ᠣᠶᠤᠲᠠᠳ ᠤᠨ ᠠᠵᠢᠯ ᠡᠷᠢᠬᠦ ᠪᠠ ᠦᠢᠯᠡᠰ ᠪᠣᠰᠬᠠᠬᠤ ᠨᠥᠬᠦᠪᠦᠷᠢ ᠶᠢᠨ ᠬᠡᠪᠴᠢᠶ᠎ᠡ ᠶᠢ ᠥᠷᠭᠡᠳᠬᠡᠪᠡ
ᠨᠡᠶᠢᠲᠡᠯᠡᠭᠰᠡᠨ ᠴᠠᠭ᠄
2017-07-26
         ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠨᠢᠯᠴᠠᠭᠤᠯᠬᠤ ᠳᠠᠭᠠᠨ᠂ ᠠᠵᠢᠯ ᠠᠯᠳᠠᠯᠲᠠ ᠶᠢᠨ ᠳᠠᠭᠠᠳᠬᠠᠯ ᠳᠤ ᠬᠠᠤᠯᠢ ᠶᠣᠰᠣᠭᠠᠷ 3 ᠵᠢᠯ ᠎ ᠠᠴᠠ ᠳᠡᠭᠡᠭᠰᠢ ᠣᠷᠣᠯᠴᠠᠭᠰᠠᠨ ᠪᠥᠭᠡᠳ ᠲᠤᠬᠠᠢ ᠶᠢᠨ ᠵᠢᠯ ᠳᠤ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠪᠤᠶᠤ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠵᠡᠷᠭᠡ ᠳᠡᠰ ᠤᠨ ᠦᠨᠡᠮᠯᠡᠯ ᠠᠪᠤᠭᠰᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠪᠣᠯ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠤᠷ᠎ᠠ ᠮᠡᠷᠭᠡᠰᠢᠯ ᠢ ᠳᠡᠭᠡᠭᠰᠢᠯᠡᠭᠦᠯᠬᠦ ᠨᠥᠬᠦᠪᠦᠷᠢ ᠣᠯᠬᠤ ᠪᠠᠷ ᠭᠤᠶᠤᠴᠢᠯᠠᠵᠤ ᠪᠣᠯᠣᠨ᠎ᠠ᠂ ᠬᠡᠷᠡᠭᠰᠡᠬᠦ ᠪᠡᠯᠡ ᠮᠥᠩᠭᠦ ᠶᠢ ᠲᠣᠭᠲᠠᠭᠠᠯ ᠶᠣᠰᠣᠭᠠᠷ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠠᠴᠠ ᠭᠠᠷᠭᠠᠨ᠎ᠠ ᠭᠡᠵᠡᠢ᠃      ᠡᠭᠦᠨ ᠠᠴᠠ ᠭᠠᠳᠠᠨ᠎ᠠ᠂ ᠠᠵᠢᠯᠴᠢᠨ ᠬᠠᠰᠤᠭᠰᠠᠨ ᠦᠭᠡᠢ ᠪᠤᠶᠤ ᠠᠵᠢᠯᠴᠢᠨ ᠴᠥᠭᠡᠨ ᠬᠠᠰᠤᠭᠰᠠᠨ ᠪᠣᠯᠣᠳ ᠲᠡᠮᠦᠷ ᠨᠡᠭᠦᠷᠡᠰᠦ ᠪᠠ ᠨᠡᠭᠦᠷᠡᠰᠦ ᠴᠠᠬᠢᠯᠭᠠᠨ ᠤ ᠠᠵᠢᠯ ᠲᠥᠷᠥᠯ ᠤᠨ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠦᠷᠢ ᠶᠢᠨ ᠨᠥᠬᠦᠴᠡᠯ ᠢ ᠪᠠᠭᠤᠷᠠᠭᠤᠯᠵᠤ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ ᠭᠡᠵᠦ ᠲᠥᠷᠥ ᠶᠢᠨ ᠪᠣᠳᠣᠯᠭ᠎ᠠ ᠳᠤ ᠪᠠᠰᠠ ᠲᠣᠳᠣᠷᠬᠠᠢ ᠲᠣᠭᠲᠠᠭᠠᠪᠠ᠃
 
ᠢᠷᠡᠯᠲᠡ᠄ ᠥᠪᠥᠷ ᠮᠣᠩᠭᠤᠯ ᠤᠨ ᠠᠮᠢᠳᠤᠷᠠᠯ ᠭᠠᠷᠠᠭ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号