ᠥᠪᠥᠷ ᠮᠣᠩᠭᠤᠯ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠢᠨᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ70 ᠵᠢᠯ ᠤᠨ ᠣᠢ ᠪᠠᠨ ᠦᠪᠡᠳᠡᠭᠰᠢ ᠶᠡᠬᠡᠪᠡᠷ ᠪᠡᠯᠭᠡ᠊
ᠨᠡᠶᠢᠲᠡᠯᠡᠭᠰᠡᠨ ᠴᠠᠭ᠄
2017-08-14
     
      8 ᠰᠠᠷ᠎ᠠ ᠶᠢᠨ8᠎ ᠤ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ70 ᠵᠢᠯ ᠤᠨ ᠣᠢ ᠶᠢ ᠪᠡᠯᠭᠡᠯᠡᠬᠦ ᠶᠡᠭᠡ ᠬᠤᠷᠠᠯ ᠥᠪᠥᠷ ᠮᠣᠩᠭᠤᠯ ᠤᠨ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠰᠣᠶᠣᠯ ᠲᠠᠮᠢᠷ ᠤᠨ ᠬᠥᠳᠡᠯᠭᠡᠭᠡᠨ ᠤ ᠲᠥᠪ ᠲᠤ ᠦᠪᠡᠳᠡᠭᠰᠢ ᠶᠡᠬᠡᠪᠡᠷ ᠶᠠᠪᠤᠭᠳᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠤᠨ ᠬᠤᠷᠢᠶ᠎ᠠ᠂ ᠪᠦᠬᠦ ᠤᠯᠤᠰ ᠤᠨ ᠠᠷᠠᠳ ᠎ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠪᠠᠶᠠᠷ ᠤᠨ  ᠴᠠᠬᠢᠯᠭᠠᠨ ᠮᠡᠳᠡᠭᠡ ᠢᠷᠡᠭᠦᠯᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠲᠥᠪ ᠤᠨ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠢᠦᠢ ᠵᠧᠩ ᠱᠧᠩ ᠬᠤᠷᠠᠯ ᠳᠤ ᠣᠷᠣᠯᠴᠠᠵᠤ ᠶᠡᠭᠡ ᠬᠤᠷᠠᠯ ᠳᠡᠭᠡᠷ᠎ᠡ ᠶᠠᠷᠢᠶ᠎ᠠ ᠲᠠᠯᠪᠢᠪᠠ᠃        ᠡᠨᠡ‌ᠡᠳᠦᠷ ᠪᠣᠭᠤᠮᠲᠠ ᠶᠢᠨ ᠭᠠᠳᠠᠨᠠᠬᠢ ᠬᠥᠬᠡᠬᠤᠲᠠ ᠳᠤ ᠬᠤᠸᠠᠷ ᠴᠡᠴᠡᠭ ᠥᠩᠭᠡ ᠢᠯᠭᠠᠷᠠᠨ ᠳᠡᠯᠭᠡᠷᠡᠵᠦ᠂ ᠲᠤᠭ ᠳᠠᠯᠪᠠᠭ᠎ᠠ ᠰᠠᠯᠬᠢᠨ ᠤ ᠠᠶ᠎ᠠ ᠪᠠᠷ ᠨᠠᠮᠢᠷᠠᠨ᠂ ᠪᠠᠶᠠᠷ ᠤᠨ ᠡᠳᠦᠷ ᠤᠨ ᠠᠭᠤᠷ ᠠᠮᠢᠰᠬᠤᠯ ᠢᠶᠠᠷ ᠪᠢᠯᠬᠠᠨ᠎ᠠ᠃ ᠪᠠᠶᠠᠷ ᠤᠨ ᠡᠳᠦᠷ ᠤᠨ ᠬᠤᠪᠴᠠᠰᠤ ᠵᠠᠰᠠᠯ ᠢᠶᠠᠷ ᠢᠶᠠᠨ ᠭᠤᠶᠣᠯᠠᠭᠰᠠᠨ ᠡᠯ᠎ᠡ ᠦᠨᠳᠦᠰᠦᠲᠡᠨ ᠡᠯ᠎ᠡ ᠡᠲᠡᠭᠡᠳ ᠤᠨ1.2 ᠲᠦᠮᠡᠨ ᠺᠠᠳ᠋ᠷ ᠣᠯᠠᠨ ᠲᠦᠮᠡᠨ ᠳᠥᠷᠪᠡᠨ ᠵᠦᠭ ᠨᠠᠢᠮᠠᠨ ᠵᠣᠪᠬᠢᠰ ᠠᠴᠠ ᠰᠣᠶᠣᠯ ᠲᠠᠮᠢᠷ ᠤᠨ ᠬᠥᠳᠡᠯᠭᠡᠭᠡᠨ ᠤ ᠲᠥᠪ ᠲᠤ ᠴᠤᠭᠯᠠᠷᠠᠵᠤ᠂ ᠪᠠᠶᠠᠷ ᠤᠨ ᠡᠳᠦᠷ ᠢᠶᠠᠨ ᠬᠠᠮᠲᠦᠪᠡᠷ ᠪᠡᠯᠭᠡᠯᠡᠪᠡ᠃ ᠰᠠᠷᠠᠭᠤᠯ ᠠᠭᠤᠳᠠᠮ ᠬᠤᠷᠠᠯ ᠤᠨ ᠲᠠᠯᠠᠪᠠᠢ ᠳᠤ᠂ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤᠪᠡᠷ ᠲᠡᠷᠭᠡᠯᠰᠢᠭᠦᠯᠦᠶ᠎ᠡ︾ ᠭᠡᠰᠡᠨ ᠭᠤᠣᠯ ᠰᠡᠳᠦᠪᠲᠦ ᠤᠷᠢᠶ᠎ᠠ ᠯᠣᠽᠦ᠋ᠩ ᠬᠤᠪᠢ ᠶᠢᠨ ᠭᠠᠳᠠᠨ᠎ᠠ ᠢᠯᠠ ᠬᠠᠷᠠᠭᠳᠠᠵᠤ᠂ ᠮᠣᠩᠭᠤᠯ ᠬᠢᠲᠠᠳ ᠢᠶᠠᠷ ᠪᠢᠴᠢᠭᠰᠡᠨ ︽ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠶ᠎ᠠ︾ ᠭᠡᠰᠡᠨ ᠬᠥᠨᠳᠡᠯᠡᠨ ᠪᠢᠴᠢᠭᠡᠰᠦ ᠶᠢ ᠥᠨᠳᠥᠷ ᠲᠤ ᠡᠯᠭᠦᠵᠦ᠂ ᠪᠦᠬᠦᠶᠢᠯᠡ ᠬᠤᠷᠠᠯ ᠤᠨ ᠲᠠᠯᠠᠪᠠᠢ ᠳᠤ ᠦᠵᠡᠭᠴᠢᠳ ᠳᠦᠭᠦᠷᠴᠡᠢ᠃       ᠦᠳᠡ ᠶᠢᠨ ᠬᠤᠶᠢᠨᠠᠬᠢ 4 ᠴᠠᠭ ᠲᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠬᠤᠷᠠᠯ ᠡᠬᠢᠯᠡᠭᠰᠡᠨ ᠢ ᠨᠡᠶᠢᠲᠡᠯᠡᠪᠡ᠃ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠤᠨ ᠳᠤᠮᠳᠠ᠂ ᠭᠡᠷᠡᠯ ᠭᠢᠯᠪᠠᠭ᠎ᠠ ᠲᠠᠢ ᠲᠠᠪᠤᠨ ᠣᠳᠣᠲᠤ ᠤᠯᠠᠭᠠᠨ ᠲᠤᠭ ᠠᠯᠭᠤᠷᠬᠠᠨ ᠮᠠᠨᠳᠤᠪᠠ᠃  ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ᠂ ᠲᠥᠪ ᠤᠨ ᠲᠥᠯᠥᠭᠡᠯᠡᠭᠴᠢᠳ ᠎ ᠤᠨ ᠪᠦᠯᠬᠦᠮ ᠤᠨ ᠳᠡᠳ᠋ ᠳᠠᠷᠤᠭ᠎ᠠ ᠮᠥᠷᠲᠡᠭᠡᠨ ᠨᠠᠷᠢᠨ ᠪᠢᠴᠢᠭ ᠤᠨ ᠳᠠᠷᠤᠭ᠎ᠠ ᠯᠢᠤ ᠶᠠᠨ ᠳ᠋ᠦᠩ ᠳᠤᠮᠳᠠᠳᠤ ᠤᠯᠤᠰ ᠎ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠎ ᠤᠨ ᠪᠠᠶᠢᠩᠭᠤ ᠶᠢᠨ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ70 ᠵᠢᠯ ᠤᠨ ᠣᠢ ᠶᠢ ᠪᠡᠯᠭᠡᠯᠡᠬᠦ ᠲᠤᠬᠠᠢ ᠪᠠᠶᠠᠷ ᠤᠨ ᠴᠠᠬᠢᠯᠭᠠᠨ ᠴᠢᠮᠡᠭᠡ ᠶᠢ ᠤᠩᠰᠢᠨ ᠨᠡᠶᠢᠲᠡᠯᠡᠪᠡ᠃        ᠬᠠᠯᠠᠭᠤᠨ ᠠᠯᠠᠭ᠎ᠠ ᠲᠠᠰᠢᠯᠲᠠ ᠶᠢᠨ ᠳᠤᠮᠳᠠ᠂ ᠢᠦᠢ ᠵᠧᠨ ᠱᠧᠩ ᠰᠡᠳᠬᠢᠯ ᠪᠢᠯᠬᠠᠮ᠎ᠠ ᠶᠠᠷᠢᠶ᠎ᠠ ᠲᠠᠯᠪᠢᠪᠠ᠃ ᠲᠡᠷᠡ᠂ ᠮᠠᠨ ᠤ ᠲᠥᠪ ᠤᠨ ᠲᠥᠯᠥᠭᠡᠯᠡᠭᠴᠢᠳ ᠤᠨ ᠪᠦᠯᠬᠦᠮ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠳᠣᠲᠣᠨᠣ ᠬᠠᠯᠠᠮᠵᠢᠯᠠᠯ ᠪᠣᠯᠣᠨ ᠪᠦᠬᠦ ᠤᠯᠤᠰ ᠤᠨ ᠦᠨᠳᠦᠰᠦᠲᠡᠨ ᠨᠥᠬᠦᠳ ᠤᠨ ᠠᠷᠠᠳ ᠲᠦᠮᠡᠨ ᠤ ᠰᠠᠶᠢᠨ ᠰᠠᠶᠢᠬᠠᠨ ᠢᠷᠦᠭᠡᠯ ᠵᠥᠩᠨᠡᠯ ᠢ ᠠᠪᠴᠤ᠂ ᠥᠪᠥᠷ ᠮᠣᠩᠭᠤᠯ ᠤᠨ ᠦᠨᠳᠦᠰᠦᠲᠡᠨ ᠨᠥᠬᠦᠳ ᠤᠨ ᠠᠷᠠᠳ ᠲᠦᠮᠡᠨ ᠲᠠᠢ ᠬᠠᠮᠲᠤ ᠪᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ70 ᠵᠢᠯ ᠤᠨ ᠣᠢ ᠶᠢ ᠦᠪᠡᠳᠡᠭᠰᠢ ᠶᠡᠬᠡᠪᠡᠷ ᠪᠡᠯᠭᠡᠯᠡᠵᠦ ᠪᠠᠶᠢᠨ᠎ᠠ᠃ ᠶᠠᠭᠤᠨ ᠤ ᠡᠮᠦᠨ᠎ᠡ᠂ ᠪᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠎ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢ ᠲᠥᠯᠥᠭᠡᠯᠡᠨ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠪᠠ ᠡᠯ᠎ᠡ ᠡᠲᠡᠭᠡᠳ ᠤᠨ ᠬᠥᠮᠥᠰ᠂  ᠠᠷᠠᠳ ᠎ ᠤᠨ ᠴᠢᠯᠦᠭᠡᠯᠡᠬᠦ ᠴᠡᠷᠢᠭ ᠤᠨ ᠥᠪᠥᠷ ᠮᠣᠩᠭᠤᠯ ᠳᠤ ᠰᠠᠭᠤᠭ᠎ᠠ ᠴᠡᠷᠢᠭ ᠠᠩᠭᠢ ᠶᠢᠨ ᠵᠢᠯᠣᠭᠤᠳᠤᠭᠴᠢ ᠪᠠᠶᠢᠯᠳᠤᠭᠴᠢᠳ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠪᠠ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠨᠠᠷ ᠲᠤ ᠬᠠᠯᠠᠭᠤᠨ ᠪᠠᠶᠠᠷ ᠬᠦᠷᠭᠡᠬᠦ ᠎ ᠶᠢᠨ ᠬᠠᠮᠲᠤ ᠳᠣᠲᠣᠨᠣ ᠮᠡᠨᠳᠦᠴᠢᠯᠡᠯ ᠢᠶᠠᠨ ᠳᠡᠪᠰᠢᠭᠦᠯᠦᠶ᠎ᠡ︔ ᠥᠪᠥᠷ ᠮᠣᠩᠭᠤᠯ ᠤᠨ ᠬᠥᠭᠵᠢᠯᠲᠡ ᠳᠠᠪᠰᠢᠯᠲᠠ ᠳᠤ ᠬᠠᠯᠠᠮᠵᠢᠯᠠᠯ ᠳᠡᠮᠵᠢᠯᠭᠡ ᠦᠵᠡᠭᠦᠯᠦᠭᠰᠡᠨ ᠨᠠᠶᠢᠵᠠ ᠨᠥᠬᠦᠳ ᠨᠠᠷ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ ᠭᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号