ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠪᠢᠴᠢᠭ ᠮᠠᠲ᠋ᠧᠷᠢᠶᠠᠯ | ᠰᠢᠨ᠎ᠡ ᠵᠡᠭᠦᠨ ᠵᠠᠰᠠᠭ ᠠᠯᠪᠠᠨ ᠦᠰᠦᠭ〔2015〕88 ᠳ᠋ᠤᠭᠠᠷ ᠲᠣᠭᠠᠲᠤ | | | 2015 ᠣᠨ ᠤ ᠵᠤᠨ ᠤ ᠤᠯᠠᠷᠢᠯ ᠤᠨ ᠮᠠᠯ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠦᠨᠡᠨᠬᠦ | ᠰᠠᠶᠢᠲᠤᠷ ᠬᠢᠬᠦ ᠲᠤᠬᠠᠢ | ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | ᠡᠯ᠎ᠡ ᠰᠤᠮᠤ ᠪᠠᠯᠭᠠᠰᠤ᠂ ᠬᠤᠰᠢᠭᠤᠨ ᠤ ᠡᠯ᠎ᠡ ᠪᠠᠶᠢᠭᠤᠯᠭ᠎ᠠ᠂ ᠡᠯ᠎ᠡ ᠣᠢ ᠰᠢᠭᠤᠢ ᠮᠠᠯᠵᠢᠯ ᠤᠨ ᠲᠠᠯᠠᠪᠠᠢ᠄ | ᠬᠥᠯᠥᠨ ᠪᠣᠶᠢᠷ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ《2015 ᠣᠨ ᠤ ᠵᠤᠨ ᠤ | ᠤᠯᠠᠷᠢᠯ ᠤᠨ ᠮᠠᠯ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠦᠨᠡᠨᠬᠦ ᠰᠠᠶᠢᠲᠤᠷ ᠬᠢᠬᠦ ᠲᠤᠬᠠᠢ | ᠮᠡᠳᠡᠭᠳᠡᠯ》︵ᠬᠥᠯᠥᠨ ᠪᠦᠷᠢᠳᠬᠡᠯ ᠠᠯᠪᠠᠨ ᠦᠰᠦᠭ【2015】33 ᠳ᠋ᠤᠭᠠᠷ ᠲᠣᠭᠠᠲᠤ︶ ᠪᠢᠴᠢᠭ ᠮᠠᠲ᠋ᠧᠷᠢᠶᠠᠯ | ᠤᠨ ᠱᠠᠭᠠᠷᠳᠠᠯᠭ᠎ᠠ ᠪᠠᠷ᠂ ᠪᠦᠬᠦ ᠬᠤᠰᠢᠭᠤᠨ ᠤ2015 ᠣᠨ ᠤ ᠵᠤᠨ ᠤ ᠤᠯᠠᠷᠢᠯ ᠤᠨ ᠮᠠᠯ ᠠᠵᠤ ᠠᠬᠤᠢ ᠶᠢᠨ | ᠨᠡᠶᠢᠳᠡᠮ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠮᠠᠨ ᠤ ᠬᠤᠰᠢᠭᠤᠨ ᠤ2015 ᠣᠨ ᠤ ᠵᠤᠨ ᠤ | ᠤᠯᠠᠷᠢᠯ ᠤᠨ ᠮᠠᠯ ᠠᠵᠤ ᠠᠬᠤᠢ ᠶᠢᠨ ᠨᠡᠶᠢᠳᠡᠮ ᠪᠠᠶᠢᠴᠠᠭᠠᠬᠤ ᠬᠤᠯᠪᠣᠭᠳᠠᠯ ᠪᠦᠬᠦᠢ ᠬᠡᠷᠡᠭ ᠶᠠᠪᠤᠳᠠᠯ ᠤᠳ ᠢ | ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠵᠤᠨ ᠤ ᠤᠯᠠᠷᠢᠯ ᠤᠨ ᠮᠠᠯ ᠠᠵᠤ ᠠᠬᠤᠢ ᠶᠢᠨ ᠨᠡᠶᠢᠳᠡᠮ ᠪᠠᠶᠢᠴᠠᠭᠠᠬᠤ ᠠᠵᠢᠯ ᠢ ᠴᠢᠨᠠᠷᠯᠢᠭ | ᠪᠡᠶᠡᠯᠡᠭᠦᠯᠬᠦ ᠶᠢᠨ ᠲᠥᠯᠥᠭᠡ᠂ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠭᠡᠰᠢᠭᠦᠨ ᠵᠢᠴᠢ ᠬᠤᠰᠢᠭᠤᠨ | ᠤ ᠰᠢᠭᠤᠳ ᠬᠠᠷᠢᠶ᠎ᠠ ᠡᠯ᠎ᠡ ᠨᠢᠭᠡᠴᠡ ᠡᠯ᠎ᠡ ᠳᠠᠭᠠᠭᠠᠴᠢᠯᠠᠨ ᠲᠡᠳᠬᠦᠬᠦ ᠭᠠᠴᠠᠭᠠᠨ ᠳᠠᠭᠠᠨ ᠭᠦᠨᠵᠡᠭᠡᠶᠢᠷᠡᠵᠦ᠂ ᠨᠡᠶᠢᠳᠡᠮ | ᠪᠠᠶᠢᠴᠠᠭᠠᠯᠲᠠ ᠶᠢᠨ ᠬᠤᠭᠤᠴᠠᠭᠠᠨ ᠤ ᠡᠯ᠎ᠡ ᠱᠠᠲᠤᠨ ᠤ ᠠᠵᠢᠯ ᠢ ᠵᠢᠯᠣᠭᠤᠳᠤᠨ ᠪᠠᠶᠢᠴᠠᠭᠠᠵᠤ᠂ ᠲᠣᠬᠢᠷᠠᠯᠴᠠᠨ | ᠬᠠᠮᠵᠢᠯᠴᠠᠬᠤ ᠶᠢ ᠴᠢᠩᠭᠠᠳᠬᠠᠵᠤ᠂ ᠠᠵᠢᠯᠲᠠᠨ ᠢ ᠰᠢᠯᠵᠢᠭᠦᠯᠦᠨ ᠲᠣᠬᠢᠷᠠᠭᠤᠯᠵᠤ᠂ ᠨᠡᠶᠢᠳᠡᠮ ᠪᠠᠶᠢᠴᠠᠭᠠᠬᠤ ᠵᠠᠷᠤᠳᠠᠯ | ᠪᠣᠯᠣᠨ ᠮᠠᠰᠢᠨ ᠲᠡᠷᠭᠡ ᠶᠢ ᠨᠠᠶᠢᠳᠠᠪᠤᠷᠢᠵᠢᠭᠤᠯᠵᠤ᠂ ᠨᠡᠶᠢᠳᠡᠮ ᠪᠠᠶᠢᠴᠠᠭᠠᠬᠤ ᠠᠵᠢᠯ ᠤᠨ ᠤᠷᠤᠭᠰᠢᠲᠠᠢ ᠶᠠᠪᠤᠭᠳᠠᠬᠤ | ᠶᠢ ᠪᠠᠲᠤᠯᠠᠨ᠎ᠠ᠃ | ᠬᠤᠶᠠᠷ᠂ ᠵᠤᠨ ᠤ ᠤᠯᠠᠷᠢᠯ ᠤᠨ ᠮᠠᠯ ᠠᠵᠤ ᠠᠬᠤᠢ ᠶᠢᠨ ᠨᠡᠶᠢᠳᠡᠮ ᠪᠠᠶᠢᠴᠠᠭᠠᠬᠤ ᠠᠵᠢᠯ ᠤᠨ ᠬᠡᠮᠵᠢᠶ᠎ᠡ | ᠶᠡᠭᠡ᠂ ᠴᠠᠭ ᠪᠠᠴᠢᠮ᠂ ᠶᠡᠭᠡ ᠬᠡᠮᠵᠢᠶᠡᠨ ᠤ ᠲᠤᠬᠠᠶᠢᠯᠠᠭᠰᠠᠨ ᠠᠵᠢᠯ ᠤᠨ ᠠᠵᠢᠯᠲᠠᠨ ᠬᠡᠷᠡᠭᠰᠡᠨ᠎ᠡ᠃ ᠡᠯ᠎ᠡ ᠰᠤᠮᠤ | ᠪᠠᠯᠭᠠᠰᠤ ᠮᠠᠯ ᠠᠵᠤ ᠠᠬᠤᠢ ᠶᠢᠨ ᠨᠡᠶᠢᠳᠡᠮ ᠪᠠᠶᠢᠴᠠᠭᠠᠬᠤ ᠠᠵᠢᠯ ᠤᠨ ᠴᠢᠬᠤᠯᠠ ᠴᠢᠨᠠᠷ ᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠬᠤᠪᠢᠶᠠᠷᠢᠯᠠᠨ ᠬᠠᠮᠢᠶᠠᠷᠬᠤ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠵᠤ᠂ ᠶᠡᠷᠦᠩᠬᠡᠢ | ᠬᠠᠷᠢᠭᠤᠴᠠᠯᠭ᠎ᠠ ᠶᠢ ᠡᠭᠦᠷᠭᠡᠯᠡᠵᠦ᠂ ᠲᠤᠰᠬᠠᠢ ᠠᠵᠢᠯᠲᠠᠨ ᠢ ᠲᠣᠬᠢᠷᠠᠭᠤᠯᠤᠨ ᠲᠣᠮᠢᠯᠠᠵᠤ ᠲᠤᠰ ᠤᠳᠠᠭᠠᠨ ᠤ ᠨᠡᠶᠢᠳᠡᠮ | ᠪᠠᠶᠢᠴᠠᠭᠠᠬᠤ ᠠᠵᠢᠯ ᠢ ᠬᠠᠷᠢᠭᠤᠴᠠᠭᠤᠯᠵᠤ᠂ ᠬᠠᠷᠢᠭᠤᠴᠠᠯᠭ᠎ᠠ ᠶᠢ ᠲᠣᠳᠣᠳᠬᠠᠵᠤ᠂ ᠬᠥᠮᠥᠨ ᠳᠤᠨᠢ ᠬᠦᠷᠲᠡᠯ᠎ᠡ | ᠬᠠᠷᠢᠭᠤᠴᠠᠭᠤᠯᠵᠤ᠂ ᠲᠤᠰ ᠤᠳᠠᠭᠠᠨ ᠤ ᠨᠡᠶᠢᠳᠡᠮ ᠪᠠᠶᠢᠴᠠᠭᠠᠬᠤ ᠠᠵᠢᠯ ᠢ ᠬᠢᠨᠠᠮᠠᠭᠠᠢ ᠪᠡᠶᠡᠯᠡᠭᠦᠯᠦᠨ᠎ᠡ᠃ | ᠭᠤᠷᠪᠠ᠂ ᠨᠡᠶᠢᠳᠡᠮ ᠪᠠᠶᠢᠴᠠᠭᠠᠬᠤ ᠠᠵᠢᠯ ᠤᠨ ᠬᠦᠴᠦᠯᠡᠴᠡ ᠪᠠᠨ ᠴᠢᠩᠭᠠᠳᠬᠠᠵᠤ᠂ ᠨᠡᠶᠢᠳᠡᠮ | ᠪᠠᠶᠢᠴᠠᠭᠠᠯᠲᠠ ᠳᠤᠮᠳᠠ ᠳᠠᠪᠬᠤᠴᠠᠭᠤᠯᠬᠤ ᠦᠭᠡᠢ ᠬᠤᠴᠣᠷᠤᠭᠤᠯᠬᠤ ᠦᠭᠡᠢ ᠵᠠᠷᠴᠢᠮ ᠢ ᠪᠠᠷᠢᠮᠲᠠᠯᠠᠵᠤ᠂ ᠡᠷᠦᠬᠡ ᠳᠤ | ᠬᠦᠷᠴᠦ ᠳᠠᠷᠠᠭᠠᠯᠠᠨ ᠲᠣᠭᠠᠯᠠᠵᠤ᠂ ᠠᠯᠢ ᠴᠦ ᠬᠠᠶᠠᠭᠳᠠᠭᠤᠯᠬᠤ ᠦᠭᠡᠢ᠂ ᠮᠡᠳᠡᠭᠦᠯᠬᠦ ᠬᠦᠰᠦᠨᠦᠭᠲᠦ ᠶᠢᠨ ᠴᠢᠨᠠᠷ ᠢ | ᠴᠢᠩᠭ᠎ᠠ ᠠᠳᠬᠤᠬᠤ ᠬᠡᠷᠡᠭᠲᠡᠢ᠃ ᠨᠡᠶᠢᠳᠡᠮ ᠪᠠᠶᠢᠴᠠᠭᠠᠬᠤ ᠠᠵᠢᠯ ᠳᠤ ᠣᠷᠣᠯᠴᠠᠭᠰᠠᠨ ᠠᠵᠢᠯᠲᠠᠳ ᠲᠤ | ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠢᠨ᠎ᠡ᠃ | ᠳᠥᠷᠪᠡ᠂ ᠡᠯ᠎ᠡ ᠰᠤᠮᠤ ᠪᠠᠯᠭᠠᠰᠤ《ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ | ᠪᠦᠷᠢᠳᠬᠡᠯ ᠤᠨ ᠬᠠᠤᠯᠢ》 ᠶᠢᠨ ᠬᠠᠮᠢᠶ᠎ᠠ ᠪᠦᠬᠦᠢ ᠲᠣᠭᠲᠠᠭᠠᠯ ᠢᠶᠠᠷ᠂ ᠬᠠᠤᠯᠢ ᠶᠣᠰᠣᠭᠠᠷ ᠪᠦᠷᠢᠳᠬᠡᠵᠦ᠂ ᠬᠤᠰᠢᠭᠤᠨ | ᠤ ᠲᠤᠭ᠎ᠠ ᠪᠦᠷᠢᠳᠬᠡᠯ ᠤᠨ ᠲᠣᠪᠴᠢᠶ᠎ᠠ ᠨᠡᠶᠢᠳᠡᠮ ᠪᠠᠶᠢᠴᠠᠭᠠᠬᠤ ᠬᠤᠭᠤᠴᠠᠭᠠᠨ ᠳᠤ ᠲᠤᠭ᠎ᠠ ᠪᠠᠷᠢᠮᠲᠠ ᠶᠢᠨ ᠴᠢᠨᠠᠷ ᠢ | ᠰᠣᠩᠭᠤᠨ ᠪᠠᠶᠢᠴᠠᠭᠠᠵᠤ᠂ ᠠᠰᠠᠭᠤᠳᠠᠯ ᠲᠣᠪᠣᠶᠢᠮ᠎ᠠ ᠣᠷᠣᠰᠢᠵᠤ ᠪᠠᠶᠢᠭ᠎ᠠ ᠭᠠᠵᠠᠷ ᠣᠷᠣᠨ ᠢ ᠳᠠᠬᠢᠨ ᠪᠠᠶᠢᠴᠠᠭᠠᠵᠤ᠂ | ᠬᠤᠳᠠᠯ ᠬᠠᠭᠤᠷᠮᠠᠭ ᠪᠠᠶᠢᠳᠠᠯ ᠢ ᠣᠯᠵᠤ ᠮᠡᠳᠡᠪᠡᠯ《ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ | ᠪᠦᠷᠢᠳᠬᠡᠯ ᠤᠨ ᠬᠠᠤᠯᠢ》 ᠶᠢᠨ ᠬᠤᠯᠪᠣᠭᠳᠠᠯ ᠪᠦᠬᠦᠢ ᠲᠣᠭᠲᠠᠭᠠᠯ ᠢᠶᠠᠷ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ | ᠬᠠᠷᠢᠭᠤᠴᠠᠯᠭ᠎ᠠ ᠨᠡᠬᠡᠮᠵᠢᠯᠡᠨ᠎ᠡ᠃ | ᠲᠠᠪᠤ᠂ ᠨᠡᠶᠢᠳᠡᠮ ᠪᠠᠶᠢᠴᠠᠭᠠᠬᠤ ᠠᠵᠢᠯ6 ᠰᠠᠷ᠎ᠠ ᠶᠢᠨ17 ᠤ ᠡᠳᠦᠷ ᠠᠴᠠ ᠡᠬᠢᠯᠡᠨ᠎ᠡ᠂ ᠬᠤᠭᠤᠴᠠᠭ᠎ᠠ8 | ᠡᠳᠦᠷ᠂ ᠡᠯ᠎ᠡ ᠰᠤᠮᠤ ᠪᠠᠯᠭᠠᠰᠤ ᠡᠷᠬᠡᠪᠰᠢ 6 ᠰᠠᠷ᠎ᠠ ᠶᠢᠨ25 ᠤ ᠡᠳᠦᠷ ᠠᠴᠠ ᠡᠮᠦᠨ᠎ᠡ ᠬᠤᠷᠢᠶᠠᠩᠭᠤᠶᠢᠯᠠᠨ | ᠮᠡᠳᠡᠭᠦᠯᠬᠦ ᠬᠦᠰᠦᠨᠦᠭᠲᠦ ᠪᠠᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠲᠠᠷᠢᠶᠠᠯᠠᠩ ᠮᠠᠯᠵᠢᠯ ᠤᠨ | ᠲᠤᠭ᠎ᠠ ᠪᠦᠷᠢᠳᠬᠡᠯ ᠤᠨ214 ᠲᠠᠰᠤᠭ ᠲᠤ ᠮᠡᠳᠡᠭᠦᠯᠦᠭᠡᠷᠡᠢ᠂ ᠬᠠᠷᠢᠯᠴᠠᠬᠤ ᠬᠥᠮᠥᠨ᠄ ᠯᠢᠦ ᠶᠠᠨ ᠰᠢᠶᠠᠩ᠂ | ᠬᠠᠷᠢᠯᠴᠠᠬᠤ ᠤᠲᠠᠰᠤ᠄ 6601705᠂15947205551᠃ | ᠰᠢᠨ᠎ᠡ | ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | | 2015 ᠣᠨ ᠤ6 ᠰᠠᠷ᠎ᠠ ᠶᠢᠨ15 ᠤ ᠡᠳᠦᠷ | | | | ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2015 ᠣᠨ ᠤ6 ᠰᠠᠷ᠎ᠠ ᠶᠢᠨ15 ᠤ | ᠡᠳᠦᠷ ᠳᠠᠷᠤᠮᠠᠯᠯᠠᠨ ᠲᠠᠷᠬᠠᠭᠠᠪᠠ |