪᠰᠢᠬᠤ ᠨᠢ ᠯᠠᠪᠲᠠᠢ᠂ ᠪᠢᠳᠡ ᠬᠤᠲᠠ ᠶᠢᠨ ᠨᠠᠮ ᠎ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ ᠬᠤᠰᠢᠭᠤ ᠨᠠᠮ ᠤᠨ ᠬᠤᠷᠢᠶᠠᠨ ᠤ ᠪᠠᠲᠦ ᠴᠢᠩᠭ᠎ᠠ ᠤᠳᠤᠷᠢᠳᠤᠯᠭ᠎ᠠ ᠎ ᠶᠢᠨ ᠳᠤᠤᠷ᠎ᠠ᠂ ᠪᠥᠭᠦ ᠬᠤᠰᠢᠭᠤᠨ ᠤ ᠡᠯ᠎ᠡ ᠦᠨᠳᠥᠰᠥᠲᠡᠨ ᠤ ᠠᠷᠠᠳ ᠲᠦᠮᠡᠨ ᠢ ᠲᠦᠰᠢᠭᠯᠡᠵᠤ᠂ ᠬᠦᠴᠦᠨ ᠵᠤᠷᠢᠭ ᠎ ᠢᠶᠠᠨ ᠨᠢᠭᠡᠳᠬᠡᠵᠥ᠂ ᠯᠠᠪᠳᠠᠭᠤᠨ ᠪᠠᠲᠥᠲᠠᠢ ᠠᠵᠢᠯᠯᠠᠵᠥ᠂ ᠦᠵᠡᠰᠭᠦᠯᠡᠩᠲᠥ ᠰᠠᠶᠢᠬᠠᠨ ᠪᠠᠶᠠᠨ ᠬᠥᠴᠥᠷᠬᠡᠭ᠂ ᠪᠤᠯᠪᠠᠰᠤᠨ᠂ ᠵᠤᠯ ᠵᠢᠷᠭᠠᠯᠲᠠᠢ ᠰᠢᠨ᠎ᠡ ᠪᠠᠷᠭᠤ ᠵᠡᠭᠦᠨ ᠬᠤᠰᠢᠭᠤ ᠶᠢ ᠪᠥᠲᠥᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠭᠡᠵᠡᠭᠡᠶ᠎ᠡ︕
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号