| | | | | ᠰᠢᠨ᠎ᠡ ᠵᠡᠭᠦᠨ ᠵᠠᠰᠠᠭ ᠠᠯᠪᠠᠨ ᠦᠰᠦᠭ ﹇2016﹈ 31 ᠳ᠋ᠤᠭᠠᠷ ᠲᠣᠭᠠᠲᠤ | ︽ᠰᠢᠨ᠎ᠡ ᠪᠠᠷᠭᠤ ᠵᠡᠭᠦᠨ ᠬᠤᠰᠢᠭᠤᠨ ᠤ ᠣᠶᠣᠨ ᠮᠡᠳᠡᠷᠡᠯ ᠤᠨ ᠡᠷᠡᠭᠦᠯ ᠬᠠᠮᠠᠭᠠᠯᠠᠯ ᠤᠨ ᠶᠡᠷᠦᠩᠬᠡᠶᠢᠯᠡᠭᠰᠡᠨ | ᠬᠠᠮᠢᠶᠠᠷᠤᠯᠲᠠ ᠲᠤᠷᠰᠢᠯᠲᠡ ᠶᠢᠨ ᠠᠵᠢᠯ ᠤᠨ ᠲᠦᠰᠦᠯ︾ ᠤᠨ ᠲᠤᠬᠠᠢ ᠰᠢᠨ᠎ᠡ ᠪᠠᠷᠭᠤ ᠵᠡᠭᠦᠨ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | | ᠡᠯ᠎ᠡ ᠰᠣᠮᠣ ᠪᠠᠯᠭᠠᠰᠣ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠦᠴᠢᠷ᠄ | ᠡᠳᠦᠭᠡ ︽ᠰᠢᠨ᠎ᠡ ᠪᠠᠷᠭᠤ ᠵᠡᠭᠦᠨ ᠬᠤᠰᠢᠭᠤᠨ ᠤ ᠣᠶᠣᠨ ᠮᠡᠳᠡᠷᠡᠯ ᠤᠨ ᠡᠷᠡᠭᠦᠯ ᠬᠠᠮᠠᠭᠠᠯᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠤᠷᠰᠢᠯᠲᠡ ᠶᠢᠨ ᠠᠵᠢᠯ | ᠤᠨ ᠲᠦᠰᠦᠯ︾ ᠢ ᠲᠠᠨᠠᠷ ᠲᠤ ᠳᠠᠷᠤᠮᠠᠯᠯᠠᠨ ᠲᠠᠷᠬᠠᠭᠠᠶ᠎ᠠ᠂ ᠨᠠᠷᠢᠨ ᠬᠢᠨᠠᠮᠠᠭᠠᠢ ᠲᠤᠤᠱᠯᠠᠭᠤᠯᠤᠭᠠᠷᠠᠢ᠃ | | | | | | | ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠭᠡᠷ | 2016 ᠣᠨ ᠤ 3 ᠰᠠᠷ᠎ᠠ ᠶᠢᠨ25 ᠤ | ᠡᠳᠦᠷ | | | | | | | | | | | | | ᠰᠢᠨ᠎ᠡ ᠪᠠᠷᠭᠤ ᠵᠡᠬᠦᠨ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠤ ᠠᠯᠪᠡᠨ ᠭᠡᠷ 2016 ᠤᠨ ᠤ3 ᠰᠡᠷ᠎ᠡ ᠶᠢᠨ25 | ᠤ ᠡᠳᠤᠷ ᠲᠠᠷᠤᠮᠠᠯᠯᠡᠨ ᠲᠠᠷᠬᠠᠭᠠᠪᠡ | ᠰᠢᠨ᠎ᠡ ᠪᠠᠷᠭᠤ ᠵᠡᠭᠦᠨ ᠬᠤᠰᠢᠭᠤᠨ ᠤ ᠣᠶᠣᠨ ᠮᠡᠳᠡᠷᠡᠯ ᠤᠨ | ᠡᠷᠡᠭᠦᠯ ᠬᠠᠮᠠᠭᠠᠯᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠤᠷᠰᠢᠯᠲᠡ ᠶᠢᠨ ᠠᠵᠢᠯ ᠤᠨ ᠲᠦᠰᠦᠯ | ︽ᠪᠦᠭᠦᠲᠡ ᠨᠠᠶᠢᠷᠠᠮᠳᠠᠬᠤ ᠲᠤᠮᠳᠠᠳᠣ ᠠᠷᠠᠳ ᠤᠯᠤᠰ ᠤᠨ ᠣᠶᠣᠨ ᠮᠡᠳᠡᠷᠡᠯ ᠤᠨ ᠡᠷᠡᠭᠦᠯ ᠬᠠᠮᠠᠭᠠᠯᠠᠯ ᠤᠨ ᠬᠠᠤᠯᠢ︾ ᠶᠢ ᠲᠤᠤᠱᠠᠯᠠᠭᠤᠯᠤᠨ | ᠨᠠᠶᠢᠳᠠᠪᠤᠷᠢᠵᠢᠭᠤᠯᠬᠤ ᠶᠢᠨ ᠲᠦᠯᠦᠭᠡ᠂ ᠬᠦᠨᠲᠦ ᠤᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠢ ᠠᠪᠤᠷᠠᠨ ᠲᠤᠰᠠᠯᠠᠬᠤ ᠠᠵᠢᠯ ᠢᠶᠠᠨ ᠴᠢᠩᠭᠠᠳᠬᠠᠵᠤ᠂ ᠣᠶᠣᠨ | ᠮᠡᠳᠡᠷᠡᠯ ᠤᠨ ᠰᠠᠭᠠᠳ ᠢ ᠤᠷᠢᠳᠴᠢᠯᠠᠨ ᠰᠡᠷᠭᠡᠶᠢᠯᠡᠬᠦ᠂ ᠡᠮᠨᠡᠨ ᠵᠠᠰᠠᠬᠤ᠂ ᠡᠷᠡᠭᠦᠯᠵᠢᠬᠦᠯᠬᠦ᠂ ᠦᠢᠯᠡᠴᠢᠯᠡᠭᠡ ᠪᠤᠯᠤᠨ ᠰᠡᠳᠬᠢᠴᠡ ᠶᠢᠨ ᠡᠷᠡᠭᠦᠯ ᠮᠡᠨᠳᠦ ᠶᠢ ᠠᠬᠢᠭᠤᠯᠬᠤ | ᠠᠵᠢᠯ ᠤᠨ ᠬᠡᠯᠪᠡᠷᠢ ᠶᠢ ᠬᠠᠶᠢᠨ ᠰᠦᠪᠡᠭᠴᠢᠯᠡᠬᠦ ᠪᠠ ᠰᠢᠨ᠎ᠡ ᠶᠢ ᠡᠭᠦᠳᠴᠦ᠂ ᠬᠦᠨᠲᠦ ᠤᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠳ ᠢ ᠠᠪᠤᠷᠠᠨ ᠲᠤᠰᠠᠯᠠᠬᠤ | ᠠᠵᠢᠯ ᠲᠤᠮᠳᠠᠬᠢ ᠲᠦᠪᠡᠭᠲᠡᠢ ᠠᠰᠠᠭᠤᠳᠠᠯ ᠢ ᠰᠢᠢᠳᠪᠦᠷᠢᠯᠡᠨ᠎ᠡ᠃ ᠬᠦᠯᠦᠨ ᠪᠤᠶᠢᠷ ᠬᠤᠲᠠ ᠶᠢᠨ ︽ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ | ᠤᠷᠳᠤᠨ ᠤ ᠲᠠᠷᠬᠠᠭᠠᠭᠰᠠᠨ〈ᠬᠦᠯᠦᠨ ᠪᠤᠶᠢᠷ ᠬᠤᠲᠠ ᠶᠢᠨ ᠣᠶᠣᠨ ᠮᠡᠳᠡᠷᠡᠯ ᠤᠨ ᠡᠷᠡᠭᠦᠯ ᠬᠠᠮᠠᠭᠠᠯᠠᠯ ᠤᠨ ᠶᠠᠷᠦᠩᠬᠡᠶᠢᠯᠡᠨ ᠬᠠᠮᠢᠶᠠᠷᠬᠤ ᠲᠤᠷᠰᠢᠯᠲᠠ ᠶᠢᠨ ᠠᠵᠢᠯ | ᠤᠨ ᠲᠦᠰᠦᠯ〉 ᠤᠨ ᠲᠤᠬᠠᠢ ᠮᠡᠳᠡᠭᠳᠡᠯ︾ ︵ᠬᠦᠯᠦᠨ ᠵᠠᠰᠠᠭ ᠠᠯᠪᠠᠨ ᠪᠢᠴᠢᠭ ﹇2015﹈ 250 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠵᠦ᠂ | ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠡᠨᠡᠬᠦ ᠲᠦᠰᠦᠯ ᠢ ᠲᠤᠭᠳᠠᠭᠠᠪᠠ᠃ | ᠨᠢᠬᠡ᠂ ᠠᠵᠢᠯ ᠤᠨ ᠬᠠᠷᠠᠯᠲᠠ | 2017 ᠤᠨ ᠤ ᠠᠵᠢᠯ ᠤᠨ ᠬᠠᠷᠠᠯᠲᠠ᠃ | 1᠂ ᠵᠠᠰᠠᠭ ᠤᠨ ᠤᠷᠳᠤᠨ ᠠᠴᠠ ᠤᠳᠤᠷᠢᠳᠤᠭᠰᠠᠨ᠂ ᠰᠠᠯᠠᠭ᠎ᠠ ᠮᠦᠴᠢᠷ ᠤᠳ ᠬᠠᠮᠵᠢᠯᠴᠠᠭᠰᠠᠨ᠂ ᠨᠡᠶᠢᠭᠡᠮ ᠨᠡᠶᠢᠲᠡ ᠣᠷᠣᠯᠴᠠᠭᠰᠠᠨ ᠣᠶᠣᠨ ᠮᠡᠳᠡᠷᠡᠯ ᠤᠨ ᠡᠷᠡᠭᠦᠯ | ᠬᠠᠮᠠᠭᠠᠯᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠤᠨ ᠲᠤᠭᠲᠠᠴᠠ ᠶᠢ ᠪᠦᠷᠢᠨᠰᠢᠭᠦᠯᠬᠦ ᠪᠠ ᠲᠡᠭᠦᠯᠳᠡᠷᠵᠢᠭᠦᠯᠦᠨ᠎ᠡ᠃ ᠬᠦᠨᠲᠦ ᠣᠶᠣᠨ ᠮᠡᠳᠡᠷᠡᠯ ᠤᠨ | ᠰᠠᠭᠠᠳ ᠤᠨ ᠪᠠᠶᠢᠴᠠᠭᠠᠨ ᠭᠠᠷᠭᠠᠭᠰᠠᠨ ᠨᠤᠷᠮ᠎ᠠ 4‰︔ 7 ᠰᠣᠮᠤ ᠪᠠᠯᠭᠠᠰᠤ᠂ 70% ᠤᠨ ᠭᠠᠴᠠᠭ᠎ᠠ᠂ ᠨᠡᠶᠢᠭᠡᠮ ᠲᠣᠭᠤᠷᠢᠭ ᠲᠤ ᠶᠡᠷᠦᠩᠬᠡᠶᠢᠯᠡᠨ ᠵᠠᠰᠠᠬᠤ᠂ | ᠲᠤᠲᠤᠭᠠᠲᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠬᠢᠭᠡᠳ ᠲᠦᠯᠦᠪᠯᠡᠭᠡᠲᠦ ᠦᠷᠡᠵᠢᠯ᠂ ᠵᠡᠮᠳᠡᠭᠴᠦᠳ ᠤᠨ ᠬᠤᠯᠪᠤᠭ᠎ᠠ ᠵᠡᠷᠭᠡ ᠪᠠᠷ ᠭᠤᠤᠯ | ᠪᠤᠯᠭᠠᠭᠰᠠᠨ ᠣᠶᠣᠨ ᠮᠡᠳᠡᠷᠡᠯ ᠤᠨ ᠡᠷᠡᠭᠦᠯ ᠬᠠᠮᠠᠭᠠᠯᠠᠯ ᠢ ᠶᠠᠷᠦᠩᠬᠡᠶᠢᠯᠡᠨ ᠬᠠᠮᠢᠶᠠᠷᠬᠤ ᠲᠤᠭᠤᠶᠢᠯᠠᠩ ᠢ ᠪᠠᠶᠢᠭᠤᠯᠤᠨ᠎ᠠ᠃ ᠬᠦᠨᠲᠦ ᠬᠡᠴᠡᠭᠦᠦ ᠤᠶᠤᠨ ᠮᠡᠳᠡᠷᠡᠯ ᠤᠨ | ᠰᠠᠭᠠᠳ ᠲᠠᠢ ᠡᠪᠡᠳᠴᠢᠲᠡᠨ ᠤ ᠲᠤᠭ᠎ᠠ ᠬᠡᠮᠵᠢᠶ᠎ᠡ ᠶᠢ ᠡᠵᠡᠮᠳᠡᠵᠦ᠂ ᠡᠪᠡᠳᠴᠢᠲᠡᠨ ᠤ ᠬᠠᠮᠢᠶᠠᠷᠤᠯᠲᠠ ᠪᠠ ᠡᠮᠨᠡᠨ ᠵᠠᠰᠠᠯᠲᠠ ᠪᠠᠨ ᠴᠢᠩᠭᠠᠳᠬᠠᠵᠤ᠂ ᠬᠠᠮᠢᠶᠠᠷᠤᠯᠲᠠ ᠶᠢᠨ | ᠨᠤᠷᠮ᠎ᠠ ᠪᠤᠯᠤᠨ ᠡᠮᠨᠡᠨ ᠵᠠᠰᠠᠬᠤ ᠨᠤᠷᠮ᠎ᠠ ᠶᠢ ᠲᠤᠰ ᠲᠤᠰ 75% ᠪᠤᠯᠤᠨ 65% ᠳᠤ ᠬᠦᠷᠭᠡᠵᠦ᠂ ᠡᠪᠡᠳᠴᠢᠨ ᠤ ᠪᠠᠶᠢᠳᠠᠯ ᠲᠤᠭᠳᠠᠪᠤᠷᠢ ᠦᠭᠡᠢ ᠡᠪᠡᠳᠴᠢᠲᠡᠨ | ᠢ ᠬᠦᠯᠢᠶᠡᠨ ᠠᠪᠬᠤ ᠦᠢᠯᠡᠴᠢᠯᠡᠭᠡ ᠶᠢᠨ ᠬᠠᠷᠢᠴᠠᠯ ᠢ 90% ᠳᠤ ᠬᠦᠷᠭᠡᠵᠦ᠂ ᠬᠦᠨᠲᠦ ᠬᠡᠴᠡᠭᠦᠦ ᠤᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠤ ᠬᠡᠷᠡᠭ | ᠤᠷᠰᠢᠭ ᠲᠠᠲᠠᠬᠤ ᠨᠤᠷᠮ᠎ᠠ ᠶᠢ ᠪᠦᠬᠦ ᠤᠷᠤᠨ ᠤ ᠲᠤᠮᠳᠠᠴᠢ ᠬᠢᠷᠢ ᠲᠦᠪᠰᠢᠨ ᠠᠴᠠ ᠲᠤᠤᠷ᠎ᠠ ᠪᠠᠶᠢᠯᠭᠠᠵᠤ᠂ ᠬᠦᠨᠳᠦ ᠨᠣᠴᠢᠲᠠᠢ ᠬᠡᠷᠡᠭ ᠤᠷᠰᠢᠭ ᠭᠠᠷᠬᠤ ᠦᠭᠡᠢ | ᠪᠣᠯᠭᠠᠨ᠎ᠠ᠃ | 2᠂ ᠤᠳᠤ ᠪᠠᠶᠢᠭ᠎ᠠ ᠡᠬᠢ ᠪᠠᠶᠠᠯᠢᠭ ᠲᠤ ᠪᠠᠨ ᠲᠦᠰᠢᠭᠯᠡᠨ᠂ ᠤᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠤ ᠡᠷᠡᠭᠦᠯᠵᠢᠯ ᠦᠢᠯᠡᠴᠢᠯᠡᠭᠡ ᠶᠢᠨ ᠰᠢᠰᠲ᠋ᠧᠮ ᠢ | ᠪᠠᠶᠢᠭᠤᠯᠤᠨ ᠲᠡᠭᠦᠯᠳᠡᠷᠵᠢᠬᠦᠯᠵᠦ᠂ ᠡᠮᠨᠡᠯᠬᠡ᠂ ᠨᠡᠶᠢᠭᠡᠮ ᠲᠤᠭᠤᠷᠢᠭ ᠬᠠᠮᠲᠤᠷᠠᠯᠴᠠᠭᠰᠠᠨ ᠡᠷᠡᠭᠦᠯᠵᠢᠬᠦᠯᠬᠦ ᠦᠢᠯᠡᠴᠢᠯᠡᠭᠡ ᠶᠢᠨ ᠬᠡᠯᠪᠡᠷᠢ ᠶᠢ ᠪᠤᠢ ᠪᠤᠯᠭᠠᠨ᠎ᠠ᠃ ᠰᠤᠮᠤ | ᠪᠠᠯᠭᠠᠰᠤ ᠪᠠᠷ ᠨᠢᠭᠡᠴᠡ ᠪᠤᠯᠭᠠᠵᠤ᠂ ᠨᠡᠶᠢᠭᠡᠮ ᠲᠤᠭᠤᠷᠢᠭ ᠤᠨ ᠤᠶᠤᠨ ᠮᠡᠳᠡᠷᠡᠯ ᠤᠨ ᠰᠠᠭᠠᠳ ᠡᠪᠡᠳᠴᠢᠲᠡᠨ ᠤ ᠡᠷᠡᠭᠦᠯᠵᠢᠬᠦᠯᠬᠦ ᠪᠠᠶᠢᠭᠤᠯᠤᠮᠵᠢ ᠶᠢᠨ ᠪᠦᠷᠬᠦᠴᠡ ᠶᠢ | 30% ᠳᠤ ᠬᠦᠷᠭᠡᠵᠦ᠂ ᠭᠡᠷ ᠲᠡᠭᠡᠨ ᠰᠠᠭᠤᠵᠤ ᠪᠠᠶᠢᠭ᠎ᠠ ᠡᠪᠡᠳᠴᠢᠲᠡᠨ ᠤ ᠨᠡᠶᠢᠭᠡᠮ ᠲᠤᠭᠤᠷᠢᠭ ᠤᠨ ᠡᠷᠡᠭᠦᠯᠵᠢᠬᠦᠯᠬᠡ ᠳᠤ ᠤᠷᠤᠯᠴᠠᠬᠤ ᠨᠤᠷᠮ᠎ᠠ ᠶᠢ ᠠᠯᠬᠤᠮ | ᠠᠯᠬᠤᠮ ᠢᠶᠠᠷ ᠲᠡᠭᠡᠭᠰᠢᠯᠡᠭᠦᠯᠦᠨ᠎ᠡ᠃ | 3᠂ ᠤᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠤ ᠡᠮ ᠡᠮᠨᠡᠯᠭᠡ ᠶᠢᠨ ᠠᠪᠤᠷᠠᠨ ᠲᠤᠰᠠᠯᠠᠬᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠲᠡᠭᠡᠭᠰᠢᠯᠡᠬᠦᠯᠦᠨ᠎ᠡ᠃ | ᠦᠨᠳᠦᠰᠦᠨ ᠡᠮ ᠡᠮᠨᠡᠯᠬᠡ ᠶᠢᠨ ᠲᠠᠭᠠᠳᠬᠠᠯ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠦᠨᠲᠦ ᠡᠪᠡᠳᠴᠢᠨ ᠤ ᠲᠠᠭᠠᠳᠬᠠᠯ᠂ ᠡᠮ ᠡᠮᠨᠡᠯᠭᠡ ᠶᠢᠨ ᠠᠪᠤᠷᠠᠨ | ᠲᠤᠰᠠᠯᠠᠬᠤ ᠠᠵᠢᠯ ᠢ ᠰᠠᠶᠢᠳᠤᠷ ᠬᠢᠵᠦ᠂ ᠤᠶᠤᠨ ᠰᠠᠨᠠᠭᠠᠨ ᠤ ᠵᠡᠮᠳᠡᠭᠴᠦᠳ ᠤᠨ ᠡᠷᠡᠬᠦᠯᠵᠢᠯ ᠪᠤᠯᠤᠨ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠬᠡ ᠶᠢᠨ ᠬᠦᠨᠲᠦ | ᠡᠪᠡᠳᠴᠢᠨ ᠤ ᠪᠠᠳᠤᠯᠠᠭ᠎ᠠ ᠶᠢᠨ ᠲᠦᠷᠦ ᠶᠢᠨ ᠪᠤᠳᠤᠯᠭ᠎ᠠ ᠲᠠᠢ ᠤᠶᠠᠯᠳᠤᠭᠤᠯᠵᠤ᠂ ᠡᠮᠬᠢᠳᠬᠡᠨ ᠨᠡᠶᠢᠯᠡᠭᠦᠯᠬᠦ ᠦᠢᠯᠡᠳᠦᠯ ᠢᠶᠠᠨ ᠪᠠᠳᠠᠷᠠᠭᠤᠯᠤᠨ᠎ᠠ᠃ | 4᠂ ᠤᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠮᠡᠳᠡᠷᠡᠯ ᠤᠨ | ᠰᠠᠯᠠᠭᠠᠨ ᠤ ᠡᠷᠬᠢᠯᠡᠭᠴᠢ ᠡᠮᠴᠢ ᠶᠢᠨ ᠲᠤᠭ᠎ᠠ ᠬᠡᠮᠵᠢᠶ᠎ᠡ ᠶᠢ ᠴᠢᠷᠮᠠᠶᠢᠨ ᠲᠡᠭᠡᠭᠰᠢᠯᠡᠬᠦᠯᠵᠦ᠂10 ᠲᠦᠮᠡᠨ ᠬᠦᠮᠦᠨ ᠠᠮᠠ ᠪᠦᠷᠢ ᠳᠤ ᠮᠡᠳᠡᠷᠡᠯ ᠤᠨ ᠰᠠᠯᠠᠭᠠᠨ ᠤ ᠠᠵᠢᠯ | ᠤᠨ ᠡᠷᠬᠢᠯᠡᠭᠴᠢ ︵ᠲᠤᠰᠠᠯᠠᠭᠴᠢ︶ ᠡᠮᠴᠢ ᠶᠢᠨ ᠲᠤᠭ᠎ᠠ 2.6 ᠬᠥᠮᠥᠨ ᠠᠴᠠ ᠪᠠᠭ᠎ᠠ ᠪᠠᠶᠢᠵᠤ ᠪᠤᠯᠬᠤ ᠦᠭᠡᠢ ︵ᠤᠯᠤᠰ ᠤᠨ ᠪᠠᠷᠢᠮᠵᠢᠶ᠎ᠠ︶᠃ ᠬᠤᠰᠢᠭᠤᠨ ᠤ | ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠦᠪ ᠠᠴᠠ ᠲᠤᠰᠬᠠᠢ ᠠᠵᠢᠯᠲᠠᠨ ᠢ ᠲᠤᠬᠢᠷᠠᠭᠤᠯᠵᠤ ᠤᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ | ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠭᠤᠯᠤᠨ᠎ᠠ᠃ ᠡᠯ᠎ᠡ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠤᠭᠤᠷᠢᠭ ᠤᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪ ᠨᠤᠭᠤᠳ ᠲᠤᠰᠬᠠᠢ ᠪᠤᠶᠤ ᠲᠤᠰᠢᠶᠠᠯ ᠬᠠᠪᠰᠤᠷᠭᠠᠭᠰᠠᠨ ᠮᠡᠳᠡᠷᠡᠯ ᠤᠨ ᠡᠪᠡᠳᠴᠢᠨ ᠢ ᠰᠡᠷᠭᠡᠶᠢᠯᠡᠬᠦ ᠠᠵᠢᠯᠲᠠᠨ ᠢ | ᠲᠤᠬᠢᠷᠠᠭᠤᠯᠵᠤ᠂ ᠨᠠᠭᠠᠲᠤ ᠵᠠᠬ᠎ᠠ ᠳᠤ ᠪᠠᠨ 1 ᠤᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠲᠤᠰᠬᠠᠢ ᠪᠤᠯᠪᠠᠰᠤᠷᠠᠯ ᠬᠦᠷᠳᠡᠭᠰᠡᠨ ᠶᠡᠷᠦᠩᠬᠡᠢ ᠰᠠᠯᠠᠭᠠᠨ ᠤ ᠡᠮᠴᠢ | ᠪᠠᠶᠢᠬᠤ ᠬᠡᠷᠡᠭᠲᠡᠢ᠃ | 5᠂ ᠰᠡᠳᠬᠢᠴᠡ ᠶᠢᠨ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠲᠡᠭᠡᠭᠰᠢᠯᠡᠭᠦᠯᠦᠨ᠎ᠡ᠃ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠠᠴᠠ | ᠪᠤᠬᠢᠨᠢᠳᠤᠯ ᠪᠠ ᠵᠣᠪᠠᠨᠢᠯ ᠵᠡᠷᠭᠡ ᠦᠷᠭᠦᠯᠵᠢ ᠲᠣᠬᠢᠶᠠᠯᠳᠤᠳᠠᠭ ᠤᠶᠤᠨ ᠮᠡᠳᠡᠷᠡᠯ ᠤᠨ ᠰᠠᠭᠠᠳ ᠢ ᠣᠨᠣᠰᠢᠯᠠᠨ ᠡᠮᠨᠡᠬᠦ ᠦᠢᠯᠡᠴᠢᠯᠡᠭᠡ ᠥᠷᠨᠢᠭᠦᠯᠬᠦ ᠳᠤ ᠨᠦᠬᠦᠴᠡᠯ | ᠪᠦᠷᠢᠯᠳᠦᠬᠦᠯᠵᠦ ᠦᠭᠬᠦᠨ᠎ᠡ᠃ ᠬᠤᠲᠠ ᠶᠢᠨ ᠱᠠᠲᠤᠨ ᠤ ᠣᠶᠣᠨ ᠰᠡᠳᠬᠢᠴᠡ ᠳᠤ ᠲᠤᠰᠠᠯᠠᠮᠵᠢ ᠦᠵᠡᠭᠦᠯᠬᠦ ᠬᠠᠯᠠᠮᠵᠢᠯᠠᠯ ᠤᠳᠠᠰᠤ᠂ ᠰᠡᠳᠬᠢᠴᠡ ᠶᠢᠨ ᠡᠷᠡᠭᠦᠯᠵᠢᠯ | ᠤᠨ ᠰᠦᠯᠵᠢᠶ᠎ᠡ ᠪᠤᠯᠤᠨ ᠰᠡᠳᠬᠢᠴᠡ ᠶᠢᠨ ᠬᠢᠮᠤᠷᠠᠯ ᠤᠨ ᠭᠠᠷ ᠲᠦᠷᠢᠯᠲᠡ᠂ ᠰᠡᠳᠬᠢᠴᠡ ᠶᠢᠨ ᠵᠦᠪᠯᠡᠯᠭᠡ ᠦᠭᠬᠦ ᠲᠤᠰᠬᠠᠢ ᠮᠡᠷᠭᠡᠵᠢᠯᠲᠡᠨ ᠢ ᠠᠰᠢᠭᠯᠠᠨ ᠰᠡᠳᠬᠢᠴᠡ | ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠨ᠎ᠠ᠃ | 6᠂ ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢ ᠢᠳᠡᠪᠬᠢᠲᠡᠢ ᠪᠠᠷ ᠳᠡᠮᠵᠢᠨ ᠬᠥᠲᠥᠯᠥᠨ ᠵᠢᠯᠣᠭᠤᠳᠴᠤ ᠲᠤᠷᠰᠢᠯᠲᠠ ᠶᠢᠨ ᠴᠢᠭ ᠤᠨ ᠠᠵᠢᠯ ᠳᠤ ᠣᠷᠣᠯᠴᠠᠭᠤᠯᠤᠨ᠎ᠠ | ᠃ ᠪᠦᠬᠦ ᠬᠤᠰᠢᠭᠤ ᠪᠠᠷ ᠢᠶᠠᠨ ᠬᠠᠮᠤᠭ ᠤᠨ ᠨᠠᠭᠠᠲᠤ ᠵᠠᠬ᠎ᠠ ᠳᠤ ᠪᠠᠨ ᠨᠢᠭᠡ ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢ ᠲᠡᠮᠵᠢᠬᠦ ᠶᠢᠨ ᠬᠠᠮᠲᠤ ᠨᠡᠶᠢᠭᠡᠮ ᠤᠨ | ᠠᠵᠢᠯᠲᠠᠨ ᠪᠤᠯᠤᠨ ᠰᠠᠶᠢᠨ ᠲᠤᠷᠠᠴᠤᠳ ᠢ ᠲᠠᠲᠠᠵᠤ ᠤᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠤ ᠨᠡᠶᠢᠭᠡᠮ ᠤᠨ ᠡᠷᠡᠭᠦᠯᠵᠢᠯ ᠤᠨ ᠦᠢᠯᠡᠴᠢᠯᠡᠭᠡ ᠳᠤ | ᠤᠷᠤᠯᠴᠠᠭᠤᠯᠤᠨ᠎ᠠ᠃ | ᠬᠤᠶᠠᠷ᠂ ᠠᠷᠭ᠎ᠠ ᠪᠤᠳᠤᠯᠭ᠎ᠠ ᠪᠠ ᠠᠷᠭ᠎ᠠ ᠬᠡᠮᠵᠢᠶ᠎ᠡ | ︵ᠨᠢᠬᠡ︶ ᠣᠶᠣᠨ ᠮᠡᠳᠡᠷᠡᠯ ᠤᠨ ᠡᠷᠡᠭᠦᠯ ᠬᠠᠮᠠᠭᠠᠯᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠤᠨ ᠲᠤᠭᠲᠠᠴᠠ ᠶᠢ ᠪᠦᠷᠢᠨᠰᠢᠭᠦᠯᠬᠦ ᠪᠠ | ᠲᠡᠭᠦᠯᠳᠡᠷᠵᠢᠭᠦᠯᠦᠨ᠎ᠡ᠃ | 1᠂ ᠵᠠᠰᠠᠭ ᠤᠨ ᠤᠷᠳᠤᠨ ᠠᠴᠠ ᠣᠶᠣᠨ ᠮᠡᠳᠡᠷᠡᠯ ᠤᠨ ᠡᠷᠡᠭᠦᠯ ᠬᠠᠮᠠᠭᠠᠯᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠤᠷᠰᠢᠯᠲᠠ ᠶᠢᠨ ᠴᠢᠭ ᠤᠨ ᠠᠵᠢᠯ ᠤᠨ | ᠤᠳᠤᠷᠢᠳᠬᠤ ᠲᠤᠭᠤᠶᠢᠯᠠᠩ ᠢ ᠪᠠᠶᠢᠭᠤᠯᠵᠤ᠂ ᠭᠤᠣᠯᠯᠠᠨ ᠬᠠᠮᠢᠶᠠᠷᠬᠤ ᠬᠤᠰᠢᠭᠤᠨ ᠲᠠᠷᠤᠭ᠎ᠠ ᠪᠠᠷ ᠲᠤᠭᠤᠶᠢᠯᠠᠩ ᠤᠨ ᠲᠠᠷᠤᠭ᠎ᠠ ᠪᠣᠯᠭᠠᠭᠰᠠᠨ᠂ ᠶᠡᠷᠦᠩᠭᠡᠶᠢᠯᠡᠨ | ᠵᠠᠰᠠᠬᠤ ᠠᠯᠪᠠᠨ ᠭᠡᠷ᠂ ᠡᠷᠡᠭᠦᠯ ᠬᠠᠮᠠᠭᠠᠯᠠᠯ ᠬᠢᠭᠡᠳ ᠲᠦᠯᠦᠪᠯᠡᠭᠡᠲᠦ ᠦᠷᠡᠵᠢᠯ᠂ ᠲᠤᠲᠤᠭᠠᠲᠤ ᠶᠢ ᠬᠠᠮᠠᠭᠠᠯᠠᠬᠤ ᠲᠤᠪᠴᠢᠶ᠎ᠡ᠂ ᠬᠦᠭᠵᠢᠭᠦᠯᠦᠯᠲᠡ ᠬᠢᠭᠡᠳ | ᠦᠭᠡᠷᠡᠴᠢᠯᠡᠯᠲᠡ ᠶᠢᠨ ᠲᠤᠪᠴᠢᠶ᠎ᠠ᠂ ᠰᠤᠷᠭᠠᠨ ᠬᠦᠮᠦᠵᠢᠯ ᠬᠢᠭᠡᠳ ᠰᠢᠨᠵᠢᠯᠡᠬᠦ ᠮᠡᠷᠭᠡᠵᠢᠯ᠂ ᠠᠷᠠᠳ ᠤᠨ ᠶᠠᠪᠤᠳᠠᠯ ᠤᠨ ᠲᠤᠪᠴᠢᠶ᠎ᠠ᠂ ᠬᠠᠤᠯᠢ ᠴᠠᠭᠠᠵᠠ᠂ ᠡᠳ᠋ ᠤᠨ | ᠵᠠᠰᠠᠭ᠂ ᠬᠦᠮᠦᠨ ᠤ ᠬᠦᠴᠦᠨ ᠤ ᠡᠬᠢ ᠪᠠᠶᠠᠯᠢᠭ ᠪᠤᠯᠤᠨ ᠨᠡᠶᠢᠭᠡᠮ ᠤᠨ ᠪᠠᠳᠤᠯᠠᠭ᠎ᠠ᠂ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠲᠠ᠂ ᠵᠡᠮᠳᠡᠭᠴᠦᠳ ᠤᠨ ᠬᠤᠯᠪᠤᠭ᠎ᠠ | ᠵᠡᠷᠭᠡ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠢᠶᠠᠷ ᠪᠦᠷᠢᠯᠳᠤᠵᠤ᠂ ᠰᠠᠯᠠᠭ᠎ᠠ ᠮᠦᠴᠢᠷ ᠤᠨ ᠡᠭᠦᠷᠭᠡ ᠬᠠᠷᠢᠭᠤᠴᠠᠯᠭ᠎ᠠ ᠶᠢ ᠲᠤᠳᠤᠷᠬᠠᠶᠢᠯᠠᠵᠤ᠂ ᠡᠮᠴᠢᠯᠡᠭᠡᠨ ᠤ | ᠠᠪᠤᠷᠠᠨ ᠲᠤᠰᠠᠯᠠᠬᠤ ᠠᠯᠪᠠᠨ ᠭᠡᠷ ᠪᠤᠯᠤᠨ ᠡᠳᠦᠷ ᠲᠤᠲᠤᠮ ᠤᠨ ᠬᠠᠮᠢᠶᠠᠷᠤᠯᠲᠠ ᠶᠢᠨ ᠠᠵᠢᠯ ᠤᠨ ᠠᠯᠪᠠᠨ ᠭᠡᠷ ᠢ ᠪᠠᠶᠢᠭᠤᠯᠵᠤ ︵ᠲᠤᠰ ᠲᠤᠰ ᠬᠤᠰᠢᠭᠤᠨ ᠤ | ᠡᠷᠡᠭᠦᠯ ᠬᠠᠮᠠᠭᠠᠯᠠᠯ ᠬᠢᠭᠡᠳ ᠲᠦᠯᠦᠪᠯᠡᠭᠡᠲᠦ ᠦᠷᠡᠵᠢᠯ ᠤᠨ ᠲᠤᠪᠴᠢᠶ᠎ᠠ᠂ ᠬᠤᠰᠢᠭᠤᠨ ᠤ ᠲᠤᠲᠤᠭᠠᠲᠤ ᠶᠢ ᠬᠠᠮᠠᠭᠠᠯᠠᠬᠤ ᠲᠤᠪᠴᠢᠶ᠎ᠡ︶᠂ ᠡᠮ ᠡᠮᠨᠡᠯᠭᠡ ᠶᠢᠨ ᠠᠪᠤᠷᠠᠨ | ᠲᠤᠰᠠᠯᠠᠬᠤ ᠠᠯᠪᠠᠨ ᠭᠡᠷ ᠪᠤᠯᠤᠨ ᠡᠳᠦᠷ ᠲᠤᠲᠤᠮ ᠤᠨ ᠬᠠᠮᠢᠶᠠᠷᠤᠯᠲᠠ ᠶᠢᠨ ᠠᠵᠢᠯ ᠤᠨ ᠠᠯᠪᠠᠨ ᠭᠡᠷ ᠨᠢ ᠣᠶᠣᠨ ᠮᠡᠳᠡᠷᠡᠯ ᠤᠨ ᠡᠷᠡᠭᠦᠯ ᠬᠠᠮᠠᠭᠠᠯᠠᠯ ᠤᠨ | ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠤᠷᠰᠢᠯᠲᠠ ᠶᠢᠨ ᠠᠵᠢᠯ ᠤᠨ ᠤᠳᠤᠷᠢᠳᠬᠤ ᠲᠤᠭᠤᠶᠢᠯᠠᠩ ᠤᠨ ᠤᠳᠤᠷᠢᠳᠤᠯᠭ᠎ᠠ ᠲᠤᠤᠷ᠎ᠠ ᠵᠤᠬᠢᠴᠠᠭᠤᠯᠬᠤ ᠪᠠ ᠡᠳᠦᠷ | ᠲᠤᠲᠤᠮ ᠤᠨ ᠠᠵᠢᠯ ᠢ ᠬᠠᠷᠢᠭᠤᠴᠠᠨ᠎ᠠ᠃ ᠡᠮᠴᠢᠯᠡᠭᠡᠨ ᠤ ᠠᠪᠤᠷᠠᠨ ᠲᠤᠰᠠᠯᠠᠬᠤ ᠠᠯᠪᠠᠨ ᠭᠡᠷ ᠤᠨ ᠳᠣᠣᠷ᠎ᠠ ᠪᠠᠶᠢᠭᠤᠯᠤᠭᠰᠠᠨ ᠣᠶᠣᠨ ᠮᠡᠳᠡᠷᠡᠯ ᠤᠨ ᠡᠷᠡᠭᠦᠯ | ᠬᠠᠮᠠᠭᠠᠯᠠᠯ ᠤᠨ ᠰᠡᠷᠭᠡᠶᠢᠯᠡᠨ ᠵᠠᠰᠠᠬᠤ ᠮᠡᠷᠭᠡᠵᠢᠯ ᠤᠨ ᠬᠠᠮᠢᠶᠠᠷᠤᠯᠲᠠ ᠪᠣᠯᠣᠨ ᠵᠢᠭᠠᠨ ᠵᠢᠯᠣᠭᠤᠳᠬᠤ ᠪᠠᠶᠢᠭᠤᠯᠤᠮᠵᠢ ︵ᠲᠦᠭᠦᠮᠴᠢᠯᠡᠭᠡᠳ ︽ᠣᠶᠣᠨ ᠮᠡᠳᠡᠷᠡᠯ ᠤᠨ | ᠡᠪᠡᠳᠴᠢᠨ ᠢ ᠰᠡᠷᠭᠡᠶᠢᠯᠡᠬᠦ ᠪᠠᠶᠢᠭᠤᠯᠤᠮᠵᠢ︾︶ ᠶᠢ ᠬᠤᠰᠢᠭᠤᠨ ᠤ ᠬᠢᠵᠢᠭ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠲᠥᠪ ᠲᠤ ᠪᠠᠶᠢᠭᠤᠯᠤᠨ᠎ᠠ᠃ | 2᠂ ᠤᠳᠤᠷᠢᠳᠬᠤ ᠪᠠᠭ᠎ᠠ ᠲᠤᠭᠤᠶᠢᠯᠠᠩ ᠤᠨ ᠬᠠᠷᠢᠭᠤᠴᠠᠯᠭ᠎ᠠ | ᠣᠶᠣᠨ ᠮᠡᠳᠡᠷᠡᠯ ᠤᠨ ᠡᠷᠡᠭᠦᠯ ᠬᠠᠮᠠᠭᠠᠯᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠤᠷᠰᠢᠯᠲᠠ ᠶᠢᠨ ᠠᠵᠢᠯ ᠤᠨ ᠤᠳᠤᠷᠢᠳᠬᠤ ᠲᠤᠭᠤᠶᠢᠯᠠᠩ ᠨᠢ᠄ ᠪᠦᠬᠦ | ᠬᠤᠰᠢᠭᠤᠨ ᠤ ᠶᠡᠷᠦᠩᠭᠡᠶᠢᠯᠡᠨ ᠵᠠᠰᠠᠬᠤ ᠠᠯᠪᠠᠨ ᠭᠡᠷ᠂ ᠡᠷᠡᠭᠦᠯ ᠬᠠᠮᠠᠭᠠᠯᠠᠯ ᠬᠢᠭᠡᠳ ᠲᠦᠯᠦᠪᠯᠡᠭᠡᠲᠦ ᠦᠷᠡᠵᠢᠯ᠂ ᠲᠤᠲᠤᠭᠠᠲᠤ ᠶᠢ ᠬᠠᠮᠠᠭᠠᠯᠠᠬᠤ ᠲᠤᠪᠴᠢᠶ᠎ᠡ᠂ | ᠬᠦᠭᠵᠢᠭᠦᠯᠦᠯᠲᠡ ᠬᠢᠭᠡᠳ ᠦᠭᠡᠷᠡᠴᠢᠯᠡᠯᠲᠡ ᠶᠢᠨ ᠲᠤᠪᠴᠢᠶ᠎ᠠ᠂ ᠰᠤᠷᠭᠠᠨ ᠬᠦᠮᠦᠵᠢᠯ ᠬᠢᠭᠡᠳ ᠰᠢᠨᠵᠢᠯᠡᠬᠦ ᠮᠡᠷᠭᠡᠵᠢᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ | ᠲᠤᠪᠴᠢᠶ᠎ᠠ᠂ ᠬᠠᠤᠯᠢ ᠴᠠᠭᠠᠵᠠ᠂ ᠡᠳ᠋ ᠤᠨ ᠵᠠᠰᠠᠭ᠂ ᠬᠦᠮᠦᠨ ᠤ ᠬᠦᠴᠦᠨ ᠤ ᠡᠬᠢ ᠪᠠᠶᠠᠯᠢᠭ ᠪᠤᠯᠤᠨ ᠨᠡᠶᠢᠭᠡᠮ ᠤᠨ ᠪᠠᠳᠤᠯᠠᠭ᠎ᠠ᠂ ᠵᠠᠬ᠎ᠠ ᠲᠡᠯᠭᠡᠭᠦᠷ ᠤᠨ ᠬᠢᠨᠠᠨ | ᠬᠠᠮᠢᠶᠠᠷᠤᠯᠲᠠ᠂ ᠵᠡᠮᠳᠡᠭᠴᠦᠳ ᠤᠨ ᠬᠤᠯᠪᠤᠭ᠎ᠠ ᠵᠡᠷᠭᠡ ᠰᠠᠯᠠᠭ᠎ᠠ ᠮᠦᠴᠢᠷ ᠢ ᠵᠣᠬᠢᠶᠠᠨ ᠪᠠᠶᠢᠭᠤᠯᠤᠨ ᠲᠣᠬᠢᠷᠠᠭᠤᠯᠬᠤ ᠶᠢ ᠬᠠᠷᠢᠭᠤᠴᠠᠵᠤ᠂ ᠬᠦᠨᠲᠦ ᠬᠡᠴᠡᠭᠦᠦ ᠤᠶᠤᠨ | ᠮᠡᠳᠡᠷᠡᠯ ᠤᠨ ᠰᠠᠭᠠᠳ ᠡᠪᠡᠳᠴᠢᠨ ᠤ ᠡᠮᠴᠢᠯᠡᠭᠡ ᠪᠣᠯᠣᠨ ᠬᠠᠮᠢᠶᠠᠷᠤᠯᠲᠠ ᠶᠢ ᠰᠢᠨᠵᠢᠯᠡᠬᠦ ᠤᠬᠠᠭᠠᠨᠴᠢ ᠪᠠᠷ ᠳᠦᠷᠢᠮᠵᠢᠭᠦᠯᠦᠨ ᠦᠷᠨᠢᠬᠦᠯᠦᠨ᠎ᠡ᠃ ᠬᠡᠷᠡᠭ ᠤᠷᠰᠢᠭ | ᠲᠠᠲᠠᠬᠤ ᠠᠴᠠ ᠰᠡᠷᠭᠡᠶᠢᠯᠡᠵᠦ᠂ ᠨᠡᠶᠢᠭᠡᠮ ᠤᠨ ᠡᠶ᠎ᠡ ᠵᠣᠬᠢᠴᠠᠩᠭᠤᠢ ᠪᠠ ᠲᠤᠭᠳᠠᠭᠤᠨ ᠪᠠᠶᠢᠳᠠᠯ ᠢ ᠪᠠᠲᠤᠯᠠᠨ᠎ᠠ᠃ | ᠶᠡᠷᠦᠩᠭᠡᠶᠢᠯᠡᠨ ᠵᠠᠰᠠᠬᠤ ᠰᠠᠯᠠᠭ᠎ᠠ ᠮᠦᠴᠢᠷ ᠠᠴᠠ ᠬᠦᠨᠲᠦ ᠬᠡᠴᠡᠭᠦᠦ ᠤᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠤ ᠦᠢᠯᠡᠴᠢᠯᠡᠭᠡ ᠶᠢᠨ ᠬᠠᠮᠢᠶᠠᠷᠤᠯᠲᠠ ᠶᠢᠨ | ᠠᠵᠢᠯ ᠢ ᠨᠡᠶᠢᠭᠡᠮ ᠤᠨ ᠠᠮᠤᠷ ᠢ ᠶᠡᠷᠦᠩᠭᠡᠶᠢᠯᠡᠨ ᠵᠠᠰᠠᠬᠤ ᠬᠢᠨᠠᠨ ᠰᠢᠯᠭᠠᠯᠲᠠ ᠶᠢᠨ ᠬᠦᠷᠢᠶ᠎ᠡ ᠭᠡᠪᠴᠢᠶᠡᠨ ᠳᠤ ᠤᠷᠤᠭᠤᠯᠬᠤ ᠶᠢ ᠬᠠᠷᠢᠭᠤᠴᠠᠵᠤ᠂ ᠬᠦᠨᠲᠦ ᠨᠤᠴᠢᠲᠠᠢ | ᠬᠡᠷᠡᠭ ᠤᠷᠰᠢᠭ ᠲᠠᠲᠠᠭᠰᠠᠨ ᠬᠡᠷᠡᠭ ᠲᠤ ᠨᠢᠭᠡ ᠫᠢᠶᠤᠤ ᠪᠠᠷ ᠦᠭᠡᠶᠢᠰᠬᠡᠬᠦ ᠲᠦᠷᠢᠮ ᠢ ᠭᠡᠷᠡᠭᠵᠢᠬᠦᠯᠦᠨ᠎ᠡ᠃ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠬᠦᠨᠲᠦ | ᠤᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠢ ᠡᠮᠨᠡᠬᠦ ᠪᠠ ᠬᠠᠮᠢᠶᠠᠷᠬᠤ ᠠᠵᠢᠯ ᠤᠨ ᠡᠯ᠎ᠡ ᠡᠭᠦᠷᠭᠡ ᠪᠠᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠵᠣᠬᠢᠶᠠᠨ | ᠪᠠᠶᠢᠭᠤᠯᠵᠤ ᠵᠣᠬᠢᠴᠠᠭᠤᠯᠬᠤ ᠪᠠ ᠬᠢᠨᠠᠵᠤ ᠪᠠᠶᠢᠴᠠᠭᠠᠨ ᠰᠢᠢᠳᠪᠦᠷᠢᠯᠡᠨ᠎ᠡ᠂ ᠤᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠠᠵᠢᠯ ᠤᠨ ᠬᠤᠯᠪᠣᠭᠠᠲᠤ ᠬᠤᠷᠠᠯ ᠤᠨ | ᠲᠦᠷᠢᠮ ᠢ ᠪᠠᠶᠢᠭᠤᠯᠵᠤ᠂ ᠪᠦᠷᠢᠯᠳᠦᠬᠦᠨ ᠰᠠᠯᠠᠭ᠎ᠠ ᠮᠦᠴᠢᠷ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠤᠳᠤᠷᠬᠠᠢ ᠪᠤᠯᠭᠠᠵᠤ᠂ ᠬᠠᠭᠠᠰ ᠵᠢᠯ ᠳᠤ ᠬᠠᠮᠤᠭ | ᠤᠨ ᠨᠠᠭᠠᠲᠤ ᠵᠠᠬ᠎ᠠ ᠳᠤ ᠪᠠᠨ ᠨᠢᠭᠡ ᠤᠳᠠᠭ᠎ᠠ ᠡᠯ᠎ᠡ ᠰᠠᠯᠠᠭ᠎ᠠ ᠮᠦᠴᠢᠷ ᠤᠨ ᠵᠤᠬᠢᠴᠠᠭᠤᠯᠬᠤ ᠬᠤᠷᠠᠯ ᠬᠤᠷᠠᠯᠳᠤᠭᠤᠯᠵᠤ᠂ ᠲᠤᠷᠰᠢᠯᠲᠠ ᠶᠢᠨ ᠠᠵᠢᠯ ᠢ ᠲᠦᠯᠬᠢᠨ | ᠠᠬᠢᠭᠤᠯᠬᠤ ᠶᠠᠪᠤᠴᠠ ᠲᠤᠮᠲᠠ ᠤᠷᠤᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃ ᠬᠦᠨᠲᠦ ᠤᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠢ ᠠᠪᠤᠷᠠᠨ | ᠲᠤᠰᠠᠯᠠᠬᠤ ᠵᠡᠷᠭᠡ ᠠᠵᠢᠯ ᠢ ᠶᠡᠷᠦᠩᠭᠡᠶᠢᠯᠡᠨ ᠵᠠᠰᠠᠬᠤ ᠶᠢᠨ ᠬᠢᠨᠠᠨ ᠰᠢᠯᠭᠠᠬᠤ ᠠᠭᠤᠯᠭ᠎ᠠ ᠳᠤ ᠤᠷᠤᠭᠤᠯᠤᠨ᠎ᠠ᠃ | ᠡᠷᠡᠭᠦᠯ ᠬᠠᠮᠠᠭᠠᠯᠠᠯ ᠬᠢᠭᠡᠳ ᠲᠦᠯᠦᠪᠯᠡᠭᠡᠲᠦ ᠦᠷᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠡᠳᠦᠷ ᠲᠤᠲᠤᠮ | ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠬᠦᠨᠲᠦ ᠤᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠢ ᠰᠢᠭᠰᠢᠨ ᠪᠠᠶᠢᠴᠠᠭᠠᠬᠤ᠂ ᠤᠨᠤᠰᠢᠯᠠᠬᠤ᠂ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠡᠮᠨᠡᠨ ᠵᠠᠰᠠᠬᠤ᠂ ᠬᠢᠨᠠᠨ ᠬᠡᠮᠵᠢᠬᠦ᠂ ᠲᠠᠭᠠᠨ ᠬᠠᠮᠢᠶᠠᠷᠬᠤ ᠵᠡᠷᠭᠡ ᠠᠵᠢᠯ ᠢ ᠬᠠᠷᠢᠭᠤᠴᠠᠨ᠎ᠠ︔ ᠰᠢᠨ᠎ᠡ ᠮᠠᠶ᠋ᠢᠭ ᠤᠨ | ᠬᠤᠷᠰᠢᠭᠰᠠᠨ ᠡᠮᠨᠡᠯᠬᠡ ᠶᠢᠨ ᠵᠠᠷᠣᠳᠠᠯ ᠢ ᠬᠢᠨᠠᠨ ᠬᠠᠷᠭᠤᠭᠤᠯᠬᠤ᠂ ᠳᠠᠩᠰᠠ ᠠᠴᠠ ᠬᠠᠰᠤᠬᠤ᠂ ᠰᠢᠯᠵᠢᠭᠦᠯᠦᠨ ᠥᠭᠬᠦ ᠠᠵᠢᠯ ᠢ ᠬᠠᠷᠢᠭᠤᠴᠠᠨ᠎ᠠ︔ ᠡᠷᠡᠭᠦᠯ ᠬᠠᠮᠠᠭᠠᠯᠠᠯ | ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠣᠷ ᠰᠦᠯᠵᠢᠶ᠎ᠡ᠂ ᠮᠡᠷᠭᠡᠵᠢᠯ ᠤᠨ ᠵᠢᠭᠠᠨ ᠵᠢᠯᠤᠭᠤᠳᠤᠯᠭ᠎ᠠ ᠶᠢᠨ ᠲᠣᠣᠷ ᠰᠦᠯᠵᠢᠶ᠎ᠡ᠂ ᠣᠯᠣᠰ ᠤᠨ ᠬᠦᠨᠲᠦ ᠤᠶᠤᠨ | ᠮᠡᠳᠡᠷᠡᠯ ᠤᠨ ᠰᠠᠭᠠᠳ ᠤᠨ ᠮᠡᠳᠡᠭᠡ ᠵᠠᠩᠬᠢ ᠶᠢᠨ ᠬᠠᠮᠢᠶᠠᠷᠣᠯᠲᠠ ᠶᠢᠨ ᠲᠤᠤᠷ ᠰᠦᠯᠵᠢᠶ᠎ᠡ ᠶᠢ ᠪᠠᠶᠢᠭᠤᠯᠬᠤ ᠶᠢ ᠬᠠᠷᠢᠭᠤᠴᠠᠵᠤ᠂ ᠬᠦᠨᠲᠦ ᠣᠶᠣᠨ ᠮᠡᠳᠡᠷᠡᠯ ᠤᠨ | ᠰᠠᠭᠠᠳ ᠲᠠᠢ ᠡᠪᠡᠳᠴᠢᠲᠡᠨ ᠤ ᠦᠢᠯᠡᠴᠢᠯᠡᠭᠡ ᠶᠢᠨ ᠬᠠᠮᠢᠶᠠᠷᠤᠯᠲᠠ ᠶᠢᠨ ᠪᠦᠲᠦᠮᠵᠢᠲᠡᠢ ᠲᠤᠭᠲᠠᠴᠠ ᠶᠢ ᠲᠡᠭᠦᠯᠳᠡᠷᠵᠢᠭᠦᠯᠦᠨ᠎ᠡ︔ ᠰᠢᠨ᠎ᠡ ᠮᠠᠶ᠋ᠢᠭ ᠤᠨ ᠬᠤᠷᠰᠢᠭᠰᠠᠨ | ᠡᠮᠨᠡᠯᠬᠡ ᠶᠢᠨ ᠣᠶᠣᠨ ᠮᠡᠳᠡᠷᠡᠯ ᠤᠨ ᠡᠪᠡᠳᠴᠢᠨ ᠤ ᠡᠮ ᠤᠨ ᠵᠦᠢᠯ ᠤᠨ ᠭᠠᠷᠴᠠᠭ ᠲᠤ ᠴᠠᠭ ᠲᠤᠬᠠᠢ ᠳᠤᠨᠢ ᠲᠣᠬᠢᠷᠠᠭᠤᠯᠤᠯᠲᠠ ᠬᠢᠨ᠎ᠡ᠃ | ᠲᠤᠲᠤᠭᠠᠲᠤ ᠶᠢ ᠬᠠᠮᠠᠭᠠᠯᠠᠬᠤ ᠲᠤᠪᠴᠢᠶ᠎ᠡ ᠣᠶᠣᠨ ᠮᠡᠳᠡᠷᠡᠯ ᠤᠨ ᠡᠷᠡᠭᠦᠯ ᠬᠠᠮᠠᠭᠠᠯᠠᠯ ᠤᠨ ᠮᠡᠳᠡᠯᠭᠡ ᠶᠢ ᠨᠡᠶᠢᠭᠡᠮ ᠲᠤᠭᠤᠷᠢᠭ ᠤᠨ ᠠᠷᠠᠳ ᠤᠨ ᠴᠠᠭᠳᠠᠭᠠᠨ ᠤ ᠠᠵᠢᠯ | ᠤᠨ ᠪᠠᠶᠢᠷᠢ ᠶᠢᠨ ᠪᠤᠯᠪᠠᠰᠤᠷᠠᠯ ᠤᠨ ᠠᠭᠤᠯᠭ᠎ᠠ ᠳᠤ ᠤᠷᠤᠭᠤᠯᠵᠤ᠂ ᠬᠠᠷᠢᠶᠠᠲᠤ ᠤᠷᠤᠨ ᠳᠠᠬᠢ ᠬᠡᠷᠡᠭ ᠲᠠᠲᠠᠵᠤ ᠮᠡᠳᠡᠬᠦ ᠬᠦᠨᠲᠦ ᠤᠶᠤᠨ ᠮᠡᠳᠡᠷᠡᠯ ᠤᠨ ᠰᠠᠭᠠᠳ ᠲᠠᠢ | ᠡᠪᠡᠳᠴᠢᠲᠡᠨ ᠤ ᠦᠨᠳᠦᠰᠦᠨ ᠪᠠᠶᠢᠳᠠᠯ ᠢ ᠭᠤᠤᠯᠳᠠᠯᠭ᠎ᠠ ᠲᠠᠢ ᠡᠵᠡᠮᠰᠢᠵᠦ᠂ ᠬᠤᠷᠢᠭᠯᠠᠨ ᠬᠢᠵᠠᠭᠠᠷᠯᠠᠬᠤ ᠠᠷᠭ᠎ᠠ ᠬᠡᠯᠪᠡᠷᠢ ᠶᠢ ᠨᠠᠶᠢᠳᠠᠪᠤᠷᠢᠵᠢᠭᠤᠯᠤᠨ᠎ᠠ︔ ᠬᠦᠨᠲᠦ | ᠤᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠤ ᠠᠶᠤᠯᠲᠤ ᠦᠢᠯᠡ ᠠᠵᠢᠯᠯᠠᠭ᠎ᠠ ᠶᠢᠨ ᠬᠢᠨᠠᠨ ᠬᠠᠮᠢᠶᠠᠷᠤᠯᠲᠠ ᠶᠢ ᠬᠠᠮᠵᠢᠨ ᠦᠷᠨᠢᠭᠦᠯᠦᠨ᠎ᠡ︔ ᠬᠤᠯᠪᠤᠭᠳᠠᠯ | ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ ᠭᠡᠨᠡᠳᠲᠡ ᠶᠢᠨ ᠬᠡᠷᠡᠭ ᠡᠬᠦᠰᠬᠡᠬᠦ ᠡᠪᠡᠳᠴᠢᠲᠡᠨ ᠤ ᠬᠡᠷᠡᠭ ᠤᠨ ᠲᠤᠬᠠᠢ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠠᠵᠢᠯ ᠢ ᠰᠠᠶᠢᠳᠤᠷ ᠬᠢᠵᠦ᠂ ᠬᠦᠨᠲᠦ ᠬᠡᠴᠡᠭᠦᠦ ᠬᠡᠷᠡᠭ ᠶᠠᠪᠤᠳᠠᠯ ᠡᠭᠦᠰᠬᠡᠭᠰᠡᠨ ᠰᠤᠯᠢᠶ᠎ᠡ ᠡᠪᠡᠳᠴᠢᠲᠡᠨ ᠢ ᠠᠯᠪᠠᠳᠠᠨ ᠬᠤᠷᠢᠵᠤ ᠬᠦᠷᠭᠡᠬᠦ ᠠᠵᠢᠯ ᠢ | ᠬᠠᠤᠯᠢ ᠶᠣᠰᠣᠭᠠᠷ ᠰᠠᠶᠢᠲᠤᠷ ᠬᠢᠵᠦ᠂ ᠠᠵᠢᠯ ᠲᠦᠷᠦᠯ ᠤᠨ ᠪᠤᠯᠪᠠᠰᠤᠷᠠᠯ ᠳᠤ ᠰᠤᠩᠭᠤᠨ ᠲᠤᠮᠢᠯᠠᠬᠤ ᠬᠦᠮᠦᠰ ᠢ ᠵᠤᠬᠢᠶᠠᠨ ᠪᠠᠶᠢᠭᠤᠯᠵᠤ ᠤᠷᠤᠯᠴᠠᠭᠤᠯᠤᠨ᠎ᠠ᠃ | ᠠᠷᠠᠳ ᠤᠨ ᠶᠠᠪᠤᠳᠠᠯ ᠤᠨ ᠲᠤᠪᠴᠢᠶ᠎ᠠ ᠬᠠᠮᠤᠭ ᠤᠨ ᠲᠤᠤᠷ᠎ᠠ ᠠᠮᠢᠳᠤᠷᠠᠯ ᠤᠨ ᠪᠠᠳᠤᠯᠠᠭ᠎ᠠ ᠬᠦᠷᠲᠡᠬᠦ ᠭᠡᠷ ᠪᠦᠯᠢ᠂ ᠬᠤᠲᠠ ᠪᠠᠯᠭᠠᠰᠤᠨ ᠤ ︽ᠭᠤᠷᠪᠠ ᠦᠭᠡᠢ︾᠂ | ᠮᠠᠯᠵᠢᠬᠤ ᠤᠷᠤᠨ ᠤ ᠪᠠᠲᠤᠯᠠᠭᠠᠲᠤ ᠪᠤᠰᠤ ᠡᠷᠦᠬᠡ ᠵᠡᠷᠭᠡ ᠬᠦᠴᠢᠷᠳᠡᠯᠲᠡᠢ ᠤᠯᠠᠨ ᠤ ᠳᠤᠮᠳᠠᠬᠢ ᠤᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠢ ᠡᠮᠨᠡᠨ ᠵᠠᠰᠠᠬᠤ | ᠪᠠ ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ᠃ ᠭᠡᠨᠡᠳᠲᠡ ᠶᠢᠨ ᠰᠣᠯᠢᠶᠡ ᠡᠪᠡᠳᠴᠢᠨ ᠬᠥᠳᠡᠯᠵᠦ᠂ ᠡᠮ ᠡᠮᠨᠡᠯᠬᠡ ᠶᠢᠨ ᠵᠠᠷᠤᠳᠠᠯ ᠤᠨ ᠵᠠᠷᠤᠯᠭ᠎ᠠ ᠨᠡᠯᠢᠶᠡᠳ | ᠶᠡᠭᠡ ᠠᠴᠠ ᠪᠤᠯᠵᠤ ᠠᠮᠢᠳᠤᠷᠠᠯ ᠳᠤᠨᠢ ᠨᠡᠯᠢᠶᠡᠳ ᠶᠡᠭᠡ ᠬᠦᠴᠢᠷᠳᠡᠯ ᠭᠠᠷᠤᠭᠰᠠᠨ ᠭᠡᠷ ᠪᠦᠯᠢ ᠪᠤᠯᠤᠨ ᠬᠤᠪᠢ ᠬᠦᠮᠦᠨ ᠳᠤ ᠲᠦᠷ ᠴᠠᠭ ᠠᠪᠤᠷᠠᠨ ᠲᠤᠰᠠᠯᠠᠵᠤ ᠡᠮᠨᠡᠨ | ᠵᠠᠰᠠᠬᠤ ᠶᠢᠨ ᠬᠤᠯᠪᠤᠭᠳᠠᠯ ᠪᠦᠬᠦᠢ ᠲᠦᠷᠢᠮ ᠶᠤᠰᠤ ᠪᠠᠷ ᠲᠦᠷ ᠴᠠᠭ ᠤᠨ ᠲᠤᠰᠠᠯᠠᠮᠵᠢ ᠦᠵᠡᠭᠦᠯᠦᠨ᠎ᠡ᠃ ᠲᠤᠲᠤᠭᠠᠲᠤ ᠶᠢ ᠬᠠᠮᠠᠭᠠᠯᠠᠬᠤ ᠲᠤᠪᠴᠢᠶ᠎ᠡ ᠲᠠᠢ | ᠬᠠᠮᠵᠢᠯᠴᠠᠨ ᠮᠠᠨ ᠤ ᠬᠤᠰᠢᠭᠤᠨ ᠤ ᠬᠢᠯᠢ ᠳᠣᠲᠣᠷᠠᠬᠢ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠦᠮᠦᠰ ᠤᠨ ᠲᠤᠳᠤᠷ᠎ᠠ ᠤᠶᠤᠨ ᠮᠡᠳᠡᠷᠡᠯ ᠤ ᠰᠠᠭᠠᠳ ᠲᠠᠢ | ᠡᠪᠡᠳᠴᠢᠲᠡᠨ ᠭᠡᠵᠦ ᠰᠡᠵᠢᠭᠯᠡᠭᠳᠡᠵᠦ ᠪᠠᠶᠢᠭ᠎ᠠ ᠬᠦᠮᠦᠰ ᠢ ᠰᠤᠯᠢᠶ᠎ᠠ ᠡᠪᠡᠳᠴᠢᠨ ᠤ ᠡᠮᠨᠡᠯᠭᠡ ᠶᠢᠨ ᠬᠤᠷᠢᠶᠠᠨ ᠳᠤ ᠬᠦᠷᠭᠡᠵᠦ ᠤᠨᠤᠰᠢᠯᠠᠬᠤ ᠪᠠ ᠡᠮᠨᠡᠨ ᠵᠠᠰᠠᠨ᠎ᠠ︔ | ᠪᠡᠶ᠎ᠡ ᠶᠢᠨ ᠦᠨᠡᠮᠨᠡᠯ ᠦᠭᠡᠢ ︵ᠨᠡᠷ᠎ᠡ ᠪᠤᠯᠤᠨ ᠰᠠᠭᠤᠭ᠎ᠠ ᠭᠠᠵᠠᠷ︶᠂ ᠪᠠᠴᠢᠮ ᠠᠪᠤᠷᠠᠯᠲᠠ ᠶᠢᠨ ᠬᠠᠮᠢᠶ᠎ᠠ ᠪᠦᠬᠦᠢ ᠰᠦᠢᠳᠭᠡᠯ ᠢᠶᠠᠨ ᠲᠤᠰᠢᠶᠠᠬᠤ ᠴᠢᠳᠠᠪᠤᠷᠢ ᠦᠭᠡᠢ | ᠡᠪᠡᠳᠴᠢᠲᠡᠨ ᠤ ᠪᠠᠴᠢᠮ ᠠᠪᠤᠷᠠᠯᠲᠠ ᠳᠤ ᠵᠠᠷᠤᠴᠠᠭᠤᠯᠤᠭᠰᠠᠨ ᠰᠦᠢᠳᠬᠡᠯ ᠢ ᠡᠮ ᠡᠮᠨᠡᠯᠭᠡ ᠶᠢᠨ ᠪᠠᠶᠢᠭᠤᠯᠤᠮᠵᠢ ᠳᠤ ᠭᠡᠷᠡᠴᠢ ᠬᠠᠩᠭᠠᠵᠤ᠂ ᠡᠪᠡᠳᠴᠢᠨ ᠡᠮᠭᠡᠭ ᠤᠨ | ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠰᠠᠭᠤᠷᠢ ᠮᠦᠩᠬᠦ ᠶᠢᠨ ᠨᠦᠬᠦᠪᠦᠷᠢ ᠶᠢ ᠭᠤᠶᠤᠴᠢᠯᠠᠨ᠎ᠠ᠃ ᠴᠡᠷᠢᠭ ᠤᠨ ᠠᠯᠪᠠ ᠬᠠᠭᠠᠬᠤ ᠬᠤᠭᠤᠴᠠᠭᠠᠨ | ᠳᠠᠭᠠᠨ ᠤᠶᠤᠨ ᠮᠡᠳᠡᠷᠡᠯ ᠤᠨ ᠡᠪᠡᠳᠴᠢᠨ ᠣᠯᠣᠭᠰᠠᠨ ᠴᠡᠷᠢᠭ ᠠᠴᠠ ᠬᠠᠯᠠᠭᠳᠠᠭᠰᠠᠳ ᠤᠨ ᠲᠦᠪᠬᠢᠨᠡᠭᠦᠯᠬᠦ ᠪᠠ ᠡᠮᠨᠡᠨ ᠵᠠᠰᠠᠬᠤ ᠠᠵᠢᠯ ᠢ ᠬᠠᠷᠢᠭᠤᠴᠠᠬᠤ ᠶᠢᠨ | ᠬᠠᠮᠲᠤ ᠤᠶᠤᠨ ᠮᠡᠳᠡᠷᠡᠯ ᠵᠡᠮᠳᠡᠭ ᠪᠤᠯᠤᠭᠰᠠᠨ ᠬᠦᠮᠦᠰ ᠤᠨ ᠠᠮᠢᠳᠣᠷᠠᠯ᠂ ᠡᠷᠬᠢᠯᠡᠭᠰᠡᠨ ᠠᠵᠢᠯ ᠮᠡᠷᠭᠡᠵᠢᠯ ᠤᠨ ᠴᠢᠳᠠᠪᠦᠷᠢ ᠶᠢᠨ ᠡᠷᠡᠭᠦᠯᠵᠢᠯᠡᠯ ᠤᠨ ᠠᠵᠢᠯ ᠢ | ᠦᠷᠨᠢᠬᠦᠯᠦᠨ᠎ᠡ᠃ | ᠰᠤᠷᠭᠠᠨ ᠬᠦᠮᠦᠵᠢᠯ ᠰᠢᠨᠵᠢᠯᠡᠬᠦ ᠮᠡᠷᠭᠡᠵᠢᠯ ᠤᠨ ᠰᠠᠯᠠᠭ᠎ᠠ ᠮᠦᠴᠢᠷ ᠡᠷᠡᠭᠦᠯ ᠬᠠᠮᠠᠭᠠᠯᠠᠯ ᠬᠢᠭᠡᠳ ᠲᠦᠯᠦᠪᠯᠡᠭᠡᠲᠦ ᠦᠷᠡᠵᠢᠯ ᠤᠨ ᠰᠠᠯᠠᠭ᠎ᠠ ᠮᠥᠴᠢᠷ ᠲᠠᠢ ᠬᠠᠮᠵᠢᠯᠴᠠᠨ | ᠣᠶᠣᠨ ᠮᠡᠳᠡᠷᠡᠯ ᠤᠨ ᠡᠷᠡᠭᠦᠯ ᠬᠠᠮᠠᠭᠠᠯᠠᠯ ᠤᠨ ᠠᠵᠢᠯ ᠤᠨ ᠴᠢᠳᠠᠪᠦᠷᠢᠳᠠᠨ ᠢ ᠬᠦᠮᠦᠵᠢᠬᠦᠯᠬᠦ ᠠᠵᠢᠯ ᠢ ᠰᠠᠶᠢᠲᠤᠷ ᠬᠢᠨ᠎ᠡ︔ ᠬᠡᠪ ᠴᠢᠨᠠᠷ ᠤᠨ ᠰᠤᠷᠭᠠᠨ ᠬᠦᠮᠦᠵᠢᠯ | ᠲᠠᠢ ᠤᠶᠠᠯᠳᠤᠭᠤᠯᠤᠨ᠂ ᠰᠤᠷᠤᠭᠴᠢᠳ ᠤᠨ ᠰᠡᠳᠬᠢᠴᠡ ᠶᠢᠨ ᠡᠷᠡᠭᠦᠯ ᠴᠢᠭᠢᠷᠠᠭ ᠤᠨ ᠬᠦᠮᠦᠵᠢᠯ᠂ ᠰᠡᠳᠬᠢᠴᠡ ᠶᠢᠨ ᠲᠠᠯ᠎ᠠ ᠪᠠᠷ ᠬᠢ ᠤᠷᠢᠳᠴᠢᠯᠠᠨ ᠰᠡᠷᠭᠡᠶᠢᠯᠡᠬᠦ ᠪᠠ | ᠦᠢᠯᠡ ᠠᠵᠢᠯᠯᠠᠭᠠᠨ ᠤ ᠠᠰᠠᠭᠤᠳᠠᠯ ᠤᠳ ᠢ ᠰᠤᠷᠭᠠᠭᠤᠯᠢ ᠶᠢᠨ ᠡᠳᠦᠷ ᠲᠤᠲᠤᠮ ᠤᠨ ᠠᠵᠢᠯ ᠤᠨ ᠲᠦᠯᠦᠪᠯᠡᠯᠭᠡ ᠳᠤ ᠤᠷᠤᠭᠤᠯᠤᠨ᠎ᠠ᠃ | ᠡᠳ᠋ ᠤᠨ ᠵᠠᠰᠠᠭ ᠤᠨ ᠰᠠᠯᠠᠭ᠎ᠠ ᠮᠦᠴᠢᠷ ᠲᠤᠰ ᠭᠠᠵᠠᠷ ᠤᠷᠤᠨ ᠤ ᠠᠵᠤ ᠠᠬᠤᠢ ᠨᠡᠶᠢᠬᠡᠮ ᠤᠨ ᠬᠦᠭᠵᠢᠯᠲᠡ ᠶᠢᠨ ᠲᠦᠪᠰᠢᠨ ᠪᠤᠯᠤᠨ ᠤᠶᠤᠨ ᠰᠠᠨᠠᠭᠠᠨ ᠤ ᠡᠷᠡᠭᠦᠯ | ᠬᠠᠮᠠᠭᠠᠯᠠᠯ ᠤᠨ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ ᠴᠢᠬᠤᠯᠠ ᠪᠦᠬᠦᠢ ᠤᠶᠤᠨ ᠮᠡᠳᠡᠷᠡᠯ ᠤᠨ ᠡᠪᠡᠳᠴᠢᠨ ᠢ ᠰᠡᠷᠭᠡᠶᠢᠯᠡᠨ ᠵᠠᠰᠠᠬᠤ ᠵᠠᠷᠤᠳᠠᠯ ᠢ | ᠲᠤᠬᠢᠷᠠᠭᠤᠯᠬᠤ ᠶᠢᠨ ᠬᠠᠮᠲᠤ ᠬᠦᠨᠲᠦ ᠤᠶᠤᠨ ᠤ ᠮᠡᠳᠡᠷᠡᠯ ᠤᠨ ᠰᠠᠭᠠᠳ ᠲᠠᠢ ᠡᠪᠡᠳᠴᠢᠲᠡᠨ ᠢ ᠬᠢᠨᠠᠨ ᠲᠣᠭᠲᠠᠭᠠᠵᠤ ᠡᠮᠨᠡᠬᠦ ᠵᠠᠷᠤᠳᠠᠯ ᠢ ᠳ᠋ᠦᠩᠨᠡᠨ ᠪᠤᠳᠤᠬᠤ ᠠᠷᠭ᠎ᠠ | ᠶᠢ ᠦᠨᠳᠦᠰᠦᠯᠡᠨ ᠡᠮ ᠡᠮᠨᠡᠯᠭᠡ ᠳᠤ ᠭᠡᠷᠡᠭᠰᠡᠬᠦ ᠵᠠᠷᠤᠳᠠᠯ ᠤᠨ ᠪᠠᠲᠤᠯᠠᠭ᠎ᠠ ᠶᠢ ᠬᠠᠩᠭᠠᠵᠤ᠂ ᠪᠡᠯᠡ ᠮᠥᠩᠭᠦᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠎ᠠ᠃ | ᠬᠦᠭᠵᠢᠭᠦᠯᠦᠯᠲᠡ ᠬᠢᠭᠡᠳ ᠦᠭᠡᠷᠡᠴᠢᠯᠡᠯᠲᠡ ᠶᠢᠨ ᠰᠠᠯᠠᠭ᠎ᠠ ᠮᠦᠴᠢᠷ ᠣᠶᠣᠨ ᠰᠠᠨᠠᠭᠠᠨ ᠤ ᠡᠷᠡᠭᠦᠯ ᠬᠠᠮᠠᠭᠠᠯᠠᠯ ᠤᠨ ᠬᠠᠮᠢᠶ᠎ᠠ ᠪᠦᠬᠦᠢ ᠠᠭᠤᠯᠭ᠎ᠠ ᠶᠢ ᠤᠯᠤᠰ ᠠᠷᠠᠳ | ᠤᠨ ᠠᠵᠤ ᠠᠬᠤᠢ ᠪᠠ ᠨᠡᠶᠢᠬᠡᠮ ᠤᠨ ᠬᠦᠭᠵᠢᠬᠦᠯᠦᠯᠲᠡ ᠦᠭᠡᠷᠡᠴᠢᠯᠡᠯᠲᠡ ᠶᠢᠨ ᠲᠦᠯᠦᠪᠵᠢᠬᠦᠯᠭᠡ ᠳᠤ ᠤᠷᠤᠭᠤᠯᠬᠤ ᠶᠢ ᠬᠠᠷᠢᠭᠤᠴᠠᠨ᠎ᠠ᠃ | ᠬᠦᠮᠦᠨ ᠤ ᠬᠦᠴᠦᠨ ᠤ ᠡᠬᠢ ᠪᠠᠶᠠᠯᠢᠭ ᠪᠤᠯᠤᠨ ᠨᠡᠶᠢᠭᠡᠮ ᠤᠨ ᠪᠠᠳᠤᠯᠠᠭ᠎ᠠ ᠶᠢᠨ ᠰᠠᠯᠠᠭ᠎ᠠ ᠮᠦᠴᠢᠷ ᠲᠤᠭᠳᠠᠭᠠᠯ ᠶᠤᠰᠤᠭᠠᠷ ᠬᠤᠲᠠ ᠪᠠᠯᠭᠠᠰᠤᠨ ᠤ ᠦᠨᠳᠦᠰᠦᠨ ᠡᠮ | ᠡᠮᠨᠡᠯᠭᠡ ᠶᠢᠨ ᠲᠠᠭᠠᠳᠬᠠᠯ ᠳᠤ ᠤᠷᠤᠯᠴᠠᠭᠰᠠᠨ ᠬᠦᠨᠲᠦ ᠤᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠤ ᠡᠮ ᠡᠮᠨᠡᠯᠭᠡ ᠶᠢᠨ ᠵᠠᠷᠤᠳᠠᠯ ᠲᠤᠰᠢᠶᠠᠬᠤ ᠶᠢ | ᠬᠠᠷᠢᠭᠤᠴᠠᠵᠤ᠂ ᠲᠡᠭᠦᠨ ᠳᠠᠬᠢ ᠨᠦᠬᠦᠴᠡᠯ ᠳᠤ ᠨᠡᠶᠢᠴᠡᠭᠰᠡᠨ ᠡᠪᠡᠳᠴᠢᠲᠡᠨ ᠢ ᠡᠮ ᠡᠮᠨᠡᠯᠭᠡ ᠶᠢᠨ ᠲᠠᠭᠠᠳᠬᠠᠯ ᠪᠠ ᠬᠦᠨᠳᠦ ᠶᠡᠭᠡ ᠡᠪᠡᠳᠴᠢᠨ ᠤ ᠲᠠᠭᠠᠳᠬᠠᠯ ᠳᠤ | ᠤᠷᠤᠭᠤᠯᠵᠤ ᠬᠠᠷᠭᠤᠭᠤᠯᠤᠨ ᠬᠠᠰᠤᠨ᠎ᠠ᠂ ᠡᠷᠡᠭᠦᠯᠵᠢᠭᠰᠡᠨ ᠤ ᠳᠠᠷᠠᠭ᠎ᠠ ᠬᠦᠳᠡᠯᠮᠦᠷᠢᠯᠡᠬᠦ ᠴᠢᠳᠠᠪᠦᠷᠢ ᠲᠠᠢ ᠤᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠢ | ᠢᠳᠡᠪᠬᠢᠲᠡᠢ ᠬᠠᠪᠰᠤᠷᠤᠨ ᠠᠵᠢᠯ ᠤᠯᠭᠤᠨ᠎ᠠ᠃ | ᠵᠡᠮᠳᠡᠭᠴᠦᠳ ᠤᠨ ᠬᠤᠯᠪᠤᠭ᠎ᠠ ᠤᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠠᠵᠢᠯ ᠤᠨ ᠲᠤᠰᠬᠠᠢ ᠠᠵᠢᠯᠲᠠᠨ ᠢ ᠬᠠᠪᠰᠤᠷᠤᠨ ᠬᠦᠨᠲᠦ ᠤᠶᠤᠨ ᠮᠡᠳᠡᠷᠡᠯ ᠤᠨ | ᠰᠠᠭᠠᠳ ᠲᠠᠢ ᠡᠪᠡᠳᠴᠢᠲᠡᠨ ᠢ ᠣᠨᠣᠰᠢᠯᠠᠵᠤ ᠳᠠᠬᠢᠨ ᠪᠠᠶᠢᠴᠠᠭᠠᠬᠤ ᠪᠠ ᠠᠶᠤᠯᠲᠤ ᠦᠢᠯᠡ ᠠᠵᠢᠯᠯᠠᠭ᠎ᠠ ᠭᠠᠷᠭᠠᠭᠰᠠᠨ ᠳᠤ ᠵᠢᠱᠢᠯᠲᠡ ᠬᠢᠨ᠎ᠡ︔ ᠬᠤᠯᠪᠤᠭᠳᠠᠯ ᠪᠦᠬᠦᠢ | ᠰᠠᠯᠠᠭ᠎ᠠ ᠮᠦᠴᠢᠷ ᠲᠠᠢ ᠬᠠᠮᠵᠢᠯᠴᠠᠨ ᠬᠠᠷᠢᠶᠠᠲᠤ ᠤᠷᠤᠨ ᠳᠠᠬᠢ ᠠᠶᠤᠯᠲᠤ ᠦᠢᠯᠡ ᠠᠵᠢᠯᠯᠠᠭ᠎ᠠ ᠡᠭᠦᠰᠬᠡᠬᠦ ᠡᠪᠡᠳᠴᠢᠲᠡᠨ ᠤ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠡ︔ ᠬᠤᠯᠪᠤᠭᠳᠠᠯ ᠪᠦᠬᠦᠢ ᠠᠵᠢᠯᠲᠠᠨ ᠢ ᠵᠤᠬᠢᠶᠠᠨ ᠪᠠᠶᠢᠭᠤᠯᠵᠤ ᠪᠣᠯᠪᠠᠰᠤᠷᠠᠯ ᠬᠢᠨ᠎ᠡ︔ ᠠᠵᠢᠯ ᠲᠦᠷᠦᠯ ᠢ ᠭᠡᠷᠡᠭᠵᠢᠬᠦᠯᠬᠦ | ᠰᠠᠯᠠᠭ᠎ᠠ ᠮᠦᠴᠢᠷ ᠪᠤᠯᠤᠨ ᠰᠤᠮᠦ ᠪᠠᠯᠭᠠᠰᠤ᠂ ᠭᠠᠴᠠᠭ᠎ᠠ᠂ ᠨᠡᠶᠢᠬᠡᠮ ᠲᠤᠭᠤᠷᠢᠭ ᠵᠡᠷᠭᠡ ᠬᠤᠯᠪᠤᠭᠳᠠᠯ ᠪᠦᠬᠦᠢ ᠪᠠᠶᠢᠭᠤᠯᠤᠮᠵᠢ ᠪᠤᠶᠤ ᠰᠠᠯᠠᠭ᠎ᠠ ᠮᠦᠴᠢᠷ ᠤᠨ ᠠᠵᠢᠯ ᠤᠨ | ᠲᠤᠮᠳᠠᠬᠢ ᠬᠦᠴᠢᠷᠳᠡᠢ ᠠᠰᠠᠭᠤᠳᠠᠯ ᠢ ᠵᠤᠬᠢᠴᠠᠭᠤᠯᠤᠨ ᠰᠢᠢᠳᠪᠦᠷᠢᠯᠡᠨ᠎ᠡ᠃ | ᠬᠠᠤᠯᠢ ᠴᠠᠭᠠᠵᠠ ᠶᠢᠨ ᠰᠠᠯᠠᠭ᠎ᠠ ᠮᠦᠴᠢᠷ ᠨᠡᠶᠢᠭᠡᠮ ᠲᠤᠭᠤᠷᠢᠭ ᠤᠨ ᠡᠷᠡᠭᠦᠦ ᠰᠢᠢᠳᠭᠡᠯ ᠬᠦᠯᠢᠶᠡᠵᠦ ᠪᠠᠶᠢᠭ᠎ᠠ ᠬᠦᠮᠦᠰ ᠤᠨ ᠲᠤᠳᠤᠷᠠᠬᠢ ᠬᠦᠨᠲᠦ ᠤᠶᠤᠨ | ᠮᠡᠳᠡᠷᠡᠯ ᠤᠨ ᠰᠠᠭᠠᠳ ᠲᠠᠢ ᠡᠪᠡᠳᠴᠢᠲᠡᠨ ᠢ ᠪᠠᠶᠢᠴᠠᠭᠠᠬᠤ᠂ ᠲᠠᠩᠰᠠᠯᠠᠬᠤ᠂ ᠮᠡᠳᠡᠭᠡ ᠵᠠᠩᠬᠢ ᠶᠢ ᠢᠯᠭᠠᠨ ᠲᠤᠳᠤᠯᠠᠬᠤ᠂ ᠠᠶᠤᠯ ᠢ ᠦᠨᠡᠯᠡᠨ ᠵᠢᠱᠢᠬᠦ᠂ ᠬᠠᠮᠢᠶᠠᠷᠬᠤ᠂ | ᠮᠡᠳᠡᠭᠦᠯᠬᠦ ᠵᠡᠷᠭᠡ ᠠᠵᠢᠯ ᠢ ᠬᠠᠷᠢᠭᠤᠴᠠᠵᠤ᠂ ᠡᠪᠡᠳᠴᠢᠲᠡᠨ ᠤ ᠬᠢᠨᠠᠨ ᠬᠠᠮᠢᠶᠠᠷᠤᠭᠴᠢ ᠵᠦᠢ ᠵᠤᠬᠢᠰᠲᠠᠢ ᠡᠮ ᠭᠡᠷᠡᠭᠯᠡᠬᠦ ᠶᠢ ᠪᠠᠲᠤᠯᠠᠨ᠎ᠠ︔ ᠬᠡᠷᠡᠭ ᠡᠭᠦᠰᠬᠡᠵᠦ ᠮᠡᠳᠡᠬᠦ | ᠡᠪᠡᠳᠴᠢᠲᠡᠨ ᠢ ᠲᠠᠷᠤᠢ ᠲᠦᠷᠭᠡᠨ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠮᠡᠳᠡᠭᠦᠯᠵᠦ ᠠᠷᠭ᠎ᠠ ᠬᠡᠮᠵᠢᠶ᠎ᠡ ᠠᠪᠴᠤ ᠭᠡᠷᠡᠭ ᠡᠭᠦᠰᠬᠡᠬᠦ ᠠᠴᠠ ᠰᠡᠷᠭᠡᠶᠢᠯᠡᠨ᠎ᠡ᠃ | ᠠᠷᠠᠳ ᠤᠨ ᠰᠢᠭᠦᠭᠦ ᠬᠤᠷᠢᠶ᠎ᠠ ᠠᠯᠪᠠᠲᠠᠨ ᠡᠮᠨᠡᠬᠦᠯᠬᠦ ᠶᠢ ᠲᠤᠭᠳᠠᠭᠠᠬᠤ ᠪᠠᠶᠢᠭᠤᠯᠭ᠎ᠠ ᠪᠤᠯᠤᠭᠰᠠᠨ ᠤ ᠬᠤᠪᠢ ᠳᠤ᠂ ᠬᠡᠷᠡᠭ ᠢ ᠰᠢᠬᠦᠬᠦ ᠶᠠᠪᠤᠴᠠ ᠳᠤ ᠵᠠᠭᠠᠯᠳᠤᠭᠳᠠᠭᠴᠢ | ᠠᠯᠪᠠᠲᠠᠨ ᠡᠮᠨᠡᠬᠦᠯᠬᠦ ᠨᠦᠬᠦᠴᠡᠯ ᠳᠤ ᠨᠡᠶᠢᠴᠡᠭᠰᠡᠨ ᠪᠠᠶᠢᠪᠠᠯ᠂ ᠠᠯᠪᠠᠲᠠᠨ ᠡᠮᠨᠡᠬᠦᠯᠬᠦ ᠪᠠᠷ ᠰᠢᠢᠳᠪᠤᠷᠢᠯᠡᠵᠤ ᠪᠤᠯᠤᠨ᠎ᠠ᠃ | ᠠᠷᠠᠳ ᠤᠨ ᠪᠠᠶᠢᠴᠠᠭᠠᠬᠤ ᠬᠤᠷᠢᠶ᠎ᠠ ᠠᠯᠪᠠᠲᠠᠨ ᠡᠮᠨᠡᠬᠦᠯᠬᠦ ᠲᠤᠭᠳᠠᠭᠠᠯ ᠪᠤᠯᠤᠨ ᠬᠦᠢᠴᠡᠳᠬᠡᠬᠦ ᠠᠵᠢᠯᠯᠠᠭ᠎ᠠ ᠳᠤ ᠬᠢᠨᠠᠯᠲᠠ ᠲᠠᠯᠪᠢᠵᠤ᠂ ᠬᠠᠤᠯᠢ ᠶᠤᠰᠤᠭᠠᠷ ᠬᠢᠨᠠᠯᠲᠠ | ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠨ᠎ᠡ᠃ | ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤᠭᠳᠠᠭᠰᠠᠨ ᠬᠤᠭᠤᠴᠠᠭ᠎ᠠ ᠲᠠᠢ ᠪᠠᠷ ᠮᠢᠨᠴᠦᠷᠡᠭᠦᠯᠬᠦ ᠡᠮ ᠪᠤᠯᠤᠨ ᠨᠢᠭᠡᠳᠦᠭᠡᠷ᠂ ᠬᠤᠶᠠᠳᠤᠭᠠᠷ | ᠲᠦᠷᠦᠯ ᠤᠨ ᠮᠡᠳᠡᠷᠡᠯ ᠤᠨ ᠡᠮ ᠢ ᠪᠦᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠠᠵᠤ ᠠᠬᠤᠶᠢᠯᠠᠯ᠂ ᠤᠨᠴᠠᠭᠠᠢ ᠡᠮ ᠢ ᠦᠢᠯᠡᠳᠪᠦᠷᠢᠯᠡᠬᠦ ᠵᠢᠴᠢ ᠨᠡᠶᠢᠯᠡᠮᠡᠯ | ᠵᠤᠷ ᠢᠶᠠᠷ ᠦᠢᠯᠡᠳᠪᠦᠷᠢᠯᠡᠭᠰᠡᠨ ᠡᠮ ᠤᠨ ᠠᠵᠤ ᠠᠬᠤᠶᠢᠯᠠᠯ ᠳᠤ ᠪᠠᠶᠢᠴᠠᠭᠠᠯᠲᠠ ᠬᠢᠵᠦ᠂ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠲᠤᠷᠢᠮᠵᠢᠭᠦᠯᠵᠦ᠂ ᠡᠮ ᠭᠡᠷᠡᠭᠯᠡᠬᠦ ᠠᠮᠤᠷ ᠲᠦᠪᠰᠢᠨ ᠢ ᠦᠨᠡᠨᠬᠦ ᠪᠠᠳᠤᠯᠠᠨ᠎ᠠ᠃ | 3᠂ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠭᠠᠴᠠᠭ᠎ᠠ᠂ ᠨᠡᠶᠢᠭᠡᠮ ᠲᠣᠭᠤᠷᠢᠭ ᠬᠦᠨᠳᠦ ᠮᠡᠳᠡᠷᠡᠯ ᠤᠨ ᠰᠠᠭᠠᠲᠠᠯ ᠲᠠᠢ ᠡᠪᠡᠳᠴᠢᠲᠡᠨ ᠤ | ᠰᠦᠪᠡᠭᠴᠢ ᠶᠢ ᠳᠠᠩᠰᠠᠯᠠᠬᠤ᠂ ᠲᠠᠭᠠᠨ ᠬᠠᠮᠢᠶᠠᠷᠬᠤ᠂ ᠪᠠᠴᠢᠮ ᠠᠷᠭᠠᠴᠠᠭᠠᠬᠤ ᠡᠮ ᠡᠮᠨᠡᠯᠭᠡ ᠶᠢᠨ ᠰᠢᠢᠳᠪᠦᠷᠢ ᠬᠢᠬᠦ᠂ ᠭᠡᠷ ᠤᠨ ᠬᠥᠮᠥᠰ ᠤᠨ ᠬᠠᠮᠠᠭᠠᠯᠠᠨ ᠬᠠᠮᠢᠶᠠᠷᠬᠤ | ᠬᠥᠮᠥᠵᠢᠯ ᠵᠡᠷᠭᠡ ᠠᠵᠢᠯ ᠢ ᠬᠠᠷᠢᠭᠤᠴᠠᠨ ᠬᠠᠮᠲᠤᠷᠠᠵᠤ ᠥᠷᠨᠢᠭᠦᠯᠦᠨ᠎ᠡ︔ ᠮᠡᠳᠡᠷᠡᠯ ᠤᠨ ᠡᠪᠡᠳᠴᠢᠨ ᠢ ᠡᠰᠡᠷᠭᠦᠴᠡᠬᠦ ᠡᠮ ᠤᠨ ᠵᠦᠢᠯ ᠤᠨ ᠡᠮᠨᠡᠭᠦᠯᠬᠦ ᠨᠥᠬᠦᠪᠦᠷᠢ ᠶᠢ | ᠭᠤᠶᠤᠴᠢᠯᠠᠭᠴᠢ ᠶᠢᠨ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠪᠠᠶᠢᠴᠠᠭᠠᠨ ᠣᠶᠢᠯᠠᠭᠠᠵᠤ᠂ ᠠᠵᠢᠯ ᠲᠥᠷᠥᠯ ᠤᠨ ᠨᠥᠬᠦᠪᠦᠷᠢ ᠶᠢᠨ ᠨᠥᠬᠦᠴᠡᠯ ᠳᠤ | ᠲᠣᠬᠢᠷᠠᠬᠤ ᠬᠥᠮᠥᠨ ᠳᠤ ᠭᠡᠷᠡᠴᠢ ᠪᠢᠴᠢᠭ ᠬᠠᠩᠭᠠᠨ᠎ᠠ︔ ᠬᠤᠰᠢᠭᠤᠨ ᠱᠠᠲᠤ ᠶᠢᠨ ᠮᠡᠳᠡᠷᠡᠯ ᠤᠨ ᠡᠪᠡᠳᠴᠢᠨ ᠢ ᠰᠡᠷᠭᠡᠶᠢᠯᠡᠬᠦ ᠪᠠᠶᠢᠭᠤᠯᠤᠮᠵᠢ ᠠᠴᠠ ᠵᠣᠬᠢᠶᠠᠨ | ᠪᠠᠶᠢᠭᠤᠯᠤᠭᠰᠠᠨ ᠬᠦᠨᠳᠦ ᠮᠡᠳᠡᠷᠡᠯ ᠤᠨ ᠰᠠᠭᠠᠲᠠᠯ ᠢ ᠬᠠᠮᠢᠶᠠᠷᠤᠨ ᠡᠮᠨᠡᠬᠦ ᠬᠠᠮᠢᠶ᠎ᠠ ᠪᠦᠬᠦᠢ ᠪᠣᠯᠪᠠᠰᠤᠷᠠᠯ ᠳᠤ ᠣᠷᠣᠯᠴᠠᠨ᠎ᠠ᠃ ᠰᠤᠮᠤ ᠪᠠᠯᠭᠠᠰᠤ᠂ ᠭᠠᠴᠠᠭ᠎ᠠ᠂ ᠨᠡᠶᠢᠭᠡᠮ | ᠲᠣᠭᠤᠷᠢᠭ ᠵᠡᠷᠭᠡ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠳᠤ ᠡᠷᠡᠭᠦᠯ ᠬᠠᠮᠠᠭᠠᠯᠠᠯ᠂ ᠶᠡᠷᠦᠩᠬᠡᠶᠢᠯᠡᠨ ᠵᠠᠰᠠᠬᠤ᠂ ᠳᠣᠲᠣᠭᠠᠳᠤ ᠶᠢ ᠬᠠᠮᠠᠭᠠᠯᠠᠬᠤ᠂ ᠠᠷᠠᠳ | ᠤᠨ ᠶᠠᠪᠤᠳᠠᠯ᠂ ᠵᠡᠮᠳᠡᠭᠴᠦᠳ ᠤᠨ ᠬᠤᠯᠪᠣᠭ᠎ᠠ ᠵᠡᠷᠭᠡ ᠪᠠᠷ ᠭᠤᠣᠯ ᠪᠣᠯᠭᠠᠭᠰᠠᠨ ᠬᠦᠨᠳᠦ ᠮᠡᠳᠡᠷᠡᠯ ᠤᠨ ᠰᠠᠭᠠᠲᠠᠯ ᠲᠠᠢ ᠡᠪᠡᠳᠴᠢᠲᠡᠳ ᠢ ᠶᠡᠷᠦᠩᠬᠡᠶᠢᠯᠡᠭᠰᠡᠨ | ᠬᠠᠮᠢᠶᠠᠷᠬᠤ ᠪᠠᠭ᠎ᠠ ᠳᠤᠭᠤᠶᠢᠯᠠᠩ ᠢ ᠪᠠᠶᠢᠭᠤᠯᠵᠤ᠂ ᠬᠠᠷᠢᠶ᠎ᠠ ᠣᠷᠣᠨ ᠤ ᠡᠪᠡᠳᠴᠢᠲᠡᠳ ᠤᠨ ᠬᠠᠮᠢᠶᠠᠷᠤᠯᠲᠠ ᠶᠢᠨ ᠶᠠᠪᠤᠴᠠ ᠶᠢ ᠲᠣᠭᠲᠠᠭᠠᠬᠤ᠂ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠤᠯᠠᠷᠢᠯ ᠪᠦᠷᠢ ᠨᠢᠭᠡ ᠤᠳᠠᠭ᠎ᠠ ᠠᠵᠢᠯ ᠤᠨ ᠲᠣᠭᠲᠠᠮᠠᠯ ᠬᠤᠷᠠᠯ ᠬᠢᠨ᠎ᠡ᠃ ᠰᠤᠮᠤ ᠪᠠᠯᠭᠠᠰᠤ᠂ | ᠭᠠᠴᠠᠭ᠎ᠠ᠂ ᠨᠡᠶᠢᠭᠡᠮ ᠲᠣᠭᠤᠷᠢᠭ ᠪᠦᠬᠦᠨ ᠬᠠᠯᠠᠮᠵᠢᠯᠠᠨ ᠳᠡᠮᠵᠢᠬᠦ ᠪᠠᠭ᠎ᠠ ᠳᠤᠭᠤᠶᠢᠯᠠᠩ ᠪᠠᠶᠢᠭᠤᠯᠬᠤ ᠶᠢ ᠶᠡᠬᠡᠪᠡᠷ ᠲᠦᠯᠬᠢᠨ ᠠᠬᠢᠭᠤᠯᠤᠨ᠎ᠠ᠃ ᠮᠡᠳᠡᠷᠡᠯ ᠵᠡᠮᠳᠡᠭᠴᠦᠳ ᠢ | ᠬᠠᠪᠰᠤᠷᠬᠤ ᠰᠠᠶᠢᠨ ᠳᠤᠷᠠᠴᠤᠳ ᠤᠨ ᠡᠩᠨᠡᠭᠡ ᠶᠢ ᠢᠳᠡᠪᠬᠢᠲᠡᠢ ᠬᠥᠮᠥᠵᠢᠭᠦᠯᠬᠦ ᠶᠢᠨ ᠬᠠᠮᠲᠤ ᠨᠡᠶᠢᠭᠡᠮ ᠤᠨ ᠲᠤᠰᠬᠠᠢ ᠠᠵᠢᠯ ᠮᠡᠷᠭᠡᠵᠢᠯᠲᠡᠨ ᠢ ᠣᠷᠣᠭᠤᠯᠤᠨ ᠨᠡᠶᠢᠭᠡᠮ | ᠲᠣᠭᠤᠷᠢᠭ ᠤᠨ ᠮᠡᠳᠡᠷᠡᠯ ᠤᠨ ᠰᠠᠭᠠᠲᠠᠯ ᠲᠠᠢ ᠡᠪᠡᠳᠴᠢᠲᠡᠳ ᠤᠨ ᠡᠷᠡᠭᠦᠯᠵᠢᠯ ᠤᠨ ᠦᠢᠯᠡᠴᠢᠯᠡᠭᠡ ᠳᠤ ᠣᠷᠣᠯᠴᠠᠭᠤᠯᠤᠨ᠎ᠠ᠃ ᠬᠠᠯᠠᠮᠵᠢᠯᠠᠨ ᠳᠡᠮᠵᠢᠬᠦ ᠪᠠᠭ᠎ᠠ | ᠳᠤᠭᠤᠶᠢᠯᠠᠩ ᠤᠨ ᠭᠡᠰᠢᠭᠦᠨ ᠨᠢ ᠦᠨᠳᠦᠰᠦᠨ ᠱᠠᠲᠤᠨ ᠤ ᠡᠮᠴᠢᠯᠡᠭᠡ ᠶᠢᠨ ᠠᠵᠢᠯᠲᠠᠳ᠂ ᠲᠣᠮᠢᠯᠠᠭᠰᠠᠨ ᠰᠠᠯᠪᠤᠷᠢ ᠶᠢᠨ ᠴᠠᠭᠳᠠᠭ᠎ᠠ᠂ ᠠᠷᠠᠳ ᠤᠨ ᠶᠠᠪᠤᠳᠠᠯ ᠤᠨ | ᠠᠵᠢᠯᠲᠠᠳ᠂ ᠶᠡᠷᠦᠩᠬᠡᠶᠢᠯᠡᠨ ᠵᠠᠰᠠᠬᠤ ᠠᠵᠢᠯᠲᠠᠳ᠂ ᠰᠠᠶᠢᠨ ᠳᠤᠷᠠᠴᠤᠳ ᠵᠢᠴᠢ ᠭᠠᠴᠠᠭ᠎ᠠ᠂ ᠨᠡᠶᠢᠭᠡᠮ ᠲᠣᠭᠤᠷᠢᠭ ᠤᠨ ᠠᠵᠢᠯᠲᠠᠳ ᠵᠡᠷᠭᠡ ᠪᠠᠷ ᠪᠦᠷᠢᠯᠳᠦᠨ᠎ᠡ᠃ | ᠬᠠᠯᠠᠮᠵᠢᠯᠠᠨ ᠳᠡᠮᠵᠢᠬᠦ ᠪᠠᠭ᠎ᠠ ᠳᠤᠭᠤᠶᠢᠯᠠᠩ ᠤᠨ ᠬᠠᠷᠢᠭᠤᠴᠠᠯᠭ᠎ᠠ ᠨᠢ᠄ ᠡᠪᠡᠳᠴᠢᠲᠡᠳ ᠤᠨ ᠬᠠᠮᠢᠶᠠᠷᠤᠯᠲᠠ ᠶᠢ ᠥᠷᠨᠢᠭᠦᠯᠬᠦ᠂ ᠲᠣᠭᠲᠠᠭᠰᠠᠨ ᠬᠤᠭᠤᠴᠠᠭᠠᠨ ᠳᠤ | ᠬᠠᠷᠢᠯᠴᠠᠬᠤ᠂ ᠡᠪᠡᠳᠴᠢᠲᠡᠳ ᠤᠨ ᠡᠷᠡᠭᠦᠯᠵᠢᠯ ᠤᠨ ᠪᠠᠶᠢᠳᠠᠯ ᠢ ᠣᠶᠢᠯᠠᠭᠠᠨ᠎ᠠ︔ ᠬᠠᠮᠢᠶᠠᠷᠤᠨ ᠬᠠᠮᠠᠭᠠᠯᠠᠭᠴᠢ ᠶᠢ ᠬᠠᠪᠰᠤᠷᠤᠨ ᠬᠢᠨᠠᠨ ᠬᠠᠮᠢᠶᠠᠷᠬᠤ ᠬᠠᠷᠢᠭᠤᠴᠠᠯᠭ᠎ᠠ | ᠶᠢ ᠭᠦᠢᠴᠡᠳᠬᠡᠵᠦ᠂ ᠭᠡᠷ ᠲᠡᠭᠡᠨ ᠰᠤᠪᠢᠯᠠᠵᠤ ᠪᠠᠶᠢᠭ᠎ᠠ ᠡᠪᠡᠳᠴᠢᠲᠡᠳ ᠤᠨ ᠦᠢᠯᠡᠴᠢᠯᠡᠭᠡ ᠬᠢᠭᠡᠳ ᠬᠠᠮᠢᠶᠠᠷᠤᠯᠲᠠ ᠶᠢᠨ ᠡᠭᠦᠷᠭᠡ ᠶᠢ ᠦᠨᠡᠨ ᠬᠦ ᠰᠠᠶᠢᠲᠤᠷ | ᠨᠠᠶᠢᠳᠠᠪᠤᠷᠢᠵᠢᠭᠤᠯᠤᠨ᠎ᠠ︔ ᠨᠡᠶᠢᠭᠡᠮ ᠲᠣᠭᠤᠷᠢᠭ ᠤᠨ ᠰᠡᠳᠬᠢᠯ ᠰᠠᠨᠠᠭᠠᠨ ᠤ ᠡᠷᠡᠭᠦᠯ ᠴᠢᠭᠢᠷᠠᠭ ᠤᠨ ᠵᠢᠯᠣᠭᠤᠳᠤᠯᠭ᠎ᠠ᠂ ᠣᠶᠣᠨ ᠮᠡᠳᠡᠷᠡᠯ ᠤᠨ ᠡᠷᠡᠭᠦᠯ ᠴᠢᠭᠢᠷᠠᠭ ᠤᠨ | ᠮᠡᠳᠡᠯᠭᠡ ᠶᠢᠨ ᠤᠬᠠᠭᠤᠯᠭ᠎ᠠ ᠬᠥᠮᠥᠵᠢᠯ ᠤᠨ ᠠᠵᠢᠯᠯᠠᠭᠠᠨ ᠥᠷᠨᠢᠭᠦᠯᠬᠦ ᠳᠤ ᠣᠷᠣᠯᠴᠠᠵᠤ᠂ ᠠᠷᠠᠳ ᠣᠯᠠᠨ ᠤ ᠪᠡᠶ᠎ᠡ ᠰᠡᠳᠬᠢᠴᠡ ᠶᠢᠨ ᠡᠷᠡᠭᠦᠯ ᠮᠡᠨᠳᠦ ᠳᠤ ᠠᠰᠢᠭᠲᠠᠢ | ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠪᠠᠶᠢᠭᠤᠯᠤᠨ᠎ᠠ᠃ ᠬᠦᠨᠳᠦ ᠬᠡᠴᠡᠭᠦᠦ ᠮᠡᠳᠡᠷᠡᠯ ᠤᠨ ᠰᠠᠭᠠᠳ ᠲᠠᠢ ᠡᠪᠡᠳᠴᠢᠲᠡᠨ ᠤ ᠰᠦᠪᠡᠭᠴᠢ ᠪᠠᠶᠢᠴᠠᠭᠠᠬᠤ᠂ | ᠳᠠᠩᠰᠠᠯᠠᠬᠤ᠂ ᠮᠡᠳᠡᠭᠦᠯᠬᠦ᠂ ᠡᠪᠡᠳᠴᠢᠲᠡᠨ ᠤ ᠭᠡᠷ ᠪᠦᠯᠢ ᠶᠢᠨ ᠪᠦᠷᠢᠯᠳᠦᠬᠦᠨ ᠤ ᠠᠰᠠᠷᠠᠵᠤ ᠬᠠᠷᠠᠭᠠᠯᠵᠠᠬᠤ ᠶᠢ ᠵᠢᠯᠣᠭᠤᠳᠬᠤ ᠵᠢᠴᠢ ᠪᠠᠴᠢᠮ ᠡᠮ ᠡᠮᠨᠡᠯᠭᠡ ᠡᠮᠨᠡᠬᠦ | ᠶᠢ ᠰᠢᠢᠳᠪᠦᠷᠢᠯᠡᠬᠦ ᠠᠵᠢᠯ ᠢ ᠬᠠᠪᠰᠤᠷᠤᠨ ᠥᠷᠨᠢᠭᠦᠯᠦᠨ᠎ᠡ᠃ 2017 ᠣᠨ ᠤ ᠵᠢᠯ ᠤᠨ ᠡᠴᠦᠰ ᠪᠣᠯᠲᠠᠯ᠎ᠠ᠂ ᠬᠠᠷᠢᠶ᠎ᠠ ᠲᠣᠭᠤᠷᠢᠭ ᠤᠨ90% ᠠᠴᠠ ᠳᠡᠭᠡᠭᠰᠢᠬᠢ | ᠭᠠᠴᠠᠭ᠎ᠠ᠂ ᠨᠡᠶᠢᠭᠡᠮ ᠲᠣᠭᠤᠷᠢᠭ ᠤᠳ ᠨᠡᠶᠢᠭᠡᠮ ᠲᠣᠭᠤᠷᠢᠭ ᠤᠨ ᠬᠠᠯᠠᠮᠵᠢᠯᠠᠨ ᠳᠡᠮᠵᠢᠬᠦ ᠪᠠᠭ᠎ᠠ ᠳᠤᠭᠤᠶᠢᠯᠠᠩ ᠢ ᠪᠠᠶᠢᠭᠤᠯᠤᠨ᠎ᠠ᠃ | 4᠂《ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶᠣᠨ ᠮᠡᠳᠡᠷᠡᠯ ᠤᠨ ᠡᠷᠡᠭᠦᠯ ᠬᠠᠮᠠᠭᠠᠯᠠᠯ ᠤᠨ ᠬᠠᠤᠯᠢ》 ᠶᠢᠨ ᠱᠠᠭᠠᠷᠳᠠᠯᠭ᠎ᠠ ᠪᠠᠷ᠂ | ᠬᠦᠨᠳᠦ ᠬᠡᠴᠡᠭᠦᠦ ᠮᠡᠳᠡᠷᠡᠯ ᠤᠨ ᠰᠠᠭᠠᠳ ᠡᠪᠡᠳᠴᠢᠲᠡᠨ ᠤ ᠮᠡᠳᠡᠭᠡ ᠵᠠᠩᠭᠢ᠂ ᠬᠠᠤᠯᠢ ᠴᠠᠭᠠᠵᠠ ᠵᠢᠴᠢ ᠠᠵᠢᠯ ᠲᠥᠷᠥᠯ ᠳᠤ ᠲᠣᠭᠲᠠᠭᠠᠯ ᠠᠴᠠ ᠭᠠᠳᠠᠨ᠎ᠠ᠂ ᠪᠤᠰᠤᠳ | ᠪᠠᠶᠢᠭᠤᠯᠭ᠎ᠠ ᠪᠣᠯᠣᠨ ᠬᠥᠮᠥᠨ ᠳᠤ ᠵᠠᠳᠠᠷᠠᠭᠤᠯᠵᠤ ᠪᠣᠯᠬᠤ ᠦᠭᠡᠢ᠃ | ︵ᠬᠤᠶᠠᠷ︶ ᠮᠡᠳᠡᠷᠡᠯ ᠤᠨ ᠰᠠᠭᠠᠳ ᠡᠪᠡᠳᠴᠢᠨ ᠢ ᠡᠳᠡᠭᠡᠷᠡᠭᠦᠯᠬᠦ ᠰᠢᠰᠲ᠋ᠧᠮ ᠢ ᠪᠠᠶᠢᠭᠤᠯᠤᠨ᠎ᠠ | 1᠂ ᠮᠡᠳᠡᠷᠡᠯ ᠤᠨ ᠡᠪᠡᠳᠴᠢᠨ ᠢ ᠰᠡᠷᠭᠡᠶᠢᠯᠡᠬᠦ ᠲᠤᠰᠬᠠᠢ ᠠᠵᠢᠯᠲᠠᠨ ᠢ ᠣᠷᠣᠭᠤᠯᠬᠤ ᠪᠠ ᠬᠥᠮᠥᠵᠢᠭᠦᠯᠬᠦ ᠶᠢ ᠴᠢᠩᠭᠠᠳᠬᠠᠵᠤ᠂ ᠠᠵᠢᠯᠲᠠᠨ ᠢ ᠤᠷᠢᠨ | ᠣᠷᠣᠭᠤᠯᠬᠤ ᠶᠢ ᠵᠠᠰᠠᠭ ᠤᠨ ᠣᠷᠳᠣᠨ ᠤ ᠴᠢᠳᠠᠪᠤᠷᠢᠲᠠᠨ ᠢ ᠤᠷᠢᠨ ᠣᠷᠣᠭᠤᠯᠬᠤ《ᠰᠠᠭᠠᠳ ᠦᠭᠡᠢ ᠵᠠᠮ》 ᠳᠤ ᠣᠷᠣᠭᠤᠯᠤᠨ᠎ᠠ᠃2017 ᠣᠨ ᠪᠣᠯᠲᠠᠯ᠎ᠠ᠂ | ᠮᠡᠳᠡᠷᠡᠯ ᠤᠨ ᠡᠷᠡᠭᠦᠯ ᠬᠠᠮᠠᠭᠠᠯᠠᠯ ᠤᠨ ᠲᠤᠰᠬᠠᠢ ᠮᠡᠷᠭᠡᠵᠢᠯ ᠤᠨ ᠶᠡᠭᠡ ᠰᠤᠷᠭᠠᠭᠤᠯᠢ ᠶᠢᠨ ᠣᠶᠤᠲᠠᠨ 2 —3 ᠬᠥᠮᠥᠨ ᠢ ᠠᠪᠬᠤ ᠪᠠᠷ ᠴᠢᠷᠮᠠᠶᠢᠨ᠎ᠠ᠃ | 2᠂ ᠦᠨᠳᠦᠰᠦᠨ ᠱᠠᠲᠤᠨ ᠤ ᠡᠮ ᠡᠮᠨᠡᠯᠭᠡ ᠶᠢᠨ ᠡᠷᠡᠭᠦᠯ ᠬᠠᠮᠠᠭᠠᠯᠠᠯ ᠤᠨ ᠨᠢᠭᠡᠴᠡ ᠶᠢᠨ ᠠᠵᠢᠯᠲᠠᠨ ᠳᠤᠲᠠᠭᠳᠠᠬᠤ ᠠᠰᠠᠭᠤᠳᠠᠯ ᠳᠤ ᠦᠢᠯᠡᠴᠢᠯᠡᠭᠡ | ᠬᠤᠳᠠᠯᠳᠤᠨ ᠠᠪᠬᠤ ᠬᠡᠯᠪᠡᠷᠢ ᠪᠠᠷ ᠮᠡᠳᠡᠷᠡᠯ ᠤᠨ ᠡᠪᠡᠳᠴᠢᠲᠡᠨ ᠳᠤ ᠬᠠᠮᠢᠶ᠎ᠠ ᠪᠦᠬᠦᠢ ᠦᠢᠯᠡᠴᠢᠯᠡᠭᠡ ᠬᠠᠩᠭᠠᠨ᠎ᠠ᠃ | 3᠂ ᠮᠡᠳᠡᠷᠡᠯ ᠤᠨ ᠡᠪᠡᠳᠴᠢᠨ ᠢ ᠰᠡᠷᠭᠡᠶᠢᠯᠡᠬᠦ ᠠᠵᠢᠯᠲᠠᠨ ᠢ ᠵᠣᠬᠢᠶᠠᠨ ᠪᠠᠶᠢᠭᠤᠯᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠪᠣᠯᠪᠠᠰᠤᠷᠠᠯ ᠳᠤ | ᠣᠷᠣᠯᠴᠠᠭᠤᠯᠤᠨ᠎ᠠ᠃ ᠲᠣᠭᠲᠠᠭᠰᠠᠨ ᠬᠤᠭᠤᠴᠠᠭᠠᠨ ᠳᠤ ᠠᠵᠢᠯᠲᠠᠨ ᠢ ᠵᠣᠬᠢᠶᠠᠨ ᠪᠠᠶᠢᠭᠤᠯᠤᠨ ᠬᠤᠲᠠ ᠶᠢᠨ ᠪᠣᠯᠪᠠᠰᠤᠷᠠᠯ ᠬᠥᠮᠥᠵᠢᠯ ᠤᠨ ᠰᠠᠭᠤᠷᠢᠨ ᠭᠠᠵᠠᠷ ᠲᠤ | ᠣᠴᠢᠭᠤᠯᠵᠤ ᠪᠣᠯᠪᠠᠰᠤᠷᠠᠭᠤᠯᠤᠨ᠎ᠠ︔ ᠬᠤᠰᠢᠭᠤᠨ ᠤ ᠶᠡᠷᠦᠩᠬᠡᠶᠢᠯᠡᠭᠰᠡᠨ ᠡᠮᠨᠡᠯᠭᠡ ᠶᠢᠨ ᠠᠵᠢᠯᠲᠠᠨ ᠳᠤ ᠶᠡᠷᠦᠩᠬᠡᠢ ᠰᠠᠯᠠᠭᠠᠨ ᠤ ᠡᠮᠴᠢ ᠶᠢᠨ ᠠᠵᠢᠯ ᠤᠨ ᠪᠠᠶᠢᠷᠢ | ᠰᠢᠯᠵᠢᠭᠦᠯᠬᠦ ᠪᠣᠯᠪᠠᠰᠤᠷᠠᠯ ᠬᠢᠵᠦ᠂ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠥᠪ ︵ᠬᠤᠪᠢ ᠶᠢᠨ ᠡᠮᠨᠡᠯᠭᠡ᠂ ᠭᠠᠴᠠᠭᠠᠨ ᠤ ᠡᠮᠨᠡᠯᠭᠡ ᠪᠠᠭᠲᠠᠭᠠᠨ᠎ᠠ︶ ᠤᠨ ᠮᠡᠳᠡᠷᠡᠯ ᠤᠨ ᠡᠪᠡᠳᠴᠢᠨ ᠢ ᠰᠡᠷᠭᠡᠶᠢᠯᠡᠬᠦ ᠠᠵᠢᠯᠲᠠᠳ ᠲᠤ ᠵᠢᠯ ᠪᠦᠷᠢ2 ᠤᠳᠠᠭ᠎ᠠ | ᠮᠡᠳᠡᠷᠡᠯ ᠤᠨ ᠰᠠᠯᠠᠭᠠᠨ ᠤ ᠲᠤᠰᠬᠠᠢ ᠮᠡᠷᠭᠡᠵᠢᠯ ᠤᠨ ᠪᠣᠯᠪᠠᠰᠤᠷᠠᠯ ᠬᠢᠨ᠎ᠡ᠃ ᠬᠥᠮᠥᠨ ᠪᠦᠬᠦᠨ ᠵᠢᠯ ᠪᠦᠷᠢ10 ᠰᠤᠷᠤᠯᠴᠠᠯᠭ᠎ᠠ ᠶᠢᠨ ᠬᠤᠭᠤᠴᠠᠭ᠎ᠠ ᠠᠴᠠ ᠳᠤᠲᠠᠭᠤ | ᠪᠠᠶᠢᠵᠤ ᠪᠣᠯᠬᠤ ᠦᠭᠡᠢ᠃ | 4᠂ ᠵᠡᠮᠳᠡᠭᠴᠦᠳ ᠤᠨ ᠬᠤᠯᠪᠣᠭ᠎ᠠ ᠣᠳᠣᠬᠠᠨ ᠤ ᠡᠬᠢ ᠪᠠᠶᠠᠯᠢᠭ ᠲᠠᠭᠠᠨ ᠲᠦᠰᠢᠭᠯᠡᠨ ᠠᠮᠤᠭᠤᠯᠠᠩ ᠪᠠᠯᠭᠠᠰᠤᠨ ᠳᠤ1 ᠲᠣᠭᠲᠠᠭᠰᠠᠨ ᠡᠷᠡᠭᠦᠯᠵᠢᠯ ᠤᠨ | ᠪᠠᠶᠢᠭᠤᠯᠤᠮᠵᠢ ︵ᠲᠣᠭᠲᠠᠮᠠᠯ ᠭᠡᠷ ᠪᠠᠶᠢᠷᠢ᠂ ᠠᠵᠢᠯᠲᠠᠨ᠂ ᠲᠣᠨᠤᠭ ᠲᠥᠬᠦᠭᠡᠷᠦᠮᠵᠢ᠂ ᠲᠣᠨᠤᠭ ᠪᠡᠯᠡᠳᠬᠡᠮᠵᠢ ᠶᠢ ᠪᠠᠭᠲᠠᠭᠠᠨ᠎ᠠ︶ ᠪᠠᠶᠢᠭᠤᠯᠵᠤ᠂ ᠵᠡᠮᠳᠡᠭᠴᠦᠳ ᠤᠨ | ᠬᠤᠯᠪᠣᠭᠠᠨ ᠠᠴᠠ ᠬᠠᠷᠢᠭᠤᠴᠠᠨ ᠬᠠᠮᠢᠶᠠᠷᠤᠨ᠎ᠠ᠃ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠪᠣᠯᠣᠨ ᠲᠥᠪ ᠡᠮᠨᠡᠯᠭᠡ ᠶᠢᠨ | ᠬᠤᠷᠢᠶᠠᠨ ᠳᠤ 4 ᠡᠷᠡᠭᠦᠯᠵᠢᠯ ᠤᠨ ᠥᠷᠲᠡᠭᠡ ᠪᠠᠶᠢᠭᠤᠯᠤᠨ᠎ᠠ᠃ ᠣᠯᠠᠨ ᠵᠦᠢᠯ ᠤᠨ ᠬᠡᠯᠪᠡᠷᠢ ᠶᠢᠨ ᠨᠡᠶᠢᠭᠡᠮ ᠲᠣᠭᠤᠷᠢᠭ ᠤᠨ ᠡᠷᠡᠭᠦᠯᠵᠢᠯ ᠤᠨ ᠬᠥᠳᠡᠯᠭᠡᠭᠡᠨ | ᠥᠷᠨᠢᠭᠦᠯᠵᠦ᠂ ᠡᠮᠨᠡᠯᠭᠡ ᠠᠴᠠ ᠭᠠᠷᠤᠭᠰᠠᠨ ᠡᠪᠡᠳᠴᠢᠲᠡᠨ ᠪᠣᠯᠣᠨ ᠭᠡᠷ ᠲᠡᠭᠡᠨ ᠰᠠᠭᠤᠭ᠎ᠠ ᠡᠮ ᠢᠶᠠᠷ ᠦᠷᠭᠦᠯᠵᠢᠯᠡᠨ ᠡᠮᠴᠢᠯᠡᠬᠦ ᠡᠪᠡᠳᠴᠢᠲᠡᠳ ᠲᠤ ᠡᠷᠡᠭᠦᠯᠵᠢᠬᠦ | ᠠᠵᠢᠯᠯᠠᠭᠠᠨ ᠤ ᠲᠠᠯᠠᠪᠤᠷ ᠬᠠᠩᠭᠠᠵᠤ᠂ ᠥᠪᠡᠷᠲᠡᠭᠡᠨ ᠬᠠᠷᠠᠭᠠᠯᠵᠠᠬᠤ᠂ ᠭᠡᠷ ᠲᠡᠭᠡᠨ ᠰᠠᠭᠤᠭᠰᠠᠳ᠂ ᠬᠥᠮᠥᠰ ᠤᠨ ᠬᠤᠭᠤᠷᠣᠨᠳᠤᠬᠢ ᠬᠠᠷᠢᠴᠠᠭ᠎ᠠ᠂ ᠡᠷᠡᠭᠦᠯ ᠴᠢᠭᠢᠷᠠᠭ | ᠤᠨ ᠬᠠᠮᠢᠶᠠᠷᠤᠯᠲᠠ᠂ ᠠᠵᠢᠯ᠂ ᠠᠵᠢᠯ ᠣᠯᠭᠤᠬᠤ ᠴᠢᠳᠠᠪᠤᠷᠢ ᠵᠡᠷᠭᠡ ᠪᠣᠯᠪᠠᠰᠤᠷᠠᠯ ᠢ ᠥᠷᠨᠢᠭᠦᠯᠦᠨ᠎ᠡ᠃ ᠡᠷᠡᠭᠦᠯᠵᠢᠯ ᠤᠨ ᠪᠠᠶᠢᠭᠤᠯᠤᠮᠵᠢ ᠮᠡᠳᠡᠷᠡᠯ ᠤᠨ ᠡᠷᠡᠭᠦᠯ | ᠬᠠᠮᠠᠭᠠᠯᠠᠯ ᠤᠨ ᠲᠤᠰᠬᠠᠢ ᠪᠠᠶᠢᠭᠤᠯᠤᠮᠵᠢ ᠶᠢᠨ ᠵᠢᠯᠣᠭᠤᠳᠤᠯᠭ᠎ᠠ ᠳᠣᠣᠷ᠎ᠠ ᠡᠷᠡᠭᠦᠯᠵᠢᠯ ᠤᠨ ᠦᠢᠯᠡᠴᠢᠯᠡᠭᠡ ᠬᠦᠯᠢᠶᠡᠨ ᠠᠪᠬᠤ ᠡᠪᠡᠳᠴᠢᠲᠡᠨ ᠢ ᠳᠤᠭᠤᠶᠢᠯᠠᠩ | ᠬᠤᠪᠢᠶᠠᠵᠤ ᠦᠨᠡᠯᠡᠨ ᠵᠢᠱᠢᠵᠦ᠂ ᠲᠣᠬᠢᠷᠠᠭᠰᠠᠨ ᠡᠷᠡᠭᠦᠯᠵᠢᠯ ᠤᠨ ᠪᠣᠯᠪᠠᠰᠤᠷᠠᠯ ᠤᠨ ᠲᠥᠯᠥᠪᠯᠡᠭᠡ ᠲᠣᠭᠲᠠᠭᠠᠨ᠎ᠠ᠃ ᠡᠷᠡᠭᠦᠯᠵᠢᠯ ᠤᠨ ᠪᠠᠶᠢᠭᠤᠯᠤᠮᠵᠢ ᠤᠯᠠᠷᠢᠯ ᠪᠦᠷᠢ | ᠨᠢᠭᠡ ᠲᠣᠭᠲᠠᠭᠰᠠᠨ ᠮᠡᠳᠡᠷᠡᠯ ᠤᠨ ᠡᠪᠡᠳᠴᠢᠨ ᠢ ᠰᠡᠷᠭᠡᠶᠢᠯᠡᠬᠦ ᠡᠳᠦᠷ ᠲᠣᠭᠲᠠᠵᠤ᠂ ᠤᠯᠠᠷᠢᠯ ᠪᠦᠷᠢ《ᠮᠡᠳᠡᠷᠡᠯ ᠤᠨ ᠡᠪᠡᠳᠴᠢᠨ ᠢ ᠰᠡᠷᠭᠡᠶᠢᠯᠡᠬᠦ ᠡᠳᠦᠷ》 ᠤᠨ | ᠳᠦᠷᠢᠮ ᠢ ᠪᠠᠶᠢᠭᠤᠯᠵᠤ᠂ ᠮᠡᠳᠡᠷᠡᠯ ᠤᠨ ᠡᠷᠡᠭᠦᠯ ᠬᠠᠮᠠᠭᠠᠯᠠᠯ ᠤᠨ ᠲᠤᠰᠬᠠᠢ ᠡᠮᠴᠢ ᠠᠴᠠ ᠤᠯᠠᠷᠢᠯ ᠪᠦᠷᠢ ᠲᠣᠭᠲᠠᠭᠰᠠᠨ ᠬᠤᠭᠤᠴᠠᠭᠠᠨ ᠳᠤ ᠡᠷᠡᠭᠦᠯᠵᠢᠯ ᠤᠨ | ᠥᠷᠲᠡᠭᠡ ᠳᠤ ᠣᠴᠢᠵᠤ ᠡᠮ ᠬᠡᠷᠡᠭᠯᠡᠬᠦ ᠵᠢᠴᠢ ᠡᠷᠡᠭᠦᠯᠵᠢᠯ ᠤᠨ ᠵᠢᠯᠣᠭᠤᠳᠤᠯᠭ᠎ᠠ ᠬᠢᠨ᠎ᠡ᠃ | 5᠂ ᠮᠠᠨ ᠤ ᠬᠤᠰᠢᠭᠤᠨ ᠤ ᠭᠠᠵᠠᠷ ᠠᠭᠤᠳᠠᠮ ᠬᠥᠮᠥᠨ ᠠᠮᠠ ᠴᠥᠭᠡᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂《ᠲᠣᠭᠲᠠᠭᠰᠠᠨ ᠪᠠ ᠨᠡᠭᠦᠳᠡᠯ ᠢ | ᠬᠠᠷᠢᠯᠴᠠᠨ ᠤᠶᠠᠯᠳᠤᠭᠤᠯᠤᠭᠰᠠᠨ》ᠮᠠᠯᠵᠢᠬᠤ ᠣᠷᠣᠨ ᠤ ᠣᠶᠣᠨ ᠮᠡᠳᠡᠷᠡᠯ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠡᠯᠪᠡᠷᠢ ᠶᠢ ᠪᠠᠶᠢᠭᠤᠯᠵᠤ᠂《ᠨᠡᠭᠦᠳᠡᠯ | ᠡᠷᠡᠭᠦᠯ ᠬᠠᠮᠠᠭᠠᠯᠠᠯ ᠤᠨ ᠠᠵᠢᠯᠯᠠᠭᠠᠨ ᠤ ᠥᠷᠲᠡᠭᠡ》 ᠶᠢᠨ ᠲᠠᠪᠴᠠᠩ ᠢ ᠠᠰᠢᠭᠯᠠᠨ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠳᠠᠯᠢ ᠲᠡᠭᠰᠢ | ᠦᠢᠯᠡᠴᠢᠯᠡᠭᠡᠨ᠂《ᠭᠡᠷ ᠪᠦᠯᠢ ᠶᠢᠨ ᠡᠮᠴᠢ ᠲᠠᠢ ᠭᠡᠷ᠎ᠡ ᠲᠣᠭᠲᠠᠬᠤ ᠬᠡᠯᠪᠡᠷᠢ ᠶᠢᠨ ᠦᠢᠯᠡᠴᠢᠯᠡᠭᠡᠨ》᠂《ᠡᠷᠡᠭᠦᠯ ᠴᠢᠭᠢᠷᠠᠭ ᠤᠨ ᠵᠢᠵᠢᠭ ᠡᠮ ᠤᠨ ᠬᠠᠶᠢᠷᠴᠠᠭ ᠢ | ᠮᠠᠯᠴᠢᠨ ᠡᠷᠦᠬᠡ ᠳᠤ ᠬᠦᠷᠭᠡᠬᠦ ᠢᠨᠵᠧᠨᠧᠷᠢᠩ》 ᠢ ᠤᠶᠠᠯᠳᠤᠭᠤᠯᠤᠨ ᠥᠷᠨᠢᠭᠦᠯᠵᠦ᠂ ᠣᠶᠣᠨ ᠮᠡᠳᠡᠷᠡᠯ ᠤᠨ ᠡᠪᠡᠳᠴᠢᠲᠡᠨ ᠳᠤ ᠡᠷᠡᠭᠦᠯᠵᠢᠯ ᠤᠨ ᠵᠢᠯᠣᠭᠤᠳᠤᠯᠭ᠎ᠠ | ᠬᠢᠨ᠎ᠡ᠃ | ︵ᠭᠤᠷᠪᠠ︶ ᠣᠶᠣᠨ ᠮᠡᠳᠡᠷᠡᠯ ᠤᠨ ᠰᠠᠭᠤᠨ ᠲᠠᠢ ᠡᠪᠡᠳᠴᠢᠲᠡᠨ ᠢ ᠠᠪᠤᠷᠠᠨ ᠵᠠᠰᠠᠵᠤ ᠲᠤᠰᠠᠯᠠᠬᠤ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ | ᠣᠨᠣᠪᠴᠢᠲᠠᠢ ᠶᠠᠳᠠᠭᠤ ᠶᠢ ᠲᠡᠳᠬᠦᠬᠦ᠂ ᠣᠨᠣᠪᠴᠢᠲᠠᠢ ᠶᠠᠳᠠᠭᠤ ᠠᠴᠠ ᠠᠩᠭᠢᠵᠢᠷᠠᠭᠤᠯᠬᠤ ᠠᠵᠢᠯ ᠲᠠᠢ ᠤᠶᠠᠯᠳᠤᠭᠤᠯᠤᠨ᠂ ᠦᠨᠳᠦᠰᠦᠨ ᠡᠮ ᠡᠮᠨᠡᠯᠭᠡ ᠶᠢᠨ | ᠳᠠᠭᠠᠳᠬᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ᠂ ᠣᠶᠣᠨ ᠮᠡᠳᠡᠷᠡᠯ | ᠤᠨ ᠵᠡᠮᠳᠡᠭ ᠤᠨ ᠡᠷᠡᠭᠦᠯᠵᠢᠯ ᠪᠣᠯᠣᠨ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠬᠦᠨᠳᠦ ᠡᠪᠡᠳᠴᠢᠨ ᠤ ᠪᠠᠲᠤᠯᠠᠭ᠎ᠠ᠂ ᠲᠥᠷᠥᠯ ᠵᠦᠢᠯ ᠤᠨ ᠠᠪᠤᠷᠠᠨ | ᠲᠤᠰᠠᠯᠠᠯᠲᠠ ᠵᠡᠷᠭᠡ ᠲᠥᠷᠥ ᠶᠢᠨ ᠪᠣᠳᠣᠯᠭ᠎ᠠ ᠶᠢ ᠵᠣᠬᠢᠴᠠᠯᠳᠤᠭᠤᠯᠬᠤ ᠬᠢᠭᠡᠳ ᠦᠢᠯᠡᠴᠢᠯᠡᠭᠡᠨ ᠤ ᠵᠣᠬᠢᠴᠠᠯᠳᠤᠭ᠎ᠠ ᠶᠢ ᠰᠠᠶᠢᠲᠤᠷ ᠬᠢᠵᠦ᠂ ᠨᠢᠭᠡᠳᠦᠭᠦᠯᠬᠦ ᠦᠢᠯᠡᠴᠢᠯᠡᠭᠡ | ᠶᠢ ᠪᠠᠳᠠᠷᠠᠭᠤᠯᠤᠨ᠎ᠠ᠃ ᠬᠦᠨᠳᠦ ᠣᠶᠣᠨ ᠮᠡᠳᠡᠷᠡᠯ ᠤᠨ ᠰᠠᠭᠠᠳ ᠡᠪᠡᠳᠴᠢᠲᠡᠨ ᠡᠮᠨᠡᠯᠭᠡ ᠳᠤ ᠰᠠᠭᠤᠬᠤ ᠡᠮ ᠡᠮᠨᠡᠯᠭᠡ ᠶᠢᠨ ᠵᠠᠷᠤᠳᠠᠯ ᠤᠨ ᠲᠡᠭᠰᠢᠳᠬᠡᠭᠰᠡᠨ ᠥᠪᠡᠷ | ᠢᠶᠠᠨ ᠲᠤᠰᠢᠶᠠᠬᠤ ᠬᠠᠷᠢᠴᠠᠯ10% ᠣᠷᠴᠢᠮ᠂ ᠬᠦᠨᠳᠦ ᠮᠡᠳᠡᠷᠡᠯ ᠤᠨ ᠰᠠᠭᠠᠳ ᠡᠪᠡᠳᠴᠢᠲᠡᠨ ᠢ ᠬᠤᠲᠠ ᠪᠠᠯᠭᠠᠰᠤᠨ ᠤ ᠠᠵᠢᠯᠲᠠᠨ ᠤ ᠡᠭᠦᠳᠦᠨ ᠡᠮᠨᠡᠯᠭᠡ ᠶᠢᠨ | ᠬᠦᠨᠳᠦ ᠭᠡᠮ ᠠᠷᠬᠠᠭ ᠤᠨ ᠡᠪᠡᠳᠴᠢᠨ ᠪᠣᠯᠣᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠡᠭᠦᠳᠡᠨ ᠡᠮᠨᠡᠯᠭᠡ ᠶᠢᠨ ᠬᠦᠨᠳᠦ ᠡᠪᠡᠳᠴᠢᠨ ᠤ ᠪᠠᠲᠤᠯᠠᠭ᠎ᠠ ᠶᠢᠨ | ᠬᠦᠷᠢᠶ᠎ᠡ ᠬᠡᠪᠴᠢᠶᠡᠨ ᠳᠤ ᠣᠷᠣᠭᠤᠯᠤᠨ᠎ᠠ᠃ | 1᠂ ᠠᠪᠤᠷᠠᠨ ᠵᠠᠰᠠᠵᠤ ᠲᠤᠰᠠᠯᠠᠬᠤ ᠠᠷᠭ᠎ᠠ ᠬᠡᠮᠵᠢᠶ᠎ᠡ᠃ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠳᠠᠩᠰᠠ ᠲᠠᠶᠢᠯᠬᠤ ᠬᠠᠷᠢᠴᠠᠯ ᠢ ᠳᠡᠭᠡᠭᠰᠢᠯᠡᠭᠦᠯᠵᠦ᠂ | ᠡᠭᠦᠳᠦᠨ ᠡᠮᠨᠡᠯᠭᠡ ᠳᠤ ᠳᠠᠩᠰᠠ ᠲᠠᠶᠢᠯᠬᠤ ᠪᠣᠯᠭᠠᠵᠤ᠂ ᠶᠠᠳᠠᠭᠤ ᠬᠦᠨᠳᠦ ᠣᠶᠣᠨ ᠮᠡᠳᠡᠷᠡᠯ ᠤᠨ ᠰᠠᠭᠠᠳ ᠡᠪᠡᠳᠴᠢᠨ ᠲᠠᠢ ᠡᠪᠡᠳᠴᠢᠲᠡᠳ ᠲᠤ ᠵᠢᠯ ᠪᠦᠷᠢ | 700-1000 ᠲᠥᠭᠦᠷᠢᠭ ᠳᠠᠩᠰᠠ ᠠᠴᠠ ᠬᠠᠰᠤᠨ ᠥᠭᠴᠦ᠂ ᠶᠠᠳᠠᠭᠤ ᠬᠦᠨᠳᠦ ᠣᠶᠣᠨ ᠮᠡᠳᠡᠷᠡᠯ ᠤᠨ ᠰᠠᠭᠠᠳ ᠲᠠᠢ ᠡᠪᠡᠳᠴᠢᠲᠡᠨ ᠤ ᠰᠢᠨ᠎ᠡ ᠮᠠᠶ᠋ᠢᠭ ᠤᠨ | ᠬᠤᠷᠰᠢᠭᠰᠠᠨ ᠡᠮᠨᠡᠯᠭᠡ ᠶᠢᠨ ᠡᠮᠨᠡᠯᠭᠡ ᠳᠤ ᠰᠠᠭᠤᠬᠤ ᠶᠢᠨ ᠳᠠᠩᠰᠠ ᠲᠠᠶᠢᠯᠬᠤ ᠬᠠᠷᠢᠴᠠᠯ ᠢ ᠳᠡᠭᠡᠭᠰᠢᠯᠡᠭᠦᠯᠵᠦ᠂ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ | ᠳᠠᠩᠰᠠ ᠲᠠᠶᠢᠯᠬᠤ ᠬᠠᠷᠢᠴᠠᠯ ᠢ ᠵᠢᠯ ᠳᠠᠷᠠᠭᠠᠯᠠᠨ ᠳᠡᠭᠡᠭᠰᠢᠯᠡᠭᠦᠯᠦᠨ᠎ᠡ᠃ | 2᠂ ᠬᠤᠲᠠ ᠪᠠᠯᠭᠠᠰᠤᠨ ᠤ ᠰᠠᠭᠤᠭᠠᠯᠢ ᠠᠷᠠᠳ ᠪᠣᠯᠣᠨ ᠠᠵᠢᠯᠲᠠᠳ ᠤᠨ ᠡᠮ ᠡᠮᠨᠡᠯᠭᠡ ᠶᠢᠨ ᠳᠠᠭᠠᠳᠬᠠᠯ᠃ ᠶᠠᠳᠠᠭᠤ ᠬᠦᠨᠳᠦ ᠣᠶᠤᠨ ᠮᠡᠳᠡᠷᠡᠯ ᠤᠨ | ᠰᠠᠭᠠᠳ ᠲᠠᠢ ᠡᠪᠡᠳᠴᠢᠲᠡᠨ ᠢ ᠬᠤᠲᠠ ᠪᠠᠯᠭᠠᠰᠤᠨ ᠤ ᠠᠵᠢᠯᠲᠠᠳ ᠤᠨ ᠡᠭᠦᠳᠡᠨ ᠡᠮᠨᠡᠯᠭᠡ ᠶᠢᠨ ᠬᠦᠨᠳᠦ ᠭᠡᠮ ᠠᠷᠬᠠᠭ ᠪᠣᠯᠣᠨ ᠬᠤᠲᠠ ᠪᠠᠯᠭᠠᠰᠤᠨ ᠤ ᠰᠠᠭᠤᠭᠠᠯᠢ | ᠠᠷᠠᠳ ᠤᠨ ᠡᠭᠦᠳᠡᠨ ᠡᠮᠨᠡᠯᠭᠡ ᠶᠢᠨ ᠬᠦᠨᠳᠦ ᠡᠪᠡᠳᠴᠢᠨ ᠤ ᠪᠠᠲᠤᠯᠠᠭ᠎ᠠ ᠶᠢᠨ ᠬᠦᠷᠢᠶ᠎ᠡ ᠬᠡᠪᠴᠢᠶᠡᠨ ᠳᠤ ᠣᠷᠣᠭᠤᠯᠤᠨ᠎ᠠ᠃ ᠪᠤᠴᠠᠭᠠᠳ ᠦᠷᠭᠦᠯᠵᠢᠯᠡᠨ ᠡᠮ | ᠤᠤᠭᠤᠬᠤ ᠴᠢᠬᠤᠯᠠ ᠲᠠᠢ ᠣᠶᠣᠨ ᠮᠡᠳᠡᠷᠡᠯ ᠤᠨ ᠰᠠᠭᠠᠳ ᠲᠠᠢ ᠡᠪᠡᠳᠴᠢᠲᠡᠨ ᠳᠤ ᠤᠳᠠᠭᠠᠨ ᠴᠢᠨᠠᠷᠲᠠᠢ ᠡᠪᠡᠳᠴᠢᠨ ᠤ ᠬᠠᠮᠢᠶᠠᠷᠤᠯᠲᠠ ᠶᠠᠪᠤᠭᠤᠯᠵᠤ᠂ ᠡᠭᠦᠳᠡᠨ | ᠡᠮᠨᠡᠯᠭᠡ ᠶᠢᠨ ᠤᠤᠭᠤᠬᠤ ᠡᠮ ᠤᠨ ᠵᠦᠢᠯ ᠢ ᠵᠣᠬᠢᠬᠤ ᠬᠠᠷᠢᠴᠠᠯ ᠢᠶᠠᠷ ᠬᠢᠨᠠᠨ ᠬᠠᠷᠭᠤᠭᠤᠯᠵᠤ ᠳᠠᠩᠰᠠ ᠲᠠᠶᠢᠯᠵᠤ᠂ ᠡᠪᠡᠳᠴᠢᠲᠡᠨ ᠤ ᠥᠪᠡᠷ ᠤᠨ ᠬᠢᠨᠢ ᠳᠠᠷᠤᠭᠠᠰᠤ | ᠶᠢ ᠬᠥᠩᠭᠡᠷᠡᠭᠦᠯᠦᠨ᠎ᠡ᠃ | 3᠂ ᠠᠮᠢᠳᠤᠷᠠᠯ ᠬᠦᠴᠢᠷᠳᠡᠯᠲᠡᠢ ᠡᠪᠡᠳᠴᠢᠲᠡᠨ ᠢ ᠠᠪᠤᠷᠠᠨ ᠲᠤᠰᠠᠯᠠᠬᠤ ᠬᠦᠴᠦᠯᠡᠴᠡ ᠪᠠᠨ ᠴᠢᠩᠭᠠᠳᠬᠠᠵᠤ᠂ ᠬᠠᠮᠤᠭ ᠤᠨ ᠳᠣᠣᠷ᠎ᠠ ᠠᠮᠢᠳᠤᠷᠠᠯ ᠤᠨ | ᠪᠠᠲᠤᠯᠠᠭ᠎ᠠ ᠶᠢᠨ ᠨᠥᠬᠦᠴᠡᠯ ᠳᠤ ᠵᠣᠬᠢᠴᠠᠬᠤ ᠶᠢ ᠨᠢ ᠴᠠᠭ ᠲᠤᠬᠠᠢ ᠳᠤᠨᠢ ᠳᠣᠣᠷ᠎ᠠ ᠪᠠᠲᠤᠯᠠᠭ᠎ᠠ ᠳᠤ ᠣᠷᠣᠭᠤᠯᠤᠨ᠎ᠠ︔ ᠳᠣᠣᠷ᠎ᠠ ᠪᠠᠲᠤᠯᠠᠭ᠎ᠠ ᠶᠢᠨ ᠨᠥᠬᠦᠴᠡᠯ ᠳᠤ | ᠨᠡᠶᠢᠴᠡᠬᠦ ᠦᠭᠡᠢ ᠭᠡᠲᠡᠯ᠎ᠡ ᠦᠨᠡᠨ ᠬᠦ ᠬᠦᠴᠢᠷᠳᠡᠯᠲᠡᠢ ᠶᠢ ᠨᠢ ᠲᠦᠷ ᠴᠠᠭ ᠠᠪᠤᠷᠠᠨ ᠲᠤᠰᠠᠯᠠᠬᠤ ᠵᠡᠷᠭᠡ ᠠᠷᠭ᠎ᠠ ᠬᠡᠮᠵᠢᠶ᠎ᠡ ᠪᠠᠷ ᠬᠠᠪᠰᠤᠷᠴᠤ ᠠᠮᠢᠳᠤᠷᠠᠯ ᠤᠨ ᠬᠦᠴᠢᠷ | ᠲᠦᠪᠡᠭ ᠢ ᠰᠢᠢᠳᠪᠦᠷᠢᠯᠡᠵᠦ ᠥᠭᠭᠦᠨ᠎ᠡ︔ ᠳᠣᠣᠷ᠎ᠠ ᠪᠠᠲᠤᠯᠠᠭ᠎ᠠ ᠲᠠᠢ ᠪᠣᠯᠣᠨ ᠲᠦᠷ ᠴᠠᠭ ᠠᠪᠤᠷᠠᠨ ᠲᠤᠰᠠᠯᠠᠬᠤ ᠬᠥᠮᠥᠰ ᠤᠨ ᠳᠤᠮᠳᠠᠬᠢ ᠬᠦᠨᠳᠦ ᠣᠶᠣᠨ ᠮᠡᠳᠡᠷᠡᠯ | ᠤᠨ ᠰᠠᠭᠠᠳ ᠡᠪᠡᠳᠴᠢᠲᠡᠨ ᠢ ᠭᠤᠣᠯᠳᠠᠯᠭ᠎ᠠ ᠲᠠᠢ ᠪᠠᠲᠤᠯᠠᠬᠤ ᠬᠥᠮᠥᠰ ᠪᠣᠯᠭᠠᠵᠤ᠂ ᠬᠦᠨᠳᠦ ᠣᠶᠣᠨ ᠮᠡᠳᠡᠷᠡᠯ ᠤᠨ ᠰᠠᠭᠠᠳ ᠡᠪᠡᠳᠴᠢᠲᠡᠨ ᠢ ᠬᠦᠨᠳᠦ ᠬᠡᠮᠵᠢᠶᠡᠨ ᠤ | ᠵᠡᠮᠳᠡᠭ ᠪᠣᠯᠭᠠᠵᠤ ᠪᠦᠬᠦᠨ ᠢ ᠲᠤᠰᠠᠯᠠᠨ ᠳᠣᠣᠷ᠎ᠠ ᠪᠠᠲᠤᠯᠠᠭ᠎ᠠ ᠪᠠ ᠬᠤᠷᠰᠢᠭᠰᠠᠨ ᠡᠮᠨᠡᠯᠭᠡ ᠳᠤ ᠣᠷᠣᠭᠤᠯᠬᠤ ᠶᠢᠨ ᠬᠠᠮᠲᠤ ᠲᠡᠭᠦᠨ ᠤ ᠳᠣᠲᠣᠷᠠᠬᠢ ᠶᠠᠳᠠᠭᠤ | ᠡᠪᠡᠳᠴᠢᠲᠡᠨ ᠳᠤ ᠲᠣᠭᠲᠠᠭᠠᠯ ᠶᠣᠰᠣᠭᠠᠷ ᠡᠭᠦᠳᠡᠨ ᠡᠮᠨᠡᠯᠭᠡ ᠪᠣᠯᠣᠨ ᠡᠮᠨᠡᠯᠭᠡ ᠳᠤ ᠰᠠᠭᠤᠬᠤ ᠡᠮ ᠡᠮᠨᠡᠯᠭᠡ ᠶᠢᠨ ᠵᠠᠷᠤᠳᠠᠯ ᠶᠢᠨ ᠲᠤᠰᠠᠯᠠᠮᠵᠢ ᠦᠵᠡᠭᠦᠯᠦᠨ᠎ᠡ᠃ | 4᠂ ᠬᠡᠷᠡᠭ ᠤᠷᠰᠢᠭ ᠲᠠᠲᠠᠳᠠᠭ ᠡᠪᠡᠳᠴᠢᠲᠡᠨ ᠢ ᠡᠮᠨᠡᠨ ᠵᠠᠰᠠᠬᠤ ᠵᠠᠷᠤᠳᠠᠯ ᠢ ᠪᠠᠲᠤᠯᠠᠨ᠎ᠠ᠃ ᠤᠤᠯ ᠳᠠᠭᠠᠨ ᠬᠡᠷᠡᠭ ᠲᠠᠲᠠᠵᠤ ᠥᠩᠭᠡᠷᠡᠭᠰᠡᠨ ᠪᠤᠶᠤ ᠠᠶᠤᠯᠲᠤ | ᠬᠦᠨᠳᠦ ᠣᠶᠣᠨ ᠮᠡᠳᠡᠷᠡᠯ ᠤᠨ ᠰᠠᠭᠠᠳ ᠲᠠᠢ ᠡᠪᠡᠳᠴᠢᠲᠡᠨ ᠢ ᠬᠦᠯᠢᠶᠡᠨ ᠠᠪᠴᠤ ᠵᠠᠰᠠᠬᠤ ᠠᠷᠭ᠎ᠠ ᠵᠠᠮ ᠢ ᠰᠢᠯᠤᠭᠤᠳᠬᠠᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠠᠶᠢᠳᠠᠪᠤᠷᠢᠵᠢᠭᠤᠯᠵᠤ᠂ ᠪᠤᠰᠤᠳ ᠤᠨ ᠠᠮᠤᠷ ᠲᠦᠪᠰᠢᠨ ᠳᠤ ᠠᠶᠤᠯ ᠲᠠᠢ ᠦᠢᠯᠡ ᠠᠵᠢᠯᠯᠠᠭ᠎ᠠ ᠪᠤᠶᠤ ᠠᠶᠤᠯ | ᠲᠠᠢ ᠡᠪᠡᠳᠴᠢᠲᠡᠨ ᠢ ᠬᠦᠯᠢᠶᠡᠨ ᠠᠪᠴᠤ ᠵᠠᠰᠠᠬᠤ ᠠᠰᠠᠭᠤᠳᠠᠯ ᠢ ᠰᠢᠢᠳᠪᠦᠷᠢᠯᠡᠵᠦ᠂《 ᠵᠠᠰᠠᠬᠤ ᠶᠣᠰᠣᠲᠠᠢ ᠶᠢ ᠨᠢ ᠠᠯᠢ ᠴᠢᠳᠠᠬᠤ ᠪᠠᠷ ᠵᠠᠰᠠᠵᠤ᠂ ᠬᠠᠮᠢᠶᠠᠷᠬᠤ | ᠶᠣᠰᠣᠲᠠᠢ ᠶᠢ ᠨᠢ ᠠᠯᠢ ᠴᠢᠳᠠᠬᠤ ᠪᠠᠷ ᠬᠠᠮᠢᠶᠠᠷᠬᠤ᠂ ᠬᠦᠯᠢᠶᠡᠨ ᠠᠪᠬᠤ ᠶᠣᠰᠣᠲᠠᠢ ᠶᠢ ᠨᠢ ᠠᠯᠢ ᠴᠢᠳᠠᠬᠤ ᠪᠠᠷ ᠬᠦᠯᠢᠶᠡᠨ ᠠᠪᠬᠤ》 ᠶᠢ ᠪᠠᠲᠤᠯᠠᠨ᠎ᠠ᠃ ᠲᠤᠰ | ᠣᠷᠣᠨ ᠤ ᠡᠷᠦᠬᠡ ᠠᠮᠠ ᠲᠠᠢ ᠡᠪᠡᠳᠴᠢᠲᠡᠨ᠂ ᠡᠭᠦᠳᠡᠨ ᠡᠮᠨᠡᠯᠭᠡ ᠪᠣᠯᠣᠨ ᠡᠮᠨᠡᠯᠭᠡ ᠳᠤ ᠰᠠᠭᠤᠬᠤ ᠵᠠᠷᠤᠳᠠᠯ ᠤᠨ ᠳᠠᠩᠰᠠ ᠲᠠᠶᠢᠯᠬᠤ ᠰᠠᠭᠤᠷᠢᠨ ᠳᠡᠭᠡᠷ᠎ᠡ᠂ ᠠᠷᠠᠳ | ᠤᠨ ᠶᠠᠪᠤᠳᠠᠯ ᠤᠨ ᠲᠣᠪᠴᠢᠶ᠎ᠠ ᠪᠠᠷ ᠳᠠᠮᠵᠢᠵᠤ ᠨᠢᠭᠡᠨᠲᠡ ᠡᠭᠦᠰᠦᠭᠰᠡᠨ ᠪᠤᠶᠤ ᠬᠡᠷᠡᠭ ᠭᠠᠷᠭᠠᠬᠤ ᠪᠠᠶᠢᠳᠠᠯ ᠲᠠᠢ ᠳᠣᠣᠷ᠎ᠠ ᠪᠠᠲᠤᠯᠠᠭᠠᠲᠤ ᠬᠦᠨᠳᠦ ᠮᠡᠳᠡᠷᠡᠯ ᠤᠨ ᠰᠠᠭᠠᠳ | ᠲᠠᠢ ᠡᠪᠡᠳᠴᠢᠲᠡᠨ ᠳᠤ ᠦᠨ᠎ᠡ ᠲᠥᠯᠥᠪᠦᠷᠢ ᠦᠭᠡᠢ ᠠᠪᠤᠷᠠᠨ ᠵᠠᠰᠠᠯᠲᠠ ᠬᠢᠨ᠎ᠡ᠃ | 5᠂ ᠴᠡᠷᠢᠭ ᠠᠴᠠ ᠬᠠᠯᠠᠭᠳᠠᠭᠰᠠᠳ ᠤᠨ ᠣᠶᠣᠨ ᠮᠡᠳᠡᠷᠡᠯ ᠤᠨ ᠰᠠᠭᠠᠳ ᠡᠪᠡᠳᠴᠢᠲᠡᠨ ᠢ ᠬᠠᠷᠠᠭᠠᠯᠵᠠᠬᠤ ᠳᠦᠷᠢᠮ ᠪᠣᠯᠣᠨ ᠬᠦᠴᠢᠷᠳᠡᠯ ᠲᠠᠢ ᠣᠶᠣᠨ ᠮᠡᠳᠡᠷᠡᠯ ᠤᠨ | ᠰᠠᠭᠠᠳ ᠡᠪᠡᠳᠴᠢᠲᠡᠨ ᠢ ᠠᠪᠤᠷᠠᠨ ᠵᠠᠰᠠᠵᠤ ᠲᠣᠬᠢᠷᠠᠭᠤᠯᠬᠤ ᠳᠦᠷᠢᠮ ᠢ ᠲᠡᠭᠦᠯᠳᠡᠷᠵᠢᠭᠦᠯᠦᠨ᠎ᠡ᠃ ᠴᠡᠷᠢᠭ ᠠᠴᠠ ᠪᠠᠨ ᠬᠠᠯᠠᠭᠳᠠᠵᠤ ᠴᠡᠷᠢᠭ ᠠᠴᠠ ᠪᠠᠭᠤᠭᠰᠠᠨ | ᠴᠡᠷᠢᠭ᠂ ᠣᠨᠴᠠ ᠬᠦᠴᠢᠷᠳᠡᠯᠲᠡᠢ ᠵᠠᠰᠠᠭ ᠠᠴᠠ ᠠᠰᠠᠷᠠᠨ ᠲᠡᠵᠢᠭᠡᠵᠦ ᠪᠠᠶᠢᠭ᠎ᠠ ᠬᠥᠮᠥᠰ᠂ ᠲᠡᠨᠦᠭᠦᠴᠢᠯᠡᠭᠰᠡᠳ ᠤᠨ ᠳᠤᠮᠳᠠᠬᠢ ᠣᠶᠣᠨ ᠮᠡᠳᠡᠷᠡᠯ ᠤᠨ ᠰᠠᠭᠠᠳ ᠲᠠᠢ | ᠡᠪᠡᠳᠴᠢᠲᠡᠨ ᠢ ᠦᠨᠡᠨᠬᠦ ᠲᠣᠬᠢᠲᠠᠢ ᠡᠮᠨᠡᠨ ᠵᠠᠰᠠᠵᠤ ᠲᠥᠪᠬᠢᠨᠡᠭᠦᠯᠬᠦ ᠶᠢ ᠪᠠᠲᠤᠯᠠᠨ᠎ᠠ᠃ | ( ᠳᠥᠷᠪᠡ) ᠣᠶᠣᠨ ᠮᠡᠳᠡᠷᠡᠯ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠡᠯᠪᠡᠷᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ | 1᠂ ᠣᠶᠣᠨ ᠮᠡᠳᠡᠷᠡᠯ ᠤᠨ ᠲᠤᠰᠬᠠᠢ ᠰᠠᠯᠠᠭᠠᠨ ᠤ ᠡᠮᠨᠡᠯᠭᠡ᠂ ᠶᠡᠷᠦᠩᠬᠡᠶᠢᠯᠡᠭᠰᠡᠨ ᠡᠮᠨᠡᠯᠭᠡ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠪᠣᠯᠣᠨ ᠣᠶᠣᠨ ᠮᠡᠳᠡᠷᠡᠯ ᠤᠨ ᠨᠡᠶᠢᠭᠡᠮ ᠲᠣᠭᠤᠷᠢᠭ ᠤᠨ ᠡᠷᠡᠭᠦᠯᠵᠢᠯ ᠤᠨ ᠪᠠᠶᠢᠭᠤᠯᠤᠮᠵᠢ ᠬᠠᠮᠵᠢᠯᠴᠠᠭᠰᠠᠨ ᠣᠶᠣᠨ ᠮᠡᠳᠡᠷᠡᠯ ᠤᠨ ᠡᠷᠡᠭᠦᠯ ᠮᠡᠨᠳᠦ ᠶᠢᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠠᠶᠢᠭᠤᠯᠤᠨ᠎ᠠ᠃ ᠬᠤᠲᠠ᠂ ᠬᠤᠰᠢᠭᠤᠨ ᠤ ᠬᠤᠶᠠᠷ ᠱᠠᠲᠤᠨ ᠤ ᠣᠶᠣᠨ ᠮᠡᠳᠡᠷᠡᠯ ᠤᠨ ᠡᠷᠡᠭᠦᠯ ᠮᠡᠨᠳᠦ | ᠶᠢᠨ ᠲᠤᠰᠬᠠᠢ ᠪᠠᠶᠢᠭᠤᠯᠤᠮᠵᠢ ᠶᠢᠨ ᠬᠤᠭᠤᠷᠣᠨᠳᠤᠬᠢ ᠵᠢᠴᠢ ᠲᠤᠰᠬᠠᠢ ᠪᠠᠶᠢᠭᠤᠯᠤᠮᠵᠢ ᠬᠢᠭᠡᠳ ᠦᠨᠳᠦᠰᠦᠨ ᠡᠮ ᠡᠮᠨᠡᠯᠭᠡ ᠶᠢᠨ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠬᠤᠭᠤᠷᠣᠨᠳᠤᠬᠢ ᠬᠤᠶᠠᠷ ᠲᠠᠯ᠎ᠠ ᠪᠠᠷ ᠢᠶᠠᠨ ᠡᠮᠨᠡᠯᠭᠡ ᠰᠢᠯᠵᠢᠭᠦᠯᠦᠨ ᠡᠮᠨᠡᠬᠦ ᠲᠣᠭᠲᠠᠴᠠ ᠶᠢ ᠪᠠᠶᠢᠭᠤᠯᠤᠨ᠎ᠠ᠃ ᠣᠶᠣᠨ ᠮᠡᠳᠡᠷᠡᠯ ᠤᠨ ᠲᠤᠰᠬᠠᠢ | ᠪᠠᠶᠢᠭᠤᠯᠤᠮᠵᠢ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠮᠡᠷᠭᠡᠵᠢᠯ ᠪᠣᠯᠣᠨ ᠵᠢᠯᠣᠭᠤᠳᠤᠯᠭ᠎ᠠ ᠬᠠᠩᠭᠠᠵᠤ᠂ ᠣᠶᠣᠨ ᠮᠡᠳᠡᠷᠡᠯ | ᠤᠨ ᠰᠠᠯᠠᠭᠠᠨ ᠤ ᠡᠮᠴᠢ᠂ ᠰᠤᠪᠢᠯᠠᠭᠴᠢ᠂ ᠰᠡᠳᠬᠢᠴᠡ ᠶᠢᠨ ᠡᠮᠨᠡᠨ ᠵᠠᠰᠠᠭᠴᠢ᠂ ᠡᠷᠡᠭᠦᠯᠵᠢᠯ ᠤᠨ ᠡᠮᠴᠢ᠂ ᠨᠡᠶᠢᠭᠡᠮ ᠤᠨ ᠠᠵᠢᠯᠲᠠᠨ ᠪᠠᠷ ᠪᠦᠷᠢᠯᠳᠦᠭᠰᠡᠨ ᠣᠯᠠᠨ | ᠴᠢᠳᠠᠪᠤᠷᠢᠲᠤ ᠦᠢᠯᠡᠴᠢᠯᠡᠭᠡᠨ ᠤ ᠪᠦᠯᠬᠦᠮ ᠢ ᠢᠳᠡᠭ ᠢᠳᠡᠭ ᠢᠶᠠᠷ ᠪᠠᠶᠢᠭᠤᠯᠤᠨ ᠲᠡᠭᠦᠯᠳᠡᠷᠵᠢᠭᠦᠯᠵᠦ᠂ ᠲᠤᠰᠬᠠᠢ ᠪᠠᠶᠢᠭᠤᠯᠤᠮᠵᠢ ᠦᠨᠳᠦᠰᠦᠨ ᠱᠠᠲᠤᠨ ᠤ ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠬᠡᠰᠡᠭ ᠬᠤᠪᠢᠶᠠᠨ ᠳᠠᠭᠠᠭᠠᠴᠢᠯᠠᠨ ᠵᠢᠯᠣᠭᠤᠳᠬᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ᠂ ᠲᠤᠰᠬᠠᠢ | ᠰᠠᠯᠠᠭᠠᠨ ᠤ ᠡᠮᠴᠢ ᠬᠢᠭᠡᠳ ᠨᠡᠶᠢᠭᠡᠮ ᠲᠣᠭᠤᠷᠢᠭ ᠤᠨ ᠣᠶᠣᠨ ᠮᠡᠳᠡᠷᠡᠯ ᠤᠨ ᠰᠠᠭᠠᠳ ᠡᠪᠡᠳᠴᠢᠨ ᠢ ᠰᠡᠷᠭᠡᠶᠢᠯᠡᠬᠦ ᠠᠵᠢᠯᠲᠠᠨ ᠤ ᠦᠢᠯᠡᠴᠢᠯᠡᠭᠡ ᠶᠢ | ᠠᠪᠴᠠᠯᠳᠤᠭᠤᠯᠤᠨ᠎ᠠ᠃ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠣᠶᠣᠨ ᠮᠡᠳᠡᠷᠡᠯ ᠤᠨ ᠡᠪᠡᠳᠴᠢᠨ ᠢ ᠰᠡᠷᠭᠡᠶᠢᠯᠡᠬᠦ ᠡᠮᠴᠢ ᠬᠢᠭᠡᠳ ᠣᠶᠣᠨ | ᠮᠡᠳᠡᠷᠡᠯ ᠤᠨ ᠰᠠᠯᠠᠭᠠᠨ ᠤ ᠡᠮᠴᠢ ᠨᠢᠭᠡ ᠨᠢᠭᠡ ᠪᠠᠷ ᠡᠷᠡᠭᠦᠯᠵᠢᠭᠦᠯᠦᠨ ᠵᠠᠰᠠᠬᠤ ᠬᠠᠷᠢᠴᠠᠭ᠎ᠠ ᠶᠢ ᠪᠠᠶᠢᠭᠤᠯᠤᠨ᠎ᠠ᠃ ᠦᠨᠳᠦᠰᠦᠨ ᠱᠠᠲᠤᠨ ᠤ ᠡᠮᠴᠢ ᠶᠢ ᠵᠢᠯᠣᠭᠤᠳᠤᠨ | ᠬᠦᠨᠳᠦ ᠣᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠤ ᠰᠦᠪᠡᠭᠴᠢ ᠶᠢᠨ ᠪᠠᠶᠢᠴᠠᠭᠠᠯᠲᠠ᠂ ᠣᠨᠣᠰᠢᠯᠠᠬᠤ᠂ ᠡᠷᠡᠭᠦᠯᠵᠢᠯ ᠤᠨ ᠵᠠᠰᠠᠯᠲᠠ᠂ ᠪᠠᠴᠢᠮ ᠪᠠᠶᠢᠳᠠᠯ ᠢ | ᠠᠷᠭᠠᠴᠠᠬᠤ ᠡᠮ ᠡᠮᠨᠡᠯᠭᠡ ᠶᠢ ᠰᠢᠢᠳᠪᠦᠷᠢᠯᠡᠬᠦ ᠶᠢᠨ ᠬᠠᠮᠲᠤ ᠦᠨᠳᠦᠰᠦᠨ ᠱᠠᠲᠤᠨ ᠤ ᠡᠮᠴᠢ ᠶᠢ ᠳᠠᠭᠠᠭᠤᠯᠤᠨ ᠵᠢᠭᠠᠬᠤ ᠵᠡᠷᠭᠡ ᠠᠵᠢᠯ ᠢ ᠬᠢᠨ᠎ᠡ᠃ | 2᠂ ᠡᠪᠡᠳᠴᠢᠨ ᠲᠣᠭᠲᠠᠪᠤᠷᠢ ᠦᠭᠡᠢ ᠡᠪᠡᠳᠴᠢᠲᠡᠨ ᠤ ᠲᠤᠰᠬᠠᠢ ᠬᠠᠮᠢᠶᠠᠷᠤᠯᠲᠠ ᠶᠢ ᠴᠢᠩᠭᠠᠳᠬᠠᠨ᠎ᠠ᠃ ᠲᠤᠰᠬᠠᠢ ᠬᠠᠮᠢᠶᠠᠷᠬᠤ ᠪᠦᠯᠬᠦᠮ ᠨᠢ ᠦᠨᠳᠦᠰᠦᠨ | ᠱᠠᠲᠤᠨ ᠤ ᠡᠮ ᠡᠮᠨᠡᠯᠭᠡ ᠶᠢᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠶᠣᠨ ᠮᠡᠳᠡᠷᠡᠯ ᠤᠨ ᠡᠪᠡᠳᠴᠢᠨ ᠢ ᠰᠡᠷᠭᠡᠶᠢᠯᠡᠬᠦ ᠠᠵᠢᠯᠲᠠᠨ᠂ ᠰᠤᠪᠢᠯᠠᠭᠴᠢ᠂ | ᠶᠡᠷᠦᠩᠬᠡᠢ ᠰᠠᠯᠠᠭᠠᠨ ᠤ ᠡᠮᠴᠢ ᠪᠣᠯᠣᠨ ᠦᠨᠳᠦᠰᠦᠨ ᠱᠠᠲᠤᠨ ᠤ ᠠᠵᠢᠯᠲᠠᠨ ︵ᠭᠠᠴᠠᠭ᠎ᠠ᠂ ᠨᠡᠶᠢᠭᠡᠮ ᠲᠣᠭᠤᠷᠢᠭ ᠤᠨ ᠺᠠᠳ᠋ᠷᠴᠤᠳ᠂ ᠠᠷᠠᠳ ᠤᠨ ᠶᠠᠪᠤᠳᠠᠯ ᠤᠨ | ᠲᠤᠰᠬᠠᠢ ᠠᠵᠢᠯᠲᠠᠨ᠂ ᠠᠷᠠᠳ ᠤᠨ ᠴᠠᠭᠳᠠᠭ᠎ᠠ᠂ ᠵᠡᠮᠳᠡᠭᠴᠦᠳ ᠢ ᠬᠠᠪᠰᠤᠷᠤᠭᠴᠢ᠂ ᠰᠦᠯᠵᠢᠶᠡᠨ ᠤ ᠰᠢᠰᠲ᠋ᠧᠮ ᠤᠨ ᠬᠠᠮᠢᠶᠠᠷᠤᠭᠴᠢ᠂ ᠰᠠᠶᠢᠨ ᠳᠤᠷᠠᠴᠤᠳ ᠵᠡᠷᠭᠡ︶ | ᠪᠠᠷ ᠪᠦᠷᠢᠯᠳᠦᠨ᠎ᠡ᠃ ᠲᠤᠰᠬᠠᠢ ᠬᠠᠮᠢᠶᠠᠷᠬᠤ ᠪᠦᠯᠬᠦᠮ ᠤᠨ ᠣᠶᠣᠨ ᠮᠡᠳᠡᠷᠡᠯ ᠤᠨ ᠰᠠᠯᠠᠭᠠᠨ ᠤ ᠡᠮᠴᠢ ᠶᠢᠨ ᠵᠢᠯᠣᠭᠤᠳᠤᠯᠭ᠎ᠠ ᠳᠣᠣᠷ᠎ᠠ ᠲᠤᠰᠬᠠᠢ ᠬᠠᠮᠢᠶᠠᠷᠬᠤ | ᠬᠠᠮᠢᠶᠠᠷᠤᠯᠲᠠ ᠶᠢᠨ ᠲᠥᠯᠥᠪᠯᠡᠭᠡ ᠲᠣᠭᠲᠠᠭᠠᠵᠤ᠂ ᠡᠪᠡᠳᠴᠢᠲᠡᠨ ᠤ ᠣᠳᠣᠬᠢ ᠪᠠᠶᠢᠳᠠᠯ ᠢ ᠴᠠᠭ ᠲᠤᠬᠠᠢ ᠳᠤᠨᠢ ᠦᠨᠡᠯᠡᠨ᠂ ᠡᠷᠡᠭᠦᠯᠵᠢᠯ ᠤᠨ ᠬᠠᠷᠠᠯᠲᠠ ᠶᠢ | ᠲᠣᠭᠲᠠᠭᠠᠵᠤ᠂ ᠪᠦᠯᠬᠦᠮ ᠤᠨ ᠭᠡᠰᠢᠭᠦᠨ ᠤ ᠬᠠᠷᠢᠭᠤᠴᠠᠯᠭ᠎ᠠ ᠶᠢ ᠲᠣᠳᠣᠷᠬᠠᠶᠢᠯᠠᠬᠤ ᠶᠢᠨ ᠬᠠᠮᠲᠤ ᠠᠬᠢᠴᠠ ᠶᠢ ᠪᠠᠶᠢᠴᠠᠭᠠᠨ᠎ᠠ᠃ | 3᠂ ᠣᠶᠣᠨ ᠮᠡᠳᠡᠷᠡᠯ ᠤᠨ ᠡᠷᠡᠭᠦᠯ ᠬᠠᠮᠠᠭᠠᠯᠠᠯ ᠤᠨ ᠲᠤᠰᠬᠠᠢ ᠮᠡᠷᠭᠡᠵᠢᠯ ᠤᠨ ᠪᠠᠶᠢᠭᠤᠯᠤᠮᠵᠢ ᠵᠣᠪᠠᠨᠢᠬᠤ᠂ ᠪᠠᠴᠢᠮᠳᠠᠵᠤ ᠰᠠᠨᠳᠤᠷᠬᠤ ᠵᠡᠷᠭᠡ ᠶᠡᠷᠦᠳᠡᠭᠡᠨ | ᠲᠣᠬᠢᠶᠠᠯᠳᠤᠬᠤ ᠣᠶᠣᠨ ᠮᠡᠳᠡᠷᠡᠯ ᠤᠨ ᠰᠠᠭᠠᠳ ᠢ ᠣᠨᠣᠰᠢᠯᠠᠨ ᠵᠠᠰᠠᠬᠤ ᠦᠢᠯᠡᠴᠢᠯᠡᠭᠡ ᠶᠢ ᠥᠷᠨᠢᠭᠦᠯᠵᠦ᠂ ᠲᠠᠨᠢᠨ ᠮᠡᠳᠡᠬᠦᠢ ᠶᠢᠨ ᠡᠮᠴᠢᠯᠡᠭᠡ᠂ ᠣᠶᠣᠨ ᠮᠡᠳᠡᠷᠡᠯ ᠢ | ᠵᠠᠳᠠᠯᠬᠤ ᠪᠣᠯᠣᠨ ᠭᠡᠷ ᠪᠦᠯᠢ ᠶᠢᠨ ᠪᠦᠲᠦᠴᠡ ᠶᠢ ᠵᠠᠰᠠᠬᠤ ᠡᠮᠴᠢᠯᠡᠭᠡ ᠥᠷᠨᠢᠭᠦᠯᠬᠦ ᠵᠡᠷᠭᠡ ᠮᠡᠷᠭᠡᠵᠢᠯ ᠤᠨ ᠴᠢᠳᠠᠪᠤᠷᠢ ᠶᠢ ᠪᠦᠷᠢᠳᠦᠭᠦᠯᠵᠦ᠂ ᠰᠡᠳᠬᠢᠴᠡ ᠶᠢᠨ | ᠡᠮᠴᠢᠯᠡᠭᠡ ᠶᠢᠨ ᠡᠭᠦᠳᠡᠨ ᠡᠮᠨᠡᠯᠭᠡ ᠲᠣᠬᠢᠷᠠᠭᠤᠯᠵᠤ᠂ ᠰᠡᠳᠬᠢᠴᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠬᠤ ᠬᠡᠷᠡᠭᠲᠡᠢ᠃ ᠮᠣᠩᠭᠤᠯ ᠡᠮᠨᠡᠯᠭᠡ ᠶᠢᠨ | ᠬᠤᠷᠢᠶ᠎ᠠ ᠶᠢ ᠳᠡᠮᠵᠢᠵᠦ ᠮᠣᠩᠭᠤᠯ ᠡᠮ ᠵᠡᠷᠭᠡ ᠤᠯᠠᠮᠵᠢᠯᠠᠯᠲᠤ ᠡᠮᠴᠢᠯᠡᠭᠡ ᠪᠠᠷ ᠵᠠᠰᠠᠬᠤ ᠪᠠ ᠮᠣᠩᠭᠤᠯ ᠡᠸᠦ᠋ᠷᠦᠫᠡ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ | ᠰᠡᠳᠬᠢᠴᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠨ᠎ᠠ᠃ ᠬᠢᠨᠠᠨ ᠬᠠᠮᠢᠶᠠᠷᠬᠤ ᠲᠠᠯᠠᠪᠤᠷ᠂ ᠳᠤᠮᠳᠠᠳᠤ ᠪᠠᠭ᠎ᠠ ᠰᠤᠷᠭᠠᠭᠤᠯᠢ᠂ ᠬᠥᠳᠡᠯᠮᠦᠷᠢ ᠬᠦᠴᠦᠨ | ᠨᠢᠭᠲᠠᠷᠠᠭᠰᠠᠨ ᠬᠡᠯᠪᠡᠷᠢ ᠶᠢᠨ ᠠᠵᠤ ᠠᠬᠤᠶᠢᠯᠠᠯ ᠣᠶᠣᠨ ᠰᠡᠳᠬᠢᠴᠡ ᠶᠢᠨ ᠯᠠᠪᠯᠠᠨ ᠠᠰᠠᠭᠤᠬᠤ ᠲᠠᠰᠤᠭ ᠪᠠᠶᠢᠭᠤᠯᠵᠤ᠂ ᠲᠤᠰᠬᠠᠢ ᠪᠤᠶᠤ ᠲᠤᠰᠢᠶᠠᠯ ᠬᠠᠪᠰᠤᠷᠭᠠᠭᠰᠠᠨ | ᠰᠡᠳᠬᠢᠴᠡ ᠶᠢᠨ ᠵᠥᠪᠯᠡᠯᠭᠡ ᠶᠢᠨ ᠠᠵᠢᠯᠲᠠᠨ ᠢ ᠲᠣᠬᠢᠷᠠᠭᠤᠯᠵᠤ᠂ ᠰᠡᠳᠬᠢᠴᠡ ᠶᠢᠨ ᠵᠥᠪᠯᠡᠯᠭᠡ ᠪᠣᠯᠣᠨ ᠬᠠᠨᠳᠤᠯᠭᠠᠲᠤ ᠴᠢᠨᠠᠷᠲᠠᠢ ᠰᠡᠳᠬᠢᠴᠡ ᠶᠢᠨ ᠡᠷᠡᠭᠦᠯ | ᠬᠠᠮᠠᠭᠠᠯᠠᠯ ᠤᠨ ᠬᠥᠮᠥᠵᠢᠯ ᠤᠨ ᠦᠢᠯᠡᠴᠢᠯᠡᠭᠡ ᠥᠷᠨᠢᠭᠦᠯᠦᠨ᠎ᠡ᠃ | 4᠂ ᠡᠯ᠎ᠡ ᠱᠠᠲᠤᠨ ᠤ ᠵᠠᠰᠠᠭ ᠤᠨ ᠣᠷᠳᠣᠨ ᠣᠳᠣᠬᠠᠨ ᠤ ᠡᠬᠢ ᠪᠠᠶᠠᠯᠢᠭ ᠲᠠᠭᠠᠨ ᠲᠦᠰᠢᠭᠯᠡᠨ ᠰᠡᠳᠬᠢᠴᠡ ᠶᠢᠨ ᠲᠤᠰᠠᠯᠠᠮᠵᠢ ᠦᠵᠡᠭᠦᠯᠬᠦ ᠬᠠᠯᠠᠮᠰᠢᠯ | ᠤᠰᠤᠲᠤ ᠯᠠᠪᠯᠠᠨ ᠠᠰᠠᠭᠤᠬᠤ ᠲᠠᠪᠴᠠᠩ ᠢ ᠪᠠᠶᠢᠭᠤᠯᠬᠤ ᠪᠤᠶᠤ ᠲᠡᠭᠦᠯᠳᠡᠷᠵᠢᠭᠦᠯᠵᠦ᠂ ᠪᠦᠬᠦ ᠡᠳᠦᠷ ᠤᠨ ᠳᠦᠷᠢᠮᠲᠦ ᠦᠢᠯᠡᠴᠢᠯᠡᠭᠡ ᠬᠠᠩᠭᠠᠵᠤ᠂ ᠰᠡᠳᠬᠢᠴᠡ ᠶᠢᠨ | ᠡᠷᠡᠭᠦᠯ ᠮᠡᠨᠳᠦ ᠶᠢᠨ ᠬᠥᠮᠥᠵᠢᠯ᠂ ᠯᠠᠪᠯᠠᠨ ᠠᠰᠠᠭᠤᠬᠤ᠂ ᠠᠶᠤᠯ ᠲᠦᠭᠰᠢᠭᠦᠷᠢ ᠳᠤ ᠭᠠᠷ ᠳᠦᠷᠦᠬᠦ ᠪᠣᠯᠣᠨ ᠰᠢᠯᠵᠢᠭᠦᠯᠦᠨ ᠲᠠᠨᠢᠯᠴᠠᠭᠤᠯᠬᠤ ᠵᠡᠷᠭᠡ ᠦᠨ᠎ᠡ | ᠲᠥᠯᠥᠪᠦᠷᠢ ᠦᠭᠡᠢ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠪᠠᠭᠲᠠᠭᠠᠬᠤ ᠶᠢᠨ ᠬᠠᠮᠲᠤ ᠰᠡᠳᠬᠢᠴᠡ ᠶᠢᠨ ᠲᠤᠰᠠᠯᠠᠮᠵᠢ ᠦᠵᠡᠭᠦᠯᠬᠦ ᠠᠭᠤᠯᠭ᠎ᠠ ᠶᠢ | ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠭᠠᠬᠤ ᠤᠷᠢᠳᠴᠢᠯᠠᠭᠰᠠᠨ ᠲᠥᠰᠥᠯ ᠳᠤ ᠣᠷᠣᠭᠤᠯᠤᠨ᠎ᠠ᠃ | ︵ᠲᠠᠪᠤ︶ ᠡᠮᠴᠢᠯᠡᠭᠡᠨ ᠤ ᠦᠷ᠎ᠡ ᠳ᠋ᠦᠩ ᠤᠨ ᠲᠥᠯᠥᠪᠯᠡᠭᠡ | 1᠂ ᠬᠡᠷᠡᠭ ᠤᠷᠰᠢᠭ ᠲᠠᠲᠠᠬᠤ ᠨᠤᠷᠮ᠎ᠠ ᠶᠢ ᠪᠠᠭᠠᠰᠬᠠᠨ᠎ᠠ᠃ ᠬᠠᠷᠢᠶ᠎ᠠ ᠣᠷᠣᠨ ᠲᠣᠭᠤᠷᠢᠭ ᠤᠨ ᠣᠯᠠᠨ ᠴᠢᠳᠠᠪᠬᠢᠲᠤ ᠦᠢᠯᠡᠴᠢᠯᠡᠭᠡᠨ ᠤ ᠪᠦᠯᠬᠦᠮ ᠤᠨ | ᠭᠡᠰᠢᠭᠦᠳ ᠲᠠᠢ ᠭᠡᠷ᠎ᠡ ᠲᠣᠭᠲᠠᠵᠤ᠂ ᠬᠡᠷᠡᠭ ᠤᠷᠰᠢᠭ ᠲᠠᠲᠠᠬᠤ ᠦᠢᠯᠡ ᠠᠵᠢᠯᠯᠠᠭ᠎ᠠ ᠪᠤᠶᠤ ᠠᠶᠤᠯ ᠲᠦᠭᠰᠢᠭᠦᠷᠢᠲᠡᠢ ᠡᠪᠡᠳᠴᠢᠲᠡᠨ ᠤ ᠬᠠᠮᠢᠶᠠᠷᠤᠯᠲᠠ ᠶᠢ | ᠴᠢᠩᠭᠠᠳᠬᠠᠵᠤ᠂ ᠣᠯᠵᠤ ᠮᠡᠳᠡᠪᠡᠯ ᠲᠡᠷᠡ ᠳᠠᠷᠤᠢ ᠳᠤᠨᠢ ᠳᠡᠭᠡᠳᠦ ᠱᠠᠲᠤᠨ ᠤ ᠣᠶᠣᠨ ᠮᠡᠳᠡᠷᠡᠯ ᠤᠨ ᠡᠪᠡᠳᠴᠢᠨ ᠢ ᠰᠡᠷᠭᠡᠶᠢᠯᠡᠬᠦ ᠪᠠᠶᠢᠭᠤᠯᠤᠮᠵᠢ ᠲᠠᠢ ᠬᠠᠷᠢᠯᠴᠠᠵᠤ᠂ | ᠬᠠᠮᠢᠶᠠᠷᠤᠯᠲᠠ ᠪᠤᠶᠤ ᠬᠦᠯᠢᠶᠡᠨ ᠠᠪᠴᠤ ᠡᠮᠨᠡᠯᠭᠡ ᠳᠤ ᠰᠠᠭᠤᠯᠭᠠᠬᠤ ᠶᠢ ᠴᠢᠩᠭᠠᠳᠬᠠᠵᠤ᠂ ᠬᠡᠷᠡᠭ ᠤᠷᠰᠢᠭ ᠲᠠᠲᠠᠬᠤ ᠨᠤᠷᠮ᠎ᠠ ᠶᠢ ᠪᠠᠭᠤᠷᠠᠭᠤᠯᠤᠨ᠎ᠠ᠃ ᠰᠠᠯᠠᠭ᠎ᠠ | ᠮᠥᠴᠢᠷ ᠵᠣᠬᠢᠴᠠᠯᠳᠤᠭᠤᠯᠬᠤ ᠶᠢ ᠴᠢᠩᠭᠠᠳᠬᠠᠵᠤ᠂ ᠬᠦᠨᠳᠦ ᠣᠶᠣᠨ ᠮᠡᠳᠡᠷᠡᠯ ᠤᠨ ᠰᠠᠭᠠᠳ ᠡᠪᠡᠳᠴᠢᠲᠡᠨ ᠤ ᠪᠠᠴᠢᠮ ᠪᠠᠶᠢᠳᠠᠯ ᠢ ᠠᠷᠭᠠᠴᠠᠭᠠᠨ ᠡᠮᠨᠡᠬᠦ ᠪᠠᠲᠤᠯᠠᠭ᠎ᠠ | ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃《ᠭᠤᠷᠪᠠ ᠦᠭᠡᠢ》ᠬᠥᠮᠥᠰ ᠵᠢᠴᠢ ᠲᠡᠨᠦᠭᠦᠯᠴᠢ ᠪᠤᠶᠤ ᠭᠤᠶᠢᠷᠠᠨᠴᠢ ᠡᠪᠡᠳᠴᠢᠲᠡᠨ ᠤ ᠬᠠᠮᠢᠶᠠᠷᠤᠯᠲᠠ ᠶᠢ | ᠴᠢᠩᠭᠠᠳᠬᠠᠨ᠎ᠠ᠃ | 2᠂ ᠡᠪᠡᠳᠴᠢᠲᠡᠨ ᠤ ᠪᠠᠶᠢᠳᠠᠯ ᠲᠣᠭᠲᠠᠭᠤᠨ ᠬᠢᠭᠡᠳ ᠨᠡᠶᠢᠭᠡᠮ ᠤᠨ ᠴᠢᠳᠠᠪᠬᠢ᠃ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠵᠤ ︵ᠰᠢᠨ᠎ᠡ ᠬᠤᠷᠰᠢᠭᠰᠠᠨ | ᠡᠮᠨᠡᠯᠭᠡ᠂ ᠡᠮ ᠡᠮᠨᠡᠯᠭᠡ ᠶᠢᠨ ᠪᠠᠲᠤᠯᠠᠭ᠎ᠠ᠂ ᠠᠷᠠᠳ ᠤᠨ ᠶᠠᠪᠤᠳᠠᠯ᠂ ᠵᠡᠮᠳᠡᠭᠴᠦᠳ ᠤᠨ ᠬᠤᠯᠪᠣᠭ᠎ᠠ᠂ ᠲᠥᠷᠥᠯ ᠵᠦᠢᠯ︶᠂ ᠶᠠᠳᠠᠭᠤ ᠬᠦᠴᠢᠷᠳᠡᠯᠲᠡᠢ ᠬᠦᠨᠳᠦ ᠣᠶᠣᠨ | ᠮᠡᠳᠡᠷᠡᠯ ᠤᠨ ᠰᠠᠭᠠᠳ ᠡᠪᠡᠳᠴᠢᠨ ᠢ ᠵᠠᠰᠠᠬᠤ ᠬᠦᠴᠦᠯᠡᠴᠡ ᠪᠠᠨ ᠴᠢᠩᠭᠠᠳᠬᠠᠵᠤ᠂ ᠡᠪᠡᠳᠴᠢᠲᠡᠨ ᠪᠦᠬᠦᠨ ᠦᠨᠳᠦᠰᠦᠨ ᠡᠮᠴᠢᠯᠡᠭᠡ ᠬᠦᠷᠲᠡᠵᠦ᠂ ᠡᠪᠡᠳᠴᠢᠲᠡᠨ ᠢ | ᠲᠣᠭᠲᠠᠪᠤᠷᠢᠵᠢᠭᠤᠯᠤᠨ᠎ᠠ᠃ | 3᠂ ᠨᠡᠶᠢᠭᠡᠮ ᠤᠨ ᠬᠠᠨᠤᠮᠵᠢᠲᠦ ᠴᠢᠨᠠᠷ᠃ ᠬᠠᠮᠢᠶ᠎ᠠ ᠪᠦᠬᠦᠢ ᠰᠠᠯᠠᠭ᠎ᠠ ᠮᠥᠴᠢᠷ ᠣᠶᠣᠨ ᠮᠡᠳᠡᠷᠡᠯ ᠤᠨ ᠡᠷᠡᠭᠦᠯ ᠬᠠᠮᠠᠭᠠᠯᠠᠯ ᠤᠨ ᠡᠷᠡᠭᠦᠯᠵᠢᠯ ᠤᠨ ᠰᠤᠷᠭᠠᠨ | ᠬᠥᠮᠥᠵᠢᠯ ᠤᠨ ᠲᠥᠯᠥᠪᠯᠡᠭᠡ ᠶᠢ ᠲᠣᠭᠲᠠᠭᠠᠨ᠎ᠠ᠃ ᠣᠯᠠᠨ ᠵᠦᠢᠯ ᠤᠨ ᠤᠬᠠᠭᠤᠯᠭ᠎ᠠ ᠶᠢᠨ ᠠᠷᠭ᠎ᠠ ᠬᠡᠮᠵᠢᠶ᠎ᠡ ᠶᠢ ᠠᠪᠴᠤ᠂ ᠤᠬᠠᠭᠤᠯᠭ᠎ᠠ ᠬᠥᠮᠥᠵᠢᠯ ᠤᠨ | ᠲᠦᠭᠡᠮᠡᠯᠵᠢᠬᠦ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠰᠡᠳᠬᠢᠴᠡ ᠶᠢᠨ ᠡᠷᠡᠭᠦᠯ ᠬᠠᠮᠠᠭᠠᠯᠠᠯ ᠤᠨ ᠮᠡᠳᠡᠯᠭᠡ ᠶᠢ ᠲᠦᠭᠡᠮᠡᠯᠵᠢᠭᠦᠯᠵᠦ᠂ ᠣᠯᠠᠨ ᠲᠦᠮᠡᠨ ᠤ ᠣᠶᠣᠨ | ᠮᠡᠳᠡᠷᠡᠯ ᠤᠨ ᠰᠠᠭᠠᠳ ᠡᠪᠡᠳᠴᠢᠨ ᠪᠣᠯᠣᠨ ᠰᠡᠳᠬᠢᠴᠡ ᠶᠢᠨ ᠦᠢᠯᠡ ᠠᠵᠢᠯᠯᠠᠭ᠎ᠠ ᠶᠢᠨ ᠠᠰᠠᠭᠤᠳᠠᠯ ᠳᠠᠬᠢ ᠪᠤᠷᠤᠭᠤ ᠣᠶᠢᠯᠠᠭᠠᠯᠲᠠ ᠶᠢ ᠪᠠᠭᠠᠰᠬᠠᠨ᠎ᠠ᠃ ᠡᠷᠡᠭᠦᠯ | ᠬᠠᠮᠠᠭᠠᠯᠠᠯ ᠬᠢᠭᠡᠳ ᠲᠥᠯᠥᠪᠯᠡᠭᠡᠲᠦ ᠦᠷᠡᠵᠢᠯ ᠤᠨ ᠰᠠᠯᠠᠭ᠎ᠠ ᠮᠥᠴᠢᠷ ᠵᠢᠯ ᠪᠦᠷᠢ ᠶᠢᠨ10 ᠰᠠᠷ᠎ᠠ ᠶᠢᠨ10 ᠤ ᠡᠳᠦᠷ ᠤᠨ《ᠳᠡᠯᠡᠬᠡᠢ ᠶᠢᠨ ᠡᠷᠡᠭᠦᠯ ᠬᠠᠮᠠᠭᠠᠯᠠᠯ ᠤᠨ | ᠡᠳᠦᠷ》 ᠤᠨ ᠬᠤᠭᠤᠴᠠᠭᠠᠨ ᠳᠤ᠂ ᠣᠶᠣᠨ ᠮᠡᠳᠡᠷᠡᠯ ᠤᠨ ᠡᠷᠡᠭᠦᠯ ᠬᠠᠮᠠᠭᠠᠯᠠᠯ ᠤᠨ ᠮᠡᠳᠡᠯᠭᠡ ᠵᠢᠴᠢ ᠣᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠬᠠᠤᠯᠢ ᠶᠢᠨ | ᠤᠬᠠᠭᠤᠯᠭ᠎ᠠ ᠶᠢᠨ ᠠᠵᠢᠯ ᠢ ᠢᠳᠡᠪᠬᠢᠲᠡᠢ ᠵᠣᠬᠢᠶᠠᠨ ᠪᠠᠶᠢᠭᠤᠯᠤᠨ᠎ᠠ᠃ ᠬᠤᠰᠢᠭᠤᠨ ᠤ ᠣᠶᠣᠨ ᠮᠡᠳᠡᠷᠡᠯ ᠤᠨ ᠡᠷᠡᠭᠦᠯ ᠬᠠᠮᠠᠭᠠᠯᠠᠯ ᠤᠨ ᠰᠡᠷᠭᠡᠶᠢᠯᠡᠬᠦ ᠪᠠᠶᠢᠭᠤᠯᠤᠮᠵᠢ | ᠤᠯᠠᠭᠠᠨ ᠵᠠᠯᠮᠠᠭᠠᠶᠢᠲᠠᠨ᠂ ᠵᠡᠮᠳᠡᠭᠴᠦᠳ ᠤᠨ ᠬᠤᠯᠪᠣᠭ᠎ᠠ᠂ ᠰᠡᠳᠬᠢᠴᠡ ᠶᠢᠨ ᠡᠷᠡᠭᠦᠯ ᠬᠠᠮᠠᠭᠠᠯᠠᠯ ᠤᠨ ᠨᠡᠶᠢᠭᠡᠮᠯᠢᠭ ᠬᠠᠷᠢᠯᠴᠠᠨ ᠲᠤᠰᠠᠯᠠᠯᠴᠠᠵᠤ᠂ ᠮᠡᠳᠡᠯᠭᠡ ᠶᠢᠨ | ᠲᠠᠶᠢᠯᠤᠮᠵᠢ ᠬᠢᠬᠦ ᠶᠢᠨ ᠬᠠᠮᠲᠤ ᠤᠬᠠᠭᠤᠯᠭ᠎ᠠ ᠶᠢᠨ ᠰᠠᠯᠠᠭ᠎ᠠ ᠮᠥᠴᠢᠷ ᠲᠠᠢ ᠵᠣᠬᠢᠴᠠᠭᠤᠯᠤᠨ ᠤᠬᠠᠭᠤᠯᠭ᠎ᠠ ᠶᠢᠨ ᠬᠦᠴᠦᠯᠡᠴᠡ ᠪᠠᠨ ᠴᠢᠩᠭᠠᠳᠬᠠᠵᠤ᠂ ᠣᠶᠣᠨ ᠮᠡᠳᠡᠷᠡᠯ | ᠤᠨ ᠡᠷᠡᠭᠦᠯ ᠬᠠᠮᠠᠭᠠᠯᠠᠯ ᠤᠨ ᠤᠬᠠᠭᠤᠯᠭ᠎ᠠ ᠬᠥᠮᠥᠵᠢᠯ ᠤᠨ ᠠᠷᠭ᠎ᠠ ᠬᠡᠯᠪᠡᠷᠢ ᠵᠢᠴᠢ ᠭᠠᠷ ᠳᠡᠪᠲᠡᠷ ᠢ ᠠᠰᠢᠭᠯᠠᠵᠤ᠂ ᠲᠧᠯᠸᠢᠰ ᠬᠤᠷᠢᠶ᠎ᠠ ᠭᠠᠷᠠᠭ ᠪᠦᠷᠢ1-2 ᠤᠳᠠᠭ᠎ᠠ | ᠣᠯᠠᠨ ᠨᠡᠶᠢᠲᠡ ᠳᠤ ᠰᠤᠷᠲᠠᠯᠴᠢᠯᠠᠵᠤ᠂ ᠡᠩ ᠤᠨ ᠬᠥᠮᠥᠰ ᠤᠨ ᠰᠡᠳᠬᠢᠴᠡ ᠶᠢᠨ ᠡᠷᠡᠭᠦᠯ ᠴᠢᠭᠢᠷᠠᠭ ᠤᠨ ᠮᠡᠳᠡᠯᠭᠡ ᠪᠣᠯᠣᠨ ᠣᠶᠣᠨ ᠮᠡᠳᠡᠷᠡᠯ ᠤᠨ ᠰᠠᠭᠠᠳ ᠢ | ᠰᠡᠷᠭᠡᠶᠢᠯᠡᠨ ᠵᠠᠰᠠᠬᠤ ᠭᠤᠣᠯ ᠮᠡᠳᠡᠭᠡ ᠵᠠᠩᠭᠢ ᠶᠢ ᠮᠡᠳᠡᠭᠦᠯᠬᠦ ᠨᠤᠷᠮ᠎ᠠ ᠶᠢ ᠬᠤᠰᠢᠭᠤᠨ ᠤ ᠰᠠᠭᠤᠭ᠎ᠠ ᠭᠠᠵᠠᠷ 80% ᠪᠣᠯᠭᠠᠵᠤ᠂ ᠪᠤᠰᠤᠳ ᠰᠤᠮᠤ ᠪᠠᠯᠭᠠᠰᠤᠨ | ᠳᠤ70% ᠬᠦᠷᠭᠡᠨ᠎ᠡ᠃ ᠲᠤᠷᠰᠢᠯᠲᠠ ᠶᠢᠨ ᠭᠠᠵᠠᠷ ᠤᠨ ᠡᠯ᠎ᠡ ᠬᠠᠮᠢᠶ᠎ᠠ ᠪᠦᠬᠦᠢ ᠨᠢᠭᠡᠴᠡ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠪᠠᠷ | ᠳᠠᠮᠵᠢᠵᠤ᠂ ᠦᠢᠯᠡᠴᠢᠯᠡᠭᠡᠨ ᠤ ᠣᠪᠣᠷ ᠢᠶᠠᠨ ᠰᠠᠶᠢᠵᠢᠷᠠᠭᠤᠯᠤᠨ᠂ ᠨᠡᠩ ᠣᠯᠠᠨ ᠬᠦᠨᠳᠦ ᠣᠶᠣᠨ ᠮᠡᠳᠡᠷᠡᠯ ᠤᠨ ᠰᠠᠭᠠᠳ ᠲᠠᠢ ᠡᠪᠡᠳᠴᠢᠲᠡᠨ ᠳᠤ ᠵᠣᠬᠢᠰᠲᠠᠢ | ᠡᠮᠴᠢᠯᠡᠭᠡ ᠬᠦᠷᠲᠡᠭᠡᠵᠦ᠂ ᠨᠡᠶᠢᠭᠡᠮ ᠤᠨ ᠴᠢᠳᠠᠪᠬᠢ ᠶᠢ ᠰᠡᠷᠭᠦᠭᠡᠵᠦ᠂ ᠬᠡᠷᠡᠭ ᠤᠷᠰᠢᠭ ᠲᠠᠲᠠᠬᠤ ᠶᠢ ᠪᠠᠭᠠᠰᠬᠠᠵᠤ᠂ ᠠᠷᠠᠳ ᠣᠯᠠᠨ ᠤ ᠨᠡᠶᠢᠭᠡᠮ ᠤᠨ ᠬᠠᠨᠤᠮᠵᠢ ᠶᠢᠨ | ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠭᠤᠷᠪᠠ᠂ ᠵᠣᠬᠢᠶᠠᠨ ᠪᠠᠶᠢᠭᠤᠯᠬᠤ ᠬᠢᠭᠡᠳ ᠬᠡᠷᠡᠭᠵᠢᠭᠦᠯᠬᠦ | ᠬᠤᠰᠢᠭᠤᠨ ᠤ ᠲᠤᠷᠰᠢᠯᠲᠠ ᠶᠢᠨ ᠴᠢᠭ ᠤᠨ ᠠᠵᠢᠯ ᠤᠨ ᠤᠳᠤᠷᠢᠳᠬᠤ ᠳᠤᠭᠤᠶᠢᠯᠠᠩ ᠵᠢᠯ ᠪᠦᠷᠢ1-2 ᠤᠳᠠᠭᠠᠨ ᠵᠥᠪᠳᠡᠯᠴᠡᠭᠡᠨ ᠤ ᠬᠤᠷᠠᠯ ᠥᠷᠨᠢᠭᠦᠯᠵᠦ᠂ | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠰᠤᠳᠤᠯᠤᠨ ᠲᠣᠭᠲᠠᠭᠠᠵᠤ᠂ ᠠᠵᠢᠯ ᠤᠨ ᠳᠤᠮᠳᠠᠬᠢ ᠭᠤᠣᠯᠳᠠᠯᠭ᠎ᠠ ᠲᠠᠢ ᠬᠦᠴᠢᠷᠲᠡᠢ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠵᠦ᠂ ᠲᠤᠷᠰᠢᠯᠲᠠ ᠶᠢᠨ ᠴᠢᠭ ᠤᠨ ᠠᠵᠢᠯ ᠢ ᠵᠢᠭᠠᠨ ᠵᠢᠯᠣᠭᠤᠳᠴᠤ᠂ ᠬᠢᠨᠠᠨ ᠱᠠᠭᠠᠷᠳᠠᠵᠤ᠂ ᠪᠠᠶᠢᠴᠠᠭᠠᠨ᠎ᠠ᠃ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠠᠴᠠ ᠡᠳᠦᠷ ᠲᠤᠲᠤᠮ ᠤᠨ ᠠᠵᠢᠯ ᠤᠨ ᠬᠠᠮᠢᠶᠠᠷᠤᠯᠲᠠ ᠶᠢ ᠬᠠᠷᠢᠭᠤᠴᠠᠵᠤ᠂ ᠠᠵᠢᠯ ᠤᠨ ᠲᠥᠯᠥᠪᠵᠢᠭᠦᠯᠭᠡ᠂ ᠣᠨ ᠤ ᠲᠥᠯᠥᠪᠯᠡᠭᠡ | ᠂ ᠠᠵᠢᠯ ᠤᠨ ᠲᠥᠰᠥᠯ ᠢ ᠲᠣᠭᠲᠠᠭᠠᠵᠤ᠂ ᠡᠯ᠎ᠡ ᠲᠥᠷᠥᠯ ᠤᠨ ᠪᠣᠳᠠᠲᠠᠢ ᠰᠡᠷᠭᠡᠶᠢᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠮᠡᠳᠡᠭᠡ | ᠵᠠᠩᠭᠢ᠂᠂ ᠨᠡᠶᠢᠲᠡᠯᠢᠭ ᠬᠡᠷᠡᠭ ᠤᠴᠢᠷ ᠪᠣᠯᠣᠨ ᠠᠵᠢᠯ ᠤᠨ ᠮᠡᠳᠡᠭᠦᠯᠬᠦ ᠬᠦᠰᠦᠨᠦᠭᠲᠦ ᠶᠢ ᠴᠠᠭ ᠲᠤᠬᠠᠢ ᠳᠤᠨᠢ ᠴᠤᠭᠯᠠᠭᠤᠯᠤᠨ ᠶᠡᠷᠦᠩᠬᠡᠶᠢᠯᠡᠵᠦ ᠳᠡᠭᠡᠳᠦ ᠱᠠᠲᠤᠨ ᠳᠤ | ᠮᠡᠳᠡᠭᠦᠯᠦᠨ᠎ᠡ᠃ | ᠳᠥᠷᠪᠡ᠂ ᠬᠢᠨᠠᠯᠲᠠ ᠲᠠᠯᠪᠢᠬᠤ ᠬᠢᠭᠡᠳ ᠵᠢᠱᠢᠨ ᠦᠨᠡᠯᠡᠬᠦ | 1᠂ ᠬᠢᠨᠠᠨ ᠪᠠᠶᠢᠴᠠᠭᠠᠯᠲᠠ ᠪᠠᠨ ᠴᠢᠩᠭᠠᠳᠬᠠᠬᠤ ᠬᠡᠷᠡᠭᠲᠡᠢ᠃ ᠲᠤᠷᠰᠢᠯᠲᠠ ᠶᠢᠨ ᠴᠢᠭ ᠤᠨ ᠤᠳᠤᠷᠢᠳᠬᠤ ᠪᠠᠭ᠎ᠠ ᠳᠤᠭᠤᠶᠢᠯᠠᠩ ᠤᠨ ᠠᠵᠢᠯ ᠤᠨ ᠠᠯᠪᠠᠨ ᠭᠡᠷ | ᠠᠴᠠ ᠬᠠᠭᠠᠰ ᠵᠢᠯ ᠪᠦᠷᠢ ᠳᠤ ᠨᠢᠭᠡ ᠤᠳᠠᠭ᠎ᠠ ᠡᠯ᠎ᠡ ᠰᠤᠮᠤ᠂ ᠡᠯ᠎ᠡ ᠪᠦᠷᠢᠯᠳᠦᠬᠦᠨ ᠨᠢᠭᠡᠴᠡ ᠳᠤ ᠪᠠᠶᠢᠴᠠᠭᠠᠯᠲᠠ ᠬᠢᠵᠦ᠂ ᠪᠠᠶᠢᠴᠠᠭᠠᠭᠰᠠᠨ ᠨᠤᠷᠮ᠎ᠠ᠂ ᠬᠠᠮᠢᠶᠠᠷᠤᠯᠲᠠ | ᠶᠢᠨ ᠨᠤᠷᠮ᠎ᠠ᠂ ᠡᠮᠨᠡᠨ ᠵᠠᠰᠠᠭᠰᠠᠨ ᠨᠤᠷᠮ᠎ᠠ ᠪᠣᠯᠣᠨ ᠬᠡᠷᠡᠭ ᠭᠠᠷᠭᠠᠵᠤ ᠤᠷᠰᠢᠭ ᠲᠠᠲᠠᠭᠰᠠᠨ ᠨᠤᠷᠮ᠎ᠠ᠂ ᠪᠣᠯᠪᠠᠰᠤᠷᠠᠯ ᠬᠢᠬᠦ᠂ ᠴᠢᠳᠠᠪᠤᠷᠢᠲᠠᠨ ᠤ ᠪᠦᠲᠦᠭᠡᠨ | ᠪᠠᠶᠢᠭᠤᠯᠤᠯᠲᠠ᠂ ᠤᠬᠠᠭᠤᠯᠭ᠎ᠠ ᠵᠡᠷᠭᠡ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠬᠢᠨᠠᠨ ᠵᠢᠯᠣᠭᠤᠳᠴᠤ᠂ ᠲᠤᠷᠰᠢᠯᠲᠠ ᠶᠢᠨ ᠴᠢᠭ ᠤᠨ ᠠᠵᠢᠯ ᠤᠨ ᠳᠤᠮᠳᠠ | ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠮᠡᠳᠡᠵᠦ᠂ ᠠᠰᠠᠭᠤᠳᠠᠯ ᠢ ᠰᠢᠢᠳᠪᠦᠷᠢᠯᠡᠨ᠂ ᠠᠵᠢᠯ ᠢᠶᠠᠨ ᠳᠦᠷᠢᠮᠵᠢᠭᠦᠯᠦᠨ᠎ᠡ᠃ | 2᠂ ᠳᠣᠲᠣᠭᠠᠳᠤ ᠶᠢ ᠬᠠᠮᠠᠭᠠᠯᠠᠬᠤ᠂ ᠡᠷᠡᠭᠦᠯ ᠬᠠᠮᠠᠭᠠᠯᠠᠯ ᠬᠢᠭᠡᠳ ᠲᠥᠯᠥᠪᠯᠡᠭᠡᠲᠦ ᠦᠷᠡᠵᠢᠯ᠂ ᠠᠷᠠᠳ ᠤᠨ ᠶᠠᠪᠤᠳᠠᠯ᠂ ᠬᠥᠮᠥᠨ ᠤ ᠬᠦᠴᠦᠨ ᠤ ᠡᠬᠢ | ᠪᠠᠶᠠᠯᠢᠭ᠂ ᠵᠡᠮᠳᠡᠭᠴᠦᠳ ᠤᠨ ᠬᠤᠯᠪᠣᠭ᠎ᠠ ᠶᠢᠨ ᠬᠢᠨᠠᠯᠲᠠ ᠲᠠᠯᠪᠢᠯᠲᠠ ᠬᠢᠭᠡᠳ ᠵᠢᠱᠢᠨ ᠦᠨᠡᠯᠡᠯᠲᠡ᠃ | ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ᠄ ᠳᠣᠲᠣᠭᠠᠳᠤ ᠶᠢ ᠬᠠᠮᠠᠭᠠᠯᠠᠬᠤ᠂ ᠭᠠᠴᠠᠭ᠎ᠠ ︵ᠨᠡᠶᠢᠭᠡᠮ ᠲᠣᠭᠤᠷᠢᠭ︶᠂ ᠮᠡᠳᠡᠷᠡᠯ ᠤᠨ ᠡᠷᠡᠭᠦᠯ ᠬᠠᠮᠠᠭᠠᠯᠠᠯ | ᠤᠨ ᠰᠡᠷᠭᠡᠶᠢᠯᠡᠨ ᠵᠠᠰᠠᠬᠤ ᠪᠠᠶᠢᠭᠤᠯᠤᠮᠵᠢ ᠶᠢᠨ ᠬᠤᠭᠤᠷᠣᠨᠳᠤᠬᠢ ᠬᠠᠷᠢᠯᠴᠠᠭ᠎ᠠ ᠶᠢ ᠴᠢᠩᠭᠠᠳᠬᠠᠵᠤ᠂ ᠬᠦᠨᠳᠦ ᠮᠡᠳᠡᠷᠡᠯ ᠤᠨ ᠰᠠᠭᠠᠳ ᠡᠪᠡᠳᠴᠢᠨ ᠤ ᠮᠡᠳᠡᠭᠡ ᠵᠠᠩᠭᠢ | ᠶᠢ ᠬᠠᠷᠢᠯᠴᠠᠨ ᠨᠡᠪᠲᠡᠷᠡᠯᠴᠡᠭᠦᠯᠬᠦ ᠲᠣᠭᠲᠠᠴᠠ ᠶᠢ ᠪᠠᠶᠢᠭᠤᠯᠵᠤ᠂ ᠡᠪᠡᠳᠴᠢᠲᠡᠨ ᠤ ᠮᠡᠳᠡᠭᠡ ᠵᠠᠩᠭᠢ ᠶᠢᠨ ᠨᠡᠪᠲᠡᠷᠡᠯᠴᠡᠭᠡ᠂ ᠭᠠᠴᠠᠭᠠᠨ ︵ᠨᠡᠶᠢᠭᠡᠮ ᠲᠣᠭᠤᠷᠢᠭ︶ ᠤ | ᠬᠠᠮᠢᠶᠠᠷᠤᠯᠲᠠ᠂ ᠨᠡᠶᠢᠭᠡᠮ ᠤᠨ ᠴᠢᠳᠠᠪᠬᠢ ᠶᠢᠨ ᠡᠷᠡᠭᠦᠯᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠢᠴᠢ | ᠦᠨᠳᠦᠰᠦᠨ ᠱᠠᠲᠤᠨ ᠤ ᠲᠣᠮᠢᠯᠠᠭᠰᠠᠨ ᠰᠠᠯᠪᠤᠷᠢ ᠬᠤᠯᠪᠣᠭᠳᠠᠯ ᠪᠦᠬᠦᠢ ᠰᠠᠯᠠᠭ᠎ᠠ ᠲᠠᠰᠤᠭ ᠲᠣᠭᠲᠠᠭᠠᠵᠤ ᠲᠤᠰ ᠠᠵᠢᠯ ᠢ ᠬᠠᠷᠢᠭᠤᠴᠠᠭᠤᠯᠵᠤ᠂ ᠲᠤᠰᠬᠠᠢ ᠬᠥᠮᠥᠨ | ᠲᠤᠰᠬᠠᠢ ᠬᠠᠷᠢᠭᠤᠴᠠᠵᠤ᠂ ᠲᠤᠰᠬᠠᠢ ᠤᠲᠠᠰᠤ ᠲᠣᠬᠢᠷᠠᠭᠤᠯᠵᠤ᠂ ᠰᠠᠷ᠎ᠠ ᠪᠦᠷᠢ ᠨᠢᠭᠡ ᠤᠳᠠᠭ᠎ᠠ ᠬᠠᠷᠢᠶ᠎ᠠ ᠲᠣᠭᠤᠷᠢᠭ ᠤᠨ ᠬᠦᠨᠳᠦ ᠬᠡᠷᠡᠭ ᠭᠠᠷᠭᠠᠵᠤ ᠤᠷᠰᠢᠭ | ᠲᠠᠲᠠᠭᠰᠠᠨ ᠡᠪᠡᠳᠴᠢᠲᠡᠨ ᠬᠢᠭᠡᠳ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠲᠠᠢ ᠬᠠᠮᠲᠤ ᠪᠠᠷ ᠲᠣᠭᠲᠠᠭᠰᠠᠨ ᠬᠤᠭᠤᠴᠠᠭᠠᠨ ᠳᠤ ᠲᠠᠭᠠᠨ | ᠰᠤᠷᠪᠤᠯᠵᠢᠯᠠᠬᠤ ᠶᠢᠨ ᠬᠠᠮᠲᠤ ᠬᠤᠯᠪᠣᠭᠳᠠᠯ ᠪᠦᠬᠦᠢ ᠲᠡᠮᠳᠡᠭᠯᠡᠯ ᠬᠢᠵᠦ᠂ ᠬᠡᠷᠡᠭ ᠭᠠᠷᠭᠠᠵᠤ ᠤᠷᠰᠢᠭ ᠲᠠᠲᠠᠵᠤ ᠮᠡᠳᠡᠬᠦ ᠬᠥᠮᠥᠰ ᠢ ᠭᠤᠣᠯᠳᠠᠯᠭ᠎ᠠ ᠲᠠᠢ ᠡᠵᠡᠮᠳᠡᠬᠦ ᠶᠢᠨ | ᠬᠠᠮᠲᠤ ᠮᠡᠳᠡᠷᠡᠯ ᠤᠨ ᠲᠤᠰᠬᠠᠢ ᠰᠠᠯᠠᠭᠠᠨ ᠤ ᠡᠮᠨᠡᠯᠭᠡ ᠲᠠᠢ ᠬᠠᠷᠢᠯᠴᠠᠵᠤ ᠠᠯᠪᠠᠳᠠᠨ ᠡᠮᠨᠡᠭᠦᠯᠵᠦ ᠵᠣᠬᠢᠴᠠᠭᠤᠯᠬᠤ ᠠᠵᠢᠯ ᠢ ᠰᠠᠶᠢᠲᠤᠷ ᠬᠢᠵᠦ᠂ ᠬᠡᠷᠡᠭ ᠭᠠᠷᠭᠠᠵᠤ | ᠤᠷᠰᠢᠭ ᠲᠠᠲᠠᠬᠤ ᠨᠣᠷᠮ᠎ᠠ ᠶᠢ ᠪᠠᠭᠤᠷᠠᠭᠤᠯᠵᠤ᠂ ᠬᠡᠷᠡᠭ ᠤᠷᠰᠢᠭ ᠲᠠᠲᠠᠵᠤ ᠬᠡᠷᠡᠭ ᠡᠭᠦᠰᠬᠡᠬᠦ ᠦᠭᠡᠢ ᠪᠠᠷ ᠴᠢᠷᠮᠠᠶᠢᠨ᠎ᠠ;ᠦᠨᠳᠦᠰᠦᠨ ᠱᠠᠲᠤᠨ ᠤ ᠲᠣᠮᠢᠯᠠᠭᠰᠠᠨ | ᠰᠠᠯᠪᠤᠷᠢ ᠶᠢ ᠵᠢᠯᠣᠭᠤᠳᠤᠨ ᠬᠠᠷᠢᠶ᠎ᠠ ᠲᠣᠭᠤᠷᠢᠭ ᠲᠠᠬᠢ ᠬᠡᠷᠡᠭ ᠭᠠᠷᠭᠠᠵᠤ ᠤᠷᠰᠢᠭ ᠲᠠᠲᠠᠵᠤ ᠮᠡᠳᠡᠬᠦ ᠬᠦᠨᠳᠦ ᠮᠡᠳᠡᠷᠡᠯ ᠤᠨ ᠡᠪᠡᠳᠴᠢᠲᠡᠨ ᠤ ᠦᠨᠳᠦᠰᠦᠨ ᠪᠠᠶᠢᠳᠠᠯ ᠢ | ᠭᠤᠣᠯᠳᠠᠯᠭ᠎ᠠ ᠲᠠᠢ ᠣᠶᠢᠯᠠᠭᠠᠵᠤ᠂ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ︔ ᠬᠦᠨᠳᠦ ᠮᠡᠳᠡᠷᠡᠯ ᠤᠨ ᠰᠠᠭᠠᠳ ᠡᠪᠡᠳᠴᠢᠲᠡᠳ ᠤᠨ ᠠᠶᠤᠯᠲᠤ | ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠬᠠᠪᠰᠤᠷᠤᠨ ᠥᠷᠨᠢᠭᠦᠯᠦᠨ᠎ᠡ︔ ᠬᠠᠮᠢᠶ᠎ᠠ ᠪᠦᠬᠦᠢ ᠰᠠᠯᠠᠭ᠎ᠠ ᠮᠥᠴᠢᠷ ᠢ ᠬᠠᠪᠰᠤᠷᠤᠨ ᠲᠦᠷᠭᠡᠨ ᠴᠢᠨᠠᠷᠲᠠᠢ ᠬᠡᠷᠡᠭ | ᠭᠠᠷᠭᠠᠵᠤ ᠤᠷᠰᠢᠭ ᠲᠠᠲᠠᠬᠤ ᠮᠡᠳᠡᠷᠡᠯ ᠤᠨ ᠡᠪᠡᠳᠴᠢᠲᠡᠳ ᠤᠨ ᠲᠤᠬᠠᠢ ᠶᠢᠨ ᠲᠠᠯᠠᠪᠤᠷ ᠤᠨ ᠪᠠᠴᠢᠮ ᠪᠠᠶᠢᠳᠠᠯ ᠢ ᠰᠢᠢᠳᠪᠦᠷᠢᠯᠡᠬᠦ ᠶᠢ ᠰᠠᠶᠢᠲᠤᠷ ᠬᠢᠵᠦ᠂ ᠬᠦᠨᠳᠦ | ᠬᠡᠷᠡᠭ ᠭᠠᠷᠭᠠᠵᠤ ᠤᠷᠰᠢᠭ ᠲᠠᠲᠠᠬᠤ ᠮᠡᠳᠡᠷᠡᠯ ᠤᠨ ᠡᠪᠡᠳᠴᠢᠲᠡᠨ ᠢ ᠬᠠᠤᠯᠢ ᠶᠣᠰᠣᠭᠠᠷ ᠠᠯᠪᠠᠳᠠᠨ ᠬᠦᠷᠭᠡᠬᠦ ᠠᠵᠢᠯ ᠢ ᠰᠠᠶᠢᠲᠤᠷ ᠬᠢᠨ᠎ᠡ︔ ᠮᠡᠳᠡᠷᠡᠯ ᠤᠨ ᠡᠷᠡᠭᠦᠯ | ᠬᠠᠮᠠᠭᠠᠯᠠᠯ ᠤᠨ ᠮᠡᠳᠡᠯᠭᠡ ᠶᠢ ᠴᠠᠭᠳᠠᠭᠠᠨ ᠤ ᠠᠵᠢᠯ ᠤᠨ ᠪᠠᠶᠢᠷᠢ ᠶᠢᠨ ᠪᠣᠯᠪᠠᠰᠤᠷᠠᠯ ᠤᠨ ᠠᠭᠤᠯᠭ᠎ᠠ ᠳᠤ ᠣᠷᠣᠭᠤᠯᠵᠤ᠂ ᠰᠣᠩᠭᠤᠨ ᠲᠣᠮᠢᠯᠠᠭᠰᠠᠨ ᠠᠵᠢᠯᠲᠠᠳ ᠢ | ᠵᠣᠬᠢᠶᠠᠨ ᠪᠠᠶᠢᠭᠤᠯᠤᠨ ᠠᠵᠢᠯ ᠲᠥᠷᠥᠯ ᠤᠨ ᠪᠣᠯᠪᠠᠰᠤᠷᠠᠯ ᠳᠤ ᠣᠷᠣᠭᠤᠯᠤᠨ᠎ᠠ᠃ | ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠄ ᠮᠡᠳᠡᠷᠡᠯ ᠤᠨ ᠡᠷᠡᠭᠦᠯ ᠬᠠᠮᠠᠭᠠᠯᠠᠯ ᠤᠨ ᠡᠳᠦᠷ ᠲᠤᠲᠤᠮ ᠤᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠭᠡᠨᠡᠳᠲᠡ ᠶᠢᠨ ᠮᠡᠳᠡᠷᠡᠯ ᠤᠨ ᠡᠪᠡᠳᠴᠢᠨ ᠡᠭᠦᠰᠴᠦ᠂ ᠡᠮ ᠡᠮᠨᠡᠯᠭᠡ ᠶᠢᠨ ᠵᠠᠷᠤᠳᠠᠯ ᠨᠡᠯᠢᠶᠡᠳ ᠵᠠᠷᠤᠴᠠᠭᠤᠯᠤᠭᠰᠠᠨ | ᠠᠴᠠ ᠪᠣᠯᠵᠤ ᠲᠦᠷ ᠴᠠᠭ ᠦᠨᠳᠦᠰᠦᠨ ᠠᠮᠢᠳᠤᠷᠠᠯ ᠳᠤᠨᠢ ᠬᠦᠨᠳᠦ ᠨᠣᠴᠢᠲᠠᠢ ᠬᠦᠴᠢᠷᠳᠡᠯ ᠲᠤᠯᠭᠠᠷᠠᠭᠰᠠᠨ ᠭᠡᠷ ᠪᠦᠯᠢ ᠪᠤᠶᠤ ᠬᠤᠪᠢ ᠬᠥᠮᠥᠨ ᠳᠤ ᠲᠦᠷ ᠴᠠᠭ | ᠡᠮᠨᠡᠨ ᠵᠠᠰᠠᠬᠤ ᠠᠪᠤᠷᠠᠨ ᠲᠤᠰᠠᠯᠠᠬᠤ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ ᠲᠦᠷ ᠵᠠᠭᠤᠷ᠎ᠠ ᠶᠢᠨ ᠠᠪᠤᠷᠠᠨ ᠲᠤᠰᠠᠯᠠᠮᠵᠢ ᠦᠵᠡᠭᠦᠯᠵᠦ ᠪᠣᠯᠣᠨ᠎ᠠ᠃ ᠬᠦᠨᠳᠦ | ᠮᠡᠳᠡᠷᠡᠯ ᠤᠨ ᠰᠠᠭᠠᠳ ᠲᠠᠢ ᠡᠪᠡᠳᠴᠢᠲᠡᠨ ᠤ ᠰᠤᠭᠤᠴᠢᠨ ᠪᠠᠶᠢᠴᠠᠭᠠᠬᠤ᠂ ᠣᠨᠣᠰᠢᠯᠠᠬᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠡᠮᠨᠡᠨ ᠵᠠᠰᠠᠬᠤ᠂ | ᠬᠢᠨᠠᠨ ᠬᠡᠮᠵᠢᠬᠦ᠂ ᠲᠠᠭᠠᠨ ᠰᠤᠷᠪᠤᠯᠵᠢᠯᠠᠬᠤ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ︔2016 ᠣᠨ ᠤ ᠰᠡᠭᠦᠯᠴᠢ ᠠᠮᠤᠭᠤᠯᠠᠩ ᠪᠠᠯᠭᠠᠰᠤᠨ ᠤ ᠰᠢᠯᠢᠨ | ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢᠨ ᠲᠥᠪ ᠲᠤ ᠡᠷᠡᠭᠦᠯᠵᠢᠯ ᠤᠨ ᠥᠷᠲᠡᠭᠡ ᠪᠠᠶᠢᠭᠤᠯᠵᠤ᠂2017 ᠣᠨ ᠤ ᠰᠡᠭᠦᠯᠴᠢ 3 | ᠰᠠᠭᠤᠷᠢ ᠲᠥᠪ ᠡᠮᠨᠡᠯᠭᠡ ᠶᠢᠨ ᠬᠤᠷᠢᠶᠠᠨ ᠳᠤ ᠡᠷᠡᠭᠦᠯᠵᠢᠯ ᠤᠨ ᠥᠷᠲᠡᠭᠡ ᠪᠠᠶᠢᠭᠤᠯᠤᠨ᠎ᠠ︔ ᠰᠢᠨ᠎ᠡ ᠬᠡᠯᠪᠡᠷᠢ ᠶᠢᠨ ᠬᠥᠳᠡᠭᠡ ᠲᠣᠰᠬᠤᠨ ᠤ ᠬᠤᠷᠰᠢᠶᠠᠵᠢᠯ ᠤᠨ ᠡᠮ | ᠡᠮᠨᠡᠯᠭᠡ ᠶᠢᠨ ᠵᠠᠷᠤᠳᠠᠯ ᠳᠤ ᠬᠢᠨᠠᠯᠲᠠ ᠲᠠᠯᠪᠢᠬᠤ᠂ ᠳᠠᠩᠰᠠ ᠲᠠᠶᠢᠯᠬᠤ᠂ ᠰᠢᠯᠵᠢᠭᠦᠯᠦᠨ ᠥᠭᠬᠦ ᠠᠵᠢᠯ ᠢ ᠬᠠᠷᠢᠭᠤᠴᠠᠵᠤ᠂ ᠰᠢᠨ᠎ᠡ ᠬᠡᠯᠪᠡᠷᠢ ᠶᠢᠨ ᠬᠥᠳᠡᠭᠡ | ᠲᠣᠰᠬᠤᠨ ᠤ ᠬᠤᠷᠰᠢᠭᠰᠠᠨ ᠡᠮᠨᠡᠯᠭᠡ ᠶᠢᠨ ᠡᠭᠦᠳᠡᠨ ᠡᠮᠨᠡᠯᠭᠡ ᠶᠢᠨ ᠳᠠᠩᠰᠠ ᠲᠠᠶᠢᠯᠬᠤ ᠶᠢ ᠥᠷᠨᠢᠭᠦᠯᠵᠦ᠂ ᠬᠦᠨᠳᠦ ᠮᠡᠳᠡᠷᠡᠯ ᠤᠨ ᠰᠠᠭᠠᠳ ᠡᠪᠡᠳᠴᠢᠲᠡᠨ ᠤ ᠡᠮᠨᠡᠯᠭᠡ | ᠳᠤ ᠰᠠᠭᠤᠵᠤ ᠳᠠᠩᠰᠠ ᠲᠠᠶᠢᠯᠬᠤ ᠬᠠᠷᠢᠴᠠᠯ ᠢ ᠢᠳᠡᠭ ᠢᠳᠡᠭ ᠢᠶᠠᠷ ᠳᠡᠭᠡᠭᠰᠢᠯᠡᠭᠦᠯᠦᠨ᠎ᠡ᠃ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠣᠷ | ᠰᠦᠯᠵᠢᠶ᠎ᠡ᠂ ᠮᠡᠷᠭᠡᠵᠢᠯ ᠤᠨ ᠵᠢᠭᠠᠨ ᠵᠢᠯᠣᠭᠤᠳᠤᠯᠭ᠎ᠠ ᠶᠢᠨ ᠲᠣᠣᠷ ᠰᠦᠯᠵᠢᠶ᠎ᠡ᠂ ᠤᠯᠤᠰ ᠤᠨ ᠬᠦᠨᠳᠦ ᠮᠡᠳᠡᠷᠡᠯ ᠤᠨ ᠡᠪᠡᠳᠴᠢᠨ ᠤ ᠰᠠᠭᠠᠳ ᠡᠪᠡᠳᠴᠢᠨ ᠤ | ᠦᠨᠳᠦᠰᠦᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠨᠢᠭᠡᠳᠬᠡᠬᠦ ᠵᠠᠳᠠᠯᠬᠤ ᠰᠢᠰᠲ᠋ᠧᠮ ᠤᠨ ᠬᠠᠮᠢᠶᠠᠷᠤᠯᠲᠠ ᠶᠢᠨ ᠲᠣᠣᠷ ᠰᠦᠯᠵᠢᠶ᠎ᠡ ᠶᠢ ᠬᠠᠷᠢᠭᠤᠴᠠᠨ ᠪᠠᠶᠢᠭᠤᠯᠵᠤ᠂ | ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠮᠡᠳᠡᠷᠡᠯ ᠤᠨ ᠰᠠᠯᠠᠭᠠᠨ ᠤ ᠡᠭᠦᠳᠡᠨ ᠡᠮᠨᠡᠯᠭᠡ ᠪᠣᠯᠣᠨ ᠮᠡᠳᠡᠷᠡᠯ ᠤᠨ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ | ᠡᠩᠨᠡᠭᠡ ᠶᠢᠨ ᠪᠣᠯᠪᠠᠰᠤᠷᠠᠯ ᠢ ᠴᠢᠩᠭᠠᠳᠬᠠᠨ᠎ᠠ᠃ | ᠠᠷᠠᠳ ᠤᠨ ᠶᠠᠪᠤᠳᠠᠯ ᠤᠨ ᠰᠠᠯᠠᠭ᠎ᠠ ᠮᠥᠴᠢᠷ᠄ ᠶᠠᠳᠠᠭᠤ ᠬᠦᠴᠢᠷᠳᠡᠯᠲᠡᠢ ᠮᠡᠳᠡᠷᠡᠯ ᠤᠨ ᠡᠪᠡᠳᠴᠢᠲᠡᠨ ᠢ ᠵᠠᠰᠠᠨ ᠡᠮᠨᠡᠬᠦ ᠠᠪᠤᠷᠠᠨ ᠲᠤᠰᠠᠯᠠᠬᠤ ᠪᠠ ᠠᠮᠢᠳᠤᠷᠠᠯ | ᠢ ᠲᠡᠳᠬᠦᠨ ᠳᠡᠮᠵᠢᠬᠦ ᠬᠠᠮᠢᠶ᠎ᠠ ᠪᠦᠬᠦᠢ ᠠᠵᠢᠯ ᠢ ᠬᠠᠷᠢᠭᠤᠴᠠᠵᠤ᠂ ᠬᠦᠨᠳᠦ ᠮᠡᠳᠡᠷᠡᠯ ᠤᠨ ᠰᠠᠭᠠᠳ ᠡᠪᠡᠳᠴᠢᠲᠡᠨ ᠢ ᠠᠪᠤᠷᠠᠨ ᠵᠠᠰᠠᠬᠤ ᠶᠠᠪᠤᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠣᠯᠠᠨ ᠠᠷᠭ᠎ᠠ ᠵᠠᠮ ᠢᠶᠠᠷ ᠪᠤᠰᠤᠳ ᠤᠨ ᠠᠮᠤᠷ | ᠲᠦᠪᠰᠢᠨ ᠢ ᠰᠦᠷᠳᠡᠭᠦᠯᠬᠦ ᠦᠢᠯᠡ ᠠᠵᠢᠯᠯᠠᠭ᠎ᠠ ᠪᠤᠶᠤ ᠠᠶᠤᠯᠲᠤ ᠡᠪᠡᠳᠴᠢᠲᠡᠨ ᠢ ᠬᠦᠯᠢᠶᠡᠨ ᠠᠪᠴᠤ ᠵᠠᠰᠠᠬᠤ ᠠᠰᠠᠭᠤᠳᠠᠯ ᠢ ᠰᠢᠢᠳᠪᠦᠷᠢᠯᠡᠨ᠎ᠡ︔ ᠬᠠᠮᠢᠶ᠎ᠠ ᠪᠦᠬᠦᠢ | ᠲᠣᠭᠲᠠᠭᠠᠯ ᠢ ᠦᠨᠳᠦᠰᠦᠯᠡᠨ《ᠭᠤᠷᠪᠠ ᠦᠭᠡᠢ ᠬᠥᠮᠥᠰ》︵ᠬᠥᠳᠡᠯᠮᠦᠷᠢ ᠬᠦᠴᠦ ᠦᠭᠡᠢ᠂ ᠠᠮᠢᠳᠤᠷᠠᠯ ᠤᠨ ᠢᠷᠡᠯᠲᠡ ᠦᠭᠡᠢ᠂ ᠬᠠᠤᠯᠢ ᠪᠠᠷ ᠲᠣᠭᠲᠠᠭᠠᠭᠰᠠᠨ | ᠠᠰᠠᠷᠠᠨ ᠲᠡᠵᠢᠭᠡᠬᠦ ᠬᠥᠮᠥᠨ ᠦᠭᠡᠢ ᠪᠠ ᠲᠡᠵᠢᠭᠡᠬᠦ ᠬᠥᠮᠥᠨ ᠦᠭᠡᠢ ᠪᠤᠶᠤ ᠠᠰᠠᠷᠠᠨ ᠲᠡᠵᠢᠭᠡᠬᠦ ᠪᠣᠯᠣᠨ ᠲᠡᠵᠢᠭᠡᠬᠦ ᠬᠥᠮᠥᠨ ᠠᠰᠠᠷᠠᠨ ᠲᠡᠵᠢᠭᠡᠬᠦ ᠴᠢᠳᠠᠪᠤᠷᠢ ᠦᠭᠡᠢ︶ | ᠳᠠᠬᠢ ᠮᠡᠳᠡᠷᠡᠯ ᠤᠨ ᠰᠠᠭᠠᠳ ᠡᠪᠡᠳᠴᠢᠲᠡᠨ ᠤ ᠵᠠᠰᠠᠬᠤ ᠠᠵᠢᠯ ᠢ ᠰᠠᠶᠢᠲᠤᠷ ᠬᠢᠬᠦ ᠬᠡᠷᠡᠭᠲᠡᠢ᠂ ᠲᠡᠨᠦᠭᠦᠴᠢᠯᠡᠨ ᠭᠤᠶᠢᠷᠠᠨᠴᠢᠯᠠᠭᠴᠢ ᠶᠢᠨ ᠳᠤᠮᠳᠠᠬᠢ ᠮᠡᠳᠡᠷᠡᠯ ᠤᠨ | ᠰᠠᠭᠠᠳ ᠡᠪᠡᠳᠴᠢᠲᠡᠨ ᠤ ᠵᠠᠰᠠᠬᠤ ᠠᠵᠢᠯ ᠢ ᠬᠠᠤᠯᠢ ᠶᠣᠰᠣᠭᠠᠷ ᠰᠠᠶᠢᠲᠤᠷ ᠬᠢᠬᠦ ᠬᠡᠷᠡᠭᠲᠡᠢ᠂ ᠠᠪᠤᠷᠠᠨ ᠲᠤᠰᠠᠯᠠᠬᠤ ᠬᠤᠭᠤᠴᠠᠭᠠᠨ ᠳᠤ ᠭᠡᠨᠡᠳᠲᠡ ᠪᠠᠷ ᠮᠡᠳᠡᠷᠡᠯ ᠤᠨ | ᠡᠪᠡᠳᠴᠢᠨ ᠨᠢ ᠬᠥᠳᠡᠯᠬᠦ ᠲᠤᠰᠠᠯᠠᠮᠵᠢ ᠦᠵᠡᠭᠦᠯᠬᠦ ᠬᠥᠮᠥᠨ ᠢ ᠴᠠᠭ ᠲᠤᠬᠠᠢ ᠳᠤᠨᠢ ᠮᠡᠳᠡᠷᠡᠯ ᠤᠨ ᠡᠷᠡᠭᠦᠯ ᠬᠠᠮᠠᠭᠠᠯᠠᠯ ᠤᠨ ᠡᠮᠨᠡᠯᠭᠡ ᠶᠢᠨ ᠪᠠᠶᠢᠭᠤᠯᠤᠮᠵᠢ ᠲᠠᠢ | ᠬᠠᠷᠢᠯᠴᠠᠵᠤ᠂ ᠲᠣᠭᠲᠠᠭᠠᠯ ᠶᠣᠰᠣᠭᠠᠷ ᠠᠪᠤᠷᠠᠨ ᠵᠠᠰᠠᠬᠤ ᠠᠵᠢᠯ ᠬᠢᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠮᠡᠳᠡᠷᠡᠯ ᠤᠨ ᠡᠷᠡᠭᠦᠯ ᠬᠠᠮᠠᠭᠠᠯᠠᠯ ᠤᠨ ᠠᠵᠢᠯ | ᠳᠤ ᠣᠷᠣᠯᠴᠠᠬᠤ ᠶᠢ ᠢᠳᠡᠪᠬᠢᠲᠡᠢ ᠳᠡᠮᠵᠢᠬᠦ ᠪᠠ ᠳᠠᠶᠢᠴᠢᠯᠠᠨ ᠵᠢᠯᠣᠭᠤᠳᠬᠤ ᠶᠢᠨ ᠬᠠᠮᠲᠤ ᠨᠡᠶᠢᠭᠡᠮ ᠤᠨ ᠲᠤᠰᠬᠠᠢ ᠠᠵᠢᠯᠲᠠᠨ ᠪᠣᠯᠣᠨ ᠰᠠᠶᠢᠨ ᠳᠤᠷᠠᠴᠤᠳ ᠢ ᠲᠠᠲᠠᠨ | ᠬᠦᠨᠳᠦ ᠮᠡᠳᠡᠷᠡᠯ ᠤᠨ ᠰᠠᠭᠠᠳ ᠡᠪᠡᠳᠴᠢᠲᠡᠳ ᠤᠨ ᠨᠡᠶᠢᠭᠡᠮ ᠲᠣᠭᠤᠷᠢᠭ ᠤᠨ ᠡᠷᠡᠭᠦᠯᠵᠢᠯ ᠤᠨ ᠦᠢᠯᠡᠴᠢᠯᠡᠭᠡ᠂ ᠠᠯᠪᠠᠳᠠᠯᠭ᠎ᠠ ᠶᠢᠨ ᠡᠮ ᠡᠮᠨᠡᠯᠭᠡ ᠶᠢᠨ ᠡᠷᠡᠭᠦᠯᠵᠢᠯ | ᠤᠨ ᠦᠢᠯᠡᠴᠢᠯᠡᠭᠡ ᠶᠢ ᠨᠠᠶᠢᠳᠠᠪᠤᠷᠢᠵᠢᠭᠤᠯᠬᠤ ᠵᠡᠷᠭᠡ ᠠᠵᠢᠯ ᠳᠤ ᠣᠷᠣᠯᠴᠠᠭᠤᠯᠤᠨ᠎ᠠ᠃ ᠠᠯᠪᠠ ᠬᠠᠭᠠᠬᠤ ᠬᠤᠭᠤᠴᠠᠭᠠᠨ ᠳᠠᠬᠢ ᠮᠡᠳᠡᠷᠡᠯ ᠤᠨ ᠡᠪᠡᠳᠴᠢᠨ ᠲᠠᠢ ᠴᠡᠷᠢᠭ | ᠠᠴᠠ ᠬᠠᠯᠠᠭᠳᠠᠭᠰᠠᠨ ᠴᠡᠷᠢᠭ ᠠᠴᠠ ᠪᠠᠭᠤᠭᠰᠠᠨ ᠴᠡᠷᠢᠭ ᠢ ᠲᠥᠪᠬᠢᠨᠡᠭᠦᠯᠬᠦ ᠪᠠ ᠠᠪᠤᠷᠠᠨ ᠵᠠᠰᠠᠬᠤ ᠠᠵᠢᠯ ᠢ ᠬᠠᠷᠢᠭᠤᠴᠠᠵᠤ᠂ ᠮᠡᠳᠡᠷᠡᠯ ᠵᠡᠮᠳᠡᠭᠴᠦᠳ ᠤᠨ | ᠠᠮᠢᠳᠤᠷᠠᠯ᠂ ᠠᠵᠢᠯ ᠮᠡᠷᠭᠡᠵᠢᠯ ᠤᠷ᠎ᠠ ᠮᠡᠷᠭᠡᠵᠢᠯ ᠪᠠᠷ ᠡᠷᠡᠭᠦᠯᠵᠢᠭᠦᠯᠬᠦ ᠠᠵᠢᠯ ᠢ ᠥᠷᠨᠢᠭᠦᠯᠦᠨ᠎ᠡ᠃ | ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ᠄ ᠲᠣᠭᠲᠠᠭᠠᠯ ᠶᠣᠰᠣᠭᠠᠷ ᠥᠭᠬᠦ ᠬᠤᠲᠠ ᠬᠥᠳᠡᠭᠡ ᠶᠢᠨ | ᠠᠵᠢᠯᠲᠠᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠣᠯᠣᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠪᠠᠲᠤᠯᠠᠭ᠎ᠠ ᠳᠤ | ᠨᠢᠭᠡᠨᠲᠡ ᠣᠷᠣᠭᠰᠠᠨ ᠬᠦᠨᠳᠦ ᠮᠡᠳᠡᠷᠡᠯ ᠤᠨ ᠰᠠᠭᠠᠳ ᠡᠪᠡᠳᠴᠢᠲᠡᠳ ᠤᠨ ᠡᠮ ᠡᠮᠨᠡᠯᠭᠡ ᠶᠢᠨ ᠵᠠᠷᠤᠳᠠᠯ ᠢ ᠲᠣᠭᠲᠠᠭᠠᠯ ᠶᠣᠰᠣᠭᠠᠷ ᠥᠭᠬᠦ ᠶᠢ ᠬᠠᠷᠢᠭᠤᠴᠠᠵᠤ᠂ | ᠦᠨᠳᠦᠰᠦᠨ ᠡᠮ ᠡᠮᠨᠡᠯᠭᠡ ᠶᠢᠨ ᠪᠠᠲᠤᠯᠠᠭ᠎ᠠ ᠳᠤ ᠵᠣᠬᠢᠴᠠᠬᠤ ᠬᠦᠨᠳᠦ ᠮᠡᠳᠡᠷᠡᠯ ᠤᠨ ᠡᠪᠡᠳᠴᠢᠲᠡᠨ ᠤ ᠡᠮ ᠢᠶᠠᠷ ᠠᠷᠭᠠᠴᠠᠭᠠᠨ ᠵᠠᠰᠠᠬᠤ ᠵᠡᠷᠭᠡ ᠪᠠᠲᠤᠯᠠᠭ᠎ᠠ ᠶᠢᠨ | ᠬᠦᠷᠢᠶ᠎ᠡ ᠬᠡᠪᠴᠢᠶᠡᠨ ᠳᠤ ᠣᠷᠣᠭᠤᠯᠤᠨ᠎ᠠ︔ ᠡᠭᠦᠳᠡᠨ ᠡᠮᠨᠡᠯᠭᠡ ᠶᠢᠨ ᠡᠪᠡᠳᠴᠢᠲᠡᠨ ᠤ ᠬᠢ ᠰᠢᠭᠤᠳ ᠳᠠᠩᠰᠠ ᠲᠠᠶᠢᠯᠬᠤ ᠶᠢ ᠬᠡᠷᠡᠭᠵᠢᠭᠦᠯᠵᠦ᠂ ᠬᠤᠲᠠ ᠪᠠᠯᠭᠠᠰᠤᠨ | ᠤ ᠠᠵᠢᠯᠲᠠᠳ ᠤᠨ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠬᠦᠨᠳᠦ ᠮᠡᠳᠡᠷᠡᠯ ᠤᠨ ᠰᠠᠭᠠᠳ ᠡᠪᠡᠳᠴᠢᠲᠡᠨ ᠤ ᠡᠮᠨᠡᠯᠭᠡ | ᠳᠤ ᠰᠠᠭᠤᠵᠤ ᠳᠠᠩᠰᠠ ᠲᠠᠶᠢᠯᠬᠤ ᠬᠠᠷᠢᠴᠠᠯ ᠢ ᠢᠳᠡᠭ ᠢᠳᠡᠭ ᠢᠶᠠᠷ ᠳᠡᠭᠡᠭᠰᠢᠯᠡᠭᠦᠯᠵᠦ᠂2016 ᠣᠨ ᠤ ᠡᠭᠦᠳᠡᠨ ᠡᠮᠨᠡᠯᠭᠡ ᠶᠢᠨ ᠬᠤᠪᠢ ᠬᠥᠮᠥᠨ ᠤ ᠲᠤᠰᠢᠶᠠᠬᠤ | ᠵᠢᠴᠢ ᠡᠮᠨᠡᠯᠭᠡ ᠳᠤ ᠰᠠᠭᠤᠭᠴᠢ ᠬᠤᠪᠢ ᠬᠥᠮᠥᠨ ᠲᠤᠰᠢᠶᠠᠬᠤ ᠨᠢ 20% ᠠᠴᠠ ᠬᠡᠲᠦᠷᠡᠬᠦ ᠦᠭᠡᠢ᠂2017 ᠣᠨ ᠪᠣᠯᠲᠠᠯ᠎ᠠ ᠡᠭᠦᠳᠡᠨ ᠡᠮᠨᠡᠯᠭᠡ ᠶᠢᠨ ᠬᠤᠪᠢ | ᠬᠥᠮᠥᠨ ᠤ ᠥᠪᠡᠷ ᠢᠶᠠᠨ ᠲᠤᠰᠢᠶᠠᠬᠤ ᠵᠢᠴᠢ ᠡᠮᠨᠡᠯᠭᠡ ᠳᠤ ᠰᠠᠭᠤᠬᠤ ᠬᠤᠪᠢ ᠬᠥᠮᠥᠨ ᠤ ᠲᠤᠰᠢᠶᠠᠬᠤ ᠨᠢ10% ᠠᠴᠠ ᠬᠡᠲᠦᠷᠡᠬᠦ ᠦᠭᠡᠢ᠃ ᠡᠷᠡᠭᠦᠯᠵᠢᠭᠰᠡᠨ | ᠬᠥᠳᠡᠯᠮᠦᠷᠢᠯᠡᠬᠦ ᠴᠢᠳᠠᠪᠤᠷᠢᠲᠠᠢ ᠮᠡᠳᠡᠷᠡᠯ ᠤᠨ ᠰᠠᠭᠠᠳ ᠡᠪᠡᠳᠴᠢᠨ ᠲᠠᠢ ᠡᠪᠡᠳᠴᠢᠲᠡᠨ ᠢ ᠢᠳᠡᠪᠬᠢᠲᠡᠢ ᠬᠠᠪᠰᠤᠷᠴᠤ ᠠᠵᠢᠯ ᠣᠯᠭᠤᠵᠤ᠂ ᠠᠵᠢᠯᠲᠠᠨ ᠤ ᠳᠤᠮᠳᠠ | ᠮᠡᠳᠡᠷᠡᠯ ᠤᠨ ᠰᠠᠭᠠᠳ ᠡᠪᠡᠳᠴᠢᠲᠡᠨ ᠤ ᠡᠷᠬᠡ ᠲᠡᠭᠰᠢ ᠠᠵᠢᠯ ᠣᠯᠬᠤ ᠶᠢ ᠠᠬᠢᠭᠤᠯᠵᠤ᠂ ᠮᠡᠳᠡᠷᠡᠯ ᠤᠨ ᠰᠠᠭᠠᠳ ᠡᠪᠡᠳᠴᠢᠲᠡᠨ ᠤ ᠠᠵᠢᠯ ᠣᠯᠭᠤᠬᠤ ᠭᠠᠳᠠᠭᠤᠷᠴᠢᠯᠠᠯ | ᠢ ᠰᠡᠷᠭᠡᠶᠢᠯᠡᠵᠦ᠂ ᠬᠠᠤᠯᠢ ᠶᠣᠰᠣᠨ ᠤ ᠬᠥᠳᠡᠯᠮᠦᠷᠢ ᠶᠢᠨ ᠡᠷᠬᠡ ᠶᠢ ᠬᠠᠮᠠᠭᠠᠯᠠᠵᠤ᠂ ᠠᠵᠢᠯ ᠣᠯᠣᠭᠰᠠᠨ ᠮᠡᠳᠡᠷᠡᠯ ᠤᠨ ᠡᠪᠡᠳᠴᠢᠲᠡᠨ ᠤ ᠡᠷᠬᠡ ᠲᠡᠭᠰᠢ ᠪᠠᠷ ᠡᠯ᠎ᠡ | ᠲᠥᠷᠥᠯ ᠤᠨ ᠨᠡᠶᠢᠭᠡᠮ ᠤᠨ ᠪᠠᠲᠤᠯᠠᠭ᠎ᠠ ᠳᠤ ᠣᠷᠣᠯᠴᠠᠭᠤᠯᠬᠤ ᠶᠢᠨ ᠬᠠᠮᠲᠤ ᠬᠠᠮᠢᠶ᠎ᠠ ᠪᠦᠬᠦᠢ ᠬᠠᠷᠠᠭᠠᠯᠵᠠᠯ ᠦᠵᠡᠭᠦᠯᠦᠨ᠎ᠡ᠃ | 3᠂ ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ᠄ ᠤᠯᠤᠰ ᠤᠨ ᠵᠡᠮᠳᠡᠭᠴᠦᠳ ᠤᠨ ᠠᠵᠢᠯ ᠦᠢᠯᠡᠰ ᠢ ᠬᠥᠭᠵᠢᠭᠦᠯᠬᠦ ᠬᠥᠲᠥᠯᠪᠦᠷᠢ ᠶᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂《 ᠨᠡᠶᠢᠭᠡᠮᠴᠢᠯᠡᠭᠰᠡᠨ᠂ ᠶᠡᠷᠦᠩᠬᠡᠶᠢᠯᠡᠭᠰᠡᠨ᠂ ᠴᠢᠯᠦᠭᠡᠲᠦ ᠬᠡᠯᠪᠡᠷᠢ ᠶᠢᠨ》ᠮᠡᠳᠡᠷᠡᠯ ᠤᠨ ᠡᠪᠡᠳᠴᠢᠨ ᠢ | ᠰᠡᠷᠭᠡᠶᠢᠯᠡᠨ ᠵᠠᠰᠠᠬᠤ ᠡᠷᠡᠭᠦᠯᠵᠢᠯ ᠤᠨ ᠠᠵᠢᠯ ᠢ ᠥᠷᠨᠢᠭᠦᠯᠦᠨ᠎ᠡ︔ ᠮᠡᠳᠡᠷᠡᠯ ᠤᠨ ᠡᠷᠡᠭᠦᠯ ᠬᠠᠮᠠᠭᠠᠯᠠᠯ ᠤᠨ ᠲᠤᠰᠬᠠᠢ ᠠᠵᠢᠯᠲᠠᠨ ᠢ ᠬᠠᠪᠰᠤᠷᠤᠨ ᠬᠦᠨᠳᠦ ᠮᠡᠳᠡᠷᠡᠯ ᠤᠨ | ᠰᠠᠭᠠᠳ ᠡᠪᠡᠳᠴᠢᠲᠡᠳ ᠤ ᠡᠪᠡᠳᠴᠢᠨ ᠢ ᠣᠨᠣᠰᠢᠯᠠᠨ ᠳᠠᠬᠢᠨ ᠬᠢᠨᠠᠬᠤ ᠵᠢᠴᠢ ᠠᠶᠤᠯᠲᠤ ᠴᠢᠨᠠᠷ ᠢ ᠦᠨᠡᠯᠡᠨ ᠵᠢᠱᠢᠨ᠎ᠡ︔ ᠬᠤᠯᠪᠣᠭᠳᠠᠯ ᠪᠦᠬᠦᠢ ᠰᠠᠯᠠᠭ᠎ᠠ ᠮᠥᠴᠢᠷ | ᠲᠠᠢ ᠬᠠᠮᠲᠤᠷᠠᠨ ᠬᠠᠷᠢᠶ᠎ᠠ ᠲᠣᠭᠤᠷᠢᠭ ᠤᠨ ᠠᠶᠤᠯᠲᠤ ᠮᠡᠳᠡᠷᠡᠯ ᠤᠨ ᠡᠪᠡᠳᠴᠢᠲᠡᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠢ ᠰᠠᠶᠢᠲᠤᠷ ᠬᠢᠨ᠎ᠡ︔ | 2017 ᠣᠨ ᠤ ᠡᠴᠦᠰ1 ᠮᠡᠳᠡᠷᠡᠯ ᠵᠡᠮᠳᠡᠭ ᠡᠪᠡᠳᠴᠢᠲᠡᠨ ᠢ ᠡᠷᠡᠭᠦᠯᠵᠢᠭᠦᠯᠬᠦ ᠡᠷᠡᠭᠦᠯᠵᠢᠯ ᠤᠨ ᠥᠷᠲᠡᠭᠡ ᠪᠠᠶᠢᠭᠤᠯᠵᠤ᠂ ᠮᠡᠳᠡᠷᠡᠯ ᠤᠨ ᠡᠪᠡᠳᠴᠢᠲᠡᠨ ᠤ ᠡᠷᠡᠭᠦᠯᠵᠢᠯ | ᠳᠤ ᠪᠠᠲᠤᠯᠠᠭᠠᠲᠤ ᠴᠢᠨᠠᠷᠲᠠᠢ ᠦᠢᠯᠡᠴᠢᠯᠡᠭᠡ ᠬᠠᠩᠭᠠᠨ᠎ᠠ︔ ᠮᠡᠳᠡᠷᠡᠯ ᠤᠨ ᠡᠪᠡᠳᠴᠢᠨ ᠤ ᠡᠷᠡᠭᠦᠯᠵᠢᠯ ᠤᠨ ᠮᠡᠷᠭᠡᠵᠢᠯᠲᠡᠨ ᠪᠣᠯᠣᠨ ᠠᠵᠢᠯ ᠲᠥᠷᠥᠯ ᠤᠨ ᠬᠤᠯᠪᠣᠭᠳᠠᠯ | ᠪᠦᠬᠦᠢ ᠠᠵᠢᠯᠲᠠᠨ ᠢ ᠵᠣᠬᠢᠶᠠᠨ ᠪᠠᠶᠢᠭᠤᠯᠤᠨ ᠪᠣᠯᠪᠠᠰᠤᠷᠠᠯ ᠬᠢᠨ᠎ᠡ︔ ᠠᠵᠢᠯ ᠲᠥᠷᠥᠯ ᠢ ᠬᠡᠷᠡᠭᠵᠢᠭᠦᠯᠬᠦ ᠨᠢᠭᠡᠴᠡ ᠬᠢᠭᠡᠳ ᠨᠡᠶᠢᠭᠡᠮ ᠲᠣᠭᠤᠷᠢᠭ ᠤᠨ ᠵᠡᠮᠳᠡᠭᠴᠦᠳ ᠤᠨ | ᠬᠤᠯᠪᠣᠭ᠎ᠠ᠂ ᠡᠷᠡᠭᠦᠯᠵᠢᠯ ᠤᠨ ᠥᠷᠲᠡᠭᠡ ᠵᠡᠷᠭᠡ ᠬᠤᠯᠪᠣᠭᠳᠠᠯ ᠪᠦᠬᠦᠢ ᠪᠠᠶᠢᠭᠤᠯᠤᠮᠵᠢ ᠶᠢᠨ ᠠᠵᠢᠯ ᠤᠨ ᠬᠠᠷᠢᠴᠠᠭ᠎ᠠ ᠶᠢ ᠵᠣᠬᠢᠴᠠᠭᠤᠯᠵᠤ᠂ ᠠᠰᠠᠭᠤᠳᠠᠯ ᠪᠣᠯᠣᠨ | ᠬᠦᠴᠢᠷᠳᠡᠯ ᠢ ᠬᠠᠪᠰᠤᠷᠤᠨ ᠰᠢᠢᠳᠪᠦᠷᠢᠯᠡᠨ᠎ᠡ᠃ | 4᠂ ᠪᠡᠯᠡ ᠮᠥᠩᠭᠦ ᠶᠢᠨ ᠬᠡᠷᠡᠭᠯᠡᠯᠲᠡ ᠶᠢ ᠳᠦᠷᠢᠮᠵᠢᠭᠦᠯᠦᠨ᠎ᠡ᠃ ᠡᠯ᠎ᠡ ᠲᠤᠷᠰᠢᠯᠲᠠ ᠶᠢᠨ ᠴᠢᠭ ᠤᠨ ᠠᠵᠢᠯ ᠤᠨ ᠬᠡᠷᠡᠭᠵᠢᠭᠦᠯᠦᠯᠲᠡ ᠶᠢᠨ ᠨᠢᠭᠡᠴᠡ ᠪᠡᠯᠡ | ᠮᠥᠩᠭᠦ ᠶᠢᠨ ᠬᠠᠮᠢᠶᠠᠷᠤᠯᠲᠠ᠂ ᠲᠤᠰᠬᠠᠢ ᠳᠠᠩᠰᠠ ᠪᠠᠶᠢᠭᠤᠯᠬᠤ᠂ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠬᠦ᠂ ᠰᠢᠯᠵᠢᠭᠦᠯᠦᠨ ᠬᠡᠷᠡᠭᠯᠡᠬᠦ ᠶᠢ ᠵᠣᠭᠰᠣᠭᠠᠬᠤ | ᠵᠡᠷᠭᠡ ᠳᠦᠷᠢᠮ ᠢ ᠵᠥᠷᠢᠴᠡᠭᠰᠡᠨ ᠪᠠᠶᠢᠳᠠᠯ ᠢ ᠳᠦᠷᠢᠮᠵᠢᠭᠦᠯᠦᠨ᠎ᠡ᠃ ᠲᠤᠷᠰᠢᠯᠲᠠ ᠶᠢᠨ ᠴᠢᠭ ᠤᠨ ᠠᠵᠢᠯ ᠤᠨ ᠤᠳᠤᠷᠢᠳᠬᠤ ᠪᠠᠭ᠎ᠠ ᠳᠤᠭᠤᠶᠢᠯᠠᠩ ᠵᠢᠯ ᠪᠦᠷᠢ ᠡᠯ᠎ᠡ | ᠲᠤᠷᠰᠢᠯᠲᠠ ᠶᠢᠨ ᠴᠢᠭ ᠤᠨ ᠠᠵᠢᠯᠯᠠᠬᠤ ᠨᠢᠭᠡᠴᠡ ᠶᠢᠨ ᠵᠠᠷᠤᠳᠠᠯ ᠬᠡᠷᠡᠭᠯᠡᠭᠰᠡᠨ ᠪᠠᠶᠢᠳᠠᠯ ᠳᠤ ᠲᠤᠰᠬᠠᠢ ᠬᠢᠨᠠᠨ ᠪᠠᠶᠢᠴᠠᠭᠠᠯᠲᠠ ᠬᠢᠵᠦ᠂ ᠳᠦᠷᠢᠮ ᠠᠴᠠ ᠵᠥᠷᠢᠴᠡᠵᠦ | ᠬᠡᠷᠡᠭᠯᠡᠭᠰᠡᠨ ᠢ ᠮᠡᠳᠡᠪᠡᠯ ᠵᠠᠷᠯᠢᠭᠳᠠᠨ ᠴᠠᠭ ᠲᠤᠬᠠᠢ ᠳᠤᠨᠢ ᠵᠠᠯᠠᠷᠠᠭᠤᠯᠬᠤ ᠶᠢᠨ ᠬᠠᠮᠲᠤ ᠵᠠᠷᠯᠠᠨ ᠰᠢᠭᠦᠮᠵᠢᠯᠡᠨ᠎ᠡ᠃ | 5᠂ ᠴᠠᠭ ᠲᠤᠬᠠᠢ ᠳᠤᠨᠢ ᠬᠢᠨᠠᠨ ᠦᠨᠡᠯᠡᠨ᠎ᠡ᠃ ᠲᠤᠷᠰᠢᠯᠲᠠ ᠶᠢᠨ ᠴᠢᠭ ᠤᠨ ᠠᠵᠢᠯ ᠤᠨ ᠤᠳᠤᠷᠢᠳᠬᠤ ᠪᠠᠭ᠎ᠠ ᠳᠤᠭᠤᠶᠢᠯᠠᠩ ᠤᠨ ᠠᠯᠪᠠᠨ ᠭᠡᠷ ᠬᠠᠭᠠᠰ ᠵᠢᠯ ᠳᠤ | ᠲᠤᠷᠰᠢᠯᠲᠠ ᠶᠢᠨ ᠴᠢᠭ ᠤᠨ ᠠᠵᠢᠯ ᠤᠨ ᠥᠷᠨᠢᠭᠦᠯᠦᠭᠰᠡᠨ ᠪᠠᠶᠢᠳᠠᠯ ᠢ ᠬᠢᠨᠠᠨ ᠦᠨᠡᠯᠡᠨ᠎ᠡ᠂ ᠶᠠᠪᠤᠭᠳᠠᠭᠰᠠᠨ ᠪᠠᠶᠢᠳᠠᠯ ᠢ ᠦᠨᠳᠦᠰᠦᠯᠡᠨ ᠬᠠᠨᠳᠤᠯᠭᠠᠲᠤ ᠴᠢᠨᠠᠷᠲᠠᠢ | ᠰᠠᠨᠠᠭᠤᠯᠭ᠎ᠠ ᠳᠤᠷᠠᠳᠴᠤ᠂ ᠬᠤᠰᠢᠭᠤᠨ ᠤ ᠲᠤᠷᠰᠢᠯᠲᠠ ᠶᠢᠨ ᠴᠢᠭ ᠤᠨ ᠠᠵᠢᠯ ᠤᠨ ᠪᠠᠭ᠎ᠠ ᠳᠤᠭᠤᠶᠢᠯᠠᠩ ᠤᠨ ᠳᠠᠷᠤᠭ᠎ᠠ ᠵᠥᠪᠰᠢᠶᠡᠷᠡᠭᠰᠡᠨ ᠤ ᠳᠠᠷᠠᠭ᠎ᠠ ᠡᠯ᠎ᠡ | ᠲᠤᠷᠰᠢᠯᠲᠠ ᠶᠢᠨ ᠴᠢᠭ ᠤᠨ ᠠᠵᠢᠯ ᠤᠨ ᠨᠢᠭᠡᠴᠡ ᠳᠤ ᠪᠠᠭᠤᠯᠭᠠᠵᠤ ᠬᠡᠷᠡᠭᠵᠢᠭᠦᠯᠦᠨ᠎ᠡ᠃ | | | | | | | | | ᠳᠠᠭᠠᠯᠳᠤᠭᠤᠯᠤᠯ᠄ ᠰᠢᠨ᠎ᠡ ᠪᠠᠷᠭᠤ ᠵᠡᠭᠦᠨ ᠬᠤᠰᠢᠭᠤᠨ ᠤ ᠮᠡᠳᠡᠷᠡᠯ ᠤᠨ ᠡᠷᠡᠭᠦᠯ ᠬᠠᠮᠠᠭᠠᠯᠠᠯ ᠤᠨ ᠶᠡᠷᠦᠩᠬᠡᠶᠢᠯᠡᠨ ᠬᠠᠮᠢᠶᠠᠷᠬᠤ ᠲᠤᠷᠰᠢᠯᠲᠠ ᠶᠢᠨ ᠴᠢᠭ ᠤᠨ ᠠᠵᠢᠯ ᠤᠨ | ᠤᠳᠤᠷᠢᠳᠬᠤ ᠪᠠᠭ᠎ᠠ ᠳᠤᠭᠤᠶᠢᠯᠠᠩ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠄ | ᠳᠤᠭᠤᠶᠢᠯᠠᠩ ᠤᠨ ᠳᠠᠷᠤᠭ᠎ᠠ᠄ ᠯᠢᠦ ᠱᠤ᠋ ᠰᠧᠨ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ | ᠳᠡᠳ᠋ ᠳᠤᠭᠤᠶᠢᠯᠠᠩ ᠤᠨ ᠳᠠᠷᠤᠭ᠎ᠠ᠄ ᠪᠣᠣ ᠴᠦᠨ ᠰᠢᠶᠠ ᠬᠤᠰᠢᠭᠤᠨ ᠤ ᠡᠷᠡᠭᠦᠯ ᠬᠠᠮᠠᠭᠠᠯᠠᠯ ᠬᠢᠭᠡᠳ ᠲᠥᠯᠥᠪᠯᠡᠭᠡᠲᠦ ᠦᠷᠡᠵᠢᠯ ᠤᠨ | ᠲᠣᠪᠴᠢᠶᠠᠨ ᠳᠠᠷᠤᠭ᠎ᠠ | ᠸᠠᠩ ᠬᠠᠢ ᠶᠠᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ | ᠪᠦᠷᠢᠯᠳᠦᠬᠦᠨ ᠭᠡᠰᠢᠭᠦᠨ᠄ ᠠᠷᠰᠯᠠᠨ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠳᠡᠳ᠋ ᠳᠠᠷᠤᠭ᠎ᠠ | ᠠᠯᠮᠠᠰ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠳᠡᠳ᠋ ᠳᠠᠷᠤᠭ᠎ᠠ | ᠪᠣᠯᠣᠷ ᠬᠤᠰᠢᠭᠤᠨ ᠤ ᠶᠡᠷᠦᠩᠬᠡᠶᠢᠯᠡᠨ ᠵᠠᠰᠠᠬᠤ ᠠᠯᠪᠠᠨ ᠭᠡᠷ ᠤᠨ ᠳᠠᠷᠤᠭ᠎ᠠ | ᠸᠠᠩ ᠢ ᠵᠧᠩ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠡᠳ᠋ ᠳᠠᠷᠤᠭ᠎ᠠ | ᠪᠤᠤ ᠴᠢᠤᠸᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ | ᠾᠧ ᠶᠠᠨ ᠯᠢ ᠬᠤᠰᠢᠭᠤᠨ ᠤ ᠬᠥᠭᠵᠢᠭᠦᠯᠦᠯᠲᠡ ᠬᠢᠭᠡᠳ ᠥᠭᠡᠷᠡᠴᠢᠯᠡᠯᠲᠡ ᠶᠢᠨ ᠲᠣᠪᠴᠢᠶᠠᠨ ᠤ ᠳᠡᠳ᠋ | ᠳᠠᠷᠤᠭ᠎ᠠ | ᠪᠣᠣ ᠶᠢᠨ ᠯᠥᠩ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ | ᠾᠸᠦ᠋ᠸᠧ ᠢᠤ ᠮᠸᠢ ᠬᠤᠰᠢᠭᠤᠨ ᠤ ᠰᠤᠷᠭᠠᠨ ᠬᠥᠮᠥᠵᠢᠯ ᠰᠢᠨᠵᠢᠯᠡᠬᠦ ᠮᠡᠷᠭᠡᠵᠢᠯ ᠤᠨ ᠲᠣᠪᠴᠢᠶᠠᠨ ᠤ ᠳᠡᠳ᠋ | ᠳᠠᠷᠤᠭ᠎ᠠ | ᠦᠯᠵᠢ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶᠠᠨ ᠤ ᠳᠡᠳ᠋ ᠳᠠᠷᠤᠭ᠎ᠠ | ᠰᠠᠷᠠᠨ᠎ᠠ ᠬᠤᠰᠢᠭᠤᠨ ᠤ ᠰᠣᠶᠣᠯ ᠲᠠᠮᠢᠷ ᠰᠣᠨᠢᠨ ᠮᠡᠳᠡᠭᠡ ᠬᠡᠪᠯᠡᠯ ᠺᠢᠨᠣ᠋ ᠲᠧᠯᠸᠢᠰ ᠲᠣᠪᠴᠢᠶᠠᠨ ᠤ | ᠳᠡᠳ᠋ ᠳᠠᠷᠤᠭ᠎ᠠ | ᠸᠠᠩ ᠴᠢᠤᠸᠠᠨ ᠪᠣᠣ ᠬᠤᠰᠢᠭᠤᠨ ᠤ ᠬᠥᠮᠥᠨ ᠤ ᠶᠠᠪᠤᠳᠠᠯ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ | ᠳᠡᠳ᠋ ᠳᠠᠷᠤᠭ᠎ᠠ | ᠪᠠᠢ ᠶᠦᠨ ᠰᠢᠶᠠᠩ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶᠠᠨ ᠤ ᠳᠡᠳ᠋ | ᠳᠠᠷᠤᠭ᠎ᠠ | ᠮᠠᠩᠯᠠᠢ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠶᠢᠨ ᠳᠤᠭᠤᠶᠢᠯᠠᠩ ᠤᠨ ᠡᠷᠬᠡ ᠠᠰᠢᠭ ᠢ | ᠬᠠᠮᠠᠭᠠᠯᠠᠬᠤ ᠭᠠᠵᠠᠷ ᠤᠨ ᠡᠷᠬᠢᠯᠡᠭᠴᠢ | ᠶᠢᠨ ᠯᠸᠢ ᠢ ᠠᠮᠤᠭᠤᠯᠠᠩ ᠪᠠᠯᠭᠠᠰᠤᠨ ᠤ ᠳᠡᠳ᠋ ᠳᠠᠷᠤᠭ᠎ᠠ | ᠬᠠᠰᠪᠢᠯᠢᠭ᠌ ᠴᠠᠭᠠᠨ ᠪᠠᠯᠭᠠᠰᠤᠨ ᠤ ᠳᠡᠳ᠋ ᠳᠠᠷᠤᠭ᠎ᠠ | ᠯᠢ ᠱᠠᠨ ᠰᠢᠨᠡᠪᠤᠯᠠᠭ ᠰᠤᠮᠤᠨ ᠤ ᠳᠡᠳ᠋ ᠳᠠᠷᠤᠭ᠎ᠠ | ᠪᠤᠤ ᠢᠤᠢ ᠱᠠᠨ ᠵᠢᠪᠬᠤᠯᠠᠩᠲᠤ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠡᠷᠢᠭᠦᠯᠡᠭᠴᠢ | ᠴᠡᠯᠭᠡᠷ ᠥᠪᠦᠷᠪᠤᠯᠠᠭ ᠰᠤᠮᠤᠨ ᠤ ᠳᠡᠳ᠋ ᠳᠠᠷᠤᠭ᠎ᠠ | ᠬᠦᠳᠡᠷ ᠬᠠᠨᠳᠠᠭᠠᠢ ᠰᠤᠮᠤᠨ ᠤ ᠳᠡᠳ᠋ ᠳᠠᠷᠤᠭ᠎ᠠ | ᠴᠠᠩ ᠴᠢᠩ ᠭᠠᠨᠵᠤᠤᠷ ᠰᠤᠮᠤᠨ ᠤ ᠳᠡᠳ᠋ ᠳᠠᠷᠤᠭ᠎ᠠ | ᠯᠢ ᠭᠦᠢ ᠶᠢᠩ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠳᠠᠷᠤᠭ᠎ᠠ | ᠸᠠᠩ ᠬᠠᠢ ᠱᠧᠩ ᠬᠤᠰᠢᠭᠤᠨ ᠤ ᠬᠢᠵᠢᠭ ᠢ ᠰᠡᠷᠭᠡᠶᠢᠯᠡᠬᠦ ᠲᠥᠪ ᠤᠨ ᠳᠡᠳ᠋ ᠡᠷᠬᠢᠯᠡᠭᠴᠢ | ᠤᠳᠤᠷᠢᠳᠬᠤ ᠪᠠᠭ᠎ᠠ ᠳᠤᠭᠤᠶᠢᠯᠠᠩ ᠢ ᠡᠮ ᠡᠮᠨᠡᠯᠭᠡ ᠶᠢᠨ ᠠᠪᠤᠷᠠᠨ ᠲᠤᠰᠠᠯᠠᠬᠤ ᠠᠯᠪᠠᠨ ᠭᠡᠷ ᠲᠤ ᠲᠣᠬᠢᠷᠠᠭᠤᠯᠵᠤ ︵ᠡᠷᠬᠢᠯᠡᠭᠴᠢ᠄ ᠶᠠᠩ ᠪᠠᠢ ᠯᠥᠩ᠂ | ᠤᠲᠠᠰᠤᠨ ᠨᠣᠮᠧᠷ ᠄ 6607778︶ ᠪᠣᠯᠣᠨ ᠡᠳᠦᠷ ᠲᠤᠲᠤᠮ ᠤᠨ ᠬᠠᠮᠢᠶᠠᠷᠤᠯᠲᠠ ᠶᠢᠨ ᠠᠵᠢᠯ ᠤᠨ ᠠᠯᠪᠠᠨ ᠭᠡᠷ ︵ᠡᠷᠬᠢᠯᠡᠭᠴᠢ᠄ ᠸᠠᠩ ᠢ ᠵᠧᠩ᠂ ᠤᠲᠠᠰᠤᠨ | ᠨᠣᠮᠧᠷ᠄ 6606288︶᠃ ᠡᠮᠴᠢᠯᠡᠭᠡᠨ ᠤ ᠠᠪᠤᠷᠠᠨ ᠲᠤᠰᠠᠯᠠᠬᠤ ᠠᠯᠪᠠᠨ ᠭᠡᠷ ᠤᠨ ᠡᠭᠦᠷᠭᠡ ᠬᠠᠷᠢᠭᠤᠴᠠᠯᠭ᠎ᠠ᠄ ᠣᠷᠣᠨ ᠲᠣᠭᠤᠷᠢᠭ ᠤᠨ ᠬᠦᠨᠳᠦ ᠮᠡᠳᠡᠷᠡᠯ ᠤᠨ | ᠰᠠᠭᠠᠳ ᠡᠪᠡᠳᠴᠢᠲᠡᠨ ᠤ ᠬᠠᠮᠢᠶᠠᠷᠤᠨ ᠡᠮᠨᠡᠬᠦ ᠠᠵᠢᠯ ᠤᠨ ᠵᠣᠬᠢᠶᠠᠨ ᠪᠠᠶᠢᠭᠤᠯᠤᠯᠲᠠ ᠬᠢᠭᠡᠳ ᠲᠣᠬᠢᠷᠠᠭᠤᠯᠤᠯᠲᠠ ᠵᠢᠴᠢ ᠵᠠᠰᠠᠭ ᠵᠠᠬᠢᠷᠭᠠᠨ ᠤ ᠲᠥᠰᠥᠯ᠂ | ᠲᠥᠯᠥᠪᠯᠡᠭᠡ ᠶᠢ ᠬᠠᠷᠢᠭᠤᠴᠠᠬᠤ ᠶᠢᠨ ᠬᠠᠮᠲᠤ ᠳᠡᠭᠡᠳᠦ ᠱᠠᠲᠤᠨ ᠳᠤ ᠮᠡᠳᠡᠭᠦᠯᠦᠨ᠎ᠡ︔ ᠡᠮ ᠡᠮᠨᠡᠯᠭᠡ ᠶᠢᠨ ᠠᠪᠤᠷᠠᠨ ᠲᠤᠰᠠᠯᠠᠬᠤ ᠠᠯᠪᠠᠨ ᠭᠡᠷ ᠤᠨ | ᠳᠣᠣᠷ᠎ᠠ《ᠮᠡᠳᠡᠷᠡᠯ ᠤᠨ ᠡᠪᠡᠳᠴᠢᠨ ᠢ ᠰᠡᠷᠭᠡᠶᠢᠯᠡᠬᠦ ᠪᠠᠶᠢᠭᠤᠯᠤᠮᠵᠢ》 ᠶᠢ ᠪᠠᠶᠢᠭᠤᠯᠵᠤ᠂ ᠬᠤᠰᠢᠭᠤᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠲᠥᠪ | ︵ᠡᠷᠬᠢᠯᠡᠭᠴᠢ᠄ ᠸᠠᠩ ᠬᠠᠢ ᠱᠧᠩ᠂ ᠤᠲᠠᠰᠤᠨ ᠨᠣᠮᠧᠷ 6606318︶᠃ ᠡᠳᠦᠷ ᠲᠤᠲᠤᠮ ᠤᠨ ᠬᠠᠮᠢᠶᠠᠷᠤᠯᠲᠠ ᠶᠢᠨ ᠠᠵᠢᠯ ᠤᠨ ᠠᠯᠪᠠᠨ ᠭᠡᠷ ᠤᠨ ᠡᠭᠦᠷᠭᠡ | ᠬᠠᠷᠢᠭᠤᠴᠠᠯᠭ᠎ᠠ᠄ ᠬᠦᠨᠳᠦ ᠣᠶᠣᠨ ᠮᠡᠳᠡᠷᠡᠯ ᠤᠨ ᠡᠪᠡᠳᠴᠢᠲᠡᠨ ᠢ ︵ᠰᠣᠯᠢᠶ᠎ᠠ ᠡᠪᠡᠳᠴᠢᠨ︶ ᠰᠤᠭᠤᠴᠢᠨ ᠪᠠᠶᠢᠴᠠᠭᠠᠬᠤ᠂ ᠬᠠᠮᠢᠶᠠᠷᠬᠤ᠂ ᠡᠮᠨᠡᠨ ᠵᠠᠰᠠᠬᠤ᠂ | ᠠᠯᠪᠠᠳᠠᠯᠭ᠎ᠠ ᠪᠠᠷ ᠬᠦᠯᠢᠶᠡᠨ ᠠᠪᠴᠤ ᠵᠠᠰᠠᠬᠤ ᠵᠡᠷᠭᠡ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠬᠤ ᠬᠢᠭᠡᠳ ᠲᠣᠬᠢᠷᠠᠭᠤᠯᠬᠤ ᠵᠢᠴᠢ ᠬᠤᠯᠪᠣᠭᠳᠠᠯ ᠪᠦᠬᠦᠢ | ᠲᠥᠰᠥᠯ᠂ ᠲᠥᠯᠥᠪᠯᠡᠭᠡ ᠶᠢ ᠰᠠᠶᠢᠲᠤᠷ ᠬᠢᠬᠦ ᠶᠢᠨ ᠬᠠᠮᠲᠤ ᠳᠡᠭᠡᠳᠦ ᠱᠠᠲᠤᠨ ᠳᠤ ᠳ᠋ᠦᠩᠨᠡᠵᠦ ᠮᠡᠳᠡᠭᠦᠯᠦᠨ᠎ᠡ᠃ | | |