ᠰᠢᠨ᠎ᠡ ᠵᠡᠬᠦᠨ ᠵᠠᠰᠠᠭ ᠠᠯᠪᠠᠨ ᠦᠰᠦᠭ ﹇2016﹈ 91 ᠳ᠋ᠤᠭᠠᠷ ᠲᠤᠭᠠᠲᠤ | ᠪᠦᠬᠦ ᠬᠤᠰᠢᠭᠤᠨ ᠤ ᠰᠤᠷᠭᠠᠭᠤᠯᠢ ᠳᠤ ᠰᠤᠷᠤᠯᠴᠠᠵᠤ ᠪᠠᠶᠢᠭ᠎ᠠ ᠤᠶᠤᠳᠠᠨ ᠪᠤᠯᠤᠨ ᠦᠨᠳᠦᠷ ᠲᠤᠮᠳᠠᠲᠤ ᠶᠢᠨ | ᠭᠤᠷᠪᠠᠳᠤᠭᠠᠷ ᠣᠨ ᠲᠡᠭᠦᠰᠬᠦ ᠰᠤᠷᠤᠭᠴᠢᠳ ᠤᠨ ᠪᠠᠶᠢᠳᠠᠯ ᠢ ᠣᠶᠢᠯᠭᠠᠬᠤ ᠪᠠᠶᠢᠴᠠᠭᠠᠯᠲᠠ ᠶᠢᠨ ᠪᠦᠷᠢᠳᠬᠡᠯ ᠢ | ᠰᠠᠶᠢᠲᠤᠷ ᠬᠢᠬᠦ ᠲᠤᠬᠠᠢ ᠰᠢᠨ᠎ᠡ ᠪᠠᠷᠭᠤ ᠵᠡᠬᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | ᠡᠯ᠎ᠡ ᠰᠤᠮᠤ ᠪᠠᠯᠭᠠᠰᠤ᠄ | ᠠᠷᠪᠠᠨ ᠨᠠᠶᠢᠮᠠᠳᠤᠭᠠᠷ ᠬᠤᠭᠤᠴᠠᠭᠠᠨ ᠤ ᠲᠠᠪᠤᠳᠤᠭᠠᠷ ᠪᠦᠭᠦᠲᠡ ᠬᠤᠷᠠᠯ ᠳᠤ ᠲᠤᠷᠠᠳᠤᠭᠰᠠᠨ ︽ᠨᠠᠷᠢᠯᠢᠭ ᠤᠨᠤᠪᠴᠢᠲᠠᠢ ᠶᠠᠳᠠᠭᠤ ᠠᠴᠠ ᠠᠩᠬᠢᠵᠢᠷᠠᠭᠤᠯᠵᠤ᠂ | ᠰᠤᠷᠭᠠᠨ ᠬᠦᠮᠦᠵᠢᠯ ᠤᠨ ᠶᠠᠳᠠᠭᠤ ᠠᠴᠠ ᠠᠩᠬᠢᠵᠢᠷᠠᠭᠤᠯᠬᠤ ᠶᠢ ᠬᠦᠴᠦᠯᠡᠨ ᠴᠢᠩᠭᠠᠳᠬᠠᠵᠤ᠂ ᠭᠡᠷ ᠪᠦᠯᠢ ᠶᠢᠨ ᠠᠵᠦ ᠠᠬᠤᠢ ᠬᠦᠴᠢᠷᠳᠡᠯᠲᠡᠢ ᠰᠤᠷᠤᠭᠴᠢᠳ ᠢ | ᠲᠡᠳᠭᠦᠨ ᠲᠡᠮᠵᠢᠬᠦ ᠶᠢ ᠪᠡᠶᠡᠯᠡᠬᠦᠯᠬᠦ︾ ᠲᠡᠳᠭᠦᠨ ᠲᠤᠰᠠᠯᠠᠬᠤ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠡ ᠪᠠᠷ ᠨᠠᠶᠢᠳᠠᠪᠤᠷᠢᠵᠢᠭᠤᠯᠬᠤ ᠶᠢᠨ ᠲᠦᠯᠦᠭᠡ᠂ ᠰᠤᠷᠭᠠᠨ | ᠬᠦᠮᠦᠵᠢᠯ ᠤᠨ ᠲᠡᠳᠭᠦᠨ ᠲᠡᠮᠵᠢᠭᠦ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠪᠦᠬᠦ ᠲᠠᠯ᠎ᠠ ᠪᠠᠷ ᠦᠷᠨᠢᠭᠦᠯᠵᠦ᠂ ᠮᠠᠨ ᠤ ᠬᠤᠰᠢᠭᠤᠨ ᠤ 2016 ᠤᠨ ᠤ | ᠰᠤᠷᠭᠠᠭᠤᠯᠢ ᠳᠤ ᠰᠤᠷᠤᠯᠴᠠᠵᠤ ᠪᠠᠶᠢᠭ᠎ᠠ ᠤᠶᠤᠳᠠᠨ ᠪᠤᠯᠤᠨ ᠦᠨᠳᠦᠷ ᠲᠤᠮᠲᠠᠲᠤ ᠶᠢᠨ ᠭᠤᠷᠪᠠᠳᠤᠭᠠᠷ ᠤᠨ ᠲᠡᠭᠦᠰᠬᠦ ᠰᠤᠷᠤᠭᠴᠢᠳ ᠤᠨ ᠪᠠᠶᠢᠳᠠᠯ ᠢ ᠤᠨᠤᠪᠴᠢᠲᠠᠢ | ᠡᠵᠡᠮᠰᠢᠵᠦ᠂ ᠡᠯ᠎ᠡ ᠰᠤᠮᠤ ᠪᠠᠯᠭᠠᠰᠤ ᠨᠤᠭᠤᠳ ᠢ ᠪᠠᠶᠢᠴᠠᠭᠠᠯᠲᠠ ᠶᠢᠨ ᠪᠦᠷᠢᠳᠬᠡᠯ ᠤᠨ ᠠᠵᠢᠯ ᠢ ᠰᠠᠶᠢᠳᠤᠷ ᠬᠢᠬᠦ ᠶᠢ ᠱᠠᠭᠠᠷᠳᠠᠪᠠ᠃ | ᠨᠢᠭᠡ᠂ ᠡᠯ᠎ᠡ ᠰᠤᠮᠤ ᠪᠠᠯᠭᠠᠰᠤ ︵ᠭᠠᠴᠠᠭ᠎ᠠ᠂ ᠨᠡᠶᠢᠭᠡᠮ ᠲᠤᠭᠤᠷᠢᠭ︶ ᠲᠤᠰᠬᠠᠢ ᠬᠦᠮᠦᠨ ᠢᠶᠠᠷ ᠬᠠᠷᠢᠭᠤᠴᠠᠭᠤᠯᠬᠤ ᠪᠠᠨ ᠲᠤᠳᠤ ᠲᠤᠭᠳᠠᠭᠠᠵᠤ᠂ ᠮᠡᠳᠡᠭᠳᠡᠯ ᠤᠨ | ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ︽2016 ᠣᠨ ᠤ ᠵᠢᠭᠡᠯᠡᠯᠭᠡ ᠵᠢᠭᠡᠯᠡᠬᠦ ᠨᠦᠬᠦᠴᠡᠯ ᠳᠤ ᠨᠡᠶᠢᠴᠠᠬᠦ ᠮᠦᠷᠲᠡᠭᠡᠨ ᠵᠢᠬᠡᠯᠡᠯᠭᠡ ᠠᠪᠬᠤ ᠰᠠᠨᠠᠭ᠎ᠠ ᠲᠠᠢ | ᠰᠤᠷᠤᠭᠴᠢᠳ ᠤᠨ ᠨᠡᠷᠡᠰ︾ ︽2016 ᠣᠨ ᠤ ᠰᠢᠨ᠎ᠡ ᠪᠠᠷᠭᠤ ᠵᠡᠬᠦᠨ ᠬᠤᠰᠢᠭᠤᠨ ᠤ ᠰᠤᠷᠭᠠᠭᠤᠯᠢ ᠳᠤ ᠰᠤᠷᠤᠯᠴᠠᠵᠤ ᠪᠠᠶᠢᠭ᠎ᠠ ᠤᠶᠤᠳᠠᠨ ᠪᠤᠯᠤᠨ ᠦᠨᠳᠦᠷ | ᠲᠤᠮᠲᠠᠲᠤ ᠶᠢᠨ ᠭᠤᠷᠪᠠᠳᠤᠭᠠᠷ ᠤᠨ ᠲᠡᠭᠦᠰᠬᠦ ᠰᠤᠷᠤᠭᠴᠢᠳ ᠤᠨ ᠪᠠᠶᠢᠳᠠᠯ ᠢ ᠤᠶᠢᠯᠭᠠᠬᠤ ᠪᠠᠶᠢᠴᠠᠭᠠᠯᠲᠠ ᠶᠢᠨ ᠪᠦᠷᠢᠳᠬᠡᠯ ᠤᠨ ᠬᠦᠰᠦᠨᠦᠭᠲᠦ︾ ᠶᠢ ᠨᠠᠷᠢᠨ | ᠬᠢᠨᠠᠮᠠᠭᠠᠢ ᠲᠠᠭᠯᠠᠨ ᠪᠢᠴᠢᠵᠤ᠂ ᠲᠠᠭᠯᠠᠭᠰᠠᠨ ᠪᠠᠶᠢᠳᠠᠯ ᠤᠨ ᠦᠨᠡᠨ ᠪᠤᠲᠠᠲᠤ ᠴᠢᠨᠠᠷ ᠲᠤ ᠬᠢᠨᠠᠨ ᠬᠠᠷᠭᠤᠭᠤᠯᠲᠠ ᠬᠢᠬᠦ ᠶᠢᠨ ᠬᠠᠮᠲᠤ ᠬᠠᠷᠢᠭᠤᠴᠠᠯᠭ᠎ᠠ ᠡᠭᠦᠷᠭᠡᠯᠡᠬᠦ | ᠬᠡᠷᠡᠭᠲᠡᠢ᠃ | ᠬᠤᠶᠠᠷ᠂ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠡᠯ᠎ᠡ ᠵᠦᠢᠯ ᠤᠨ ᠠᠷᠭ᠎ᠠ ᠬᠡᠯᠪᠡᠷᠢ ᠶᠢ ᠠᠰᠢᠭᠯᠠᠨ ᠨᠠᠮ ᠪᠤᠯᠤᠨ ᠤᠯᠤᠰ ᠤᠷᠤᠨ ᠤ ᠰᠤᠷᠭᠠᠨ | ᠬᠦᠮᠦᠵᠢᠯ ᠤᠨ ᠲᠡᠳᠭᠦᠨ ᠲᠡᠮᠵᠢᠬᠦ ᠲᠦᠷᠦ ᠶᠢᠨ ᠪᠤᠳᠤᠯᠭ᠎ᠠ ᠶᠢ ᠤᠬᠠᠭᠤᠯᠵᠤ᠂ ᠰᠤᠷᠭᠠᠨ ᠬᠦᠮᠦᠵᠢᠯ ᠤᠨ ᠲᠡᠳᠭᠦᠨ ᠲᠡᠮᠵᠢᠬᠦ ᠲᠦᠷᠦ ᠶᠢᠨ ᠪᠤᠳᠤᠯᠭ᠎ᠠ ᠶᠢ ᠡᠷᠦᠬᠡ | ᠪᠤᠯᠭᠠᠨ ᠳᠤ ᠮᠡᠳᠡᠭᠦᠯᠵᠦ᠂ ᠪᠤᠲᠠᠲᠠᠢ ᠦᠷ᠎ᠡ ᠪᠦᠲᠦᠮᠵᠢ ᠶᠢ ᠦᠨᠡᠨᠬᠦ ᠪᠠᠳᠠᠷᠠᠭᠤᠯᠵᠤ᠂ ᠬᠦᠴᠢᠷᠳᠡᠯᠲᠡᠢ ᠰᠤᠷᠤᠭᠴᠢᠳ ᠤᠨ ᠠᠰᠠᠭᠤᠳᠠᠯ ᠢ ᠦᠨᠡᠨᠬᠦ ᠰᠢᠢᠳᠪᠦᠷᠢᠯᠡᠵᠦ᠂ | ᠰᠤᠷᠭᠠᠨ ᠬᠦᠮᠦᠵᠢᠯ ᠤᠨ ᠲᠡᠳᠭᠦᠨ ᠲᠡᠮᠵᠢᠯᠭᠡ ᠶᠢ ᠪᠤᠲᠠᠲᠠᠢ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ | ᠭᠤᠷᠪᠠ᠂ ᠡᠯ᠎ᠡ ᠰᠤᠮᠤ ᠪᠠᠯᠭᠠᠰᠤ ᠠᠯᠪᠠᠨ ᠲᠠᠮᠠᠭ᠎ᠠ ᠲᠠᠷᠤᠭᠰᠠᠨ ᠬᠦᠰᠦᠨᠦᠭᠲᠦ ᠪᠠᠨ ᠰᠢᠨ᠎ᠡ ᠪᠠᠷᠭᠤ ᠵᠡᠬᠦᠨ ᠬᠤᠰᠢᠭᠤᠨ ᠤ ᠰᠤᠷᠭᠠᠨ ᠬᠦᠮᠦᠵᠢᠯ ᠰᠢᠨᠵᠢᠯᠡᠬᠦ ᠤᠬᠠᠭᠠᠨ | ᠤ ᠲᠤᠪᠴᠢᠶ᠎ᠠ ᠶᠢᠨ ᠰᠤᠷᠤᠭᠴᠢᠳ ᠢ ᠲᠡᠳᠬᠦᠨ ᠲᠡᠮᠵᠢᠬᠦ ᠬᠠᠮᠢᠶᠠᠷᠤᠯᠲᠠ ᠶᠢᠨ ᠲᠦᠪ ᠲᠤ ᠬᠦᠷᠬᠡᠬᠦ ᠭᠡᠷᠡᠭᠲᠡᠢ᠂ ᠡᠯᠧᠷᠲᠷᠦᠨ ᠬᠡᠪᠯᠡᠯ ᠮᠡᠳᠡᠭᠦᠯᠦᠨ ᠬᠦᠷᠭᠡᠬᠦ ᠰᠢᠤᠳᠠᠨ | ᠬᠠᠶᠢᠷᠴᠠᠭ᠄ 384576802@qq.com᠂ ᠬᠠᠷᠢᠯᠴᠠᠬᠤ ᠬᠦᠮᠦᠨ᠄ ᠶᠢᠨ ᠮᠸᠢ᠂ ᠬᠠᠷᠢᠯᠴᠠᠬᠤ ᠤᠳᠠᠰᠤ᠄13847073916᠂ ᠮᠡᠳᠡᠭᠦᠯᠦᠨ ᠬᠦᠷᠭᠡᠬᠦ | ᠴᠠᠭ᠄ 2016 ᠣᠨ ᠤ 6 ᠰᠠᠷ᠎ᠠ ᠶᠢᠨ 15 ᠤ ᠡᠳᠦᠷ ᠠᠴᠠ ᠡᠮᠦᠨ᠎ᠡ᠃ | ᠰᠤᠷᠭᠠᠨ ᠬᠦᠮᠦᠵᠢᠯ ᠰᠢᠨᠵᠢᠯᠡᠬᠦ ᠤᠬᠠᠭᠠᠨ ᠤ ᠲᠤᠪᠴᠢᠶ᠎ᠠ᠂ ᠡᠯ᠎ᠡ ᠰᠤᠮᠤ ᠪᠠᠯᠭᠠᠰᠤ ︵ᠭᠠᠴᠠᠭ᠎ᠠ᠂ ᠨᠡᠶᠢᠭᠡᠮ ᠲᠤᠭᠤᠷᠢᠭ︶ ᠤᠨ ᠪᠦᠷᠢᠳᠭᠡᠨ ᠮᠡᠳᠡᠬᠦᠯᠦᠭᠰᠡᠨ ︽ | 2016 ᠣᠨ ᠤ ᠵᠢᠭᠡᠯᠡᠯᠭᠡ ᠵᠢᠭᠡᠯᠡᠬᠦ ᠨᠦᠬᠦᠴᠡᠯ ᠳᠤ ᠨᠡᠶᠢᠴᠠᠬᠦ ᠮᠦᠷᠲᠡᠭᠡᠨ ᠵᠢᠬᠡᠯᠡᠯᠭᠡ ᠠᠪᠬᠤ ᠰᠠᠨᠠᠭ᠎ᠠ ᠲᠠᠢ ᠰᠤᠷᠤᠭᠴᠢᠳ ᠤᠨ ᠨᠡᠷᠡᠰ︾ ᠢ ᠦᠨᠳᠦᠰᠦᠯᠡᠨ᠂ | ᠰᠤᠷᠤᠯᠭ᠎ᠠ ᠶᠢ ᠲᠡᠮᠵᠢᠬᠦ ᠢᠳᠡᠭᠡᠮᠵᠢᠲᠦ ᠵᠢᠭᠡᠯᠡᠯᠭᠡ ᠶᠢ ᠨᠠᠷᠢᠯᠢᠭ ᠤᠨᠤᠪᠴᠢᠲᠠᠢ ᠰᠢᠢᠳᠪᠦᠷᠢᠯᠡᠵᠦ᠂ ᠨᠠᠷᠢᠯᠢᠭ ᠤᠨᠤᠪᠴᠢᠲᠠᠢ ᠲᠡᠳᠬᠦᠨ ᠲᠡᠮᠵᠢᠯᠭᠡ ᠪᠤᠯᠤᠨ ᠭᠡᠷ ᠪᠦᠯᠢ | ᠶᠢᠨ ᠠᠵᠦ ᠠᠬᠤᠢ ᠬᠦᠴᠢᠷᠳᠡᠯᠲᠡᠢ ᠰᠤᠷᠤᠭᠴᠢᠳ ᠣᠨᠲ᠋ᠡᠳᠭᠦᠨ ᠲᠡᠮᠵᠢᠬᠦ ᠶᠢ ᠪᠦᠬᠦᠨ ᠢ ᠪᠦᠷᠭᠦᠬᠦᠯᠬᠦ ᠶᠢ ᠦᠨᠡᠨᠬᠦ ᠪᠡᠶᠡᠯᠡᠬᠦᠯᠦᠨ᠎ᠡ᠃ ᠡᠯ᠎ᠡ ᠰᠤᠮᠤ ᠶᠢᠨ ᠵᠠᠰᠠᠭ ᠤᠨ | ᠣᠷᠳᠤᠨ ᠪᠦᠷᠢᠳᠬᠡᠯ ᠤᠨ ᠠᠵᠢᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠪᠦᠷᠢᠳᠬᠡᠯ ᠤᠨ ᠠᠵᠢᠯ ᠢ ᠴᠠᠭ ᠲᠤᠬᠠᠢ ᠳᠤ ᠨᠢ ᠬᠠᠷᠢᠭᠤ ᠮᠡᠳᠡᠭᠦᠯᠦᠯᠲᠡ | ᠬᠢᠵᠦ᠂ ᠡᠯ᠎ᠡ ᠪᠦᠷᠢᠳᠬᠡᠯ ᠤᠨ ᠠᠵᠢᠯ ᠢᠶᠠᠨ ᠴᠠᠭ ᠲᠤᠬᠠᠢ ᠳᠤ ᠨᠢ ᠬᠠᠷᠢᠭᠤ ᠮᠡᠳᠡᠭᠦᠯᠦᠯᠲᠡ ᠬᠢᠭᠰᠡᠨ ᠦᠬᠡᠢ ᠰᠤᠮᠤ ᠪᠠᠯᠭᠠᠰᠤ ᠶᠢ ᠪᠦᠬᠦ ᠬᠤᠰᠢᠭᠤᠨ ᠤ ᠬᠡᠪᠴᠢᠶᠡᠨ | ᠳᠤ ᠵᠠᠷᠯᠠᠨ ᠰᠢᠭᠦᠮᠵᠢᠯᠡᠨ᠎ᠡ᠃ | ᠲᠠᠭᠠᠯᠳᠤᠭᠤᠯᠤᠯ 1᠄ ᠰᠤᠷᠭᠠᠨ ᠬᠦᠮᠦᠵᠢᠯ ᠤᠨ ᠲᠡᠳᠭᠦᠨ ᠲᠡᠮᠵᠢᠬᠦ ᠲᠦᠷᠦ ᠶᠢᠨ ᠪᠤᠳᠤᠯᠭ᠎ᠠ ᠶᠢ ᠤᠬᠠᠭᠤᠯᠬᠤ ᠮᠠᠲ᠋ᠧᠷᠢᠶᠠᠯ ︽ᠰᠤᠷᠭᠠᠨ ᠬᠦᠮᠦᠵᠢᠯ ᠤᠨ ᠲᠡᠳᠭᠦᠨ | ᠲᠡᠮᠵᠢᠯᠭᠡ ᠪᠢᠳᠡᠨ ᠲᠠᠢ ᠬᠠᠮᠲᠤ ᠳᠠᠭᠠᠨ︾ | ᠲᠠᠭᠠᠯᠳᠤᠭᠤᠯᠤᠯ 2᠄ 2016 ᠣᠨ ᠤ ᠰᠢᠨ᠎ᠡ ᠪᠠᠷᠭᠤ ᠵᠡᠬᠦᠨ ᠬᠤᠰᠢᠭᠤᠨ ᠤ ᠰᠤᠷᠭᠠᠭᠤᠯᠢ ᠳᠤ ᠰᠤᠷᠤᠯᠴᠠᠵᠤ ᠪᠠᠶᠢᠭ᠎ᠠ ᠤᠶᠤᠳᠠᠨ ᠪᠤᠯᠤᠨ ᠦᠨᠳᠦᠷ ᠲᠤᠮᠲᠠᠲᠤ | ᠶᠢᠨ ᠭᠤᠷᠪᠠᠳᠤᠭᠠᠷ ᠤᠨ ᠲᠡᠭᠦᠰᠬᠦ ᠰᠤᠷᠤᠭᠴᠢᠳ ᠤᠨ ᠪᠠᠶᠢᠳᠠᠯ ᠢ ᠤᠶᠢᠯᠭᠠᠬᠤ ᠪᠠᠶᠢᠴᠠᠭᠠᠯᠲᠠ ᠶᠢᠨ ᠪᠦᠷᠢᠳᠬᠡᠯ ᠤᠨ ᠬᠦᠰᠦᠨᠦᠭᠲᠦ | ᠲᠠᠭᠠᠯᠳᠤᠭᠤᠯᠤᠯ 3᠄ 2016 ᠣᠨ ᠤ ᠵᠢᠭᠡᠯᠡᠯᠭᠡ ᠵᠢᠭᠡᠯᠡᠬᠦ ᠨᠦᠬᠦᠴᠡᠯ ᠳᠤ ᠨᠡᠶᠢᠴᠠᠬᠦ ᠮᠦᠷᠲᠡᠭᠡᠨ ᠵᠢᠬᠡᠯᠡᠯᠭᠡ ᠠᠪᠬᠤ ᠰᠠᠨᠠᠭ᠎ᠠ ᠲᠠᠢ ᠰᠤᠷᠤᠭᠴᠢᠳ ᠤᠨ ᠨᠡᠷᠡᠰ | ᠰᠢᠨ᠎ᠡ ᠪᠠᠷᠭᠤ ᠵᠡᠬᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2016 ᠤᠨ ᠤ 5 ᠰᠠᠷ᠎ᠠ ᠶᠢᠨ 26 ᠤ ᠡᠳᠦᠷ | | | | | | | | | | | | | | ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ 2016 ᠣᠨ | ᠤ5 ᠰᠠᠷ᠎ᠠ ᠶᠢᠨ26 ᠤ ᠡᠳᠦᠷ ᠬᠡᠪᠯᠡᠭᠦᠯᠦᠨ ᠲᠠᠷᠬᠠᠭᠠᠪᠠ |