ᠰᠢᠨ᠎ᠡ ᠪᠠᠷᠭᠤ ᠵᠡᠭᠦᠨ ᠬᠤᠰᠢᠭᠤ ᠬᠢᠲᠠᠳ ᠦᠭᠡ ᠬᠡᠯᠡ ᠦᠰᠦᠭ ᠪᠢᠴᠢᠭ ᠢ ᠳᠦᠷᠢᠮᠵᠢᠭᠦᠯᠦᠨ ᠪᠠᠷᠢᠮᠵᠢᠶᠠᠵᠢᠭᠤᠯᠬᠤ ᠪᠣᠯᠪᠠᠰᠤᠷᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2017-08-14
 
        ᠮᠠᠨ ᠤ ᠬᠤᠰᠢᠭᠤᠨ ᠤ ᠬᠢᠲᠠᠳ ᠦᠭᠡ ᠬᠡᠯᠡ ᠦᠰᠦᠭ ᠪᠢᠴᠢᠭ ᠤᠨ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠶᠢᠨ ᠲᠥᠯᠥᠭᠡ᠂ ᠰᠢᠨ᠎ᠡ ᠪᠠᠷᠭᠤ ᠵᠡᠭᠦᠨ ᠬᠤᠰᠢᠭᠤᠨ ᠤ ᠬᠢᠲᠠᠳ ᠦᠭᠡ ᠬᠡᠯᠡ ᠦᠰᠦᠭ ᠪᠢᠴᠢᠭ ᠤᠨ ᠠᠵᠢᠯ ᠤᠨ ᠵᠥᠪᠯᠡᠯ ᠠᠴᠠ2017 ᠣᠨ ᠤ ᠦᠭᠡ ᠬᠡᠯᠡ ᠦᠰᠦᠭ ᠪᠢᠴᠢᠭ ᠢ ᠳᠦᠷᠢᠮᠵᠢᠭᠦᠯᠦᠨ ᠪᠠᠷᠢᠮᠵᠢᠶᠠᠵᠢᠭᠤᠯᠬᠤ ᠪᠣᠯᠪᠠᠰᠤᠷᠠᠯ ᠤᠨ ᠬᠤᠷᠠᠯ ᠢ ᠡᠷᠬᠢᠯᠡᠵᠦ᠂ ᠬᠢᠲᠠᠳ ᠦᠭᠡ ᠬᠡᠯᠡ ᠦᠰᠦᠭ ᠪᠢᠴᠢᠭ ᠤᠨ ᠠᠵᠢᠯ ᠎ ᠤᠨ ᠵᠥᠪᠯᠡᠯ ᠤᠨ ᠭᠡᠰᠢᠭᠦᠨ‌ᠨᠢᠭᠡᠴᠡ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠠᠵᠢᠯᠲᠠᠳ ᠨᠡᠶᠢᠲᠡ100 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠪᠠ᠃       ᠡᠨᠡ ᠤᠳᠠᠭᠠᠨ ᠤ ᠪᠣᠯᠪᠠᠰᠤᠷᠠᠯ ᠤᠨ ᠬᠢᠴᠢᠶᠡᠯ ᠢ ᠲᠤᠰ ᠠᠵᠢᠯ ᠢ ᠳᠠᠶᠢᠴᠢᠯᠠᠨ ᠳᠠᠭᠠᠭᠤᠯᠬᠤ ᠰᠠᠯᠠᠭ᠎ᠠ ᠮᠥᠴᠢᠷ ᠰᠤᠷᠭᠠᠨ ᠬᠥᠮᠥᠵᠢᠯ ᠰᠢᠨᠵᠢᠯᠡᠭᠡ ᠮᠡᠷᠭᠡᠵᠢᠯ ᠤᠨ ᠲᠣᠪᠴᠢᠶᠠᠨ ᠤ ᠳᠡᠳ᠋ ᠲᠣᠪᠴᠢᠶᠠᠨ ᠳᠠᠷᠤᠭ᠎ᠠ ᠾᠦᠸᠧ ᠢᠦᠢ ᠮᠸᠢ ᠠᠴᠠ ᠭᠤᠣᠯᠯᠠᠨ ᠶᠠᠷᠢᠪᠠ᠂ ᠪᠣᠯᠪᠠᠰᠤᠷᠠᠯ ᠤᠨ ᠬᠤᠷᠠᠯ ᠳᠡᠭᠡᠷ᠎ᠡ ᠦᠭᠡ ᠬᠡᠯᠡ ᠦᠰᠦᠭ ᠪᠢᠴᠢᠭ ᠢ ᠳᠦᠷᠢᠮᠵᠢᠭᠦᠯᠬᠦ ᠦᠨᠳᠦᠰᠦᠨ ᠮᠡᠳᠡᠯᠭᠡ᠂ ᠦᠭᠡ ᠬᠡᠯᠡ ᠦᠰᠦᠭ ᠪᠢᠴᠢᠭ ᠤᠨ ᠬᠠᠤᠯᠢ ᠴᠠᠭᠠᠵᠠ ᠪᠠ ᠳᠦᠷᠢᠮ ᠲᠣᠭᠲᠠᠭᠠᠯ᠂ ᠳᠡᠯᠭᠡᠷᠡᠭᠦᠯᠦᠨ ᠲᠦᠭᠡᠮᠡᠯᠵᠢᠭᠦᠯᠬᠦ ᠭᠠᠷᠠᠭ ᠤᠨ ᠠᠵᠢᠯᠯᠠᠭᠠᠨ᠂ ᠦᠨᠡᠯᠡᠨ ᠨᠤᠲᠠᠯᠠᠬᠤ ᠪᠠᠷᠢᠮᠵᠢᠶᠠᠨ ᠤ ᠰᠢᠰᠲ᠋ᠧᠮ ᠢ ᠣᠶᠢᠯᠠᠭᠠᠬᠤ ᠳᠥᠷᠪᠡᠨ ᠲᠣᠮᠣ ᠬᠡᠰᠡᠭ ᠢ ᠨᠠᠷᠢᠨ ᠲᠣᠳᠣᠷᠬᠠᠢ ᠶᠠᠷᠢᠵᠤ᠂ ᠡᠯ᠎ᠡ ᠭᠡᠰᠢᠭᠦᠨ ᠨᠢᠭᠡᠴᠡ ᠳᠤ ᠪᠣᠯᠪᠠᠰᠤᠷᠠᠯ ᠬᠢᠬᠦ ᠪᠠᠷ ᠳᠠᠮᠵᠢᠵᠤ ᠦᠭᠡ ᠬᠡᠯᠡ ᠦᠰᠦᠭ ᠪᠢᠴᠢᠭ ᠤᠨ ᠠᠵᠢᠯ ᠤᠨ ᠬᠠᠤᠯᠢ ᠴᠠᠭᠠᠵᠠ ᠶᠢᠨ ᠦᠨᠳᠦᠰᠦᠯᠡᠯ᠂ ᠨᠡᠶᠢᠲᠡᠯᠢᠭ ᠬᠡᠯᠡ ᠶᠢ ᠳᠡᠯᠭᠡᠷᠡᠭᠦᠯᠬᠦ ᠠᠴᠢ ᠬᠤᠯᠪᠣᠭᠳᠠᠯ᠂ ᠦᠨᠡᠯᠡᠨ ᠨᠤᠲᠠᠯᠠᠬᠤ ᠪᠠᠷᠢᠮᠵᠢᠶᠠᠨ ᠤ ᠰᠢᠰᠲ᠋ᠧᠮ ᠤᠨ ᠲᠠᠶᠢᠯᠪᠤᠷᠢᠯᠠᠯᠲᠠ ᠵᠢᠴᠢ ᠦᠨᠡᠯᠡᠨ ᠵᠢᠱᠢᠵᠦ ᠰᠢᠯᠭᠠᠨ ᠠᠪᠬᠤ ᠶᠠᠪᠤᠴᠠ ᠵᠡᠷᠭᠡ ᠶᠢ ᠪᠦᠬᠦ ᠲᠠᠯ᠎ᠠ ᠪᠠᠷ ᠣᠶᠢᠯᠠᠭᠤᠯᠵᠤ᠂ ᠪᠠᠶᠢᠴᠠᠭᠠᠯᠲᠠ ᠶᠢ ᠬᠦᠯᠢᠶᠡᠵᠦ ᠵᠠᠪᠠᠯ ᠪᠠᠶᠢᠴᠠᠭᠠᠭᠳᠠᠬᠤ ᠨᠢᠭᠡᠴᠡ ᠳᠤ ᠲᠤᠰ ᠠᠵᠢᠯ ᠢ ᠥᠷᠨᠢᠭᠦᠯᠬᠦ ᠴᠢᠬᠤᠯᠠ ᠠᠴᠢ ᠬᠤᠯᠪᠣᠭᠳᠠᠯ ᠢ ᠣᠶᠢᠯᠠᠭᠤᠯᠤᠨ᠎ᠠ᠃       ᠬᠤᠷᠠᠯ ᠳᠡᠭᠡᠷ᠎ᠡ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠳᠠᠩᠰᠠ ᠡᠪᠬᠡᠮᠡᠯ ᠬᠢᠬᠦ ᠬᠤᠯᠪᠣᠭᠳᠠᠯ ᠪᠦᠬᠦᠢ ᠱᠠᠭᠠᠷᠳᠠᠯᠭ᠎ᠠ ᠶᠢ ᠲᠣᠳᠣᠷᠬᠠᠢ ᠳᠤᠷᠠᠳᠴᠤ᠂ ᠬᠢᠨᠠᠨ ᠰᠢᠯᠭᠠᠯᠲᠠ ᠶᠢ ᠬᠦᠯᠢᠶᠡᠬᠦ ᠪᠡᠯᠡᠳᠬᠡᠯ ᠠᠵᠢᠯ ᠢ ᠰᠠᠶᠢᠲᠤᠷ ᠬᠢᠵᠦ᠂ ᠮᠠᠨ ᠤ ᠬᠤᠰᠢᠭᠤ  ᠬᠢᠨᠠᠨ ᠰᠢᠯᠭᠠᠯᠲᠠ ᠶᠢ ᠤᠷᠤᠭᠰᠢᠲᠠᠢ ᠥᠩᠭᠡᠷᠡᠭᠦᠯᠬᠦ ᠶᠢ ᠪᠠᠲᠤᠯᠠᠬᠤ ᠶᠢ ᠴᠢᠬᠤᠯᠠᠴᠢᠯᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号