ᠬᠤᠰᠢᠭᠤᠨ ᠤ ᠨᠠᠰᠤᠲᠠᠶᠢᠴᠤᠳ ᠤᠨ ᠲᠠᠮᠢᠷ ᠤᠨ ᠨᠡᠶᠢᠭᠡᠮᠯᠢᠭ ᠤᠨ ᠰᠣᠶᠣᠯ ᠤᠷᠠᠯᠢᠭ ᠤᠨ ᠪᠦᠯᠬᠦᠮ ᠴᠠᠭᠠᠨ ᠪᠠᠯᠭᠠᠰᠤᠨ ᠳᠤ ᠭᠦᠨᠵᠡᠭᠡᠶᠢᠷᠡᠵᠦ ᠨᠠᠮ ᠤᠨ ︽ᠠᠷᠪᠠ ᠶᠢᠰᠦᠳᠦᠭᠡᠷ ᠶᠡᠭᠡ ᠬᠤᠷᠠᠯ︾ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ  ︽70 ᠵᠢᠯ︾᠎ ᠤᠨ ᠣᠢ ᠶᠢ ᠪᠡᠯᠭᠡᠯᠡᠬᠦ ᠬᠠᠮᠲᠤᠷᠠᠭᠰᠠᠨ ᠲᠣᠭᠯᠠᠯᠲᠠ ᠭᠠᠷᠭᠠᠪᠠ
ᠨᠡᠶᠢᠲᠡᠯᠡᠭᠰᠡᠨ ᠴᠠᠭ᠄
2017-08-17
   
     8 ᠰᠠᠷ᠎ᠠ ᠶᠢᠨ14᠎ ᠤ ᠦᠳᠡ ᠶᠢᠨ ᠬᠤᠶᠢᠨ᠎ᠠ᠂ ᠬᠤᠰᠢᠭᠤᠨ ᠤ ᠨᠠᠰᠤᠲᠠᠶᠢᠴᠤᠳ ᠤᠨ ᠲᠠᠮᠢᠷ ᠤᠨ ᠨᠡᠶᠢᠭᠡᠮᠯᠢᠭ ᠤᠨ ᠲᠡᠷᠢᠭᠦᠯᠡᠭᠴᠢ ᠡᠦ ᠭᠦᠸᠧ ᠴᠢᠩ ᠨᠠᠰᠤᠲᠠᠶᠢᠴᠤᠳ ᠤᠨ ᠲᠠᠮᠢᠷ ᠤᠨ ᠨᠡᠶᠢᠭᠡᠮᠯᠢᠭ ᠤᠨ ᠰᠣᠶᠣᠯ ᠤᠷᠠᠯᠢᠭ ᠤᠨ ᠪᠦᠯᠬᠦᠮ ᠤᠨ ᠭᠡᠰᠢᠭᠦᠳ ᠢᠶᠠᠨ ᠳᠠᠭᠠᠭᠤᠯᠤᠨ ᠴᠠᠭᠠᠨ ᠪᠠᠯᠭᠠᠰᠤᠨ ᠳᠤ ᠭᠦᠨᠵᠡᠭᠡᠶᠢᠷᠡᠵᠦ᠂ ᠴᠠᠭᠠᠨ ᠪᠠᠯᠭᠠᠰᠤᠨ ᠤ ᠨᠠᠰᠤᠲᠠᠶᠢᠴᠤᠳ ᠤᠨ ᠲᠠᠮᠢᠷ ᠤᠨ ᠨᠡᠶᠢᠭᠡᠮᠯᠢᠭ ᠤᠨ ᠲᠣᠭᠯᠠᠯᠲᠠ ᠶᠢᠨ ᠠᠩᠭᠢ ᠵᠢᠴᠢ ᠮᠠᠯᠵᠢᠯ ᠤᠨ ᠲᠠᠯᠠᠪᠠᠢ ᠶᠢᠨ ᠨᠠᠰᠤᠲᠠᠶᠢᠴᠤᠳ ᠤᠨ ᠲᠣᠭᠯᠠᠯᠲᠠ ᠶᠢᠨ ᠠᠩᠭᠢ ᠲᠠᠢ ᠬᠠᠮᠲᠤ ᠨᠠᠮ ᠤᠨ ︽ᠠᠷᠪᠠ ᠶᠢᠰᠦᠳᠦᠭᠡᠷ ᠶᠡᠭᠡ ᠬᠤᠷᠠᠯ︾ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ  ︽70 ᠵᠢᠯ︾᠎ ᠤᠨ ᠣᠢ ᠶᠢ ᠪᠡᠯᠭᠡᠯᠡᠬᠦ  ᠬᠠᠮᠲᠤᠷᠠᠭᠰᠠᠨ ᠲᠣᠭᠯᠠᠯᠲᠠ ᠭᠠᠷᠭᠠᠪᠠ᠃      ᠲᠤᠰ ᠤᠳᠠᠭᠠᠨ ᠤ ᠬᠠᠮᠲᠤᠷᠠᠭᠰᠠᠨ ᠲᠣᠭᠯᠠᠯᠲᠠ ᠶᠡᠭᠡ ᠨᠠᠶᠢᠷᠠᠯ ᠳᠠᠭᠤᠤ᠂ ᠬᠠᠮᠲᠤ ᠶᠢᠨ ᠪᠥᠵᠢᠭ᠂ ᠭᠤᠴᠣᠯᠠᠯ ᠪᠥᠵᠢᠭ ᠵᠡᠷᠭᠡ ᠨᠡᠶᠢᠲᠡ21 ᠲᠣᠭᠯᠠᠯᠲᠠ ᠲᠠᠢ᠂ ᠲᠣᠭᠯᠠᠯᠲᠠ ᠶᠢᠨ ᠳᠤᠮᠳᠠ ᠪᠠᠶᠢᠨ ᠳᠠᠬᠢᠨ ᠬᠠᠯᠠᠭᠤᠨ ᠠᠯᠠᠭ᠎ᠠ ᠲᠠᠰᠢᠵᠤ  ᠂ ᠲᠣᠭᠯᠠᠭᠴᠢᠳ ᠤᠨ ᠴᠢᠷᠠᠢ ᠳᠡᠭᠡᠷ᠎ᠡ ᠪᠠᠶᠠᠷ ᠤᠨ ᠢᠨᠢᠶᠡᠳᠦ ᠲᠣᠳᠣᠷᠠᠨ᠂ ᠴᠤᠭ ᠪᠠᠳᠠᠷᠠᠩᠭᠤᠢ᠂  ᠪᠠᠶᠠᠷᠯᠠᠨ ᠬᠠᠰᠬᠢᠷᠬᠤ ᠪᠠ ᠮᠠᠭᠲᠠᠨ ᠰᠠᠶᠢᠰᠢᠶᠠᠬᠤ ᠳᠠᠭᠤᠨ ᠳᠤᠮᠳᠠ ᠲᠣᠭᠯᠠᠯᠲᠠ ᠠᠮᠵᠢᠯᠲᠠ ᠲᠠᠢ ᠲᠡᠭᠦᠰᠪᠡ᠃      ᠲᠤᠰ ᠤᠳᠠᠭᠠᠨ ᠤ ᠬᠠᠮᠲᠤᠷᠠᠭᠰᠠᠨ ᠲᠣᠭᠯᠠᠯᠲᠠ ᠪᠠᠷ ᠳᠠᠮᠵᠢᠵᠤ᠂ ᠨᠠᠮ ᠤᠨ ︽ᠠᠷᠪᠠ ᠶᠢᠰᠦᠳᠦᠭᠡᠷ ᠶᠡᠭᠡ ᠬᠤᠷᠠᠯ︾ ᠪᠣᠯᠣᠨ ᠥᠪᠥᠷ ᠮᠣᠩᠭᠤᠯ ᠪᠠᠶᠢᠭᠤᠯᠤᠭᠳᠠᠭᠰᠠᠨ ︽70 ᠵᠢᠯ︾᠎ ᠤᠨ ᠣᠢ ᠶᠢ ᠬᠥᠮᠥᠰ ᠤᠨ ᠰᠡᠳᠬᠢᠯ ᠳᠤ ᠭᠦᠨ ᠰᠠᠭᠤᠭᠳᠠᠭᠤᠯᠵᠤ᠂ ᠨᠠᠰᠤᠲᠠᠶᠢᠴᠤᠳ ᠤᠨ ᠠᠵᠢᠯ ᠤᠨ ᠴᠢᠯᠦᠭᠡᠨ ᠤ ᠰᠣᠶᠣᠯ ᠤᠨ ᠠᠮᠢᠳᠤᠷᠠᠯ ᠢ ᠨᠡᠩ ᠪᠠᠶᠠᠯᠢᠭᠵᠢᠭᠤᠯᠤᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号