ᠬᠤᠰᠢᠭᠤᠨ ᠳᠠᠷᠤᠭ᠎ᠠ ᠬᠠᠢ ᠴᠢᠩ ᠪᠠᠶᠠᠷ ᠤᠨ ᠡᠳᠦᠷ ᠤᠨ ᠡᠮᠦᠨ᠎ᠡ ᠬᠥᠳᠡᠯᠮᠦᠷᠢ ᠶᠢᠨ ᠵᠢᠱᠢᠶᠡᠴᠢ ᠶᠢᠨ ᠲᠥᠯᠥᠭᠡᠯᠡᠭᠴᠢᠳ ᠢ  ᠲᠣᠬᠤᠨᠢᠭᠤᠯᠪᠠ
ᠨᠡᠶᠢᠲᠡᠯᠡᠭᠰᠡᠨ ᠴᠠᠭ᠄
2017-07-26
     4 ᠰᠠᠷ᠎ᠠ ᠶᠢᠨ23᠎ ᠤ ᠡᠳᠦᠷ᠂ ︽5.1︾  ᠎ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠤᠨ ᠡᠳᠦᠷ ᠪᠣᠯᠬᠤ ᠲᠠᠰᠢᠷᠠᠮ ᠢᠶᠠᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠬᠠᠢ ᠴᠢᠩ᠂ ᠠᠵᠢᠯᠴᠢᠨ ᠤ ᠡᠪᠯᠡᠯ ᠤᠨ ᠬᠠᠷᠢᠭᠤᠴᠠᠯᠭᠠᠲᠠᠨ ᠲᠠᠢ ᠬᠠᠮᠲᠤ ᠮᠠᠨ ᠤ ᠬᠤᠰᠢᠭᠤᠨ ᠤ ᠬᠥᠳᠡᠯᠮᠦᠷᠢ ᠶᠢᠨ ᠵᠢᠱᠢᠶᠡᠴᠢ ᠲᠥᠯᠥᠭᠡᠯᠡᠭᠴᠢ ᠶᠢᠨ ᠬᠢᠨ ᠳᠤ ᠬᠦᠷᠴᠦ ᠲᠥᠪᠬᠢᠨᠡᠭᠦᠯᠬᠦ ᠶᠢᠨ ᠬᠠᠮᠲᠤ  ᠲᠣᠬᠤᠨᠢᠭᠤᠯᠤᠯ ᠤᠨ ᠮᠥᠩᠭᠦ ᠪᠣᠯᠣᠨ ᠪᠠᠶᠠᠷ ᠎ ᠤᠨ ᠡᠳᠦᠷ ᠤᠨ ᠵᠥᠩᠨᠡᠯ ᠮᠡᠨᠳᠦ ᠬᠦᠷᠭᠡᠪᠡ᠃       ᠬᠠᠢ ᠴᠢᠩ ᠳᠠᠷᠤᠭ᠎ᠠ ᠬᠠᠮᠲᠤ ᠶᠠᠪᠤᠭᠰᠠᠳ ᠲᠠᠢ ᠪᠠᠨ ︽ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠶᠢᠨ ᠮᠧᠳ᠋ᠯ︾ ᠬᠦᠷᠲᠡᠭᠴᠢ ᠪᠠᠯᠵᠢᠨᠢᠮ᠎ᠠ ᠨᠥᠬᠦᠷ ᠪᠣᠯᠣᠨ ︽ᠬᠠᠷᠠᠮᠥ᠋ᠷᠡᠨ ᠮᠤᠵᠢ ᠶᠢᠨ ᠬᠥᠳᠡᠯᠮᠦᠷᠢ ᠶᠢᠨ ᠵᠢᠱᠢᠶᠡᠴᠢ ᠶᠢᠨ ᠴᠣᠯᠠ︾ ᠬᠦᠷᠲᠡᠭᠰᠡᠨ ᠡᠦ ᠹᠧᠩ ᠯᠢᠨ ᠨᠥᠬᠦᠷ ᠢ ᠪᠣᠯᠭᠤᠨ ᠲᠣᠬᠤᠨᠢᠭᠤᠯᠪᠠ᠃ ᠬᠥᠳᠡᠯᠮᠦᠷᠢ ᠶᠢᠨ ᠵᠢᠱᠢᠶᠡᠴᠢ ᠶᠢᠨ ᠭᠡᠷ ᠲᠤ᠂ ᠬᠠᠢ ᠴᠢᠩ ᠳᠠᠷᠤᠭ᠎ᠠ ᠲᠡᠳᠡᠨᠦᠰ ᠲᠠᠢ  ᠳᠣᠲᠣᠨᠣᠰᠤᠭ ᠢᠶᠠᠷ ᠶᠠᠷᠢᠯᠴᠠᠵᠤ᠂ ᠲᠡᠳᠡᠨ ᠤ ᠭᠡᠷ ᠪᠦᠯᠢ ᠶᠢᠨ ᠪᠠᠶᠢᠳᠠᠯ᠂ ᠪᠡᠶ᠎ᠡ ᠮᠠᠬᠠᠪᠤᠳ ᠤᠨ ᠡᠷᠡᠭᠦᠯ ᠴᠢᠭᠢᠷᠠᠭ  ᠪᠣᠯᠣᠨ ᠠᠵᠢᠯ ᠠᠴᠠ ᠠᠮᠠᠷᠠᠭᠰᠠᠨ ᠤ ᠳᠠᠷᠠᠭᠠᠬᠢ ᠠᠮᠢᠳᠤᠷᠠᠯ ᠤᠨ ᠪᠠᠶᠢᠳᠠᠯ ᠢ ᠨᠠᠷᠢᠯᠢᠭ ᠠᠰᠠᠭᠤᠵᠤ᠂ ᠨᠢᠳᠦᠨ ᠡᠮᠦᠨᠡᠬᠢ ᠬᠦᠴᠢᠷᠳᠡᠯ ᠢᠶᠠᠨ ᠴᠢᠷᠮᠠᠶᠢᠨ ᠢᠯᠠᠬᠤ ᠶᠢ ᠵᠣᠷᠢᠭᠵᠢᠭᠤᠯᠬᠤ ᠶᠢᠨ ᠬᠠᠮᠲᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠪᠰᠤᠷᠤᠨ ᠲᠡᠳᠬᠦᠬᠦ ᠠᠵᠢᠯ ᠎ ᠢᠶᠠᠨ ᠰᠠᠶᠢᠲᠤᠷ ᠬᠢᠬᠦ ᠶᠢ  ᠵᠠᠬᠢᠵᠤ ᠰᠠᠨᠠᠭᠤᠯᠤᠭᠰᠠᠨ ᠪᠠᠶᠢᠨ᠎ᠠ᠃       ᠬᠠᠢ ᠴᠢᠩ ᠲᠡᠳᠡᠨᠦᠰ ᠤᠨ ᠪᠡᠶ᠎ᠡ ᠶᠢᠨ ᠡᠷᠡᠭᠦᠯ ᠮᠡᠨᠳᠦ ᠪᠠᠶᠢᠬᠤ ᠶᠢ ᠬᠦᠰᠡᠬᠦ ᠶᠢᠨ ᠬᠠᠮᠲᠤ᠂ ᠲᠡᠳᠡᠨᠦᠰ ᠤᠨ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠢᠷᠭᠠᠭᠤ ᠬᠥᠳᠡᠯᠮᠦᠷᠢ ᠪᠠᠨ ᠡᠷᠭᠦᠭᠰᠡᠨ ᠳᠤ ᠬᠦᠨᠳᠦᠳᠬᠡᠯ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠬᠥᠳᠡᠯᠮᠦᠷᠢ ᠶᠢᠨ ᠵᠢᠱᠢᠶᠡᠴᠢ ᠵᠣᠬᠢᠶᠠᠨ ᠪᠠᠶᠢᠭᠤᠯᠤᠯᠲᠠ ᠎ ᠶᠢᠨ ᠬᠠᠶᠢᠷ᠎ᠠ ᠬᠠᠯᠠᠮᠵᠢ ᠳᠤ ᠲᠠᠯᠠᠷᠬᠠᠵᠤ᠂ ᠳᠠᠶᠢᠴᠢᠯᠠᠨ ᠳᠠᠭᠠᠭᠤᠯᠬᠤ ᠵᠢᠱᠢᠶᠡᠴᠢ ᠶᠢᠨ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠵᠤ᠂ ᠢᠯᠡᠭᠦᠴᠡ ᠬᠦᠴᠦ ᠬᠥᠳᠡᠯᠮᠦᠷᠢ ᠪᠠᠨ ᠵᠣᠷᠢᠭᠵᠢᠭᠤᠯᠬᠤ ᠪᠠᠷ ᠢᠯᠡᠳᠬᠡᠨ᠎ᠡ᠃
 
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号