ᠡᠨᠡ ᠡᠪᠦᠯ ᠢᠷᠡᠬᠦ ᠬᠠᠪᠤᠷ ᠤᠨ ᠬᠤᠶᠠᠳᠤᠭᠠᠷ ᠤᠳᠠᠭᠠᠨ ᠤ ︽ᠭᠠᠯ ᠤᠨ ᠭᠠᠮᠰᠢᠭ ᠢ ᠪᠦᠬᠦᠨ ᠢ ᠤᠰᠠᠳᠬᠠᠬᠤ︾  ᠳᠠᠶᠢᠯᠠᠯᠳᠤᠭᠠᠨ ᠤ  ᠬᠡᠷᠡᠭᠵᠢᠭᠦᠯᠬᠦ ᠲᠥᠰᠥᠯ ‍ᠥᠨ‌‍ᠲ᠋ᠤᠬᠠᠢ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2017/7/25
     ᠰᠢᠨ᠎ᠡ  ᠪᠠᠷᠭᠤ  ᠵᠡᠭᠦᠨ  ᠬᠤᠰᠢᠭᠤᠨ   ᠤ  ᠠᠷᠠᠳ   ᠤᠨ  ᠵᠠᠰᠠᠭ   ᠤᠨ  ᠣᠷᠳᠣᠨ                                                                                                                                                             ᠰᠢᠨ᠎ᠡ  ᠵᠡᠭᠦᠨ ᠵᠠᠰᠠᠭ ᠦᠰᠦᠭ ﹇2014﹈11 ᠳ᠋ᠤᠭᠠᠷ ᠲᠣᠭᠠᠲᠤ ᠡᠨᠡ ᠡᠪᠦᠯ ᠢᠷᠡᠬᠦ ᠬᠠᠪᠤᠷ ᠤᠨ ᠬᠤᠶᠠᠳᠤᠭᠠᠷ ᠤᠳᠠᠭᠠᠨ ᠤ ︽ᠭᠠᠯ ᠤᠨ ᠭᠠᠮᠰᠢᠭ ᠢ ᠪᠦᠬᠦᠨ ᠢ ᠤᠰᠠᠳᠬᠠᠬᠤ︾  ᠳᠠᠶᠢᠯᠠᠯᠳᠤᠭᠠᠨ ᠤ  ᠬᠡᠷᠡᠭᠵᠢᠭᠦᠯᠬᠦ ᠲᠥᠰᠥᠯ ‍ᠥᠨ‌‍ᠲ᠋ᠤᠬᠠᠢ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠄ ᠲᠥᠪ ᠤᠨ ᠤᠳᠤᠷᠢᠳᠤᠯᠭ᠎ᠠ ᠶᠢᠨ ᠠᠶᠤᠯᠭᠦᠢ ᠦᠢᠯᠡᠳᠪᠦᠷᠢᠯᠡᠯ ᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ  ᠨᠠᠷᠢᠨ ᠬᠢᠨᠠᠮᠠᠭᠠᠢ ᠲᠣᠣᠱᠯᠠᠭᠤᠯᠣᠨ᠂ ᠡᠪᠦᠯ ᠣᠷᠣᠭᠰᠠᠨ ᠠᠴᠠ ᠨᠠᠰᠢᠬᠢ ᠡᠭᠦᠰᠦᠭᠰᠡᠨ ᠬᠦᠨᠳᠦ ᠨᠣᠴᠢᠲᠠᠢ ᠭᠠᠯ ᠤᠨ ᠠᠶᠤᠯ ᠤᠨ ᠰᠤᠷᠭᠠᠮᠵᠢ ᠶᠢ ᠭᠦᠨᠵᠡᠭᠡᠢ ᠣᠶᠢᠯᠭᠠᠵᠤ᠂ ᠡᠨᠡ ᠡᠪᠦᠯ᠂ ᠢᠷᠡᠬᠦ ᠬᠠᠪᠤᠷ ᠤᠨ ᠭᠠᠯ ᠤᠨ ᠠᠶᠤᠯ ᠢ ᠰᠡᠷᠭᠡᠶᠢᠯᠡᠨ ᠬᠤᠷᠢᠭᠯᠠᠬᠤ ᠠᠵᠢᠯ ᠢ ᠦᠨᠡᠨᠬᠦ ᠴᠢᠩᠭᠠᠳᠬᠠᠵᠤ᠂ ᠬᠦᠨᠳᠦ ᠶᠡᠭᠡ ᠣᠨᠴᠠᠭᠠᠶᠢᠯᠠᠨ ᠪᠦᠯᠦᠭ ᠪᠦᠯᠦᠭ ᠢᠶᠠᠷ ᠦᠬᠦᠵᠦ ᠰᠢᠷᠬᠠᠲᠤᠬᠤ ᠭᠠᠯ ᠤᠨ ᠠᠶᠤᠯ ᠡᠭᠦᠰᠬᠦ ᠶᠢ ᠡᠷᠡᠰ ᠰᠡᠷᠭᠡᠶᠢᠯᠡᠨ ᠬᠤᠷᠢᠭᠯᠠᠬᠤ ᠶᠢᠨ ᠲᠥᠯᠥᠭᠡ᠂ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ  ᠤᠨ ᠣᠷᠳᠣᠨ12 ᠰᠠᠷ᠎ᠠ ᠶᠢᠨ19 ᠤ ᠡᠳᠦᠷ ᠠᠴᠠ2014 ᠣᠨ ᠤ ᠪᠦᠬᠦ ᠤᠯᠤᠰ ᠤᠨ ︽ᠬᠤᠶᠠᠷ ᠬᠤᠷᠠᠯ︾   ᠲᠡᠭᠦᠰᠲᠡᠯ᠎ᠡ᠂ ᠪᠦᠬᠦ ᠬᠤᠰᠢᠭᠤᠨ ᠳᠤ ᠡᠨᠡ ᠡᠪᠦᠯ ᠢᠷᠡᠬᠦ ᠵᠢᠯ ᠤᠨ ᠬᠠᠪᠤᠷ ᠤᠨ ᠬᠤᠶᠠᠳᠤᠭᠠᠷ ᠤᠳᠠᠭᠠᠨ ᠤ ︽ᠭᠠᠯ ᠤᠨ ᠭᠠᠮᠰᠢᠭ ᠢ ᠪᠦᠬᠦᠨ ᠢ ᠤᠰᠠᠳᠬᠠᠬᠤ︾ ᠳᠠᠶᠢᠯᠠᠯᠳᠤᠭᠠᠨ ᠢ ᠲᠥᠪᠯᠡᠷᠡᠭᠦᠯᠦᠨ ᠥᠷᠨᠢᠭᠦᠯᠬᠦ ᠪᠠᠷ ᠲᠣᠭᠲᠠᠪᠠ᠂᠃ ᠲᠤᠰᠬᠠᠶᠢᠯᠠᠨ ᠲᠣᠭᠲᠠᠭᠠᠭᠰᠠᠨ ᠠᠵᠢᠯ ᠤᠨ ᠲᠥᠰᠥᠯ ᠳᠣᠣᠷᠠᠬᠢ ᠮᠡᠲᠦ᠄ ᠨᠢᠭᠡ  ᠂ ᠠᠵᠢᠯ ᠤᠨ ᠬᠠᠷᠠᠯᠲᠠ ︽ᠪᠥᠬᠦᠨ ᠢ ᠪᠦᠷᠬᠦᠭᠦᠯᠬᠦ᠂ ᠨᠢᠭᠡ ᠶᠢ ᠴᠦ ᠢᠯᠳᠠᠷ ᠬᠠᠶᠠᠬᠤ ᠦᠭᠡᠢ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ︾ ᠱᠠᠭᠠᠷᠳᠠᠯᠭ᠎ᠠ ᠶᠣᠰᠣᠭᠠᠷ᠂ ᠭᠠᠯ ᠤᠨ ᠠᠶᠤᠯ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠨ ᠴᠡᠭᠴᠡᠯᠡᠵᠦ᠂ ᠭᠠᠯ ᠢ ᠰᠡᠷᠭᠡᠶᠢᠯᠡᠬᠦ ᠤᠬᠠᠭᠤᠯᠭ᠎ᠠ ᠶᠢᠨ ᠪᠣᠯᠪᠠᠰᠤᠷᠠᠯ ᠢ ᠥᠷᠭᠡᠨ ᠢᠶᠠᠷ ᠥᠷᠨᠢᠭᠦᠯᠵᠦ᠂ ᠪᠦᠬᠦ ᠬᠦᠴᠦᠨ ᠢᠶᠠᠷ ᠭᠠᠯ ᠤᠨᠲᠠᠷᠠᠭᠠᠵᠤ ᠭᠠᠯ ᠠᠴᠠ ᠠᠪᠤᠷᠠᠬᠤ ᠪᠡᠯᠡᠳᠬᠡᠯ ᠬᠢᠵᠦ᠂ ᠴᠡᠷᠢᠭ ᠠᠩᠭᠢ ᠶᠢᠨ ᠬᠠᠮᠢᠶᠠᠷᠤᠯᠲᠠ ᠶᠢᠨ ᠬᠥᠮᠥᠵᠢᠯ ᠢ ᠴᠢᠩᠭᠠᠳᠬᠠᠵᠤ᠂ ︽ᠭᠤᠷᠪᠠ ᠶᠢ ᠪᠠᠲᠤᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠄ ᠪᠦᠬᠦ ᠬᠤᠰᠢᠭᠤᠨ ᠳᠤ ᠬᠦᠨᠳᠦ ᠶᠡᠭᠡ ᠣᠨᠴᠠᠭᠠᠶᠢᠯᠠᠨ ᠪᠦᠯᠦᠭ  ᠢᠶᠠᠷ ᠦᠬᠦᠵᠦ ᠰᠢᠷᠬᠠᠲᠤᠬᠤ ᠭᠠᠯ ᠤᠨ ᠠᠶᠤᠯ ᠡᠭᠦᠰᠬᠦ ᠦᠭᠡᠢ ᠶᠢ ᠪᠠᠲᠤᠯᠠᠨ᠎ᠠ︔ ᠪᠦᠬᠦ ᠬᠤᠰᠢᠭᠤᠨ ᠤ ︽ᠬᠤᠶᠠᠷ ᠬᠤᠷᠠᠯ︾ ᠤᠨ  ᠬᠤᠷᠠᠯᠳᠤᠬᠤ ᠭᠠᠵᠠᠷ ᠭᠠᠯ ᠤᠨ ᠠᠶᠤᠯ ᠡᠭᠦᠰᠬᠦ ᠦᠭᠡᠢ ᠶᠢ ᠪᠠᠲᠤᠯᠠᠨ᠎ᠠ︔ ᠠᠮᠤᠷ ᠢ ᠬᠠᠮᠠᠭᠠᠯᠠᠬᠤ ᠭᠠᠯ ᠢ ᠰᠡᠷᠭᠡᠶᠢᠯᠡᠬᠦ ᠴᠡᠷᠢᠭ ᠠᠩᠭᠢ ᠬᠦᠨᠳᠦ ᠶᠡᠭᠡ ᠠᠳᠡᠭᠳᠡᠯ ᠤᠨ ᠬᠡᠷᠡᠭ ᠡᠭᠦᠰᠬᠦ ᠦᠭᠡᠢ ᠶᠢ ᠪᠠᠲᠤᠯᠠᠨ᠎ᠠ᠃ ᠬᠤᠶᠠᠷ᠂ ᠵᠣᠬᠢᠶᠠᠨ ᠪᠠᠶᠢᠭᠤᠯᠬᠤ ᠪᠠᠶᠢᠭᠤᠯᠤᠮᠵᠢ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠡᠨᠡ ᠡᠪᠦᠯ  ᠂ ᠢᠷᠡᠬᠦ ᠬᠠᠪᠤᠷ ᠤᠨ ᠬᠤᠶᠠᠳᠤᠭᠠᠷ ᠤᠳᠠᠭᠠᠨ ᠤ ︽ᠭᠠᠯ ᠤᠨ ᠠᠶᠤᠯ ᠢ  ᠪᠦᠬᠦᠨ ᠢ ᠤᠰᠠᠳᠬᠠᠬᠤ︾  ᠠᠵᠢᠯᠯᠠᠭᠠᠨ ᠤ ᠠᠵᠢᠯ ᠤᠨ ᠤᠳᠤᠷᠢᠳᠬᠤ ᠪᠠᠭ᠎ᠠ ᠳᠤᠭᠤᠶᠢᠯᠠᠩ ᠢ ᠪᠠᠶᠢᠭᠤᠯᠵᠤ᠂ ᠲᠤᠰᠬᠠᠢ ᠬᠠᠷᠢᠭᠤᠴᠠᠨ ᠤᠳᠤᠷᠢᠳᠴᠤ᠂ ᠡᠯ᠎ᠡ ᠭᠠᠵᠠᠷ  ᠤᠨ ᠠᠵᠢᠯ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ᠎ᠠ᠃ ᠳᠤᠭᠤᠶᠢᠯᠠᠩ ᠤᠨ ᠳᠠᠷᠤᠭ᠎ᠠ᠄ ᠵᠠᠩ ᠮᠠᠨᠳᠠ                    ᠬᠤᠰᠢᠭᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠳᠠᠷᠤᠭ᠎ᠠ ᠳᠤᠭᠤᠶᠢᠯᠠᠩ ᠤᠨ ᠳᠡᠳ᠋ ᠳᠠᠷᠤᠭ᠎ᠠ᠄ ᠡᠾᠧ ᠸᠧᠨ ᠪᠥᠸᠧ         ᠬᠤᠰᠢᠭᠤᠨ ᠤ  ᠳᠣᠲᠣᠭᠠᠳᠤ ᠶᠢ ᠬᠠᠮᠠᠭᠠᠯᠠᠬᠤ ᠳᠡᠳ᠋ ᠲᠣᠪᠴᠢᠶᠠᠨ ᠳᠠᠷᠤᠭ᠎ᠠ                                  ᠳ᠋ᠠᠢ ᠵᠧᠨ ᠫᠢᠡᠭ            ᠬᠤᠰᠢᠭᠤᠨ ᠤ ᠵᠠᠰᠠᠭ ᠤᠨ ᠣᠷᠳᠣᠨ ᠤ  ᠠᠯᠪᠠᠨ ᠭᠡᠷ ᠤᠨ ᠳᠡᠳ᠋ ᠡᠷᠬᠢᠯᠡᠭᠴᠢ  ᠭᠡᠰᠢᠭᠦᠨ᠄ ᠮᠠ ᠹᠡᠸᠡᠭ ᠬᠤᠸ᠋ᠨ      ᠠᠮᠤᠭᠤᠯᠠᠩ ᠪᠠᠯᠭᠠᠰᠤᠨ ᠤ ᠪᠠᠯᠭᠠᠰᠤᠨ ᠳᠠᠷᠤᠭ᠎ᠠ            ᠸᠠᠩ ᠴᠢᠩ ᠵᠢᠶᠠᠩ     ᠴᠠᠭᠠᠨ ᠪᠠᠯᠭᠠᠰᠤᠨ  ᠤ ᠪᠠᠯᠭᠠᠰᠣᠨ ᠳᠠᠷᠤᠭ᠎ᠠ            ᠪᠢᠨᠳᠡᠷ                 ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶᠠᠨ ᠳᠠᠷᠤᠭ᠎ᠠ            ᠪᠤᠤ ᠬᠠᠢ ᠬᠥ᠋          ᠬᠤᠰᠢᠭᠤᠨ  ᠤ ᠠᠶᠤᠯᠭᠦᠢ ᠦᠢᠯᠡᠳᠪᠦᠷᠢᠯᠡᠯ  ᠤᠨ ᠬᠢᠨᠡᠯᠲᠠ ᠬᠠᠮᠢᠶᠠᠷᠤᠯᠲᠠ  ᠶᠢᠨ ᠲᠣᠪᠴᠢᠶᠠᠨ ᠳᠠᠷᠤᠭ᠎ᠠ            ᠴᠢᠩ ᠯᠦᠡᠭ           ᠬᠤᠰᠢᠭᠤᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠳᠠᠷᠤᠭ᠎ᠠ            ᠪᠠᠢ ᠵᠧᠨ ᠰᠢᠶᠠᠨ        ᠬᠤᠰᠢᠭᠤᠨ  ᠤ ᠰᠤᠷᠭᠠᠨ ᠬᠥᠮᠦᠵᠢᠯ  ᠤᠨ ᠲᠣᠪᠴᠢᠶᠠᠨ ᠳᠠᠷᠤᠭ᠎ᠠ            ᠳᠠᠯᠠᠢ                  ᠬᠤᠰᠢᠭᠤᠨ  ᠤ ᠬᠤᠳᠠᠯᠳᠤᠭᠠᠨ  ᠤ ᠶᠠᠪᠤᠳᠠᠯ  ᠤᠨ ᠲᠤᠪᠴᠢᠶᠠᠨ ᠳᠠᠷᠤᠭ᠎ᠠ            ᠲᠣᠣ ᠢᠦ ᠫᠢᠡᠭ         ᠬᠤᠰᠢᠭᠤᠨ  ᠤ ᠡᠷᠡᠭᠦᠯ ᠬᠠᠮᠠᠭᠠᠯᠠᠯ  ᠤᠨ ᠲᠤᠪᠴᠢᠶᠠᠨ ᠳᠠᠷᠤᠭ᠎ᠠ            ᠲᠦᠷᠦᠪᠠᠲᠦ            ᠬᠤᠰᠢᠭᠤᠨ  ᠤ ᠰᠤᠶᠤᠯ ᠲᠠᠮᠢᠷ ᠷᠠᠳᠢᠣ᠋ ᠲᠧᠯᠸᠢᠰ ᠲᠣᠪᠴᠢᠶᠠᠨ ᠤ ᠳᠠᠷᠤᠭ᠎ᠠ            ᠡᠾᠥᠸᠧ  ᠭᠧᠨ ᠵᠤ᠋        ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠳᠠᠷᠤᠭ᠎ᠠ            ᠮᠥᠩᠬᠡ               ᠬᠤᠰᠢᠭᠤᠨ ᠤ ᠣᠢ ᠰᠢᠭᠤᠢ ᠶᠢᠨ ᠲᠣᠪᠴᠢᠶᠠᠨ ᠳᠠᠷᠤᠭ᠎ᠠ            ᠹᠦ᠋ ᠯᠢᠶᠠᠩ  ᠿᠦᠢ      ᠬᠤᠰᠢᠭᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶᠠᠨ ᠳᠠᠷᠤᠭ᠎ᠠ            ᠭᠡᠷᠡᠯᠲᠦ                ᠬᠤᠰᠢᠭᠤᠨ ᠤ ᠵᠠᠮ ᠬᠠᠷᠢᠯᠴᠠᠭᠠᠨ ᠤ  ᠳᠡᠳ᠋ ᠲᠣᠪᠴᠢᠶᠠᠨ ᠳᠠᠷᠤᠭ᠎ᠠ            ᠬᠠᠰᠪᠠᠲᠦ               ᠬᠤᠰᠢᠭᠤᠨ ᠤ ᠭᠠᠯ ᠢ ᠰᠡᠷᠭᠡᠶᠢᠯᠡᠬᠦ ᠶᠡᠭᠡ ᠠᠩᠭᠢ ᠶᠢᠨ  ᠵᠢᠭᠠᠨ ᠵᠢᠯᠣᠭᠤᠳᠤᠭᠴᠢ            ᠯᠤ᠋ ᠰᠢᠦᠢ ᠪᠢᠨ          ᠬᠤᠰᠢᠭᠤᠨ ᠤ ᠭᠠᠯ ᠢ ᠰᠡᠷᠭᠡᠶᠢᠯᠡᠬᠦ ᠶᠡᠭᠡ ᠠᠩᠭᠢ ᠶᠢᠨ ᠳᠠᠷᠤᠭ᠎ᠠ            ᠪᠤᠤ ᠰᠢᠦᠸᠠᠢ ᠰᠦᠡᠭ     ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠲᠣᠪᠴᠢᠶᠠᠨ ᠳᠠᠷᠤᠭ᠎ᠠ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠡᠨᠡ ᠡᠪᠦᠯ  ᠂ ᠢᠷᠡᠬᠦ ᠬᠠᠪᠤᠷ ᠤᠨ ᠬᠤᠶᠠᠳᠤᠭᠠᠷ ᠤᠳᠠᠭᠠᠨ ᠤ ︽ ᠭᠠᠯ ᠤᠨ ᠠᠶᠤᠯ ᠢ ᠪᠦᠬᠦᠨ ᠢ ᠤᠰᠠᠳᠬᠠᠬᠤ︾  ᠠᠵᠢᠯᠯᠠᠭᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠰᠢᠨ᠎ᠡ ᠪᠠᠷᠭᠤ ᠵᠡᠭᠦᠨ ᠬᠤᠰᠢᠭᠤᠨ ᠤ ᠠᠮᠤᠷ ᠢ ᠬᠠᠮᠠᠭᠠᠯᠠᠬᠤ ᠭᠠᠯ ᠢ ᠰᠡᠷᠭᠡᠶᠢᠯᠡᠬᠦ ᠶᠡᠭᠡ ᠠᠩᠭᠢ ᠳᠤ ᠪᠠᠶᠢᠭᠤᠯᠵᠤ᠂ ᠰᠢᠨ᠎ᠡ ᠪᠠᠷᠭᠤ ᠵᠡᠭᠦᠨ ᠬᠤᠰᠢᠭᠤᠨ ᠤ ᠠᠮᠤᠷ ᠢ ᠬᠠᠮᠠᠭᠠᠯᠠᠬᠤ ᠭᠠᠯ ᠰᠡᠷᠭᠡᠶᠢᠯᠡᠬᠦ  ᠶᠡᠭᠡ ᠠᠩᠭᠢ  ᠶᠢᠨ ᠳᠠᠷᠤᠭ᠎ᠠ ᠯᠤ᠋ ᠰᠢᠦᠢ ᠪᠢᠨ ᠠᠯᠪᠠᠨ ᠭᠡᠷ ᠤᠨ ᠡᠷᠬᠢᠯᠡᠭᠴᠢ ᠶᠢᠨ ᠠᠵᠢᠯ ᠢ ᠬᠠᠷᠢᠭᠤᠴᠠᠨ᠎ᠠ᠃      ᠭᠤᠷᠪᠠ᠂ ᠭᠠᠯ ᠤᠨ ᠠᠶᠤᠯ ᠤᠨ ᠳᠠᠯᠳᠠ ᠬᠡᠮ ᠢ  ᠵᠢᠭᠰᠠᠭᠠᠨ ᠴᠡᠭᠴᠡᠯᠡᠬᠦ ᠶᠢ ᠲᠥᠪᠯᠡᠷᠡᠭᠦᠯᠦᠨ ᠥᠷᠨᠢᠭᠦᠯᠬᠦ  ︵ᠨᠢᠭᠡ︶ ᠠᠵᠢᠯ ᠤᠨ ᠡᠭᠦᠷᠭᠡ1. ᠨᠡᠶᠢᠭᠡᠮ ᠤᠨ ᠭᠠᠯ ᠤᠨ ᠠᠶᠤᠯ ᠤᠨ ᠳᠠᠯᠳᠠ ᠬᠡᠮ ᠢ ᠪᠦᠬᠦ ᠲᠠᠯ᠎ᠠ ᠪᠠᠷ ᠪᠠᠶᠢᠴᠠᠭᠠᠬᠤ ᠬᠡᠷᠡᠭᠲᠡᠢ᠃ ᠡᠯ᠎ᠡ ᠨᠡᠶᠢᠭᠡᠮ ᠤᠨ ᠰᠠᠯᠠᠭ᠎ᠠ ᠮᠥᠴᠢᠷ 2014 ᠣᠨ ᠤ 1 ᠰᠠᠷ᠎ᠠ ᠶᠢᠨ10 ᠤ ᠡᠳᠦᠷ ᠠᠴᠠ ᠡᠮᠦᠨ᠎ᠡ ᠲᠣᠰ ᠪᠠᠶᠢᠭᠤᠯᠭ᠎ᠠ ᠶᠢᠨ ᠭᠠᠯ ᠤᠨ ᠠᠮᠤᠷ ᠲᠦᠪᠰᠢᠨ ᠤ ᠪᠠᠶᠢᠳᠠᠯ ᠪᠠ ᠭᠠᠯ ᠢ ᠰᠡᠷᠭᠡᠶᠢᠯᠡᠬᠦ ᠠᠮᠤᠷ ᠲᠦᠪᠰᠢᠨ ᠤ ᠬᠠᠮᠢᠶᠠᠷᠤᠯᠲᠠ ᠶᠢᠨ ᠡᠭᠦᠷᠭᠡ  ᠂ ᠳᠦᠷᠢᠮ ᠲᠣᠭᠲᠠᠭᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠠᠭᠠᠨ ᠨᠢᠭᠡ ᠤᠳᠠᠭᠠᠨ ᠤ ᠪᠦᠬᠦ ᠲᠠᠯ᠎ᠠ ᠶᠢᠨ ᠥᠪᠡᠷ ᠤᠨ ᠪᠠᠶᠢᠴᠠᠭᠠᠯᠲᠠ ᠬᠢᠬᠦ ᠬᠡᠷᠡᠭᠲᠡᠢ᠃ ᠡᠯ᠎ᠡ ᠠᠵᠢᠯ ᠨᠢᠭᠡᠴᠡ᠂ ᠰᠠᠯᠠᠭ᠎ᠠ ᠮᠥᠴᠢᠷ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠭᠠᠯ ᠢ ᠰᠡᠷᠭᠡᠶᠢᠯᠡᠬᠦ ᠶᠡᠭᠡ ᠠᠩᠭᠢ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠣᠮᠢᠯᠠᠭᠰᠠᠨ ᠰᠠᠯᠪᠤᠷᠢ ᠬᠤᠪᠢ ᠬᠤᠪᠢᠨ ᠤ ᠠᠵᠢᠯ ᠤᠨ  ᠬᠠᠷᠢᠭᠤᠴᠠᠯᠭ᠎ᠠ ᠶᠢᠨ ᠬᠤᠪᠢᠶᠠᠷᠢᠯᠠᠯᠲᠠ ᠪᠠᠷ᠂ ᠨᠡᠶᠢᠭᠡᠮ ᠨᠢᠭᠡᠴᠡ ᠪᠦᠭᠦᠳᠡ ᠳᠤ ᠨᠢᠭᠡ ᠤᠳᠠᠭᠠᠨ ᠤ ᠪᠠᠶᠢᠴᠠᠭᠠᠯᠲᠠ ᠬᠢᠵᠦ᠂ ᠪᠠᠶᠢᠭᠤᠯᠭ᠎ᠠ ᠨᠢᠭᠡᠴᠡ ᠳᠤ ᠣᠷᠣᠰᠢᠵᠤ ᠪᠠᠶᠢᠭ᠎ᠠ ᠭᠡᠷ ᠪᠠᠷᠢᠯᠭ᠎ᠠ ᠶᠢᠨ ᠭᠠᠯ ᠢ ᠰᠡᠷᠭᠡᠶᠢᠯᠡᠬᠦ ᠲᠣᠨᠤᠭ ᠲᠥᠬᠦᠭᠡᠷᠦᠮᠵᠢ ᠶᠢᠨ ᠰᠠᠭᠠᠳ ᠬᠡᠮ᠂ ᠠᠶᠤᠯᠭᠦᠢ ᠨᠡᠪᠲᠡᠷᠡᠬᠦ ᠵᠠᠮ ᠤᠨ ᠭᠠᠷᠬᠤ ᠭᠠᠵᠠᠷ ᠰᠠᠭᠠᠳ ᠦᠭᠡᠢ᠂ ᠭᠠᠯ ᠤᠨᠲᠠᠷᠠᠭᠠᠬᠤ ᠪᠠᠭᠠᠵᠢ ᠤᠰᠤ ᠦᠭᠡᠢ᠂ ᠠᠮᠠᠷᠬᠠᠨ ᠨᠣᠴᠣᠵᠤ ᠰᠢᠲᠠᠳᠠᠭ ᠡᠳ᠋ ᠮᠠᠲ᠋ᠧᠷᠢᠶᠠᠯ ᠪᠠᠷ ᠵᠠᠰᠠᠨ ᠴᠢᠮᠡᠭᠰᠡᠨ᠂ ᠳᠦᠷᠢᠮ ᠲᠣᠭᠲᠠᠭᠠᠯ ᠢ ᠵᠥᠷᠢᠴᠡᠨ ᠥᠩᠭᠡᠲᠦ ᠪᠣᠯᠣᠳ ᠬᠠᠪᠲᠠᠰᠤᠨ ᠪᠠᠷᠢᠯᠭ᠎ᠠ ᠪᠣᠰᠬᠠᠭᠰᠠᠨ᠂ ᠲᠣᠭᠲᠠᠭᠠᠯ ᠢ ᠵᠥᠷᠢᠴᠡᠨ ᠬᠥᠮᠥᠨ ᠰᠠᠭᠤᠯᠭᠠᠭᠰᠠᠨ ᠵᠡᠷᠭᠡ ᠠᠰᠠᠭᠤᠳᠠᠯ ᠢ ᠲᠤᠤᠱᠲᠠᠢ ᠪᠠᠶᠢᠴᠠᠭᠠᠨ ᠲᠣᠳᠣᠯᠠᠵᠤ᠂ ᠪᠠᠶᠢᠭᠤᠯᠭ᠎ᠠ ᠨᠢᠭᠡᠴᠡ ᠶᠢ ᠱᠠᠭᠠᠷᠳᠠᠨ ᠬᠠᠷᠢᠭᠤᠴᠠᠯᠭ᠎ᠠ᠂  ᠬᠤᠭᠤᠴᠠᠭ᠎ᠠ ᠬᠢᠵᠠᠭᠠᠷᠯᠠᠬᠤ ᠪᠣᠯᠣᠨ ᠱᠠᠭᠠᠷᠳᠠᠯᠭ᠎ᠠ ᠶᠢ ᠨᠢᠭᠡ ᠨᠢᠭᠡ ᠲᠥᠷᠥᠯ ᠢᠶᠠᠷ ᠲᠣᠳᠣᠯᠠᠨ ᠴᠡᠭᠴᠡᠯᠡᠨ ᠥᠭᠡᠷᠡᠴᠢᠯᠡᠵᠦ᠂  ᠵᠠᠰᠠᠨ ᠴᠡᠭᠴᠡᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ︔ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠭᠠᠯ ᠢ ᠰᠡᠷᠭᠡᠶᠢᠯᠡᠬᠦ ᠰᠠᠯᠠᠭ᠎ᠠ ᠮᠥᠴᠢᠷ ᠬᠠᠮᠢᠶ᠎ᠠ ᠪᠦᠬᠦᠢ ᠪᠠᠶᠢᠭᠤᠯᠭ᠎ᠠ ᠲᠠᠢ ᠬᠤᠯᠪᠣᠭᠠᠯᠠᠨ ᠲᠣᠰ ᠭᠠᠵᠠᠷ ᠣᠷᠣᠨ ᠤ ᠭᠠᠯ ᠢ ᠰᠡᠷᠭᠡᠶᠢᠯᠡᠬᠦ ᠵᠠᠰᠠᠭ ᠵᠠᠬᠢᠷᠭᠠᠨ ᠪᠠᠷ  ᠵᠥᠪᠰᠢᠶᠡᠷᠡᠭᠦᠯᠦᠭᠰᠡᠨ ᠦᠭᠡᠢ ᠪᠠᠷ ᠳᠤᠷ᠎ᠠ ᠪᠠᠷ  ᠢᠶᠠᠨ ᠠᠰᠢᠭᠯᠠᠯᠲᠠ ᠳᠤ ᠣᠷᠣᠭᠤᠯᠤᠭᠰᠠᠨ ᠬᠠᠤᠯᠢ ᠪᠤᠰᠤ ᠬᠠᠤᠯᠢ ᠶᠢ ᠵᠥᠷᠢᠴᠡᠭᠰᠡᠨ ᠪᠠᠷᠢᠯᠭ᠎ᠠ ᠶᠢ ᠲᠥᠪᠯᠡᠷᠡᠭᠦᠯᠦᠨ ᠪᠠᠶᠢᠴᠠᠭᠠᠵᠤ᠂ ᠰᠠᠭᠤᠭᠠᠯᠢ ᠠᠷᠠᠳ ᠤᠨ ᠠᠰᠠᠷ᠂  ᠳᠥᠭᠦᠮ ᠪᠦᠲᠦᠴᠡᠲᠦ ᠣᠷᠤᠨ᠂ ᠬᠤᠲᠠ ᠰᠤᠮᠤᠨ ᠤ ᠬᠤᠯᠪᠣᠯᠳᠤᠭᠰᠠᠨ ᠠᠭᠤᠯᠵᠠᠭᠤᠷ ᠬᠡᠰᠡᠭ᠂ ︽ ᠬᠤᠲᠠ ᠳᠠᠬᠢ ᠭᠠᠴᠠᠭ᠎ᠠ︾ ᠵᠢᠴᠢ ᠡᠳ᠋ ᠪᠠᠷᠠᠭ᠎ᠠ ᠶᠢᠨ ᠭᠦᠢᠯᠭᠡᠭᠡᠨ ᠤ ᠬᠥᠮᠥᠷᠭᠡᠯᠡᠬᠦ᠂ ᠠᠷᠠᠯᠵᠢᠶ᠎ᠠ ᠮᠠᠶᠢᠮᠠᠢ ᠶᠢᠨ ᠵᠠᠬ᠎ᠠ ᠳᠡᠯᠭᠡᠭᠦᠷ᠂ ︽ᠭᠤᠷᠪᠠ ᠶᠢ ᠨᠢᠭᠡᠴᠢᠯᠡᠬᠦ︾ ᠲᠠᠯᠠᠪᠠᠢ ᠵᠡᠷᠭᠡ ᠲᠥᠪᠯᠡᠷᠡᠭᠰᠡᠨ ᠣᠷᠣᠨ ᠢ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ᠂ ᠨᠢᠭᠡ ᠭᠡᠷ ᠢ ᠴᠦ ᠳᠤᠲᠠᠭᠠᠬᠤ ᠦᠭᠡᠢ᠂ ᠨᠢᠭᠡ ᠬᠡᠰᠡᠭ ᠢ ᠴᠦ ᠣᠷᠬᠢᠭᠳᠠᠭᠤᠯᠬᠤ ᠦᠭᠡᠢ   ᠶᠢ ᠪᠠᠲᠤᠯᠠᠵᠤ᠂ ᠲᠣᠰ ᠣᠷᠣᠨ ᠤ ᠬᠠᠤᠯᠢ ᠪᠤᠰᠤ ᠪᠠᠷ ᠬᠠᠤᠯᠢ ᠶᠢ ᠵᠥᠷᠢᠴᠡᠨ ᠪᠠᠶᠢᠭᠤᠯᠤᠭᠰᠠᠨ ᠪᠠᠷᠢᠯᠭ᠎ᠠ ᠶᠢᠨ ᠰᠠᠭᠤᠷᠢ ᠲᠤᠭ᠎ᠠ ᠶᠢ ᠲᠣᠣᠱᠲᠠᠢ ᠪᠠᠶᠢᠴᠠᠭᠠᠵᠤ᠂ ᠨᠢᠭᠡᠳ ᠨᠢᠭᠡ ᠪᠠᠷ ᠲᠡᠮᠳᠡᠭᠯᠡᠨ ᠳᠡᠪᠲᠡᠷᠯᠡᠵᠦ᠂ ᠠᠵᠢᠯ ᠤᠨ ᠳᠠᠩᠰᠠ ᠶᠢ ᠪᠠᠶᠢᠭᠤᠯᠵᠤ᠂ ᠬᠠᠤᠯᠢ ᠶᠣᠰᠣᠭᠠᠷ ᠬᠤᠭᠤᠴᠠᠭ᠎ᠠ ᠲᠣᠭᠲᠠᠭᠠᠨ  ᠴᠡᠭᠴᠡᠯᠡᠨ ᠥᠭᠡᠷᠡᠴᠢᠯᠡᠨ᠎ᠡ᠃ 2. ᠬᠤᠲᠠ ᠶᠢᠨ ᠶᠠᠪᠤᠳᠠᠯ ᠤᠨ ᠭᠠᠯ ᠤᠨᠲᠠᠷᠠᠭᠠᠬᠤ ᠪᠠᠭᠠᠵᠢ ᠵᠡᠷᠭᠡ ᠭᠠᠯ ᠰᠡᠷᠭᠡᠶᠢᠯᠡᠬᠦ ᠤᠰᠤ ᠬᠠᠩᠭᠠᠬᠤ ᠲᠣᠨᠤᠭ ᠲᠥᠬᠦᠭᠡᠷᠦᠮᠵᠢ ᠶᠢ ᠪᠦᠬᠦ ᠲᠠᠯ᠎ᠠ ᠪᠠᠷ ᠪᠠᠶᠢᠴᠠᠭᠠᠨ᠎ᠠ᠃ ᠭᠡᠷ ᠪᠠᠷᠢᠯᠭ᠎ᠠ᠂ ᠬᠤᠲᠠ ᠶᠢᠨ ᠶᠠᠪᠤᠳᠠᠯ᠂ ᠤᠰᠤ ᠬᠠᠩᠭᠠᠬᠤ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠣᠳᠣ ᠪᠠᠶᠢᠭ᠎ᠠ ᠬᠤᠲᠠ ᠶᠢᠨ ᠶᠠᠪᠤᠳᠠᠯ ‍ᠣᠨ‌ᠭᠠᠯ ᠤᠨᠲᠠᠷᠠᠭᠠᠬᠤ ᠪᠠᠭᠠᠵᠢ ︵ᠭᠠᠯ ᠰᠡᠷᠭᠡᠶᠢᠯᠡᠬᠦ ᠳᠡᠭᠡᠯᠡᠢ ᠭᠤᠭᠤᠵᠢᠭᠤᠷ ᠢ ᠪᠠᠭᠲᠠᠨ᠎ᠠ︶ ᠳᠤ ᠪᠠᠶᠢᠴᠠᠭᠠᠯᠲᠠ ᠬᠢᠵᠦ᠂ ᠬᠠᠮᠠᠭᠠᠯᠠᠵᠤ ᠠᠷᠠᠴᠢᠯᠠᠬᠤ ᠲᠣᠭᠲᠠᠴᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠢᠯᠯᠠᠭᠠᠨ ᠤ ᠬᠤᠭᠤᠴᠠᠭᠠᠨ ᠳᠤ ᠪᠦᠬᠦᠨ ᠢ ᠨᠢᠭᠡ ᠤᠳᠠᠭ᠎ᠠ ᠠᠷᠠᠴᠢᠯᠠᠵᠤ᠂ ᠬᠤᠲᠠ ᠶᠢᠨ ᠶᠠᠪᠤᠳᠠᠯ ᠤᠨ ᠭᠠᠯ ᠤᠨᠲᠠᠷᠠᠭᠠᠬᠤ ᠪᠠᠭᠠᠵᠢ ᠶᠢᠨ ᠪᠦᠷᠢᠨ ᠪᠦᠲᠦᠨ ᠤ ᠨᠤᠷᠮ᠎ᠠ 90% ᠠᠴᠠ ᠳᠡᠭᠡᠭᠰᠢ ᠪᠠᠶᠢᠬᠤ ᠶᠢ ᠪᠠᠲᠤᠯᠠᠵᠤ᠂ ᠭᠠᠯ ᠤᠨᠲᠠᠷᠠᠭᠠᠵᠤ ᠲᠤᠰᠠᠯᠠᠬᠤ ᠬᠡᠷᠡᠭᠴᠡᠭᠡ ᠶᠢ ᠬᠠᠩᠭᠠᠨ᠎ᠠ᠃3. ︽ᠳᠥᠷᠪᠡᠨ ᠪᠠᠶᠠᠷ ᠤᠨ ᠡᠳᠦᠷ︾᠂ ︽ᠬᠤᠶᠠᠷ ᠬᠤᠷᠠᠯ︾ ᠤᠨ ᠭᠠᠯ ᠢ ᠰᠡᠷᠭᠡᠶᠢᠯᠡᠬᠦ ᠠᠮᠤᠷ ᠲᠦᠪᠰᠢᠨ ᠤ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠢᠰᠦ᠋ᠰ ᠤᠨ ᠲᠥᠷᠥᠭᠰᠡᠨ ᠡᠳᠦᠷ᠂ ᠰᠢᠨ᠎ᠡ ᠵᠢᠯ ᠤᠨ ᠰᠢᠨ᠎ᠡ ᠶᠢᠨ ᠨᠢᠭᠡᠨ᠂ ᠴᠠᠭᠠᠨ ᠰᠠᠷ᠎ᠠ ︵ᠪᠢᠲᠡᠭᠦᠨ ᠤ ᠦᠳᠡᠰᠢ︶ ᠥᠯᠵᠡᠶᠢᠲᠦ ᠡᠳᠦᠷ ᠤᠨ ᠬᠤᠭᠤᠴᠠᠭᠠᠨ ᠳᠤ ᠭᠠᠯ ᠤᠨ ᠠᠶᠤᠯ ᠤᠨ ᠠᠮᠤᠷ ᠲᠦᠪᠰᠢᠨ ᠤ ︽ᠲᠡᠭ  ᠴᠢᠭ᠋︾ ᠤᠨ ᠰᠥᠨᠢ ᠶᠢᠨ ᠪᠠᠶᠢᠴᠠᠭᠠᠯᠲᠠ ᠶᠢᠨ ᠠᠵᠢᠯᠯᠠᠭᠠᠨ ᠢ ᠥᠷᠨᠢᠭᠦᠯᠵᠦ᠂ ᠪᠠᠶᠠᠷ ᠤᠨ ᠡᠳᠦᠷ ᠤᠨ ᠬᠤᠭᠤᠴᠠᠭᠠᠨ ᠤ ᠭᠠᠯ ᠤᠨ ᠠᠶᠤᠯ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ︵ᠬᠤᠶᠠᠷ︶ ᠠᠵᠢᠯ ᠤᠨ ᠠᠷᠭ᠎ᠠ ᠬᠡᠮᠵᠢᠶ᠎ᠡ 1. ᠠᠶᠤᠯ ᠤᠨ ᠰᠠᠭᠤᠷᠢ ᠲᠤᠭ᠎ᠠ ᠶᠢ ᠡᠵᠡᠮᠳᠡᠬᠦ ᠬᠡᠷᠡᠭᠲᠡᠢ᠃ ᠨᠡᠶᠢᠭᠡᠮ ᠤᠨ ᠪᠠᠶᠢᠭᠤᠯᠭ᠎ᠠ ᠨᠢᠭᠡᠴᠡ ᠥᠪᠡᠷ ᠤᠨ ᠪᠠᠶᠢᠴᠠᠭᠠᠯᠲᠠ ᠶᠢ ᠬᠢᠨᠠᠮᠠᠭᠠᠢ ᠵᠣᠬᠢᠶᠠᠨ ᠪᠠᠶᠢᠭᠤᠯᠵᠤ ᠂ ᠭᠠᠯ ᠤᠨ ᠠᠶᠤᠯ ᠤᠨ  ᠳᠠᠯᠳᠠ ᠬᠡᠮ ᠢ ᠦᠨᠡᠨᠬᠦ ᠡᠵᠡᠮᠰᠢᠵᠦ᠂ ᠪᠠᠶᠢᠴᠠᠭᠠᠨ ᠣᠯᠣᠭᠰᠠᠨ ᠭᠠᠯ ᠤᠨ ᠠᠶᠤᠯ ᠤᠨ ᠳᠠᠯᠳᠠ ᠬᠡᠮ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ 2. ᠭᠠᠯ ᠰᠡᠷᠭᠡᠶᠢᠯᠡᠯᠲᠡ ᠶᠢᠨ ᠬᠠᠤᠯᠢ ᠴᠠᠭᠠᠵᠠ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠬᠦᠴᠦᠨ ᠲᠡᠭᠦᠯᠳᠡᠷ ᠠᠷᠭ᠎ᠠ ᠪᠠᠷ ᠪᠠᠶᠢᠴᠠᠭᠠᠨ ᠰᠢᠢᠳᠬᠡᠬᠦ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠤᠯᠢ ᠴᠠᠭᠠᠵᠠ ᠶᠢᠨ ᠠᠷᠭ᠎ᠠ ᠪᠠᠷᠢᠯ ᠢ ᠭᠦᠢᠴᠡᠳ ᠰᠠᠶᠢᠲᠤᠷ ᠴᠢᠩᠭ᠎ᠠ ᠠᠰᠢᠭᠯᠠᠵᠤ᠂ ᠪᠠᠶᠢᠴᠠᠭᠠᠨ ᠲᠣᠳᠣᠯᠠᠭᠰᠠᠨ ᠭᠠᠯ  ᠤᠨ ᠠᠶᠤᠯ ᠤᠨ ᠳᠠᠯᠳᠠ ᠬᠡᠮ ᠢ ᠬᠠᠤᠯᠢ ᠶᠣᠰᠣᠭᠠᠷ ᠬᠠᠤᠯᠢ ᠴᠠᠭᠠᠵᠠ ᠶᠢᠨ ᠪᠢᠴᠢᠭ ᠮᠠᠲ᠋ᠧᠷᠢᠶᠠᠯ  ᠪᠠᠭᠤᠯᠭᠠᠬᠤ ᠶᠢᠨ ᠬᠠᠮᠲᠤ ᠮᠥᠷᠳᠡᠨ ᠠᠰᠠᠭᠤᠵᠤ᠂  ᠬᠤᠭᠤᠴᠠᠭ᠎ᠠ ᠲᠣᠭᠲᠠᠭᠠᠨ ᠳᠠᠬᠢᠨ ᠳᠠᠪᠲᠠᠨ ᠪᠠᠶᠢᠴᠠᠭᠠᠵᠤ᠂ ᠭᠠᠯ ᠤᠨ ᠠᠶᠤᠯ ᠢ ᠤᠰᠠᠳᠬᠠᠲᠠᠯ᠎ᠠ ᠪᠠᠶᠢᠴᠠᠭᠠᠨ᠎ᠠ᠃ ᠵᠠᠰᠠᠭ ᠤᠨ ᠣᠷᠳᠣᠨ ᠤ ᠡᠯ᠎ᠡ ᠴᠢᠳᠠᠪᠬᠢᠲᠤ ᠰᠠᠯᠠᠭ᠎ᠠ ᠮᠥᠴᠢᠷ᠂ ︽ᠳᠦᠷᠪᠡᠨ ᠵᠤᠷᠪᠤᠰ ᠴᠢᠩᠭ᠎ᠠ ᠳᠦᠷᠢᠮ︾ ᠢ ᠴᠢᠩᠭ᠎ᠠ ᠬᠡᠷᠡᠭᠵᠢᠭᠦᠯᠵᠦ᠂ ᠭᠠᠯ ᠰᠡᠷᠭᠡᠶᠢᠯᠡᠬᠦ ᠵᠠᠰᠠᠭ ᠵᠠᠬᠢᠷᠭᠠᠨ ᠤ ᠵᠥᠪᠰᠢᠶᠡᠷᠡᠯ ᠢ ᠣᠯᠤᠭ᠎ᠠ ᠦᠭᠡᠢ ᠳᠤᠷ᠎ᠠ ᠪᠠᠷ ᠠᠰᠢᠭᠯᠠᠯᠲᠠ ᠳᠤ ᠣᠷᠣᠭᠤᠯᠵᠤ᠂ ᠡᠵᠡᠩᠨᠡᠭᠰᠡᠨ ᠪᠠᠶᠢᠭᠤᠯᠭ᠎ᠠ ᠨᠢᠭᠡᠴᠡ ᠪᠣᠯᠣᠨ ᠲᠠᠯᠠᠪᠤᠷ ᠢ᠂ ᠪᠦᠬᠦᠨ ᠢ ᠬᠠᠤᠯᠢ ᠶᠣᠰᠣᠭᠠᠷ ᠬᠡᠷᠡᠭᠯᠡᠬᠦ ᠶᠢ ᠵᠣᠭᠰᠣᠭᠠᠬᠤ᠂  ᠦᠢᠯᠡᠳᠪᠦᠷᠢᠯᠡᠨ ᠬᠡᠷᠡᠭᠯᠡᠬᠦ ᠶᠢ ᠵᠠᠷᠯᠢᠭᠳᠠᠨ ᠵᠣᠭᠰᠣᠭᠠᠨ᠎ᠠ︔ ᠭᠠᠯ ᠢ ᠰᠡᠷᠭᠡᠶᠢᠯᠡᠬᠦ ᠬᠠᠤᠯᠢ ᠴᠠᠭᠠᠵᠠ ᠬᠠᠤᠯᠢ ᠳᠦᠷᠢᠮ ᠢ ᠬᠦᠨᠳᠦ ᠨᠣᠴᠢᠲᠠᠢ ᠵᠥᠷᠢᠴᠡᠭᠰᠡᠨ ᠪᠠᠶᠢᠭᠤᠯᠭ᠎ᠠ ᠨᠢᠭᠡᠴᠡ ᠪᠠ ᠬᠤᠪᠢ ᠬᠥᠮᠥᠨ ᠢ ᠪᠦᠬᠦᠨ ᠢ ᠬᠠᠤᠯᠢ ᠶᠣᠰᠣᠭᠠᠷ ᠲᠣᠷᠭᠠᠬᠤ᠂ ᠲᠦᠷ ᠬᠤᠷᠢᠬᠤ᠂ ᠬᠠᠭᠠᠵᠤ ᠵᠣᠭᠰᠣᠭᠠᠬᠤ ᠵᠡᠷᠭᠡ ᠬᠠᠤᠯᠢ ᠬᠡᠷᠡᠭᠵᠢᠭᠦᠯᠬᠦ ᠠᠷᠭ᠎ᠠ ᠪᠠᠷᠢᠯ ᠠᠪᠤᠨ᠎ᠠ︔ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠳᠤ ᠴᠢᠩᠭ᠎ᠠ ᠬᠠᠷᠢᠭᠤᠴᠠᠵᠤ᠂ ᠭᠠᠯ ᠰᠡᠷᠭᠡᠶᠢᠯᠡᠬᠦ ᠠᠮᠤᠷ ᠲᠦᠪᠰᠢᠨ ᠤ ᠨᠥᠬᠦᠴᠡᠯ ᠳᠤ ᠨᠡᠶᠢᠴᠡᠬᠦ ᠦᠭᠡᠢ ᠶᠢ ᠴᠥᠮ  ᠵᠥᠪᠰᠢᠶᠡᠷᠡᠯ ᠥᠭᠴᠦ ᠪᠣᠯᠬᠤ ᠦᠭᠡᠢ᠃ 3. ᠬᠠᠤᠯᠢ ᠪᠤᠰᠤ ᠬᠠᠤᠯᠢ ᠶᠢ ᠵᠥᠷᠢᠴᠡᠭᠰᠡᠨ ᠪᠠᠷᠢᠯᠭ᠎ᠠ ᠶᠢ ᠬᠤᠭᠤᠴᠠᠭ᠎ᠠ ᠲᠣᠭᠲᠠᠭᠠᠵᠤ ᠴᠡᠭᠴᠡᠯᠡᠨ᠎ᠡ᠃ ᠪᠠᠶᠢᠴᠠᠭᠠᠨ ᠲᠣᠳᠣᠯᠠᠭᠰᠠᠨ ᠬᠠᠤᠯᠢ ᠪᠤᠰᠤ ᠬᠠᠤᠯᠢ ᠶᠢ ᠵᠥᠷᠢᠴᠡᠭᠰᠡᠨ ᠪᠠᠷᠢᠯᠭ᠎ᠠ ᠶᠢ ᠳᠣᠲᠣᠭᠠᠳᠤ ᠶᠢ ᠬᠠᠮᠠᠭᠠᠯᠠᠬᠤ ᠭᠠᠯ ᠰᠡᠷᠭᠡᠶᠢᠯᠡᠬᠦ ᠶᠡᠭᠡ ᠠᠩᠭᠢ ᠪᠢᠴᠢᠭ ᠮᠠᠲ᠋ᠧᠷᠢᠶᠠᠯ ᠤᠨ ᠬᠡᠯᠪᠡᠷᠢ ᠪᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ᠂ ᠬᠤᠭᠤᠴᠠᠭ᠎ᠠ ᠲᠣᠭᠲᠠᠭᠠᠵᠤ ᠴᠡᠭᠴᠡᠯᠡᠬᠦ ᠰᠠᠨᠠᠯ ᠳᠤᠷᠠᠳᠬᠤ ᠶᠢᠨ ᠬᠠᠮᠲᠤ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠭᠠᠯ ᠢ ᠰᠡᠷᠭᠡᠶᠢᠯᠡᠬᠦ ᠰᠠᠯᠠᠭ᠎ᠠ ᠮᠥᠴᠢᠷ ᠪᠣᠯᠣᠨ ᠬᠠᠮᠢᠶ᠎ᠠ ᠪᠦᠬᠦᠢ  ᠴᠢᠳᠠᠪᠬᠢᠲᠤ ᠰᠠᠯᠠᠭ᠎ᠠ ᠮᠥᠴᠢᠷ ᠲᠤ ᠮᠡᠳᠡᠭᠦᠯᠦᠨ ᠬᠠᠮᠲᠤ ᠪᠠᠷ ᠲᠦᠯᠬᠢᠨ ᠠᠬᠢᠭᠤᠯᠵᠤ ᠰᠢᠢᠳᠪᠦᠷᠢᠯᠡᠨ᠎ᠡ᠃ 4. ᠣᠯᠠᠨ ᠲᠦᠮᠡᠨ ᠢ ᠳᠠᠶᠢᠴᠢᠯᠠᠨ ᠭᠠᠯ ᠤᠨ ᠠᠶᠤᠯ ᠤᠨ ᠬᠤᠣᠷ ᠬᠥᠨᠥᠭᠡᠯ ᠤᠨ ᠳᠠᠯᠳᠠ ᠬᠡᠮ ᠢ  ᠢᠯᠡᠴᠢᠯᠡᠨ ᠮᠡᠳᠡᠭᠦᠯᠵᠦ ᠵᠠᠭᠠᠯᠳᠤᠨ᠎ᠠ᠃ ᠠᠷᠠᠳ ᠣᠯᠠᠨ ᠢ ᠥᠷᠭᠡᠨ ᠢᠶᠠᠷ ᠳᠠᠶᠢᠴᠢᠯᠠᠨ᠂ 6603119 ᠰᠢᠭᠤᠳ ᠤᠲᠠᠰᠤ ᠪᠠᠷ ᠳᠠᠮᠵᠢᠵᠤ᠂  ᠣᠶᠢᠷ᠎ᠠ ᠬᠠᠪᠢ ᠶᠢᠨ ᠭᠠᠯ ᠤᠨ ᠠᠶᠤᠯ ᠢ ᠢᠯᠡᠴᠢᠯᠡᠨ ᠮᠡᠳᠡᠭᠦᠯᠵᠦ  ᠵᠠᠭᠠᠯᠳᠤᠨ᠎ᠠ᠃ 5. ᠪᠣᠳᠠᠲᠤ ᠨᠡᠷ᠎ᠡ ᠶᠢᠨ ᠳᠦᠷᠢᠮ ᠤᠨ ᠵᠢᠭᠰᠠᠭᠠᠨ ᠪᠠᠶᠢᠴᠠᠭᠠᠯᠲᠠ ᠶᠢ ᠬᠡᠷᠡᠭᠵᠢᠭᠦᠯᠦᠨ᠎ᠡ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠭᠠᠯ ᠰᠡᠷᠭᠡᠶᠢᠯᠡᠬᠦ  ᠬᠢᠨᠠᠯᠲᠠ ᠲᠠᠯᠪᠢᠬᠤ ᠳᠣᠲᠣᠭᠠᠳᠤ ᠳᠠᠬᠢ ᠲᠣᠣᠷ ᠰᠦᠯᠵᠢᠶᠡᠨ ᠤ ᠬᠠᠮᠢᠶᠠᠷᠤᠯᠲᠠ   ᠶᠢ ᠬᠡᠷᠡᠭᠵᠢᠭᠦᠯᠵᠦ᠂  ᠲᠣᠣᠷᠵᠢᠯ  ᠤᠨ ᠬᠠᠷᠢᠭᠤᠴᠠᠯᠭ᠎ᠠ ᠶᠢᠨ ᠣᠷᠣᠨ ᠬᠡᠪᠴᠢᠶ᠎ᠡ ᠶᠢ  ᠲᠣᠳᠣᠷᠬᠠᠶᠢᠯᠠᠵᠤ᠂ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠭᠠᠯ ᠢ ᠰᠡᠷᠭᠡᠶᠢᠯᠡᠬᠦ ᠬᠢᠨᠠᠯᠲᠠ ᠲᠠᠯᠪᠢᠬᠤ ᠪᠦᠬᠦ ᠺᠠᠳ᠋ᠷ ᠪᠣᠯᠣᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠣᠮᠢᠯᠠᠭᠰᠠᠨ ᠰᠠᠯᠠᠪᠤᠷᠢ ᠶᠢᠨ ᠠᠷᠠᠳ ᠤᠨ ᠴᠠᠭᠳᠠᠭ᠎ᠠ ᠪᠦᠷ ᠲᠤᠰᠬᠠᠢ ᠬᠥᠮᠥᠨ ᠲᠣᠭᠲᠠᠭᠠᠬᠤ ᠪᠠ‌‍ᠲ᠋ᠣᠣᠷ ᠰᠡᠷᠡᠯᠵᠢᠯᠲᠡ ᠶᠢᠨ ︽ᠪᠣᠳᠠᠲᠤ ᠨᠡᠷ᠎ᠡ  ᠶᠢᠨ ᠳᠦᠷᠢᠮ︾ ᠤᠨ ᠬᠢᠨᠠᠯᠲᠠ ᠬᠠᠮᠢᠶᠠᠷᠤᠯᠲᠠ ᠶᠢ ᠲᠣᠭᠲᠠᠭᠠᠨ᠎ᠠ᠃ 6. ᠲᠣᠣᠷ  ᠤᠨ ᠰᠡᠷᠡᠯᠵᠢᠯᠲᠡ ᠶᠢᠨ ᠪᠠᠶᠢᠴᠠᠭᠠᠯᠲᠠ ᠬᠢᠭᠡᠳ ᠪᠠᠶᠢᠭᠤᠯᠭ᠎ᠠ ᠨᠢᠭᠡᠴᠡ ᠥᠪᠡᠷ ᠢ ᠪᠠᠨ ᠪᠠᠶᠢᠴᠠᠭᠠᠬᠤ᠂ ᠥᠪᠡᠷ ᠢ ᠪᠠᠨ ᠵᠠᠯᠠᠷᠠᠭᠤᠯᠬᠤ ᠶᠢ ᠬᠡᠷᠡᠭᠵᠢᠭᠦᠯᠦᠨ᠎ᠡ᠃ ᠰᠤᠮᠤ ᠪᠠᠯᠭᠠᠰᠤᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠲᠣᠣᠷ ᠤᠨ ᠰᠡᠷᠡᠯᠵᠢᠯᠲᠡ ᠶᠢᠨ ᠬᠠᠮᠢᠶᠠᠷᠤᠯᠲᠠ ᠶᠢ ᠨᠠᠶᠢᠳᠠᠪᠤᠷᠢᠵᠢᠭᠤᠯᠵᠤ᠂ ᠲᠣᠣᠷ  ᠤᠨ ᠰᠡᠷᠡᠯᠵᠢ  ᠶᠢᠨ ᠠᠵᠢᠯ ᠤᠨ ᠬᠠᠷᠢᠭᠤᠴᠠᠯᠭᠠᠲᠠᠨ᠂ ᠬᠠᠮᠢᠶᠠᠷᠤᠭᠴᠢ ᠶᠢ  ᠲᠣᠳᠣ ᠪᠣᠯᠭᠠᠵᠤ᠂ ᠲᠣᠣᠷ  ᠤᠨ ᠰᠠᠷᠠᠯᠵᠢ ᠶᠢᠨ ᠳᠠᠷᠤᠭ᠎ᠠ᠂ ᠲᠣᠣᠷ  ᠤᠨ ᠰᠠᠷᠠᠯᠵᠢ ᠶᠢᠨ ᠠᠵᠢᠯᠲᠠᠨ ᠢ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠵᠠᠰᠠᠭ ᠤᠨ ᠡᠷᠬᠡ ᠪᠣᠯᠣᠨ ᠪᠦᠯᠦᠭ ᠢᠶᠠᠷ ᠰᠡᠷᠭᠡᠶᠢᠯᠡᠨ ᠪᠦᠯᠦᠭ ᠪᠠᠷ ᠵᠠᠰᠠᠬᠤ ᠬᠦᠴᠦᠨ ᠢ ᠳᠠᠶᠢᠴᠢᠯᠠᠨ᠂ ᠪᠠᠭ᠎ᠠ ᠪᠠᠶᠢᠭᠤᠯᠭ᠎ᠠ᠂  ᠪᠠᠭ᠎ᠠ ᠲᠠᠯᠠᠪᠤᠷ ᠵᠢᠴᠢ ᠰᠠᠭᠤᠭᠠᠯᠢ ︵ᠭᠠᠴᠠᠭᠠᠨ ᠤ︶ ᠠᠷᠠᠳ ᠤᠨ ᠠᠰᠠᠷ   ᠬᠦᠷᠢᠶ᠎ᠡ᠂ ᠭᠠᠴᠠᠭᠠᠨ ᠤ ᠳᠤᠭᠤᠶᠢᠯᠠᠩ ᠤᠨ ᠲᠣᠣᠷ ᠤᠨ ᠰᠡᠷᠡᠯᠵᠢᠯᠲᠡ ᠶᠢᠨ ᠪᠠᠶᠢᠴᠠᠭᠠᠯᠲᠠ ᠬᠢᠨ᠎ᠡ᠃ ᠭᠠᠯ ᠰᠡᠷᠭᠡᠶᠢᠯᠡᠬᠦ ᠠᠮᠤᠷ ᠲᠦᠪᠰᠢᠨ ᠤ ᠭᠤᠣᠯ  ᠨᠢᠭᠡᠴᠡ ᠶᠢᠨ︽ᠡᠷᠦᠬᠡ ᠠᠮᠠ ᠶᠢ ᠳᠠᠩᠰᠠᠯᠠᠬᠤ︾ ᠬᠠᠮᠢᠶᠠᠷᠤᠯᠲᠠ ᠶᠢ ᠭᠦᠨᠵᠡᠭᠡᠢ ᠲᠦᠯᠬᠢᠨ ᠠᠬᠢᠭᠤᠯᠵᠤ᠂ ᠱᠠᠭᠠᠷᠳᠠᠨ ᠪᠠᠶᠢᠴᠠᠭᠠᠬᠤ ᠨᠢᠭᠡᠴᠡ ᠭᠠᠯ ᠰᠡᠷᠭᠡᠶᠢᠯᠡᠬᠦ ᠠᠮᠤᠷ ᠲᠦᠪᠰᠢᠨ ᠤ ᠬᠠᠮᠢᠶᠠᠷᠤᠭᠴᠢ ᠶᠢᠨ ᠲᠤᠰᠢᠶᠠᠯ ᠭᠦᠢᠴᠡᠳᠬᠡᠬᠦ᠂ ᠲᠣᠨᠤᠭ ᠲᠥᠬᠦᠭᠡᠷᠦᠮᠵᠢ ᠶᠢ ᠬᠠᠮᠠᠭᠠᠯᠠᠨ ᠬᠠᠮᠢᠶᠠᠷᠴᠤ᠂ ᠭᠠᠯ ᠢ ᠰᠡᠷᠭᠡᠶᠢᠯᠡᠬᠦ ᠠᠮᠤᠷ ᠲᠦᠪᠰᠢᠨ ᠢ ᠦᠨᠡᠯᠡᠬᠦ ᠵᠡᠷᠭᠡ ︽ᠭᠤᠷᠪᠠᠨ ᠲᠥᠷᠥᠯ ᠤᠨ ᠮᠡᠳᠡᠭᠦᠯᠦᠯᠲᠡ ᠶᠢ ᠳᠠᠩᠰᠠᠯᠠᠨ ᠲᠡᠮᠳᠡᠭᠯᠡᠬᠦ︾ ᠳᠦᠷᠢᠮ ᠢ ᠨᠠᠶᠢᠳᠠᠪᠤᠷᠢᠵᠢᠭᠤᠯᠵᠤ᠂ ᠭᠠᠯ ᠰᠡᠷᠭᠡᠶᠢᠯᠡᠬᠦ ᠠᠮᠤᠷ ᠲᠦᠪᠰᠢᠨ ᠤ ᠭᠤᠣᠯ ᠬᠡᠰᠡᠭ᠂ ᠭᠠᠯ ᠤᠨ ᠭᠠᠮᠰᠢᠭ ᠤᠨ ᠡᠬᠢ ᠡᠭᠦᠰᠦᠯᠲᠡ᠂ ᠠᠮᠤᠷ ᠲᠦᠪᠰᠢᠨ ᠲᠠᠷᠬᠠᠭᠠᠬᠤ ᠲᠣᠨᠤᠭ ᠲᠥᠬᠦᠭᠡᠷᠦᠮᠵᠢ᠂ ᠭᠡᠷ ᠪᠠᠷᠢᠯᠭ᠎ᠠ ᠶᠢᠨ ᠭᠠᠯ ᠰᠡᠷᠭᠡᠶᠢᠯᠡᠬᠦ ᠲᠣᠨᠤᠭ ᠲᠥᠬᠦᠭᠡᠷᠦᠮᠵᠢ᠂ ᠭᠠᠷ ᠤᠷᠠᠯᠠᠯ ᠢ ᠦᠢᠯᠡᠳᠪᠦᠷᠢᠯᠡᠬᠦ ᠲᠣᠨᠣᠭᠯᠠᠯ ᠪᠠ ᠭᠠᠯ ᠰᠡᠷᠭᠡᠶᠢᠯᠡᠬᠦ ᠠᠮᠤᠷ ᠲᠦᠪᠰᠢᠨ ᠢ ᠬᠠᠮᠢᠶᠠᠷᠬᠤ ᠬᠠᠷᠢᠭᠤᠴᠠᠯᠭᠠᠲᠠᠨ ᠵᠡᠷᠭᠡ ᠵᠢᠷᠭᠤᠭᠠᠨ ᠲᠠᠯ᠎ᠠ ᠳᠤ ᠲᠣᠳᠣᠷᠬᠠᠶᠢᠯᠠᠨ ᠢᠯᠡᠳᠬᠡᠬᠦ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠭᠠᠯ ᠤᠨ ᠠᠶᠤᠯ ᠤᠨ ᠳᠠᠯᠳᠠ ᠬᠡᠮ ᠢ ᠪᠦᠬᠦ ᠲᠠᠯ᠎ᠠ ᠪᠠᠷ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠵᠤ᠂ ᠭᠡᠷ ᠪᠠᠷᠢᠯᠭ᠎ᠠ ᠶᠢᠨ ᠭᠠᠯ ᠢ ᠰᠡᠷᠭᠡᠶᠢᠯᠡᠬᠦ ᠲᠣᠨᠤᠭ ᠲᠥᠬᠦᠭᠡᠷᠦᠮᠵᠢ ᠶᠢᠨ ᠪᠦᠷᠢᠨ ᠪᠦᠲᠦᠨ ᠤ ᠨᠤᠷᠮ᠎ᠠ ᠶᠢ ᠳᠡᠭᠡᠭᠰᠢᠯᠡᠭᠦᠯᠵᠦ᠂ ᠬᠤᠪᠢ ᠪᠡᠶ᠎ᠡ ᠶᠢᠨ ᠭᠠᠯ ᠢ ᠰᠡᠷᠭᠡᠶᠢᠯᠡᠬᠦ ᠬᠠᠮᠢᠶᠠᠷᠤᠯᠲᠠ ᠶᠢᠨ ᠬᠢᠷᠢ ᠲᠦᠪᠰᠢᠨ ᠪᠠᠨ ᠳᠡᠭᠡᠭᠰᠢᠯᠡᠭᠦᠯᠦᠨ᠎ᠡ᠃ ᠳᠥᠷᠪᠡ᠂ ᠭᠠᠯ ᠢ ᠰᠡᠷᠭᠡᠶᠢᠯᠡᠬᠦ ᠤᠬᠠᠭᠤᠯᠭ᠎ᠠ  ᠬᠥᠮᠥᠵᠢᠯ ᠤᠨ ᠪᠣᠯᠪᠠᠰᠤᠷᠠᠯ ᠢ ᠲᠥᠪᠯᠡᠷᠡᠭᠦᠯᠦᠨ ᠥᠷᠨᠢᠭᠦᠯᠬᠦ ︵ ᠨᠢᠭᠡ︶ ᠠᠵᠢᠯ ᠤᠨ ᠡᠭᠦᠷᠭᠡ1. ᠭᠠᠯ ᠢ ᠰᠡᠷᠭᠡᠶᠢᠯᠡᠬᠦ ᠰᠣᠨᠢᠨ ᠮᠡᠳᠡᠭᠡᠨ ᠤ ᠤᠬᠠᠭᠤᠯᠭ᠎ᠠ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠰᠣᠨᠢᠨ ᠮᠡᠳᠡᠭᠡᠨ ᠤ ᠵᠠᠭᠤᠴᠢ ᠶᠢ ᠵᠣᠬᠢᠴᠠᠭᠤᠯᠤᠨ ᠮᠠᠨ  ᠤ ᠬᠤᠰᠢᠭᠤᠨ ᠤ ᠡᠨᠡ ᠡᠪᠦᠯ ᠢᠷᠡᠬᠦ ᠬᠠᠪᠤᠷ ᠤᠨ ᠭᠠᠯ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠠᠵᠢᠯ ᠤᠨ ᠤᠬᠠᠭᠤᠯᠬᠤ ᠮᠡᠳᠡᠭᠡ ᠶᠢ ᠴᠢᠩᠭᠠᠳᠬᠠᠬᠤ᠂ ᠭᠤᠣᠯ ᠠᠭᠤᠯᠭ᠎ᠠ ᠨᠢ᠄ ︽ᠭᠠᠯ ᠤᠨ ᠠᠶᠤᠯ ᠢ ᠤᠰᠠᠳᠬᠠᠬᠤ︾ ᠠᠵᠢᠯᠯᠠᠭᠠᠨ‌‍ᠣ ᠪᠠᠶᠢᠷᠢᠯᠠᠭᠤᠯᠤᠯᠲᠠ ᠶᠢ ᠥᠷᠨᠢᠭᠦᠯᠬᠦ᠂ ᠠᠵᠢᠯ ᠤᠨ ᠪᠠᠶᠢᠳᠠᠯ ᠪᠣᠯᠣᠨ ᠰᠢᠯᠢᠳᠡᠭ ᠲᠤᠷᠰᠢᠯᠭ᠎ᠠ  ᠪᠠᠭᠲᠠᠨ᠎ᠠ︔ ᠭᠠᠯ ᠤᠨ ᠠᠶᠤᠯ ᠢ ᠵᠢᠭᠰᠠᠭᠠᠨ ᠪᠠᠶᠢᠴᠠᠭᠠᠬᠤ ᠴᠡᠭᠴᠡᠯᠡᠨ ᠵᠠᠰᠠᠬᠤ ᠠᠵᠢᠯ ᠤᠨ ᠶᠠᠪᠤᠭᠳᠠᠵᠤ ᠪᠠᠶᠢᠭ᠎ᠠ ᠪᠠᠶᠢᠳᠠᠯ᠂ ᠨᠡᠶᠢᠲᠡᠯᠢᠭ ᠠᠷᠭ᠎ᠠ ᠪᠠᠷᠢᠯ ᠪᠠᠭᠲᠠᠨ᠎ᠠ︔ ᠬᠦᠨᠳᠦ ᠶᠡᠭᠡ ᠭᠠᠯ ᠤᠨ ᠠᠶᠤᠯ ᠤᠨ ᠳᠠᠯᠳᠠ ᠬᠡᠮ ᠢ ᠢᠯᠡᠴᠢᠯᠡᠭᠰᠡᠨ ᠪᠠᠶᠢᠳᠠᠯ᠂ ᠬᠡᠷᠡᠭ ᠵᠠᠷᠭᠤ ᠪᠠᠷ ᠬᠠᠤᠯᠢ ᠶᠠᠷᠢᠵᠤ ᠵᠠᠳᠠᠯᠠᠬᠤ ᠨᠡᠶᠢᠲᠡᠯᠢᠭ ᠭᠠᠯ ᠤᠨ ᠭᠠᠮᠰᠢᠭ ᠤᠨ ᠵᠢᠱᠢᠶ᠎ᠡ ᠶᠢ ᠰᠤᠳᠤᠯᠤᠨ ᠰᠢᠨᠵᠢᠯᠡᠨ᠎ᠡ︔ ᠭᠠᠯ ᠢ ᠰᠡᠷᠭᠡᠶᠢᠯᠡᠬᠦ ᠶᠡᠭᠡ ᠠᠩᠭᠢ ᠭᠠᠯ ᠢ ᠤᠨᠲᠠᠷᠠᠭᠠᠨ ᠠᠶᠤᠯ ᠠᠴᠠ ᠠᠪᠤᠷᠠᠬᠤ ᠠᠮᠢᠳᠤᠯᠢᠭ ᠪᠣᠳᠠᠲᠤ ᠬᠡᠷᠡᠭ ᠤᠴᠢᠷ ᠲᠤ ᠣᠷᠣᠯᠴᠠᠨ᠎ᠠ᠃2 . ᠨᠡᠶᠢᠭᠡᠮᠴᠢᠯᠡᠭᠰᠡᠨ ᠰᠤᠷᠲᠠᠯ ᠤᠬᠠᠭᠤᠯᠭ᠎ᠠ ᠶᠢᠨ ᠬᠥᠮᠥᠵᠢᠯ ᠤᠨ ᠬᠥᠳᠡᠯᠭᠡᠭᠡᠨ ᠢ ᠥᠷᠭᠡᠨ ᠢᠶᠠᠷ ᠥᠷᠨᠢᠭᠦᠯᠦᠨ᠎ᠡ᠃  ᠪᠦᠬᠦ ᠠᠷᠠᠳ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠣᠶᠢᠯᠭᠠᠬᠤ ᠨᠤᠷᠮ᠎ᠠ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠠᠮᠤᠷ ᠲᠦᠪᠰᠢᠨ ᠢᠶᠠᠷ ᠭᠠᠯ ᠢ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠲᠣᠰᠣ ᠬᠡᠷᠡᠭᠯᠡᠬᠦ᠂ ᠬᠡᠢ ᠬᠡᠷᠡᠭᠯᠡᠬᠦ ᠭᠠᠯ ᠢ ᠰᠡᠷᠭᠡᠶᠢᠯᠡᠬᠦ ᠠᠮᠤᠷ ᠲᠦᠪᠰᠢᠨ ᠤ ᠶᠡᠷᠦ ᠶᠢᠨ ᠮᠡᠳᠡᠯᠭᠡ᠂ ᠠᠮᠢ ᠵᠢᠭᠤᠲᠠᠨ ᠥᠪᠡᠷ ᠢ ᠪᠠᠨ ᠠᠪᠤᠷᠠᠬᠤ᠂ ᠬᠤᠸᠠᠷ ᠫᠤᠤᠵᠢᠩ ᠢ ᠠᠮᠤᠷ ᠲᠦᠪᠰᠢᠨ ᠲᠠᠯᠪᠢᠬᠤ ᠮᠡᠳᠡᠯᠭᠡ ᠶᠢᠨ ᠤᠬᠠᠭᠤᠯᠭ᠎ᠠ ᠶᠢ ᠴᠢᠩᠭᠠᠳᠬᠠᠨ᠎ᠠ︔ ︽ᠪᠦᠬᠦ ᠠᠷᠠᠳ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠤᠬᠠᠭᠤᠯᠭ᠎ᠠ ᠬᠥᠮᠥᠵᠢᠯ ᠤᠨ ᠬᠥᠲᠥᠯᠪᠦᠷᠢ︾ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠠᠮᠤᠷ ᠲᠦᠪᠰᠢᠨ ᠨᠡᠶᠢᠭᠡᠮ ᠲᠣᠭᠤᠷᠢᠭ᠂ ᠠᠮᠤᠷ ᠲᠦᠪᠰᠢᠨ ᠰᠤᠷᠭᠠᠭᠤᠯᠢ ᠶᠢᠨ ᠬᠦᠷᠢᠶ᠎ᠡ᠂ ᠠᠮᠤᠷ ᠲᠦᠪᠰᠢᠨ ᠭᠠᠴᠠᠭ᠎ᠠ᠂ ᠠᠮᠤᠷ ᠲᠦᠪᠰᠢᠨ ᠨᠡᠶᠢᠭᠡᠮ ᠨᠢᠭᠡᠴᠡ ᠠᠴᠠ ᠭᠠᠷᠳᠠᠨ᠂  ᠰᠣᠷᠢᠯᠲᠠ᠂ ᠬᠥᠮᠥᠵᠢᠯ ᠪᠣᠯᠪᠠᠰᠤᠷᠠᠯ ᠪᠣᠯᠣᠨ ᠳᠠᠭᠤᠷᠢᠶᠠᠨ ᠣᠶᠢᠯᠠᠭᠠᠬᠤ ᠵᠡᠷᠭᠡ ᠣᠯᠠᠨ ᠬᠡᠯᠪᠡᠷᠢ ᠶᠢᠨ ᠭᠤᠣᠯ ᠰᠡᠳᠦᠪᠲᠦ ᠤᠬᠠᠭᠤᠯᠭ᠎ᠠ ᠶᠢᠨ ᠬᠥᠳᠡᠯᠭᠡᠭᠡᠨ ᠢ ᠥᠷᠭᠡᠨ ᠢᠶᠠᠷ ᠥᠷᠨᠢᠭᠦᠯᠵᠦ᠂ ᠭᠠᠯ ᠤᠨ ᠠᠮᠤᠷ ᠲᠦᠪᠰᠢᠨ ᠢ ᠰᠡᠷᠭᠡᠶᠢᠯᠡᠬᠦ ᠶᠡᠷᠦ ᠶᠢᠨ ᠮᠡᠳᠡᠯᠭᠡ ᠪᠣᠯᠣᠨ ᠥᠪᠡᠷ ᠢ ᠪᠠᠨ ᠬᠠᠮᠠᠭᠠᠯᠠᠵᠤ ᠠᠪᠤᠷᠠᠬᠤ ᠴᠢᠳᠠᠪᠤᠷᠢ ᠶᠢ ᠶᠡᠭᠡ ᠬᠦᠴᠦᠨ ᠢᠶᠠᠷ ᠲᠦᠭᠡᠮᠡᠯᠵᠢᠭᠦᠯᠦᠨ᠎ᠡ᠃3. ᠦᠨᠡᠮᠯᠡᠯ ᠭᠠᠷᠳᠠᠨ ᠠᠵᠢᠯ ᠤᠨ ᠪᠠᠶᠢᠷᠢᠨ ᠳᠤ ᠭᠠᠷᠬᠤ ᠨᠤᠷᠮ᠎ᠠ ᠶᠢ ᠳᠡᠭᠡᠭᠰᠢᠯᠡᠭᠦᠯᠦᠨ᠎ᠡ᠃  ᠭᠠᠯ ᠰᠡᠷᠭᠡᠶᠢᠯᠡᠬᠦ ᠶᠢ ᠡᠵᠡᠮᠳᠡᠬᠦ ᠲᠠᠰᠤᠭ ᠤᠨ ᠵᠢᠵᠢᠭᠦᠷᠯᠡᠬᠦ ᠵᠢᠯᠣᠭᠤᠳᠤᠭᠴᠢ ᠠᠵᠢᠯ ᠤᠨ ᠪᠠᠶᠢᠷᠢᠨ ᠳᠠᠬᠢ ᠠᠵᠢᠯ ᠤᠨ ᠱᠠᠭᠠᠷᠳᠠᠯᠭ᠎ᠠ  ᠪᠣᠯᠣᠨ  ᠪᠠᠴᠢᠮ ᠪᠠᠶᠢᠳᠠᠯ ᠢ  ᠠᠷᠭᠠᠴᠠᠭᠠᠵᠤ ᠰᠢᠢᠳᠪᠦᠷᠢᠯᠡᠬᠦ ᠶᠠᠪᠤᠴᠠ ᠶᠢ  ᠣᠶᠢᠯᠠᠭᠠᠵᠤ᠂ 100 % ᠪᠠᠷ ᠪᠣᠯᠪᠠᠰᠤᠷᠠᠯ ᠢᠶᠠᠷ ᠳᠠᠮᠵᠢᠨ ᠠᠵᠢᠯ ᠤᠨ ᠪᠠᠶᠢᠷᠢᠨ ᠳᠤ ᠭᠠᠷᠤᠨ᠎ᠠ᠃ ︵ᠬᠤᠶᠠᠷ︶ ᠠᠵᠢᠯ ᠤᠨ ᠠᠷᠭ᠎ᠠ ᠬᠡᠮᠵᠢᠶ᠎ᠡ1. ᠲᠤᠬᠠᠢ ᠶᠢᠨ ᠭᠠᠵᠠᠷ ᠤᠨ ᠰᠣᠨᠢᠨ ᠮᠡᠳᠡᠭᠡᠨ ᠤ ᠵᠠᠭᠤᠴᠢ ᠶᠢ ᠵᠣᠬᠢᠴᠠᠭᠤᠯᠤᠨ ︽ᠭᠠᠯ ᠤᠨ ᠭᠠᠮᠰᠢᠭ ᠢ ᠪᠦᠬᠦᠨ ᠢ ᠤᠰᠠᠳᠬᠠᠬᠤ︾ ᠲᠤᠰᠬᠠᠢ  ᠪᠤᠯᠤᠩ ᠢ ᠬᠠᠮᠤᠭ ᠪᠠᠭ᠎ᠠ ᠳᠠᠭᠠᠨ2 ᠨᠡᠭᠡᠭᠡᠵᠦ᠂ ᠰᠠᠷ᠎ᠠ ᠪᠦᠷᠢ ᠷᠠᠳᠢᠣ᠋ ᠨᠡᠪᠲᠡᠷᠡᠭᠦᠯᠭᠡ᠂ ᠲᠧᠯᠸᠢᠰ ᠢᠶᠠᠷ ᠲᠤᠰᠬᠠᠢ ᠰᠡᠳᠦᠪ ᠭᠠᠷᠭᠠᠵᠤ᠂ ᠰᠣᠨᠢᠨ ᠮᠡᠳᠡᠭᠡᠨ ᠳᠡᠭᠡᠷ᠎ᠡ ᠨᠢᠭᠡ ᠲᠤᠰᠬᠠᠢ ᠨᠢᠭᠤᠷ ᠭᠠᠷᠭᠠᠵᠤ᠂ ᠠᠵᠢᠯᠯᠠᠭᠠᠨ ᠤ ᠱᠠᠭᠠᠷᠳᠠᠯᠭ᠎ᠠ  ᠂ ᠪᠠᠶᠢᠷᠢᠯᠠᠭᠤᠯᠤᠭᠰᠠᠨ ᠪᠠᠶᠢᠳᠠᠯ ᠪᠣᠯᠣᠨ ᠵᠠᠰᠠᠨ ᠰᠠᠶᠢᠵᠢᠷᠠᠭᠤᠯᠬᠤ ᠪᠠᠶᠢᠳᠠᠯ ᠢ  ᠪᠦᠬᠦ ᠲᠠᠯ᠎ᠠ   ᠪᠠᠷ ᠮᠡᠳᠡᠭᠡᠯᠡᠨ᠎ᠡ 2. ᠵᠠᠭᠤᠴᠢ ᠶᠢ ᠵᠣᠬᠢᠶᠠᠨ ᠪᠠᠶᠢᠭᠤᠯᠤᠨ ᠰᠤᠷᠪᠤᠯᠵᠢᠯᠠᠨ ᠮᠡᠳᠡᠭᠡᠯᠡᠨ᠎ᠡ᠃ ᠭᠠᠯ ᠰᠡᠷᠭᠡᠶᠢᠯᠡᠬᠦ ᠶᠢ ᠤᠬᠠᠭᠤᠯᠬᠤ ᠬᠤᠯᠪᠣᠭᠠᠯᠠᠨ ᠵᠢᠵᠢᠭᠦᠷᠯᠡᠬᠦ ᠠᠩᠭᠢ ᠶᠢᠨ ᠦᠢᠯᠡᠳᠦᠯ ᠢ ᠪᠠᠳᠠᠷᠠᠭᠤᠯᠵᠤ᠂ ᠵᠠᠭᠤᠴᠢ ᠶᠢᠨ ᠰᠤᠷᠪᠤᠯᠵᠢᠯᠠᠭᠴᠢ ᠶᠢ ᠵᠣᠬᠢᠶᠠᠨ ᠪᠠᠶᠢᠭᠤᠯᠤᠨ ᠭᠠᠵᠠᠷ ᠳᠣᠣᠷᠠᠬᠢ ᠪᠠᠷᠢᠯᠭ᠎ᠠ᠂ ︽ᠭᠤᠷᠪᠠ ᠶᠢ ᠨᠢᠭᠡᠳᠬᠡᠭᠡᠳ ᠨᠢᠭᠡ ᠪᠣᠯᠭᠠᠬᠤ︾᠂ ᠬᠤᠲᠠ ᠪᠠᠯᠭᠠᠰᠤᠨ ᠤ ᠬᠤᠯᠪᠣᠭᠠᠯᠠᠬᠤ ᠭᠠᠵᠠᠷ ᠵᠡᠷᠭᠡ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠰᠦᠯᠵᠢᠶᠡᠨ ᠤ ᠰᠡᠷᠡᠯᠵᠢᠯᠡᠯᠲᠡ ᠶᠢᠨ ᠪᠠᠶᠢᠴᠠᠭᠠᠯᠲᠠ᠂ ᠭᠤᠣᠯᠳᠠᠯᠭᠠᠲᠤ ᠪᠠᠶᠢᠭᠤᠯᠭ᠎ᠠ ᠨᠢᠭᠡᠴᠡ ᠶᠢᠨ ︽ᠡᠷᠦᠬᠡ ᠠᠮᠠ︾ ᠵᠢᠨ‌ᠬᠠᠮᠢᠶᠠᠷᠤᠯᠲᠠ᠂ ᠬᠦᠨᠳᠦ ᠶᠡᠭᠡ ᠭᠠᠯ ᠤᠨ ᠠᠶᠤᠯ ᠤᠨ ᠳᠠᠯᠳᠠ ᠬᠡᠮ ᠢ ᠫᠠᠶᠢᠰᠠ ᠡᠯᠭᠦᠨ ᠬᠢᠨᠠᠨ ᠰᠢᠢᠳᠪᠦᠷᠢᠯᠡᠬᠦ᠂ ᠵᠢᠴᠢ  ᠭᠠᠯ ᠤᠨ ᠠᠶᠤᠯ ᠤᠨ ᠳᠠᠯᠳᠠ ᠬᠡᠮ ᠢ ᠢᠯᠡᠴᠢᠯᠡᠨ ᠮᠡᠳᠡᠭᠦᠯᠬᠦ ᠶᠢ  ᠮᠥᠷᠳᠡᠨ ᠮᠡᠳᠡᠭᠡᠯᠡᠬᠦ ᠵᠡᠷᠭᠡ ᠠᠵᠢᠯ ᠢ  ᠭᠦᠨᠵᠡᠭᠡᠢ ᠰᠤᠷᠪᠤᠯᠵᠢᠯᠠᠨ᠎ᠠ᠃3. ᠲᠣᠣᠷ ᠰᠦᠯᠵᠢᠶ᠎ᠡ ᠪᠣᠯᠣᠨ ᠰᠢᠨ᠎ᠡ ᠪᠠᠷ ᠬᠥᠭᠵᠢᠭᠰᠡᠨ ᠵᠠᠭᠤᠴᠢ ᠶᠢ ᠠᠰᠢᠭᠯᠠᠨ ᠤᠬᠠᠭᠤᠯᠭ᠎ᠠ ᠥᠷᠨᠢᠭᠦᠯᠦᠨ᠎ᠡ᠃ ᠭᠡᠷ ᠤᠨ ᠭᠠᠳᠠᠨᠠᠬᠢ ᠬᠠᠷᠠᠭᠠᠨ ᠳᠠᠪᠲᠠᠮᠵᠢ᠂ ᠨᠡᠶᠢᠭᠡᠮ ᠨᠢᠭᠡᠴᠡ ᠶᠢᠨLED ᠳᠡᠯᠭᠡᠴᠡ ᠵᠡᠷᠭᠡ ᠰᠢᠨ᠎ᠡ ᠪᠠᠷ ᠪᠣᠢ ᠪᠣᠯᠣᠭᠰᠠᠨ ᠵᠠᠭᠤᠴᠢ ᠶᠢ ᠭᠦᠢᠴᠡᠳ ᠠᠰᠢᠭᠯᠠᠨ᠂ ᠭᠠᠯ ᠤᠨ ᠰᠡᠷᠭᠡᠶᠢᠯᠡᠯᠲᠡ ᠶᠢᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠤᠬᠠᠭᠤᠯᠭ᠎ᠠ ᠶᠢ ᠥᠷᠨᠢᠭᠦᠯᠦᠨ᠎ᠡ︔ ᠭᠠᠯ ᠢ ᠰᠡᠷᠭᠡᠶᠢᠯᠡᠬᠦ ᠤᠬᠠᠭᠤᠯᠭ᠎ᠠ ᠶᠢᠨ ᠲᠣᠭᠲᠠᠭᠰᠠᠨ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠭᠤᠣᠯ ᠵᠡᠭᠡᠯᠢ ᠳᠤ ᠬᠠᠮᠤᠭ ᠪᠠᠭ᠎ᠠ ᠳᠠᠭᠠᠨ ᠨᠢᠭᠡ  ᠪᠠᠶᠢᠩᠭᠤ ᠶᠢᠨ ᠴᠢᠨᠠᠷ ᠲᠠᠢ ᠲᠣᠭᠲᠠᠭᠰᠠᠨ ᠤᠬᠠᠭᠤᠯᠭ᠎ᠠ ᠶᠢᠨ ᠫᠠᠶᠢᠰᠠ ᠪᠣᠰᠬᠠᠨ᠎ᠠ᠃4. ᠭᠠᠯ ᠤᠨ ᠠᠮᠠᠷ ᠲᠦᠪᠰᠢᠨ ᠤ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠦᠨ᠎ᠡ᠃ ᠰᠢᠨ᠎ᠡ ᠪᠠᠷᠭᠤ ᠵᠡᠭᠦᠨ ᠬᠤᠰᠢᠭᠤᠨ ᠤ ᠲᠧᠯᠸᠢᠰ ᠬᠤᠷᠢᠶᠠᠨ ᠳᠤ ᠭᠠᠯ ᠰᠡᠷᠭᠡᠶᠢᠯᠡᠬᠦ ᠠᠮᠤᠷ ᠲᠦᠪᠰᠢᠨ ᠤ ᠨᠡᠶᠢᠲᠡ ᠶᠢᠨ ᠵᠠᠷ ᠮᠡᠳᠡᠭᠡ ᠶᠢ ᠥᠷᠭᠡᠨ ᠢᠶᠠᠷ ᠨᠠᠶᠢᠷᠠᠭᠤᠯᠵᠤ ᠨᠡᠪᠲᠡᠷᠡᠭᠦᠯᠦᠨ᠎ᠡ︔ ᠢᠰᠦ᠋ᠰ ᠤᠨ ᠮᠡᠨᠳᠦᠯᠡᠭᠰᠡᠨ ᠡᠳᠦᠷ᠂ ᠰᠢᠨ᠎ᠡ ᠵᠢᠯ  ᠴᠠᠭᠠᠨ ᠰᠠᠷ᠎ᠠ᠂ ᠦᠯᠵᠡᠶᠢᠲᠦ ᠡᠳᠦᠷ᠂ ᠪᠦᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠤ ᠵᠠᠭᠤᠴᠢ ᠪᠠᠷ ᠭᠠᠯ ᠢ ᠰᠡᠷᠭᠡᠶᠢᠯᠡᠬᠦ ᠠᠮᠤᠷ ᠲᠦᠪᠰᠢᠨ  ᠤ ᠠᠩᠬᠠᠷᠬᠤ ᠵᠦᠢᠯ ᠢ ᠲᠥᠪᠯᠡᠷᠡᠭᠦᠯᠦᠨ ᠨᠡᠪᠲᠡᠷᠡᠭᠦᠯᠦᠨ᠎ᠡ᠃ ᠭᠠᠷᠠᠭ ᠪᠦᠷᠢ ᠭᠠᠯ ᠢ ᠰᠡᠷᠭᠡᠶᠢᠯᠡᠬᠦ  ᠳᠠᠷᠤᠭ᠎ᠠ ᠪᠠᠶᠢᠯᠳᠤᠭᠴᠢ᠂ ᠰᠠᠶᠢᠨ ᠳᠤᠷ᠎ᠠ ᠶᠢᠨ ᠦᠢᠯᠡᠴᠢᠯᠡᠭᠴᠢ ᠶᠢ ᠵᠣᠬᠢᠶᠠᠨ ᠪᠠᠶᠢᠭᠤᠯᠤᠨ ᠰᠤᠷᠭᠠᠭᠤᠯᠢ᠂ ᠨᠡᠶᠢᠭᠡᠮ ᠲᠣᠭᠤᠷᠢᠭ᠂ ᠪᠠᠶᠢᠭᠤᠯᠭ᠎ᠠ‌ᠨᠢᠭᠡᠴᠡ ᠵᠡᠷᠭᠡ ᠳᠤ ᠭᠦᠨᠵᠡᠭᠡᠶᠢᠷᠡᠨ ᠬᠠᠮᠤᠭ ᠪᠠᠭ᠎ᠠ ᠳᠠᠭᠠᠨ ᠨᠢᠭᠡ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠭᠠᠯ ᠢ ᠰᠡᠷᠭᠡᠶᠢᠯᠡᠬᠦ ᠶᠡᠷᠦ ᠶᠢᠨ ᠮᠡᠳᠡᠯᠭᠡ ᠪᠠ ᠠᠮᠤᠷ ᠲᠦᠪᠰᠢᠨ ᠬᠤᠸᠠᠷ ᠫᠤᠤᠵᠢᠩ ᠲᠠᠯᠪᠢᠬᠤ ᠮᠡᠳᠡᠯᠭᠡ ᠶᠢ ᠲᠦᠭᠡᠮᠡᠯᠵᠢᠭᠦᠯᠦᠨ᠎ᠡ︔ ᠰᠠᠷ᠎ᠠ ᠪᠦᠷᠢ ᠨᠠᠰᠤᠲᠠᠨ ᠢ ᠠᠰᠠᠷᠠᠬᠤ ᠬᠦᠷᠢᠶᠡᠯᠡᠩ᠂ ᠠᠰᠠᠷᠠᠮᠵᠢ ᠶᠢᠨ ᠬᠦᠷᠢᠶᠡᠯᠡᠩ᠂ ᠬᠤᠲᠠ ᠣᠷᠣᠭᠰᠠᠨ ᠬᠥᠯᠥᠰᠦᠨ ᠠᠵᠢᠯᠴᠢᠨ᠂ ᠬᠥᠭᠰᠢᠨ ᠵᠡᠮᠳᠡᠭ  ᠪᠠᠭᠤᠷᠠᠶᠢᠣᠤᠳ ᠲᠤ ᠨᠢᠭᠡ ᠤᠳᠠᠭᠠᠨ ᠤ ︽ ᠡᠭᠦᠳᠦᠨ ᠳᠤᠨᠢ ᠬᠦᠷᠴᠦ ᠦᠢᠯᠡᠴᠢᠯᠡᠬᠦ ᠬᠡᠯᠪᠡᠷᠢ︾᠂ ︽ᠨᠢᠭᠤᠷᠳᠠᠬᠤ ᠬᠡᠯᠪᠡᠷᠢ︾   ᠪᠠᠷ ᠤᠬᠠᠭᠤᠯᠭ᠎ᠠ ᠬᠥᠮᠥᠵᠢᠯ ᠤᠨ  ᠦᠢᠯᠡᠴᠢᠯᠡᠭᠡᠨ ᠤ ᠬᠥᠳᠡᠯᠭᠡᠭᠡᠨ ᠢ ᠵᠣᠬᠢᠶᠠᠨ ᠪᠠᠶᠢᠭᠤᠯᠤᠨ᠎ᠠ᠃5.  ᠰᠠᠯᠠᠭ᠎ᠠ ᠮᠥᠴᠢᠷ ᠢ ᠲᠦᠯᠬᠢᠨ ᠠᠬᠢᠭᠤᠯᠵᠤ ᠤᠬᠠᠭᠤᠯᠭ᠎ᠠ ᠬᠥᠮᠥᠵᠢᠯ ᠥᠷᠨᠢᠭᠦᠯᠦᠨ᠎ᠡ᠃ ᠰᠤᠷᠭᠠᠨ ᠬᠥᠮᠥᠵᠢᠯ ᠤᠨ ᠰᠠᠯᠠᠭ᠎ᠠ ᠮᠥᠴᠢᠷ ᠲᠠᠢ  ᠬᠤᠯᠪᠣᠭᠠᠯᠠᠨ ᠡᠯ᠎ᠡ ᠰᠤᠷᠭᠠᠭᠤᠯᠢ   ᠳᠤ ᠡᠪᠦᠯ ᠤᠨ ᠠᠮᠠᠷᠠᠯᠲᠠ ᠶᠢᠨ ᠡᠮᠦᠨ᠎ᠡ ᠬᠤᠶᠢᠨ᠎ᠠ ︽ᠭᠠᠯ ᠢ ᠰᠡᠷᠭᠡᠶᠢᠯᠡᠬᠦ ᠬᠢᠴᠢᠶᠡᠯ ᠣᠷᠣᠵᠤ᠂ ᠨᠢᠭᠡ ᠬᠤᠪᠢ  ᠭᠠᠯ ᠢ ᠰᠡᠷᠭᠡᠶᠢᠯᠡᠬᠦ ᠠᠮᠠᠷᠠᠯᠲᠠ ᠵᠢᠨ‌‍ᠲ᠋ᠠᠰᠬᠠᠯ ᠲᠣᠬᠢᠷᠠᠭᠤᠯᠵᠤ᠂ ᠨᠢᠭᠡ ᠤᠳᠠᠭᠠᠨ ᠤ ᠭᠠᠯ ᠤᠨᠲᠠᠷᠠᠭᠠᠵᠤ ᠠᠮᠢ  ᠵᠢᠭᠤᠲᠠᠬᠤ ᠳᠠᠭᠤᠷᠢᠶᠠᠯ ᠪᠣᠯᠪᠠᠰᠤᠷᠠᠯ ᠥᠷᠨᠢᠭᠦᠯᠬᠦ︾ ᠪᠠᠷ ᠠᠭᠤᠯᠭ᠎ᠠ ᠪᠣᠯᠭᠠᠭᠰᠠᠨ ︽ᠭᠤᠷᠪᠠ ᠶᠢ ᠨᠢᠭᠡᠳᠬᠡᠭᠡᠳ ᠨᠢᠭᠡ ᠪᠣᠯᠭᠠᠬᠤ︾ ᠬᠥᠳᠡᠯᠭᠡᠭᠡᠨ ᠢ ᠥᠷᠨᠢᠭᠦᠯᠦᠨ᠎ᠡ᠃ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠰᠠᠯᠠᠭ᠎ᠠ ᠮᠥᠴᠢᠷ ᠢ ᠲᠦᠯᠬᠢᠨ ᠠᠬᠢᠭᠤᠯᠵᠤ ᠠᠰᠠᠷᠠᠮᠵᠢ ᠶᠢᠨ ᠬᠦᠷᠢᠶᠡᠯᠡᠩ ᠵᠡᠷᠭᠡ  ᠪᠠᠭᠤᠷᠠᠶᠢᠴᠣᠳ ᠤᠨ  ᠣᠯᠠᠨ ᠤ ᠲᠠᠯᠠᠪᠣᠷ ᠪᠣᠯᠣᠨ ᠡᠮᠨᠡᠯᠭᠡ ᠶᠢ ᠪᠠᠶᠢᠷᠢᠯᠠᠭᠤᠯᠤᠨ ᠭᠠᠯ ᠤᠨ ᠠᠶᠤᠯ ᠤᠨ ᠳᠠᠯᠳᠠ ᠬᠡᠮ ᠢ ᠡᠷᠢᠬᠦ᠂ ᠴᠡᠭᠴᠡᠯᠡᠨ ᠥᠭᠡᠷᠡᠴᠢᠯᠡᠬᠦ ᠪᠣᠯᠣᠨ ᠲᠠᠷᠬᠠᠭᠠᠨ ᠠᠮᠢ ᠵᠢᠭᠤᠲᠠᠭᠤᠯᠬᠤ  ᠳᠠᠭᠤᠷᠢᠶᠠᠯ ᠪᠣᠯᠪᠠᠰᠤᠷᠠᠯ ᠤᠨ ᠬᠥᠳᠡᠯᠭᠡᠭᠡᠨ ᠢ ᠥᠷᠨᠢᠭᠦᠯᠦᠨ᠎ᠡ᠃ ᠰᠣᠶᠣᠯ ᠤᠨ ᠰᠠᠯᠠᠭ᠎ᠠ ᠮᠥᠴᠢᠷ ᠤᠨ ᠪᠠᠶᠢᠷᠢᠯᠠᠭᠤᠯᠤᠯᠲᠠ ᠶᠢ ᠲᠦᠯᠬᠢᠨ ᠠᠬᠢᠭᠤᠯᠵᠤ ᠳᠠᠭᠤᠤ ᠪᠥᠵᠢᠭ ᠤᠨ ᠲᠢᠩᠬᠢᠮ᠂ ᠤᠷᠠᠨ ᠰᠠᠶᠢᠬᠠᠨ ᠤ ᠲᠣᠭᠯᠠᠯᠲᠠ᠂ ᠠᠷᠢᠬᠢ ᠶᠢᠨ ᠪᠠᠷ ᠵᠡᠷᠭᠡ ᠨᠡᠶᠢᠲᠡ ᠶᠢᠨ ᠨᠠᠶᠢᠷ ᠨᠠᠭᠠᠳᠤᠮ ᠤᠨ ᠭᠠᠵᠠᠷ ᠭᠠᠯ ᠢ ᠰᠡᠷᠭᠡᠶᠢᠯᠡᠬᠦ ᠠᠮᠤᠷ ᠲᠦᠪᠰᠢᠨ ᠤ ︽ᠭᠤᠷᠪᠠ ᠶᠢ ᠠᠩᠬᠠᠷᠤᠭᠤᠯᠬᠤ︾ ᠬᠥᠳᠡᠯᠭᠡᠭᠡᠨ ᠢ ᠥᠷᠨᠢᠭᠦᠯᠦᠨ᠎ᠡ᠃  ᠠᠶᠠᠨᠴᠢᠳ ᠢ ᠵᠥᠭᠡᠭᠡᠪᠦᠷᠢ ᠰᠠᠯᠠᠭ᠎ᠠ ᠮᠥᠴᠢᠷ ᠢ ᠵᠣᠬᠢᠴᠠᠭᠤᠯᠤᠨ ᠲᠡᠷᠭᠡᠨ ᠳᠡᠭᠡᠷ᠎ᠡ ᠲᠧᠯᠸᠢᠰ ᠦᠵᠡᠬᠦ ᠪᠣᠯᠣᠨ ᠲᠡᠷᠭᠡ ᠬᠦᠯᠢᠶᠡᠬᠦ ᠥᠷᠥᠭᠡ ᠶᠢᠨ ᠲᠣᠮᠣ ᠡᠯᠧᠺᠲᠷᠦᠨ ᠦᠵᠡᠭᠦᠯᠦᠯᠭᠡ ᠶᠢᠨ ᠳᠡᠯᠭᠡᠴᠡ ᠳᠤ ᠭᠠᠯ ᠢ ᠰᠡᠷᠭᠡᠶᠢᠯᠡᠬᠦ ᠠᠮᠤᠷ ᠲᠦᠪᠰᠢᠨ ᠤ ᠨᠡᠶᠢᠲᠡ ᠶᠢᠨ ᠠᠰᠠᠷᠠᠮᠵᠢ ᠶᠢᠨ ᠵᠠᠷ ᠨᠡᠪᠲᠡᠷᠡᠭᠦᠯᠦᠨ᠎ᠡ᠃6. ᠭᠠᠯ ᠢ ᠰᠡᠷᠭᠡᠶᠢᠯᠡᠬᠦ ᠡᠵᠡᠮᠳᠡᠯ‌ᠥᠷᠥᠭᠡ ᠲᠠᠰᠤᠭ ᠤᠨ ᠵᠢᠵᠢᠭᠦᠷᠯᠡᠭᠴᠢ ᠶᠢᠨ ᠲᠤᠬᠠᠶᠢᠯᠠᠭᠰᠠᠨ ᠠᠵᠢᠯ ᠤᠨ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠨ᠎ᠠ᠃ ᠭᠠᠯ  ᠢ ᠰᠡᠷᠭᠡᠶᠢᠯᠡᠬᠦ  ᠡᠵᠡᠮᠳᠡᠯ ᠥᠷᠥᠭᠡ ᠶᠢᠨ ᠵᠢᠵᠢᠭᠦᠷᠯᠡᠭᠴᠢ ᠳᠤ ᠪᠦᠬᠦ ᠲᠠᠯ᠎ᠠ ᠶᠢᠨ ᠴᠡᠭᠴᠡᠯᠡᠨ ᠪᠠᠶᠢᠴᠠᠭᠠᠯᠲᠠ ᠬᠢᠵᠦ᠂ ᠭᠠᠯ ᠢ ᠰᠡᠷᠭᠡᠶᠢᠯᠡᠬᠦ ᠡᠵᠡᠮᠳᠡᠯ‌ᠥᠷᠥᠭᠡ ᠶᠢᠨ ᠲᠤᠭ᠎ᠠ ᠪᠠᠷᠢᠮᠲᠠ᠂ ᠠᠵᠢᠯ ᠤᠨ ᠪᠠᠶᠢᠷᠢ ᠶᠢᠨ ᠠᠵᠢᠯᠲᠠᠨ ᠤ ᠲᠤᠭ᠎ᠠ ᠵᠢᠴᠢ ᠦᠨᠡᠮᠯᠡᠯ ᠤᠨ ᠪᠠᠶᠢᠳᠠᠯ ᠢ ᠡᠵᠡᠮᠰᠢᠨ᠎ᠡ᠃ ᠭᠠᠯ ᠰᠡᠷᠭᠡᠶᠢᠯᠡᠬᠦ ᠠᠮᠤᠷ ᠲᠦᠪᠰᠢᠨ ᠤ ᠲᠤᠰᠬᠠᠢ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠵᠤ᠂ ᠭᠠᠯ ᠢ ᠰᠡᠷᠭᠡᠶᠢᠯᠡᠬᠦ ᠡᠵᠡᠮᠳᠡᠯ ᠤᠨ ᠥᠷᠥᠭᠡ ᠶᠢᠨ ᠵᠢᠯᠣᠭᠤᠳᠤᠭᠴᠢ ᠶᠢ ᠭᠠᠯ ᠢ ᠰᠡᠷᠭᠡᠶᠢᠯᠡᠬᠦ ᠠᠵᠢᠯ ᠮᠡᠷᠭᠡᠵᠢᠯ ᠤᠨ ᠴᠢᠳᠠᠪᠤᠷᠢ ᠶᠢᠨ ᠬᠢᠨᠠᠨ ᠲᠣᠭᠲᠠᠭᠠᠯ ᠢᠶᠠᠷ ᠳᠠᠮᠵᠢᠵᠤ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ  ᠭᠠᠷᠳᠠᠭᠰᠠᠨ ᠤ ᠰᠡᠭᠦᠯᠡᠷ ᠰᠠᠶ᠋ᠢ ᠠᠵᠢᠯ ᠤᠨ ᠪᠠᠶᠢᠷᠢᠨ ᠳᠤ ᠭᠠᠷᠭᠠᠬᠤ᠂ ᠲᠦᠷ ᠵᠠᠭᠤᠷ᠎ᠠ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠣᠯᠵᠤ ᠴᠢᠳᠠᠬᠤ ᠦᠭᠡᠢ ᠦᠶ᠎ᠡ ᠳᠤ᠂ ᠲᠤᠰᠬᠠᠢ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠬᠤ ᠶᠢᠨ ᠬᠠᠮᠲᠤ ᠪᠣᠯᠪᠠᠰᠤᠷᠠᠯ ᠢᠶᠠᠷ ᠳᠠᠮᠵᠢᠵᠤ ᠬᠢᠷᠢ ᠲᠡᠩᠴᠡᠭᠰᠡᠨ ᠦᠨᠡᠮᠯᠡᠯ ᠣᠯᠣᠭᠰᠠᠨ ᠪᠠᠶᠢᠬᠤ ᠬᠡᠷᠡᠭᠲᠡᠢ᠃ ᠠᠵᠢᠯᠯᠠᠭᠠᠨ ᠳᠠᠭᠤᠰᠬᠤ   ᠠᠴᠠ ᠡᠮᠦᠨ᠎ᠡ ᠭᠠᠯ ᠢ ᠰᠡᠷᠭᠡᠶᠢᠯᠡᠬᠦ  ᠡᠵᠡᠮᠳᠡᠯ ᠤᠨ ᠥᠷᠥᠭᠡ ᠶᠢᠨ ᠵᠢᠯᠣᠭᠤᠳᠤᠭᠴᠢ ᠶᠢᠨ ᠪᠣᠯᠪᠠᠰᠤᠷᠠᠯ ᠤᠨ ᠨᠤᠷᠮ᠎ᠠ ᠶᠢ100% ᠳᠤ ᠬᠦᠷᠭᠡᠬᠦ ᠬᠡᠷᠡᠭᠲᠡᠢ᠂ ᠭᠠᠯ ᠢ ᠰᠡᠷᠭᠡᠶᠢᠯᠡᠬᠦ  ᠡᠵᠡᠮᠳᠡᠯ ᠤᠨ ᠥᠷᠥᠭᠡ ᠶᠢᠨ ᠵᠢᠯᠣᠭᠤᠳᠤᠭᠴᠢ ᠶᠢ ᠠᠵᠢᠯ ᠤᠨ ᠪᠠᠶᠢᠷᠢᠨ ᠤ ᠠᠵᠢᠯ ᠤᠨ  ᠱᠠᠭᠠᠷᠳᠠᠯᠭ᠎ᠠ ᠪᠣᠯᠣᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠠᠪᠤᠴᠠ ᠶᠢ  ᠡᠵᠡᠮᠰᠢᠵᠦ᠂ ᠠᠵᠢᠯ ᠤᠨ ᠪᠠᠶᠢᠷᠢᠨ ᠤ ᠠᠵᠢᠯ ᠤᠨ ᠬᠡᠷᠡᠭᠴᠡᠭᠡ ᠳᠤ ᠨᠡᠶᠢᠴᠡᠬᠦ ᠬᠡᠷᠡᠭᠲᠡᠢ᠃ ᠲᠠᠪᠤ᠂ ᠠᠵᠢᠯ ᠤᠨ ᠱᠠᠭᠠᠷᠳᠠᠯᠭ᠎ᠠ ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠨᠢᠭᠡᠳᠦᠯᠲᠡᠢ ᠤᠳᠤᠷᠢᠳᠤᠨ᠂ ᠴᠢᠩᠭ᠎ᠠ ᠨᠢᠭᠲᠠ ᠲᠥᠰᠥᠯ ᠲᠣᠭᠲᠠᠭᠠᠵᠤ᠂ ᠠᠵᠢᠯ  ᠤᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ︽ᠭᠠᠯ ᠤᠨ ᠠᠶᠤᠯ ᠢ ᠪᠦᠬᠦᠨ ᠢ ᠤᠰᠠᠳᠬᠠᠬᠤ︾ ᠠᠵᠢᠯᠯᠠᠭᠠᠨ ᠤ ᠤᠳᠤᠷᠢᠳᠬᠤ ᠪᠠᠭ᠎ᠠ ᠳᠤᠭᠤᠶᠢᠯᠠᠩ ᠢ ᠪᠠᠶᠢᠭᠤᠯᠵᠤ᠂ ᠬᠦᠴᠦᠨ ᠢᠶᠠᠨ ᠲᠣᠬᠢᠷᠠᠭᠤᠯᠤᠨ ᠨᠢᠭᠡᠳᠬᠡᠵᠦ ᠲᠤᠰᠬᠠᠢ ᠠᠵᠢᠯ ᠤᠨ ᠪᠠᠶᠢᠭᠤᠯᠤᠮᠵᠢ ᠶᠢ ᠪᠠᠶᠢᠭᠤᠯᠵᠤ᠂ ᠠᠵᠢᠯᠯᠠᠭᠠᠨ ᠢ ᠲᠣᠬᠢᠷᠠᠭᠤᠯᠬᠤ ᠵᠢᠯᠣᠭᠤᠳᠤᠮᠵᠢ ᠶᠢ ᠴᠢᠩᠭᠠᠳᠬᠠᠨ᠎ᠠ᠃ ︵ᠬᠤᠶᠠᠷ︶ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠎ᠠ᠃ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠭᠠᠯ ᠢ ᠰᠡᠷᠭᠡᠶᠢᠯᠡᠬᠦ ᠠᠵᠢᠯ  ᠤᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂  ᠱᠠᠲᠤ ᠱᠠᠲᠤ ᠪᠠᠷ  ᠬᠠᠷᠢᠭᠤᠴᠠᠯᠭ᠎ᠠ ᠶᠢᠨ ᠪᠢᠴᠢᠭ ᠲᠣᠭᠲᠠᠵᠤ᠂ ᠬᠤᠪᠢ ᠬᠤᠪᠢᠨ ᠤ ᠭᠠᠯ ᠢ ᠰᠡᠷᠭᠡᠶᠢᠯᠡᠬᠦ ᠬᠢᠨᠠᠯᠲᠠ ᠶᠢᠨ ᠬᠠᠷᠢᠭᠤᠴᠠᠯᠭ᠎ᠠ ᠪᠠᠷ ᠭᠠᠯ ᠢ ᠰᠡᠷᠭᠡᠶᠢᠯᠡᠬᠦ ᠠᠮᠤᠷ ᠲᠦᠪᠰᠢᠨ ᠤ ᠪᠠᠶᠢᠴᠠᠭᠠᠯᠲᠠ᠂ ᠤᠬᠠᠭᠤᠯᠭ᠎ᠠ ᠬᠥᠮᠥᠵᠢᠯ ᠤᠨ ᠪᠣᠯᠪᠠᠰᠤᠷᠠᠯ ᠵᠡᠷᠭᠡ ᠠᠵᠢᠯ ᠢ ᠬᠢᠨᠠᠮᠠᠭᠠᠢ ᠥᠷᠨᠢᠭᠦᠯᠵᠦ᠂ ᠳᠣᠲᠣᠭᠠᠳᠤ ᠳᠠᠬᠢ ᠪᠠᠶᠢᠭᠤᠯᠭ᠎ᠠ ᠨᠢᠭᠡᠴᠡ ᠪᠠᠨ ᠱᠠᠭᠠᠷᠳᠠᠨ ᠪᠦᠷᠢᠨ ᠲᠡᠭᠦᠯᠳᠡᠷ ᠭᠠᠯ ᠰᠡᠷᠭᠡᠶᠢᠯᠡᠬᠦ ᠠᠮᠤᠷ ᠲᠦᠪᠰᠢᠨ ᠤ ᠳᠦᠷᠢᠮ  ᠢ ᠪᠠᠶᠢᠭᠤᠯᠵᠤ᠂ ᠡᠯ᠎ᠡ ᠲᠥᠷᠥᠯ ᠤᠨ ᠭᠠᠯ ᠢ ᠰᠡᠷᠭᠡᠶᠢᠯᠡᠬᠦ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠯ ᠤᠨ ᠠᠶᠤᠯ ᠤᠨ ᠳᠠᠯᠳᠠ ᠬᠡᠮ ᠢ  ᠴᠡᠭᠴᠡᠯᠡᠨ ᠥᠭᠡᠷᠡᠴᠢᠯᠡᠵᠦ᠂ ᠤᠳᠤᠷᠢᠳᠤᠯᠭ᠎ᠠ ᠪᠠᠨ ᠨᠠᠶᠢᠳᠠᠪᠤᠷᠢᠵᠢᠭᠤᠯᠬᠤ᠂ ᠳᠦᠷᠢᠮ ᠲᠣᠭᠲᠠᠭᠠᠯ ᠢ ᠨᠠᠶᠢᠳᠠᠪᠤᠷᠢᠵᠢᠭᠤᠯᠬᠤ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠦᠨᠡᠨᠬᠦ ᠰᠠᠶᠢᠲᠤᠷ ᠬᠢᠬᠦ ᠬᠡᠷᠡᠭᠲᠡᠢ᠃ ︵ᠭᠤᠷᠪᠠ︶ ᠬᠢᠨᠠᠨ ᠵᠢᠯᠣᠭᠤᠳᠴᠤ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ ᠬᠡᠷᠡᠭᠲᠡᠢ᠃ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ  ᠤᠳᠤᠷᠢᠳᠬᠤ ᠺᠠᠲᠡᠷᠴᠤᠳ ᠬᠡᠰᠡᠭ ᠬᠤᠪᠢᠶᠠᠨ ᠳᠠᠭᠠᠭᠠᠴᠢᠯᠠᠨ᠂ ᠡᠮᠦᠨᠡᠰᠢᠯᠡᠨ ᠵᠢᠯᠣᠭᠤᠳᠴᠤ᠂ ᠴᠡᠭ   ᠲᠣᠭᠲᠠᠭᠠᠵᠤ ᠬᠢᠨᠠᠨ ᠵᠢᠯᠣᠭᠤᠳᠬᠤ᠂ ᠮᠥᠷᠳᠡᠨ ᠳᠠᠭᠠᠵᠤ ᠦᠷ᠎ᠡ ᠪᠦᠲᠦᠮᠵᠢ ᠶᠢ ᠠᠰᠠᠭᠤᠨ᠎ᠠ᠃ ︵ᠳᠥᠷᠪᠡ︶ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠨ᠎ᠠ᠃ ︽ᠬᠡᠨ ᠭᠤᠣᠯ ᠬᠠᠮᠢᠶᠠᠷᠪᠠᠯ ᠬᠡᠨ ᠬᠠᠷᠢᠭᠤᠴᠠᠬᠤ︾᠂ ︽ᠬᠡᠨ ᠬᠢᠨᠠᠨ ᠬᠠᠮᠢᠶᠠᠷᠪᠠᠯ ᠬᠡᠨ ᠬᠠᠷᠢᠭᠤᠴᠠᠯᠭ᠎ᠠ ᠡᠭᠦᠷᠭᠡᠯᠡᠬᠦ︾ ᠵᠠᠷᠴᠢᠮ ᠢᠶᠠᠷ᠂ ᠠᠵᠢᠯ ᠳᠠᠭᠠᠨ ᠨᠡᠶᠢᠴᠡᠬᠦ ᠦᠭᠡᠢ᠂ ᠨᠠᠶᠢᠳᠠᠪᠤᠷᠢᠵᠢᠭᠤᠯᠬᠤ ᠦᠭᠡᠢ ᠳᠤ ᠴᠠᠭ ᠲᠤᠬᠠᠢ ᠳᠤᠨᠢ ᠬᠠᠷᠢᠭᠤᠴᠠᠯᠭ᠎ᠠ ᠠᠰᠠᠭᠤᠵᠤ ᠰᠢᠢᠳᠪᠦᠷᠢᠯᠡᠬᠦ᠂ ᠬᠠᠷᠢᠭᠤᠴᠠᠯᠭ᠎ᠠ  ᠨᠡᠬᠡᠮᠵᠢᠯᠡᠬᠦ ᠶᠢ ᠭᠠᠯ ᠤᠨ ᠠᠶᠤᠯ ᠡᠭᠦᠰᠬᠦ ᠠᠴᠠ ᠡᠮᠦᠨ᠎ᠡ ᠨᠠᠶᠢᠳᠠᠪᠤᠷᠢᠵᠢᠭᠤᠯᠬᠤ ᠬᠡᠷᠡᠭᠲᠡᠢ᠃                                                                                                                                                                                                                                                 ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                                                                                                      2014 ᠣᠨ ᠤ 1 ᠰᠠᠷ᠎ᠠ  ᠶᠢᠨ10 ᠤ ᠡᠳᠦᠷ                                                                                                                                                                                                                      ᠰᠢᠨ᠎ᠡ ᠪᠠᠷᠭᠤ ᠵᠡᠭᠦᠨ ᠬᠤᠰᠢᠭᠤᠨ ᠤ ᠠᠷᠠᠳ  ᠤᠨ ᠵᠠᠰᠠᠭ ᠤᠨ ᠣᠷᠳᠣᠨ ᠤ ᠠᠯᠪᠠᠨ ᠭᠡᠷ                                       2014 ᠣᠨ ᠤ1 ᠰᠠᠷ᠎ᠠ ᠶᠢᠨ 10 ᠤ ᠡᠳᠦᠷ ᠬᠡᠪᠯᠡᠨ ᠲᠠᠷᠬᠠᠭᠠᠭᠰᠠᠨ                                        
ᠢᠷᠡᠯᠲᠡ᠄ ᠲᠣᠲᠣᠷᠬᠠᠢ ᠦᠭᠡᠢ