ᠲᠠᠯ᠎ᠠ ᠨᠤᠲᠤᠭ ᠤᠨ ᠡᠮ ᠳᠤ ᠬᠡᠷᠡᠭᠯᠡᠬᠦ ᠬᠡᠭᠡᠷ᠎ᠡ ᠵᠢᠨ‌ᠤᠷᠭᠤᠮᠠᠯ ᠢ ᠬᠠᠤᠯᠢ ᠪᠤᠰᠤ ᠪᠠᠷ ᠮᠠᠯᠲᠠᠬᠤ ᠪᠠ ᠬᠤᠳᠠᠯᠳᠤᠨ ᠠᠪᠴᠤ ᠲᠡᠭᠡᠭᠡᠪᠦᠷᠢᠯᠡᠬᠦ ᠳᠤ ᠡᠷᠡᠰ ᠴᠣᠬᠢᠯᠲᠠ ᠥᠭᠬᠦ ᠳᠤ ᠬᠠᠮᠲᠤᠷᠠᠨ ᠬᠠᠤᠯᠢ ᠬᠡᠷᠡᠭᠵᠢᠭᠦᠯᠬᠦ ᠶᠢ ᠥᠷᠨᠢᠭᠦᠯᠬᠦ ᠲᠤᠬᠠᠢ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ
ᠨᠡᠶᠢᠲᠡᠯᠡᠭᠰᠡᠨ ᠴᠠᠭ᠄
2017-07-25
ᠰᠢᠨ᠎ᠡ  ᠪᠠᠷᠭᠤ  ᠵᠡᠭᠦᠨ ᠬᠤᠰᠢᠭᠤᠨ ᠤ ᠠᠷᠠᠳ ᠤᠨ  ᠵᠠᠰᠠᠭ  ᠎ ᠤᠨ  ᠣᠷᠳᠣᠨ  ᠎ ᠤ  ᠠᠯᠪᠠᠨ  ᠭᠡᠷ                                                                                                                             ᠰᠢᠨ᠎ᠡ ᠵᠡᠭᠦᠨ ᠵᠠᠰᠠᠭ ᠠᠯᠪᠠᠨ  ᠦᠰᠦᠭ ﹇2014﹈47 ᠳ᠋ᠤᠭᠠᠷ ᠲᠣᠭᠠᠲᠤ    ᠲᠠᠯ᠎ᠠ ᠨᠤᠲᠤᠭ ᠤᠨ ᠡᠮ ᠳᠤ ᠬᠡᠷᠡᠭᠯᠡᠬᠦ ᠬᠡᠭᠡᠷ᠎ᠡ ᠵᠢᠨ‌ᠤᠷᠭᠤᠮᠠᠯ ᠢ ᠬᠠᠤᠯᠢ ᠪᠤᠰᠤ ᠪᠠᠷ ᠮᠠᠯᠲᠠᠬᠤ ᠪᠠ ᠬᠤᠳᠠᠯᠳᠤᠨ ᠠᠪᠴᠤ ᠲᠡᠭᠡᠭᠡᠪᠦᠷᠢᠯᠡᠬᠦ ᠳᠤ ᠡᠷᠡᠰ ᠴᠣᠬᠢᠯᠲᠠ ᠥᠭᠬᠦ ᠳᠤ ᠬᠠᠮᠲᠤᠷᠠᠨ ᠬᠠᠤᠯᠢ ᠬᠡᠷᠡᠭᠵᠢᠭᠦᠯᠬᠦ ᠶᠢ ᠥᠷᠨᠢᠭᠦᠯᠬᠦ ᠲᠤᠬᠠᠢ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯᠡᠯ᠎ᠡ ᠰᠤᠮᠤ ᠪᠠᠯᠭᠠᠰᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠄ᠣᠶᠢᠷ᠎ᠠ ᠶᠢᠨ ᠵᠢᠯ᠂ ᠮᠠᠨ ᠤ ᠬᠤᠰᠢᠭᠤᠨ ᠤ ᠲᠠᠯ᠎ᠠ ᠨᠤᠲᠤᠭ ᠤᠨ ᠠᠮᠢ ᠠᠬᠤᠢ ᠶᠢᠨ ᠣᠷᠴᠢᠨ ᠲᠣᠭᠤᠷᠢᠨ ᠵᠣᠬᠢᠬᠤ ᠬᠡᠮᠵᠢᠶ᠎ᠡ ᠪᠠᠷ ᠰᠠᠶᠢᠵᠢᠷᠠᠵᠤ᠂ ᠤᠷᠭᠤᠮᠠᠯ ᠤᠨ ᠨᠢᠭᠲᠠᠴᠠ᠂ ᠲᠥᠷᠥᠯ ᠵᠦᠢᠯ ᠪᠦᠷ ᠵᠣᠬᠢᠬᠤ ᠬᠡᠮᠵᠢᠶ᠎ᠡ ᠪᠠᠷ ᠳᠡᠭᠡᠭᠰᠢᠯᠡᠵᠦ᠂ ᠣᠨᠴᠠᠭᠠᠶᠢᠯᠠᠨ ᠱᠦᠭᠦᠷᠭᠡᠨ᠎ᠡ᠂ ᠪᠣᠷᠴᠠ ᠡᠪᠡᠰᠦ ᠵᠡᠷᠭᠡ ᠡᠮ ᠳᠤ ᠬᠡᠷᠡᠭᠯᠡᠳᠡᠭ ᠤᠷᠭᠤᠮᠠᠯ ᠮᠠᠨ ᠤ ᠬᠤᠰᠢᠭᠤᠨ ᠳᠤ ᠲᠠᠷᠬᠠᠯᠲᠠ ᠨᠢ ᠥᠷᠭᠡᠨ᠂ ᠡᠳᠡᠭᠡᠷ ᠡᠮ ᠳᠤ ᠬᠡᠷᠡᠭᠯᠡᠳᠡᠭ ᠬᠡᠭᠡᠷ᠎ᠡ ᠶᠢᠨ ᠤᠷᠭᠤᠮᠠᠯ ᠢ ᠬᠠᠤᠯᠢ ᠪᠤᠰᠤ ᠎ ᠪᠠᠷ ᠮᠠᠯᠲᠠᠬᠤ ᠪᠠ ᠬᠤᠳᠠᠯᠳᠤᠨ ᠠᠪᠴᠤ ᠲᠡᠭᠡᠭᠡᠪᠦᠷᠢᠯᠡᠬᠦ ᠦᠢᠯᠡ ᠠᠵᠢᠯᠯᠠᠭ᠎ᠠ ᠶᠢ ᠣᠯᠠᠨᠲᠠ ᠬᠤᠷᠢᠭᠯᠠᠭᠰᠠᠨ ᠴᠤ ᠵᠣᠭᠰᠣᠭᠠᠵᠤ ᠴᠢᠳᠠᠭᠰᠠᠨ ᠦᠭᠡᠢ ᠮᠥᠷᠲᠡᠭᠡᠨ ᠶᠠᠪᠤᠬᠤ ᠳᠣᠳᠥᠮ ᠬᠡᠴᠡᠭᠦᠳᠡᠵᠦ ᠪᠠᠶᠢᠨ᠎ᠠ᠃ ᠲᠠᠯ᠎ᠠ ᠨᠤᠲᠤᠭ ᠤᠨ ᠬᠡᠭᠡᠷ᠎ᠡ ᠶᠢᠨ ᠤᠷᠭᠤᠮᠠᠯ ᠤᠨ ᠡᠬᠢ ᠪᠠᠶᠠᠯᠢᠭ ᠢ ᠵᠣᠬᠢᠰ ᠲᠠᠢ ᠬᠠᠮᠠᠭᠠᠯᠠᠬᠤ᠂ ᠮᠠᠨ ᠤ ᠬᠤᠰᠢᠭᠤᠨ ᠤ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠡᠮᠬᠢ ᠵᠢᠷᠤᠮ ᠢ ᠬᠠᠮᠠᠭᠠᠯᠠᠬᠤ᠂ ᠮᠠᠯᠴᠢᠳ ᠤᠨ ᠬᠤᠪᠢ ᠪᠡᠶ᠎ᠡ ᠶᠢᠨ ᠠᠰᠢᠭ ᠲᠤᠰᠠ ᠶᠢ ᠪᠠᠲᠤᠯᠠᠬᠤ ᠤᠨ ᠲᠥᠯᠥᠭᠡ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠬᠤᠰᠢᠭᠤᠨ ᠤ ᠲᠠᠯ᠎ᠠ ᠨᠤᠲᠤᠭ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ᠂ ᠣᠢ ᠰᠢᠭᠤᠢ ᠶᠢᠨ ᠠᠮᠤᠷ ᠢ ᠬᠠᠮᠠᠭᠠᠯᠠᠬᠤ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠣᠢ ᠰᠢᠭᠤᠢ ᠶᠢᠨ ᠲᠣᠪᠴᠢᠶ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠰᠣᠶᠣᠯ ᠲᠠᠮᠢᠷ ᠷᠠᠳᠢᠣ᠋ ᠨᠡᠪᠲᠡᠷᠡᠭᠦᠯᠭᠡ ᠲᠧᠯᠸᠢᠰ ᠲᠣᠪᠴᠢᠶ᠎ᠠ᠂ ᠢᠳᠡᠭᠡᠨ ᠪᠠ ᠡᠮ ᠤᠨ ᠵᠦᠢᠯᠡᠰ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠂ ᠦᠢᠯᠡᠳᠪᠦᠷᠢ ᠬᠤᠳᠠᠯᠳᠤᠭᠠᠨ ᠤ ᠲᠣᠪᠴᠢᠶ᠎ᠠ᠂ ᠰᠢᠤᠳᠠᠨ ᠬᠤᠯᠪᠣᠭᠠᠨ ᠤ ᠲᠣᠪᠴᠢᠶ᠎ᠠ ᠵᠢᠴᠢ ᠬᠢᠯᠢ ᠶᠢᠨ ᠬᠠᠮᠠᠭᠠᠯᠠᠯᠲᠠ ᠶᠢᠨ ᠶᠡᠭᠡ ᠠᠩᠭᠢ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠬᠠᠤᠯᠢ ᠬᠡᠷᠡᠭᠵᠢᠭᠦᠯᠬᠦ ᠠᠵᠢᠯ ᠤᠨ ᠳᠤᠭᠤᠶᠢᠯᠠᠩ ᠪᠠᠶᠢᠭᠤᠯᠵᠤ᠂ ᠬᠦᠴᠦᠨ ᠢᠶᠠᠨ ᠨᠢᠭᠡᠳᠬᠡᠨ ᠲᠠᠯ᠎ᠠ ᠨᠤᠲᠤᠭ ᠤᠨ ᠡᠮ ᠳᠤ ᠬᠡᠷᠡᠭᠯᠡᠬᠦ ᠤᠷᠭᠤᠮᠠᠯ ᠢ ᠬᠠᠤᠯᠢ ᠪᠤᠰᠤ ᠪᠠᠷ ᠮᠠᠯᠲᠠᠬᠤ ᠪᠠ ᠬᠤᠳᠠᠯᠳᠤᠨ ᠠᠪᠴᠤ ᠲᠡᠭᠡᠭᠡᠪᠦᠷᠢᠯᠡᠬᠦ ᠳᠤ ᠴᠣᠬᠢᠯᠲᠠ ᠥᠭᠬᠦ ᠲᠤᠰᠬᠠᠢ ᠴᠡᠭᠴᠡᠯᠡᠯᠲᠡ ᠶᠢᠨ ᠠᠵᠢᠯ ᠢ ᠥᠷᠨᠢᠭᠦᠯᠬᠦ ᠶᠢ ᠰᠤᠳᠤᠯᠤᠨ ᠲᠣᠭᠲᠠᠭᠠᠪᠠ᠃ ᠡᠭᠦᠨ ᠤ ᠬᠠᠮᠲᠤ᠂ ᠡᠯ᠎ᠡ ᠰᠤᠮᠤ ᠪᠠᠯᠭᠠᠰᠤ ᠢᠳᠡᠪᠬᠢᠲᠡᠢ ᠬᠠᠮᠵᠢᠯᠴᠠᠵᠤ᠂ ᠮᠠᠯᠴᠢᠳ ᠢ ᠳᠠᠶᠢᠴᠢᠯᠠᠨ ᠬᠠᠮᠠᠭᠠᠯᠠᠨ ᠰᠠᠬᠢᠬᠤ ᠪᠠᠭ᠎ᠠ ᠳᠤᠭᠤᠶᠢᠯᠠᠩ ᠢ ᠪᠠᠶᠢᠭᠤᠯᠵᠤ᠂ ᠠᠵᠢᠯ ᠤᠨ ᠳᠤᠭᠤᠶᠢᠯᠠᠩ ᠳᠤ ᠴᠠᠭ ᠲᠤᠬᠠᠢ ᠳᠤᠨᠢ ᠰᠤᠷᠠᠭ ᠴᠢᠮᠡᠭᠡ ᠬᠠᠩᠭᠠᠵᠤ᠂  ᠠᠩᠬᠠᠨ ᠤ ᠬᠠᠮᠠᠭᠠᠯᠠᠨ ᠰᠡᠷᠭᠡᠶᠢᠯᠡᠬᠦ ᠱᠤᠭᠤᠮ ᠢ ᠪᠠᠶᠢᠭᠤᠯᠤᠨ᠎ᠠ᠃ ᠪᠢᠴᠢᠭ ᠮᠠᠲ᠋ᠧᠷᠢᠶᠠᠯ ᠢ ᠪᠠᠭᠤᠯᠭᠠᠭᠰᠠᠨ ᠡᠳᠦᠷ ᠠᠴᠠ ᠡᠬᠢᠯᠡᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠬᠠᠷᠢᠯᠴᠠᠨ ᠵᠣᠬᠢᠴᠠᠯᠳᠤᠵᠤ᠂ ᠨᠢᠭᠲᠠ ᠬᠠᠮᠵᠢᠯᠴᠠᠨ᠂ ᠲᠦᠷᠭᠡᠨ ᠬᠥᠳᠡᠯᠦᠯᠴᠡᠵᠦ᠂ ᠭᠤᠣᠯ ᠬᠤᠭᠤᠴᠠᠭ᠎ᠠ᠂ ᠭᠤᠣᠯ ᠣᠷᠣᠨ᠂ ᠭᠤᠣᠯ ᠠᠵᠢᠯᠲᠠᠨ ᠤ ᠪᠠᠶᠢᠷᠢᠯᠠᠭᠤᠯᠤᠯᠲᠠ ᠶᠢ ᠴᠢᠩᠭᠠᠳᠬᠠᠵᠤ᠂ ᠲᠣᠰ ᠤᠳᠠᠭᠠᠨ ᠤ ᠬᠠᠮᠲᠤᠷᠠᠨ ᠬᠠᠤᠯᠢ ᠬᠡᠷᠡᠭᠵᠢᠭᠦᠯᠬᠦ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠡᠮ ᠳᠤ ᠬᠡᠷᠡᠭᠯᠡᠬᠦ ᠬᠡᠭᠡᠷ᠎ᠡ ᠶᠢᠨ ᠤᠷᠭᠤᠮᠠᠯ ᠢ ᠬᠠᠤᠯᠢ ᠪᠤᠰᠤ ᠪᠠᠷ ᠮᠠᠯᠲᠠᠬᠤ ᠪᠠ ᠬᠤᠳᠠᠯᠳᠤᠨ ᠠᠪᠴᠤ  ᠵᠥᠭᠡᠭᠡᠪᠦᠷᠢᠯᠡᠬᠦ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠎ ᠳᠤ ᠬᠦᠨᠳᠦ ᠴᠣᠬᠢᠯᠲᠠ ᠥᠭᠭᠦᠨ᠎ᠡ᠃                                                                                         ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                                          2014 ᠣᠨ ᠎ ᠤ5 ᠰᠠᠷ᠎ᠠ ᠶᠢᠨ5᠎ ᠤ ᠡᠳᠦᠷ                                                                                                                                                                                                                  ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                               2014 ᠣᠨ ᠤ5 ᠰᠠᠷ᠎ᠠ ᠶᠢᠨ5᠎ ᠤ ᠡᠳᠦᠷ  ᠳᠠᠷᠤᠮᠠᠯᠯᠠᠨ ᠲᠠᠷᠬᠠᠭᠠᠪᠠ                  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号