ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠪᠢᠴᠢᠭ ᠮᠠᠲ᠋ᠧᠷᠢᠶᠠᠯ | ᠰᠢᠨ᠎ᠡ ᠵᠡᠭᠦᠨ ᠵᠠᠰᠠᠭ ᠠᠯᠪᠠᠨ ᠦᠰᠦᠭ〔2015〕88 ᠳ᠋ᠤᠭᠠᠷ ᠲᠣᠭᠠᠲᠤ | | | 2015 ᠣᠨ ᠤ ᠵᠤᠨ ᠤ ᠤᠯᠠᠷᠢᠯ ᠤᠨ ᠮᠠᠯ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠦᠨᠡᠨᠬᠦ ᠰᠠᠶᠢᠲᠤᠷ ᠬᠢᠬᠦ ᠲᠤᠬᠠᠢ | ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | ᠡᠯ᠎ᠡ ᠰᠤᠮᠤ ᠪᠠᠯᠭᠠᠰᠤ᠂ ᠬᠤᠰᠢᠭᠤᠨ ᠤ ᠡᠯ᠎ᠡ ᠪᠠᠶᠢᠭᠤᠯᠭ᠎ᠠ᠂ ᠡᠯ᠎ᠡ ᠣᠢ ᠰᠢᠭᠤᠢ ᠮᠠᠯᠵᠢᠯ ᠤᠨ ᠲᠠᠯᠠᠪᠠᠢ᠄ | ᠬᠥᠯᠥᠨ ᠪᠣᠶᠢᠷ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ《2015 ᠣᠨ ᠤ ᠵᠤᠨ ᠤ ᠤᠯᠠᠷᠢᠯ ᠤᠨ ᠮᠠᠯ ᠠᠵᠤ ᠠᠬᠤᠢ ᠶᠢᠨ ᠨᠡᠶᠢᠳᠡᠮ | ᠪᠠᠶᠢᠴᠠᠭᠠᠯᠲᠠ ᠶᠢᠨ ᠠᠵᠢᠯ ᠢ ᠦᠨᠡᠨᠬᠦ ᠰᠠᠶᠢᠲᠤᠷ ᠬᠢᠬᠦ ᠲᠤᠬᠠᠢ ᠮᠡᠳᠡᠭᠳᠡᠯ》︵ᠬᠥᠯᠥᠨ ᠪᠦᠷᠢᠳᠬᠡᠯ ᠠᠯᠪᠠᠨ ᠦᠰᠦᠭ【2015】33 ᠳ᠋ᠤᠭᠠᠷ ᠲᠣᠭᠠᠲᠤ︶ | ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠪᠠᠷ᠂ ᠪᠦᠬᠦ ᠬᠤᠰᠢᠭᠤᠨ ᠤ2015 ᠣᠨ ᠤ ᠵᠤᠨ ᠤ ᠤᠯᠠᠷᠢᠯ ᠤᠨ ᠮᠠᠯ ᠠᠵᠤ ᠠᠬᠤᠢ ᠶᠢᠨ ᠨᠡᠶᠢᠳᠡᠮ ᠪᠠᠶᠢᠴᠠᠭᠠᠬᠤ ᠠᠵᠢᠯ | ᠢ ᠪᠦᠬᠦ ᠲᠠᠯ᠎ᠠ ᠪᠠᠷ ᠥᠷᠨᠢᠭᠦᠯᠵᠦ᠂ ᠮᠠᠨ ᠤ ᠬᠤᠰᠢᠭᠤᠨ ᠤ2015 ᠣᠨ ᠤ ᠵᠤᠨ ᠤ ᠤᠯᠠᠷᠢᠯ ᠤᠨ ᠮᠠᠯ ᠠᠵᠤ ᠠᠬᠤᠢ ᠶᠢᠨ ᠨᠡᠶᠢᠳᠡᠮ ᠪᠠᠶᠢᠴᠠᠭᠠᠬᠤ ᠬᠤᠯᠪᠣᠭᠳᠠᠯ | ᠪᠦᠬᠦᠢ ᠬᠡᠷᠡᠭ ᠶᠠᠪᠤᠳᠠᠯ ᠤᠳ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠵᠤᠨ ᠤ ᠤᠯᠠᠷᠢᠯ ᠤᠨ ᠮᠠᠯ ᠠᠵᠤ ᠠᠬᠤᠢ ᠶᠢᠨ ᠨᠡᠶᠢᠳᠡᠮ ᠪᠠᠶᠢᠴᠠᠭᠠᠬᠤ ᠠᠵᠢᠯ ᠢ ᠴᠢᠨᠠᠷᠯᠢᠭ ᠪᠡᠶᠡᠯᠡᠭᠦᠯᠬᠦ ᠶᠢᠨ ᠲᠥᠯᠥᠭᠡ᠂ ᠬᠤᠰᠢᠭᠤᠨ ᠤ | ᠳᠥᠷᠪᠡᠨ ᠶᠡᠭᠡ ᠤᠳᠤᠷᠢᠳᠬᠤ ᠪᠠᠭ ᠤᠨ ᠭᠡᠰᠢᠭᠦᠨ ᠵᠢᠴᠢ ᠬᠤᠰᠢᠭᠤᠨ ᠤ ᠰᠢᠭᠤᠳ ᠬᠠᠷᠢᠶ᠎ᠠ ᠡᠯ᠎ᠡ ᠨᠢᠭᠡᠴᠡ ᠡᠯ᠎ᠡ ᠳᠠᠭᠠᠭᠠᠴᠢᠯᠠᠨ ᠲᠡᠳᠬᠦᠬᠦ ᠭᠠᠴᠠᠭᠠᠨ ᠳᠠᠭᠠᠨ | ᠭᠦᠨᠵᠡᠭᠡᠶᠢᠷᠡᠵᠦ᠂ ᠨᠡᠶᠢᠳᠡᠮ ᠪᠠᠶᠢᠴᠠᠭᠠᠯᠲᠠ ᠶᠢᠨ ᠬᠤᠭᠤᠴᠠᠭᠠᠨ ᠤ ᠡᠯ᠎ᠡ ᠱᠠᠲᠤᠨ ᠤ ᠠᠵᠢᠯ ᠢ ᠵᠢᠯᠣᠭᠤᠳᠤᠨ ᠪᠠᠶᠢᠴᠠᠭᠠᠵᠤ᠂ ᠲᠣᠬᠢᠷᠠᠯᠴᠠᠨ ᠬᠠᠮᠵᠢᠯᠴᠠᠬᠤ ᠶᠢ | ᠴᠢᠩᠭᠠᠳᠬᠠᠵᠤ᠂ ᠠᠵᠢᠯᠲᠠᠨ ᠢ ᠰᠢᠯᠵᠢᠭᠦᠯᠦᠨ ᠲᠣᠬᠢᠷᠠᠭᠤᠯᠵᠤ᠂ ᠨᠡᠶᠢᠳᠡᠮ ᠪᠠᠶᠢᠴᠠᠭᠠᠬᠤ ᠵᠠᠷᠤᠳᠠᠯ ᠪᠣᠯᠣᠨ ᠮᠠᠰᠢᠨ ᠲᠡᠷᠭᠡ ᠶᠢ ᠨᠠᠶᠢᠳᠠᠪᠤᠷᠢᠵᠢᠭᠤᠯᠵᠤ᠂ ᠨᠡᠶᠢᠳᠡᠮ | ᠪᠠᠶᠢᠴᠠᠭᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠨ᠎ᠠ᠃ | ᠬᠤᠶᠠᠷ᠂ ᠵᠤᠨ ᠤ ᠤᠯᠠᠷᠢᠯ ᠤᠨ ᠮᠠᠯ ᠠᠵᠤ ᠠᠬᠤᠢ ᠶᠢᠨ ᠨᠡᠶᠢᠳᠡᠮ ᠪᠠᠶᠢᠴᠠᠭᠠᠬᠤ ᠠᠵᠢᠯ ᠤᠨ ᠬᠡᠮᠵᠢᠶ᠎ᠡ ᠶᠡᠭᠡ᠂ ᠴᠠᠭ ᠪᠠᠴᠢᠮ᠂ ᠶᠡᠭᠡ ᠬᠡᠮᠵᠢᠶᠡᠨ ᠤ | ᠲᠤᠬᠠᠶᠢᠯᠠᠭᠰᠠᠨ ᠠᠵᠢᠯ ᠤᠨ ᠠᠵᠢᠯᠲᠠᠨ ᠬᠡᠷᠡᠭᠰᠡᠨ᠎ᠡ᠃ ᠡᠯ᠎ᠡ ᠰᠤᠮᠤ ᠪᠠᠯᠭᠠᠰᠤ ᠮᠠᠯ ᠠᠵᠤ ᠠᠬᠤᠢ ᠶᠢᠨ ᠨᠡᠶᠢᠳᠡᠮ ᠪᠠᠶᠢᠴᠠᠭᠠᠬᠤ ᠠᠵᠢᠯ ᠤᠨ ᠴᠢᠬᠤᠯᠠ ᠴᠢᠨᠠᠷ ᠢ | ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠪᠢᠶᠠᠷᠢᠯᠠᠨ ᠬᠠᠮᠢᠶᠠᠷᠬᠤ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠵᠤ᠂ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠵᠦ᠂ | ᠲᠤᠰᠬᠠᠢ ᠠᠵᠢᠯᠲᠠᠨ ᠢ ᠲᠣᠬᠢᠷᠠᠭᠤᠯᠤᠨ ᠲᠣᠮᠢᠯᠠᠵᠤ ᠲᠤᠰ ᠤᠳᠠᠭᠠᠨ ᠤ ᠨᠡᠶᠢᠳᠡᠮ ᠪᠠᠶᠢᠴᠠᠭᠠᠬᠤ ᠠᠵᠢᠯ ᠢ ᠬᠠᠷᠢᠭᠤᠴᠠᠭᠤᠯᠵᠤ᠂ ᠬᠠᠷᠢᠭᠤᠴᠠᠯᠭ᠎ᠠ ᠶᠢ ᠲᠣᠳᠣᠳᠬᠠᠵᠤ | ᠂ ᠬᠥᠮᠥᠨ ᠳᠤᠨᠢ ᠬᠦᠷᠲᠡᠯ᠎ᠡ ᠬᠠᠷᠢᠭᠤᠴᠠᠭᠤᠯᠵᠤ᠂ ᠲᠤᠰ ᠤᠳᠠᠭᠠᠨ ᠤ ᠨᠡᠶᠢᠳᠡᠮ ᠪᠠᠶᠢᠴᠠᠭᠠᠬᠤ ᠠᠵᠢᠯ ᠢ ᠬᠢᠨᠠᠮᠠᠭᠠᠢ ᠪᠡᠶᠡᠯᠡᠭᠦᠯᠦᠨ᠎ᠡ᠃ | ᠭᠤᠷᠪᠠ᠂ ᠨᠡᠶᠢᠳᠡᠮ ᠪᠠᠶᠢᠴᠠᠭᠠᠬᠤ ᠠᠵᠢᠯ ᠤᠨ ᠬᠦᠴᠦᠯᠡᠴᠡ ᠪᠠᠨ ᠴᠢᠩᠭᠠᠳᠬᠠᠵᠤ᠂ ᠨᠡᠶᠢᠳᠡᠮ ᠪᠠᠶᠢᠴᠠᠭᠠᠯᠲᠠ ᠳᠤᠮᠳᠠ ᠳᠠᠪᠬᠤᠴᠠᠭᠤᠯᠬᠤ ᠦᠭᠡᠢ | ᠬᠤᠴᠣᠷᠤᠭᠤᠯᠬᠤ ᠦᠭᠡᠢ ᠵᠠᠷᠴᠢᠮ ᠢ ᠪᠠᠷᠢᠮᠲᠠᠯᠠᠵᠤ᠂ ᠡᠷᠦᠬᠡ ᠳᠤ ᠬᠦᠷᠴᠦ ᠳᠠᠷᠠᠭᠠᠯᠠᠨ ᠲᠣᠭᠠᠯᠠᠵᠤ᠂ ᠠᠯᠢ ᠴᠦ ᠬᠠᠶᠠᠭᠳᠠᠭᠤᠯᠬᠤ ᠦᠭᠡᠢ᠂ ᠮᠡᠳᠡᠭᠦᠯᠬᠦ ᠬᠦᠰᠦᠨᠦᠭᠲᠦ | ᠶᠢᠨ ᠴᠢᠨᠠᠷ ᠢ ᠴᠢᠩᠭ᠎ᠠ ᠠᠳᠬᠤᠬᠤ ᠬᠡᠷᠡᠭᠲᠡᠢ᠃ ᠨᠡᠶᠢᠳᠡᠮ ᠪᠠᠶᠢᠴᠠᠭᠠᠬᠤ ᠠᠵᠢᠯ ᠳᠤ ᠣᠷᠣᠯᠴᠠᠭᠰᠠᠨ ᠠᠵᠢᠯᠲᠠᠳ ᠲᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ | ᠬᠢᠨ᠎ᠡ᠃ | ᠳᠥᠷᠪᠡ᠂ ᠡᠯ᠎ᠡ ᠰᠤᠮᠤ ᠪᠠᠯᠭᠠᠰᠤ《ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ》 ᠶᠢᠨ ᠬᠠᠮᠢᠶ᠎ᠠ ᠪᠦᠬᠦᠢ | ᠲᠣᠭᠲᠠᠭᠠᠯ ᠢᠶᠠᠷ᠂ ᠬᠠᠤᠯᠢ ᠶᠣᠰᠣᠭᠠᠷ ᠪᠦᠷᠢᠳᠬᠡᠵᠦ᠂ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠡᠶᠢᠳᠡᠮ ᠪᠠᠶᠢᠴᠠᠭᠠᠬᠤ ᠬᠤᠭᠤᠴᠠᠭᠠᠨ ᠳᠤ ᠲᠤᠭ᠎ᠠ | ᠪᠠᠷᠢᠮᠲᠠ ᠶᠢᠨ ᠴᠢᠨᠠᠷ ᠢ ᠰᠣᠩᠭᠤᠨ ᠪᠠᠶᠢᠴᠠᠭᠠᠵᠤ᠂ ᠠᠰᠠᠭᠤᠳᠠᠯ ᠲᠣᠪᠣᠶᠢᠮ᠎ᠠ ᠣᠷᠣᠰᠢᠵᠤ ᠪᠠᠶᠢᠭ᠎ᠠ ᠭᠠᠵᠠᠷ ᠣᠷᠣᠨ ᠢ ᠳᠠᠬᠢᠨ ᠪᠠᠶᠢᠴᠠᠭᠠᠵᠤ᠂ ᠬᠤᠳᠠᠯ ᠬᠠᠭᠤᠷᠮᠠᠭ | ᠪᠠᠶᠢᠳᠠᠯ ᠢ ᠣᠯᠵᠤ ᠮᠡᠳᠡᠪᠡᠯ《ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ》 ᠶᠢᠨ ᠬᠤᠯᠪᠣᠭᠳᠠᠯ ᠪᠦᠬᠦᠢ ᠲᠣᠭᠲᠠᠭᠠᠯ | ᠢᠶᠠᠷ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ | ᠲᠠᠪᠤ᠂ ᠨᠡᠶᠢᠳᠡᠮ ᠪᠠᠶᠢᠴᠠᠭᠠᠬᠤ ᠠᠵᠢᠯ6 ᠰᠠᠷ᠎ᠠ ᠶᠢᠨ17 ᠤ ᠡᠳᠦᠷ ᠠᠴᠠ ᠡᠬᠢᠯᠡᠨ᠎ᠡ᠂ ᠬᠤᠭᠤᠴᠠᠭ᠎ᠠ8 ᠡᠳᠦᠷ᠂ ᠡᠯ᠎ᠡ ᠰᠤᠮᠤ ᠪᠠᠯᠭᠠᠰᠤ ᠡᠷᠬᠡᠪᠰᠢ 6 | ᠰᠠᠷ᠎ᠠ ᠶᠢᠨ25 ᠤ ᠡᠳᠦᠷ ᠠᠴᠠ ᠡᠮᠦᠨ᠎ᠡ ᠬᠤᠷᠢᠶᠠᠩᠭᠤᠶᠢᠯᠠᠨ ᠮᠡᠳᠡᠭᠦᠯᠬᠦ ᠬᠦᠰᠦᠨᠦᠭᠲᠦ ᠪᠠᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠲᠠᠷᠢᠶᠠᠯᠠᠩ | ᠮᠠᠯᠵᠢᠯ ᠤᠨ ᠲᠤᠭ᠎ᠠ ᠪᠦᠷᠢᠳᠬᠡᠯ ᠤᠨ214 ᠲᠠᠰᠤᠭ ᠲᠤ ᠮᠡᠳᠡᠭᠦᠯᠦᠭᠡᠷᠡᠢ᠂ ᠬᠠᠷᠢᠯᠴᠠᠬᠤ ᠬᠥᠮᠥᠨ᠄ ᠯᠢᠦ ᠶᠠᠨ ᠰᠢᠶᠠᠩ᠂ ᠬᠠᠷᠢᠯᠴᠠᠬᠤ ᠤᠲᠠᠰᠤ᠄ 6601705᠂ | 15947205551᠃ | ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ | ᠤᠨ ᠣᠷᠳᠣᠨ ᠤ ᠠᠯᠪᠠᠨ ᠭᠡᠷ | 2015 ᠣᠨ ᠤ6 ᠰᠠᠷ᠎ᠠ ᠶᠢᠨ15 ᠤ | ᠡᠳᠦᠷ | | | ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2015 ᠣᠨ ᠤ6 ᠰᠠᠷ᠎ᠠ ᠶᠢᠨ15 ᠤ ᠡᠳᠦᠷ ᠳᠠᠷᠤᠮᠠᠯᠯᠠᠨ ᠲᠠᠷᠬᠠᠭᠠᠪᠠ |