ᠬᠤᠰᠢᠭᠤᠨ ᠳᠠᠷᠤᠭ᠎ᠠ ᠬᠠᠢ ᠴᠢᠩ  ᠵᠢᠪᠬᠤᠯᠠᠩᠲᠤ ᠰᠤᠮᠤᠨ ᠳᠤ  ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2017-08-17
   
        ᠬᠤᠰᠢᠭᠤᠨ ᠳᠠᠷᠤᠭ᠎ᠠ ᠬᠠᠢ ᠴᠢᠩ  ᠵᠢᠪᠬᠤᠯᠠᠩᠲᠤ ᠰᠤᠮᠤᠨ ᠳᠤ  ᠪᠠᠶᠢᠴᠠᠭᠠᠨ ᠰᠤᠳᠤᠯᠤᠯᠲᠠ ᠬᠢᠪᠡ             8 ᠰᠠᠷ᠎ᠠ ᠶᠢᠨ8᠎ ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠬᠠᠢ ᠴᠢᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠎ ᠤᠨ ᠡᠷᠬᠢᠯᠡᠭᠴᠢ ᠪᠢᠮᠪᠠ ᠵᠢᠴᠢ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠤᠰᠢᠭᠤᠨ ᠤ ᠲᠠᠷᠢᠶᠠᠯᠠᠩ ᠤᠨ ᠪᠠᠩᠬᠢ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠭᠤᠣᠯ ᠬᠠᠷᠢᠭᠤᠴᠠᠯᠭᠠᠲᠠᠳ ᠤᠨ ᠪᠠᠷ᠎ᠠ ᠪᠣᠯᠤᠯᠭ᠎ᠠ ᠪᠠᠷ ᠵᠢᠪᠬᠤᠯᠠᠩᠲᠤ ᠰᠤᠮᠤᠨ ᠳᠤ ᠭᠦᠨᠵᠡᠭᠡᠶᠢᠷᠡᠵᠦ ᠭᠤᠣᠯᠳᠠᠯᠭᠠᠲᠤ ᠠᠵᠢᠯ ᠢ ᠪᠠᠶᠢᠴᠠᠭᠠᠨ ᠰᠤᠳᠤᠯᠪᠠ᠃       ᠪᠠᠶᠢᠴᠠᠭᠠᠨ ᠰᠤᠳᠤᠯᠬᠤ ᠳᠤᠭᠤᠶᠢᠯᠠᠩ ᠬᠢᠨ ᠬᠥᠯᠥᠨ ᠭᠠᠴᠠᠭᠠᠨ ᠤ ᠳᠠᠩᠰᠠ ᠺᠠᠷᠲ ᠳᠤ ᠣᠷᠣᠭᠰᠠᠨ ᠨᠠᠰᠤᠨᠪᠠᠲᠤ ᠶᠢᠨ ᠭᠡᠷ ᠲᠤ ᠬᠦᠷᠴᠦ᠂ ᠮᠠᠯᠴᠢᠳ ᠲᠠᠢ ᠳᠣᠲᠣᠨᠣᠰᠤᠭ ᠢᠶᠠᠷ ᠶᠠᠷᠢᠯᠴᠠᠵᠤ᠂ ᠶᠠᠳᠠᠭᠤ ᠡᠷᠦᠬᠡ ᠶᠢᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠠᠷᠢᠯᠢᠭ ᠣᠶᠢᠯᠠᠭᠠᠵᠤ᠂  ᠲᠡᠭᠦᠨ ᠳᠤ ᠲᠣᠬᠤᠨᠢᠭᠤᠯᠭ᠎ᠠ ᠶᠢᠨ ᠮᠥᠩᠭᠦ ᠎ ᠶᠢ ᠭᠠᠷᠳᠠᠭᠤᠯᠵᠤ᠂ ᠬᠤᠰᠢᠭᠤ ᠨᠠᠮ ᠵᠠᠰᠠᠭ ᠤᠨ ᠬᠠᠶᠢᠷ᠎ᠠ ᠬᠠᠯᠠᠮᠵᠢᠯᠠᠯ ᠢ ᠬᠦᠷᠭᠡᠪᠡ᠃ ᠬᠥᠯᠥᠨ ᠭᠠᠴᠠᠭᠠᠨ ᠤ ᠨᠠᠰᠤᠨᠪᠠᠲᠤ ᠪᠣᠯ 2014 ᠣᠨ ᠤ ᠡᠴᠦᠰ ᠲᠤ ᠶᠠᠳᠠᠭᠤ ᠠᠴᠠ ᠠᠩᠭᠢᠵᠢᠷᠠᠭᠰᠠᠨ ᠡᠷᠦᠬᠡ ᠪᠣᠯᠣᠨ᠎ᠠ᠃ ᠪᠠᠶᠢᠭᠠᠯᠢ ᠎ ᠶᠢᠨ ᠭᠠᠮᠰᠢᠭ ᠠᠴᠠ ᠪᠣᠯᠵᠤ ᠤᠤᠯ ᠠᠴᠠ ᠪᠠᠨ ᠴᠢᠨᠡᠭᠡᠯᠢᠭ ᠪᠤᠰᠤ ᠭᠡᠷ ᠤᠨ ᠠᠮᠢᠳᠤᠷᠠᠯ ᠨᠢ ᠤᠯᠠᠮ ᠠᠴᠠ ᠶᠠᠳᠠᠭᠤᠷᠠᠪᠠ᠃ ᠭᠠᠴᠠᠭ᠎ᠠ ᠪᠣᠯᠣᠨ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠪᠠᠶᠢᠳᠠᠯ ᠢ ᠣᠶᠢᠯᠠᠭᠠᠭᠰᠠᠨ ᠤ ᠳᠠᠷᠠᠭ᠎ᠠ ᠲᠡᠳᠡᠨ ᠢ ᠴᠠᠭ ᠲᠤᠬᠠᠢ ᠳᠤᠨᠢ ᠶᠠᠳᠠᠭᠤ ᠡᠷᠦᠬᠡ ᠶᠢᠨ ᠳᠠᠩᠰᠠ ᠺᠠᠷᠲ ᠳᠤ ᠣᠷᠣᠭᠤᠯᠤᠨ ᠂ ᠠᠮᠢ ᠠᠬᠤᠶᠢᠴᠢ ᠠᠷᠠᠳ ᠢ ᠨᠡᠭᠦᠯᠭᠡᠬᠦ ᠲᠥᠷᠥᠯ ᠵᠦᠢᠯ ᠤᠨ60 ᠲᠡᠭᠰᠢ ᠳᠥᠷᠪᠡᠯᠵᠢᠨ ᠮᠧᠲᠷ ᠲᠣᠭᠤᠰᠬᠠᠨ ᠪᠠᠶᠢᠰᠢᠩ ᠵᠢᠴᠢ ᠶᠠᠳᠠᠭᠤ ᠶᠢ ᠲᠡᠳᠬᠦᠬᠦ ᠲᠥᠷᠥᠯ ᠵᠦᠢᠯ ᠤᠨ 80 ᠲᠡᠭᠰᠢ ᠳᠥᠷᠪᠡᠯᠵᠢᠨ ᠮᠧᠲᠷ ᠤᠨ ᠫᠧᠩ ᠰᠠᠷᠠᠪᠴᠢ ᠶᠢ ᠬᠠᠪᠰᠤᠷᠤᠨ ᠭᠤᠶᠤᠴᠢᠯᠠᠵᠤ ᠨᠠᠶᠢᠳᠠᠪᠤᠷᠢᠵᠢᠭᠤᠯᠤᠨ ᠥᠭᠴᠦ᠂2017 ᠣᠨ ᠳᠤ ᠬᠤᠳᠳᠤᠭ ᠴᠣᠬᠢᠵᠤ ᠥᠭᠴᠦ ᠰᠠᠭᠤᠷᠢ ᠲᠥᠬᠦᠭᠡᠷᠦᠮᠵᠢ ᠶᠢ ᠨᠢ ᠰᠠᠶᠢᠵᠢᠷᠠᠭᠤᠯᠵᠤ ᠥᠭᠪᠡ᠃ ᠡᠨᠡ ᠡᠷᠦᠬᠡ ᠶᠠᠳᠠᠭᠤ ᠶᠢ ᠲᠡᠳᠬᠦᠬᠦ ᠰᠠᠶᠢᠨ ᠲᠥᠷᠥ ᠶᠢᠨ ᠪᠣᠳᠣᠯᠭ᠎ᠠ ᠪᠣᠯᠣᠨ ᠥᠪᠡᠷ ᠤᠨ ᠴᠢᠷᠮᠠᠶᠢᠯᠭ᠎ᠠ ᠪᠠᠷ ᠢᠶᠠᠨ ᠳᠠᠮᠵᠢᠵᠤ᠂ ᠣᠳᠣ21 ᠦᠬᠡᠷ᠂100 ᠭᠠᠷᠤᠢ ᠬᠤᠨᠢ᠂20 ᠭᠠᠷᠤᠢ ᠠᠳᠤᠭᠤ ᠲᠠᠢ ᠪᠣᠯᠵᠤ᠂ ᠭᠡᠷ ᠪᠦᠯᠢ ᠶᠢᠨ ᠠᠮᠢᠳᠤᠷᠠᠯ ᠨᠢ ᠰᠠᠶᠢᠵᠢᠷᠠᠵᠤ ᠂ ᠠᠭᠠᠵᠢᠮ ᠢᠶᠠᠷ ᠶᠠᠳᠠᠭᠤ ᠠᠴᠠ ᠠᠩᠭᠢᠵᠢᠷᠠᠵᠤ ᠪᠠᠶᠢᠨ᠎ᠠ᠃ ᠬᠠᠢ ᠴᠢᠩ ᠨᠥᠬᠦᠷ ᠠᠴᠠ ᠲᠡᠳᠡᠨᠦᠰ ᠤᠨ ᠥᠪᠡᠷ ᠤᠨ ᠴᠢᠷᠮᠠᠶᠢᠯᠭ᠎ᠠ ᠳᠠᠭᠠᠨ ᠲᠦᠰᠢᠭᠯᠡᠵᠦ ᠶᠠᠳᠠᠭᠤ ᠠᠴᠠ ᠠᠩᠭᠢᠵᠢᠷᠠᠭᠰᠠᠨ ᠢ ᠮᠠᠭᠲᠠᠨ ᠰᠠᠶᠢᠰᠢᠶᠠᠵᠤ᠂ ᠲᠡᠳᠡᠨᠦᠰ ᠤᠨ ᠦᠷᠭᠦᠯᠵᠢᠯᠡᠨ ᠴᠢᠷᠮᠠᠶᠢᠵᠤ᠂ ᠠᠵᠢᠯᠴᠢ ᠠᠷᠪᠢᠴᠢ ᠪᠠᠷ ᠠᠵᠤ ᠲᠥᠷᠥᠵᠦ᠂ ᠰᠢᠨᠵᠢᠯᠡᠬᠦ ᠤᠬᠠᠭᠠᠨᠴᠢ ᠪᠠᠷ ᠮᠠᠯ ᠠᠵᠤ ᠠᠬᠤᠢ ᠪᠠᠨ ᠬᠥᠭᠵᠢᠭᠦᠯᠵᠦ᠂ ᠠᠵᠢᠯᠴᠢ ᠬᠥᠳᠡᠯᠮᠦᠷᠢᠴᠢ ᠬᠤᠶᠠᠷ ᠭᠠᠷ ᠢᠶᠠᠷ ᠢᠶᠠᠨ ᠨᠡᠩ ᠰᠠᠶᠢᠨ ᠰᠠᠶᠢᠬᠠᠨ ᠰᠢᠨ᠎ᠡ ᠠᠮᠢᠳᠤᠷᠠᠯ ᠢᠶᠠᠨ ᠴᠣᠭᠴᠠᠯᠠᠬᠤ ᠶᠢ ᠬᠦᠰᠡᠨ ᠵᠥᠩᠨᠡᠪᠡ᠃        ᠳᠠᠷᠠᠭ᠎ᠠ ᠨᠢ᠂ ᠬᠠᠢ ᠴᠢᠩ ᠬᠤᠰᠢᠭᠤᠨ ᠳᠠᠷᠤᠭ᠎ᠠ ᠬᠠᠮᠲᠤ ᠶᠠᠪᠤᠭᠰᠠᠳ ᠲᠠᠢ ᠪᠠᠨ ᠵᠢᠪᠬᠤᠯᠠᠩᠲᠤ ᠰᠤᠮᠤᠨ ᠎ ᠤ ᠤᠯᠠᠭᠠᠨᠲᠤᠭ ᠭᠠᠴᠠᠭᠠᠨ ᠳᠤ ᠭᠦᠨᠵᠡᠭᠡᠶᠢᠷᠡᠵᠦ᠂ ᠲᠤᠬᠠᠢ ᠶᠢᠨ ᠭᠠᠵᠠᠷ ᠲᠤ ᠬᠦᠷᠴᠦ ᠡᠪᠡᠰᠦᠨ ᠤ ᠤᠷᠭᠤᠯᠲᠠ᠂ ᠭᠠᠩ ᠭᠠᠮᠰᠢᠭ ᠤᠨ ᠪᠠᠶᠢᠳᠠᠯ ᠢ ᠪᠠᠶᠢᠴᠠᠭᠠᠬᠤ ᠶᠢᠨ ᠬᠠᠮᠲᠤ ᠪᠠᠷ᠎ᠠ ᠪᠣᠯᠣᠭᠰᠠᠳ ᠲᠠᠢ ᠬᠠᠮᠲᠤ ᠳᠠᠭᠠᠨ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠵᠥᠪᠳᠡᠪᠡ᠃ ᠪᠠᠶᠢᠴᠠᠭᠠᠯᠲᠠ ᠳᠠᠭᠤᠰᠤᠭᠰᠠᠨ ᠤ ᠳᠠᠷᠠᠭ᠎ᠠ᠂ ᠪᠠᠶᠢᠴᠠᠭᠠᠬᠤ ᠳᠤᠭᠤᠶᠢᠯᠠᠩ ᠤᠨ ᠬᠢᠨ ᠰᠤᠮᠤᠨ ᠤ ᠵᠠᠰᠠᠭ ᠤᠨ ᠣᠷᠳᠣᠨ ᠤ ᠠᠰᠠᠷ ᠤᠨ ᠭᠤᠷᠪᠠᠳᠤᠭᠠᠷ ᠳᠠᠪᠬᠤᠷᠭ᠎ᠠ ᠶᠢᠨ ᠬᠤᠷᠠᠯ ᠎ ᠤᠨ ᠭᠡᠷ ᠲᠤ ᠰᠠᠭᠤᠳᠠᠯ ᠤᠨ ᠬᠤᠷᠠᠯ ᠬᠢᠵᠦ᠂ ᠰᠤᠮᠤᠨ ᠤ ᠵᠠᠰᠠᠭ ᠤᠨ ᠣᠷᠳᠣᠨ ᠤ ᠣᠶᠢᠷ᠎ᠠ ᠶᠢᠨ ᠬᠤᠭᠤᠴᠠᠭᠠᠨ ᠤ ᠭᠤᠣᠯᠳᠠᠯᠭᠠᠲᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠷᠠᠯ ᠳᠤ ᠣᠷᠣᠯᠴᠠᠭᠰᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠪᠢᠳᠠᠨ ᠬᠠᠮᠢᠶᠠᠷᠬᠤ ᠬᠡᠪᠴᠢᠶᠡᠨ ᠳᠡᠭᠡᠨ ᠵᠢᠯᠣᠭᠤᠳᠬᠤ ᠰᠠᠨᠠᠯ ᠰᠠᠨᠠᠭᠤᠯᠭ᠎ᠠ ᠳᠤᠷᠠᠳᠪᠠ᠃ ᠬᠠᠮᠤᠭ ᠡᠴᠦᠰ ᠲᠤ᠂ ᠬᠠᠢ ᠴᠢᠩ ᠳᠠᠷᠤᠭ᠎ᠠ ᠠᠴᠠ  ᠳ᠋ᠦᠩᠨᠡᠯᠲᠡ ᠬᠢᠪᠡ᠂ ᠲᠡᠷᠡ ᠱᠠᠭᠠᠷᠳᠠᠭᠰᠠᠨ ᠨᠢ᠂ ᠨᠢᠭᠡ ᠳᠤ ᠰᠤᠮᠤᠨ ᠤ ᠵᠠᠰᠠᠭ ᠤᠨ ᠣᠷᠳᠣᠨ ᠣᠳᠣᠬᠠᠨ ᠤ ᠭᠠᠩ ᠬᠠᠭᠰᠠᠷᠠᠭᠠᠨ ᠎ ᠤ ᠬᠦᠨᠳᠦ ᠨᠣᠴᠢᠲᠠᠢ ᠪᠠᠶᠢᠳᠠᠯ ᠳᠤ ᠵᠥᠪ ᠬᠠᠨᠳᠤᠵᠤ᠂ ᠰᠢᠨᠵᠢᠯᠡᠬᠦ ᠤᠬᠠᠭᠠᠨᠴᠢ᠂ ᠨᠢᠭᠡᠳᠦᠯᠲᠡᠢ ᠲᠥᠯᠥᠪᠯᠡᠵᠦ ᠲᠣᠬᠢᠷᠠᠭᠤᠯᠬᠤ ᠶᠢ ᠪᠠᠷᠢᠮᠲᠠᠯᠠᠵᠤ᠂ ᠲᠡᠵᠢᠭᠡᠯ ᠪᠣᠷᠳᠤᠭ᠎ᠠ ᠶᠢ ᠵᠥᠭᠡᠭᠡᠪᠦᠷᠢᠯᠡᠬᠦ᠂ ᠮᠠᠯ ᠢ ᠪᠠᠭᠠᠰᠬᠠᠬᠤ᠂ ᠭᠠᠵᠠᠷ ᠣᠷᠣᠨ ᠰᠢᠯᠵᠢᠭᠦᠯᠦᠨ ᠪᠡᠯᠴᠢᠭᠡᠷᠯᠡᠭᠦᠯᠬᠦ ᠵᠡᠷᠭᠡ ᠠᠷᠭ᠎ᠠ ᠪᠠᠷ ᠭᠠᠩ ᠭᠠᠮᠰᠢᠭ ᠤᠨ ᠨᠥᠯᠥᠭᠡ ᠶᠢ ᠠᠯᠢ ᠴᠢᠳᠠᠬᠤ ᠪᠠᠷ ᠪᠠᠭᠠᠰᠬᠠᠬᠤ ᠬᠡᠷᠡᠭᠲᠡᠢ᠃ ᠬᠤᠶᠠᠷ ᠲᠤ ᠵᠠᠬᠢᠳᠠᠯ ᠰᠤᠷᠪᠤᠯᠵᠢᠯᠠᠭ᠎ᠠ ᠪᠣᠯᠣᠨ ᠲᠣᠭᠲᠠᠭᠤᠨ ᠢ ᠬᠠᠮᠠᠭᠠᠯᠠᠬᠤ ᠳᠠᠯᠳᠠ ᠬᠡᠮ ᠎ ᠢ ᠪᠠᠶᠢᠴᠠᠭᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠡᠯ᠎ᠡ ᠲᠥᠷᠥᠯ ᠤᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠭᠠᠷᠬᠤ ᠶᠢ ᠰᠡᠷᠭᠡᠶᠢᠯᠡᠬᠦ ᠬᠡᠷᠡᠭᠲᠡᠢ᠃ ᠭᠤᠷᠪᠠ ᠳᠤ ᠶᠠᠳᠠᠭᠤ ᠎ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠣᠯᠣᠨ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢᠨ ᠡᠷᠬᠡ ᠶᠢ ᠨᠤᠲᠠᠯᠠᠬᠤ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠨᠡᠩ ᠲᠣᠳᠣᠷᠬᠠᠢ ᠪᠣᠯᠭᠠᠵᠤ᠂ ᠡᠳᠦᠷ ᠲᠤᠲᠤᠮ ᠤᠨ ᠠᠵᠢᠯ ᠎ ᠪᠠᠨ ᠰᠠᠶᠢᠲᠤᠷ ᠥᠷᠨᠢᠭᠦᠯᠵᠦ᠂ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠳᠥᠷᠪᠡ ᠳᠤ ᠮᠥᠩᠭᠦᠨ ᠭᠦᠢᠯᠭᠡᠭᠡ ᠶᠢᠨ ᠪᠠᠶᠢᠭᠤᠯᠤᠮᠵᠢ ᠠᠴᠠ ᠮᠠᠯᠴᠢᠳ ᠲᠤ ᠵᠣᠬᠢᠬᠤ ᠬᠡᠮᠵᠢᠶᠡᠨ ᠤ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠦᠵᠡᠭᠦᠯᠬᠦ ᠶᠢᠨ ᠬᠠᠮᠲᠤ ᠰᠤᠮᠤ ᠪᠣᠯᠣᠨ ᠭᠠᠴᠠᠭ᠎ᠠ ᠮᠠᠯᠴᠢᠳ ᠤᠨ ᠤᠬᠠᠭᠤᠯᠭ᠎ᠠ ᠬᠥᠮᠥᠵᠢᠯ ᠢ ᠴᠢᠩᠭᠠᠳᠬᠠᠵᠤ᠂ ᠦᠨᠡᠨᠴᠢ ᠢᠲᠡᠭᠡᠮᠵᠢ ᠲᠠᠢ ᠪᠠᠶᠢᠬᠤ ᠶᠢ ᠴᠢᠬᠤᠯᠠᠴᠢᠯᠠᠬᠤ ᠪᠠᠷ ᠳᠠᠮᠵᠢᠵᠤ ᠪᠡᠯᠡ ᠬᠤᠷᠠᠮᠳᠤᠭᠤᠯᠬᠤ ᠠᠷᠭ᠎ᠠ ᠵᠠᠮ ᠢ ᠥᠷᠭᠡᠳᠬᠡᠵᠦ᠂ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠬᠤ ᠬᠡᠷᠡᠭᠲᠡᠢ᠃ ᠲᠠᠪᠤ ᠳᠤ᠂ ᠮᠠᠯᠴᠢᠳ ᠤᠨ ᠲᠤᠰᠬᠠᠢ ᠬᠤᠷᠰᠢᠶᠠᠵᠢᠯ ᠶᠠᠳᠠᠭᠤ ᠡᠷᠦᠬᠡ ᠶᠢ ᠢᠳᠡᠪᠬᠢᠲᠡᠢ ᠳᠠᠶᠢᠴᠢᠯᠠᠵᠤ᠂ ᠣᠯᠠᠨ ᠲᠥᠷᠥᠯ ᠢ ᠡᠵᠡᠩᠨᠡᠵᠦ᠂ ᠲᠥᠪᠯᠡᠷᠡᠨ ᠵᠠᠯᠭᠠᠯᠳᠤᠭᠰᠠᠨ ᠬᠥᠭᠵᠢᠯᠲᠡ ᠎ ᠶᠢᠨ ᠰᠢᠨ᠎ᠡ ᠳᠦᠷᠢ ᠲᠥᠷᠬᠦ ᠶᠢ ᠪᠣᠢ ᠪᠣᠯᠭᠠᠬᠤ ᠬᠡᠷᠡᠭᠲᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号