2014 ᠣᠨ ᠤ ᠵᠠᠰᠠᠭ ᠎ ᠤᠨ  ᠣᠷᠳᠣᠨ ᠎ ᠤ  ᠠᠵᠢᠯ ᠎ ᠤᠨ  ᠢᠯᠡᠳᠬᠡᠯ
ᠨᠡᠶᠢᠲᠡᠯᠡᠭᠰᠡᠨ ᠴᠠᠭ᠄
2017-07-25
ᠰᠢᠨ᠎ᠡ ᠪᠡᠷᠭᠤ ᠵᠡᠬᠦᠨ ᠬᠤᠰᠢᠭᠤᠨ ᠤ ᠠᠷᠪᠡᠨ ᠲᠦᠷᠪᠡᠳᠤᠭᠡᠷ ᠬᠤᠭᠤᠴᠠᠭᠠᠨ ᠤ ᠠᠷᠡᠳ ᠤᠨ ᠲᠦᠯᠤᠭᠡᠯᠡᠭᠴᠢᠳ ᠤᠨ ᠶᠡᠭᠡ  ᠬᠤᠷᠡᠯ  ᠎ ᠤᠨ  ᠭᠤᠷᠪᠡᠳᠤᠭᠠᠷ ᠤᠳᠠᠭᠠᠨ  ᠎ ᠤ  ᠬᠤᠷᠡᠯ  ᠎ ᠤᠨ  ᠪᠢᠴᠢᠭ ᠮᠡᠲ᠋ᠧᠷᠢᠶᠡᠯ ︵ ᠠᠷᠪᠡᠨ  ᠬᠤᠶᠡᠷ  ︶                     ᠵᠠᠰᠠᠭ  ᠎ ᠤᠨ  ᠣᠷᠳᠣᠨ  ᠎ ᠤ  ᠠᠵᠢᠯ  ᠎ ᠤᠨ  ᠢᠯᠡᠳᠬᠡᠯ                                           — —  2014 ᠤᠨ ᠤ 3 ᠰᠡᠷ᠎ᠡ ᠶᠢᠨ 5᠎ ᠤ ᠡᠳᠤᠷ ᠰᠢᠨ᠎ᠡ ᠪᠡᠷᠭᠤ ᠵᠡᠬᠦᠨ ᠬᠤᠰᠢᠭᠤᠨ ᠤ  ᠠᠷᠪᠡᠨ ᠲᠦᠷᠪᠡᠳᠤᠭᠡᠷ                                           ᠬᠤᠭᠤᠴᠠᠭᠠᠨ ᠤ ᠠᠷᠡᠳ ᠤᠨ ᠲᠦᠯᠤᠭᠡᠯᠡᠭᠴᠢᠳ ᠤᠨ ᠶᠡᠭᠡ ᠬᠤᠷᠡᠯ ᠤᠨ ᠭᠤᠷᠪᠡᠳᠤᠭᠠᠷ ᠤᠳᠠᠭᠠᠨ ᠤ ᠬᠤᠷᠡᠯ ᠲᠡᠭᠡᠷ᠎ᠡ                                                           ᠠᠷᠡᠳ ᠤᠨ ᠵᠠᠰᠠᠭ ᠤᠨ ᠤᠷᠳᠤᠨ ᠤ ᠬᠤᠰᠢᠭᠤᠨ ᠲᠠᠷᠤᠭ᠎ᠠ  ᠡᠤ ᠬᠠᠢ ᠳ᠋ᠦᠡᠭᠲᠥᠯᠥᠭᠡᠯᠡᠭᠴᠢᠳ ᠡ᠄ᠣᠳᠣ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠣᠨ ᠬᠤᠷᠠᠯ ᠳᠤ ᠰᠤᠯᠠ ᠤᠷᠤᠯᠴᠠᠭᠰᠡᠳ ᠰᠠᠨᠠᠯ ᠢᠶᠠᠨ ᠳᠤᠷᠠᠳᠬᠤ ᠪᠤᠯᠪᠠᠤ᠃ᠨᠢᠭᠡ᠄  2013 ᠣᠨ ᠤ ᠠᠵᠢᠯ ᠤᠨ ᠡᠷᠭᠢᠴᠡᠭᠦᠯᠦᠯᠥᠩᠭᠡᠷᠡᠭᠰᠡᠨ ᠨᠢᠭᠡ ᠵᠢᠯ ᠪᠣᠯ ᠮᠠᠨ ᠤ ᠬᠤᠰᠢᠭᠤ ᠬᠦᠴᠢᠷ ᠪᠡᠷᠭᠡᠰᠢᠶᠡᠯ ᠲᠠᠢ ᠲᠠᠮᠠᠴᠡᠵᠦ᠂ ᠰᠢᠯᠭᠠᠯᠳᠡ ᠶᠢ ᠲᠠᠪᠠᠭᠰᠠᠨ ᠨᠢᠭᠡ ᠵᠢᠯ ᠪᠣᠯᠣᠨ᠎ᠠ᠃ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠰᠢᠭᠤ ᠨᠠᠮ ᠤᠨ ᠬᠤᠷᠢᠶᠠᠨ ᠤ ᠵᠥᠪ ᠤᠨᠤᠪᠴᠢᠳᠠᠢ ᠤᠳᠤᠷᠢᠳᠤᠯᠭ᠎ᠠ ᠳᠣᠣᠷ᠎ᠠ᠂ ᠪᠦᠬᠦ ᠬᠤᠰᠢᠭᠤᠨ ᠤ ᠡᠯ᠎ᠡ ᠦᠨᠳᠤᠰᠤᠳᠡᠨ ᠤ ᠠᠷᠡᠳ ᠲᠦᠮᠡᠨ ᠢ ᠲᠠᠶᠢᠴᠢᠯᠡᠨ  ᠪᠦᠯᠬᠦᠮᠳᠡᠬᠦᠯᠵᠦ᠂ ᠬᠤᠰᠢᠭᠤ ᠰᠢᠶᠡᠨ ᠤ ᠠᠵᠦ ᠠᠬᠤᠢ ᠶᠢ ᠪᠤᠵᠠᠭᠠᠶᠢᠷᠠᠭᠤᠯᠤᠨ ᠬᠦᠴᠤᠷᠭᠡᠭᠵᠢᠬᠦᠯᠬᠦ ᠠᠷᠭ᠎ᠠ ᠪᠤᠳᠤᠯᠭ᠎ᠠ ᠶᠢ ᠪᠦᠬᠦ ᠲᠡᠯ᠎ᠡ ᠪᠠᠷ ᠲᠤᠥᠱᠯᠠᠭᠤᠯᠤᠨ ᠨᠠᠶᠢᠳᠡᠪᠤᠷᠢᠵᠢᠭᠤᠯᠵᠦ᠂ ᠬᠤᠷᠸ᠎ᠠ ᠠᠵᠦ ᠠᠬᠤᠢ ᠶᠢᠨ ᠪᠠᠭᠤᠷᠡᠯᠳᠡ ᠶᠢᠨ ᠨᠦᠯᠤᠭᠡᠯᠡᠯ ᠢ ᠪᠦᠳᠤᠮᠵᠢᠳᠠᠢ ᠲᠡᠪᠴᠢᠵᠦ᠂ ᠡᠯ᠎ᠡ ᠵᠦᠢᠯ ᠤᠨ ᠦᠷᠢᠰᠤᠯᠳᠤᠭᠡᠨ ᠎ ᠢ ᠢᠯᠡᠨ ᠲᠡᠪᠡᠵᠦ᠂ ᠠᠵᠤ ᠠᠬᠤᠢ ᠨᠡᠶᠢᠭᠡᠮ ᠲᠣᠭᠲᠠᠭᠤᠨ ᠢᠶᠠᠷ ᠤᠷᠤᠭᠰᠢᠯᠡᠨ ᠲᠠᠪᠰᠢᠬᠤ ᠪᠡ ᠨᠡᠩ ᠰᠠᠶᠢᠨ ᠬᠦᠭᠵᠢᠬᠦ ᠬᠠᠨᠳᠤᠰᠢ ᠶᠢ ᠪᠠᠳᠤᠯᠡᠪᠡ᠃ ᠪᠦᠬᠦ ᠬᠤᠰᠢᠭᠤᠨ ᠤ ᠭᠠᠵᠡᠷ ᠤᠷᠤᠨ ᠤ ᠤᠶᠢᠯᠡᠳᠪᠤᠷᠢᠯᠡᠯ ᠤᠨ ᠶᠡᠷᠤᠩᠭᠡᠢ ᠦᠷᠳᠡᠭ ᠢ 32.8 ᠳ᠋ᠦᠡᠭᠰᠢᠭᠤᠷ ᠲᠦᠬᠦᠷᠢᠭ ᠪᠡᠶᠡᠯᠡᠬᠦᠯᠵᠦ᠂ ᠠᠳᠠᠯᠢ ᠬᠤᠭᠤᠴᠠᠭᠠᠨ ᠤ ᠬᠢ ᠠᠴᠠ 1.8% ᠨᠡᠮᠡᠭᠳᠡᠪᠡ᠃ ᠡᠬᠦᠨ ᠳᠤ᠂ ᠨᠢᠭᠡᠳᠤᠭᠡᠷ ᠠᠵᠦ ᠤᠶᠢᠯᠡᠰ ᠤᠨ ᠨᠡᠮᠡᠭᠳᠡᠯ ᠦᠷᠳᠡᠭ ᠢ 7 ᠳ᠋ᠦᠡᠭᠰᠢᠭᠤᠷ ᠲᠦᠬᠦᠷᠢᠭ ᠪᠡᠶᠡᠯᠡᠬᠦᠯᠵᠦ᠂ ᠠᠳᠠᠯᠢ ᠬᠤᠭᠤᠴᠠᠭᠠᠨ ᠤ ᠬᠢ ᠠᠴᠠ 4.6% ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠢ 16.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 0.1% ᠨᠡᠮᠡᠭᠳᠡᠪᠡ︔ ᠭᠤᠷᠪᠡᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 9.4 ᠳ᠋ᠦᠩᠰᠢᠭᠤᠷ ᠲᠥᠭᠦᠷᠢᠭ ᠲᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 2.4 % ᠨᠡᠮᠡᠭᠳᠡᠪᠡ᠃ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠎ ᠶᠢᠨ ᠪᠡᠯᠡ ᠣᠷᠤᠭᠤᠯᠤᠯᠲᠠ 20.3 ᠳ᠋ᠦᠩᠰᠢᠭᠤᠷ ᠲᠥᠭᠦᠷᠢᠭ ᠲᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 39.2% ᠪᠠᠭᠤᠷᠡᠪᠡ᠃ ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠲᠤᠭ᠎ᠠ 5.3 ᠳ᠋ᠦᠩᠰᠢᠭᠤᠷ ᠲᠥᠭᠦᠷᠢᠭ ᠲᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 12.6% ᠨᠡᠮᠡᠭᠳᠡᠪᠡ᠃ ᠣᠷᠣᠨ ᠨᠤᠳᠤᠭ ᠤᠨ ᠡᠳ᠋ ᠤᠨ ᠵᠠᠰᠠᠭ ᠤᠨ ᠣᠷᠣᠯᠭ᠎ᠠ 2.4 ᠳ᠋ᠦᠩᠰᠢᠭᠤᠷ ᠲᠥᠭᠦᠷᠢᠭ ᠲᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 24% ᠪᠠᠭᠤᠷᠡᠪᠡ᠃ ᠣᠷᠣᠨ ᠨᠤᠳᠤᠭ ᠤᠨ ᠡᠳ᠋ ᠤᠨ ᠵᠠᠰᠠᠭ ᠤᠨ ᠶᠡᠷᠦᠩᠬᠡᠢ ᠵᠠᠷᠤᠯᠭ᠎ᠠ 8.7 ᠳ᠋ᠦᠩᠰᠢᠭᠤᠷ ᠲᠥᠭᠦᠷᠢᠭ ᠲᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 5% ᠨᠡᠮᠡᠭᠳᠡᠪᠡ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠲᠤᠮᠳᠡᠴᠢ ᠪᠠᠷ ᠡᠵᠡᠮᠳᠡᠵᠦ ᠪᠤᠯᠬᠤ ᠣᠷᠣᠯᠭ᠎ᠠ ᠪᠣᠯᠣᠨ ᠮᠠᠯᠴᠢᠳ ᠤᠨ ᠲᠡᠭᠰᠢᠳᠭᠡᠭᠰᠡᠨ ᠴᠠᠪᠡᠷ ᠣᠷᠣᠯᠭ᠎ᠠ ᠨᠢ 17980 ᠲᠥᠭᠦᠷᠢᠭ ᠪᠣᠯᠣᠨ 14310 ᠲᠥᠭᠦᠷᠢᠭ ᠲᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 7.8% ᠪᠣᠯᠣᠨ 14.8%᠎ ᠪᠠᠷ ᠨᠡᠮᠡᠭᠳᠡᠪᠡ᠃ᠡᠬᠢ ᠪᠠᠶᠠᠯᠢᠭ ᠢ ᠨᠡᠭᠡᠭᠡᠨ ᠬᠦᠭᠵᠢᠬᠦᠯᠬᠦ ᠠᠬᠢᠴᠡ ᠪᠠᠨ ᠲᠦᠷᠭᠡᠳᠭᠡᠪᠡ᠃ ᠠᠮᠢ ᠠᠬᠤᠢ ᠶᠢ ᠬᠠᠮᠠᠭᠠᠯᠠᠬᠤ᠂ ᠭᠠᠵᠡᠷ ᠤᠷᠤᠨ ᠤ ᠬᠠᠮᠳᠤᠷᠡᠯᠴᠠᠭ᠎ᠠ ᠪᠡ ᠲᠠᠪᠠᠭᠤᠯᠢᠭ ᠠᠵᠦ ᠤᠶᠢᠯᠡᠰ ᠢ  ᠬᠦᠭᠵᠢᠬᠦᠯᠬᠦ ᠶᠢ ᠨᠢᠭᠡᠳᠤᠯᠳᠠᠢ ᠲᠦᠯᠤᠪᠵᠢᠬᠦᠯᠤᠨ᠂ ᠠᠵᠤ ᠦᠢᠯᠡᠳᠪᠦᠷᠢ ᠶᠢᠨ ᠲᠤᠭᠤᠷᠢᠭ ᠢ ᠰᠢᠨ᠎ᠡ ᠪᠠᠷ ᠰᠤᠩᠭᠤᠨ ᠪᠠᠶᠢᠷᠢᠯᠠᠭᠤᠯᠵᠦ᠂ ᠲᠤᠮᠳᠠᠳᠤ ᠮᠤᠩᠭᠤᠯ ᠤᠨ ᠠᠵᠦ ᠠᠬᠤᠢ ᠶᠢᠨ ᠮᠡᠷᠭᠡᠵᠢᠯ ᠤᠨ ᠬᠠᠮᠳᠤᠷᠡᠯᠴᠠᠭᠠᠨ ᠤ ᠤᠷᠤᠨ ᠪᠤᠯᠭᠠᠨ ᠬᠠᠯᠠᠨ ᠨᠡᠷᠡᠶᠢᠳᠬᠦ ᠶᠢᠨ ᠵᠡᠷᠭᠡᠪᠡᠷ ᠬᠤᠳᠡ ᠬᠤᠰᠢᠭᠤ ᠬᠠᠮᠳᠤᠪᠡᠷ ᠪᠠᠶᠢᠭᠤᠯᠬᠤ ᠬᠡᠯᠡᠯᠴᠡᠭᠡᠷ ᠲᠤᠭᠳᠠᠵᠦ᠂ ᠠᠵᠦ ᠤᠶᠢᠯᠡᠰ ᠤᠨ ᠪᠠᠶᠢᠷᠢᠯᠠᠭᠤᠯᠤᠯᠳᠡ ᠶᠢ ᠲᠡᠰ ᠲᠠᠷᠠᠭ᠎ᠠ ᠲᠠᠢ ᠡᠬᠢᠯᠡᠬᠦᠯᠪᠡ᠃ ᠦ᠋ ᠢ ᠮᠠᠯᠵᠢᠯ ᠤᠨ ᠲᠠᠯᠠᠪᠠᠢ ᠶᠢᠨ ᠨᠡᠬᠦᠷᠡᠰᠤᠨ ᠠᠭᠤᠷᠬᠠᠢ ᠪᠣᠯᠣᠨ ᠴᠠᠭᠠᠨ ᠤ ᠬᠤᠶᠢᠳᠤ ᠬᠡᠰᠡᠭ ᠤᠨ ᠨᠡᠭᠦᠷᠡᠰᠦᠨ ᠠᠭᠤᠷᠬᠠᠢ ᠶᠢᠨ ᠶᠡᠷᠦᠩᠬᠡᠢ ᠲᠦᠯᠦᠪᠵᠢᠭᠦᠯᠭᠡ ᠶᠢ ᠣᠯᠣᠰ ᠤᠨ ᠬᠦᠭᠵᠢᠬᠦᠯᠤᠯᠳᠡ ᠥᠭᠡᠷᠡᠴᠢᠯᠡᠯᠲᠡ ᠶᠢᠨ ᠵᠦᠪᠯᠡᠯ ᠳᠤ ᠮᠡᠳᠡᠬᠦᠯᠵᠦ ᠬᠢᠨᠡᠨ ᠵᠦᠪᠰᠢᠶᠡᠷᠡᠬᠦᠯᠵᠦ ᠪᠣᠢ᠂ ᠬᠤᠸ᠋ᠨ ᠨᠸᠡᠭ ᠲᠢᠶᠧ ᠨᠡᠨ ᠨᠡᠬᠦᠷᠡᠰᠤᠨ ᠠᠭᠤᠷᠬᠠᠢ ᠶᠢᠨ ᠲᠦᠷᠤᠯ ᠵᠤᠶᠢᠯ ᠢ ᠤᠯᠤᠰ ᠤᠨ ᠨᠡᠬᠦᠷᠡᠰᠤᠨ ᠠᠭᠤᠷᠬᠠᠢ ᠶᠢᠨ ᠨᠡᠭᠡᠭᠡᠨ ᠬᠦᠭᠵᠢᠬᠦᠯᠬᠦ ᠠᠷᠪᠡᠨ ᠬᠤᠶᠡᠳᠤᠭᠠᠷ ᠲᠠᠪᠤᠨ ᠵᠢᠯ ᠤᠨ ᠲᠦᠯᠤᠪᠵᠢᠬᠦᠯᠭᠡ ᠶᠢᠨ ᠨᠦᠬᠦᠪᠤᠷᠢᠯᠡᠬᠦ ᠲᠦᠷᠤᠯ ᠳᠤ ᠤᠷᠤᠭᠤᠯᠤᠨ᠂ 11.7 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠦ᠂ 12 ᠲᠦᠷᠦᠯ ᠤᠨ ᠭᠤᠣᠯᠳᠠᠯᠭ᠎ᠠ ᠲᠠᠢ ᠠᠵᠦ ᠦᠢᠯᠡᠳᠪᠦᠷᠢ ᠎ ᠶᠢᠨ ᠲᠦᠷᠦᠯ ᠵᠦᠢᠯ ᠢ ᠬᠡᠷᠡᠭᠵᠢᠬᠦᠯᠵᠠᠢ᠃ ᠴᠢᠯᠠᠭᠤᠨ ᠲᠣᠰᠣᠨ ᠤ ᠭᠠᠷᠣᠯᠲᠠ ᠶᠢᠨ ᠬᠡᠮᠵᠢᠶ᠎ᠡ 5 ᠲᠦᠮᠡᠨ ᠲᠣᠨ ᠪᠠᠶᠢᠵᠦ᠂ ᠰᠠᠯᠬᠢᠨ ᠬᠦᠴᠤᠨ ᠢᠶᠠᠷ ᠴᠠᠬᠢᠯᠭᠠᠨ ᠭᠠᠷᠭᠠᠭᠰᠠᠨ ᠶᠡᠷᠤᠩᠭᠡᠢ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠎ ᠠᠴᠠ 41%᠎ ᠪᠠᠷ ᠨᠡᠮᠡᠭᠳᠡᠵᠦ᠂ 7200 ᠲᠦᠮᠡᠨ ᠺᠢᠯᠤᠸᠡᠲ ᠴᠠᠭ ᠬᠦᠷᠴᠠᠢ᠃ ᠲᠤᠮᠳᠠᠳᠤ ᠮᠤᠩᠭᠤᠯ ᠤᠨ ᠬᠢᠯᠢ ᠠᠯᠤᠰᠯᠠᠭᠰᠠᠨ ᠠᠵᠦ ᠠᠬᠤᠢ ᠶᠢᠨ ᠬᠠᠮᠳᠤᠷᠠᠯᠴᠠᠭᠠᠨ ᠤ ᠤᠷᠤᠨ ᠤ ᠲᠦᠷᠤᠯ ᠵᠤᠶᠢᠯ ᠢ ᠪᠦᠬᠦ ᠬᠤᠳᠡ ᠶᠢᠨ ᠭᠤᠥᠯᠳᠠᠯᠭ᠎ᠠ ᠲᠠᠢ ᠠᠵᠢᠯ ᠳᠤ ᠤᠷᠤᠭᠤᠯᠤᠨ᠂ ᠡᠪᠤᠳᠤᠭ᠌ ᠪᠣᠭᠤᠮᠲᠠ ᠨᠢ ᠣᠯᠣᠰ ᠤᠨ ᠡᠷᠡᠭᠦᠯ ᠬᠠᠮᠠᠭᠠᠯᠠᠯ ᠤᠨ ᠬᠢᠵᠢᠭ ᠢ ᠰᠡᠷᠭᠡᠶᠢᠯᠡᠬᠦ ᠴᠢᠳᠡᠪᠤᠷᠢ ᠶᠢᠨ ᠬᠢᠨᠡᠨ ᠰᠢᠯᠭᠠᠯᠲᠠ ᠶᠢ ᠦᠡᠭᠭᠡᠷᠡᠭᠡᠵᠦ᠂ 2014 ᠤᠨ ᠳᠤ ᠤᠯᠡᠨ ᠨᠠᠶᠢᠳᠡ ᠎ ᠳᠤ ᠲᠦᠷ ᠴᠠᠭ ᠪᠤᠭᠤᠮᠳᠡ ᠨᠡᠭᠡᠭᠡᠬᠦ ᠶᠠᠪᠤᠳᠡᠯ ᠨᠢ ᠤᠯᠤᠰ ᠤᠨ ᠵᠦᠪᠰᠢᠶᠡᠷᠡᠯ ᠢ ᠤᠯᠵᠦ᠂ ᠲᠥᠭᠦᠬᠡᠢ ᠴᠢᠯᠠᠭᠤᠨ ᠲᠤᠰᠤ ᠶᠢ ᠭᠠᠳᠠᠭᠠᠳᠦ ᠠᠴᠠ ᠣᠷᠣᠭᠤᠯᠬᠤ ᠠᠵᠢᠯ ᠰᠢᠪᠳᠤᠯᠤᠯᠳᠡ ᠲᠠᠢ ᠪᠤᠯᠪᠡ᠃ᠮᠠᠯ ᠠᠵᠦ ᠠᠬᠤᠢ ᠶᠢᠨ ᠡᠷᠡᠬᠦᠯ ᠢᠶᠠᠷ ᠬᠦᠭᠵᠢᠬᠦ ᠶᠢ ᠪᠠᠳᠤᠯᠡᠪᠡ᠃ ᠪᠠᠶᠢᠡᠭᠭᠤ ᠶᠢᠨ ᠫᠸᠡᠭ ᠰᠡᠷᠡᠪᠴᠢ ᠶᠢ 307 ᠰᠠᠭᠤᠷᠢ ᠪᠠᠶᠢᠭᠤᠯᠤᠨ᠂ ᠨᠡᠬᠦᠳᠡᠯ ᠫᠸᠡᠭ ᠰᠡᠷᠡᠪᠴᠢ ᠶᠢ 610 ᠰᠠᠭᠤᠷᠢ ᠲᠠᠷᠬᠠᠭᠠᠨ ᠦᠭᠴᠤ᠂ ᠪᠠᠶᠢᠭᠠᠯᠢ ᠶᠢᠨ ᠭᠠᠮᠰᠢᠭ ᠢ ᠡᠰᠡᠷᠬᠦᠴᠡᠬᠦ ᠴᠢᠳᠡᠪᠤᠷᠢ ᠪᠠᠨ ᠲᠡᠭᠡᠭᠰᠢᠯᠡᠭᠦᠯᠪᠡ᠃ 79 ᠬᠤᠳᠳᠤᠭ ᠢ ᠰᠢᠨ᠎ᠡ ᠪᠠᠷ ᠮᠠᠯᠳᠡᠵᠦ᠂ ᠲᠡᠷᠢᠮᠡᠯ ᠪᠡᠯᠴᠢᠭᠡᠷ ᠢ 4 ᠲᠦᠮᠡᠨ ᠮᠤ᠋  ᠨᠡᠮᠡᠭᠳᠡᠬᠦᠯᠵᠦ᠂ ᠲᠡᠵᠢᠭᠡᠯ ᠪᠤᠷᠳᠤᠭ᠎ᠠ ᠨᠦᠭᠡᠴᠡᠯᠡᠬᠦ ᠬᠦᠮᠤᠷᠭᠡ ᠶᠢ 11 ᠰᠠᠭᠤᠷᠢ ᠪᠠᠷᠢᠵᠦ᠂ ᠪᠦᠬᠦ ᠬᠤᠰᠢᠭᠤᠨ ᠤ ᠡᠪᠦᠯ ᠢ ᠥᠩᠭᠡᠷᠡᠭᠦᠯᠬᠦ ᠲᠡᠵᠢᠭᠡᠯ ᠪᠣᠷᠳᠤᠭ᠎ᠠ ᠶᠢ 47.7 ᠲᠦᠮᠡᠨ ᠲᠣᠨ ᠬᠠᠳᠠᠭᠠᠯᠠᠪᠡ᠃ ᠮᠠᠯ ᠤᠨ ᠬᠢᠵᠢᠭ ᠢ ᠰᠡᠷᠭᠡᠶᠢᠯᠡᠭᠴᠢ ᠶᠢᠨ ᠡᠩᠨᠡᠭᠡ ᠶᠢ ᠵᠤᠬᠢᠴᠠᠭᠤᠯᠤᠨ ᠴᠢᠩᠭᠠᠳᠬᠠᠵᠦ᠂ ᠬᠢᠵᠢᠭ ᠤᠨ ᠰᠡᠷᠭᠡᠶᠢᠯᠡᠯᠳᠡ ᠶᠢᠨ ᠲᠤᠥᠷᠵᠢᠯ ᠢ ᠪᠡᠶᠡᠯᠡᠬᠦᠯᠪᠡ᠃ ᠮᠠᠯ ᠠᠵᠦ ᠠᠬᠤᠢ ᠶᠢᠨ ᠤᠶᠢᠯᠡᠰᠵᠢᠯᠳᠡ ᠶᠢᠨ ᠬᠢᠷᠢ ᠲᠦᠪᠰᠢᠨ ᠢ ᠦᠷᠬᠦᠯᠵᠢᠯᠡᠨ ᠲᠡᠭᠡᠭᠰᠢᠯᠡᠬᠦᠯᠵᠦ᠂ 80 ᠲᠦᠮᠡᠨ ᠲᠤᠯᠤᠭᠠᠢ ᠮᠢᠬᠠᠨ ᠤ ᠬᠤᠨᠢ ᠶᠢ ᠨᠠᠷᠢᠯᠢᠭ ᠪᠣᠯᠪᠠᠰᠣᠷᠠᠭᠤᠯᠬᠤ ᠦᠢᠯᠡᠳᠪᠦᠷᠢᠯᠡᠯ ᠤᠨ ᠱᠤᠭᠤᠮ ᠢ ᠠᠰᠢᠭᠯᠠᠯᠲᠠ ᠳᠤ ᠤᠷᠤᠭᠤᠯᠵᠦ ᠡᠵᠡᠩᠨᠡᠬᠦᠯᠪᠡ᠂ ᠰᠦ ᠬᠤᠳᠡᠯᠳᠤᠨ ᠠᠪᠬᠤ 33 ᠥᠷᠲᠡᠭᠡ ᠶᠢ ᠪᠠᠶᠢᠭᠤᠯᠵᠦ᠂ ᠰᠢᠨ᠎ᠡ ᠪᠠᠷ ᠨᠡᠮᠡᠭᠳᠡᠭᠰᠡᠨ ᠮᠠᠯ ᠠᠵᠦ ᠠᠬᠤᠢ ᠶᠢᠨ ᠬᠦᠳᠡᠯᠭᠡᠭᠦᠷ ᠮᠠᠰᠢᠨ 557 ᠰᠠᠤᠷᠢ ᠪᠤᠯᠪᠡ᠃ ᠮᠠᠯᠵᠢᠯ ᠤᠨ ᠤᠨ ᠤ ᠮᠠᠯ ᠤᠨ ᠲᠤᠭ᠎ᠠ 137.5 ᠲᠦᠮᠡᠨ ᠲᠤᠯᠤᠭᠠᠢ ᠳᠤ ᠬᠦᠷᠴᠤ᠂ ᠮᠠᠯ ᠤᠨ ᠭᠠᠷᠭᠠᠯᠳᠡ ᠶᠢᠨ ᠲᠤᠭ᠎ᠠ 55.5 ᠲᠦᠮᠡᠨ ᠲᠤᠯᠤᠭᠠᠢ ᠳᠤ ᠬᠦᠷᠪᠡ᠂ ᠰᠦ᠂ ᠮᠢᠬᠠᠨ ᠤ ᠪᠦᠳᠤᠭᠡᠭᠳᠡᠬᠦᠨ ᠤ ᠬᠡᠮᠵᠢᠶ᠎ᠡ ᠯᠠᠪᠳᠠᠭᠤᠨ ᠢᠶᠠᠷ ᠲᠡᠭᠡᠭᠰᠢᠯᠡᠪᠡ᠃ᠠᠮᠢ ᠠᠬᠤᠢ ᠶᠢᠨ ᠤᠷᠴᠢᠨ ᠲᠤᠭᠤᠷᠢᠨ ᠢ ᠦᠷᠬᠦᠯᠵᠢᠯᠡᠨ ᠰᠠᠶᠢᠵᠢᠷᠠᠭᠤᠯᠪᠡ᠃ ᠡᠯᠡᠰᠤᠷᠭᠡᠭ ᠭᠠᠵᠡᠷ ᠢ 85.5 ᠲᠦᠮᠡᠨ ᠮᠤ᠋ ᠶᠡᠷᠤᠩᠭᠡᠶᠢᠯᠡᠨ ᠵᠠᠰᠠᠵᠦ᠂ 166 ᠡᠷᠤᠬᠡ 441 ᠬᠦᠮᠤᠨ ᠢ ᠠᠮᠢ ᠠᠬᠤᠢ ᠶᠢᠨ ᠪᠠᠭᠤᠷᠠᠢ ᠤᠷᠤᠨ ᠠᠴᠠ ᠰᠢᠯᠵᠢᠬᠦᠯᠤᠨ ᠨᠡᠬᠦᠯᠭᠡᠪᠡ᠃ ᠮᠠᠯ ᠪᠡᠯᠴᠢᠭᠡᠷ ᠢ ᠲᠡᠩᠴᠡᠬᠦᠷᠢᠰᠢᠬᠦᠯᠤᠭ᠍ᠰᠡᠨ ᠲᠠᠯᠠᠪᠠᠢ 1377.8 ᠲᠦᠮᠡᠨ ᠮᠤ᠋ ᠳᠤ ᠬᠦᠷᠴᠤ᠂ 750 ᠲᠦᠮᠡᠨ ᠮᠤ᠋ ᠪᠡᠯᠴᠢᠭᠡᠷᠯᠡᠬᠦᠯᠬᠦ ᠶᠢ ᠵᠤᠭᠰᠤᠭᠠᠵᠦ᠂ 50 ᠲᠦᠮᠡᠨ ᠮᠤ᠋ ᠪᠡᠯᠴᠢᠭᠡᠷ ᠨᠤᠳᠤᠭ ᠢ ᠠᠮᠠᠷᠠᠭᠤᠯᠤᠨ᠂ 60 ᠲᠦᠮᠡᠨ ᠮᠤ᠋ ᠨᠤᠳᠤᠭ ᠪᠡᠯᠴᠢᠭᠡᠷ ᠲᠤ ᠰᠡᠯᠬᠦᠨ ᠮᠠᠯᠵᠢᠬᠤ ᠶᠢ ᠨᠠᠶᠢᠳᠡᠪᠤᠷᠢᠵᠢᠭᠤᠯᠪᠡ᠃ ᠡᠪᠡᠰᠤᠨ ᠡᠮ ᠤᠨ ᠦᠨᠳᠤᠰᠤ ᠶᠢ ᠲᠤᠷ᠎ᠡ ᠪᠠᠷ ᠮᠠᠯᠳᠠᠬᠤ ᠪᠡ ᠬᠠᠤᠯᠢ ᠪᠤᠰᠤ ᠪᠠᠷ ᠡᠯᠡᠰᠤ ᠮᠠᠯᠳᠠᠬᠤ ᠵᠡᠷᠭᠡ ᠬᠠᠤᠯᠢ ᠶᠢ ᠵᠦᠷᠢᠴᠡᠭᠰᠡᠨ ᠠᠵᠢᠯᠯᠠᠭ᠎ᠠ ᠳᠤ ᠬᠦᠴᠤᠳᠠᠢ ᠴᠤᠬᠢᠯᠳᠡ ᠦᠭᠴᠤ᠂ ᠲᠦᠪᠯᠡᠷᠡᠬᠦᠯᠤᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠦᠷᠨᠢᠬᠦᠯᠤᠨ᠂ ᠬᠠᠤᠯᠢ ᠶᠢ ᠵᠦᠷᠢᠴᠡᠭᠰᠡᠳ ᠢ 800 ᠭᠠᠷᠤᠢ ᠬᠦᠮᠤᠨ ᠤᠳᠠᠭ᠎ᠠ ᠪᠠᠶᠢᠴᠠᠭᠠᠨ ᠰᠢᠢᠳᠪᠤᠷᠢᠯᠡᠵᠦ᠂ ᠡᠪᠡᠰᠤᠨ ᠡᠮ ᠤᠨ ᠦᠨᠳᠤᠰᠤ ᠶᠢ ᠬᠠᠤᠯᠢ ᠪᠤᠰᠤ ᠪᠠᠷ ᠬᠤᠳᠠᠯᠳᠤᠨ ᠠᠪᠬᠤ 8 ᠭᠠᠵᠡᠷ ᠢ ᠪᠢᠳᠡᠬᠦᠮᠵᠢᠯᠡᠵᠦ᠂ ᠡᠯᠡᠰᠤ ᠴᠢᠯᠠᠭᠤ ᠮᠠᠯᠳᠠᠬᠤ ᠡᠵᠡᠩᠨᠡᠯᠳᠡ ᠶᠢᠨ ᠲᠤᠥᠷᠵᠢᠯ ᠴᠡᠭ ᠲᠤ ᠴᠡᠭᠴᠡᠯᠡᠯᠳᠡ ᠬᠢᠵᠦ᠂ ᠬᠠᠤᠯᠢ ᠪᠤᠰᠤ ᠪᠠᠷ ᠡᠯᠡᠰᠤ ᠮᠠᠯᠳᠠᠭᠰᠠᠨ 4 ᠬᠡᠷᠡᠭ ᠢ ᠰᠢᠢᠳᠪᠤᠷᠢᠯᠡᠭᠰᠡᠨ ᠠᠴᠠ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠭᠰᠡᠨ ᠬᠠᠤᠯᠢ ᠶᠢ ᠵᠦᠷᠢᠴᠡᠭᠰᠡᠨ ᠤᠶᠢᠯᠨ ᠠᠵᠢᠯᠯᠠᠭ᠎ᠠ ᠪᠠᠭᠠᠰᠤᠭᠰᠠᠨ ᠪᠠᠶᠢᠨ᠎ᠡ᠃ ᠮᠠᠨ ᠤ ᠬᠤᠰᠢᠭᠤ ︽ᠪᠦᠬᠦ ᠤᠷᠤᠨ ᠤ ᠠᠮᠢ ᠠᠬᠤᠢ ᠶᠢᠨ ᠪᠦᠳᠤᠭᠡᠨ ᠪᠠᠶᠢᠭᠤᠯᠤᠯᠳᠡ ᠶᠢᠨ ᠲᠠᠷᠢᠬᠦᠨ ᠤ ᠬᠠᠮᠳᠤ ᠨᠠᠶᠢᠳᠡ︾᠎ ᠪᠠᠷ ᠦᠨᠡᠯᠡᠭᠳᠡᠵᠦ᠂ ᠴᠠᠭᠠᠨ ᠪᠠᠯᠭᠠᠰᠤ ᠪᠡ ᠦᠪᠤᠷᠪᠤᠯᠠᠭ ᠰᠤᠮᠤ ︽ᠤᠯᠤᠰ ᠤᠨ ᠲᠡᠰ ᠤᠨ ᠠᠮᠢ ᠠᠬᠤᠢ ᠶᠢᠨ ᠰᠤᠮᠤ ᠪᠠᠯᠭᠠᠰᠤ︾᠎ ᠪᠠᠷ ᠦᠨᠡᠯᠡᠭᠳᠡᠵᠦ᠂ ᠰᠢᠨᠠᠪᠤᠯᠠᠭ ᠰᠤᠮᠤ ᠪᠤᠯᠤᠨ ᠵᠢᠪᠬᠤᠯᠠᠩᠳᠤ ᠰᠤᠮᠤ ︽ᠦᠪᠡᠷᠳᠡᠭᠡᠨ ᠵᠠᠰᠠᠬᠤ ᠤᠷᠤᠨ ᠤ ᠲᠡᠰ ᠤᠨ ᠠᠮᠢ ᠠᠬᠤᠢ ᠶᠢᠨ ᠰᠤᠮᠤ ᠪᠠᠯᠭᠠᠰᠤ︾᠎ ᠪᠠᠷ ᠦᠨᠡᠯᠡᠭᠳᠡᠪᠡ᠃ᠬᠤᠳᠡ ᠬᠦᠳᠡᠭᠡ ᠶᠢᠨ ᠤᠯᠡᠨ ᠨᠠᠶᠢᠳᠡ ᠶᠢᠨ ᠤᠶᠢᠯᠡᠴᠢᠯᠡᠭᠡ ᠶᠢ ᠦᠷᠭᠡᠳᠭᠡᠪᠡ᠃ ᠠᠮᠤᠭᠤᠯᠠᠩ ᠪᠠᠯᠭᠠᠰᠤ ᠶᠢᠨ ᠢᠯᠴᠢ ᠬᠠᠨᠭ᠍ᠭᠠᠯᠭ᠎ᠠ᠂ ᠤᠥᠭᠤᠬᠤ ᠤᠰᠤ᠂ ᠡᠷᠡᠬᠦᠯ ᠬᠠᠮᠠᠭᠠᠯᠠᠯ ᠵᠡᠷᠭᠡ ᠲᠠᠯ᠎ᠠ ᠪᠠᠷ ᠨᠦᠬᠦᠴᠡᠯ ᠶᠡᠬᠡᠪᠡᠷ ᠪᠠᠷ ᠰᠠᠶᠢᠵᠢᠷᠠᠵᠦ᠂ ᠰᠢᠨ᠎ᠡ ᠪᠠᠷ ᠨᠡᠮᠡᠭᠳᠡᠭᠰᠡᠨ ᠲᠦᠪᠯᠡᠷᠡᠬᠦᠯᠤᠨ ᠲᠤᠯᠠᠭᠠᠯᠠᠬᠤ ᠲᠠᠯᠠᠪᠠᠢ 23.6 ᠲᠦᠮᠡᠨ ᠲᠡᠭᠰᠢ ᠲᠦᠷᠪᠡᠯᠵᠢᠨ ᠮᠧᠲᠷ ᠪᠤᠯᠵᠦ᠂ ᠰᠢᠨ᠎ᠡ ᠪᠠᠷ ᠪᠠᠶᠢᠭᠤᠯᠤᠭᠰᠠᠨ ᠲᠦᠭᠡᠭᠡᠯ ᠤᠰᠤᠨ ᠤ ᠢᠨᠵᠧᠨᠧᠷᠢᠩ ᠢ ᠠᠰᠢᠭᠯᠠᠯᠳᠡ ᠎ ᠳᠤ ᠤᠷᠤᠭᠤᠯᠤᠨ᠂ ᠭᠤᠥᠯ ᠵᠡᠭᠡᠯᠢ ᠭᠤᠳᠤᠮᠵᠢ ᠬᠢᠭᠡᠳ ᠠᠭᠤᠳᠡᠮ ᠲᠠᠯᠠᠪᠠᠢ ᠶᠢᠨ ᠬᠡᠷᠡᠯᠳᠤᠬᠦᠯᠭᠡ ᠶᠢᠨ ᠠᠵᠢᠯ ᠢ ᠰᠠᠶᠢᠳᠤᠷ ᠬᠢᠵᠦ᠂ ᠬᠤᠳᠡ ᠶᠢᠨ ᠬᠠᠮᠢᠶᠡᠷᠤᠯᠳᠡ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠲᠤᠪᠴᠢᠶ᠎ᠡ ᠶᠢ ᠪᠠᠶᠢᠭᠤᠯᠵᠦ᠂ ᠬᠤᠳᠡ ᠪᠠᠯᠭᠠᠰᠤᠨ ᠤ ᠬᠠᠮᠢᠶᠡᠷᠤᠯᠳᠡ ᠶᠢ ᠠᠯᠬᠤᠮ ᠠᠯᠬᠤᠮ ᠢᠶᠠᠷ ᠲᠦᠷᠢᠮᠵᠢᠬᠦᠯᠪᠡ᠃ ᠬᠤᠳᠡ ᠪᠡᠯᠭᠠᠰᠤᠨ ᠤ ᠤᠷᠤᠨ ᠰᠠᠭᠤᠴᠡ ᠶᠢᠨ ᠲᠠᠯᠠᠪᠠᠢ 18.5 ᠲᠦᠮᠡᠨ ᠲᠡᠭᠰᠢ ᠲᠦᠷᠪᠡᠯᠵᠢᠨ ᠮᠧᠲᠷ ᠨᠠᠮᠡᠭᠳᠠᠵᠠᠢ᠃ ᠬᠤᠳᠡ ᠪᠠᠯᠭᠠᠰᠤᠨ ᠤ ᠠᠵᠦ ᠤᠶᠢᠯᠡᠰ ᠤᠨ ᠬᠦᠭᠵᠢᠯᠳᠡ ᠶᠢᠨ ᠠᠬᠢᠴᠡ ᠲᠦᠷᠭᠡᠨ ᠪᠤᠯᠵᠦ᠂ ᠨᠡᠶᠢᠳᠡ ᠶᠢᠨ ᠪᠤᠰᠤ ᠦᠮᠴᠢᠯᠡᠯᠳᠤ ᠠᠵᠦ ᠠᠬᠤᠢ ᠶᠢᠨ ᠪᠤᠳᠠᠳᠤ ᠴᠤᠭᠴᠡ 624 ᠡᠷᠤᠬᠡ ᠨᠡᠮᠡᠭᠳᠡᠪᠡ᠃ ᠮᠠᠯᠵᠢᠬᠤ ᠤᠷᠤᠨ ᠤ ᠤᠯᠡᠨ ᠨᠠᠶᠢᠳᠡ ᠶᠢᠨ ᠦᠨᠳᠤᠰᠤᠨ ᠤᠶᠢᠯᠡᠴᠢᠯᠡᠭᠡ ᠶᠢᠨ ᠬᠡᠪᠴᠢᠶ᠎ᠡ ᠶᠢ ᠲᠠᠰᠤᠷᠡᠯᠳᠡ ᠦᠭᠡᠢ ᠦᠷᠭᠡᠳᠭᠡᠨ᠂ 4 ᠭᠠᠵᠡᠷ ᠲᠤ ᠠᠮᠤᠷ ᠲᠦᠪᠰᠢᠨ ᠤᠥᠭᠤᠬᠤ ᠤᠰᠤᠨ ᠤ ᠢᠨᠵᠧᠨᠧᠷᠢᠩ ᠢ ᠰᠢᠨ᠎ᠡ ᠪᠠᠷ ᠪᠠᠶᠢᠭᠤᠯᠵᠦ᠂ 1800 ᠬᠦᠮᠤᠨ ᠤ ᠠᠮᠤᠷ ᠲᠦᠪᠰᠢᠨ ᠤᠥᠭᠤᠬᠤ ᠤᠰᠤᠨ ᠤ ᠠᠰᠠᠭᠤᠳᠡᠯ ᠢ ᠰᠢᠢᠳᠪᠤᠷᠢᠯᠡᠪᠡ︔ ᠬᠡᠷᠡᠯ ᠰᠠᠯᠬᠢ ᠬᠠᠷᠢᠯᠴᠡᠨ ᠨᠦᠬᠦᠪᠤᠷᠢᠯᠡᠬᠦ ᠴᠡᠬᠢᠯᠭᠠᠨ ᠨᠡᠪᠳᠡᠷᠡᠬᠦᠯᠬᠦ ᠢᠨᠵᠧᠨᠧᠷᠢᠩ ᠢ ᠬᠡᠷᠡᠭᠵᠢᠬᠦᠯᠵᠦ᠂ 837 ᠮᠠᠯᠵᠢᠬᠤ ᠡᠷᠤᠬᠡ ᠶᠢᠨ ᠭᠡᠷ ᠪᠦᠯᠢ ᠶᠢᠨ ᠴᠡᠬᠢᠯᠭᠠᠨ ᠬᠡᠷᠡᠭᠯᠡᠬᠦ ᠬᠦᠴᠢᠷᠳᠡᠯ ᠢ ᠰᠢᠢᠳᠪᠤᠷᠢᠯᠡᠨ ᠦᠭᠪᠡ︔ ᠭᠠᠴᠠᠭᠠᠨ ᠳᠤ ᠨᠠᠪᠳᠡᠷᠡᠬᠦ ᠵᠠᠰᠠᠮᠠᠯ ᠵᠠᠮ ᠢ ᠰᠢᠨ᠎ᠡ ᠎ ᠪᠠᠷ 70 ᠺᠢᠯᠤᠮᠧᠲᠷ ᠵᠠᠰᠠᠵᠦ᠂ 6 ᠭᠠᠴᠠᠭᠠᠨ ᠤ ᠮᠠᠯᠴᠢᠳ ᠤᠨ ᠠᠵᠢᠯ ᠠᠮᠢᠳᠤᠷᠡᠯ ᠤᠨ ᠬᠦᠴᠢᠷᠳᠡᠯ ᠢ ᠰᠢᠢᠳᠪᠤᠷᠢᠯᠡᠨ ᠦᠭᠴᠠᠢ᠃ ᠡᠷᠤᠬᠡ ᠪᠦᠷᠢ ᠳᠤ ᠨᠠᠪᠳᠡᠷᠡᠬᠦᠯᠬᠦ ᠬᠦᠯᠢᠶᠡᠨ ᠠᠪᠬᠤ ᠲᠦᠬᠦᠭᠡᠷᠤᠮᠵᠢ ᠶᠢ 6000 ᠢᠵᠢ ᠤᠭᠰᠡᠷᠡᠨ᠂ ᠤᠷᠤᠨ ᠨᠤᠳᠤᠭ ᠤᠨ ᠦᠪᠡᠷᠳᠡᠭᠡᠨ ᠡᠷᠬᠢᠯᠡᠨ ᠤᠶᠢᠯᠡᠳᠤᠭ᠍ᠰᠡᠨ ᠲᠧᠯᠸᠢᠰ ᠫᠷᠤᠭ᠍ᠷᠡᠮ ᠢ ᠮᠠᠯᠵᠢᠬᠤ ᠡᠷᠤᠬᠡ ᠎ ᠳᠤ ᠬᠦᠷᠭᠡᠬᠦ ᠶᠢ ᠪᠡᠶᠡᠯᠡᠬᠦᠯᠪᠡ᠃ᠠᠷᠡᠳ ᠤᠨ ᠠᠮᠢᠳᠤᠷᠡᠯ ᠤᠨ ᠬᠢᠷᠢ ᠲᠦᠪᠰᠢᠨ ᠢ ᠲᠤᠭᠳᠠᠭᠤᠨ ᠢᠶᠠᠷ ᠲᠡᠭᠡᠭᠰᠢᠯᠡᠬᠦᠯᠬᠦ ᠶᠢ ᠪᠠᠳᠤᠯᠠᠪᠡ᠃ ᠠᠷᠡᠳ ᠤᠨ ᠠᠮᠢᠳᠤᠷᠡᠯ ᠳᠤ 5.6 ᠳ᠋ᠦᠡᠭᠰᠢᠭᠤᠷ ᠲᠦᠬᠦᠷᠢᠭ ᠵᠡᠷᠤᠴᠠᠭᠤᠯᠤᠨ᠂ ᠤᠷᠤᠨ ᠨᠤᠳᠤᠭ ᠤᠨ ᠡᠳ᠋ ᠤᠨ ᠵᠠᠰᠠᠭ ᠤᠨ ᠶᠡᠷᠤᠩᠭᠡᠢ ᠵᠠᠷᠤᠯᠭ᠎ᠠ ᠶᠢᠨ 64%᠎ ᠶᠢ ᠡᠵᠡᠯᠡᠪᠡ᠃ ᠮᠠᠯᠵᠢᠯ ᠢ ᠲᠤᠰᠡᠯᠡᠨ ᠲᠡᠮᠵᠢᠬᠦ ᠡᠯ᠎ᠡ ᠵᠤᠶᠢᠯ ᠤᠨ ᠨᠦᠬᠦᠪᠤᠷᠢ ᠶᠢ 1.2 ᠳ᠋ᠦᠡᠭᠰᠢᠭᠤᠷ ᠲᠦᠬᠦᠷᠢᠭ ᠲᠠᠯᠪᠢᠪᠡ᠂ ᠨᠡᠶᠢᠭᠡᠮ ᠤᠨ ᠲᠠᠭᠠᠳᠬᠠᠯ ᠤᠨ ᠰᠠᠭᠤᠷᠢ ᠮᠦᠡᠭᠬᠦ ᠶᠢ 1.1 ᠳ᠋ᠦᠡᠭᠰᠢᠭᠤᠷ ᠲᠦᠬᠦᠷᠢᠭ ᠲᠠᠯᠪᠢᠪᠡ᠃ ᠬᠤᠳᠡ ᠬᠦᠳᠡᠭᠡ ᠶᠢᠨ ᠬᠠᠮᠤᠭ ᠨᠠᠭᠠᠳᠤ ᠵᠠᠬ᠎ᠠ ᠶᠢᠨ ᠠᠮᠢᠳᠤᠷᠡᠯ ᠤᠨ ᠪᠠᠳᠤᠯᠠᠭ᠎ᠠ ᠶᠢᠨ ᠨᠦᠬᠦᠪᠤᠷᠢ ᠶᠢ ᠵᠢᠯ ᠳᠤ ᠬᠦᠮᠤᠨ ᠪᠦᠷᠢ ᠳᠤ ᠲᠤᠮᠳᠠᠴᠢ ᠪᠠᠷ ᠲᠤᠰᠪᠤᠷᠢ 5160 ᠲᠦᠬᠦᠷᠢᠭ ᠪᠡ 2800 ᠲᠦᠬᠦᠷᠢᠭ ᠪᠤᠯᠭᠠᠨ᠂ 16% ᠪᠡ 12%᠎ ᠪᠠᠷ ᠨᠡᠮᠡᠭᠳᠡᠬᠦᠯᠵᠦ᠂ ᠬᠤᠳᠡ ᠬᠦᠳᠡᠭᠡ ᠶᠢᠨ ᠬᠠᠮᠤᠭ ᠨᠠᠭᠠᠳᠤ ᠵᠠᠬ᠎ᠠ ᠶᠢᠨ ᠠᠮᠢᠳᠤᠷᠡᠯ ᠤᠨ ᠪᠠᠳᠤᠯᠠᠭ᠎ᠠ ᠶᠢᠨ ᠮᠦᠡᠭᠬᠦ ᠶᠢ 1974 ᠲᠦᠮᠡᠨ ᠲᠦᠬᠦᠷᠢᠭ ᠲᠠᠯᠪᠢᠪᠡ᠃ 627 ᠢᠵᠢ ᠪᠠᠳᠤᠯᠠᠭ᠎ᠠ ᠶᠢᠨ ᠴᠢᠨᠡᠷᠳᠠᠢ ᠤᠷᠤᠨ ᠰᠠᠭᠤᠴᠡ ᠶᠢ ᠪᠠᠶᠢᠭᠤᠯᠵᠦ᠂ ᠲᠤᠥᠷ᠎ᠡ ᠤᠷᠤᠯᠭ᠎ᠠ ᠲᠠᠢ ᠮᠠᠯᠵᠢᠬᠤ ᠡᠷᠤᠬᠡ ᠳᠤ ᠨᠡᠬᠦᠷᠡᠰᠤᠨ ᠤ ᠨᠦᠬᠦᠪᠤᠷᠢ ᠬᠦᠷᠳᠡᠭᠡᠵᠦ᠂ 80 ᠨᠠᠰᠤᠨ ᠠᠴᠠ ᠲᠡᠭᠡᠭᠰᠢᠬᠢ ᠶᠠᠳᠠᠭᠤ ᠬᠦᠴᠢᠷᠳᠠᠢ ᠨᠠᠰᠤᠳᠠᠶᠢᠴᠤᠳ ᠎ ᠲᠤ ᠨᠡᠮᠡᠬᠦᠷᠢ ᠮᠦᠡᠭᠬᠦ ᠬᠦᠷᠳᠡᠭᠡᠨ᠂ ᠤᠷᠴᠢᠨ ᠲᠤᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠠᠵᠢᠯᠳᠡᠨ ᠵᠡᠷᠭᠡ ᠰᠢᠷᠭᠠᠭᠤ ᠬᠠᠳᠠᠭᠤᠵᠢᠯᠳᠠᠢ ᠪᠦᠭᠡᠳ ᠲᠤᠥᠷ᠎ᠡ ᠤᠷᠤᠯᠭ᠎ᠠ ᠲᠠᠢ ᠬᠦᠮᠤᠰ ᠤᠨ ᠬᠠᠷᠠᠭᠠᠯᠵᠠᠯ ᠢ ᠲᠡᠭᠡᠭᠰᠢᠯᠡᠬᠦᠯᠪᠡ᠃ ᠬᠤᠳᠡ ᠪᠠᠯᠭᠠᠰᠤᠨ ᠤ 810 ᠬᠦᠮᠤᠨ ᠳᠤ ᠰᠢᠨ᠎ᠡ ᠪᠠᠷ ᠠᠵᠢᠯ ᠤᠯᠭᠤᠪᠡ᠃ 21 ᠶᠠᠳᠠᠭᠤ ᠬᠦᠴᠢᠷᠳᠠᠢ ᠭᠠᠴᠠᠭ᠎ᠠ ᠎ ᠶᠢ ᠲᠤᠰᠡᠯᠡᠨ ᠲᠡᠮᠵᠢᠵᠦ᠂ 151 ᠡᠷᠤᠬᠡ ᠶᠢᠨ 604 ᠬᠦᠮᠤᠨ ᠢ ᠶᠠᠳᠠᠭᠤ ᠠᠴᠠ ᠠᠩᠬᠢᠵᠢᠷᠠᠭᠤᠯᠪᠡ᠃ᠨᠠᠶᠢᠭᠡᠮ ᠤᠨ ᠠᠵᠢᠯ ᠤᠶᠢᠯᠡᠰ ᠢ ᠪᠦᠬᠦ ᠲᠡᠯ᠎ᠡ ᠪᠠᠷ ᠬᠦᠭᠵᠢᠬᠦᠯᠪᠡ᠃ ᠰᠤᠷᠭᠠᠨ ᠬᠦᠮᠤᠵᠢᠯ ᠤᠨ ᠵᠢᠭᠠᠨ ᠰᠤᠷᠭᠠᠯᠳᠡ ᠎ ᠶᠢᠨ ᠴᠢᠨᠡᠷ ᠴᠢᠨᠰᠠᠭ᠎ᠠ ᠯᠠᠪᠳᠠᠭᠤᠨ ᠢᠶᠠᠷ ᠲᠡᠭᠡᠭᠰᠢᠯᠡᠪᠡ᠃ ᠭᠤᠷᠪᠡᠨ ᠰᠤᠷᠭᠠᠭᠤᠯᠢ ᠦᠪᠡᠷᠳᠡᠭᠡᠨ ᠵᠠᠰᠠᠬᠤ ᠤᠷᠤᠨ ᠤ ᠪᠠᠷᠢᠮᠵᠢᠶᠠᠵᠢᠭᠰᠠᠨ ᠰᠤᠷᠭᠠᠭᠤᠯᠢ ᠶᠢᠨ ᠬᠢᠨᠡᠨ ᠰᠢᠯᠭᠠᠯᠳᠡ ᠶᠢ ᠦᠡᠭᠭᠡᠷᠡᠭᠡᠪᠡ᠃ ᠰᠢᠨᠠᠪᠤᠯᠠᠭ ᠰᠤᠮᠤ᠂ ᠦᠪᠤᠷᠪᠤᠯᠠᠭ ᠰᠤᠮᠤ ᠶᠢᠨ ᠬᠡᠤᠬᠡᠳ ᠤᠨ ᠴᠡᠴᠡᠷᠯᠢᠭ ᠢ ᠠᠰᠢᠭᠯᠡᠯᠳᠡ ᠳᠤ ᠤᠷᠤᠭᠤᠯᠵᠦ᠂ ᠴᠠᠭᠠᠨ ᠪᠠᠯᠭᠠᠰᠤᠨ ᠤ ᠬᠡᠤᠬᠡᠳ ᠤᠨ ᠴᠡᠴᠡᠷᠯᠢᠭ ᠢ ᠬᠤᠳᠡ ᠶᠢᠨ ᠲᠠᠰ ᠤᠨ ᠲᠠᠭᠤᠷᠢᠶᠡᠯ ᠴᠡᠴᠡᠷᠯᠢᠭ ᠪᠤᠯᠭᠠᠨ ᠲᠡᠰ ᠲᠡᠪᠰᠢᠬᠦᠯᠪᠡ᠃ ᠠᠮᠤᠭᠤᠯᠡᠩ ᠨᠢᠭᠡᠳᠤᠭᠡᠷ ᠲᠤᠮᠳᠡᠳᠤ ᠰᠤᠷᠭᠠᠭᠤᠯᠢ ︽ᠪᠦᠬᠦ ᠤᠯᠤᠰ ᠤᠨ ᠮᠤᠩᠭᠤᠯ ᠢᠶᠠᠷ ᠬᠢᠴᠢᠶᠡᠯᠡᠵᠦ ᠪᠠᠶᠢᠭ᠎ᠠ ᠲᠤᠮᠳᠠᠳᠤ ᠪᠠᠭ᠎ᠠ ᠰᠤᠷᠭᠠᠭᠤᠯᠢ ᠶᠢᠨ ᠬᠤᠥᠰ ᠬᠡᠯᠡᠨ ᠤ ᠲᠤᠷᠰᠢᠨ ᠬᠡᠷᠡᠭᠵᠢᠬᠦᠯᠤᠯᠳᠡ ᠳᠤ ᠦᠭᠡᠷᠡᠴᠢᠯᠡᠯᠳᠡ ᠬᠢᠭᠰᠡᠨ ᠲᠠᠷᠢᠬᠦᠨ ᠤ ᠰᠤᠷᠭᠠᠭᠤᠯᠢ︾᠎ ᠪᠠᠷ ᠦᠨᠡᠯᠡᠭᠳᠡᠪᠡ᠃ ᠡᠮ ᠡᠮᠨᠡᠯᠭᠡ ᠶᠢᠨ ᠤᠶᠢᠯᠡᠴᠢᠯᠡᠭᠡᠨ ᠤ ᠬᠢᠷᠢ ᠲᠦᠪᠰᠢᠨ ᠮᠡᠳᠡᠭᠳᠡᠮ᠎ᠡ ᠲᠡᠭᠡᠭᠰᠢᠯᠡᠵᠦ᠂ ᠠᠷᠡᠳ ᠤᠯᠡᠨ ᠤ ᠡᠪᠡᠳᠴᠢᠨ ᠦᠵᠡᠬᠦᠯᠬᠦ ᠲᠡᠯ᠎ᠡ ᠪᠠᠷ ᠬᠢ ᠬᠦᠴᠢᠷ ᠠᠰᠠᠭᠤᠳᠡᠯ ᠢ ᠰᠢᠢᠳᠪᠤᠷᠢᠯᠡᠨ᠂ ᠬᠤᠰᠢᠭᠤᠨ ᠤ ᠡᠮᠨᠡᠯᠭᠡ ᠶᠢᠨ ᠬᠤᠷᠢᠶ᠎ᠡ ᠶᠢ ᠦᠪᠤᠷ ᠮᠤᠩᠭᠤᠯ ᠤᠨ ᠤᠢ ᠰᠢᠭᠤᠢ ᠶᠢᠨ ᠶᠡᠷᠤᠩᠬᠡᠢ ᠡᠮᠨᠡᠯᠭᠡ ᠶᠢᠨ ᠬᠤᠷᠢᠶ᠎ᠡ ᠳᠤ  ᠨᠠᠶᠢᠳᠡᠨ ᠬᠠᠮᠢᠶᠡᠷᠤᠭᠤᠯᠵᠦ᠂ ᠡᠬᠦᠳᠡᠨ ᠡᠮᠨᠡᠯᠭᠡ ᠬᠢᠭᠡᠳ ᠲᠦᠷᠭᠡᠨ ᠠᠪᠤᠷᠡᠯᠳᠡ ᠶᠢᠨ ᠡᠮᠴᠢᠯᠡᠭᠰᠡᠨ ᠶᠡᠷᠤᠩᠭᠡᠢ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 30%᠎ ᠪᠠᠷ ᠨᠡᠮᠡᠭᠳᠡᠵᠦ᠂ ᠡᠮᠨᠡᠯᠭᠡ ᠶᠢᠨ ᠬᠤᠷᠢᠶᠡᠨ ᠤ ︽120︾ ᠲᠦᠷᠭᠡᠨ ᠠᠪᠤᠷᠡᠯᠳᠡ ᠶᠢᠨ ᠰᠢᠰᠲ᠋ᠧᠮ ᠢ ᠵᠢᠩᠬᠢᠨᠢ ᠪᠠᠷ ᠠᠰᠢᠭᠯᠠᠯᠳᠡ ᠳᠤ ᠤᠷᠤᠭᠤᠯᠵᠦ᠂ ᠡᠮ ᠡᠮᠨᠡᠯᠭᠡ ᠎ ᠶᠢᠨ ᠡᠷᠡᠬᠦᠯ ᠬᠠᠮᠠᠭᠠᠯᠠᠯ ᠤᠨ ᠭᠤᠷᠪᠠᠨ ᠱᠠᠲᠤᠨ ᠤ ᠤᠶᠢᠯᠡᠴᠢᠯᠡᠭᠡᠨ ᠤ ᠲᠤᠥᠷᠵᠢᠯ ᠤᠨ ᠪᠦᠳᠤᠭᠡᠨ ᠪᠠᠶᠢᠭᠤᠯᠤᠯᠳᠡ ᠎ ᠶᠢᠨ ᠠᠬᠢᠴᠡ ᠶᠢ ᠲᠦᠷᠭᠡᠳᠭᠡᠪᠡ᠃ ᠰᠤᠶᠤᠯ ᠵᠢᠭᠤᠯᠴᠢᠯᠡᠯ ᠢ ᠨᠢᠭ᠌ᠳᠡ ᠤᠶᠡᠯᠳᠤᠭᠤᠯᠤᠨ ᠬᠦᠭᠵᠢᠬᠦᠯᠪᠡ᠃ ᠠᠩᠬ᠎ᠠ ᠤᠳᠠᠭ᠎ᠠ ᠪᠡᠭᠡᠵᠢᠩ ᠳᠤ ᠰᠤᠶᠤᠯ ᠤᠨ ᠰᠤᠯᠢᠯᠴᠠᠭ᠎ᠠ ᠪᠤᠯᠤᠨ ᠵᠢᠭᠤᠯᠴᠢᠯᠡᠯ ᠤᠨ ᠲᠠᠨᠢᠯᠴᠠᠭᠤᠯᠭ᠎ᠠ ᠶᠢᠨ ᠠᠵᠢᠯᠯᠠᠭ᠎ᠠ ᠶᠢ ᠡᠷᠬᠢᠯᠡᠨ ᠶᠠᠪᠤᠭᠤᠯᠵᠦ᠂ ᠪᠡᠭᠡᠵᠢᠩ ᠤᠨ ᠦᠵᠡᠭᠴᠢᠳ ᠤᠨ ᠮᠠᠭᠳᠠᠭᠠᠯ ᠰᠠᠶᠢᠰᠢᠶᠡᠯ ᠢ ᠤᠯᠵᠦ᠂ ᠰᠤᠶᠤᠯ ᠪᠤᠯᠤᠨ ᠵᠢᠭᠤᠯᠴᠢᠯᠡᠯ ᠤᠨ ᠨᠡᠷᠡᠳᠤ ᠲᠡᠮᠳᠡᠭ ᠪᠠ ᠢᠷᠠᠭᠤ ᠠᠯᠳᠡᠷ ᠤᠨ ᠬᠢᠷᠢ ᠲᠦᠪᠰᠢᠨ ᠢ ᠬᠠᠮᠳᠤ ᠳᠤᠨᠢ ᠲᠡᠭᠡᠭᠰᠢᠯᠡᠬᠦᠯᠪᠡ︔ ᠨᠠᠢᠮᠠᠳᠤᠭᠠᠷ ᠬᠤᠭᠤᠴᠠᠭᠠᠨ ᠤ ᠪᠡᠷᠭᠤ ᠰᠤᠶᠤᠯ ᠤᠷᠠᠯᠢᠭ ᠤᠨ ᠨᠡᠶᠢᠷ ᠢ ᠪᠦᠳᠤᠮᠵᠢᠳᠠᠢ ᠡᠷᠬᠢᠯᠡᠨ ᠶᠠᠪᠤᠭᠳᠠᠭᠤᠯᠪᠠ︔ ᠤᠯᠠᠭᠠᠨᠮᠥ᠋ᠴᠢᠷ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠦᠨᠳᠤᠰᠤᠨ ᠳᠡᠭᠡᠨ ᠬᠢᠵᠦ ᠲᠠᠭᠤᠰᠬᠠᠪᠡ︔ ᠪᠠᠷᠭᠤ ᠮᠤᠩᠭᠤᠯ ᠠᠶᠢᠮᠠᠭ ᠤᠨ ᠦᠵᠡᠮᠵᠢᠳᠤ ᠤᠷᠤᠨ ᠢ ᠤᠯᠤᠰ ᠤᠨ 4A ᠲᠡᠰ ᠤᠨ ᠦᠵᠡᠮᠵᠢᠳᠤ ᠤᠷᠤᠨ ᠪᠤᠯᠭᠠᠨ ᠲᠡᠰ ᠲᠡᠪᠰᠢᠬᠦᠯᠪᠡ᠃ ᠪᠦᠬᠦ ᠵᠢᠯ ᠤᠨ ᠬᠦᠯᠢᠶᠡᠨ ᠵᠢᠭᠤᠯᠴᠢᠯᠠᠭᠰᠠᠳ ᠤᠨ ᠲᠤᠭ᠎ᠠ 46 ᠲᠦᠮᠡᠨ ᠬᠦᠮᠤᠨ ᠤᠳᠠᠭ᠎ᠠ ᠳᠤ ᠬᠦᠷᠴᠤ᠂ ᠵᠢᠭᠤᠯᠴᠢᠯᠡᠯ ᠤᠨ ᠤᠷᠤᠯᠭ᠎ᠠ 3.08 ᠳ᠋ᠦᠡᠭᠰᠢᠭᠤᠷ ᠲᠦᠬᠦᠷᠢᠭ ᠲᠤ ᠬᠦᠷᠴᠤ᠂ ᠲᠤᠰᠪᠤᠷᠢ 6% ᠪᠡ 24.3% ᠨᠡᠮᠡᠭᠳᠡᠪᠡ᠃ᠤᠯᠡᠨ ᠲᠦᠮᠡᠨ ᠤ ᠠᠰᠢᠭ ᠲᠤᠰᠡ ᠲᠠᠢ ᠬᠤᠯᠪᠤᠭᠳᠠᠬᠤ ᠲᠤᠪᠤᠶᠢᠮ᠎ᠡ ᠠᠰᠠᠭᠤᠳᠡᠯ ᠢ ᠬᠦᠴᠤ ᠲᠠᠯᠪᠢᠨ ᠰᠢᠢᠳᠪᠤᠷᠢᠯᠡᠪᠡ᠃ ᠦᠡᠭᠭᠡᠷᠡᠭᠰᠡᠨ ᠵᠢᠯ ᠮᠠᠨ ᠤ ᠬᠤᠰᠢᠭᠤ ᠴᠠᠭᠠᠨ ᠵᠤᠳ᠂ ᠮᠦᠰᠤ ᠴᠠᠰᠤᠨ ᠤ ᠭᠠᠮᠰᠢᠭ ᠪᠡ ᠦᠶᠡᠷ ᠤᠰᠤᠳᠤᠯ ᠵᠡᠷᠭᠡ ᠲᠡᠤᠬᠡᠨ ᠳᠤ ᠬᠤᠪᠤᠷ ᠲᠤᠬᠢᠶᠠᠯᠳᠤᠳᠠᠭ ᠪᠠᠶᠢᠭᠠᠯᠢ ᠶᠢᠨ ᠭᠠᠮᠰᠢᠭ ᠲᠤ ᠤᠴᠠᠷᠠᠭᠰᠠᠨ ᠪᠠᠶᠢᠨ᠎ᠡ᠃ ᠵᠠᠯᠭ᠎ᠠ ᠪᠠᠷ ᠲᠤᠬᠢᠶᠠᠯᠳᠤᠭᠰᠠᠨ ᠴᠠᠰᠤ ᠰᠢᠭᠤᠷᠭ᠎ᠠ᠂ ᠦᠶᠡᠷ ᠤᠨ ᠪᠠᠶᠢᠳᠡᠯ ᠳᠤ ᠪᠢᠳᠡ ᠲᠦᠷᠭᠡᠨ ᠬᠦᠳᠡᠯᠤᠯᠴᠡᠵᠦ᠂ ᠭᠠᠮᠰᠢᠭᠳᠠᠭᠰᠠᠨ ᠠᠷᠡᠳ ᠤᠯᠡᠨ ᠤ ᠠᠮᠢᠳᠤᠷᠡᠯ ᠢ ᠰᠠᠶᠢᠳᠤᠷ ᠲᠤᠬᠢᠷᠠᠭᠤᠯᠵᠦ᠂ ᠤᠶᠢᠯᠡᠳᠪᠤᠷᠢᠯᠡᠯ ᠤᠨ ᠠᠵᠢᠯ ᠢᠶᠠᠨ ᠬᠦᠴᠤᠨ ᠲᠠᠢ ᠪᠦᠭᠡᠳ ᠲᠡᠰ ᠲᠠᠷᠠᠭ᠎ᠠ ᠲᠠᠢ ᠰᠡᠷᠬᠦᠭᠡᠵᠦ᠂ ᠭᠠᠮᠰᠢᠭ ᠤᠨ ᠬᠤᠬᠢᠷᠡᠯ ᠰᠦᠢᠳᠤᠯ ᠢ ᠶᠡᠭᠡ ᠬᠡᠮᠵᠢᠶ᠎ᠡ ᠪᠠᠷ ᠪᠠᠭᠠᠰᠬᠠᠪᠡ᠃ ᠵᠠᠬᠢᠳᠡᠯ ᠰᠤᠷᠪᠤᠯᠵᠢᠯᠠᠭ᠎ᠠ ᠶᠢᠨ ᠠᠵᠢᠯ ᠢ ᠰᠠᠶᠢᠳᠤᠷ ᠠᠳᠬᠤᠵᠦ᠂ ᠬᠠᠶᠢᠯᠡᠷ ᠲᠤ ᠰᠠᠭᠤᠭ᠎ᠠ ᠪᠦᠭᠡᠮ ᠎ ᠢᠶᠠᠷ ᠪᠤᠷᠤᠯᠠᠭᠤᠯᠬᠤ ᠦᠷᠳᠡᠭᠡ᠂ ᠨᠤᠳᠤᠭ ᠤᠨ ᠭᠠᠷᠤᠯᠳᠡ ᠶᠢᠨ ᠺᠤᠮᠫᠠᠨᠢ᠂ ᠬᠦᠯᠤᠰᠤᠨ ᠠᠵᠢᠯᠴᠢᠨ ᠤ ᠬᠦᠯᠤᠰᠤ ᠤᠯᠭᠤᠮᠵᠢ ᠶᠢ ᠨᠡᠭᠡᠨ ᠤᠯᠭᠤᠬᠤ ᠵᠡᠷᠭᠡ ᠲᠡᠯ᠎ᠡ ᠪᠠᠷ ᠬᠢ ᠠᠰᠠᠭᠤᠳᠡᠯ ᠤᠳ ᠢ ᠪᠦᠳᠤᠮᠵᠢᠳᠠᠢ ᠰᠢᠢᠳᠪᠤᠷᠢᠯᠡᠪᠡ᠃ ᠴᠠᠭᠠᠨ ᠮᠠᠯᠵᠢᠯ ᠤᠨ ᠲᠠᠯᠠᠪᠠᠢ ᠶᠢᠨ ᠠᠰᠠᠭᠤᠳᠡᠯ ᠳᠤ ᠴᠢᠭᠯᠡᠬᠦᠯᠤᠨ᠂ ᠦᠨᠳᠤᠰᠤᠨ ᠱᠠᠳᠤᠨ ᠤ ᠵᠤᠬᠢᠶᠡᠨ ᠪᠠᠶᠢᠭᠤᠯᠤᠯᠳᠡ ᠪᠠᠨ ᠴᠢᠩᠭᠠᠳᠬᠠᠬᠤ ᠠᠷᠭ᠎ᠠ ᠠᠪᠴᠢᠯ ᠢ ᠬᠡᠷᠡᠭᠯᠡᠵᠦ᠂ ᠨᠤᠳᠤᠭ ᠪᠡᠯᠴᠢᠭᠡᠷ ᠤᠨ ᠡᠷᠬᠡ ᠶᠢ ᠰᠢᠯᠵᠢᠬᠦᠯᠤᠨ ᠦᠭᠬᠦ ᠰᠢᠨ᠎ᠡ ᠡᠬᠡᠯᠵᠢ ᠶᠢᠨ ᠠᠵᠢᠯ ᠢ ᠦᠷᠨᠢᠬᠦᠯᠵᠦ᠂ ᠠᠵᠦ ᠠᠬᠤᠶᠢᠯᠡᠯ ᠢ ᠵᠢᠯᠤᠭᠤᠳᠤᠨ ᠬᠦᠷᠢᠶ᠎ᠡ ᠬᠡᠪᠴᠢᠶ᠎ᠡ ᠪᠠᠨ ᠦᠷᠭᠡᠳᠭᠡᠬᠦ ᠵᠡᠷᠭᠡ ᠶᠡᠷᠤᠩᠭᠡᠶᠢᠯᠡᠭᠰᠡᠨ ᠠᠷᠭ᠎ᠠ ᠠᠪᠴᠢᠯ ᠤᠳ ᠢ ᠰᠦᠪᠡᠭᠴᠢᠯᠡᠨ᠂ ᠴᠠᠭᠠᠨ ᠮᠠᠯᠵᠢᠯ ᠎ ᠤᠨ ᠲᠠᠯᠠᠪᠠᠢ ᠶᠢᠨ ᠭᠠᠵᠡᠷ ᠤᠷᠤᠨ ᠤ ᠬᠦᠭᠵᠢᠯᠳᠡ ᠶᠢᠨ ᠲᠤᠭᠳᠠᠭᠤᠨ ᠰᠠᠶᠢᠨ ᠬᠠᠨᠳᠤᠰᠢ ᠶᠢ ᠪᠠᠬᠢᠵᠢᠬᠦᠯᠵᠦ᠂ ᠠᠷᠡᠳ ᠤᠯᠡᠨ ᠤ ᠠᠮᠢᠳᠤᠷᠡᠯ ᠢ ᠦᠷᠬᠦᠯᠵᠢᠯᠡᠨ ᠰᠠᠶᠢᠵᠢᠷᠠᠭᠤᠯᠪᠡ᠃ᠠᠷᠡᠳᠴᠢᠯᠡᠯ ᠬᠠᠤᠯᠢ ᠪᠠᠷ ᠵᠠᠰᠠᠬᠤ ᠪᠠᠶᠢᠭᠤᠯᠤᠯᠳᠡ ᠶᠢ ᠲᠠᠰᠤᠷᠡᠯᠳᠡ ᠦᠭᠡᠢ ᠴᠢᠩᠭᠠᠳᠬᠠᠪᠡ᠃ ᠬᠤᠰᠢᠭᠤᠨ ᠤ ᠠᠷᠡᠳ ᠤᠨ ᠲᠦᠯᠤᠭᠡᠯᠡᠭᠴᠢᠳ ᠤᠨ ᠶᠡᠭᠡ ᠬᠤᠷᠡᠯ ᠵᠢᠴᠢ ᠪᠠᠶᠢᠡᠭᠭᠤ ᠶᠢᠨ ᠬᠤᠷᠢᠶᠡᠨ ᠤ ᠬᠤᠷᠡᠯ ᠤᠨ ᠰᠢᠢᠳᠪᠤᠷᠢ ᠲᠤᠭᠳᠠᠭᠠᠯ ᠢ ᠨᠠᠷᠢᠨ ᠬᠢᠨᠠᠮᠠᠭᠠᠢ ᠬᠡᠷᠡᠭᠵᠢᠬᠦᠯᠵᠦ᠂ ᠬᠤᠰᠢᠭᠤᠨ ᠤ ᠤᠯᠤᠰ ᠲᠦᠷᠤ ᠶᠢᠨ ᠵᠦᠪᠯᠡᠯᠭᠡᠨ ᠤ ᠠᠷᠡᠳᠴᠢᠯᠡᠯ ᠎ ᠢᠶᠠᠷ ᠬᠢᠨᠡᠯᠳᠡ ᠲᠠᠯᠪᠢᠬᠤ ᠶᠢ ᠤᠬᠠᠮᠰᠡᠷ ᠠᠴᠠ ᠪᠠᠨ ᠬᠦᠯᠢᠶᠡᠵᠦ᠂ ᠪᠦᠬᠦ ᠵᠢᠯ ᠳᠤ ᠲᠦᠯᠤᠭᠡᠯᠡᠭᠴᠢ ᠶᠢᠨ ᠰᠠᠨᠠᠯ᠂ ᠰᠢᠬᠦᠮᠵᠢᠯᠡᠯ ᠪᠡ ᠰᠠᠨᠠᠭᠤᠯᠭ᠎ᠠ ᠶᠢ 276 ᠬᠤᠪᠢ᠂ ᠤᠯᠤᠰ ᠲᠦᠷᠤ ᠶᠢᠨ ᠵᠦᠪᠯᠡᠯᠭᠡᠨ ᠤ ᠭᠡᠰᠢᠬᠦᠳ ᠤᠨ ᠰᠠᠨᠠᠯ ᠲᠤᠷᠡᠳᠤᠯᠭ᠎ᠠ ᠶᠢ 97 ᠬᠤᠪᠢ ᠰᠢᠢᠳᠪᠤᠷᠢᠯᠡᠨ ᠬᠦᠢᠴᠡᠳᠭᠡᠭᠰᠡᠨ ᠪᠠᠶᠢᠨ᠎ᠡ᠃ ᠲᠦᠪ ᠤᠨ ᠨᠠᠢᠮᠠᠨ ᠵᠤᠶᠢᠯ ᠤᠨ ᠲᠤᠭᠳᠠᠭᠠᠯ ᠪᠤᠯᠤᠨ ᠦᠪᠡᠷᠳᠡᠭᠡᠨ ᠵᠠᠰᠠᠬᠤ ᠤᠷᠤᠨ ᠤ 28 ᠵᠤᠶᠢᠯ ᠤᠨ ᠪᠤᠳᠠᠳᠠᠢ ᠱᠠᠭᠠᠷᠳᠠᠯᠭ᠎ᠠ ᠶᠢ ᠴᠢᠩᠭ᠎ᠠ ᠬᠡᠷᠡᠭᠵᠢᠬᠦᠯᠵᠦ᠂ ᠠᠵᠢᠯ ᠤᠨ ᠰᠤᠷᠳᠡᠯ ᠢᠶᠠᠨ ᠰᠠᠶᠢᠵᠢᠷᠠᠭᠤᠯᠬᠤ ᠶᠢ ᠴᠢᠩᠭ᠎ᠠ ᠠᠳᠬᠤᠨ᠂ ᠪᠦᠬᠦ ᠬᠤᠰᠢᠭᠤᠨ ᠤ ᠭᠤᠷᠪᠡᠨ ᠠᠯᠪᠡᠨ ᠤ ᠵᠡᠷᠤᠳᠡᠯ ᠢ 20%᠎ ᠪᠠᠷ ᠪᠠᠭᠠᠰᠬᠠᠵᠦ᠂ ᠠᠯᠪᠡᠨ ᠲᠡᠷᠭᠡ ᠪᠡ ᠠᠯᠪᠡᠨ ᠭᠡᠷ ᠢ ᠴᠡᠭᠴᠡᠯᠡᠬᠦ ᠠᠵᠢᠯ ᠎ ᠢ ᠦᠨᠳᠤᠰᠤᠨ ᠳᠡᠭᠡᠨ ᠲᠠᠭᠤᠰᠬᠠᠪᠡ᠃ ᠵᠠᠰᠠᠭ ᠤᠨ ᠶᠠᠪᠤᠳᠡᠯ ᠢ ᠢᠯᠨ ᠪᠤᠯᠭᠠᠬᠤ᠂ ᠵᠠᠰᠠᠭ ᠵᠠᠬᠢᠷᠭᠠᠨ ᠤ ᠬᠢᠨᠡᠨ ᠪᠠᠶᠢᠴᠠᠭᠠᠯᠳᠡ᠂ ᠬᠢᠨᠡᠨ ᠪᠤᠳᠤᠯᠳᠡ ᠳᠤ ᠬᠢᠨᠡᠯᠳᠡ ᠲᠠᠯᠪᠢᠬᠤ᠂ ᠲᠦᠪ ᠭᠤᠥᠯᠴᠢ ᠪᠠᠷ ᠬᠠᠤᠯᠢ ᠴᠠᠭᠠᠵᠡ ᠶᠢ ᠬᠡᠷᠡᠭᠵᠢᠬᠦᠯᠬᠦ ᠬᠢᠷᠢ ᠲᠦᠪᠰᠢᠨ ᠢᠶᠠᠨ ᠤᠯᠡᠮ ᠨᠢᠭᠡ ᠠᠯᠬᠤᠮ ᠲᠡᠭᠡᠭᠰᠢᠯᠡᠬᠦᠯᠪᠡ᠃ ︽ᠠᠮᠤᠷ ᠲᠦᠪᠰᠢᠨ ᠰᠢᠨ᠎ᠡ ᠪᠡᠷᠭᠤ ᠵᠡᠬᠦᠨ ᠬᠤᠰᠢᠭᠤ︾᠎ ᠶᠢ   ᠪᠦᠳᠤᠭᠡᠨ ᠪᠠᠶᠢᠭᠤᠯᠬᠤ ᠶᠢ ᠬᠦᠨᠵᠡᠭᠡᠢ ᠲᠦᠯᠬᠢᠨ ᠠᠬᠢᠭᠤᠯᠵᠦ᠂ ᠨᠠᠶᠢᠭᠡᠮ ᠤᠨ ᠠᠮᠤᠷ ᠢ ᠬᠠᠮᠠᠭᠠᠯᠠᠬᠤ ᠪᠡ ᠠᠶᠤᠯᠬᠦᠢ ᠤᠶᠢᠯᠡᠳᠪᠤᠷᠢᠯᠡᠯ ᠤᠨ ᠪᠠᠶᠢᠳᠡᠯ ᠲᠤᠭᠳᠠᠭᠤᠨ ᠪᠤᠯᠵᠦ᠂ ᠵᠡᠬᠢᠳᠡᠯ ᠰᠤᠷᠪᠤᠯᠵᠢᠯᠠᠭ᠎ᠠ ᠶᠢᠨ ᠶᠡᠷᠤᠩᠭᠡᠢ ᠬᠡᠮᠵᠢᠶ᠎ᠡ ᠪᠠᠭᠠᠰᠴᠤ᠂ ᠨᠡᠮ ᠤᠨ ᠦᠨᠳᠤᠰᠤᠳᠡᠨ ᠱᠠᠰᠢᠨ ᠰᠤᠷᠳᠠᠬᠤᠨ ᠤ ᠲᠦᠷᠤ ᠎ ᠶᠢᠨ ᠪᠤᠳᠤᠯᠭ᠎ᠠ ᠶᠢ ᠴᠢᠩᠭ᠎ᠠ ᠨᠠᠶᠢᠳᠡᠪᠤᠷᠢᠵᠢᠭᠤᠯᠤᠨ᠂ ᠬᠢᠯᠢ ᠶᠢᠨ ᠬᠠᠮᠠᠭᠠᠯᠠᠯᠳᠡ ᠶᠢᠨ ᠡᠵᠡᠮᠳᠡᠨ ᠰᠡᠷᠭᠡᠶᠢᠯᠡᠬᠦ ᠴᠢᠳᠡᠪᠤᠷᠢ ᠤᠯᠡᠮ ᠨᠢᠭᠡ ᠠᠯᠬᠤᠮ ᠲᠡᠭᠡᠭᠰᠢᠯᠡᠪᠡ᠃ ᠪᠦᠬᠦ ᠬᠤᠰᠢᠭᠤᠨ ᠤ ᠦᠨᠳᠤᠰᠤᠳᠡᠨ ᠨᠦᠭᠦᠳ ᠢ ᠪᠦᠯᠬᠦᠮᠳᠡᠬᠦᠯᠵᠦ᠂ ᠬᠢᠯᠢ ᠬᠢᠵᠠᠭᠠᠷ ᠲᠤᠭᠳᠠᠭᠤᠨ᠂ ᠨᠡᠶᠢᠭᠡᠮ ᠤᠨ ᠡᠶ᠎ᠡ ᠵᠤᠬᠢᠴᠠᠩᠭᠤᠢ ᠪᠠᠶᠢᠳᠡᠯ ᠢ ᠲᠠᠰᠤᠷᠡᠯᠳᠡ ᠦᠭᠡᠢ ᠪᠠᠬᠢᠵᠢᠬᠦᠯᠪᠡ᠃ᠲᠥᠯᠥᠭᠡᠯᠡᠭᠴᠢᠳ ᠡ᠂ ᠦᠡᠭᠭᠡᠷᠡᠭᠰᠡᠨ ᠨᠢᠭᠡ ᠵᠢᠯ ᠤᠨ ᠤᠯᠤᠭᠰᠠᠨ ᠠᠮᠵᠢᠯᠳᠡ ᠬᠢᠯᠪᠡᠷ ᠪᠤᠰᠤ ᠢᠷᠡᠭᠰᠡᠨ ᠶᠤᠮ᠃ ᠡᠨ᠋ᠨ ᠪᠤᠯ ᠪᠦᠬᠦ ᠬᠤᠰᠢᠭᠤᠨ ᠤ ᠡᠯ᠎ᠡ ᠦᠨᠳᠤᠰᠤᠳᠡᠨ ᠤ ᠠᠷᠡᠳ ᠲᠦᠮᠡᠨ ᠤ ᠬᠠᠮᠳᠤᠪᠡᠷ ᠴᠢᠷᠮᠠᠶᠢᠨ ᠲᠡᠮᠡᠴᠡᠭᠰᠡᠨ ᠤ ᠦᠷ᠎ᠡ ᠳ᠋ᠦᠡᠭ ᠪᠤᠯᠬᠤ ᠪᠦᠭᠡᠳ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠰᠢᠭᠤ ᠨᠠᠮ ᠎ ᠤᠨ ᠬᠤᠷᠢᠶᠠᠨ ᠤ ᠵᠥᠪ ᠤᠨᠤᠪᠴᠢᠳᠠᠢ  ᠤᠳᠤᠷᠢᠳᠤᠯᠭ᠎ᠠ ᠶᠢᠨ ᠦᠷ᠎ᠡ ᠳ᠋ᠦᠩ ᠪᠤᠯᠤᠨ᠎ᠡ᠂ ᠮᠦᠨ ᠴᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠪᠦᠳᠤᠮᠵᠢᠳᠠᠢ ᠬᠢᠨᠡᠯᠳᠡ ᠲᠡᠯᠪᠢᠭ᠌ᠰᠠᠨ ᠤ ᠦᠷ᠎ᠡ ᠳ᠋ᠦᠡᠭ ᠪᠤᠯᠬᠤ ᠪᠠᠷ ᠪᠠᠷᠠᠬᠤ ᠦᠭᠡᠢ ᠨᠡᠶᠢᠭᠡᠮ ᠤᠨ ᠡᠯ᠎ᠡ ᠡᠳᠡᠭᠡᠳ ᠤᠨ ᠬᠦᠴᠤᠳᠠᠢ ᠳᠡᠮᠵᠢᠭᠰᠡᠨ ᠤ ᠦᠷ᠎ᠡ ᠳ᠋ᠦᠩ ᠪᠣᠯᠣᠨ᠎ᠠ᠂ ᠪᠢ ᠬᠤᠰᠢᠭᠤ ᠵᠠᠰᠠᠭ ᠤᠨ ᠤᠷᠳᠤᠨ ᠢ ᠲᠦᠯᠤᠭᠡᠯᠡᠨ᠂ ᠪᠦᠬᠦ ᠬᠤᠰᠢᠭᠤᠨ ᠎ ᠤ ᠡᠯ᠎ᠡ ᠦᠨᠳᠦᠰᠦᠲᠡᠨ ᠤ ᠠᠷᠡᠳ ᠲᠦᠮᠡᠨ ᠪᠤᠯᠤᠨ ᠠᠷᠡᠳ ᠤᠨ ᠲᠦᠯᠤᠭᠡᠯᠡᠭᠴᠢᠳ ᠤᠨ ᠶᠡᠭᠡ ᠬᠤᠷᠡᠯ ᠤᠨ ᠲᠦᠯᠤᠭᠡᠯᠡᠭᠴᠢᠳ᠂ ᠤᠯᠤᠰ ᠲᠦᠷᠤ ᠶᠢᠨ ᠵᠦᠪᠯᠡᠯᠭᠡᠨ ᠤ ᠬᠡᠰᠢᠬᠦᠳ᠂ ᠰᠢᠨ᠎ᠡ ᠪᠡᠷᠭᠤ ᠵᠡᠬᠦᠨ ᠬᠤᠰᠢᠭᠤᠨ ᠤ ᠬᠦᠭᠵᠢᠯᠳᠡ ᠳᠤ ᠬᠤᠪᠢ ᠨᠠᠮᠡᠷᠢ ᠦᠵᠡᠬᠦᠯᠤᠭ᠍ᠰᠡᠨ ᠨᠠᠶᠢᠵᠡ ᠨᠡᠷ ᠲᠤ ᠴᠢᠩ ᠰᠡᠳᠬᠢᠯ ᠤᠨ ᠲᠠᠯᠠᠷᠬᠠᠯ ᠪᠡ ᠡᠷᠬᠢᠮ ᠲᠡᠭᠡᠳᠤ ᠮᠠᠨᠳᠤᠴᠢᠯᠡᠯ ᠢᠶᠠᠨ ᠲᠡᠪᠰᠢᠬᠦᠯᠤᠶ᠎ᠡ︕ᠪᠢᠳᠡ ᠦᠡᠭᠭᠡᠷᠡᠭᠰᠡᠨ ᠨᠢᠭᠡ ᠵᠢᠯ ᠤᠨ ᠠᠵᠢᠯ ᠢᠶᠠᠨ ᠡᠷᠬᠢᠴᠡᠬᠦᠯᠬᠦ ᠳᠤ᠂ ᠦᠷ᠎ᠡ ᠪᠦᠳᠤᠮᠵᠢ ᠪᠠᠨ ᠨᠤᠳᠠᠯᠠᠬᠤ ᠶᠢᠨ ᠬᠠᠮᠳᠤ ᠤᠷᠤᠰᠢᠵᠦ ᠪᠠᠶᠢᠭ᠎ᠠ ᠠᠰᠠᠭᠤᠳᠡᠯ ᠢᠶᠠᠨ ᠰᠡᠷᠭᠡᠭ ᠢᠶᠠᠷ ᠲᠠᠨᠢᠬᠤ  ᠬᠡᠷᠡᠭᠳᠠᠢ᠃ ᠠᠵᠦ ᠠᠬᠤᠢ ᠶᠢᠨ ᠶᠡᠷᠤᠩᠭᠡᠢ ᠬᠡᠮᠵᠢᠶ᠎ᠡ ᠪᠠᠭ᠎ᠠ ᠲᠤᠯᠨ ᠬᠦᠭᠵᠢᠯᠳᠡ ᠶᠢᠨ ᠲᠤᠮᠳᠡ ᠬᠦᠷᠤᠯᠴᠡᠬᠦ ᠦᠭᠡᠢ ᠲᠡᠯ᠎ᠡ ᠮᠦᠨ ᠲᠤᠪᠤᠶᠢᠮ᠎ᠡ ᠪᠠᠶᠢᠨ᠎ᠡ︔ ᠮᠠᠯ ᠠᠵᠦ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦ ᠶᠢ ᠬᠢᠵᠠᠭᠠᠷᠯᠠᠬᠤ ᠬᠦᠴᠤᠨ ᠵᠤᠶᠢᠯ ᠨᠠᠯᠢᠶᠡᠳ ᠤᠯᠡᠨ ᠪᠤᠢ︔ ᠠᠵᠦ ᠤᠶᠢᠯᠡᠳᠪᠤᠷᠢ ᠶᠢᠨ ᠠᠵᠦ ᠠᠬᠤᠢ ᠨᠢ ᠵᠠᠬ᠎ᠠ ᠲᠡᠯᠭᠡᠬᠦᠷ ᠬᠢᠭᠡᠳ ᠲᠦᠷᠤ ᠶᠢᠨ ᠪᠤᠳᠤᠯᠭ᠎ᠠ ᠶᠢᠨ ᠲᠠᠪᠬᠤᠷ ᠨᠦᠯᠤᠭᠡᠯᠡᠯ ᠢ ᠬᠦᠯᠢᠶᠡᠵᠦ ᠪᠠᠶᠢᠬᠤ ᠲᠤᠯᠨ ᠤᠬᠤᠷᠬᠠᠨ ᠬᠤᠭᠤᠴᠠᠭᠠᠨ ᠳᠤ ᠲᠦᠷᠭᠡᠨ ᠲᠡᠭᠡᠭᠰᠢᠯᠡᠬᠦ ᠳᠤ ᠬᠦᠴᠢᠷᠳᠠᠢ︔ ᠨᠡᠶᠢᠳᠡ ᠶᠢᠨ ᠦᠮᠴᠢᠯᠡᠯᠳᠤ ᠪᠤᠰᠤ ᠠᠵᠦ ᠠᠬᠤᠢ ᠶᠢᠨ ᠬᠦᠭᠵᠢᠯᠳᠡ ᠨᠢ ᠠᠮᠢᠵᠢᠷᠡᠯ ᠤᠨ ᠬᠦᠴᠤᠨ ᠬᠢᠭᠡᠳ ᠲᠠᠶᠢᠴᠢᠯᠠᠬᠤ ᠬᠦᠴᠤᠨ ᠢᠶᠠᠷ ᠲᠤᠳᠠᠮᠠᠭ ᠪᠠᠶᠢᠨ᠎ᠡ︔ ᠬᠤᠳᠡ ᠬᠦᠳᠡᠭᠡ ᠶᠢ ᠨᠢᠭᠡᠳᠤᠯᠳᠠᠢ ᠲᠦᠯᠤᠪᠵᠢᠬᠦᠯᠤᠨ ᠬᠦᠭᠵᠢᠬᠦᠯᠬᠦ ᠡᠬᠦᠷᠭᠡ ᠮᠦᠨ ᠬᠦᠨᠳᠤ ᠪᠠᠶᠢᠭᠰᠠᠭᠠᠷ︔ ᠪᠠᠶᠢᠭᠠᠯᠢ ᠶᠢᠨ ᠭᠠᠮᠰᠢᠭ ᠤᠨ ᠦᠷᠬᠦᠯᠵᠢᠯᠡᠬᠦ ᠴᠢᠨᠡᠷ ᠤᠨ ᠨᠦᠯᠤᠭᠡᠯᠡᠯ ᠪᠡ ᠤᠷᠤᠨ ᠨᠤᠳᠤᠭ ᠤᠨ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠰᠢᠷᠤᠬᠦᠰᠴᠤ᠂ ᠮᠠᠯᠴᠢᠳ ᠤᠨ ᠤᠷᠤᠯᠭ᠎ᠠ ᠶᠢ ᠨᠡᠮᠡᠭᠳᠡᠬᠦᠯᠬᠦ ᠪᠡ ᠠᠷᠡᠳ ᠤᠨ ᠠᠮᠢᠳᠤᠷᠡᠯ ᠢ ᠰᠠᠶᠢᠵᠢᠷᠠᠭᠤᠯᠬᠤ ᠲᠡᠯ᠎ᠡ ᠪᠠᠷ ᠨᠡᠩ ᠶᠡᠭᠡ ᠬᠦᠴᠢᠷᠳᠡᠯ ᠤᠷᠤᠰᠢᠵᠦ ᠪᠠᠶᠢᠨ᠎ᠡ︔ ᠵᠠᠷᠢᠮ ᠺᠡᠳ᠋ᠷᠴᠤᠳ ᠤᠨ ᠲᠤᠮᠳᠡ ︽ᠲᠦᠷᠪᠡᠨ ᠰᠤᠷᠳᠡᠯ︾᠎ ᠤᠨ ᠨᠡᠵᠡᠭᠠᠢ ᠦᠵᠡᠭᠳᠡᠯ ᠠᠳᠠᠯᠢ ᠪᠤᠰᠤ ᠬᠡᠮᠵᠢᠶ᠎ᠡ ᠪᠠᠷ ᠤᠷᠤᠰᠢᠵᠦ᠂ ᠬᠠᠷᠢᠭᠤᠴᠠᠯᠭᠠᠳᠤ ᠰᠡᠳᠬᠢᠯᠭᠡ ᠪᠡ ᠵᠤᠷᠢᠭᠳᠠᠢ ᠡᠬᠦᠷᠭᠡᠯᠡᠬᠦ ᠤᠬᠠᠮᠰᠡᠷ ᠲᠤᠳᠠᠮᠠᠭ ᠠᠴᠠ ᠬᠤᠶᠢᠰᠢᠳᠡ ᠶᠢᠨ ᠠᠵᠢᠯ ᠤᠨ ᠲᠤᠮᠳᠡ ᠨᠠᠶᠢᠳᠡᠪᠤᠷᠢᠵᠢᠭᠤᠯᠤᠯᠳᠡ ᠶᠢ ᠠᠳᠬᠤᠬᠤ ᠪᠡ ᠠᠰᠠᠭᠤᠳᠡᠯ ᠢ ᠰᠢᠢᠳᠪᠤᠷᠢᠯᠡᠬᠦ ᠴᠢᠳᠡᠪᠤᠷᠢ ᠪᠠᠨ ᠲᠡᠭᠡᠭᠰᠢᠯᠡᠬᠦᠯᠬᠦ ᠴᠢᠬᠤᠯᠡᠳᠠᠢ᠃ᠬᠤᠶᠠᠷ᠄ 2014 ᠣᠨ ᠤ ᠭᠤᠣᠯ ᠠᠵᠢᠯᠡᠨ᠋ᠨ ᠵᠢᠯ ᠪᠢᠳᠡ ᠤᠯᠤᠰ ᠤᠨ ᠥᠭᠡᠷᠡᠴᠢᠯᠡᠯᠲᠡ ᠬᠢᠬᠦ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠥᠪᠡᠷᠲᠡᠭᠡᠨ ᠵᠠᠰᠠᠬᠤ ᠣᠷᠣᠨ ᠤ ︽8337︾ ᠬᠥᠭᠵᠢᠯᠲᠡ ᠶᠢᠨ ᠰᠡᠳᠬᠢᠴᠡ ᠶᠢ ᠭᠦᠨᠵᠡᠭᠡᠢ  ᠬᠡᠷᠡᠭᠵᠢᠬᠦᠯᠬᠦ ᠶᠢᠨ ᠬᠠᠮᠳᠤ ᠬᠥᠭᠵᠢᠯᠲᠡ ᠶᠢᠨ ᠰᠢᠨ᠎ᠡ ᠲᠣᠬᠢᠶᠠᠯ ᠢ ᠤᠭᠳᠤᠬᠤ ᠪᠣᠯᠣᠨ᠎ᠠ᠂ ᠭᠡᠪᠡᠴᠦ ᠭᠠᠳᠠᠭᠠᠳᠤ ᠣᠷᠴᠢᠨ ᠤ ᠠᠵᠤ ᠠᠬᠤᠢ ᠶᠢᠨ ᠪᠠᠭᠤᠷᠡᠯᠳᠡ ᠶᠢᠨ ᠳᠠᠷᠤᠯᠲᠠ᠂ ᠬᠤᠷᠸ᠎ᠠ ᠠᠵᠤ ᠠᠬᠤᠢ ᠶᠢᠨ ᠪᠤᠳᠤᠯᠢᠶᠠᠨᠲᠤ ᠪᠠᠶᠢᠳᠠᠯ ᠬᠤᠪᠢᠷᠠᠭᠰᠠᠨ ᠦᠭᠡᠢ᠃ ᠪᠢᠳᠠ ᠡᠷᠬᠡᠪᠰᠢ ᠤᠳᠤᠬᠢ ᠪᠠᠶᠢᠳᠠᠯ ᠳᠤ ᠬᠤᠪᠢᠰᠤᠩᠭᠤᠢ ᠪᠠᠷ ᠬᠠᠨᠳᠤᠵᠤ᠂ ᠬᠦᠴᠢᠷ ᠲᠦᠪᠡᠭ ᠲᠠᠢ ᠪᠠᠶᠢᠳᠠᠯ ᠢ ᠠᠷᠭᠠᠴᠠᠭᠠᠬᠤ ᠪᠡᠯᠡᠳᠬᠡᠯ ᠠᠵᠢᠯ ᠢ ᠰᠠᠶᠢᠲᠤᠷ ᠬᠢᠵᠦ᠂ ᠮᠠᠨ ᠤ ᠬᠤᠰᠢᠭᠤᠨ ᠤ ᠳᠠᠪᠠᠭᠤᠯᠢᠭ ᠪᠣᠯᠣᠨ ᠤᠨᠴᠠᠯᠢᠭ ᠎ ᠲᠠᠭᠠᠨ ᠰᠠᠭᠤᠷᠢᠯᠠᠵᠤ᠂ ᠴᠢᠬᠤᠯᠠ ᠶᠡᠭᠡ ᠲᠣᠬᠢᠶᠠᠯ ᠪᠠ ᠬᠥᠭᠵᠢᠯᠲᠡ ᠶᠢᠨ ᠬᠦᠴᠦᠨ ᠢ ᠴᠢᠩᠭ᠎ᠠ ᠠᠳᠬᠤᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠵᠢᠮ᠎ᠡ ᠶᠣᠰᠣ ᠶᠢ ᠵᠢᠷᠤᠮᠯᠠᠨ᠂ ᠪᠠᠶᠢᠳᠠᠯ ᠳᠤᠨᠢ ᠲᠣᠬᠢᠷᠠᠭᠤᠯᠤᠨ ᠴᠢᠳᠠᠮᠠᠭᠠᠢ ᠎ ᠪᠠᠷ ᠵᠢᠯᠣᠭᠤᠳᠴᠤ᠂ ᠦᠢᠯᠡ ᠠᠵᠢᠯᠯᠠᠭ᠎ᠠ ᠪᠠᠨ ᠬᠥᠳᠡᠯᠦᠩᠭᠦᠢ ᠪᠣᠯᠭᠠᠵᠤ᠂ ᠭᠤᠣᠯ ᠵᠥᠷᠢᠴᠡᠯ ᠢ ᠠᠳᠬᠤᠵᠤ᠂ ᠬᠦᠨᠳᠦ ᠴᠢᠬᠤᠯᠠ ᠬᠠᠷᠢᠴᠠᠭ᠎ᠠ ᠶᠢ ᠰᠢᠯᠤᠭᠤᠳᠬᠠᠵᠤ᠂ ᠵᠠᠩᠭᠢᠯᠠᠭ᠎ᠠ ᠶᠢᠨ ᠬᠡᠰᠡᠭ ᠢ ᠡᠵᠡᠮᠳᠡᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠪᠦᠲᠦᠭᠡᠯᠴᠢ ᠴᠢᠨᠠᠷᠲᠠᠢ ᠪᠠᠷ ᠠᠵᠢᠯ ᠢᠶᠠᠨ ᠥᠷᠨᠢᠭᠦᠯᠪᠡᠯ ᠯᠠᠪᠲᠠᠢ ᠰᠢᠨ᠎ᠡ ᠰᠢᠪᠲᠤᠯᠤᠯᠲᠠ ᠶᠢ ᠣᠯᠵᠤ᠂ ᠰᠢᠨ᠎ᠡ ᠬᠥᠭᠵᠢᠯᠲᠡ ᠶᠢ ᠪᠡᠶᠡᠯᠡᠬᠦᠯᠵᠦ ᠴᠢᠳᠡᠨ᠎ᠡ᠃ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠰᠡᠳᠬᠢᠴᠡ ᠪᠣᠯ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠡᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ︽8337︾ ᠬᠥᠭᠵᠢᠯᠲᠡ ᠶᠢᠨ ᠰᠡᠳᠬᠢᠴᠡ ᠶᠢ ᠪᠦᠬᠦ ᠲᠠᠯ᠎ᠠ ᠪᠠᠷ ᠲᠤᠤᠱᠯᠠᠭᠤᠯᠵᠦ᠂ ᠬᠤᠲᠠ ᠶᠢᠨ ᠨᠠᠮ ᠤᠨ ᠬᠤᠷᠢᠶ᠎ᠠ ᠶᠢᠨ ᠭᠤᠷᠪᠠᠳᠤᠭᠠᠷ ᠬᠤᠭᠤᠴᠠᠭᠠᠨ ᠤ ᠲᠠᠪᠤᠳᠤᠭᠠᠷ ᠤᠳᠠᠭᠠᠨ ᠤ ᠪᠦᠬᠦ ᠭᠡᠰᠢᠭᠦᠳ ᠤᠨ ᠬᠤᠷᠠᠯ ᠪᠣᠯᠣᠨ ᠬᠤᠰᠢᠭᠤ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠳᠣᠯᠣᠳᠤᠭᠠᠷ ᠤᠳᠠᠭᠠᠨ ᠤ ᠪᠦᠬᠦ ᠭᠡᠰᠢᠭᠦᠳ ᠤᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠪᠡᠯᠡ ᠣᠷᠤᠭᠤᠯᠤᠯᠲᠠ ᠬᠢᠭᠡᠳ ᠲᠥᠷᠥᠯ ᠵᠦᠢᠯ ᠢᠶᠠᠷ ᠭᠤᠣᠯᠳᠠᠯᠭ᠎ᠠ ᠪᠣᠯᠭᠠᠵᠤ᠂ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ ᠶᠢ ᠶᠡᠭᠡ ᠪᠠᠷ ᠲᠦᠯᠬᠢᠨ ᠠᠬᠢᠭᠤᠯᠵᠤ᠂ ᠡᠬᠢ ᠪᠠᠶᠠᠯᠢᠭ ᠢ ᠨᠡᠭᠡᠭᠡᠨ ᠬᠤᠪᠢᠷᠠᠭᠤᠯᠬᠤ ᠠᠬᠢᠴᠠ ᠶᠢ ᠲᠦᠷᠭᠡᠳᠬᠡᠵᠦ᠂ ᠨᠡᠶᠢᠲᠡ ᠶᠢᠨ ᠪᠤᠰᠤ ᠥᠮᠴᠢᠯᠡᠯ ᠤᠨ ᠠᠵᠤ ᠠᠬᠤᠢ ᠶᠢ ᠪᠤᠵᠠᠭᠠᠶᠢᠷᠠᠭᠤᠯᠤᠨ ᠬᠥᠭᠵᠢᠭᠦᠯᠵᠦ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠬᠢᠭᠡᠳ ᠬᠠᠮᠠᠭᠠᠯᠠᠯᠲᠠ ᠶᠢ ᠴᠢᠩᠭᠠᠳᠬᠠᠵᠤ᠂ ᠬᠤᠲᠠ ᠬᠥᠳᠡᠭᠡ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠵᠤ᠂ ᠨᠠᠮ ᠤᠨ ᠣᠯᠠᠨ ᠲᠦᠮᠡᠨᠴᠢ ᠱᠤᠭᠤᠮ ᠤᠨ ᠬᠥᠮᠥᠵᠢᠯ ᠦᠢᠯᠡᠳᠦᠯᠭᠡ ᠶᠢᠨ ᠠᠵᠢᠯᠯᠠᠭ᠎ᠠ ᠶᠢ ᠰᠠᠶᠢᠲᠤᠷ ᠠᠳᠬᠤᠵᠤ᠂ ᠨᠡᠶᠢᠭᠡᠮ ᠤᠨ ᠪᠠᠶᠢᠭᠤᠯᠤᠯᠲᠠ ᠎ ᠶᠢ ᠪᠦᠬᠦ ᠲᠠᠯ᠎ᠠ ᠢᠶᠠᠷ ᠴᠢᠩᠭᠠᠳᠬᠠᠨ᠂ ︽ᠦᠵᠡᠰᠬᠦᠯᠡᠩ ᠰᠠᠶᠢᠬᠠᠨ᠂ ᠪᠠᠶᠠᠨ ᠬᠦᠴᠦᠷᠬᠡᠭ᠂ ᠪᠣᠯᠪᠠᠰᠤᠨ᠂ ᠵᠣᠯ ᠵᠢᠷᠭᠠᠯᠲᠤ ᠰᠢᠨ᠎ᠡ ᠪᠠᠷᠭᠤ ᠵᠡᠭᠦᠨ ᠬᠤᠰᠢᠭᠤ︾᠎ ᠶᠢ ᠴᠢᠷᠮᠠᠶᠢᠨ ᠪᠠᠶᠢᠭᠤᠯᠬᠤ ᠶᠠᠪᠤᠳᠡᠯ ᠪᠤᠯᠤᠨ᠎ᠡ᠃ ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠭᠦᠢᠴᠡᠳᠬᠡᠬᠦ ᠲᠤᠭ᠎ᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 9.5%  ᠨᠡᠮᠡᠭᠳᠡᠭᠦᠯᠵᠦ᠂ 35.9 ᠳ᠋ᠦᠩᠰᠢᠭᠤᠷ ᠲᠥᠭᠦᠷᠢᠭ ᠲᠤ ᠬᠦᠷᠭᠡᠨ᠎ᠡ︔ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢ 7% ᠪᠠᠭᠤᠷᠠᠭᠤᠯᠵᠦ᠂ 1.22 ᠳ᠋ᠦᠩᠰᠢᠭᠤᠷ ᠲᠥᠭᠦᠷᠢᠭ ᠪᠡᠶᠡᠯᠡᠭᠦᠯᠦᠨ᠎ᠡ︔ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠎ ᠶᠢᠨ ᠪᠡᠯᠡ ᠣᠷᠤᠭᠤᠯᠤᠯᠲᠠ ᠶᠢ 16% ᠨᠡᠮᠡᠭᠳᠡᠭᠦᠯᠵᠦ᠂ 23.5 ᠳ᠋ᠦᠩᠰᠢᠭᠤᠷ ᠲᠥᠭᠦᠷᠢᠭ ᠲᠤ ᠬᠦᠷᠭᠡᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 13% ᠨᠡᠮᠡᠭᠳᠡᠭᠦᠯᠵᠦ᠂ 5.9 ᠳ᠋ᠦᠩᠰᠢᠭᠤᠷ ᠲᠥᠭᠦᠷᠢᠭ ᠲᠤ ᠬᠦᠷᠭᠡᠨ᠎ᠡ︔ ᠬᠤᠲᠠ ᠪᠠᠯᠭᠠᠰᠤᠨ ᠤ ᠬᠥᠮᠥᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠶᠢ 10% ᠨᠡᠮᠡᠭᠳᠡᠭᠦᠯᠵᠦ᠂ 19778 ᠲᠥᠭᠦᠷᠢᠭ ᠲᠤ ᠬᠦᠷᠭᠡᠨ᠎ᠡ︔ ᠮᠠᠯᠴᠢᠳ ᠤᠨ ᠲᠡᠭᠰᠢᠳᠭᠡᠭᠰᠡᠨ ᠴᠡᠪᠡᠷ ᠣᠷᠣᠯᠭ᠎ᠠ ᠶᠢ 11% ᠨᠡᠮᠡᠭᠳᠡᠭᠦᠯᠵᠦ 15884 ᠲᠥᠭᠦᠷᠢᠭ ᠲᠤ ᠬᠦᠷᠭᠡᠨ᠎ᠡ᠃ᠳᠡᠭᠡᠷᠡᠬᠢ ᠬᠠᠷᠠᠯᠲᠠ ᠶᠢ ᠪᠡᠶᠡᠯᠡᠭᠦᠯᠬᠦ ᠳᠤ ᠳᠣᠣᠷᠠᠬᠢ ᠳᠣᠯᠣᠭᠠᠨ ᠲᠠᠯ᠎ᠠ ᠶᠢᠨ ᠠᠵᠢᠯ ᠢ ᠴᠢᠬᠤᠯᠠᠴᠢᠯᠠᠨ ᠠᠳᠬᠤᠬᠤ ᠬᠡᠷᠡᠭᠲᠡᠢ᠄︵ᠨᠢᠭᠡ︶  ᠠᠵᠢᠯ ᠤᠨ ᠭᠤᠣᠯᠳᠠᠯᠭ᠎ᠠ ᠪᠠᠨ ᠳᠣᠪᠣᠶᠢᠯᠭᠠᠵᠤ᠂ ᠠᠵᠤ ᠠᠬᠤᠢ ᠶᠢᠨ ᠲᠣᠭᠲᠠᠭᠤᠨ ᠬᠥᠭᠵᠢᠯᠲᠡ ᠶᠢ ᠪᠠᠲᠤᠯᠠᠨ᠎ᠠ᠃ ᠮᠠᠨ ᠤ ᠬᠤᠰᠢᠭᠤᠨ ᠤ ᠣᠳᠣᠬᠠᠨ ᠤ ᠭᠤᠣᠯ ᠵᠥᠷᠢᠴᠡᠯ ᠢ  ᠰᠢᠢᠳᠪᠦᠷᠢᠯᠡᠬᠦ ᠭᠤᠣᠯᠳᠠᠯᠭ᠎ᠠ ᠨᠢ ᠳᠠᠷᠤᠢ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠶᠠᠪᠤᠳᠡᠯ ᠪᠤᠯᠤᠨ᠎ᠡ᠃ ᠠᠵᠤ ᠠᠬᠤᠢ ᠶᠢᠨ ᠰᠠᠭᠤᠷᠢ ᠨᠢᠮᠭᠡᠨ᠂ ᠬᠤᠷᠸ᠎ᠠ ᠠᠵᠥ ᠠᠬᠤᠢ ᠶᠢᠨ ᠪᠤᠳᠤᠯᠢᠶᠠᠨᠲᠤ ᠪᠠᠶᠢᠳᠠᠯ ᠳᠣᠣᠷ᠎ᠠ᠂ ᠪᠢᠳᠠ ᠡᠷᠬᠡᠪᠰᠢ ᠡᠭᠦᠷᠭᠡ ᠬᠠᠷᠠᠯᠲᠠ ᠪᠠᠨ ᠤᠯᠠᠮ ᠨᠢᠭᠡ ᠠᠯᠬᠤᠮ ᠲᠣᠳᠣ ᠪᠣᠯᠭᠠᠵᠤ᠂ ᠠᠵᠢᠯ ᠤᠨ ᠭᠤᠣᠯ ᠱᠤᠭᠤᠮ ᠢ ᠪᠦᠷᠢᠯᠳᠦᠭᠦᠯᠵᠦ᠂ ᠪᠠᠬᠢᠯᠡᠯᠲᠡ ᠰᠢᠪᠲᠤᠯᠬᠤ ᠬᠦᠴᠦᠨ ᠢᠶᠠᠨ ᠬᠠᠮᠲᠤᠳᠬᠠᠵᠤ᠂ ᠠᠵᠤ ᠠᠬᠤᠢ ᠶᠢᠨ ᠬᠥᠭᠵᠢᠯᠲᠡ ᠶᠢ ᠬᠠᠮᠲᠣᠪᠡᠷ ᠲᠦᠯᠬᠢᠨ ᠠᠬᠢᠭᠤᠯᠬᠤ ᠬᠡᠷᠡᠭᠳᠠᠢ᠃ᠨᠢᠭᠡ ᠳᠤ  ᠭᠤᠣᠯᠳᠠᠯᠭ᠎ᠠ ᠶᠢ ᠠᠳᠬᠤᠨ᠎ᠠ᠃ ᠮᠢᠬᠠᠨ ᠤ ᠲᠥᠷᠥᠯ ᠢ ᠪᠣᠯᠪᠠᠰᠤᠷᠠᠭᠤᠯᠬᠤ ᠠᠵᠤ ᠠᠬᠤᠶᠢᠯᠠᠯ ᠢ 20 ᠲᠦᠮᠡᠨ ᠲᠣᠯᠣᠭᠠᠢ ᠮᠢᠬᠠᠨ ᠤ ᠬᠤᠨᠢ ᠡᠳ᠋ᠰᠢᠬᠦᠯᠵᠦ ᠬᠠᠳᠠᠭᠠᠯᠠᠬᠤ ᠴᠢᠳᠡᠪᠤᠷᠢ ᠲᠠᠢ ᠪᠤᠯᠭᠠᠨ᠎ᠡ᠂ 5 ᠲᠦᠮᠡᠨ ᠲᠣᠨ ᠴᠢᠯᠠᠭᠤᠨ ᠲᠣᠰᠣ ᠨᠡᠭᠡᠭᠡᠨ ᠭᠠᠷᠭᠠᠬᠤ ᠶᠢ ᠪᠠᠲᠤᠯᠠᠵᠤ᠂ ᠰᠠᠯᠬᠢᠨ ᠬᠦᠴᠤᠨ ᠤ ᠴᠠᠬᠢᠯᠭᠠᠨ ᠭᠠᠷᠭᠠᠯᠲᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠵᠢᠭᠤᠯᠴᠢᠯᠠᠯ ᠤᠨ  ᠲᠤᠯᠤᠭᠠᠶᠢᠯᠠᠭᠴᠢ ᠠᠵᠤ ᠠᠬᠤᠶᠢᠯᠠᠯ ᠢ ᠣᠷᠣᠭᠤᠯᠵᠤ ᠰᠠᠭᠤᠷᠢᠰᠢᠭᠤᠯᠬᠤ ᠶᠢ ᠪᠡᠶᠡᠯᠡᠭᠦᠯᠦᠨ᠎ᠡ᠃ ᠨᠡᠮᠡᠭᠳᠡᠯ ᠠᠵᠤ ᠠᠬᠤᠢ ᠶᠢᠨ ᠲᠠᠯ᠎ᠡ ᠪᠠᠷ ᠪᠠᠶᠠᠨᠴᠠᠭᠠᠨ ᠨᠡᠭᠦᠷᠡᠰᠦᠨ ᠠᠭᠤᠷᠬᠠᠢ᠂ ᠬᠠᠨᠳᠠᠭᠠᠢ ᠶᠢᠨ ᠰᠢᠨ ᠶᠦᠸᠧ ᠲᠡᠮᠦᠷ ᠵᠡᠰ ᠤᠨ ᠠᠭᠤᠷᠬᠠᠢ ᠶᠢᠨ ᠵᠢᠩᠬᠢᠨᠢ ᠪᠠᠷ ᠦᠢᠯᠡᠳᠪᠦᠷᠢᠯᠡᠬᠦ ᠶᠢ ᠪᠠᠲᠤᠯᠠᠨ᠎ᠠ︔ ᠡᠪᠦᠳᠦᠭ ᠪᠣᠭᠤᠮᠲᠠ ᠪᠠᠷ 20 ᠲᠦᠮᠡᠨ ᠲᠣᠨ ᠣᠷᠴᠢᠮ ᠲᠦᠭᠦᠬᠡᠢ ᠴᠢᠯᠠᠭᠤᠨ ᠲᠣᠰᠣ ᠵᠥᠭᠡᠭᠡᠪᠦᠷᠢᠯᠡᠬᠦ ᠶᠢ ᠪᠠᠲᠤᠯᠠᠨ᠎ᠠ︔ ᠡᠭᠦᠨ ᠤ ᠬᠠᠮᠲᠤ ᠠᠮᠢ ᠠᠬᠤᠢ᠂ ᠬᠤᠲᠠ ᠪᠠᠯᠭᠠᠰᠤ᠂ ᠵᠠᠮ ᠨᠡᠪᠲᠡᠷᠡᠭᠦᠯᠭᠡ᠂ ᠴᠠᠬᠢᠯᠭᠠᠨ ᠬᠦᠴᠦᠨ᠂ ᠠᠷᠠᠳ ᠤᠨ ᠠᠮᠢᠳᠤᠷᠠᠯ ᠵᠡᠷᠭᠡ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠢᠨᠵᠧᠨᠧᠷᠢᠩ ᠎ ᠢ ᠰᠠᠶᠢᠲᠤᠷ ᠬᠢᠨ᠎ᠡ᠃ᠬᠤᠶᠠᠷ ᠲᠤ  ᠪᠡᠯᠡ ᠣᠷᠤᠭᠤᠯᠤᠯᠲᠠ ᠶᠢ ᠰᠠᠶᠢᠲᠤᠷ ᠠᠳᠬᠤᠨ᠎ᠠ᠃ ᠪᠦᠬᠦ ᠵᠢᠯ ᠤᠨ ᠪᠡᠯᠡ ᠣᠷᠤᠭᠤᠯᠤᠯᠲᠠ ᠶᠢᠨ ᠡᠭᠦᠷᠭᠡ ᠪᠠᠨ ᠴᠢᠷᠮᠠᠶᠢᠨ ᠪᠡᠶᠡᠯᠡᠬᠦᠯᠤᠨ᠎ᠡ᠂ ᠵᠢᠯ ᠤᠨ ᠡᠬᠢᠨ ᠳᠤ 15.3  ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠯᠲᠠ ᠶᠢᠨ ᠲᠥᠷᠥᠯ ᠵᠦᠢᠯ ᠢ ᠨᠢᠭᠡᠨᠲᠡ ᠲᠤᠭᠳᠠᠭᠠᠭᠰᠠᠨ ᠪᠣᠯᠪᠠᠴᠤ ᠡᠨ᠋ᠨ ᠵᠢᠯ ᠤᠨ ᠵᠢᠱᠢᠭᠰᠡᠨ ᠭᠦᠢᠴᠡᠳᠬᠡᠬᠦ ᠲᠤᠭ᠎ᠠ ᠠᠴᠠ ᠮᠥᠨ ᠯᠡ ᠵᠤᠬᠢᠬᠤ ᠵᠥᠷᠢᠶ᠎ᠡ ᠲᠠᠢ᠃ ᠤᠯᠤᠰ ᠤᠨ ᠪᠡᠯᠡ ᠣᠷᠤᠭᠤᠯᠤᠯᠲᠠ ᠶᠢᠨ ᠵᠢᠯᠣᠭᠤᠳᠤᠮᠵᠢ ᠶᠢ ᠨᠠᠷᠢᠨ ᠬᠢᠨᠠᠮᠠᠭᠠᠢ ᠰᠤᠳᠤᠯᠵᠤ᠂ ᠲᠦᠷᠤᠯ ᠵᠤᠶᠢᠯ ᠤᠨ ᠪᠡᠯᠡᠳᠭᠡᠯ ᠢ ᠯᠠᠪᠳᠠᠭᠤᠨ ᠰᠠᠶᠢᠳᠤᠷ ᠬᠢᠵᠦ᠂ ᠠᠷᠭ᠎ᠠ ᠪᠦᠬᠦᠨ ᠢ ᠰᠦᠪᠡᠭᠴᠢᠯᠡᠨ ᠲᠥᠷᠥᠯ ᠵᠦᠢᠯ ᠢ ᠴᠢᠷᠮᠠᠶᠢᠨ ᠣᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠰᠠᠶᠢᠲᠤᠷ ᠬᠢᠵᠦ᠂ ᠪᠡᠯᠡ ᠣᠷᠤᠭᠤᠯᠤᠯᠲᠠ ᠶᠢᠨ ᠶᠡᠷᠦᠩᠬᠡᠢ ᠬᠡᠮᠵᠢᠶ᠎ᠡ ᠶᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ᠭᠤᠷᠪᠠ ᠳᠤ  ᠲᠥᠷᠥᠯ ᠵᠦᠢᠯ ᠢ ᠰᠠᠶᠢᠲᠤᠷ ᠠᠳᠬᠤᠨ᠎ᠠ᠃ 3000 ᠲᠦᠮᠡᠨ ᠲᠥᠭᠦᠷᠢᠭ ᠠᠴᠠ ᠳᠡᠭᠡᠭᠰᠢ ᠪᠡᠯᠡ ᠣᠷᠣᠭᠤᠯᠬᠤ ᠭᠤᠣᠯᠳᠠᠯᠭ᠎ᠠ ᠲᠠᠢ 14 ᠲᠥᠷᠥᠯ ᠵᠦᠢᠯ ᠢ ᠲᠣᠬᠢᠷᠠᠭᠤᠯᠤᠨ᠎ᠠ᠂ ᠡᠭᠦᠨ ᠳᠤ ᠠᠵᠤ ᠦᠢᠯᠡᠳᠪᠦᠷᠢ ᠶᠢᠨ ᠲᠥᠷᠥᠯ 4᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ 2᠂ ᠰᠠᠭᠤᠷᠢ ᠲᠥᠬᠦᠭᠡᠷᠦᠮᠵᠢ ᠶᠢᠨ ᠲᠥᠷᠥᠯ 3᠂ ᠲᠠᠷᠢᠶᠠᠯᠠᠩ ᠣᠢ ᠰᠢᠭᠤᠢ ᠤᠰᠤᠨ ᠠᠰᠢᠭᠯᠠᠯᠲᠠ ᠶᠢᠨ ᠲᠥᠷᠥᠯ 1᠂ ᠠᠷᠠᠯᠵᠢᠶ᠎ᠠ ᠬᠤᠳᠠᠯᠳᠤᠭ᠎ᠠ ᠨᠡᠶᠢᠭᠡᠮ ᠤᠨ ᠠᠵᠢᠯ ᠦᠢᠯᠡᠰ ᠪᠣᠯᠣᠨ ᠠᠷᠠᠳ ᠤᠨ ᠠᠮᠢᠳᠤᠷᠠᠯ ᠤᠨ ᠲᠥᠷᠥᠯ 4 ᠪᠤᠢ᠃ ᠮᠠᠨ ᠤ ᠬᠤᠰᠢᠭᠤᠨ ᠤ ᠠᠵᠦ ᠠᠬᠤᠢ ᠎ ᠶᠢᠨ ᠬᠦᠭᠵᠢᠯᠳᠡ ᠶᠢ ᠬᠢᠵᠠᠭᠠᠷᠯᠡᠵᠦ ᠪᠠᠶᠢᠭ᠎ᠠ ᠬᠠᠮᠤᠭ ᠴᠢᠬᠤᠯᠨ ᠰᠢᠯᠳᠠᠭᠠᠨ ᠨᠢ ᠲᠤᠮᠤ ᠲᠦᠷᠤᠯ ᠵᠤᠶᠢᠯ ᠲᠤᠳᠠᠭᠳᠡᠵᠦ ᠪᠠᠶᠢᠭ᠎ᠠ ᠶᠠᠪᠤᠳᠡᠯ ᠪᠤᠯᠤᠨ᠎ᠡ᠂ ᠪᠢᠳᠡ ᠲᠡᠭᠡᠷᠡᠬᠢ ᠮᠡᠳᠤ ᠲᠦᠷᠤᠯ ᠵᠤᠶᠢᠯ ᠢ ᠲᠡᠰ ᠲᠠᠷᠠᠭ᠎ᠠ ᠲᠠᠢ ᠪᠦᠳᠤᠭᠡᠨ ᠪᠠᠶᠢᠭᠤᠯᠬᠤ ᠶᠢ ᠪᠠᠳᠤᠯᠠᠬᠤ ᠶᠢᠨ ᠬᠠᠮᠳᠤ ᠬᠠᠨᠳᠤᠯᠭᠠᠳᠤ ᠴᠢᠨᠠᠷᠳᠠᠢ ᠪᠠᠷ ᠲᠡᠬᠢᠨ ᠰᠤᠳᠤᠯᠤᠨ ᠰᠦᠪᠡᠭᠴᠢᠯᠡᠵᠦ ᠨᠢᠭᠡ ᠪᠦᠯᠤᠭ᠌ ᠭᠤᠥᠯᠳᠠᠯᠭ᠎ᠠ ᠲᠠᠢ ᠲᠤᠮᠤ ᠲᠦᠷᠤᠯ ᠵᠤᠶᠢᠯ ᠤᠷᠤᠭᠤᠯᠬᠤ ᠶᠢ ᠲᠦᠯᠬᠢᠨ ᠠᠬᠢᠭᠤᠯᠬᠤ ᠬᠡᠷᠡᠭᠳᠠᠢ᠃ᠳᠥᠷᠪᠡ ᠳᠤ  ᠲᠣᠬᠢᠷᠠᠭᠤᠯᠤᠯᠲᠠ ᠶᠢ ᠰᠠᠶᠢᠲᠤᠷ ᠠᠳᠬᠤᠨ᠎ᠠ᠃ ᠠᠵᠤ ᠠᠬᠤᠢ ᠶᠢᠨ ᠡᠩ ᠤᠨ ᠡᠷᠭᠢᠯᠲᠡ ᠶᠢ ᠲᠤᠬᠢᠷᠠᠭᠤᠯᠬᠤ ᠶᠢ ᠦᠨᠡᠨᠬᠦ ᠴᠢᠩᠭᠠᠳᠬᠠᠵᠤ᠂ ᠬᠤᠰᠢᠭᠤ ᠵᠠᠰᠠᠭ ᠤᠨ ᠣᠷᠳᠣᠨ ᠤ ᠡᠯ᠎ᠡ ᠵᠤᠶᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠡᠷᠭᠢᠯᠲᠡ ᠪᠣᠯᠣᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤᠮᠳᠠᠬᠢ ᠬᠦᠴᠢᠷᠳᠡᠯ ᠢ ᠴᠠᠭ ᠲᠤᠬᠠᠢ ᠳᠤᠨᠢ ᠰᠢᠢᠳᠪᠦᠷᠢᠯᠡᠨ᠂ ᠡᠯ᠎ᠡ ᠲᠥᠷᠥᠯ ᠵᠦᠢᠯ ᠢ ᠳᠡᠰ ᠳᠠᠷᠠᠭᠠᠯᠠᠯ ᠲᠠᠢ ᠲᠦᠯᠬᠢᠨ ᠠᠬᠢᠭᠤᠯᠬᠤ ᠶᠢ ᠪᠠᠲᠤᠯᠠᠵᠤ᠂ ᠨᠦᠭᠡᠴᠡ ᠠᠵᠤ ᠠᠬᠤᠢ ᠶᠢ ᠲᠣᠭᠲᠠᠭᠤᠨ ᠪᠠᠶᠢᠯᠭᠠᠬᠤ ᠮᠥᠷᠲᠡᠭᠡᠨ ᠳᠡᠭᠡᠭᠰᠢᠯᠡᠭᠦᠯᠬᠦ ᠶᠢ ᠪᠠᠲᠤᠯᠠᠵᠤ᠂ ᠨᠡᠮᠡᠭᠳᠡᠯ ᠠᠵᠤ ᠠᠬᠤᠢ ᠶᠢᠨ ᠰᠢᠨ᠎ᠡ ᠨᠡᠮᠡᠭᠳᠡᠯ ᠢ ᠳᠠᠷᠤᠶᠢᠬᠠᠨ ᠪᠦᠷᠢᠯᠳᠦᠭᠦᠯᠬᠦ ᠬᠡᠷᠡᠭᠲᠡᠢ᠃︵ᠬᠤᠶᠠᠷ︶  ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠬᠦ ᠶᠢ ᠶᠡᠬᠡᠪᠡᠷ ᠲᠦᠯᠬᠢᠨ ᠠᠬᠢᠭᠤᠯᠵᠤ᠂ ᠮᠠᠯᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ  ᠠᠬᠢᠭᠤᠯᠤᠨ᠎ᠠ᠃ ᠲᠠᠯ᠎ᠠ ᠨᠤᠲᠤᠭ ᠤᠨ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠲᠡᠪᠰᠢᠬᠦᠯᠬᠦ ᠪᠤᠯ ᠤᠯᠠᠮᠵᠢᠯᠠᠯᠲᠤ ᠮᠠᠯ ᠠᠵᠤ ᠠᠬᠤᠢ ᠶᠢᠨ ᠰᠠᠭᠤᠷᠢᠨ ᠳᠡᠭᠡᠷ᠎ᠡ ᠮᠠᠯᠴᠢᠳ ᠢ ᠣᠳᠣ ᠦᠶ᠎ᠡ ᠶᠢᠨ ᠮᠠᠯ ᠠᠵᠤ ᠠᠬᠤᠢ ᠶᠢᠨ ᠬᠥᠭᠵᠢᠯᠲᠡ ᠲᠡᠰᠢ ᠬᠥᠲᠥᠯᠥᠨ ᠵᠢᠯᠣᠭᠤᠳᠴᠤ᠂ ᠮᠠᠯᠴᠢᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠎ᠡ᠃ ᠡᠨᠡ ᠵᠢᠯ ᠭᠤᠣᠯᠳᠠᠭᠤ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ᠨᠢᠭᠡ ᠳᠤ  ᠲᠡᠵᠢᠭᠡᠯ ᠪᠣᠷᠳᠤᠭ᠎ᠠ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠬᠤ ᠶᠢᠨ ᠬᠠᠮᠲᠤ ᠬᠥᠮᠥᠨ ᠤ ᠬᠦᠴᠦ ᠪᠠᠷ ᠡᠪᠡᠰᠦ ᠲᠠᠷᠢᠬᠤ ᠪᠠ ᠭᠠᠳᠠᠭᠠᠳᠤ ᠠᠴᠠ ᠲᠡᠵᠢᠭᠡᠯ ᠪᠣᠷᠳᠤᠭ᠎ᠠ ᠤᠷᠤᠭᠤᠯᠵᠦ ᠨᠡᠮᠡᠭᠳᠡᠭᠦᠯᠬᠦ ᠬᠤᠶᠡᠷ ᠵᠤᠶᠢᠯ ᠤᠨ ᠠᠷᠭ᠎ᠠ ᠵᠠᠮ ᠢ ᠰᠠᠶᠢᠲᠤᠷ ᠠᠳᠬᠤᠵᠤ᠂ ᠡᠮᠦᠨᠡᠲᠦ ᠬᠡᠰᠡᠭ ᠤᠨ 10 ᠲᠦᠮᠡᠨ ᠮᠤ᠋ ᠲᠠᠷᠢᠶᠠᠯᠠᠬᠤ ᠶᠢ ᠵᠣᠭᠰᠣᠭᠠᠵᠤ ᠲᠠᠷᠢᠵᠤ ᠤᠷᠭᠤᠭᠤᠯᠬᠤ ᠭᠠᠵᠡᠷ ᠶᠢ ᠠᠰᠢᠭᠯᠠᠨ ᠡᠪᠡᠰᠦ ᠪᠡᠯᠴᠢᠭᠡᠷ ᠲᠠᠷᠢᠵᠤ᠂ 3000 ᠮᠦ ᠰᠢᠯᠢᠳᠡᠭ ᠪᠡᠯᠴᠢᠭᠡᠷ ᠡᠪᠡᠰᠦᠨ ᠤ ᠦᠷ᠎ᠡ ᠲᠠᠷᠢᠵᠤ ᠤᠷᠭᠤᠭᠤᠯᠬᠤ ᠰᠠᠭᠤᠷᠢᠨ ᠭᠠᠵᠠᠷ ᠪᠠᠶᠢᠭᠤᠯᠵᠤ᠂ ᠤᠰᠤ ᠠᠷᠪᠢᠯᠠᠨ ᠤᠰᠤᠯᠠᠬᠤ ᠢᠨᠵᠧᠨᠧᠷᠢᠩ ᠢ ᠢᠵᠢ ᠪᠦᠷᠢᠯᠳᠦᠭᠦᠯᠦᠨ ᠬᠡᠷᠡᠭᠵᠢᠭᠦᠯᠦᠨ᠎ᠡ︔ ᠮᠣᠩᠭᠤᠯ ᠤᠯᠤᠰ ᠠᠴᠠ ᠪᠣᠷᠳᠤᠭ᠎ᠠ ᠣᠷᠣᠭᠤᠯᠬᠤ ᠶᠢ ᠪᠠᠶᠢᠩᠭᠤᠵᠢᠭᠤᠯᠬᠤ ᠠᠵᠢᠯ ᠢ ᠲᠦᠯᠬᠢᠨ ᠠᠬᠢᠭᠤᠯᠤᠨ᠎ᠠ᠃ ᠬᠠᠳᠤᠯᠡᠩ ᠤᠨ ᠠᠵᠢᠯ ᠢ ᠮᠠᠰᠢᠨᠴᠢᠯᠠᠬᠤ ᠶᠢ ᠠᠬᠢᠭᠤᠯᠵᠦ᠂ ᠤᠯᠤᠰ ᠤᠨ ᠬᠠᠷᠠᠭᠠᠯᠵᠠᠯᠠᠯ ᠨᠦᠬᠦᠪᠤᠷᠢ ᠪᠦᠬᠦᠢ ᠡᠪᠡᠰᠤ ᠬᠠᠳᠤᠬᠤ ᠲᠦᠬᠦᠭᠡᠷᠤᠮᠵᠢ ᠶᠢ 160 ᠢᠵᠢ ᠰᠠᠤᠷᠢ ᠠᠴᠠ ᠳᠡᠭᠡᠭᠰᠢ ᠬᠤᠳᠡᠯᠳᠤᠨ ᠠᠪᠤᠨ᠎ᠡ᠃ ᠬᠤᠰᠢᠭᠤ᠂ ᠰᠤᠮᠤ ᠪᠠᠯᠭᠠᠰᠤ᠂ ᠭᠠᠴᠠᠭ᠎ᠠ ᠭᠤᠷᠪᠠᠨ ᠱᠠᠲᠤᠨ ᠤ ᠲᠡᠵᠢᠭᠡᠯ ᠪᠣᠷᠳᠤᠭ᠎ᠠ ᠨᠥᠭᠡᠴᠡᠯᠡᠬᠦ ᠰᠢᠰᠲ᠋ᠧᠮ ᠢ ᠪᠦᠷᠢᠨ ᠲᠡᠭᠦᠯᠳᠡᠷᠵᠢᠭᠦᠯᠵᠦ᠂ ᠲᠡᠵᠢᠭᠡᠯ ᠪᠣᠷᠳᠤᠭ᠎ᠠ ᠠᠷᠠᠯᠵᠢᠶᠠᠯᠠᠬᠤ ᠲᠠᠪᠴᠠᠩ ᠢ ᠰᠦᠪᠡᠭᠴᠢᠯᠡᠨ ᠪᠠᠶᠢᠭᠤᠯᠵᠤ᠂ ᠲᠡᠵᠢᠭᠡᠯ ᠪᠣᠷᠳᠤᠭ᠎ᠠ ᠬᠠᠳᠠᠭᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ 10 ᠰᠠᠭᠤᠷᠢ ᠲᠡᠵᠢᠭᠡᠯ ᠪᠣᠷᠳᠤᠭ᠎ᠠ ᠬᠠᠳᠠᠭᠠᠯᠠᠬᠤ ᠬᠥᠮᠥᠷᠭᠡ ᠶᠢ ᠰᠢᠨ᠎ᠡ ᠪᠠᠷ ᠪᠠᠶᠢᠭᠤᠯᠤᠨ᠎ᠠ᠃ ᠬᠤᠶᠠᠷ ᠲᠤ  ᠮᠠᠯ ᠠᠵᠤ ᠠᠬᠤᠢ ᠶᠢᠨ ᠰᠠᠭᠤᠷᠢ ᠲᠥᠬᠦᠭᠡᠷᠦᠮᠵᠢ ᠶᠢ ᠴᠢᠩᠭᠠᠳᠬᠠᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠬᠠᠮᠵᠢᠯᠴᠠᠵᠦ᠂ ᠮᠠᠯᠵᠢᠯ ᠳᠤ ᠬᠤᠯᠪᠣᠭᠳᠠᠬᠤ ᠡᠯ᠎ᠡ ᠵᠦᠢᠯ ᠤᠨ ᠵᠢᠭᠡᠯᠡᠯᠭᠡ ᠶᠢᠨ ᠠᠷᠭ᠎ᠠ ᠵᠠᠮ ᠢ ᠥᠷᠭᠡᠳᠬᠡᠨ᠂ ᠮᠠᠯᠴᠢᠳ ᠢ ᠬᠥᠲᠥᠯᠥᠨ ᠵᠢᠯᠣᠭᠤᠳᠴᠤ ᠬᠠᠰᠢᠶ᠎ᠠ ᠰᠠᠷᠠᠪᠴᠢ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠲᠥᠷᠥᠯ ᠤᠨ ᠬᠠᠰᠢᠶ᠎ᠠ ᠰᠠᠷᠠᠪᠴᠢ ᠶᠢ 500 ᠰᠠᠭᠤᠷᠢ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠂ 80᠎ ᠠᠴᠠ ᠲᠡᠭᠡᠭᠰᠢ ᠰᠢᠨ᠎ᠡ ᠬᠤᠳᠳᠤᠭ ᠮᠠᠯᠳᠡᠵᠦ᠂ 130 ᠲᠦᠮᠡᠨ ᠮᠦ ᠪᠡᠯᠴᠢᠭᠡᠷ ᠢ  ᠲᠤᠥᠷᠯᠡᠨ ᠬᠦᠷᠢᠶᠡᠯᠡᠨ᠎ᠡ᠃ ᠮᠠᠯᠵᠢᠯ ᠳᠤ ᠬᠤᠯᠪᠣᠭᠳᠠᠬᠤ ᠲᠥᠷᠥᠯ ᠵᠦᠢᠯ ᠢ ᠰᠢᠨᠵᠢᠯᠡᠬᠦ ᠤᠬᠠᠭᠠᠨᠴᠢ ᠎ ᠪᠠᠷ ᠨᠢᠭᠡᠳᠦᠭᠦᠯᠵᠦ᠂ ᠰᠤᠮᠤ ᠪᠠᠯᠭᠠᠰᠤ ᠪᠠᠷ ᠭᠤᠥᠯ ᠪᠤᠯᠭᠠᠨ᠂ ᠬᠠᠨᠳᠤᠯᠭᠠᠲᠤ ᠴᠢᠨᠠᠷᠲᠠᠢ ᠪᠠᠷ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠵᠢᠱᠢᠶ᠎ᠡ ᠦᠵᠡᠭᠦᠯᠬᠦ ᠢᠨᠵᠧᠨᠧᠷᠢᠩ ᠢ ᠪᠠᠶᠢᠭᠤᠯᠤᠨ᠎ᠠ᠃ ᠭᠤᠷᠪᠠ ᠳᠤ  ᠠᠵᠤ ᠦᠢᠯᠡᠰᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠮᠢᠬᠠᠨ ᠤ ᠲᠥᠷᠥᠯ ᠢ ᠪᠣᠯᠪᠠᠰᠤᠷᠠᠭᠤᠯᠬᠤ ᠠᠵᠤ ᠠᠬᠤᠶᠢᠯᠠᠯ ᠤᠨ ᠦᠢᠯᠡᠳᠭᠡᠭᠦᠨ ᠤ ᠬᠡᠮᠵᠢᠶ᠎ᠡ ᠶᠢ ᠨᠡᠮᠡᠭᠳᠡᠭᠦᠯᠬᠦ ᠶᠢ ᠵᠤᠷᠢᠭᠵᠢᠭᠤᠯᠤᠨ᠂ ᠠᠵᠤ ᠠᠬᠤᠶᠢᠯᠠᠯ ᠤᠨ ᠬᠠᠮᠲᠤᠷᠠᠨ ᠠᠵᠢᠯᠯᠠᠬᠤ ᠶᠢ ᠬᠥᠲᠥᠯᠥᠨ ᠵᠢᠯᠣᠭᠤᠳᠴᠤ᠂ ᠨᠡᠷᠡᠲᠦ ᠲᠡᠮᠳᠡᠭ ᠤᠨ ᠥᠷᠲᠡᠭ ᠪᠣᠯᠣᠨ ᠦᠢᠯᠡᠳᠭᠡᠭᠦᠨ ᠤ ᠲᠠᠭᠠᠯᠳᠡ ᠨᠡᠮᠡᠭᠳᠡᠯ ᠥᠷᠲᠡᠭ ᠢ ᠳᠡᠭᠡᠭᠰᠢᠯᠡᠭᠦᠯᠦᠨ᠎ᠡ᠃ ᠴᠠᠭᠠᠨ ᠢᠳᠡᠭᠡᠨ ᠤ ᠠᠵᠤ ᠠᠬᠤᠶᠢᠯᠠᠯ ᠤᠨ ᠮᠡᠷᠭᠡᠵᠢᠯ ᠢᠶᠠᠨ ᠰᠢᠨᠡᠳᠭᠡᠨ ᠬᠤᠪᠢᠷᠠᠭᠤᠯᠬᠤ ᠳᠡᠰ ᠳᠡᠪᠰᠢᠬᠦ ᠶᠢ ᠵᠤᠷᠢᠭᠵᠢᠭᠤᠯᠤᠨ᠂ ᠠᠵᠤ ᠠᠬᠤᠶᠢᠯᠠᠯ ᠤᠨ ᠰᠦ ᠶᠢᠨ ᠢᠷᠡᠯᠲᠡ ᠶᠢᠨ ᠰᠠᠭᠤᠷᠢᠨ ᠭᠠᠵᠠᠷ ᠪᠠᠶᠢᠭᠤᠯᠬᠤ ᠶᠢ ᠳᠡᠮᠵᠢᠵᠦ᠂ ᠰᠦ ᠶᠢᠨ ᠵᠠᠬ᠎ᠠ ᠳᠡᠯᠭᠡᠭᠦᠷ ᠤᠨ ᠡᠮᠬᠢ ᠵᠢᠷᠤᠮ ᠢ ᠦᠷᠭᠦᠯᠵᠢᠯᠡᠨ ᠲᠦᠷᠢᠮᠵᠢᠬᠦᠯᠤᠨ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠲᠣᠯᠣᠭᠠᠶᠢᠯᠠᠭᠴᠢ ᠠᠵᠤ ᠠᠬᠤᠶᠢᠯᠠᠯ ᠢ ᠢᠳᠡᠪᠬᠢᠲᠡᠢ ᠣᠷᠣᠭᠤᠯᠵᠤ᠂ ︽ᠰᠦ᠂ ᠮᠢᠬ᠎ᠠ᠂ ᠡᠪᠡᠰᠦ︾᠎ ᠪᠠᠷ ᠭᠤᠣᠯᠯᠠᠭᠤᠯᠤᠭᠰᠠᠨ ᠮᠠᠯ ᠤᠨ  ᠠᠰᠢᠭ ᠰᠢᠮ᠎ᠡ ᠶᠢᠨ ᠲᠦᠭᠦᠬᠡᠢ ᠡᠳ᠋ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠣᠷᠣᠨ ᠨᠤᠲᠤᠭ ᠤᠨ ᠣᠨᠴᠠᠯᠢᠭᠲᠤ ᠮᠠᠯ ᠤᠨ ᠠᠰᠢᠭ ᠰᠢᠮ᠎ᠡ ᠶᠢᠨ ᠤᠷᠭᠠᠨᠢᠭ ᠨᠡᠷᠡᠲᠦ ᠲᠡᠮᠳᠡᠭ ᠢ ᠡᠬᠦᠳᠤᠨ᠎ᠡ᠃ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠢ ᠶᠢ ᠪᠠᠶᠢᠴᠠᠭᠠᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ᠳᠥᠷᠪᠡ ᠳᠤ  ᠵᠣᠬᠢᠶᠠᠨ ᠪᠠᠶᠢᠭᠤᠯᠴᠢᠯᠠᠯᠳᠡ ᠶᠢᠨ ᠡᠵᠡᠩᠨᠡᠯᠲᠡ ᠶᠢ ᠰᠠᠶᠢᠲᠤᠷ ᠠᠳᠬᠤᠨ᠎ᠠ᠃ ᠬᠤᠷᠰᠢᠶᠠᠵᠢᠯ᠂ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠮᠠᠯᠴᠢᠳ ᠤᠨ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠶᠡᠬᠡᠪᠡᠷ ᠬᠥᠭᠵᠢᠭᠦᠯᠵᠦ᠂ ᠳᠤᠮᠳᠠ ᠵᠢᠵᠢᠭ ᠡᠷᠦᠬᠡ ᠪᠣᠯᠣᠨ ᠬᠤᠪᠢ ᠶᠢᠨ ᠡᠷᠦᠬᠡ ᠶᠢ ᠵᠣᠬᠢᠶᠠᠨ ᠪᠠᠶᠢᠭᠤᠯᠴᠢᠯᠠᠯᠳᠡ ᠲᠠᠢ ᠪᠤᠯᠭᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠮᠠᠯᠵᠢᠬᠤ ᠡᠷᠦᠬᠡ᠂ ᠰᠠᠭᠤᠷᠢᠨ ᠭᠠᠵᠠᠷ᠂ ᠬᠤᠷᠰᠢᠶᠠᠵᠢᠯ᠂ ᠲᠣᠯᠣᠭᠠᠶᠢᠯᠠᠭᠴᠢ ᠠᠵᠤ ᠠᠬᠤᠶᠢᠯᠠᠯ ᠤᠨ ᠬᠤᠭᠤᠷᠣᠨᠳᠤᠬᠢ ᠠᠰᠢᠭ ᠲᠤᠰᠠ ᠶᠢ ᠬᠤᠯᠪᠣᠯᠳᠤᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂  ᠠᠶᠤᠯ ᠲᠦᠭᠰᠢᠬᠦᠷᠢ ᠶᠢ ᠬᠠᠮᠳᠤ ᠪᠠᠷ ᠡᠬᠦᠷᠭᠡᠯᠡᠵᠦ ᠠᠰᠢᠭ ᠲᠤᠰᠠ ᠶᠢ ᠬᠠᠮᠲᠤ ᠪᠠᠷ ᠡᠳ᠋ᠯᠡᠬᠦ ᠲᠤᠭᠳᠠᠴᠡ ᠶᠢ ᠪᠦᠷᠢᠯᠳᠦᠭᠦᠯᠦᠨ᠎ᠡ᠃ ᠪᠤᠰᠤᠳ ᠣᠷᠣᠨ ᠤ ᠲᠠᠷᠢᠬᠦᠨ ᠤ ᠲᠤᠷᠰᠢᠯᠭ᠎ᠠ ᠮᠡᠷᠭᠡᠵᠢᠯ ᠢ ᠢᠳᠡᠪᠬᠢᠲᠡᠢ ᠬᠦᠯᠢᠶᠡᠨ ᠠᠪᠴᠤ᠂ ᠮᠢᠬᠠᠨ ᠤ ᠬᠤᠨᠢ ᠶᠢ ᠣᠬᠤᠷᠬᠠᠨ ᠬᠤᠭᠤᠴᠠᠭᠠᠨ ᠳᠤ ᠲᠡᠵᠢᠭᠡᠯ ᠪᠣᠷᠳᠤᠭ᠎ᠠ ᠨᠥᠬᠦᠪᠦᠷᠢᠯᠡᠨ ᠲᠡᠵᠢᠭᠡᠨ ᠦᠷᠡᠵᠢᠭᠦᠯᠬᠦ ᠠᠷᠭ᠎ᠠ ᠶᠢ ᠡᠷᠢᠯᠬᠢᠯᠡᠨ ᠳᠡᠯᠭᠡᠷᠡᠭᠦᠯᠵᠦ᠂ 5 ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠵᠤ᠂ 2 ᠲᠦᠮᠡᠨ ᠲᠣᠯᠣᠭᠠᠢ ᠠᠴᠠ ᠳᠡᠭᠡᠭᠰᠢ ᠮᠢᠬᠠᠨ ᠤ ᠬᠤᠨᠢ ᠶᠢ ᠪᠣᠷᠳᠣᠨ ᠲᠠᠷᠭᠤᠭᠤᠯᠤᠨ᠎ᠠ᠃ ᠮᠠᠯ ᠠᠵᠤ ᠠᠬᠤᠢ ᠶᠢᠨ ᠬᠥᠳᠡᠯᠭᠡᠭᠦᠷ ᠮᠠᠰᠢᠨ ᠢ 400 ᠢᠵᠢ ᠰᠠᠤᠷᠢ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ ᠲᠠᠪᠤ ᠳᠤ  ᠢᠵᠢ ᠲᠥᠬᠦᠷᠵᠢᠭᠰᠡᠨ ᠦᠢᠯᠡᠴᠢᠯᠡᠭᠡ ᠶᠢ ᠲᠡᠭᠦᠯᠳᠡᠷᠵᠢᠭᠦᠯᠦᠨ᠎ᠡ᠃ ᠮᠠᠯ ᠤᠨ ᠪᠦᠲᠦᠴᠡ ᠶᠢ ᠰᠢᠯᠢᠳᠡᠭᠵᠢᠭᠦᠯᠵᠦ᠂ ᠬᠥᠯᠥᠨ ᠪᠣᠶᠢᠷ ᠤᠨ ᠬᠤᠴᠠ ᠶᠢ ᠥᠷᠭᠡᠳᠬᠡᠨ ᠦᠷᠡᠵᠢᠭᠦᠯᠬᠦ ᠲᠠᠯᠠᠪᠠᠢ ᠶᠢ ᠰᠢᠨ᠎ᠡ ᠪᠠᠷ 3 ᠨᠡᠮᠡᠭᠳᠡᠬᠦᠯᠤᠨ᠂ 1 ᠲᠦᠮᠡᠨ ᠲᠣᠯᠣᠭᠠᠢ ᠠᠴᠠ ᠲᠡᠭᠡᠭᠰᠢ ᠦᠨᠢᠶ᠎ᠡ ᠶᠢ ᠢᠴᠡᠭᠡᠯ ᠦᠷ᠎ᠡ ᠪᠠᠷ ᠬᠡᠭᠡᠯᠲᠦᠭᠦᠯᠵᠦ ᠡᠭᠦᠯᠳᠡᠷ ᠰᠠᠶᠢᠵᠢᠷᠠᠭᠤᠯᠵᠤ᠂ ᠮᠠᠯ ᠤᠨ ᠬᠢᠵᠢᠭ ᠢ ᠰᠡᠷᠭᠡᠶᠢᠯᠡᠬᠦ ᠠᠵᠢᠯ ᠤᠨ ᠴᠢᠨᠠᠷ ᠪᠠ ᠲᠤᠭ᠎ᠠ ᠶᠢ ᠪᠠᠳᠤᠯᠡᠨ᠎ᠡ᠃ ᠴᠠᠭ ᠠᠭᠤᠷ ᠎ ᠤᠨ ᠦᠢᠯᠡᠴᠢᠯᠡᠭᠡᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ ᠭᠠᠮᠰᠢᠭ ᠎ ᠢ ᠰᠡᠷᠡᠮᠵᠢᠯᠡᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨᠵᠢᠯᠡᠭᠡ ᠮᠡᠷᠭᠡᠵᠢᠯ ᠢ ᠬᠥᠳᠡᠭᠡ ᠬᠦᠷᠭᠡᠬᠦ ᠦᠢᠯᠡᠴᠢᠯᠡᠭᠡ ᠎ ᠶᠢ ᠰᠠᠶᠢᠲᠤᠷ ᠠᠳᠬᠤᠵᠤ᠂ ᠡᠪᠡᠰᠦ ᠪᠣᠷᠳᠤᠭ᠎ᠠ ᠪᠣᠭᠤᠵᠤ ᠳᠠᠷᠤᠰᠢᠭᠤᠯᠬᠤ ᠮᠡᠷᠭᠡᠵᠢᠯ᠂ ᠨᠠᠷᠠᠨ ᠤ ᠭᠡᠷᠡᠯ ᠢᠶᠠᠷ ᠢᠯᠴᠢ ᠬᠠᠩᠭᠠᠬᠤ ᠡᠨᠧᠷᠭᠢ ᠠᠷᠪᠢᠯᠠᠬᠤ ᠬᠠᠰᠢᠶ᠎ᠠ ᠰᠠᠷᠠᠪᠴᠢ᠂ ᠨᠡᠭᠦᠳᠡᠯ ᠫᠸᠡᠭ ᠵᠡᠷᠭᠡ ᠬᠡᠷᠡᠭᠯᠡᠭᠡᠨ ᠤ ᠰᠢᠨ᠎ᠡ ᠮᠡᠷᠭᠡᠵᠢᠯ ᠢ ᠲᠡᠯᠭᠡᠷᠡᠬᠦᠯᠤᠨ᠎ᠡ᠃ ᠮᠠᠯᠵᠢᠬᠤ ᠡᠷᠦᠬᠡ ᠶᠢᠨ ᠰᠤᠷᠠᠭ ᠵᠡᠩᠭᠢ ᠶᠢᠨ ᠬᠠᠮᠢᠶᠡᠷᠤᠯᠳᠡ ᠶᠢᠨ ᠰᠢᠰᠲ᠋ᠧᠮ ᠢ ᠪᠠᠶᠢᠭᠤᠯᠵᠦ᠂ ᠮᠠᠯᠴᠢᠳ ᠤᠨ ᠦᠨᠳᠦᠰᠦᠨ ᠪᠠᠶᠢᠳᠡᠯ ᠢ ᠬᠥᠳᠡᠯᠦᠩᠭᠦᠢ ᠡᠵᠡᠮᠰᠢᠵᠦ᠂ ᠮᠠᠯᠴᠢᠳ ᠤᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠦᠢᠯᠡᠴᠢᠯᠡᠭᠡ ᠬᠠᠩᠭᠠᠨ᠎ᠠ᠃︵ᠭᠤᠷᠪᠠ︶  ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠣᠯᠠᠨ ᠡᠰᠢᠲᠦ ᠲᠤᠯᠭᠠᠭᠤᠷᠢᠯᠠᠬᠤ ᠦᠢᠯᠡᠳᠪᠦᠷᠢ ᠶᠢᠨ ᠪᠠᠶᠢᠷᠢᠰᠢᠭᠤᠯᠤᠯ ᠢ ᠪᠦᠷᠢᠯᠳᠦᠭᠦᠯᠦᠨ᠎ᠡ᠃ ᠶᠠᠳᠠᠭᠤ ᠬᠤᠴᠣᠷᠤᠩᠭᠤᠢ ᠪᠠᠶᠢᠳᠠᠯ ᠢ ᠦᠭᠡᠷᠡᠴᠢᠯᠡᠨ᠂ ᠠᠷᠠᠳ ᠢ ᠪᠠᠶᠠᠯᠢᠭᠵᠢᠭᠤᠯᠵᠤ ᠬᠤᠰᠢᠭᠤ ᠪᠠᠨ ᠬᠦᠴᠦᠷᠬᠡᠭᠵᠢᠭᠦᠯᠬᠦ ᠬᠠᠷᠠᠯᠲᠠ ᠶᠢ ᠪᠡᠶᠡᠯᠡᠬᠦᠯᠬᠦ ᠳᠤ  ᠡᠷᠬᠡᠪᠰᠢ ᠡᠬᠢ ᠪᠠᠶᠠᠯᠢᠭ ᠢ ᠨᠡᠭᠡᠭᠡᠨ ᠠᠰᠢᠭᠯᠠᠬᠤ ᠵᠠᠮ ᠢᠶᠠᠷ ᠵᠠᠮᠨᠠᠬᠤ ᠶᠢ ᠲᠦᠷᠭᠡᠳᠬᠡᠬᠦ ᠬᠡᠷᠡᠭᠲᠡᠢ᠃ ᠦᠨᠤ ᠵᠢᠯ᠂ ᠨᠡᠭᠦᠷᠡᠰᠦ᠂ ᠴᠢᠯᠠᠭᠤᠨ ᠲᠣᠰᠣ᠂ ᠣᠯᠠᠨ ᠵᠦᠢᠯ ᠤᠨ ᠲᠡᠮᠦᠷᠯᠢᠭ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠳᠦᠷᠪᠡᠨ ᠶᠡᠭᠡ ᠠᠵᠤ ᠦᠢᠯᠡᠰ ᠢᠶᠠᠷ ᠲᠤᠯᠭᠠᠭᠤᠷᠢᠯᠠᠬᠤ ᠠᠵᠤ ᠦᠢᠯᠡᠳᠪᠦᠷᠢ ᠶᠢᠨ ᠬᠥᠭᠵᠢᠯᠲᠡ ᠶᠢᠨ ᠪᠦᠲᠦᠴᠡ ᠶᠢ ᠪᠡᠶᠡᠯᠡᠭᠦᠯᠦᠨ᠎ᠡ᠃ᠨᠢᠭᠡ ᠳᠤ  ᠳᠤᠮᠳᠠᠳᠤ ᠮᠣᠩᠭᠤᠯ ᠤᠨ ᠠᠵᠤ ᠠᠬᠤᠢ ᠮᠡᠷᠭᠡᠵᠢᠯ ᠤᠨ ᠬᠠᠮᠲᠤᠷᠠᠯᠴᠠᠭᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠳᠤᠮᠳᠠᠳᠤ ᠮᠣᠩᠭᠤᠯ ᠤᠨ ᠠᠵᠤ ᠠᠬᠤᠢ ᠶᠢᠨ ᠮᠡᠷᠭᠡᠵᠢᠯ ᠤᠨ ᠬᠠᠮᠲᠤᠷᠠᠯᠴᠠᠭᠠᠨ ᠤ ᠣᠷᠣᠨ ᠲᠣᠭᠤᠷᠢᠭ ᠤᠨ ᠡᠯ᠎ᠡ ᠲᠥᠷᠥᠯ ᠤᠨ ᠲᠥᠯᠥᠪᠵᠢᠭᠦᠯᠭᠡ ᠶᠢ ᠨᠠᠶᠢᠷᠠᠭᠤᠯᠬᠤ ᠠᠵᠢᠯ ᠢ ᠡᠬᠢᠯᠡᠭᠦᠯᠵᠦ᠂ ᠡᠬᠢ ᠪᠠᠶᠠᠯᠢᠭ ᠢ ᠨᠡᠭᠡᠭᠡᠨ ᠠᠰᠢᠭᠯᠠᠬᠤ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠠᠮᠤᠭᠤᠯᠠᠩ ᠤᠨ ᠢᠳᠡᠭᠡᠨ ᠪᠣᠯᠪᠠᠰᠤᠷᠠᠭᠤᠯᠬᠤ ᠠᠵᠤ ᠦᠢᠯᠡᠰ ᠤᠨ ᠬᠦᠷᠢᠶᠡᠯᠡᠩ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠠᠭ ᠲᠤᠨᠢ ᠲᠣᠬᠢᠷᠠᠭᠤᠯᠤᠨ ᠡᠬᠢᠯᠡᠭᠦᠯᠵᠦ᠂ ᠠᠵᠤ ᠦᠢᠯᠡᠰ ᠤᠨ ᠬᠦᠷᠢᠶᠡᠯᠡᠩ ᠤᠨ ᠦᠢᠯᠡᠴᠢᠯᠡᠭᠡᠨ ᠤ ᠴᠢᠳᠠᠪᠤᠷᠢ ᠶᠢ ᠲᠡᠬᠦᠯᠳᠡᠷᠵᠢᠬᠦᠯᠤᠨ᠂ ᠮᠠᠯ ᠤᠨ ᠠᠰᠢᠭ ᠰᠢᠮ᠎ᠡ ᠶᠢ ᠡᠳ᠋ᠰᠢᠬᠦᠯᠬᠦ ᠠᠵᠤ ᠠᠬᠤᠶᠢᠯᠠᠯ ᠎ ᠢ ᠬᠥᠲᠥᠯᠥᠨ ᠵᠢᠯᠣᠭᠤᠳᠴᠤ ᠬᠦᠷᠢᠶᠡᠯᠡᠩ ᠲᠣᠭᠤᠷᠢᠭ ᠲᠤ ᠲᠦᠪᠯᠡᠷᠡᠬᠦᠯᠤᠨ᠎ᠡ᠃ ᠳᠤᠮᠳᠠᠳᠤ ᠮᠣᠩᠭᠤᠯ ᠤᠨ ᠠᠵᠤ ᠠᠬᠤᠢ ᠶᠢᠨ ᠮᠡᠷᠭᠡᠵᠢᠯ ᠤᠨ ᠬᠠᠮᠲᠤᠷᠠᠯᠴᠠᠭᠠᠨ ᠤ ᠣᠷᠣᠨ ᠤ ᠠᠵᠤ ᠦᠢᠯᠡᠰ ᠤᠨ ᠪᠠᠶᠢᠷᠢᠰᠢᠭᠤᠯᠣᠯᠲᠠ ᠶᠢᠨ ᠲᠣᠭᠤᠷᠢᠨ ᠳᠤ᠂ ᠱᠸᠡᠭ ᠬᠤᠩ᠂ ᠹᠦ᠋ ᠹᠸᠡᠭ᠂ ᠽᠤᠤ ᠵᠤᠸᠡᠩ ᠵᠡᠷᠭᠡ ᠠᠵᠤ ᠠᠬᠤᠶᠢᠯᠠᠯ ᠤᠳ ᠢ ᠬᠠᠷᠢᠯᠴᠠᠨ ᠵᠣᠯᠭᠠᠯᠳᠤᠭᠤᠯᠬᠤ ᠶᠢ ᠴᠢᠩᠭᠠᠳᠬᠠᠵᠤ᠂ ᠬᠤᠲᠠ ᠶᠢᠨ ᠳᠡᠰ ᠤᠨ ᠭᠤᠣᠯᠳᠠᠯᠭ᠎ᠠ ᠲᠠᠢ ᠲᠥᠷᠥᠯ ᠵᠦᠢᠯ ᠢ ᠴᠢᠷᠮᠠᠶᠢᠨ ᠣᠯᠵᠤ᠂ ᠳᠤᠮᠳᠠᠳᠤ ᠮᠣᠩᠭᠤᠯ ᠤᠨ ᠠᠵᠤ ᠠᠬᠤᠢ ᠶᠢᠨ ᠮᠡᠷᠭᠡᠵᠢᠯ ᠤᠨ ᠬᠠᠮᠲᠤᠷᠠᠯᠴᠠᠭᠠᠨ ᠤ ᠣᠷᠣᠨ ᠳᠤ ᠣᠷᠣᠭᠤᠯᠤᠨ ᠰᠠᠭᠤᠷᠢᠰᠢᠭᠤᠯᠵᠦ᠂ ᠬᠠᠨᠳᠤᠯᠭᠠᠲᠤ ᠴᠢᠨᠠᠷᠲᠠᠢ ᠪᠠᠷ ᠠᠵᠤ ᠦᠢᠯᠡᠰ ᠢ ᠰᠢᠯᠵᠢᠭᠦᠯᠦᠨ ᠵᠠᠯᠭᠠᠯᠳᠤᠭᠤᠯᠤᠨ᠎ᠠ᠃ᠬᠤᠶᠠᠷ ᠲᠤ  ᠣᠯᠠᠨ ᠡᠰᠢᠲᠦ ᠲᠤᠯᠭᠠᠭᠤᠷᠢᠯᠠᠬᠤ ᠶᠢ ᠪᠡᠶᠡᠯᠡᠭᠦᠯᠦᠨ᠎ᠡ᠃ ᠨᠡᠭᠦᠷᠡᠰᠦᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠳᠤ᠂ ᠪᠠᠶᠠᠨᠴᠠᠭᠠᠨ ᠨᠡᠭᠦᠷᠡᠰᠦᠨ ᠠᠭᠤᠷᠬᠠᠢ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠳᠤ ᠰᠠᠶᠢᠲᠤᠷ ᠤᠶᠢᠯᠡᠴᠢᠯᠡᠨ᠂ ᠳᠠᠷᠤᠶᠢᠬᠠᠨ ᠦᠢᠯᠡᠳᠪᠦᠷᠢᠯᠡᠭᠦᠯᠵᠦ᠂ ᠠᠵᠤ ᠠᠬᠤᠶᠢᠯᠠᠯ ᠢ ᠬᠠᠪᠰᠤᠷᠴᠤ ︽ᠬᠠᠶᠢᠯᠳᠡ ᠠᠴᠠ ᠨᠡᠭᠡᠭᠡᠯᠲᠡ ᠬᠢᠬᠦ︾ ᠭᠠᠷ ᠭᠦᠢᠴᠡᠳᠬᠡᠯ ᠢ ᠬᠢᠯᠭᠡᠬᠦ ᠬᠡᠷᠡᠭᠳᠠᠢ᠃ ᠪᠠᠶᠠᠨᠴᠠᠭᠠᠨ ᠠᠴᠠ ᠮᠣᠳᠣᠬᠠᠮᠵᠢ ᠬᠦᠷᠲᠡᠯᠡᠬᠢ 110KV᠎ ᠶᠢᠨ ᠬᠦᠴᠦᠳᠡᠯ ᠢ ᠥᠭᠡᠷᠡᠴᠢᠯᠡᠨ ᠳᠠᠮᠵᠢᠭᠤᠯᠬᠤ ᠢᠨᠵᠧᠨᠧᠷᠢᠩ ᠢ ᠲᠦᠯᠬᠢᠨ ᠠᠬᠢᠭᠤᠯᠬᠤ ᠎ ᠶᠢ ᠲᠦᠷᠭᠡᠳᠬᠡᠵᠦ᠂ ᠠᠭᠤᠷᠬᠠᠢ ᠶᠢᠨ ᠣᠷᠣᠨ ᠤ ᠴᠠᠬᠢᠯᠭᠠᠨ ᠬᠦᠴᠦᠨ ᠤ ᠬᠡᠷᠡᠭᠴᠡᠭᠡ ᠶᠢ ᠬᠠᠩᠭᠠᠨ᠎ᠠ᠃ ᠳ᠋ᠠᠴᠢᠩ ᠎ ᠤᠨ ᠴᠢᠯᠠᠭᠤᠨ ᠲᠤᠰᠤ ᠶᠢ ᠬᠠᠶᠢᠨ ᠰᠢᠨᠵᠢᠬᠦ ᠵᠢᠴᠢ ᠦᠷᠭᠦᠯᠵᠢᠯᠡᠨ ᠨᠡᠭᠡᠭᠡᠨ ᠪᠠᠶᠢᠭᠤᠯᠬᠤ ᠲᠥᠷᠥᠯ ᠵᠦᠢᠯ ᠢ ᠰᠠᠶᠢᠲᠤᠷ ᠵᠣᠬᠢᠴᠠᠭᠤᠯᠵᠤ᠂ ᠴᠢᠯᠠᠭᠤᠨ ᠲᠤᠰᠤ ᠦᠢᠯᠡᠳᠪᠦᠷᠢᠯᠡᠬᠦ ᠴᠢᠳᠠᠪᠤᠷᠢ ᠶᠢ ᠴᠢᠷᠮᠠᠶᠢᠨ ᠳᠡᠭᠡᠭᠰᠢᠯᠡᠭᠦᠯᠦᠨ᠎ᠡ᠃ ᠤᠯᠠᠨ ᠵᠦᠢᠯ ᠤᠨ ᠲᠡᠮᠦᠷᠯᠢᠭ ᠢ ᠨᠡᠭᠡᠭᠡᠨ ᠬᠥᠭᠵᠢᠭᠦᠯᠬᠦ ᠲᠠᠯ᠎ᠠ ᠪᠠᠷ ᠬᠠᠨᠳᠠᠭᠠᠢ ᠶᠢᠨ ᠰᠢᠨ ᠶᠦᠸᠧ ᠲᠡᠮᠦᠷ ᠵᠡᠰ ᠤᠨ ᠠᠭᠤᠷᠬᠠᠢ ᠶᠢᠨ ᠲᠥᠷᠥᠯ ᠵᠦᠢᠯ ᠢ ᠦᠷᠭᠦᠯᠵᠢᠯᠡᠨ ᠪᠠᠶᠢᠭᠤᠯᠬᠤ ᠢᠨᠵᠧᠨᠧᠷᠢᠩ ᠢ ᠶᠡᠬᠡᠪᠡᠷ ᠲᠦᠯᠬᠢᠨ ᠠᠬᠢᠭᠤᠯᠵᠤ᠂ ᠠᠭᠤᠷᠬᠠᠢ ᠨᠡᠭᠡᠭᠡᠨ ᠠᠰᠢᠭᠯᠠᠬᠤ ᠦᠨᠡᠮᠯᠡᠯ ᠤᠨ ᠭᠠᠷᠳᠠᠮ ᠢ ᠳᠠᠷᠤᠶᠢᠬᠠᠨ ᠭᠦᠢᠴᠡᠳᠬᠡᠵᠦ᠂ ᠦᠢᠯᠡᠳᠪᠦᠷᠢᠯᠡᠯ ᠢ ᠡᠬᠢᠯᠡᠭᠦᠯᠦᠨ᠎ᠡ᠃ ᠰᠠᠯᠬᠢᠨ ᠢᠶᠠᠷ ᠴᠠᠬᠢᠯᠭᠠᠨ ᠭᠠᠷᠭᠠᠬᠤ ᠶᠡᠷᠦᠩᠬᠡᠢ ᠴᠢᠳᠡᠮᠵᠢ ᠶᠢ ᠪᠠᠲᠤᠯᠠᠨ᠎ᠠ᠃ᠭᠤᠷᠪᠠ ᠳᠤ  ᠬᠥᠭᠵᠢᠯᠲᠡ ᠶᠢᠨ ᠨᠥᠭᠡᠴᠡ ᠬᠦᠴᠦᠨ ᠢᠶᠠᠨ ᠴᠢᠩᠭᠠᠳᠬᠠᠨ᠎ᠠ᠃ ᠣᠳᠣ ᠦᠶ᠎ᠡ ᠶᠢᠨ ᠨᠡᠭᠦᠷᠡᠰᠦ ᠬᠢᠮᠢ ᠎ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠡᠤ ᠢ ᠨᠡᠭᠦᠷᠡᠰᠦᠨ ᠠᠭᠤᠷᠬᠠᠢ ᠳᠤ ᠰᠠᠭᠤᠷᠢᠯᠠᠵᠤ᠂ ᠹᠦ᠋ ᠹᠸᠡᠭ ᠤᠨ 50 ᠲᠦᠮᠡᠨ ᠲᠣᠨ ᠨᠡᠶᠢᠯᠡᠮᠡᠯ ᠰᠢᠪᠲᠦᠷ᠂ 80 ᠲᠦᠮᠡᠨ ᠲᠣᠨ ᠰᠢᠭᠡᠰᠦᠯᠢᠭ ᠡᠳ᠋ ᠤᠨ ᠲᠥᠷᠥᠯ ᠵᠦᠢᠯ ᠤᠨ ᠰᠤᠳᠤᠯᠤᠯᠳᠡ ᠶᠢᠨ ᠮᠡᠳᠡᠭᠦᠯᠦᠯᠲᠡ ᠶᠢ ᠨᠠᠶᠢᠷᠠᠭᠤᠯᠵᠤ ᠳᠠᠭᠤᠰᠬᠠᠨ᠂ ᠠᠵᠢᠯ ᠢᠶᠠᠨ ᠡᠬᠢᠯᠡᠬᠦᠯᠬᠦ ᠪᠠᠷ ᠴᠢᠷᠮᠠᠶᠢᠨ᠎ᠡ︔ ᠱᠸᠡᠭ ᠬᠤᠩ ᠪᠦᠯᠦᠭᠯᠡᠯ ᠢ ᠳᠡᠮᠵᠢᠵᠦ ᠡᠬᠢ ᠪᠠᠶᠠᠯᠢᠭ ᠎ ᠤᠨ ᠲᠣᠬᠢᠷᠠᠭᠤᠯᠤᠯᠲᠠ ᠶᠢ ᠴᠢᠷᠮᠠᠶᠢᠨ ᠣᠯᠵᠤ᠂ ᠲᠥᠷᠥᠯ ᠵᠦᠢᠯ ᠢᠶᠠᠷ ᠬᠠᠮᠲᠤᠷᠠᠨ ᠠᠵᠢᠯᠯᠠᠵᠦ᠂ ᠵᠢᠯ ᠤᠨ ᠭᠠᠷᠤᠯᠲᠠ 200 ᠲᠦᠮᠡᠨ ᠲᠣᠨ ᠨᠡᠭᠦᠷᠡᠰᠦ ᠪᠠᠷ ᠡᠰᠲ᠋ᠧᠷ ᠤᠨ ᠪᠥᠭᠡᠭᠡᠨᠡᠪᠦᠷᠢ ᠦᠢᠯᠡᠳᠬᠦ ᠲᠥᠷᠥᠯ ᠵᠦᠢᠯ ᠢ ᠰᠠᠭᠤᠷᠢᠰᠢᠭᠤᠯᠵᠤ ᠠᠵᠢᠯ ᠢᠶᠠᠨ ᠡᠬᠢᠯᠡᠭᠦᠯᠦᠨ᠎ᠡ︔ ᠱᠠᠨᠳᠦ᠋ᠩ ᠽᠤᠥ ᠵᠤᠸᠡᠩ ᠤᠨ 1000 ᠲᠦᠮᠡᠨ ᠲᠤᠨ ᠬᠦᠷᠡᠩ ᠨᠡᠭᠦᠷᠡᠰᠦ ᠶᠢᠨ ᠴᠢᠨᠠᠷ ᠢ ᠳᠡᠭᠡᠭᠰᠢᠯᠡᠭᠦᠯᠬᠦ ᠲᠥᠷᠥᠯ ᠵᠦᠢᠯ᠂ ᠭᠤᠸᠡᠩ ᠳ᠋ᠦᠡᠭ ᠤᠨ ᠱᠸᠡᠭ ᠱᠠᠨ ᠤ 300 ᠲᠦᠮᠡᠨ ᠲᠤᠨ ᠨᠡᠭᠦᠷᠡᠰᠦ ᠎ ᠪᠠᠷ ᠲᠣᠰᠣ ᠦᠢᠯᠡᠳᠬᠦ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠵᠦ᠂ ᠵᠢᠯ ᠤᠨ ᠡᠴᠦᠰ ᠲᠤ ᠠᠵᠢᠯ ᠡᠬᠢᠯᠡᠭᠦᠯᠬᠦ ᠨᠥᠬᠦᠴᠡᠯ ᠳᠤ ᠬᠦᠷᠭᠡᠨ᠎ᠡ᠃ ᠡᠦ ᠢ ᠮᠠᠯᠵᠢᠯ ᠤᠨ ᠲᠠᠯᠠᠪᠠᠢ ᠶᠢᠨ ᠨᠡᠭᠦᠷᠡᠰᠦᠨ ᠠᠭᠤᠷᠬᠠᠢ᠂ ᠨᠤᠮᠤᠨ ᠬᠠᠨ ᠨᠡᠭᠦᠷᠡᠰᠦᠨ ᠠᠭᠤᠷᠬᠠᠢ᠂ ᠴᠠᠭᠠᠨ ᠤ ᠬᠤᠶᠢᠳᠤ ᠬᠡᠰᠡᠭ ᠤᠨ ᠨᠡᠭᠦᠷᠡᠰᠦᠨ ᠠᠭᠤᠷᠬᠠᠢ ᠶᠢᠨ ᠶᠡᠷᠦᠩᠬᠡᠢ ᠴᠣᠭᠴᠠ ᠶᠢᠨ ᠲᠥᠯᠥᠪᠵᠢᠭᠦᠯᠭᠡ ᠶᠢ ᠬᠢᠨᠠᠨ ᠵᠥᠪᠰᠢᠶᠡᠷᠡᠬᠦ ᠶᠢ ᠨᠢᠭ᠌ᠳᠡ ᠠᠩᠬᠠᠷᠴᠤ᠂ ᠬᠥᠬᠡᠨᠠᠭᠤᠷ ᠨᠡᠭᠦᠷᠡᠰᠦᠨ ᠠᠭᠤᠷᠬᠠᠢ ᠶᠢᠨ ᠶᠡᠷᠦᠩᠬᠡᠢ ᠲᠥᠯᠥᠪᠵᠢᠭᠦᠯᠭᠡ ᠶᠢ ᠨᠠᠶᠢᠷᠠᠭᠤᠯᠬᠤ ᠠᠵᠢᠯ ᠢ ᠴᠠᠭ ᠲᠤᠬᠠᠢ ᠳᠤᠨᠢ ᠡᠬᠢᠯᠡᠭᠦᠯᠦᠨ᠎ᠡ᠃ ᠴᠡᠪᠡᠷ ᠡᠨᠧᠷᠭᠢ ᠭᠠᠷᠭᠠᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠰᠠᠯᠬᠢᠨ ᠬᠦᠴᠦᠨ ᠎ ᠢᠶᠠᠷ ᠴᠠᠬᠢᠯᠭᠠᠨ ᠭᠠᠷᠭᠠᠬᠤ ᠠᠵᠤ ᠠᠬᠤᠶᠢᠯᠠᠯ ᠲᠠᠢ ᠢᠳᠡᠪᠬᠢᠲᠡᠢ ᠬᠤᠯᠪᠣᠯᠴᠠᠵᠤ᠂ ᠭᠦᠸᠧ ᠬᠤᠸᠠ ᠶᠢᠨ ᠬᠤᠶᠠᠳᠤᠭᠠᠷ ᠬᠤᠭᠤᠴᠠᠭ᠎ᠠ ᠪᠡ ᠬᠤᠸᠠ ᠨᠸᠡᠭ ᠤᠨ ᠨᠢᠭᠡᠳᠦᠭᠡᠷ ᠬᠤᠭᠤᠴᠠᠭᠠᠨ ᠤ 4.95 ᠲᠦᠮᠡᠨ ᠺᠢᠯᠣᠸᠠᠲ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠢ ᠲᠤᠬᠢᠷᠠᠭᠤᠯᠤᠨ᠂ ᠠᠵᠢᠯ ᠢᠶᠠᠨ ᠲᠠᠷᠤᠶᠢᠬᠠᠨ ᠡᠬᠢᠯᠡᠭᠦᠯᠬᠦ ᠪᠠᠷ ᠴᠢᠷᠮᠠᠶᠢᠨ᠎ᠠ᠃ ᠨᠡᠭᠦᠷᠡᠰᠦᠨ ᠤ ᠪᠤᠰᠤ ᠡᠬᠢ ᠪᠠᠶᠠᠯᠢᠭ ᠢ ᠨᠡᠭᠡᠭᠡᠬᠦ ᠣᠷᠣᠨ ᠵᠠᠢ ᠶᠢ ᠳᠡᠭᠡᠭᠰᠢᠯᠡᠭᠦᠯᠵᠦ᠂ 33 ᠭᠠᠵᠡᠷ ᠤᠨ ᠣᠯᠠᠨ ᠵᠦᠢᠯ ᠤᠨ ᠲᠡᠮᠦᠷᠯᠢᠭ ᠤᠨ ᠠᠭᠤᠷᠬᠠᠢ ᠶᠢ ᠬᠠᠶᠢᠨ ᠪᠠᠶᠢᠴᠠᠭᠠᠬᠤ ᠠᠵᠢᠯ ᠢ ᠲᠦᠯᠬᠢᠨ ᠠᠬᠢᠭᠤᠯᠵᠤ᠂ ᠵᠢᠪᠬᠤᠯᠠᠩᠲᠤ ᠰᠤᠮᠤᠨ ᠤ ᠭᠠᠵᠡᠷ ᠲᠤᠥᠷᠡᠬᠢ ᠢᠯᠴᠢ ᠶᠢᠨ ᠡᠬᠢ ᠪᠠᠶᠠᠯᠢᠭ ᠪᠣᠯᠣᠨ ᠰᠢᠨᠡᠪᠤᠯᠠᠭ ᠰᠤᠮᠤ ᠎ ᠶᠢᠨ ᠬᠥᠪᠰᠥᠭᠡᠷ ᠰᠢᠷᠣᠢ ᠶᠢᠨ ᠡᠬᠢ ᠪᠠᠶᠠᠯᠢᠭ ᠲᠤ ᠬᠠᠶᠢᠨ ᠰᠢᠨᠵᠢᠯᠳᠡ ᠬᠢᠨ᠎ᠡ᠃︵ᠳᠥᠷᠪᠡ︶  ᠵᠢᠭᠤᠯᠴᠢᠯᠠᠯ ᠪᠣᠯᠣᠨ ᠪᠣᠭᠤᠮᠲᠠ ᠶᠢᠨ ᠠᠵᠤ ᠠᠬᠤᠢ ᠪᠠᠷ ᠭᠤᠣᠯ ᠪᠣᠯᠭᠠᠵᠤ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠨ᠎ᠡ᠃ ᠮᠠᠨ ᠤ ᠬᠤᠰᠢᠭᠤᠨ ᠤ ᠵᠢᠭᠤᠯᠴᠢᠯᠠᠯ ᠪᠣᠯᠣᠨ ᠪᠣᠭᠤᠮᠲᠠ ᠶᠢᠨ ᠠᠵᠤ ᠠᠬᠤᠢ ᠨᠢ ᠲᠦᠷᠭᠡᠨ ᠬᠥᠭᠵᠢᠯᠲᠡ ᠶᠢᠨ ᠰᠠᠭᠤᠷᠢ ᠶᠢ ᠨᠢᠭᠡᠨᠳᠡ ᠪᠦᠷᠢᠯᠳᠦᠭᠦᠯᠵᠦ᠂ ᠥᠭᠡᠷᠡᠴᠢᠯᠡᠯᠲᠡ ᠨᠡᠭᠡᠭᠡᠯᠲᠡ ᠶᠢᠨ ᠲᠥᠷᠥ ᠶᠢᠨ ᠪᠣᠳᠣᠯᠭ᠎ᠠ ᠶᠢ ᠠᠰᠢᠭᠯᠠᠨ ᠰᠢᠨ᠎ᠡ ᠬᠥᠭᠵᠢᠯᠲᠡ ᠶᠢ ᠪᠡᠶᠡᠯᠡᠭᠦᠯᠬᠦ ᠪᠦᠷᠢᠨ ᠨᠥᠬᠦᠴᠡᠯ ᠎ ᠲᠠᠢ ᠪᠣᠯᠵᠠᠢ᠃ ᠡᠨ᠋ᠨ ᠨᠢ ᠡᠯ᠎ᠡ ᠲᠥᠷᠥᠯ ᠤᠨ ᠴᠢᠳᠠᠪᠤᠷᠢᠲᠠᠨ ᠪᠤᠯᠤᠨ ᠨᠡᠶᠢᠭᠡᠮ ᠤᠨ ᠬᠥᠷᠥᠩᠭᠡ ᠶᠢ ᠠᠰᠢᠭᠯᠠᠬᠤ ᠡᠬᠦᠳᠡ ᠶᠢ  ᠨᠡᠭᠡᠭᠡᠭᠰᠡᠨ ᠪᠦᠭᠡᠳ ᠠᠵᠠ ᠲᠣᠬᠢᠶᠠᠯ ᠢ ᠰᠠᠶᠢᠲᠤᠷ ᠠᠳᠬᠤᠨ᠂ ᠵᠠᠬ᠎ᠠ ᠳᠡᠯᠭᠡᠭᠦᠷ ᠢ ᠣᠨᠣᠪᠴᠢᠲᠠᠢ ᠡᠵᠡᠮᠳᠡᠵᠦ᠂ ᠢᠳᠡᠪᠬᠢᠳᠠᠢ ᠠᠵᠢᠯᠯᠠᠳᠠᠭ ᠯᠡ ᠶᠤᠮ ᠪᠤᠯ ᠠᠵᠤ ᠦᠢᠯᠡᠰ᠂ ᠠᠵᠤ ᠠᠬᠤᠶᠢᠯᠠᠯ ᠪᠣᠯᠣᠨ  ᠠᠵᠦ ᠠᠬᠤᠶᠢᠯᠠᠯᠳᠡᠨ ᠤ ᠬᠠᠮᠳᠤ ᠪᠠᠷ ᠬᠦᠭᠵᠢᠬᠦ ᠶᠢ ᠪᠡᠶᠡᠯᠡᠭᠦᠯᠵᠦ ᠴᠢᠳᠠᠨ᠎ᠠ᠃ᠨᠢᠭᠡ ᠳᠤ  ᠵᠢᠭᠤᠯᠴᠢᠯᠠᠯ ᠤᠨ ᠠᠵᠤ ᠦᠢᠯᠡᠰ ᠤᠨ ᠰᠢᠨ᠎ᠡ ᠶᠢ ᠡᠭᠦᠳᠦᠨ ᠬᠥᠭᠵᠢᠭᠦᠯᠦᠨ᠎ᠡ᠃ ᠪᠦᠬᠦ ᠬᠤᠰᠢᠭᠤᠨ ᠤ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠶᠡᠷᠦᠩᠬᠡᠢ ᠲᠥᠯᠥᠪᠵᠢᠭᠦᠯᠭᠡ ᠶᠢ ᠲᠠᠷᠤᠢ ᠲᠦᠷᠭᠡᠨ ᠲᠤᠭᠤᠷᠪᠢᠨ ᠨᠠᠶᠢᠷᠠᠭᠤᠯᠵᠤ ᠳᠠᠭᠤᠰᠬᠠᠨ᠎ᠠ᠃ ᠵᠢᠭᠤᠯᠴᠢᠯᠠᠯ ᠤᠨ ᠲᠣᠯᠣᠭᠠᠶᠢᠯᠠᠬᠤ ᠠᠵᠤ ᠠᠬᠤᠶᠢᠯᠠᠯ ᠢ ᠢᠳᠡᠪᠬᠢᠲᠡᠢ ᠣᠷᠣᠭᠤᠯᠤᠨ᠂ ᠵᠢᠭᠤᠯᠴᠢᠯᠠᠯ ᠤᠨ ᠡᠬᠢ ᠪᠠᠶᠠᠯᠢᠭ ᠢ ᠨᠢᠭᠡᠳᠦᠭᠦᠯᠦᠨ᠂ ᠵᠢᠭᠤᠯᠴᠢᠯᠡᠯ ᠢ ᠴᠢᠯᠤᠭᠡᠳᠠᠢ ᠪᠠᠷ ᠨᠡᠭᠡᠭᠡᠵᠦ ᠬᠠᠮᠳᠤᠪᠡᠷ ᠡᠳ᠋ᠯᠡᠬᠦ ᠬᠦᠭᠵᠢᠯᠳᠡ ᠶᠢᠨ ᠲᠠᠪᠴᠡᠩ ᠪᠠᠶᠢᠭᠤᠯᠵᠦ᠂ ᠵᠢᠭᠤᠯᠴᠢᠯᠠᠯ ᠤᠨ ᠲᠥᠷᠥᠯ ᠵᠦᠢᠯ ᠢ ᠨᠢᠭᠡᠳᠦᠯᠲᠡᠢ ᠲᠥᠯᠥᠪᠵᠢᠭᠦᠯᠵᠦ᠂ ᠦᠨᠳᠦᠰᠦᠲᠡᠨ ᠤ ᠰᠣᠶᠣᠯ ᠤᠨ ᠠᠵᠢᠯᠯᠠᠭ᠎ᠠ ᠶᠢ ᠨᠢᠭᠡᠳᠦᠯᠲᠡᠢ ᠲᠥᠰᠥᠪᠯᠡᠵᠦ᠂ ᠵᠢᠭᠤᠯᠴᠢᠯᠠᠯ ᠎ ᠤᠨ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠬᠦᠯᠤᠨ᠂ ᠪᠦᠬᠦ ᠬᠤᠰᠢᠭᠤᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠢ ᠳᠡᠰ ᠳᠡᠪᠰᠢᠭᠦᠯᠵᠦ᠂ ᠨᠡᠩ ᠣᠯᠠᠨ ᠵᠢᠭᠤᠯᠴᠢᠯᠠᠭᠰᠡᠳ ᠢ ᠬᠦᠯᠢᠶᠡᠨ ᠠᠪᠤᠨ᠎ᠡ᠃ ᠬᠤᠰᠢᠭᠤᠨ ᠤ ᠤᠯᠠᠭᠠᠨᠮᠥ᠋ᠴᠢᠷ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠂ ᠰᠢᠯᠢᠳᠡᠭ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠦᠨᠳᠦᠰᠦᠲᠡᠨ ᠤ ᠰᠣᠶᠣᠯ ᠤᠨ ᠨᠡᠷᠡᠲᠦ ᠲᠡᠮᠳᠡᠭ ᠤᠨ ᠠᠯᠳᠡᠷ ᠬᠦᠨᠳᠤ ᠶᠢ ᠳᠡᠭᠡᠭᠰᠢᠯᠡᠭᠦᠯᠦᠨ᠂ ᠵᠢᠭᠤᠯᠴᠢᠯᠠᠭᠰᠠᠳ ᠤᠨ ᠵᠠᠬ᠎ᠠ ᠳᠡᠯᠭᠡᠭᠦᠷ ᠢ ᠤᠯᠡᠨ ᠲᠡᠪᠬᠤᠷᠭ᠎ᠠ ᠪᠠᠷ ᠨᠡᠭᠡᠭᠡᠨ ᠬᠥᠭᠵᠢᠭᠦᠯᠦᠨ᠎ᠡ᠃ ᠮᠠᠯᠵᠢᠬᠤ ᠡᠷᠦᠬᠡ ᠪᠠᠷ ᠵᠢᠭᠤᠯᠴᠢᠯᠠᠬᠤ ᠪᠣᠯᠣᠨ ᠬᠢᠯᠢ ᠶᠢᠨ ᠭᠠᠳᠠᠨ᠎ᠠ ᠵᠢᠭᠤᠯᠴᠢᠯᠠᠬᠤ ᠲᠥᠷᠥᠯ ᠵᠦᠢᠯ ᠢ ᠢᠳᠡᠪᠬᠢᠲᠡᠢ ᠬᠥᠭᠵᠢᠭᠦᠯᠦᠨ᠎ᠡ᠃ ᠭᠠᠨᠵᠤᠤᠷ ᠰᠦᠮ᠎ᠡ᠂ ᠨᠤᠮᠤᠨ ᠬᠠᠨ ᠳᠠᠶᠢᠨ ᠤ ᠪᠠᠭᠤᠷᠢ ᠶᠢᠨ ᠦᠵᠡᠮᠵᠢ ᠶᠢᠨ ᠣᠷᠣᠨ ᠪᠤᠯᠤᠨ ᠪᠠᠷᠭᠤ ᠮᠣᠩᠭᠤᠯ ᠠᠶᠢᠮᠠᠭ ᠤᠨ ᠦᠵᠡᠮᠵᠢ ᠶᠢᠨ ᠣᠷᠣᠨ ᠤ ᠴᠢᠳᠠᠪᠬᠢ ᠶᠢ ᠲᠡᠭᠦᠯᠳᠡᠷᠵᠢᠭᠦᠯᠦᠨ᠎ᠡ᠃ ᠦᠨᠳᠦᠰᠦᠲᠡᠨ ᠤ ᠡᠳ᠋ᠯᠡᠯ ᠬᠡᠷᠡᠭᠰᠡᠯ ᠢ ᠦᠢᠯᠡᠳᠬᠦ ᠦᠢᠯᠡᠳᠪᠦᠷᠢ ᠶᠢ ᠪᠠᠶᠢᠭᠤᠯᠵᠤ᠂ ᠭᠠᠵᠡᠷ ᠤᠷᠤᠨ ᠤ ᠣᠨᠴᠠᠯᠢᠭᠲᠤ ᠵᠢᠭᠤᠯᠴᠢᠯᠠᠯ ᠤᠨ ᠳᠤᠷᠠᠰᠬᠠᠯ ᠤᠨ ᠪᠣᠳᠠᠰ ᠢ ᠬᠢᠵᠦ ᠪᠣᠷᠣᠯᠠᠭᠤᠯᠤᠨ᠎ᠠ᠃ᠬᠤᠶᠠᠷ ᠲᠤ  ᠪᠣᠭᠤᠮᠲᠠ ᠶᠢᠨ ᠠᠵᠤ ᠠᠬᠤᠢ ᠶᠢ ᠶᠡᠬᠡᠪᠡᠷ ᠬᠥᠭᠵᠢᠭᠦᠯᠦᠨ᠎ᠡ᠃ ᠡᠪᠦᠳᠦᠭ ᠪᠣᠭᠤᠮᠲᠠ ᠶᠢᠨ ᠪᠠᠶᠢᠡᠭᠭᠤ ᠨᠡᠭᠡᠭᠡᠬᠦ ᠶᠢ ᠲᠦᠯᠬᠢᠨ ᠠᠬᠢᠭᠤᠯᠵᠤ᠂ ᠪᠣᠭᠤᠮᠲᠠ ᠶᠢᠨ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ ᠂ ᠪᠣᠭᠤᠮᠲᠠ ᠶᠢᠨ ᠡᠳ᠋ ᠪᠠᠷᠠᠭ᠎ᠠ ᠶᠢ ᠬᠢᠨᠠᠨ ᠬᠠᠮᠢᠶᠠᠷᠬᠤ ᠭᠠᠵᠠᠷ ᠢ ᠦᠷᠭᠦᠯᠵᠢᠯᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠪᠣᠭᠤᠮᠲᠠ ᠶᠢᠨ ᠬᠥᠭᠦᠷᠭᠡ ᠶᠢ ᠵᠠᠰᠠᠨ ᠰᠢᠨᠡᠳᠭᠡᠬᠦ ᠡᠮᠦᠨᠡᠬᠢ ᠬᠤᠭᠤᠴᠠᠭᠠᠨ ᠤ ᠠᠵᠢᠯ ᠢ ᠡᠬᠢᠯᠡᠭᠦᠯᠦᠨ᠎ᠡ᠃ 7 ᠡᠳᠦᠷ ᠠᠵᠢᠯᠯᠠᠬᠤ ᠳᠦᠷᠢᠮ ᠢ ᠨᠠᠶᠢᠳᠠᠪᠤᠷᠢᠵᠢᠭᠤᠯᠵᠤ᠂ ᠪᠣᠭᠤᠮᠲᠠ ᠪᠠᠷ ᠨᠡᠪᠲᠡᠷᠡᠭᠦᠯᠬᠦ ᠳᠥᠭᠦᠮ ᠨᠥᠬᠦᠴᠡᠯ ᠢ ᠬᠠᠨᠭ᠍ᠭᠠᠨ᠂ ᠪᠣᠭᠤᠮᠲᠠ ᠪᠠᠷ ᠲᠦᠭᠦᠬᠡᠢ ᠴᠢᠯᠠᠭᠤᠨ ᠲᠣᠰᠣ ᠣᠷᠣᠭᠤᠯᠬᠤ ᠶᠡᠷᠦᠩᠬᠡᠢ ᠬᠡᠮᠵᠢᠶ᠎ᠡ ᠶᠢ ᠨᠡᠮᠡᠭᠳᠡᠭᠦᠯᠵᠦ᠂ ᠪᠣᠭᠤᠮᠲᠠ ᠶᠢᠨ ᠪᠣᠳᠠᠰ ᠤᠨ ᠭᠦᠢᠯᠭᠡᠭᠡᠨ ᠤ ᠰᠠᠭᠤᠷᠢᠨ ᠭᠠᠵᠠᠷ ᠢ ᠪᠠᠶᠢᠭᠤᠯᠤᠨ᠂ ᠨᠡᠶᠢᠭᠡᠮ ᠤᠨ ᠬᠥᠷᠥᠩᠭᠡ ᠶᠢ ᠢᠵᠢ ᠲᠥᠭᠦᠷᠵᠢᠭᠰᠡᠨ ᠦᠢᠯᠡᠴᠢᠯᠡᠭᠡ ᠶᠢᠨ ᠦᠢᠯᠡᠰ ᠲᠤ ᠣᠷᠣᠯᠴᠠᠭᠤᠯᠬᠤ ᠶᠢ ᠬᠥᠲᠥᠯᠥᠨ ᠵᠢᠯᠣᠭᠤᠳᠤᠨ᠎ᠠ᠃ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠠᠵᠤ ᠠᠬᠤᠢ ᠶᠢᠨ ᠬᠠᠮᠵᠢᠯᠴᠠᠭᠠᠨ ᠤ ᠣᠷᠣᠨ ᠤ ᠲᠥᠷᠥᠯ ᠵᠦᠢᠯ ᠢ ᠢᠳᠡᠪᠬᠢᠲᠡᠢ ᠲᠦᠯᠬᠢᠨ ᠠᠬᠢᠭᠤᠯᠵᠤ᠂ ᠮᠣᠩᠭᠤᠯ ᠤᠯᠤᠰ ᠲᠠᠢ ᠵᠡᠷᠭᠡᠯᠡᠳᠡᠭᠡ ᠭᠠᠵᠠᠷ ᠣᠷᠣᠨ ᠤ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠢ᠂ ᠵᠢᠭᠤᠯᠴᠢᠯᠠᠯ᠂ ᠪᠤᠳᠡᠰ ᠤᠨ ᠬᠦᠢᠯᠭᠡᠭᠡᠨ ᠢᠶᠠᠷ ᠭᠤᠣᠯ ᠪᠣᠯᠭᠠᠭᠰᠠᠨ ᠬᠢᠯᠢ ᠠᠯᠤᠰᠯᠠᠭᠰᠠᠨ ᠬᠠᠮᠲᠤᠷᠠᠨ ᠠᠵᠢᠯᠯᠠᠬᠤ ᠲᠥᠷᠥᠯ ᠵᠦᠢᠯ ᠢ ᠰᠤᠳᠤᠯᠤᠨ ᠰᠦᠪᠡᠭᠴᠢᠯᠡᠨ᠎ᠡ᠃ᠭᠤᠷᠪᠠ ᠳᠤ  ᠨᠡᠶᠢᠲᠡ ᠶᠢᠨ ᠪᠤᠰᠤ ᠥᠮᠴᠢᠯᠡᠯ ᠤᠨ ᠠᠵᠤ ᠠᠬᠤᠢ ᠳᠤ ᠰᠠᠶᠢᠲᠤᠷ ᠦᠢᠯᠡᠴᠢᠯᠡᠨ᠎ᠡ᠃ ᠮᠥᠩᠭᠦᠨ ᠭᠦᠢᠯᠭᠡᠭᠡᠨ ᠤ ᠰᠢᠰᠲ᠋ᠧᠮ ᠢ ᠵᠢᠭᠠᠨ ᠵᠢᠯᠣᠭᠤᠳᠴᠤ ᠦᠢᠯᠡᠴᠢᠯᠡᠭᠡᠨ ᠤ ᠴᠢᠳᠠᠪᠤᠷᠢ ᠬᠢᠭᠡᠳ ᠬᠢᠷᠢ ᠲᠦᠪᠰᠢᠨ ᠢ ᠳᠡᠭᠡᠭᠰᠢᠯᠡᠭᠦᠯᠵᠦ᠂ ᠮᠥᠩᠭᠦᠨ ᠭᠦᠢᠯᠭᠡᠭᠡᠨ ᠤ ᠰᠢᠨ᠎ᠡ ᠪᠠᠶᠢᠭᠤᠯᠤᠮᠵᠢ ᠶᠢ ᠢᠳᠡᠪᠬᠢᠲᠡᠢ ᠤᠷᠤᠭᠤᠯᠤᠨ᠂ ᠲᠠᠭᠠᠭᠠᠵᠦ ᠪᠠᠳᠤᠯᠠᠬᠤ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ ᠶᠢ ᠳᠡᠮᠵᠢᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠪᠦᠬᠦ ᠲᠠᠯ᠎ᠠ ᠎ ᠪᠠᠷ ᠳᠦᠷᠢᠮᠵᠢᠭᠦᠯᠵᠦ᠂ ᠬᠡᠷᠡᠭ ᠶᠠᠪᠤᠳᠠᠯ ᠢ ᠰᠢᠢᠳᠪᠤᠷᠢᠯᠡᠨ ᠭᠦᠢᠴᠡᠳᠬᠡᠬᠦ ᠶᠠᠪᠤᠴᠠ ᠶᠢ ᠳᠥᠭᠦᠮᠴᠢᠯᠡᠨ᠂ ᠪᠦᠲᠦᠮᠵᠢ ᠎ ᠶᠢ ᠳᠡᠭᠡᠭᠰᠢᠯᠡᠭᠦᠯᠦᠨ᠎ᠡ᠃ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠳᠡᠭᠡᠳᠦ ᠰᠤᠷᠭᠠᠭᠤᠯᠢ ᠲᠡᠭᠦᠰᠦᠭᠰᠡᠨ ᠤᠶᠤᠳᠡᠨ᠂ ᠮᠠᠯᠴᠢᠳ ᠤᠨ ᠦᠷ᠎ᠡ ᠬᠡᠤᠬᠡᠳ᠂ ᠠᠵᠢᠯ ᠬᠦᠯᠢᠶᠡᠵᠦ ᠪᠠᠶᠢᠭ᠎ᠠ ᠬᠥᠮᠥᠰ ᠲᠤ ᠦᠢᠯᠡᠰ ᠪᠣᠰᠬᠠᠬᠤ᠂ ᠠᠵᠢᠯ ᠣᠯᠭᠤᠬᠤ ᠶᠢ ᠵᠢᠯᠣᠭᠤᠳᠬᠤ ᠪᠠ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠬᠥᠮᠥᠵᠢᠯ ᠪᠣᠯᠪᠠᠰᠤᠷᠠᠯ ᠢ ᠰᠠᠶᠢᠲᠤᠷ ᠬᠢᠵᠦ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠳᠤ ᠢᠳᠡᠪᠬᠢᠲᠡᠢ ᠵᠤᠬᠢᠴᠡᠭᠤᠯᠤᠨ᠎ᠡ᠃ ᠲᠦᠮᠡᠨ ᠭᠠᠴᠠᠭ᠎ᠠ ᠮᠢᠩᠭᠠᠨ ᠰᠤᠮᠤ ᠶᠢᠨ ᠵᠠᠬ᠎ᠠ ᠳᠡᠯᠭᠡᠭᠦᠷ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠡᠯᠧᠺᠲᠷᠦᠨ ᠬᠤᠳᠠᠯᠳᠤᠭᠠᠨ ᠤ ᠶᠠᠪᠤᠳᠠᠯ᠂ ᠡᠳ᠋ ᠪᠠᠷᠠᠭ᠎ᠠ ᠶᠢ ᠲᠦᠷᠭᠡᠨ ᠬᠦᠷᠭᠡᠬᠦ ᠵᠡᠷᠭᠡ ᠰᠢᠨ᠎ᠡ ᠪᠠᠷ ᠬᠥᠭᠵᠢᠵᠦ ᠪᠠᠶᠢᠭ᠎ᠠ ᠦᠢᠯᠡᠴᠢᠯᠡᠭᠡᠨ ᠤ ᠠᠵᠤ ᠦᠢᠯᠡᠰ ᠤᠨ ᠬᠥᠭᠵᠢᠯᠲᠡ ᠶᠢ ᠳᠡᠮᠵᠢᠨ ᠲᠤᠰᠠᠯᠠᠨ᠎ᠠ᠃︵ᠲᠠᠪᠤ︶  ᠰᠠᠭᠤᠷᠢ ᠲᠣᠨᠤᠭ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠲᠠ ᠬᠥᠳᠡᠭᠡ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠭᠤᠣᠯ ᠬᠤᠲᠠ ᠪᠠᠯᠭᠠᠰᠤ ᠶᠢᠨ ᠲᠦᠪᠯᠡᠷᠡᠬᠦᠯᠤᠨ ᠲᠠᠶᠢᠴᠢᠯᠠᠬᠤ ᠦᠢᠯᠡᠳᠦᠯ ᠢ ᠳᠣᠪᠣᠶᠢᠯᠭᠠᠵᠤ᠂ ᠰᠠᠭᠤᠷᠢ ᠲᠥᠬᠦᠭᠡᠷᠦᠮᠵᠢ ᠶᠢ ᠮᠠᠯᠵᠢᠬᠤ ᠣᠷᠣᠨ ᠳᠤ ᠬᠦᠷᠭᠡᠬᠦ᠂ ᠣᠯᠠᠨ ᠨᠡᠶᠢᠲᠡ ᠶᠢᠨ ᠦᠢᠯᠡᠴᠢᠯᠡᠭᠡ ᠶᠢ ᠮᠠᠯᠴᠢᠳ ᠲᠤ ᠬᠦᠷᠭᠡᠬᠦ ᠶᠢ ᠲᠦᠯᠬᠢᠨ ᠠᠬᠢᠭᠤᠯᠵᠤ᠂ ᠬᠤᠲᠠ ᠬᠥᠳᠡᠭᠡ ᠶᠢᠨ ᠠᠷᠠᠳ ᠣᠯᠠᠨ ᠳᠤ ᠣᠯᠠᠨ ᠨᠡᠶᠢᠲᠡ ᠶᠢᠨ ᠰᠢᠯᠢᠳᠡᠭ ᠦᠢᠯᠡᠴᠢᠯᠡᠭᠡ ᠬᠦᠷᠭᠡᠬᠦ ᠎ ᠪᠠᠷ ᠴᠢᠷᠮᠠᠶᠢᠨ᠎ᠠ᠃ ᠨᠢᠭᠡ ᠳᠤ  ᠬᠤᠲᠠ ᠪᠠᠯᠭᠠᠰᠤᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠮᠤᠭᠤᠯᠠᠩ ᠪᠠᠯᠭᠠᠰᠤ ᠶᠢᠨ ᠬᠤᠲᠠ ᠶᠢᠨ ᠶᠡᠷᠦᠩᠬᠡᠢ ᠲᠥᠯᠥᠪᠵᠢᠭᠦᠯᠭᠡ ᠶᠣᠰᠣᠭᠠᠷ᠂ ᠠᠮᠤᠭᠤᠯᠠᠩ ᠪᠠᠯᠭᠠᠰᠤ ᠶᠢᠨ ᠲᠦᠭᠡᠭᠡᠯ ᠤᠰᠤ ᠪᠣᠯᠣᠨ ᠳᠣᠯᠠᠭᠠᠯᠭ᠎ᠠ ᠬᠠᠩᠭᠠᠬᠤ ᠬᠤᠭᠤᠯᠠᠢ ᠶᠢᠨ ᠲᠣᠣᠷᠵᠢᠯ ᠢ ᠥᠷᠭᠡᠳᠬᠡᠨ ᠪᠠᠶᠢᠭᠤᠯᠬᠤ ᠢᠨᠵᠧᠨᠧᠷᠢᠩ᠂ ᠠᠮᠤᠭᠤᠯᠠᠩ ᠪᠠᠯᠭᠠᠰᠤ ᠶᠢᠨ ᠪᠤᠵᠠᠷ ᠤᠰᠤ ᠶᠢ ᠰᠢᠢᠳᠪᠦᠷᠢᠯᠡᠬᠦ ᠪᠣᠯᠣᠨ ᠪᠣᠷᠣᠭᠠᠨ ᠤ ᠤᠰᠤ ᠶᠢ ᠭᠠᠳᠠᠭᠰᠢ ᠵᠠᠯᠠᠬᠤ ᠢᠨᠵᠧᠨᠧᠷᠢᠩ ᠢ ᠦᠷᠭᠦᠯᠵᠢᠯᠡᠨ ᠪᠠᠶᠢᠭᠤᠯᠵᠤ᠂ ᠪᠠᠯᠭᠠᠰᠤ ᠶᠢᠨ ᠭᠠᠷᠬᠤ ᠵᠠᠮ ᠤᠨ ᠵᠠᠬ᠎ᠠ ᠶᠢᠨ ᠦᠵᠡᠮᠵᠢ ᠶᠢ ᠰᠢᠨᠡᠳᠬᠡᠨ ᠵᠠᠰᠠᠵᠤ ᠳᠡᠰ ᠳᠡᠪᠰᠢᠭᠦᠯᠦᠨ᠂ ᠭᠠᠯ ᠢ ᠰᠡᠷᠭᠡᠶᠢᠯᠡᠬᠦ ᠲᠤᠨᠤᠭ ᠲᠥᠬᠦᠭᠡᠷᠦᠮᠵᠢ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠣᠷᠤᠰᠢᠭᠤᠯᠭ᠎ᠠ ᠶᠢᠨ ᠦᠢᠯᠡᠴᠢᠯᠡᠭᠡᠨ ᠤ ᠲᠣᠭᠤᠷᠢᠭ ᠢ ᠠᠰᠢᠭᠯᠠᠯᠲᠠ ᠎ ᠳᠤ ᠣᠷᠣᠭᠤᠯᠬᠤ ᠶᠢ ᠲᠦᠷᠭᠡᠳᠬᠡᠵᠦ᠂ ᠠᠮᠤᠭᠤᠯᠠᠩ ᠪᠠᠯᠭᠠᠰᠤᠨ ᠤ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠢ ᠪᠠᠶᠢᠭᠤᠯᠤᠨ᠎ᠠ᠃ ᠬᠤᠲᠠ ᠪᠠᠯᠭᠠᠰᠤᠨ ᠤ ᠲᠠᠸᠠᠷ ᠤᠨ ᠣᠷᠣᠨ ᠰᠠᠭᠤᠴᠠ ᠶᠢᠨ ᠬᠠᠩᠭᠠᠯᠭ᠎ᠠ ᠬᠡᠷᠡᠭᠴᠡᠭᠡ ᠎ ᠶᠢᠨ ᠪᠦᠲᠦᠴᠡ ᠶᠢ ᠠᠯᠬᠤᠮ ᠠᠯᠬᠤᠮ ᠢᠶᠠᠷ ᠲᠡᠩᠴᠡᠭᠦᠷᠢᠰᠢᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠬᠡᠪᠴᠢᠶ᠎ᠡ ᠶᠢ ᠲᠣᠬᠢᠷᠠᠮᠵᠢᠲᠠᠢ ᠬᠢᠵᠠᠭᠠᠷᠯᠠᠨ ᠡᠵᠡᠮᠳᠡᠵᠦ᠂ ᠰᠠᠭᠤᠭᠠᠯᠢ ᠠᠷᠡᠳ ᠤᠨ ᠤᠷᠤᠨ ᠰᠠᠭᠤᠴᠡ ᠶᠢᠨ ᠠᠰᠡᠷ ᠤᠨ ᠤᠶᠢᠯᠡᠴᠢᠯᠡᠭᠡ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠮᠤᠭᠤᠯᠠᠩ ᠪᠠᠯᠭᠠᠰᠤᠨ ᠤ ᠰᠢᠯᠢᠨ ᠨᠡᠶᠢᠭᠡᠮ ᠲᠣᠭᠤᠷᠢᠭ᠂ ᠴᠠᠭᠠᠨ ᠪᠠᠯᠭᠠᠰᠤᠨ ᠤ ᠡᠷᠳᠡᠨᠢᠠ᠋ᠭᠤᠯᠠ ᠨᠡᠶᠢᠭᠡᠮ ᠲᠣᠭᠤᠷᠢᠭ ᠤᠨ ᠲᠤᠬᠠᠶᠢᠯᠠᠭᠰᠠᠨ ᠠᠵᠢᠯ ᠤᠨ ᠭᠡᠷ ᠢ ᠪᠠᠶᠢᠭᠤᠯᠤᠨ᠎ᠠ᠃ ᠬᠤᠲᠠ ᠪᠠᠯᠭᠠᠰᠤᠨ ᠤ ᠨᠡᠶᠢᠭᠡᠮ ᠲᠣᠭᠤᠷᠢᠭ ᠎ ᠤᠨ ᠰᠣᠶᠣᠯ ᠪᠣᠯᠪᠠᠰᠤᠷᠠᠯ᠂ ᠠᠭᠤᠳᠠᠮ ᠲᠠᠯᠠᠪᠠᠢ ᠶᠢᠨ ᠰᠣᠶᠣᠯ ᠪᠣᠯᠪᠠᠰᠤᠷᠠᠯ ᠤᠨ ᠠᠵᠢᠯᠯᠠᠭ᠎ᠠ ᠶᠢ ᠥᠷᠨᠢᠭᠦᠯᠦᠨ᠎ᠡ᠃ ᠡᠯ᠎ᠡ ᠰᠤᠮᠤ ᠪᠠᠯᠭᠠᠰᠤ ᠡᠷᠬᠡᠪᠰᠢ ︽ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠣᠨ︾᠎ ᠤ ᠠᠵᠢᠯᠯᠠᠭ᠎ᠠ ᠪᠣᠯᠣᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠯᠠᠪᠳᠠᠭᠤᠨ ᠥᠷᠨᠢᠭᠦᠯᠵᠦ᠂ ᠵᠡᠭᠡᠯᠢ ᠭᠤᠳᠤᠮᠵᠢ ᠶᠢᠨ ᠬᠤᠳᠠᠯᠳᠤᠭᠠᠨ ᠤ ᠭᠠᠵᠠᠷ ᠤᠨ ᠫᠠᠶᠢᠰᠠ ᠢᠯᠡᠷᠬᠡᠶᠢᠯᠡᠯ ᠢ ᠳᠦᠷᠢᠮᠵᠢᠭᠦᠯᠦᠨ᠂ ᠳᠤᠷ᠎ᠠ ᠪᠠᠷ ᠪᠠᠷᠢᠵᠤ ᠡᠮᠬᠢ ᠵᠠᠮᠪᠠᠷᠠᠭ᠎ᠠ ᠦᠭᠡᠢ ᠪᠠᠶᠢᠭᠤᠯᠤᠭᠰᠠᠨ᠂ ᠳᠦᠷᠢᠮ ᠲᠣᠭᠲᠠᠭᠠᠯ ᠢ ᠵᠥᠷᠢᠴᠡᠭᠰᠡᠨ ᠪᠠᠷᠢᠯᠭ᠎ᠠ ᠪᠠᠷᠢᠬᠤ ᠶᠢ ᠴᠢᠩᠭ᠎ᠠ ᠬᠤᠷᠢᠭᠯᠠᠨ᠎ᠠ᠃ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠣᠨᠤᠭ ᠲᠥᠬᠦᠭᠡᠷᠦᠮᠵᠢ ᠶᠢ ᠰᠢᠨᠡᠳᠬᠡᠵᠦ᠂ ᠬᠤᠲᠠ ᠪᠠᠯᠭᠠᠰᠤᠨ ᠤ ᠴᠡᠪᠡᠷ ᠲᠡᠭᠰᠢ ᠣᠷᠴᠢᠨ ᠲᠣᠭᠤᠷᠢᠨ ᠢ ᠪᠠᠲᠤᠯᠠᠨ᠎ᠠ᠃ᠬᠤᠶᠠᠷ ᠲᠤ  ᠰᠠᠭᠤᠷᠢ ᠲᠥᠬᠦᠭᠡᠷᠦᠮᠵᠢ ᠶᠢ ᠮᠠᠯᠵᠢᠬᠤ ᠣᠷᠣᠨ ᠳᠤ ᠬᠦᠷᠭᠡᠬᠦ ᠶᠢ ᠲᠦᠯᠬᠢᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ︽ᠠᠷᠪᠡ ᠶᠢ ᠬᠦᠳᠡᠭᠡ ᠳᠤ ᠬᠦᠷᠭᠡᠬᠦ︾ ᠢᠨᠵᠧᠨᠧᠷᠢᠩ ᠢᠶᠠᠷ ᠭᠤᠣᠯ ᠪᠣᠯᠭᠠᠵᠤ᠂ ᠮᠠᠯᠵᠢᠬᠤ ᠣᠷᠣᠨ ᠤ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠶᠡᠬᠡᠪᠡᠷ ᠰᠠᠶᠢᠵᠢᠷᠠᠭᠤᠯᠤᠨ᠎ᠠ ᠃ ᠣᠰᠣᠨ ᠳᠤ ᠡᠪᠳᠡᠭᠳᠡᠭᠰᠡᠨ ᠭᠡᠷ ᠪᠠᠶᠢᠰᠢᠩ ᠢ 495 ᠢᠵᠢ ᠰᠢᠨᠡᠳᠬᠡᠨ ᠵᠠᠰᠠᠵᠤ᠂ ᠳᠥᠭᠦᠮ ᠪᠦᠲᠦᠴᠡᠳᠦ 224 ᠢᠵᠢ ᠭᠡᠷ ᠢ ᠵᠠᠰᠠᠨ ᠰᠢᠨᠡᠳᠬᠡᠨ᠎ᠡ᠃ ᠠᠯᠲᠠᠨ — ᠤᠰᠤᠨ ᠴᠥᠭᠦᠷᠥᠮ ᠢ ᠠᠶᠤᠯ ᠠᠴᠠ ᠬᠠᠮᠠᠭᠠᠯᠡᠨ ᠪᠠᠬᠢᠵᠢᠭᠦᠯᠬᠦ᠂ ᠴᠠᠭᠠᠨ ᠮᠠᠯᠵᠢᠯ ᠤᠨ ᠲᠠᠯᠠᠪᠠᠢ ᠶᠢᠨ ᠦᠶᠡᠷ ᠢ ᠰᠡᠷᠭᠡᠶᠢᠯᠡᠬᠦ ᠬᠠᠰᠢᠯᠭ᠎ᠠ ᠪᠣᠯᠣᠨ ᠰᠢᠯᠢᠨᠪᠣᠶᠢᠷ ᠤᠨ ᠦᠶᠡᠷ ᠢ ᠵᠠᠯᠠᠬᠤ ᠰᠤᠪᠠᠭ᠂ ᠵᠢᠪᠬᠤᠯᠠᠩᠲᠤ ᠰᠤᠮᠤᠨ ᠤ ᠳᠠᠯᠠᠢ ᠭᠠᠴᠠᠭᠠᠨ ᠤ ᠤᠥᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠎ ᠢ ᠬᠡᠷᠡᠭᠵᠢᠭᠦᠯᠦᠨ᠎ᠡ᠃ ᠲᠠᠷᠢᠶᠠᠯᠠᠩ ᠤᠨ ᠲᠣᠣᠷᠵᠢᠯ ᠤᠨ ᠥᠭᠡᠷᠡᠴᠢᠯᠡᠯᠲᠡ ᠶᠢᠨ ᠳᠡᠰ ᠳᠡᠪᠰᠢᠭᠦᠯᠬᠦ ᠢᠨᠵᠧᠨᠧᠷᠢᠩ ᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠠᠯᠳ᠋ᠬᠠᠮᠡᠭᠡᠯ ᠠᠴᠠ ᠠᠮᠤᠭᠤᠯᠠᠩ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠎ ᠤᠨ ᠪᠦᠲᠦᠭᠡᠨ ᠪᠠᠶᠢᠭᠤᠯᠤᠯᠲᠠ ᠳᠤ ᠰᠠᠶᠢᠲᠤᠷ ᠦᠢᠯᠡᠴᠢᠯᠡᠵᠦ᠂ ᠨᠣᠭᠤᠭᠠᠨᠨᠠᠭᠤᠷ ᠠᠴᠠ ᠦᠪᠦᠷᠪᠣᠯᠠᠭ ᠬᠦᠷᠬᠦ᠂ ᠦᠪᠦᠷᠪᠣᠯᠠᠭ ᠠᠴᠠ ᠠᠯᠳᠠᠷᠲᠤ ᠭᠠᠴᠠᠭᠠᠨ ᠳᠤ ᠨᠡᠪᠲᠡᠷᠡᠬᠦ ᠵᠠᠰᠠᠮᠠᠯ ᠵᠠᠮ᠂ ᠠᠮᠤᠭᠤᠯᠠᠩ ᠠᠴᠠ ᠦᠪᠦᠷᠪᠣᠯᠠᠭ ᠰᠤᠮᠤ ᠬᠦᠷᠬᠦ ᠵᠠᠰᠠᠮᠠᠯ ᠵᠠᠮ᠂ ᠠᠮᠤᠭᠤᠯᠠᠩ ᠠᠴᠠ ᠡᠪᠦᠳᠦᠭ ᠪᠣᠭᠤᠮᠲᠠ ᠬᠦᠷᠬᠦ ᠬᠤᠶᠠᠳᠤᠭᠠᠷ ᠳᠡᠰ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠠᠮᠤᠭᠤᠯᠠᠩ ᠪᠠᠯᠭᠠᠰᠤᠨ ᠳᠠᠬᠢ ᠠᠶᠠᠨᠴᠢᠳ ᠤᠨ ᠬᠤᠶᠠᠳᠤᠭᠠᠷ ᠳᠡᠰ ᠎ ᠤᠨ ᠲᠡᠷᠭᠡᠨ ᠥᠷᠲᠡᠭᠡ ᠶᠢ ᠦᠷᠭᠦᠯᠵᠢᠯᠡᠨ ᠪᠠᠶᠢᠭᠤᠯᠬᠤ ᠶᠢᠨ ᠬᠠᠮᠲᠤ ᠠᠰᠢᠭᠯᠠᠯᠲᠠ ᠳᠤ ᠣᠷᠣᠭᠤᠯᠵᠤ᠂ ᠦᠪᠦᠷᠪᠣᠯᠠᠭ ᠂ ᠭᠠᠨᠵᠤᠤᠷ ᠰᠤᠮᠤ ᠶᠢᠨ ᠠᠶᠠᠨᠴᠢᠳ ᠤᠨ ᠲᠡᠷᠭᠡᠨ ᠥᠷᠲᠡᠭᠡ ᠶᠢ ᠡᠬᠢᠯᠡᠭᠦᠯᠦᠨ ᠪᠠᠶᠢᠭᠤᠯᠤᠨ᠎ᠠ᠃ ᠴᠠᠭᠠᠨ ᠪᠠᠯᠭᠠᠰᠤ᠂ ᠦᠪᠦᠷᠪᠣᠯᠠᠭ ᠰᠤᠮᠤᠨ ᠤ 4 ᠭᠠᠴᠠᠭᠠᠨ ᠳᠤ ᠪᠠᠷᠢᠮᠵᠢᠶᠠᠵᠢᠭᠰᠠᠨ ᠡᠷᠡᠭᠦᠯ ᠬᠠᠮᠠᠭᠠᠯᠠᠯ ᠤᠨ ᠲᠠᠰᠤᠭ ᠪᠠᠶᠢᠭᠤᠯᠤᠨ᠎ᠠ᠃︵ᠵᠢᠷᠭᠤᠭ᠎ᠠ︶  ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠠᠴᠠ ᠭᠠᠷᠳᠠᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠬᠢᠭᠡᠳ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠮᠠᠨ ᠤ ᠬᠤᠰᠢᠭᠤᠨ ᠤ ᠠᠮᠢ ᠠᠬᠤᠢ ᠳᠤ ᠲᠤᠯᠭᠠᠷᠠᠵᠤ ᠪᠠᠶᠢᠭ᠎ᠠ ᠭᠤᠣᠯ ᠠᠰᠠᠭᠤᠳᠠᠯ ᠪᠣᠯ ᠨᠤᠲᠤᠭ ᠪᠡᠯᠴᠢᠭᠡᠷ ᠡᠯᠡᠰᠦᠷᠬᠡᠭᠵᠢᠬᠦ ᠪᠠ ᠠᠮᠢ ᠠᠬᠤᠢ ᠶᠢᠨ ᠣᠷᠴᠢᠨ ᠲᠣᠭᠤᠷᠢᠨ ᠢ ᠵᠣᠷᠢᠭᠤᠳᠠ ᠡᠪᠳᠡᠬᠦ ᠬᠠᠤᠯᠢ ᠪᠤᠰᠤ ᠠᠵᠢᠯᠯᠠᠭ᠎ᠠ ᠪᠣᠯᠣᠨ᠎ᠠ᠂ ᠡᠯᠡᠰᠦ ᠎ ᠶᠢ ᠬᠤᠷᠢᠭᠯᠠᠨ ᠵᠠᠰᠠᠬᠤ ᠠᠵᠢᠯ ᠢ ᠰᠠᠶᠢᠲᠤᠷ ᠬᠢᠵᠦ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠬᠦ ᠬᠠᠤᠯᠢ ᠪᠤᠰᠤ ᠠᠵᠢᠯᠯᠠᠭ᠎ᠠ ᠳᠤ ᠬᠦᠴᠦᠲᠡᠢ ᠴᠣᠬᠢᠯᠲᠠ ᠦᠭᠬᠦᠨ᠎ᠡ᠃ᠨᠢᠭᠡ ᠳᠤ  ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ 2014 ᠣᠨ ᠠᠴᠠ 2018 ᠣᠨ ᠬᠦᠷᠲᠡᠯᠡᠬᠢ ᠪᠦᠬᠦ ᠬᠤᠰᠢᠭᠤᠨ ᠤ ᠡᠯᠡᠰᠦᠷᠬᠡᠭ ᠣᠷᠣᠨ ᠢ ᠶᠡᠷᠦᠩᠬᠡᠶᠢᠯᠡᠨ ᠵᠠᠰᠠᠬᠤ 5 ᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ᠎ᠡ᠃ 43 ᠲᠦᠮᠡᠨ ᠮᠦ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠵᠤ᠂ 60 ᠡᠷᠦᠬᠡ ᠶᠢ ᠠᠮᠢ ᠠᠬᠤᠢ ᠪᠠᠭᠤᠷᠠᠢ ᠣᠷᠣᠨ ᠠᠴᠠ ᠨᠡᠬᠦᠯᠭᠡᠵᠦ ᠲᠦᠪᠬᠢᠨᠢᠬᠦᠯᠤᠨ᠎ᠡ᠃ ᠨᠤᠲᠤᠭ ᠪᠡᠯᠴᠢᠭᠡᠷ ᠤᠨ ᠠᠮᠢ ᠠᠬᠤᠢ ᠶᠢᠨ ᠥᠪᠡᠷ ᠢ ᠪᠠᠨ ᠰᠡᠷᠬᠦᠭᠡᠬᠦ ᠴᠢᠳᠠᠪᠤᠷᠢ ᠶᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠠᠮᠢ ᠠᠬᠤᠢ ᠶᠢᠨ ᠪᠠᠭᠤᠷᠠᠢ ᠣᠷᠣᠨ ᠲᠣᠭᠤᠷᠢᠭ ᠲᠤ ᠨᠢᠰᠬᠡᠯ ᠢᠶᠠᠷ ᠡᠪᠡᠰᠦ ᠲᠠᠷᠢᠵᠦ᠂ 750 ᠲᠦᠮᠡᠨ ᠮᠦ ᠪᠡᠯᠴᠢᠭᠡᠷᠯᠡᠬᠦᠯᠬᠦ ᠶᠢ ᠴᠠᠭᠠᠵᠠᠯᠠᠵᠦ᠂ ᠮᠠᠯ ᠪᠡᠯᠴᠢᠭᠡᠷ ᠢ ᠲᠡᠩᠴᠡᠬᠦᠷᠢᠰᠢᠬᠦᠯᠬᠦ ᠲᠠᠯᠠᠪᠠᠢ ᠶᠢ 1377.8 ᠲᠦᠮᠡᠨ ᠮᠦ ᠪᠤᠯᠭᠠᠨ᠎ᠡ᠃ ᠭᠤᠣᠯᠳᠠᠯᠭ᠎ᠠ ᠲᠠᠢ ᠭᠠᠵᠠᠷ ᠣᠷᠣᠨ ᠳᠤ ᠮᠣᠳᠣ ᠲᠠᠷᠢᠵᠤ ᠨᠣᠭᠤᠭᠠᠷᠠᠭᠤᠯᠬᠤ ᠠᠵᠢᠯ ᠢ ᠲᠦᠯᠬᠢᠨ ᠠᠬᠢᠭᠤᠯᠵᠤ᠂ ᠪᠦᠬᠦ ᠬᠤᠰᠢᠭᠤᠨ ᠤ ᠠᠯᠪᠠᠨ ᠵᠢᠷᠤᠮ ᠤᠨ ᠮᠣᠳᠣ ᠲᠠᠷᠢᠬᠤ ᠰᠠᠭᠤᠷᠢᠨ ᠭᠠᠵᠠᠷ ᠢ ᠪᠠᠶᠢᠭᠤᠯᠤᠨ᠎ᠠ᠃ ᠬᠤᠶᠠᠷ ᠲᠤ  ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ 119.8 ᠲᠦᠮᠡᠨ ᠮᠦ ᠠᠮᠢ ᠠᠬᠤᠢ ᠶᠢᠨ ᠠᠰᠠᠷᠠᠮᠵᠢ ᠶᠢᠨ ᠣᠢ ᠶᠢ ᠴᠢᠩᠭ᠎ᠠ ᠬᠠᠮᠠᠭᠠᠯᠠᠵᠤ᠂ 59.3 ᠲᠦᠮᠡᠨ ᠮᠦ ᠬᠠᠮᠲᠤ ᠶᠢᠨ ᠣᠢ ᠶᠢᠨ ᠭᠠᠵᠠᠷ ᠤᠨ ᠬᠠᠮᠢᠶᠠᠷᠤᠯᠲᠠ ᠶᠢ ᠳᠦᠷᠢᠮᠵᠢᠭᠦᠯᠦᠨ᠎ᠡ᠃ ᠡᠯᠡᠰᠦᠷᠬᠡᠭ ᠣᠷᠣᠨ ᠢ ᠪᠢᠲᠡᠭᠦᠮᠵᠢᠯᠡᠨ ᠬᠠᠮᠠᠭᠠᠯᠠᠵᠤ ᠨᠥᠬᠦᠪᠦᠷᠢ ᠥᠭᠬᠦ ᠲᠤᠷᠰᠢᠯᠲᠠ ᠶᠢᠨ ᠠᠵᠢᠯ ᠢ ᠡᠬᠢᠯᠡᠭᠦᠯᠦᠨ᠎ᠡ᠃  ᠬᠥᠯᠥᠨ ᠨᠠᠭᠤᠷ ᠤᠨ ᠬᠥᠪᠡᠭᠡᠨ ᠳᠠᠬᠢ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠨ᠎ᠠ᠃ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠣᠷᠣᠨ ᠲᠣᠭᠤᠷᠢᠭ ᠤᠨ ᠬᠤᠯᠪᠣᠭᠠᠯᠠᠨ ᠰᠡᠷᠭᠡᠶᠢᠯᠡᠬᠦ ᠳᠦᠷᠢᠮ ᠢ ᠬᠡᠷᠡᠭᠵᠢᠭᠦᠯᠵᠦ᠂ ᠭᠠᠯ ᠢ ᠰᠡᠷᠭᠡᠶᠢᠯᠡᠬᠦ ᠴᠠᠷ᠎ᠠ ᠭᠠᠷᠭᠠᠬᠤ ᠡᠭᠦᠷᠭᠡ ᠪᠠᠨ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠎ᠠ᠃ 301ᠤᠯᠤᠰ ᠤᠨ ᠲᠠᠰ ᠤᠨ ᠵᠠᠰᠠᠮᠠᠯ ᠵᠠᠮ ᠤᠨ ᠬᠤᠶᠠᠷ ᠬᠠᠵᠠᠭᠤ ᠳᠠᠬᠢ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠵᠠᠰᠠᠨ ᠬᠠᠮᠢᠶᠡᠷᠴᠤ᠂ ᠤᠰᠤ ᠰᠢᠷᠣᠢ ᠶᠢ ᠬᠠᠮᠠᠭᠠᠯᠡᠨ ᠵᠠᠰᠠᠬᠤ ᠬᠦᠴᠦᠯᠡᠴᠡ ᠪᠠᠨ ᠨᠡᠮᠡᠭᠳᠡᠭᠦᠯᠦᠨ᠎ᠡ᠃ ᠳᠤᠷ᠎ᠠ ᠪᠠᠷ ᠡᠪᠡᠰᠦᠨ ᠡᠮ ᠤᠨ ᠦᠨᠳᠦᠰᠦ ᠮᠠᠯᠲᠠᠬᠤ᠂ ᠬᠠᠤᠯᠢ ᠪᠤᠰᠤ ᠪᠠᠷ ᠡᠯᠡᠰᠦ ᠮᠠᠯᠲᠠᠬᠤ ᠵᠡᠷᠭᠡ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠬᠦᠨᠳᠦ ᠴᠣᠬᠢᠯᠲᠠ ᠥᠭᠴᠦ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠬᠦ ᠬᠠᠤᠯᠢ ᠪᠤᠰᠤ ᠠᠵᠢᠯᠯᠠᠭ᠎ᠠ ᠶᠢ ᠡᠷᠡᠰ ᠬᠤᠷᠢᠭᠯᠠᠨ᠎ᠠ᠃ᠭᠤᠷᠪᠠ ᠳᠤ  ᠣᠷᠴᠢᠨ ᠲᠣᠭᠤᠷᠢᠨ ᠤ ᠬᠢᠨᠠᠨ ᠬᠡᠮᠵᠢᠬᠦ ᠬᠠᠮᠢᠶᠠᠷᠤᠯᠲᠠ ᠶᠢ ᠴᠢᠩᠭᠠᠳᠬᠠᠨ᠎ᠠ᠃ ᠣᠷᠴᠢᠨ ᠲᠣᠭᠤᠷᠢᠨ ᠎ ᠤ ᠬᠢᠨᠠᠨ ᠬᠡᠮᠵᠢᠬᠦ ᠲᠥᠬᠦᠭᠡᠷᠦᠮᠵᠢ ᠶᠢ ᠤᠭᠰᠡᠷᠡᠨ ᠬᠡᠷᠡᠭᠯᠡᠬᠦ ᠶᠢ ᠲᠦᠷᠭᠡᠳᠬᠡᠵᠦ᠂ ᠮᠡᠷᠭᠡᠵᠢᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠮᠡᠳᠡᠯᠭᠡ ᠪᠣᠯᠪᠠᠰᠤᠷᠠᠯ ᠢ ᠳᠡᠭᠡᠭᠰᠢᠯᠡᠭᠦᠯᠵᠦ᠂ ᠣᠷᠴᠢᠨ ᠲᠣᠭᠤᠷᠢᠨ ᠤ ᠬᠢᠨᠠᠨ ᠬᠡᠮᠵᠢᠯᠲᠡ ᠎ ᠶᠢ ᠪᠡᠶ᠎ᠡ ᠪᠠᠨ ᠲᠠᠭᠠᠭᠠᠵᠦ ᠥᠷᠨᠢᠭᠦᠯᠬᠦ ᠶᠢ ᠪᠡᠶᠡᠯᠡᠭᠦᠯᠦᠨ᠎ᠡ᠃ ᠡᠨᠧᠷᠭᠢ ᠶᠢ ᠠᠷᠪᠢᠯᠠᠨ ᠪᠣᠬᠢᠷᠲᠤᠯ ᠢ ᠪᠠᠭᠠᠰᠬᠠᠬᠤ᠂ ᠡᠨᠧᠷᠭᠢ ᠠᠷᠪᠢᠯᠠᠬᠤ ᠮᠡᠷᠭᠡᠵᠢᠯ ᠢ ᠥᠭᠡᠷᠡᠴᠢᠯᠡᠬᠦ ᠠᠵᠢᠯ ᠢ ᠰᠠᠶᠢᠲᠤᠷ ᠠᠳᠬᠤᠵᠤ᠂ ᠬᠤᠴᠣᠷᠤᠩᠭᠤᠢ ᠤᠶᠢᠯᠡᠳᠪᠤᠷᠢᠯᠡᠬᠦ ᠴᠢᠳᠡᠪᠤᠷᠢ ᠶᠢ ᠦᠷᠭᠦᠯᠵᠢᠯᠡᠨ ᠰᠢᠯᠢᠳᠡᠭᠵᠢᠬᠦᠯᠤᠨ᠎ᠡ᠃ ᠠᠵᠤ ᠦᠢᠯᠡᠳᠪᠦᠷᠢ ᠶᠢᠨ ᠲᠥᠷᠥᠯ ᠵᠦᠢᠯ ᠎ ᠤᠨ ᠭᠤᠷᠪᠠ ᠶᠢ ᠵᠡᠷᠭᠡ ᠳᠤᠨᠢ ᠬᠢᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠬᠡᠮᠵᠢᠶ᠎ᠡ ᠶᠢ ᠭᠦᠢᠴᠡᠳᠬᠡᠬᠦ ᠲᠤᠭ᠎ᠠ ᠶᠢᠨ ᠳᠣᠲᠣᠷ᠎ᠠ ᠬᠢᠵᠠᠭᠠᠷᠯᠠᠨ᠎ᠠ᠃ ᠠᠮᠤᠭᠤᠯᠠᠩ ᠪᠠᠯᠭᠠᠰᠤᠨ ᠤ ᠤᠰᠤᠨ ᠤ ᠡᠬᠢ ᠰᠤᠷᠪᠤᠯᠵᠢ ᠶᠢᠨ ᠬᠤᠶᠡᠳᠡᠬᠢ ᠤᠳᠠᠭ᠎ᠠ ᠶᠢᠨ ᠪᠦᠰᠡ ᠬᠤᠪᠢᠶᠠᠷᠢᠯᠠᠬᠤ ᠪᠡ ᠲᠥᠯᠥᠪᠵᠢᠭᠦᠯᠦᠨ ᠨᠠᠶᠢᠷᠠᠭᠤᠯᠬᠤ ᠠᠵᠢᠯ ᠢ ᠡᠬᠢᠯᠡᠭᠦᠯᠦᠨ᠎ᠡ᠃ ︵ᠳᠣᠯᠤᠭ᠎ᠠ︶  ᠨᠡᠶᠢᠭᠡᠮ ᠤᠨ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠨᠡᠶᠢᠭᠡᠮ ᠤᠨ ᠠᠵᠢᠯ ᠦᠢᠯᠡᠰ ᠎ ᠤᠨ ᠬᠥᠭᠵᠢᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ᠬᠥᠭᠵᠢᠯᠲᠡ ᠪᠠᠷ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠦᠨᠳᠦᠰᠦ ᠪᠣᠯᠭᠠᠨ᠂ ᠨᠡᠶᠢᠭᠡᠮ ᠤᠨ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠶᠠᠳᠠᠭᠤ ᠬᠦᠴᠢᠷᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨᠬᠦ ᠳᠡᠭᠡᠭᠰᠢᠯᠡᠭᠦᠯᠵᠦ᠂ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ ᠤ ᠠᠮᠢᠳᠤᠷᠠᠯ ᠢ ᠨᠡᠩ ᠵᠣᠯ ᠵᠢᠷᠭᠠᠯ ᠲᠠᠢ ᠪᠣᠯᠭᠠᠬᠤ ᠎ ᠪᠠᠷ ᠴᠢᠷᠮᠠᠶᠢᠨ᠎ᠠ᠃ᠨᠢᠭᠡ ᠳᠤ  ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠤᠨ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠢ ᠲᠦᠭᠡᠮᠡᠯᠵᠢᠬᠦᠯᠬᠦ ᠪᠠᠷ ᠴᠢᠷᠮᠠᠶᠢᠵᠤ᠂ ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠭᠡ ᠳᠤ ᠣᠷᠣᠯᠴᠠᠭᠰᠠᠨ ᠨᠤᠷᠮ᠎ᠠ ᠶᠢ 98%᠎ ᠠᠴᠠ ᠳᠡᠭᠡᠭᠰᠢ ᠪᠠᠶᠢᠯᠭᠠᠨ᠎ᠠ᠃ ᠳᠡᠭᠡᠳᠦ ᠱᠠᠲᠤᠨ ᠤ ᠳᠡᠮᠵᠢᠯᠭᠡ ᠶᠢ ᠴᠢᠷᠮᠠᠶᠢᠨ ᠣᠯᠵᠤ᠂ ᠬᠤᠲᠠ ᠬᠥᠳᠡᠭᠡ ᠶᠢᠨ ᠬᠠᠮᠤᠭ ᠨᠠᠭᠠᠲᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠬᠤᠲᠠ ᠬᠥᠳᠡᠭᠡ ᠶᠢᠨ ᠬᠠᠮᠤᠭ ᠨᠠᠭᠠᠲᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠳᠤ ᠬᠠᠷᠢᠮᠠᠬᠠᠢ ᠬᠠᠮᠢᠶᠠᠷᠤᠯᠲᠠ ᠶᠢᠨ ᠲᠣᠭᠲᠠᠴᠠ ᠶᠢ ᠰᠦᠪᠡᠭᠴᠢᠯᠡᠵᠦ᠂ ᠶᠠᠳᠠᠭᠤ ᠬᠦᠴᠢᠷᠲᠡᠢ ᠣᠯᠠᠨ ᠲᠦᠮᠡᠨ ᠢ ᠴᠠᠭ ᠲᠤᠬᠠᠢ ᠳᠤᠨᠢ ᠳᠣᠣᠷ᠎ᠠ ᠪᠠᠳᠤᠯᠠᠭ᠎ᠠ ᠶᠢᠨ ᠠᠪᠤᠷᠠᠨ ᠲᠤᠰᠠᠯᠠᠬᠤ ᠰᠢᠰᠲ᠋ᠧᠮ ᠳᠤ ᠣᠷᠣᠭᠤᠯᠤᠨ᠎ᠠ᠃ ᠬᠤᠲᠠ ᠬᠥᠳᠡᠭᠡ ᠶᠢᠨ ᠬᠠᠮᠤᠭ ᠤᠨ ᠨᠠᠭᠠᠳᠤ ᠵᠠᠬ᠎ᠠ ᠶᠢᠨ ᠠᠮᠢᠳᠤᠷᠡᠯ ᠤᠨ ᠪᠠᠳᠤᠯᠠᠭ᠎ᠠ ᠶᠢᠨ ᠮᠦᠡᠭᠬᠦ ᠶᠢᠨ ᠪᠡᠷᠢᠮᠵᠢᠶ᠎ᠡ ᠎ ᠶᠢ ᠵᠢᠯ ᠳᠤ 360 ᠲᠥᠭᠦᠷᠢᠭ ᠪᠣᠯᠣᠨ 300 ᠲᠥᠭᠦᠷᠢᠭ ᠨᠡᠮᠡᠭᠳᠡᠬᠦᠯᠵᠦ᠂ ︽ᠲᠠᠪᠤᠨ ᠪᠠᠲᠤᠯᠭᠠᠲᠦ ᠡᠷᠦᠬᠡ︾᠎ ᠶᠢ ᠲᠦᠪᠯᠡᠷᠡᠬᠦᠯᠤᠨ ᠠᠰᠠᠷᠠᠬᠤ ᠪᠠ ᠳ᠋ᠠᠩ ᠢᠶᠠᠷ ᠨᠢ ᠠᠰᠠᠷᠠᠨ ᠬᠠᠷᠠᠭᠠᠯᠵᠠᠬᠤ ᠰᠦᠢᠳᠭᠡᠯ ᠤᠨ ᠪᠠᠷᠢᠮᠵᠢᠶ᠎ᠠ ᠶᠢ 5100 ᠲᠥᠭᠦᠷᠢᠭ ᠪᠠ 3200 ᠲᠥᠭᠦᠷᠢᠭ ᠲᠤ ᠬᠦᠷᠭᠡᠨ᠎ᠡ᠃ ᠨᠠᠰᠤᠲᠠᠶᠢᠴᠤᠳ ᠤᠨ ᠦᠢᠯᠡᠰ ᠤᠨ ᠬᠥᠭᠵᠢᠯᠲᠡ ᠶᠢ ᠲᠦᠷᠭᠡᠳᠬᠡᠨ᠂ 80 ᠨᠠᠰᠤᠨ ᠠᠴᠠ ᠳᠡᠭᠡᠭᠰᠢ ᠨᠠᠰᠤᠳᠠᠶᠢᠴᠤᠳ ᠲᠤ ᠬᠠᠷᠠᠭᠠᠯᠵᠠᠯᠠᠯ ᠦᠵᠡᠬᠦᠯᠬᠦ ᠳᠦᠷᠢᠮ ᠢ ᠲᠦᠭᠡᠮᠡᠯᠵᠢᠬᠦᠯᠤᠨ᠎ᠡ᠃ ᠦᠢᠯᠡᠰ ᠪᠣᠰᠬᠠᠨ ᠠᠵᠢᠯ ᠣᠯᠭᠤᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠣᠯᠭᠤᠬᠤ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠲᠥᠬᠦᠭᠡᠷᠦᠮᠵᠢ᠂ ᠮᠠᠯᠴᠢᠨ ᠲᠠᠷᠢᠶᠠᠴᠢᠨ ᠤ ᠦᠢᠯᠡᠰ ᠪᠣᠰᠬᠠᠬᠤ ᠬᠦᠷᠢᠶᠡᠯᠡᠩ᠂ ᠦᠢᠯᠡᠰ ᠪᠣᠰᠬᠠᠨ ᠠᠵᠢᠯ ᠣᠯᠭᠤᠬᠤ ᠳᠠᠪᠲᠠᠨ ᠪᠣᠯᠪᠠᠰᠤᠷᠠᠭᠤᠯᠬᠤ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠵᠤ᠂ 800 ᠭᠠᠷᠤᠢ ᠬᠥᠮᠥᠨ ᠳᠤ ᠰᠢᠨ᠎ᠡ ᠪᠠᠷ ᠠᠵᠢᠯ ᠣᠯᠭᠤᠨ᠎ᠠ᠃ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ 350 ᠡᠷᠦᠬᠡ ᠮᠠᠯᠴᠢᠳ ᠢ ᠬᠤᠲᠠ ᠤᠷᠤᠭᠤᠯᠵᠦ ᠰᠠᠭᠤᠷᠢᠰᠢᠭᠤᠯᠬᠤ ᠢᠨᠵᠧᠨᠧᠷᠢᠩ᠂ 160 ᠢᠵᠢ ᠬᠢᠮᠳᠠ ᠲᠦᠷᠢᠶᠡᠰᠦᠨ ᠣᠷᠣᠨ ᠰᠠᠭᠤᠴᠠ ᠶᠢ ᠰᠢᠨ᠎ᠡ ᠪᠠᠷ ᠪᠠᠶᠢᠭᠤᠯᠤᠨ᠎ᠠ᠃ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠵᠦ ᠠᠷᠠᠳ ᠢ ᠪᠠᠶᠠᠵᠢᠭᠤᠯᠬᠤ ᠪᠠ ᠪᠦᠬᠦ ᠲᠣᠰᠬᠤᠨ ᠪᠠᠷ ᠢᠶᠠᠷ ᠨᠢ ᠲᠦᠯᠬᠢᠨ ᠠᠬᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠵᠦ᠂ ᠶᠠᠳᠠᠭᠤ ᠠᠴᠠ ᠠᠩᠬᠢᠵᠢᠷᠠᠭᠤᠯᠤᠭᠰᠠᠨ ᠬᠦᠮᠤᠨ ᠢ 600᠎ ᠠᠴᠠ ᠳᠡᠭᠡᠭᠰᠢ ᠳᠤ ᠬᠦᠷᠭᠡᠨ᠎ᠡ᠃ ᠴᠠᠭᠠᠨ ᠮᠠᠯᠵᠢᠯ ᠤᠨ ᠲᠠᠯᠠᠪᠠᠢ ᠶᠢᠨ ᠬᠥᠭᠵᠢᠯᠲᠡ ᠶᠢᠨ ᠲᠣᠭᠲᠠᠭᠤᠨ ᠪᠠᠶᠢᠳᠠᠯ ᠢ ᠪᠠᠬᠢᠵᠢᠭᠦᠯᠦᠨ᠎ᠡ᠂ ᠦᠨᠳᠦᠰᠦᠨ ᠱᠠᠲᠤᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠲᠥᠷᠥ ᠶᠢᠨ ᠪᠣᠳᠣᠯᠭ᠎ᠠ ᠪᠣᠯᠣᠨ ᠲᠥᠷᠥᠯ ᠵᠦᠢᠯ ᠢᠶᠠᠷ ᠳᠡᠮᠵᠢᠯᠭᠡ ᠦᠵᠡᠭᠦᠯᠵᠦ᠂ ᠦᠢᠯᠡᠳᠪᠦᠷᠢᠯᠡᠯ ᠠᠮᠢᠳᠤᠷᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠱᠤᠸᠡᠩ ᠸᠠ ᠰᠦ ᠶᠢᠨ ᠦᠢᠯᠡᠳᠪᠦᠷᠢ ᠶᠢ ᠳᠡᠮᠵᠢᠵᠦ ᠣᠶᠢᠷ᠎ᠠ ᠬᠠᠪᠢ ᠶᠢᠨ ᠣᠯᠠᠨ ᠲᠦᠮᠡᠨ ᠢ ᠳᠠᠶᠢᠴᠢᠯᠠᠨ ᠦᠷᠭᠦᠯᠵᠢᠯᠡᠨ ᠣᠷᠣᠯᠭ᠎ᠠ ᠪᠠᠨ ᠨᠡᠮᠡᠭᠳᠡᠭᠦᠯᠵᠦ᠂ ᠴᠠᠭᠠᠨ ᠮᠠᠯᠵᠢᠯ ᠤᠨ ᠲᠠᠯᠠᠪᠠᠢ ᠶᠢᠨ ᠲᠡᠤᠬᠡᠨ ᠦᠯᠡᠳᠡᠭᠳᠡᠯ ᠤᠨ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠨ᠎ᠡ᠃ᠬᠤᠶᠠᠷ ᠲᠤ  ᠨᠡᠶᠢᠭᠡᠮ ᠤᠨ ᠠᠵᠢᠯ ᠦᠢᠯᠡᠰ ᠢ ᠲᠦᠷᠭᠡᠨ ᠬᠥᠭᠵᠢᠭᠦᠯᠦᠨ᠎ᠡ᠃ ᠠᠷᠠᠳ ᠲᠦᠮᠡᠨ ᠬᠠᠨᠤᠮᠵᠢᠲᠠᠢ ᠰᠤᠷᠭᠠᠨ ᠬᠥᠮᠥᠵᠢᠯ ᠡᠷᠬᠢᠯᠡᠬᠦ ᠶᠢ ᠪᠠᠷᠢᠮᠲᠠᠯᠠᠨ᠎ᠠ᠃ ᠠᠯᠪᠠᠨ ᠵᠢᠷᠤᠮ ᠤᠨ ᠰᠤᠷᠭᠠᠨ ᠬᠥᠮᠥᠵᠢᠯ ᠢ ᠲᠡᠩᠴᠡᠭᠦᠷᠢᠲᠡᠢ ᠪᠦᠭᠡᠳ ᠤᠨᠴᠠᠯᠢᠭ ᠲᠠᠢ ᠪᠠᠷ ᠬᠦᠭᠵᠢᠬᠦᠯᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠰᠤᠷᠭᠠᠭᠤᠯᠢ ᠠᠴᠠ ᠡᠮᠦᠨᠡᠬᠢ ᠰᠤᠷᠭᠠᠨ ᠬᠥᠮᠥᠵᠢᠯ ᠢ ᠰᠢᠯᠢᠳᠡᠭᠵᠢᠭᠦᠯᠦᠨ ᠬᠥᠭᠵᠢᠭᠦᠯᠬᠦ᠂ ᠰᠤᠷᠭᠠᠨ ᠬᠥᠮᠥᠵᠢᠯ ᠢᠶᠠᠷ ᠠᠷᠠᠳ ᠲᠦᠮᠡᠨ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠦᠨ᠎ᠡ᠃ ᠮᠣᠩᠭᠤᠯ ᠦᠨᠳᠦᠰᠦᠲᠡᠨ ᠤ ᠬᠤᠶᠠᠳᠤᠭᠠᠷ ᠬᠡᠦᠬᠡᠳ ᠤᠨ ᠴᠡᠴᠡᠷᠯᠢᠭ᠂ ᠵᠢᠪᠬᠤᠯᠠᠩᠲᠤ ᠰᠤᠮᠤᠨ ᠤ ᠬᠡᠦᠬᠡᠳ ᠤᠨ ᠴᠡᠴᠡᠷᠯᠢᠭ᠂ ᠴᠠᠭᠠᠨ ᠪᠠᠯᠭᠠᠰᠤᠨ ᠎ ᠤ ᠬᠡᠦᠬᠡᠳ ᠤᠨ ᠴᠡᠴᠡᠷᠯᠢᠭ ᠤᠨ ᠬᠥᠳᠡᠯᠭᠡᠭᠡᠨ ᠤ ᠲᠠᠰᠤᠭ᠂ ᠬᠤᠭᠤᠯᠠᠨ ᠭᠡᠷ᠂ ᠠᠮᠤᠭᠤᠯᠠᠩ ᠬᠤᠶᠠᠳᠤᠭᠠᠷ ᠪᠠᠭ᠎ᠠ ᠰᠤᠷᠭᠠᠭᠤᠯᠢ ᠶᠢᠨ ᠰᠠᠯᠬᠢ ᠪᠣᠷᠣᠭᠠᠨ ᠢ ᠬᠠᠯᠬᠠᠯᠠᠬᠤ ᠲᠠᠮᠢᠷ ᠤᠨ ᠲᠠᠯᠠᠪᠤᠷ ᠢ ᠪᠠᠶᠢᠭᠤᠯᠤᠨ ᠳᠠᠭᠤᠰᠬᠠᠬᠤ ᠶᠢᠨ ᠬᠠᠮᠲᠤ ᠠᠰᠢᠭᠯᠠᠯᠲᠠ ᠳᠤ ᠣᠷᠣᠭᠤᠯᠤᠨ᠎ᠠ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠰᠤᠷᠭᠠᠨ ᠬᠥᠮᠥᠵᠢᠯ ᠤᠨ ᠵᠢᠭᠠᠨ ᠰᠤᠷᠭᠠᠬᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶ᠎ᠡ ᠪᠣᠯᠣᠨ ᠰᠤᠷᠤᠭᠴᠢ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠲᠤᠯᠠᠨ᠎ᠠ᠃ ᠮᠠᠯᠵᠢᠬᠤ ᠣᠷᠣᠨ ᠤ ᠣᠨᠴᠠᠯᠢᠭ ᠲᠠᠢ ᠡᠷᠡᠭᠦᠯ ᠬᠠᠮᠠᠭᠠᠯᠠᠯ᠂ ᠬᠦᠮᠤᠨ ᠠᠮᠨ ᠬᠢᠭᠡᠳ ᠲᠥᠯᠥᠪᠯᠡᠲᠦ ᠦᠷᠡᠵᠢᠯ ᠤᠨ ᠠᠵᠢᠯ ᠢ ᠬᠥᠭᠵᠢᠭᠦᠯᠵᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠲᠡᠩᠴᠡᠭᠦᠷᠢ ᠶᠢ ᠠᠬᠢᠭᠤᠯᠵᠤ᠂ ᠡᠮ ᠡᠮᠨᠡᠯᠭᠡ ᠎ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ︽ᠡᠷᠡᠭᠦᠯ ᠴᠢᠭᠢᠷᠠᠭ ᠤᠨ ᠪᠠᠲᠤᠯᠠᠭ᠎ᠠ ᠶᠢᠨ ᠡᠮ ᠤᠨ ᠵᠢᠵᠢᠭ ᠬᠠᠶᠢᠷᠴᠠᠭ︾᠎ ᠤᠨ ᠢᠨᠵᠧᠨᠧᠷᠢᠩ ᠢ ᠲᠡᠭᠦᠯᠳᠡᠷᠵᠢᠭᠦᠯᠵᠦ᠂ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠠᠵᠢᠯ ᠢ ᠰᠠᠶᠢᠲᠤᠷ ᠬᠢᠵᠦ᠂ ᠦᠨᠳᠦᠰᠦᠨ ᠡᠮ ᠤᠨ ᠳᠦᠷᠢᠮ ᠢ ᠴᠢᠩᠭ᠎ᠠ ᠬᠡᠷᠡᠭᠵᠢᠭᠦᠯᠵᠦ᠂ ᠮᠣᠩᠭᠤᠯ ᠡᠮ ᠡᠮᠨᠡᠯᠭᠡ ᠎ ᠶᠢᠨ ᠦᠢᠯᠡᠴᠢᠯᠡᠭᠡᠨ ᠤ ᠲᠦᠭᠡᠮᠡᠯᠵᠢᠯᠲᠡ ᠶᠢ ᠳᠡᠭᠡᠭᠰᠢᠯᠡᠭᠦᠯᠦᠨ᠎ᠡ᠃ ᠰᠣᠶᠣᠯ ᠤᠨ ᠠᠵᠤ ᠦᠢᠯᠡᠰ ᠢ ᠲᠦᠷᠭᠡᠨ ᠬᠥᠭᠵᠢᠭᠦᠯᠦᠨ᠎ᠡ᠃ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠰᠢᠰᠲ᠋ᠧᠮ ᠤᠨ ᠪᠠᠶᠢᠭᠤᠯᠤᠯᠲᠠ ᠶᠢ ᠰᠠᠶᠢᠲᠤᠷ ᠠᠳᠬᠤᠨ᠎ᠠ︔ ᠶᠢᠰᠦᠳᠦᠭᠡᠷ ᠬᠤᠭᠤᠴᠠᠭᠠᠨ ᠤ ᠪᠠᠷᠭᠤ ᠰᠣᠶᠣᠯ ᠤᠨ ᠤᠷᠠᠯᠢᠭ ᠤᠨ ᠨᠠᠶᠢᠷ ᠵᠡᠷᠭᠡ ᠡᠯ᠎ᠡ ᠲᠥᠷᠥᠯ ᠤᠨ ᠰᠣᠶᠣᠯ ᠲᠠᠮᠢᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ︔ ᠪᠣᠳᠠᠰ ᠤᠨ ᠪᠤᠰᠤ ᠰᠣᠶᠣᠯ ᠤᠨ ᠥᠪ ᠢ ᠴᠤᠭᠯᠠᠭᠤᠯᠵᠤ ᠡᠮᠬᠢᠳᠬᠡᠨ᠎ᠡ︔ ᠰᠣᠶᠣᠯ ᠤᠨ ᠵᠠᠬ᠎ᠠ ᠳᠡᠯᠭᠡᠭᠦᠷ ᠢ ᠴᠢᠩᠭ᠎ᠠ ᠴᠡᠭᠴᠡᠯᠡᠨ ᠳᠦᠷᠢᠮᠵᠢᠭᠦᠯᠦᠨ᠎ᠡ︔ ᠮᠣᠩᠭᠤᠯ ᠦᠨᠳᠦᠰᠦᠲᠡᠨ ᠤ ᠤᠷᠲᠤ ᠶᠢᠨ ᠳᠠᠭᠤᠤ ᠶᠢᠨ ᠰᠣᠶᠣᠯ ᠤᠨ ᠮᠦᠽᠸᠢ᠂ ᠷᠠᠳᠢᠣ᠋ ᠨᠡᠪᠲᠡᠷᠡᠭᠦᠯᠭᠡ ᠲᠧᠯᠸᠢᠰ ᠰᠣᠨᠢᠨ ᠮᠡᠳᠡᠭᠡᠨ ᠤ ᠲᠥᠪ ᠤᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠢᠵᠢᠭ ᠬᠡᠯᠪᠡᠷᠢ ᠶᠢᠨ ᠬᠥᠳᠡᠯᠭᠡᠭᠡᠨ ᠤ ᠲᠥᠪ ᠪᠣᠯᠣᠨ ᠤᠨᠴᠠᠯᠢᠭᠳᠤ ᠵᠢᠵᠢᠭ ᠬᠡᠯᠪᠡᠷᠢ ᠶᠢᠨ ᠵᠦᠴᠦᠭᠡ ᠶᠢᠨ ᠲᠢᠶᠠᠲᠷ ᠢ ᠡᠬᠢᠯᠡᠭᠦᠯᠦᠨ ᠪᠠᠶᠢᠭᠤᠯᠤᠨ᠎ᠠ᠃ᠭᠤᠷᠪᠠ ᠳᠤ  ︽ᠠᠮᠤᠷ ᠲᠦᠪᠰᠢᠨ ᠰᠢᠨ᠎ᠡ ᠪᠠᠷᠭᠤ ᠵᠡᠭᠦᠨ ᠬᠤᠰᠢᠭᠤ︾᠎ ᠶᠢ ᠪᠦᠲᠦᠭᠡᠨ ᠪᠠᠶᠢᠭᠤᠯᠬᠤ ᠶᠢ ᠴᠢᠩᠭᠠᠳᠬᠠᠨ᠎ᠠ᠃ ᠠᠮᠤᠷ ᠲᠦᠪᠰᠢᠨ ᠬᠥᠭᠵᠢᠯᠲᠡ ᠶᠢᠨ ᠦᠵᠡᠯᠲᠡ ᠶᠢ ᠪᠠᠲᠤ ᠪᠣᠯᠭᠠᠵᠤ᠂ ᠠᠷᠠᠳ ᠲᠦᠮᠡᠨ ᠤ ᠠᠮᠢ ᠨᠠᠰᠤ ᠠᠮᠤᠷ ᠲᠦᠪᠰᠢᠨ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠭᠤᠣᠯᠳᠠᠭ᠎ᠠ ᠲᠠᠢ ᠠᠵᠢᠯ ᠲᠥᠷᠥᠯ᠂ ᠭᠤᠥᠯᠳᠠᠯᠭ᠎ᠠ ᠲᠠᠢ ᠠᠵᠤ ᠠᠬᠤᠶᠢᠯᠠᠯ᠂ ᠭᠤᠣᠯᠳᠠᠭ᠎ᠠ ᠲᠠᠢ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠠᠮᠤᠷ ᠲᠦᠪᠰᠢᠨ ᠦᠢᠯᠡᠳᠪᠦᠷᠢᠯᠡᠯ ᠢ ᠪᠠᠲᠤᠯᠠᠨ᠎ᠠ᠃ ᠨᠡᠶᠢᠭᠡᠮ ᠤᠨ ᠠᠮᠤᠷᠯᠢᠩᠭᠤᠢ ᠶᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠡᠯ᠎ᠡ ᠲᠥᠷᠥᠯ ᠤᠨ ᠬᠠᠤᠯᠢ ᠶᠢ ᠵᠥᠷᠢᠴᠡᠨ ᠶᠠᠯ᠎ᠠ ᠬᠢᠭᠰᠡᠨ ᠠᠵᠢᠯᠯᠠᠭ᠎ᠠ ᠶᠢ ᠰᠡᠷᠭᠡᠶᠢᠯᠡᠨ ᠬᠦᠴᠤᠳᠠᠢ ᠴᠣᠬᠢᠯᠲᠠ ᠥᠭᠴᠦ᠂ ᠨᠡᠶᠢᠭᠡᠮ ᠤᠨ ᠪᠤᠯᠪᠠᠰᠤᠨ ᠬᠡᠪ ᠰᠤᠷᠲᠠᠯ ᠢ ᠪᠤᠢ ᠪᠤᠯᠭᠠᠨ᠎ᠡ᠃ ᠨᠡᠶᠢᠭᠡᠮ ᠤᠨ ᠲᠣᠭᠲᠠᠭᠤᠨ ᠪᠡ ᠠᠶᠤᠯ ᠲᠦᠭᠰᠢᠭᠦᠷᠢ ᠶᠢ ᠦᠨᠡᠯᠡᠨ ᠵᠢᠱᠢᠬᠦ ᠲᠣᠭᠲᠠᠴᠠ᠂ ᠬᠠᠤᠯᠢ ᠵᠠᠷᠭᠤ ᠳᠤ ᠬᠤᠯᠪᠣᠭᠳᠠᠬᠤ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠶᠢ ᠲᠠᠰᠤᠯᠤᠨ ᠰᠢᠢᠳᠪᠦᠷᠢᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠡᠶᠢᠭᠡᠮ ᠎ ᠤᠨ ᠵᠥᠪ ᠲᠠᠯ᠎ᠠ ᠶᠢᠨ ᠶᠠᠷᠢᠶ᠎ᠠ ᠬᠡᠯᠡᠯᠴᠡᠭᠡ ᠶᠢ ᠵᠢᠭᠠᠨ ᠵᠢᠯᠣᠭᠤᠳᠴᠤ᠂ ᠨᠡᠶᠢᠭᠡᠮ ᠤᠨ ᠵᠥᠷᠢᠴᠡᠯ ᠢ ᠰᠡᠷᠭᠡᠶᠢᠯᠡᠬᠦ ᠪᠠ ᠡᠶᠡᠳᠡᠭᠦᠯᠦᠨ ᠰᠢᠢᠳᠪᠦᠷᠢᠯᠡᠨ᠎ᠡ᠃ ᠬᠥᠯᠥᠰᠦᠨ ᠠᠵᠢᠯᠴᠢᠨ ᠤ ᠴᠠᠯᠢᠩ ᠤᠨ ᠪᠠᠲᠤᠯᠠᠪᠤᠷᠢ ᠶᠢᠨ ᠮᠥᠩᠭᠦ ᠶᠢᠨ ᠳᠦᠷᠢᠮ ᠎ ᠢ ᠴᠢᠩᠭ᠎ᠠ ᠬᠡᠷᠡᠭᠵᠢᠭᠦᠯᠵᠦ᠂ ᠵᠣᠷᠢᠭᠤᠳᠠ ᠴᠠᠯᠢᠩ ᠢ ᠨᠢ ᠳᠠᠷᠤᠵᠤ ᠦᠷᠢᠳᠤᠬᠦ ᠬᠠᠤᠯᠢ ᠶᠢ ᠵᠥᠷᠢᠴᠡᠭᠰᠡᠨ ᠠᠵᠢᠯᠯᠠᠭ᠎ᠠ ᠎ ᠳᠤ ᠴᠢᠩᠭ᠎ᠠ ᠴᠣᠬᠢᠯᠲᠠ ᠥᠭᠭᠦᠨ᠎ᠡ᠃ ᠢᠳᠡᠭᠡᠨ ᠪᠠ ᠡᠮ ᠤᠨ ᠵᠦᠢᠯᠡᠰ ᠤᠨ ᠬᠢᠨᠠᠨ ᠬᠠᠮᠢᠶᠠᠷᠤᠯᠲᠠ ᠶᠢᠨ ᠡᠭᠦᠷᠭᠡ ᠎ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠠᠷᠠᠳ ᠤᠯᠠᠨ ᠤ ᠢᠳᠡᠭᠡᠨ ᠤᠮᠳᠠᠭᠠᠨ ᠪᠠ ᠡᠮ ᠎ ᠤᠨ ᠬᠡᠷᠡᠭᠯᠡᠭᠡᠨ ᠤ ᠠᠮᠤᠷ ᠲᠦᠪᠰᠢᠨ ᠢ ᠪᠠᠲᠤᠯᠠᠨ᠎ᠠ᠃ ᠡᠯ᠎ᠡ ᠲᠥᠷᠥᠯ ᠤᠨ ᠪᠠᠴᠢᠮ ᠪᠠᠶᠢᠳᠠᠯ ᠢ ᠤᠷᠢᠳᠴᠢᠯᠡᠨ ᠠᠷᠭᠠᠴᠠᠭᠠᠬᠤ ᠲᠥᠰᠥᠯ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ ᠵᠡᠷᠭᠡ ᠤᠯᠡᠨ ᠲᠦᠮᠡᠨᠴᠢ ᠵᠤᠬᠢᠶᠡᠨ ᠪᠠᠶᠢᠭᠤᠯᠤᠯᠳᠡ ᠶᠢᠨ ᠠᠵᠢᠯ ᠢ ᠢᠳᠡᠪᠬᠢᠲᠡᠢ ᠳᠡᠮᠵᠢᠨ᠎ᠡ᠃ ᠨᠠᠮ ᠤᠨ ᠦᠨᠳᠦᠰᠦᠲᠡᠨ ᠱᠠᠰᠢᠨ ᠰᠤᠷᠲᠠᠬᠤᠨ ᠤ ᠠᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠥᠵᠢᠯ᠂ ᠤᠯᠤᠰ ᠤᠨ ᠰᠡᠷᠭᠡᠶᠢᠯᠡᠨ ᠬᠠᠮᠠᠭᠠᠯᠠᠯᠲᠠ ᠎ ᠶᠢᠨ ᠬᠦᠴᠦᠨ ᠪᠣᠯᠣᠨ ᠴᠡᠷᠢᠭ ᠴᠠᠭᠳᠠᠭ᠎ᠠ ᠠᠷᠠᠳ ᠤᠨ ᠬᠢᠯᠢ ᠶᠢᠨ ᠬᠠᠮᠠᠭᠠᠯᠠᠯᠲᠠ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠦᠨᠳᠦᠰᠦᠲᠡᠨ ᠪᠦᠯᠬᠦᠮᠳᠡᠭᠰᠡᠨ᠂ ᠬᠢᠵᠠᠭᠠᠷ ᠤᠷᠤᠨ ᠤ ᠲᠣᠭᠲᠠᠭᠤᠨ ᠰᠠᠶᠢᠨ ᠪᠠᠶᠢᠳᠠᠯ ᠢ ᠪᠠᠬᠢᠵᠢᠭᠦᠯᠦᠨ᠎ᠡ᠃ᠭᠤᠷᠪᠠ  ᠠᠷᠠᠳ ᠲᠦᠮᠡᠨ ᠬᠠᠨᠤᠮᠵᠢᠲᠠᠢ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ ᠨᠠᠮ ᠤᠨ ᠣᠯᠠᠨ ᠲᠦᠮᠡᠨᠴᠢ ᠱᠤᠭᠤᠮ ᠤᠨ ᠬᠥᠮᠥᠵᠢᠯ ᠦᠢᠯᠡᠳᠦᠯᠭᠡ ᠶᠢᠨ ᠠᠵᠢᠯᠯᠠᠭ᠎ᠠ ᠪᠠᠷ ᠲᠣᠬᠢᠶᠠᠯ ᠪᠣᠯᠭᠠᠨ᠂ ᠠᠷᠠᠳ ᠲᠦᠮᠡᠨ ᠳᠤ ᠤᠶᠢᠯᠡᠴᠢᠯᠡᠨ᠂ ᠪᠣᠳᠠᠲᠠᠢ ᠶᠢ ᠡᠷᠬᠢᠮᠯᠡᠬᠦ᠂ ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠠᠷᠠᠳ ᠲᠦᠮᠡᠨ ᠤ ᠲᠥᠯᠥᠭᠡ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠬᠤ ᠶᠢ ᠪᠠᠷᠢᠮᠲᠠᠯᠠᠨ᠎ᠠ᠃ ᠠᠷᠠᠳ ᠲᠦᠮᠡᠨ ᠎ ᠳᠤ ᠦᠨᠡᠨᠴᠢ ᠰᠢᠳᠤᠷᠭᠤ ᠪᠠᠶᠢᠵᠦ᠂ ᠠᠷᠠᠳ ᠲᠦᠮᠡᠨ ᠢ ᠬᠦᠨᠳᠤᠳᠭᠡᠨ᠂ ᠣᠯᠠᠨ ᠲᠦᠮᠡᠨ ᠤ ᠠᠵᠢᠯ ᠢ ᠯᠠᠪᠳᠠᠭᠤᠨ ᠪᠠᠲᠤᠲᠠᠢ ᠬᠢᠵᠦ᠂ ᠬᠦᠴᠢᠷ ᠪᠡᠷᠬᠡᠰᠢᠶᠡᠯ ᠪᠡ ᠵᠥᠷᠢᠴᠡᠯ ᠣᠯᠠᠨ᠂ ᠣᠯᠠᠨ ᠲᠦᠮᠡᠨ ᠤ ᠰᠠᠨᠠᠯ ᠶᠡᠬᠡᠲᠡᠢ ᠭᠠᠵᠠᠷ ᠲᠤ ᠢᠳᠡᠪᠬᠢᠲᠡᠢ ᠭᠦᠨᠵᠡᠭᠡᠶᠢᠷᠡᠵᠦ᠂ ᠠᠷᠠᠳ ᠲᠦᠮᠡᠨ ᠤ ᠠᠰᠢᠭ ᠲᠤᠰᠠ ᠳᠤ ᠬᠤᠯᠪᠣᠭᠳᠠᠬᠤ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ ᠣᠪᠣᠷ ᠰᠤᠷᠲᠠᠯ ᠢᠶᠠᠨ ᠲᠦᠪ ᠪᠤᠯᠭᠠᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ᠂ ᠠᠷᠠᠳ ᠣᠯᠠᠨ ᠤ ᠲᠤᠰᠬᠠᠯ ᠶᠡᠬᠡᠲᠡᠢ ᠨᠠᠵᠠᠭᠠᠢ ᠣᠪᠣᠷ ᠰᠤᠷᠲᠠᠯ᠂ ᠨᠠᠶᠢᠳᠠᠪᠤᠷᠢᠵᠢᠭᠤᠯᠤᠯᠲᠠ ᠪᠠᠷ ᠠᠨᠠᠢ᠂ ᠤᠴᠢᠷ ᠶᠠᠪᠤᠳᠡᠯ ᠰᠢᠢᠳᠪᠤᠷᠢᠯᠡᠬᠦ ᠳᠤ ᠵᠠᠯᠬᠠᠭᠤ ᠬᠤᠶᠢᠷᠭᠤ᠂ ᠬᠠᠷᠢᠯᠴᠡᠨ ᠲᠦᠯᠬᠢᠯᠴᠡᠬᠦ᠂ ᠬᠠᠤᠯᠢ ᠬᠡᠷᠡᠭᠵᠢᠬᠦᠯᠬᠦ ᠳᠤ ᠴᠢᠩᠭ᠎ᠠ ᠪᠢᠰᠢ᠂ ᠬᠡᠷᠡᠭ ᠶᠠᠪᠤᠳᠠᠯ ᠢ ᠭᠤᠣᠯᠴᠢ ᠪᠤᠰᠤ ᠪᠠᠷ ᠰᠢᠢᠳᠪᠦᠷᠢᠯᠡᠬᠦ᠂ ᠭᠠᠴᠢᠵᠦ ᠵᠤᠪᠠᠭᠠᠬᠤ᠂ ᠠᠷᠡᠳ ᠤᠯᠡᠨ ᠤ ᠡᠷᠬᠡ ᠠᠰᠢᠭ ᠎ ᠲᠤ ᠬᠠᠯᠳᠠᠬᠤ ᠵᠡᠷᠭᠡ ᠠᠰᠠᠭᠤᠳᠠᠯ ᠢ ᠬᠦᠴᠦ ᠲᠠᠯᠪᠢᠨ ᠰᠢᠢᠳᠪᠦᠷᠢᠯᠡᠨ᠎ᠡ᠃ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠭ᠎ᠠ ᠪᠠᠷᠢᠮᠳᠡᠯᠡᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠵᠠᠰᠠᠭ ᠵᠠᠬᠢᠷᠭᠠᠨ ᠤ ᠲᠤᠰᠢᠶᠠᠯ ᠤᠨ ᠡᠷᠬᠡ ᠶᠢ ᠢᠯᠡ ᠪᠣᠯᠭᠠᠬᠤ ᠶᠢ ᠲᠦᠯᠬᠢᠨ ᠠᠬᠢᠭᠤᠯᠵᠤ᠂ ᠳᠦᠷᠢᠮ ᠲᠣᠭᠲᠠᠭᠠᠯ ᠢᠶᠠᠷ ᠬᠥᠮᠥᠨ ᠢ ᠬᠠᠮᠢᠶᠡᠷᠴᠤ᠂ ᠳᠦᠷᠢᠮ ᠲᠣᠭᠲᠠᠭᠠᠯ ᠎ ᠢᠶᠠᠷ ᠡᠷᠬᠡ ᠶᠢ ᠬᠠᠮᠢᠶᠡᠷᠴᠤ᠂ ᠲᠣᠭᠲᠠᠭᠠᠯ ᠶᠤᠰᠤᠭᠠᠷ ᠠᠵᠢᠯ ᠶᠠᠪᠤᠳᠡᠯ ᠢ ᠬᠦᠢᠴᠡᠳᠭᠡᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠪᠠᠷ ᠬᠢᠨᠠᠯᠲᠠ ᠲᠠᠯᠪᠢᠬᠤ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠡᠯ᠎ᠡ ᠲᠠᠯ᠎ᠠ ᠶᠢᠨ ᠰᠠᠨᠠᠯ ᠢ ᠨᠠᠷᠢᠨ ᠬᠢᠨᠠᠮᠠᠭᠠᠢ ᠪᠠᠷ ᠰᠣᠨᠣᠰᠴᠤ᠂ ᠵᠠᠰᠠᠭ ᠤᠨ ᠣᠷᠳᠣᠨ ᠤ ᠠᠵᠢᠯ ᠢ ᠲᠠᠰᠤᠷᠠᠯᠲᠠ ᠦᠭᠡᠢ ᠰᠠᠶᠢᠵᠢᠷᠠᠭᠤᠯᠤᠨ᠎ᠠ᠃ᠪᠣᠳᠠᠲᠠᠢ ᠶᠢ ᠡᠷᠬᠢᠮᠯᠡᠵᠦ ᠥᠨᠳᠥᠷ ᠪᠦᠲᠦᠮᠵᠢ ᠣᠯᠬᠤ ᠶᠢ ᠪᠠᠷᠢᠮᠲᠠᠯᠠᠨ᠎ᠠ᠃ ᠠᠵᠢᠯ ᠤᠨ ᠣᠪᠣᠷ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠵᠦ᠂ ᠪᠣᠳᠠᠲᠠᠢ ᠶᠢ ᠡᠷᠬᠢᠮᠯᠡᠨ᠎ᠡ᠃᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠦᠨᠡᠨᠬᠦ ᠴᠢᠩᠭ᠎ᠠ ᠨᠠᠶᠢᠳᠡᠪᠤᠷᠢᠵᠢᠭᠤᠯᠵᠦ ᠬᠦᠢᠴᠡᠳᠭᠡᠨ᠂ ᠠᠳᠠᠭᠠᠷᠨᠨ ᠨᠠᠵᠠᠭᠠᠶᠢᠷᠠᠬᠤ ᠦᠭᠡᠢ᠂ ᠠᠵᠢᠯ ᠠᠴᠠ ᠵᠠᠶᠢᠯᠠᠬᠤ ᠦᠭᠡᠢ ᠂ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠵᠦ᠂ ᠬᠡᠯᠡᠪᠡᠯ ᠬᠦᠢᠴᠡᠳᠭᠡᠵᠦ᠂ ᠲᠣᠭᠲᠠᠭᠠᠪᠠᠯ ᠨᠠᠶᠢᠳᠡᠪᠤᠷᠢᠵᠢᠭᠤᠯᠤᠨ᠎ᠡ᠃ᠲᠥᠪ ᠭᠤᠣᠯᠴᠢ ᠠᠷᠢᠭᠤᠨ ᠴᠢᠬᠡᠴᠢ ᠶᠢ ᠪᠠᠷᠢᠮᠲᠠᠯᠠᠨ᠎ᠠ᠃ ᠲᠥᠪ ᠤᠨ ︽ᠨᠠᠢᠮᠠᠨ ᠵᠦᠢᠯ ᠤᠨ ᠲᠣᠭᠲᠠᠭᠠᠯ︾ ᠪᠣᠯᠣᠨ ᠨᠠᠮ ᠤᠨ ᠴᠢᠬᠡᠴᠢ ᠰᠤᠷᠳᠡᠯ ᠤᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠯᠵᠠᠷᠠᠯ ᠎ ᠢ ᠵᠠᠯᠬᠠᠭᠠᠨ ᠰᠡᠷᠭᠡᠶᠢᠯᠡᠬᠦ ᠰᠢᠰᠲ᠋ᠧᠮ᠂ ᠴᠢᠬᠡᠴᠢ ᠵᠠᠰᠠᠭ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠲᠣᠭᠲᠠᠴᠠ ᠶᠢᠨ ᠪᠦᠲᠦᠭᠡᠨ ᠪᠠᠶᠢᠭᠤᠯᠤᠯᠲᠠ ᠶᠢ  ᠲᠦᠯᠬᠢᠨ ᠠᠬᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠦᠵᠡᠯ᠂ ᠵᠢᠷᠭᠠᠨ ᠴᠡᠩᠭᠡᠬᠦ ᠦᠵᠡᠯ ᠪᠣᠯᠣᠨ ᠪᠦᠷᠢᠯᠭᠡᠨ ᠰᠦᠢᠳᠬᠡᠬᠦ ᠨᠠᠵᠠᠭᠠᠢ ᠰᠤᠷᠲᠠᠯ ᠢ ᠶᠡᠬᠡᠪᠡᠷ ᠴᠡᠭᠴᠡᠯᠡᠨ ᠰᠠᠶᠢᠵᠢᠷᠠᠭᠤᠯᠤᠨ᠎ᠡ᠃ ᠲᠦᠷᠤ ᠶᠢᠨ ᠶᠠᠪᠤᠳᠠᠯ ᠤᠨ ᠬᠤᠷᠢᠶᠡᠨ ᠤ ︽ᠵᠢᠷᠤᠮᠯᠠᠬᠤ ᠶᠤᠰᠤᠳᠠᠢ ᠭᠤᠷᠪᠡᠨ ᠬᠠᠤᠯᠢ︾᠎ ᠶᠢ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠡᠩ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠲᠥᠷᠥᠯ ᠵᠦᠢᠯ ᠤᠨ ᠢᠨᠵᠧᠨᠧᠷᠢᠩ ᠎ ᠤᠨ ᠠᠵᠢᠯ ᠢ ᠵᠠᠷᠯᠠᠨ ᠳᠠᠭᠠᠭᠠᠯᠭᠠᠬᠤ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠡᠬᠢ ᠪᠠᠶᠠᠯᠢᠭ ᠢ ᠲᠣᠬᠢᠷᠠᠭᠤᠯᠬᠤ ᠵᠡᠷᠭᠡ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠎ᠠ᠃ᠲᠥᠯᠥᠭᠡᠯᠡᠭᠴᠢᠳ ᠡ᠂ ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠨᠢᠭᠡᠨᠲᠡ ᠲᠣᠭᠲᠠᠪᠠ᠂ ᠪᠢᠳᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠰᠢᠭᠤᠨ ᠤ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠶᠢᠨ ᠳᠣᠣᠷ᠎ᠠ᠂ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ ᠢ ᠪᠦᠯᠬᠦᠮᠳᠡᠭᠦᠯᠦᠨ ᠳᠠᠶᠢᠴᠢᠯᠠᠵᠤ᠂ ᠦᠨᠡᠨ ᠪᠣᠳᠠᠲᠠᠢ ᠠᠵᠢᠯᠯᠠᠵᠤ᠂ ᠬᠦᠴᠢᠷ   ᠪᠡᠷᠭᠡᠰᠢᠶᠡᠯ ᠢ ᠢᠯᠡᠨ ᠲᠠᠪᠠᠵᠦ᠂ ︽ᠦᠵᠡᠰᠬᠦᠯᠡᠩ ᠰᠠᠶᠢᠬᠠᠨ᠂ ᠪᠠᠶᠠᠨ ᠬᠦᠴᠦᠷᠬᠡᠭ᠂ ᠪᠣᠯᠪᠠᠰᠤᠨ᠂ ᠵᠣᠯ ᠵᠢᠷᠭᠠᠯᠲᠤ ᠰᠢᠨ᠎ᠡ ᠪᠠᠷᠭᠤ ᠵᠡᠭᠦᠨ ᠬᠤᠰᠢᠭᠤ︾᠎ ᠶᠢ ᠪᠦᠲᠦᠭᠡᠨ ᠪᠠᠶᠢᠭᠤᠯᠬᠤ ᠪᠠᠷ ᠴᠢᠷᠮᠠᠶᠢᠨ ᠲᠡᠮᠡᠴᠡᠵᠡᠭᠡᠶ᠎ᠡ᠃
 
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号