ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠲᠡᠭᠰᠢᠪᠤᠶᠠᠨ‌‍ᠬᠥ᠋ᠯᠥᠨ ᠨᠠᠭᠤᠷ ᠤᠨ ᠶᠡᠷᠦᠩᠬᠡᠶᠢᠯᠡᠨ ᠵᠠᠰᠠᠬᠤ ᠠᠵᠢᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2017-08-17
 
      ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠲᠡᠭᠰᠢᠪᠤᠶᠠᠨ‌‍ᠬᠥ᠋ᠯᠥᠨ ᠨᠠᠭᠤᠷ ᠤᠨ ᠶᠡᠷᠦᠩᠬᠡᠶᠢᠯᠡᠨ ᠵᠠᠰᠠᠬᠤ ᠠᠵᠢᠯ ᠢ ᠬᠢᠨᠠᠨ ᠵᠢᠯᠣᠭᠤᠳᠪᠠ      8 ᠰᠠᠷ᠎ᠠ ᠶᠢᠨ4᠎ ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠲᠡᠭᠰᠢᠪᠤᠶᠠᠨ ᠵᠢᠪᠬᠤᠯᠠᠩᠲᠤ ᠰᠤᠮᠤᠨ ᠳᠤ ᠭᠦᠨᠵᠡᠭᠡᠶᠢᠷᠡᠨ ᠬᠥᠯᠥᠨ ᠨᠠᠭᠤᠷ ᠢ ᠶᠡᠷᠦᠩᠬᠡᠶᠢᠯᠡᠨ ᠵᠠᠰᠠᠬᠤ ᠠᠵᠢᠯ ᠢ ᠬᠢᠨᠠᠨ ᠵᠢᠯᠣᠭᠤᠳᠴᠤ᠂ ᠬᠤᠰᠢᠭᠤᠨ ᠤ ᠣᠢ ᠰᠢᠭᠤᠢ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠵᠢᠪᠬᠤᠯᠠᠩᠲᠤ ᠰᠤᠮᠤᠨ ᠤ ᠬᠠᠷᠢᠭᠤᠴᠠᠯᠭᠠᠲᠠᠨ ᠬᠠᠮᠲᠤ ᠪᠠᠷ᠎ᠠ ᠪᠣᠯᠪᠠ᠃      ᠲᠡᠭᠰᠢᠪᠤᠶᠠᠨ ᠬᠠᠮᠲᠤ ᠶᠠᠪᠤᠭᠰᠠᠳ ᠲᠠᠢ ᠪᠠᠨ ᠵᠢᠪᠬᠤᠯᠠᠩᠲᠤ ᠰᠤᠮᠤᠨ ᠤ ᠬᠥᠯᠥᠨ ᠨᠠᠭᠤᠷ ᠢ ᠶᠡᠷᠦᠩᠬᠡᠶᠢᠯᠡᠨ ᠵᠠᠰᠠᠬᠤ ᠨᠠᠭᠤᠷ ᠤᠨ ᠡᠷᠭᠢᠨ ᠳᠠᠬᠢ ᠲᠤᠬᠠᠢ ᠶᠢᠨ ᠲᠠᠯᠠᠪᠤᠷ ᠤᠨ ᠡᠯᠡᠰᠦᠨ ᠬᠠᠯᠬᠠᠪᠴᠢ᠂ ᠪᠢᠲᠡᠭᠦᠮᠵᠢᠯᠡᠨ ᠬᠠᠰᠢᠬᠤ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠪᠠ᠃ ᠡᠭᠦᠨ ᠤ ᠬᠠᠮᠲᠤ ᠵᠢᠪᠬᠤᠯᠠᠩᠲᠤ ᠰᠤᠮᠤᠨ ᠤ ᠬᠥᠯᠥᠨ ᠨᠠᠭᠤᠷ ᠢ ᠶᠡᠷᠦᠩᠬᠡᠶᠢᠯᠡᠨ ᠵᠠᠰᠠᠬᠤ ᠠᠵᠢᠯ ᠳᠤ ᠭᠦᠢᠴᠡᠳ ᠦᠨᠡᠯᠡᠯᠲᠡ ᠥᠭᠪᠡ᠃ ᠲᠡᠷᠡ ᠱᠠᠭᠠᠷᠳᠠᠭᠰᠠᠨ ᠨᠢ ᠄ ᠨᠢᠭᠡ ᠳᠤ ᠬᠥᠯᠥᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠤᠣᠯ ᠣᠷᠣᠨ ᠤ ᠠᠮᠢ ᠠᠬᠤᠶᠢᠴᠢ ᠠᠷᠠᠳ ᠢ ᠨᠡᠭᠦᠯᠭᠡᠬᠦ ᠢᠨᠵᠧᠨᠧᠷᠢᠩ ᠤᠨ ᠠᠬᠢᠴᠠ ᠶᠢ ᠪᠠᠲᠤᠯᠠᠬᠤ ᠶᠢᠨ ᠬᠠᠮᠲᠤ ᠨᠤᠷᠠᠭᠠᠵᠤ ᠨᠡᠭᠦᠯᠭᠡᠬᠦ ᠨᠥᠬᠦᠪᠦᠷᠢ ᠵᠣᠭᠤᠰ ᠢ ᠴᠠᠭ ᠲᠤᠬᠠᠢ ᠳᠤᠨᠢ ᠨᠠᠶᠢᠳᠠᠪᠤᠷᠢᠵᠢᠭᠤᠯᠬᠤ ᠬᠡᠷᠡᠭᠲᠡᠢ᠃ ᠬᠤᠶᠠᠷ ᠲᠤ ᠨᠠᠭᠤᠷ ᠤᠨ ᠬᠥᠪᠡᠭᠡᠨ ᠤ ᠡᠯᠡᠰᠦ ᠶᠢ ᠵᠠᠰᠠᠬᠤ ᠢᠨᠵᠧᠨᠧᠷᠢᠩ ᠢ ᠲᠣᠭᠲᠠᠭᠰᠠᠨ ᠴᠠᠭ ᠲᠠᠭᠠᠨ ᠪᠡᠶᠡᠯᠡᠭᠦᠯᠬᠦ ᠶᠢ ᠪᠠᠲᠤᠯᠠᠬᠤ ᠶᠢᠨ ᠬᠠᠮᠲᠤ ᠲᠥᠷᠥᠯ ᠵᠦᠢᠯ ᠤᠨ ᠦᠷᠭᠦᠯᠵᠢᠯᠡᠯ ᠤᠨ ᠬᠠᠮᠠᠭᠠᠯᠠᠨ ᠬᠠᠮᠢᠶᠠᠷᠬᠤ ᠬᠦᠴᠦᠯᠡᠴᠡ ᠶᠢ ᠨᠡᠮᠡᠭᠳᠡᠭᠦᠯᠵᠦ᠂ ᠨᠠᠭᠤᠷ ᠤᠨ ᠡᠷᠭᠢᠨ ᠲᠣᠭᠤᠷᠢᠨ ᠤ ᠲᠠᠯ᠎ᠠ ᠨᠤᠲᠤᠭ ᠤᠨ ᠠᠮᠢ ᠠᠬᠤᠢ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号