ᠸᠢᠴᠠᠲ ᠤᠨ ᠨᠡᠶᠢᠲᠡ ᠶᠢᠨ ᠳ᠋ᠤᠭᠠᠷ ᠤᠨ ᠰᠦᠢᠳᠭᠡᠯ ᠲᠤᠰᠢᠶᠠᠵᠤ ᠵᠠᠬᠢᠶᠠᠯᠠᠨ ᠤᠡᠭᠰᠢᠬᠤ ᠴᠢᠳᠠᠮᠵᠢ ᠶᠢ ᠶᠠᠭ ᠲᠤᠷᠰᠢᠵᠤ ᠪᠤᠢ᠂ ᠲᠠ ᠰᠢᠨ᠎ᠡ ᠵᠠᠭᠤᠴᠢᠯᠠᠭᠤᠷ ᠤᠨ ᠠᠭᠤᠯᠭ᠎ᠠ ᠳᠤ ᠰᠦᠢᠳᠭᠡᠯ ᠲᠤᠰᠢᠶᠠᠬᠤ ᠲᠤᠷᠠᠳᠠᠢ ᠤᠤ︖
ᠨᠡᠶᠢᠲᠡᠯᠡᠭᠰᠡᠨ ᠴᠠᠭ᠄
2017-08-16
    ᠲᠧᠩ ᠰᠢᠶᠦ᠋ᠨ ᠺᠤᠮᠫᠠᠨᠢ ᠸᠢᠴᠠᠲ ᠤᠨ ᠨᠡᠶᠢᠲᠡ ᠶᠢᠨ ᠳ᠋ᠤᠭᠠᠷ ᠤᠨ ᠰᠦᠢᠳᠭᠡᠯ  ᠲᠤᠰᠢᠶᠠᠵᠤ ᠵᠠᠬᠢᠶᠠᠯᠠᠨ ᠤᠡᠭᠰᠢᠬᠤ ᠴᠢᠳᠠᠮᠵᠢ ᠭᠠᠷᠭᠠᠬᠤ ᠪᠠᠷ ᠪᠤᠢ ᠭᠡᠵᠤ ᠤᠢᠢᠷ᠎ᠠ ᠳᠤ ᠵᠠᠷᠢᠮ ᠵᠠᠭᠤᠴᠢᠯᠠᠭᠤᠷ ᠤᠨ ᠬᠢᠨ ᠮᠡᠳᠡᠭᠡᠯᠡᠵᠠᠢ᠃ 16᠎ ᠤ ᠡᠳᠤᠷ ᠸᠢᠴᠠᠲ ᠤᠨ ᠬᠢᠨ ᠲᠤᠮᠳᠠᠳᠤ ᠤᠯᠤᠰ ᠤᠨ ᠰᠤᠨᠢᠨ ᠮᠡᠳᠡᠭᠡᠨ ᠤ ᠰᠦᠯᠵᠢᠶ᠎ᠡ ᠶᠢᠨ ᠰᠤᠷᠪᠤᠯᠵᠢᠯᠠᠭᠴᠢ ᠎ ᠳᠤ ᠬᠡᠯᠡᠬᠦ ᠳᠡᠭᠡᠨ᠂ ᠸᠢᠴᠠᠲ ᠤᠨ ᠨᠡᠶᠢᠲᠡ ᠶᠢᠨ ᠳ᠋ᠤᠭᠠᠷ ᠤᠨ ᠰᠦᠢᠳᠭᠡᠯ ᠲᠤᠰᠢᠶᠠᠵᠤ ᠵᠠᠬᠢᠶᠠᠯᠠᠨ ᠤᠡᠭᠰᠢᠬᠤ ᠴᠢᠳᠠᠮᠵᠢ ᠭᠠᠷᠭᠠᠬᠤ ᠪᠠᠷ ᠪᠠᠶᠢᠭ᠎ᠠ ᠨᠢ ᠦᠨᠡᠨ ᠪᠦᠭᠡᠳ ︽ᠲᠤᠷᠰᠢᠯᠲᠠ ᠶᠢᠨ ᠱᠠᠳᠤᠨ ᠳᠤ ᠪᠤᠢ︾ ᠭᠡᠵᠠᠢ᠃           iresearch ᠰᠠᠨᠠᠯ ᠵᠦᠪᠯᠡᠯᠭᠡ ᠶᠢᠨ ᠪᠦᠯᠦᠭᠯᠡᠯ ᠤᠨ ᠨᠡᠶᠢᠲᠡᠯᠡᠭᠰᠡᠨ ︽2016 ᠤᠨ ᠤ ᠲᠤᠮᠳᠠᠳᠤ ᠤᠯᠤᠰ ᠤᠨ ᠰᠦᠯᠵᠢᠶᠡᠨ ᠤ ᠰᠢᠨ᠎ᠡ ᠵᠠᠭᠤᠴᠢᠯᠠᠭᠤᠷ ᠤᠨ ᠬᠡᠷᠡᠭᠯᠡᠭᠴᠢ ᠶᠢᠨ ᠰᠤᠳᠤᠯᠭᠠᠨ ᠤ ᠮᠡᠳᠡᠬᠦᠯᠦᠯᠲᠡ ︵ᠲᠤᠪᠴᠢ ᠬᠡᠪ︶︾᠎ ᠠᠴᠠ ᠦᠵᠡᠪᠡᠯ᠂ ︽2015 ᠤᠨ ᠤ ᠲᠤᠮᠳᠠᠳᠤ ᠤᠯᠤᠰ ᠤᠨ ᠰᠢᠨ᠎ᠡ ᠵᠠᠭᠤᠴᠢᠯᠠᠭᠤᠷ ᠤᠨ ᠬᠡᠷᠡᠭᠯᠡᠭᠴᠢ ᠎ ᠶᠢᠨ ᠰᠦᠢᠳᠭᠡᠯ ᠲᠤᠰᠢᠶᠠᠬᠤ ᠲᠠᠳᠬᠠᠯ ᠬᠢᠭᠡᠳ ᠬᠦᠰᠡᠯ ᠤᠨ ᠲᠤᠬᠠᠢ ᠪᠦᠷᠢᠳᠭᠡᠯ︾᠎ ᠳᠤ 33.8%᠎ ᠶᠢᠨ ᠰᠢᠨ᠎ᠡ ᠵᠠᠭᠤᠴᠢᠯᠠᠭᠤᠷ ᠤᠨ ᠬᠡᠷᠡᠭᠯᠡᠭᠴᠢ ᠨᠢᠭᠡᠨᠲᠡ ᠰᠢᠨ᠎ᠡ ᠵᠠᠭᠤᠴᠢᠯᠠᠭᠤᠷ ᠤᠨ ᠠᠭᠤᠯᠭ᠎ᠠ ᠳᠤ ᠰᠦᠢᠳᠭᠡᠯ ᠲᠤᠰᠢᠶᠠᠬᠤ ᠠᠵᠢᠯᠯᠠᠭ᠎ᠠ ᠠᠪᠴᠦ ᠦᠡᠭᠭᠡᠷᠡᠵᠠᠢ᠂ 15.6%᠎ ᠶᠢᠨ ᠬᠡᠷᠡᠭᠯᠡᠭᠴᠢ ᠰᠦᠢᠳᠭᠡᠯ ᠲᠤᠰᠢᠶᠠᠬᠤ ᠬᠦᠰᠡᠯ ᠲᠠᠢ ᠪᠤᠯᠪᠠᠴᠦ ᠬᠠᠷᠠᠬᠠᠨ ᠰᠦᠢᠳᠭᠡᠯ  ᠲᠤᠰᠢᠶᠠᠬᠤ ᠠᠵᠢᠯᠯᠠᠭ᠎ᠠ ᠠᠪᠤᠭᠠᠲᠠᠢ᠂ 50.6%᠎ ᠶᠢᠨ ᠬᠡᠷᠡᠭᠯᠡᠭᠴᠢ ᠰᠢᠨ᠎ᠡ ᠵᠠᠭᠤᠴᠢᠯᠠᠭᠤᠷ ᠤᠨ ᠠᠭᠤᠯᠭ᠎ᠠ ᠳᠤ ᠰᠦᠢᠳᠭᠡᠯ ᠲᠤᠰᠢᠶᠠᠬᠤ ᠲᠤᠷ᠎ᠠ ᠦᠭᠡᠢ ᠮᠦᠷᠲᠡᠭᠡᠨ ᠰᠦᠢᠳᠭᠡᠯ ᠲᠤᠰᠢᠶᠠᠬᠤ ᠬᠦᠰᠡᠯ ᠴᠦ ᠦᠭᠡᠢ ᠪᠠᠶᠢᠨ᠎ᠠ᠂ 2014 ᠤᠨ ᠤ ᠪᠠᠶᠢᠴᠠᠭᠠᠨ ᠰᠤᠳᠤᠯᠤᠯᠲᠠ ᠶᠢᠨ ᠲᠤᠭ᠎ᠠ ᠪᠠᠷᠢᠮᠲᠠ ᠠᠴᠠ ᠦᠵᠡᠪᠡᠯ  69.7%᠎ ᠶᠢᠨ ᠬᠡᠷᠡᠭᠯᠡᠭᠴᠢ ᠰᠢᠨ᠎ᠡ ᠵᠠᠭᠤᠴᠢᠯᠠᠭᠤᠷ ᠤᠨ ᠠᠭᠤᠯᠭ᠎ᠠ ᠳᠤ ᠰᠦᠢᠳᠭᠡᠯ ᠲᠤᠰᠢᠶᠠᠬᠤ ᠲᠤᠷ᠎ᠠ ᠦᠭᠡᠢ ᠠᠵᠢ᠃            ︽2016 ᠤᠨ ᠤ ᠲᠤᠮᠳᠠᠳᠤ ᠤᠯᠤᠰ ᠤᠨ ᠰᠦᠯᠵᠢᠶᠡᠨ ᠤ ᠰᠢᠨ᠎ᠡ ᠵᠠᠭᠤᠴᠢᠯᠠᠭᠤᠷ ᠤᠨ ᠬᠡᠷᠡᠭᠯᠡᠭᠴᠢ ᠶᠢᠨ ᠰᠤᠳᠤᠯᠭᠠᠨ ᠤ ᠮᠡᠳᠡᠬᠦᠯᠦᠯᠲᠡ ︵ᠳᠤᠪᠴᠢᠯᠠᠯ︶︾᠎ ᠶᠢᠨ ᠦᠵᠡᠬᠦ ᠪᠡ᠊᠂ ᠡᠨᠡ ᠨᠢ  ︽ᠰᠢᠨ᠎ᠡ ᠵᠠᠭᠤᠴᠢᠯᠠᠭᠤᠷ ᠤᠨ ᠬᠡᠷᠡᠭᠯᠡᠭᠴᠢ ᠶᠢᠨ ᠰᠦᠢᠳᠭᠡᠯ ᠲᠤᠰᠢᠶᠠᠵᠤ ᠴᠢᠨᠠᠷᠯᠢᠭ ᠠᠭᠤᠯᠭ᠎ᠠ ᠬᠦᠷᠲᠡᠬᠦ ᠲᠤᠬᠠᠢ ᠬᠡᠷᠡᠭᠯᠡᠭᠴᠢ ᠶᠢᠨ ᠬᠦᠮᠦᠵᠢᠯ ᠨᠢᠭᠡᠨᠲᠡ ᠠᠩᠬ᠎ᠠ ᠠᠯᠬᠤᠮ ᠤᠨ ᠦᠷ᠎ᠡ ᠪᠦᠳᠦᠮᠵᠢ ᠤᠯᠤᠭᠰᠠᠨ︾ ᠭᠡᠳᠡᠭ ᠢ ᠬᠠᠷᠠᠭᠤᠯᠵᠤ ᠪᠠᠶᠢᠭ᠎ᠠ ᠪᠤᠯᠪᠠᠴᠦ ︽ᠬᠡᠷᠡᠭᠯᠡᠭᠡ ᠬᠢᠬᠦ ᠬᠦᠰᠡᠯ ᠲᠠᠢ ᠴᠦ  ᠬᠠᠷᠠᠬᠠᠨ ᠬᠡᠷᠡᠭᠯᠡᠭᠡ ᠬᠢᠭᠡᠳᠦᠢ ᠨᠡᠯᠢᠶᠡᠳ ᠲᠤᠭᠠᠨ ᠤ ᠰᠢᠨ᠎ᠡ ᠵᠠᠭᠤᠴᠢᠯᠠᠭᠤᠷ ᠤᠨ ᠬᠡᠷᠡᠭᠯᠡᠭᠴᠢ ᠶᠢ ᠲᠠᠳᠠᠬᠤ ᠴᠢᠬᠤᠯᠠᠲᠠᠢ ᠪᠠᠶᠢᠨ᠎ᠠ᠃︾  
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号