ᠬᠤᠰᠢᠭᠤᠨ ᠳᠠᠷᠤᠭ᠎ᠠ ᠬᠠᠢ ᠴᠢᠩ ᠰᠢᠨᠡᠪᠤᠯᠠᠭ ᠰᠤᠮᠤᠨ ᠳᠤ ᠭᠦᠨᠵᠡᠭᠡᠶᠢᠷᠡᠵᠦ ᠣᠶᠢᠷ᠎ᠠ ᠶᠢᠨ ᠬᠤᠭᠤᠴᠠᠭᠠᠨ ᠎ ᠤ ᠭᠤᠣᠯᠳᠠᠯᠭᠠᠲᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2017-08-17
ᠬᠤᠰᠢᠭᠤᠨ ᠳᠠᠷᠤᠭ᠎ᠠ ᠬᠠᠢ ᠴᠢᠩ  ᠰᠢᠨᠡᠪᠤᠯᠠᠭ ᠰᠤᠮᠤᠨ ᠳᠤ ᠭᠦᠨᠵᠡᠭᠡᠶᠢᠷᠡᠵᠦ ᠣᠶᠢᠷ᠎ᠠ ᠶᠢᠨ ᠬᠤᠭᠤᠴᠠᠭᠠᠨ ᠤ ᠭᠤᠣᠯᠳᠠᠯᠭᠠᠲᠤ ᠠᠵᠢᠯ ᠢ ᠪᠠᠶᠢᠴᠠᠭᠠᠨ ᠰᠤᠳᠤᠯᠪᠠ             8 ᠰᠠᠷ᠎ᠠ ᠶᠢᠨ9᠎ ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠬᠠᠢ ᠴᠢᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠷᠬᠢᠯᠡᠭᠴᠢ ᠪᠢᠮᠪᠠ ᠵᠢᠴᠢ ᠠᠷᠠᠳ ᠤᠨ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ᠂ ᠬᠤᠰᠢᠭᠤᠨ ᠤ ᠲᠠᠷᠢᠶᠠᠯᠠᠩ ᠤᠨ ᠪᠠᠩᠬᠢ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠭᠤᠣᠯ ᠬᠠᠷᠢᠭᠤᠴᠠᠯᠭᠠᠲᠠᠨ ᠨᠠᠷ ᠰᠢᠨᠡᠪᠤᠯᠠᠭ ᠰᠤᠮᠤᠨ ᠳᠤ ᠭᠦᠨᠵᠡᠭᠡᠶᠢᠷᠡᠵᠦ᠂ ᠰᠠᠭᠤᠳᠠᠯ ᠤᠨ ᠬᠤᠷᠠᠯ ᠬᠢᠬᠦ ᠶᠢᠨ ᠬᠠᠮᠲᠤ ᠪᠣᠳᠠᠲᠠᠢ ᠭᠠᠵᠠᠷ ᠲᠤᠨᠢ ᠪᠠᠶᠢᠴᠠᠭᠠᠬᠤ ᠬᠡᠯᠪᠡᠷᠢ ᠢᠶᠠᠷ ᠰᠢᠨᠡᠪᠤᠯᠠᠭ ᠰᠤᠮᠤᠨ ᠤ ᠣᠶᠢᠷ᠎ᠠ ᠶᠢᠨ ᠬᠤᠭᠤᠴᠠᠭᠠᠨ ᠤ ᠭᠤᠣᠯᠳᠠᠯᠭᠠᠲᠤ ᠠᠵᠢᠯ ᠢ ᠰᠤᠳᠤᠯᠤᠨ ᠪᠠᠶᠢᠴᠠᠭᠠᠪᠠ᠃ ᠰᠢᠨᠡᠪᠤᠯᠠᠭ ᠰᠤᠮᠤᠨ ᠤ ᠤᠳᠤᠷᠢᠳᠬᠤ ᠪᠠᠭ ᠂ ᠡᠯ᠎ᠡ ᠥᠷᠲᠡᠭᠡᠨ ᠤ ᠬᠠᠷᠢᠭᠤᠴᠠᠯᠭᠠᠲᠠᠨ ᠰᠠᠭᠤᠳᠠᠯ ᠤᠨ ᠬᠤᠷᠠᠯ ᠳᠤ ᠣᠷᠣᠯᠴᠠᠪᠠ᠃       ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠨᠡᠪᠤᠯᠠᠭ ᠰᠤᠮᠤᠨ ᠤ ᠨᠠᠮ ᠤᠨ ᠬᠤᠷᠢᠶᠠᠨ ᠤ ᠱᠦᠵᠢ ᠲᠣᠯᠢ ᠨᠥᠬᠦᠷ ᠠᠴᠠ᠂ ᠮᠠᠯ ᠠᠵᠤ ᠠᠬᠤᠢ᠂ ᠣᠨᠣᠪᠴᠢᠲᠠᠢ ᠪᠠᠷ ᠶᠠᠳᠠᠭᠤ ᠶᠢ ᠲᠡᠳᠬᠦᠬᠦ᠂ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ᠂ ᠵᠢᠭᠤᠯᠴᠢᠯᠠᠯ ᠤᠨ ᠦᠢᠯᠡᠰ ᠎ ᠤᠨ ᠬᠥᠭᠵᠢᠯᠲᠡ᠂ ᠬᠤᠷᠰᠢᠶᠠᠵᠢᠯ ᠤᠨ ᠡᠵᠡᠩᠨᠡᠵᠦ ᠪᠠᠶᠢᠭ᠎ᠠ ᠪᠠᠶᠢᠳᠠᠯ ᠵᠡᠷᠭᠡ ᠲᠠᠯ᠎ᠠ ᠪᠠᠷ ᠭᠠᠷᠳᠠᠨ ᠬᠢᠵᠦ ᠪᠠᠶᠢᠬᠤ᠂ ᠭᠤᠣᠯᠳᠠᠯᠭ᠎ᠠ ᠲᠠᠢ ᠥᠷᠨᠢᠭᠦᠯᠵᠦ ᠪᠠᠶᠢᠭ᠎ᠠ ᠪᠠᠶᠢᠳᠠᠯ ᠢᠶᠠᠨ ᠨᠠᠷᠢᠯᠢᠭ ᠮᠡᠳᠡᠭᠦᠯᠪᠡ᠃ ᠳᠠᠷᠠᠭ᠎ᠠ ᠳᠤᠨᠢ᠂ ᠬᠤᠷᠠᠯ ᠳᠤ ᠣᠷᠣᠯᠴᠠᠭᠰᠠᠨ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠬᠤᠪᠢᠳᠠᠨ ᠬᠠᠮᠢᠶᠠᠷᠴᠤ ᠪᠠᠶᠢᠭ᠎ᠠ ᠬᠡᠪᠴᠢᠶᠡᠨ ᠳᠡᠭᠡᠨ ᠵᠢᠯᠣᠭᠤᠳᠬᠤ ᠰᠠᠨᠠᠯ ᠳᠤᠷᠠᠳᠪᠠ᠃ ᠬᠠᠢ ᠴᠢᠩ ᠬᠤᠰᠢᠭᠤᠨ ᠳᠠᠷᠤᠭ᠎ᠠ ᠠᠴᠠ᠂ ᠰᠤᠮᠤᠨ ᠤ ᠲᠠᠯ᠎ᠠ ᠶᠢᠨ ᠬᠢᠭᠰᠡᠨ ᠬᠠᠷᠢᠭᠤ ᠮᠡᠳᠡᠭᠦᠯᠦᠯᠲᠡ ᠪᠦᠷᠢᠨ ᠪᠥᠭᠡᠳ ᠡᠷᠬᠢᠯᠡᠭᠰᠡᠨ ︽ᠠᠩᠬᠠᠳᠤᠭᠠᠷ ᠬᠤᠭᠤᠴᠠᠭᠠᠨ ᠤ ᠮᠠᠯᠴᠢᠳ ᠤᠨ ᠰᠣᠶᠣᠯ ᠵᠤᠭᠠᠴᠠᠯ ᠤᠨ ᠲᠠᠨᠢᠯᠴᠠᠭᠤᠯᠭ᠎ᠠ ᠶᠢᠨ ᠬᠤᠷᠠᠯ︾ ᠬᠢᠭᠡᠳ ︽ᠠᠩᠬᠠᠳᠤᠭᠠᠷ ᠬᠤᠭᠤᠴᠠᠭᠠᠨ ᠤ ᠬᠥᠯᠥᠨ ᠪᠣᠶᠢᠷ  ᠎ ᠤᠨ ᠪᠡᠯᠴᠢᠭᠡᠷ ᠤᠨ ᠬᠤᠨᠢᠨ ᠮᠢᠬ᠎ᠠ ᠬᠤᠳᠠᠯᠳᠤᠨ ᠠᠪᠬᠤ ᠬᠤᠷᠠᠯ︾ ᠵᠡᠷᠭᠡ ᠬᠤᠶᠠᠷ ᠲᠣᠮᠣ ᠬᠥᠳᠡᠯᠭᠡᠭᠡᠨ ᠢ ᠦᠨᠡᠯᠡᠬᠦ ᠶᠢᠨ ᠬᠠᠮᠲᠤ ᠴᠢᠬᠤᠯᠠᠴᠢᠯᠠᠭᠰᠠᠨ ᠨᠢ᠄ ᠨᠢᠭᠡ ᠳᠤ᠂ ᠠᠵᠤ ᠦᠢᠯᠡᠰ ᠤᠨ ᠪᠠᠶᠢᠷᠢ ᠲᠣᠭᠲᠠᠭᠠᠯᠲᠠ ᠶᠢ ᠰᠠᠶᠢᠲᠤᠷ ᠬᠢᠵᠦ᠂ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠴᠢᠩᠭᠠᠳᠬᠠᠵᠤ᠂ ᠣᠯᠠᠨᠨᠠᠭᠤᠷ ᠤᠨ ᠢᠵᠢ ᠲᠥᠬᠦᠷ ᠭᠦᠢᠴᠡᠳ᠂ ᠭᠠᠵᠠᠷ ᠤᠨ ᠪᠠᠶᠢᠴᠠ ᠰᠠᠶᠢᠨ ᠵᠡᠷᠭᠡ ᠳᠠᠪᠠᠭᠤᠯᠢᠭ ᠢ ᠠᠰᠢᠭᠯᠠᠵᠤ᠂ ᠰᠢᠨ᠎ᠡ ᠠᠷᠭ᠎ᠠ ᠵᠠᠮ᠂ ᠰᠢᠨ᠎ᠡ ᠠᠷᠭ᠎ᠠ ᠪᠠᠷᠢᠯ ᠢ ᠡᠷᠢᠯᠬᠢᠯᠡᠵᠦ᠂ ᠨᠡᠷᠡᠲᠦ ᠲᠡᠮᠳᠡᠭ ᠢ ᠬᠦᠴᠦᠯᠡᠨ ᠪᠠᠶᠢᠭᠤᠯᠬᠤ ᠬᠡᠷᠡᠭᠲᠡᠢ︔ ᠬᠤᠶᠠᠷ ᠲᠤ᠂ ᠰᠤᠮᠤᠨ ᠤ ᠵᠠᠰᠠᠭ ᠤᠨ ᠣᠷᠳᠣᠨ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠮᠠᠯ ᠢᠶᠠᠨ ᠣᠷᠣᠨ ᠰᠢᠯᠵᠢᠭᠦᠯᠵᠦ ᠡᠪᠦᠯ ᠥᠩᠭᠡᠷᠡᠭᠡᠬᠦ᠂ ᠲᠡᠵᠢᠭᠡᠯ ᠪᠣᠷᠳᠤᠭ᠎ᠠ ᠵᠥᠭᠡᠭᠡᠪᠦᠷᠢᠯᠡᠬᠦ ᠎ ᠶᠢ ᠤᠷᠢᠳᠴᠢᠯᠠᠨ ᠪᠠᠶᠢᠷᠢᠯᠠᠭᠤᠯᠵᠤ᠂ ᠡᠪᠦᠯ ᠢ ᠠᠮᠤᠷ ᠲᠦᠪᠰᠢᠨ ᠥᠩᠭᠡᠷᠡᠭᠡᠬᠦ ᠳᠤ ᠭᠦᠢᠴᠡᠳ ᠪᠡᠯᠡᠳᠬᠡᠯ ᠬᠢᠬᠦ ᠬᠡᠷᠡᠭᠲᠡᠢ  ︔ ᠭᠤᠷᠪᠠ ᠳᠤ᠂ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠴᠢᠬᠤᠯᠠ ᠴᠢᠨᠠᠷ ᠎ ᠤᠨ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠤᠰᠬᠠᠢ ᠬᠥᠮᠥᠨ ᠢᠶᠠᠷ ᠬᠠᠷᠢᠭᠤᠴᠠᠭᠤᠯᠵᠤ ᠲᠤᠰᠬᠠᠶᠢᠯᠠᠨ ᠬᠠᠮᠢᠶᠠᠷᠴᠤ᠂ ᠶᠠᠳᠠᠭᠤ ᠶᠢ ᠳᠠᠭᠠᠭᠠᠴᠢᠯᠠᠨ ᠲᠡᠳᠬᠦᠵᠦ ᠪᠠᠶᠢᠭ᠎ᠠ ᠺᠠᠳ᠋ᠷ ᠪᠣᠯᠣᠨ ᠨᠢᠭᠡᠴᠡ ᠶᠢᠨ ᠲᠤᠰᠢᠶᠠᠯ ᠬᠠᠷᠢᠭᠤᠴᠠᠯᠭ᠎ᠠ ᠶᠢᠨ ᠲᠣᠬᠢᠷᠠᠭᠤᠯᠤᠯᠲᠠ ᠶᠢ ᠴᠢᠩᠭᠠᠳᠬᠠᠵᠤ᠂ ᠡᠷᠦᠬᠡ ᠳᠤ ᠢᠯᠡᠭᠦᠦ ᠭᠦᠨᠵᠡᠭᠡᠶᠢᠷᠡᠵᠦ᠂ ᠢᠯᠡᠭᠦᠦ ᠤᠬᠠᠭᠤᠯᠤᠨ᠂ ᠠᠷᠠᠳ ᠣᠯᠠᠨ ᠳᠤ ᠰᠤᠷᠲᠠᠯ ᠤᠬᠠᠭᠤᠯᠭ᠎ᠠ ᠶᠢᠨ ᠠᠵᠢᠯ ᠢ  ᠰᠠᠶᠢᠲᠤᠷ ᠣᠶᠢᠯᠠᠭᠤᠯᠵᠤ᠂ ᠡᠷᠬᠡᠪᠰᠢ ᠲᠠᠨᠢᠭᠤᠯᠵᠤ ᠮᠡᠳᠡᠭᠦᠯᠬᠦ ᠴᠢᠬᠤᠯᠠ ᠲᠠᠢ︔ ᠳᠥᠷᠪᠡ ᠳᠤ᠂ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠰᠬᠠᠢ ᠬᠥᠮᠥᠨ ᠰᠤᠳᠤᠯᠤᠨ ᠲᠤᠰᠬᠠᠢ ᠬᠥᠮᠥᠨ ᠬᠠᠷᠢᠭᠤᠴᠠᠵᠤ᠂ ᠵᠠᠬᠢᠳᠠᠯ ᠰᠤᠷᠪᠤᠯᠵᠢᠯᠠᠭ᠎ᠠ ᠶᠢᠨ ᠰᠦᠪᠡᠭᠴᠢ ᠲᠠᠢ ᠠᠰᠠᠭᠤᠳᠠᠯ ᠢ ᠴᠠᠭ ᠲᠤᠬᠠᠢ ᠳᠤᠨᠢ ᠳᠠᠷᠠᠭᠠᠯᠠᠨ ᠪᠠᠶᠢᠴᠠᠭᠠᠵᠤ᠂ ᠲᠣᠪᠣᠶᠢᠮ᠎ᠠ ᠠᠰᠠᠭᠤᠳᠠᠯ ᠳᠤ ᠴᠢᠭᠯᠡᠭᠦᠯᠦᠨ᠂ ᠴᠠᠭ ᠲᠤᠬᠠᠢ ᠳᠤᠨᠢ ᠳᠡᠭᠡᠭᠰᠢ ᠮᠡᠳᠡᠭᠦᠯᠬᠦ ᠬᠡᠷᠡᠭᠲᠡᠢ᠃ ᠲᠠᠪᠤ ᠳᠤ᠂ ᠬᠤᠷᠰᠢᠶᠠᠵᠢᠯ ᠢ ᠨᠢᠭᠡᠳᠦᠯᠲᠡᠢ ᠡᠵᠡᠩᠨᠡᠵᠦ᠂ ᠨᠢᠭᠡᠳᠦᠯᠲᠡᠢ ᠬᠠᠮᠢᠶᠠᠷᠬᠤ ᠬᠡᠷᠡᠭᠲᠡᠢ᠂ ᠲᠤᠰᠬᠠᠶᠢᠵᠢᠭᠤᠯᠬᠤ ᠎ ᠶᠢ ᠴᠢᠩᠭᠠᠳᠬᠠᠵᠤ᠂ ᠨᠡᠶᠢᠲᠡᠯᠢᠭ ᠵᠢᠱᠢᠶᠡᠴᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ︔ ᠵᠢᠷᠭᠤᠭ᠎ᠠ ᠎ ᠳᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠮᠣᠳᠤᠬᠠᠮᠵᠢ ᠶᠢᠨ ᠬᠤᠶᠢᠲᠤ ᠬᠡᠰᠡᠭ ᠲᠠᠬᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠦᠢᠯᠡᠰ ᠢ ᠠᠬᠢᠭᠤᠯᠬᠤ ᠶᠢ ᠱᠠᠭᠠᠷᠳᠠᠪᠠ᠃        ᠬᠤᠷᠠᠯ ᠤᠨ ᠳᠠᠷᠠᠭ᠎ᠠ᠂ ᠬᠠᠢ ᠴᠢᠩ ᠳᠠᠷᠤᠭ᠎ᠠ ᠬᠠᠮᠲᠤ ᠶᠠᠪᠤᠭᠰᠠᠳ ᠲᠠᠢ ᠪᠠᠨ ᠰᠢᠨᠡᠪᠤᠯᠠᠭ ᠰᠤᠮᠤᠨ ᠤ ᠳᠠᠩᠰᠠ ᠺᠠᠷᠲ ᠳᠤ ᠣᠷᠣᠭᠰᠠᠨ ᠶᠠᠳᠠᠭᠤ ᠡᠷᠦᠬᠡ ᠭᠦᠨᠨᠠᠭᠤᠷ ᠭᠠᠴᠠᠭᠠᠨ ᠤ ᠡᠷᠳᠡᠨᠢᠪᠠᠲᠤ ᠶᠢᠨ ᠭᠡᠷ ᠲᠤ ᠬᠦᠷᠴᠦ᠂ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠨᠢ ᠨᠠᠷᠢᠯᠢᠭ  ᠣᠶᠢᠯᠠᠭᠠᠬᠤ ᠶᠢᠨ ᠬᠠᠮᠲᠤ ᠲᠡᠳᠡᠨ ᠤ ᠬᠢᠨ ᠳᠤ ᠲᠣᠬᠤᠨᠢᠭᠤᠯᠭ᠎ᠠ ᠶᠢᠨ ᠮᠥᠩᠭᠦ ᠭᠠᠷᠳᠠᠭᠤᠯᠵᠤ᠂ ᠨᠠᠮ ᠵᠠᠰᠠᠭ ᠤᠨ ᠬᠠᠶᠢᠷ᠎ᠠ ᠬᠠᠯᠠᠮᠵᠢᠯᠠᠯ  ᠢ ᠬᠦᠷᠭᠡᠭᠰᠡᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号