ᠴᠠᠭᠠᠨ ᠪᠠᠯᠭᠠᠰᠤᠨ ᠤ ᠵᠠᠮ ᠬᠠᠷᠢᠯᠴᠠᠭᠠᠨ ᠤ ᠴᠠᠭᠳᠠᠭ᠎ᠠ ᠠᠷᠠᠳ ᠲᠦᠮᠡᠨ ᠤ ᠠᠮᠤᠷ ᠲᠦᠪᠰᠢᠨ ᠢ ᠪᠣᠳᠣᠯᠬᠢᠯᠠᠵᠤ᠂ ᠵᠠᠮ ᠮᠥᠷ ᠤᠨ ᠳᠠᠯᠳᠠ ᠬᠡᠮ ᠢ ᠠᠷᠢᠯᠭᠠᠪᠠ
ᠨᠡᠶᠢᠲᠡᠯᠡᠭᠰᠡᠨ ᠴᠠᠭ᠄
2017-08-21
 
    ᠴᠠᠭᠠᠨ ᠪᠠᠯᠭᠠᠰᠤᠨ ᠤ ᠬᠤᠲᠠ ᠲᠣᠭᠤᠷᠢᠭ ᠤᠨ ᠭᠤᠣᠯ ᠭᠤᠳᠤᠮᠵᠢ ᠪᠠᠷ ᠲᠡᠷᠭᠡ ᠬᠥᠰᠬᠡ ᠪᠠ ᠬᠥᠮᠥᠰ ᠣᠯᠠᠨ ᠶᠠᠪᠤᠬᠤ ᠪᠣᠯᠬᠤᠷ ᠶᠡᠭᠡ ᠨᠦᠬᠡ ᠭᠠᠷᠴᠤ᠂ ᠶᠠᠪᠤᠵᠤ ᠰᠠᠭᠤᠬᠤ ᠬᠥᠮᠥᠰ ᠪᠣᠯᠣᠨ ᠮᠠᠰᠢᠨ ᠳᠤ ᠬᠦᠨᠳᠦ ᠨᠣᠴᠢᠲᠠᠢ ᠠᠮᠤᠷ ᠲᠦᠪᠰᠢᠨ ᠤ ᠳᠡᠯᠳᠡ ᠬᠡᠮ ᠠᠪᠴᠢᠷᠠᠵᠤ ᠥᠭᠪᠡ᠃ ᠴᠠᠭᠠᠨ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠳᠣᠣᠷ᠎ᠠ᠂8 ᠰᠠᠷ᠎ᠠ ᠶᠢᠨ17᠎ ᠤ ᠡᠳᠦᠷ᠂ ᠴᠠᠭᠠᠨ ᠪᠠᠯᠭᠠᠰᠤᠨ ᠤ ᠵᠠᠮ ᠬᠠᠷᠢᠯᠴᠠᠭᠠᠨ ᠤ ᠴᠠᠭᠳᠠᠭᠠᠨ ᠤ ᠳᠤᠮᠳᠠ ᠠᠩᠭᠢ ᠶᠢᠨ ᠳᠠᠷᠤᠭ᠎ᠠ ᠴᠧᠨ ᠲᠢᠶᠧ ᠵᠸᠦ4 ᠴᠠᠭᠳᠠᠭ᠎ᠠ ᠪᠠᠨ ᠳᠠᠭᠠᠭᠤᠯᠵᠤ᠂ ᠨᠢᠭᠡ ᠤᠬᠤᠭᠤᠷ ᠮᠠᠰᠢᠨ ᠬᠥᠳᠡᠯᠭᠡᠵᠦ᠂ ᠪᠠᠯᠭᠠᠰᠤ ᠲᠣᠭᠤᠷᠢᠭ ᠤᠨ ᠭᠤᠣᠯ ᠭᠤᠳᠤᠮᠵᠢ ᠶᠢᠨ17 ᠭᠠᠵᠠᠷ ᠤᠨ ᠡᠩᠬᠦᠯ ᠳᠤᠩᠬᠤᠯ ᠭᠠᠵᠠᠷ ᠲᠤ ᠬᠡᠮᠬᠡᠳᠡᠭ ᠴᠢᠯᠠᠭᠤ ᠳᠡᠪᠢᠰᠪᠡ᠃     ᠴᠠᠭᠠᠨ ᠪᠠᠯᠭᠠᠰᠤᠨ ᠤ ᠵᠠᠮ ᠬᠠᠷᠢᠯᠴᠠᠭᠠᠨ ᠤ ᠠᠩᠭᠢ ᠶᠢᠨ ᠬᠢᠨ ᠠᠷᠠᠳ ᠲᠦᠮᠡᠨ ᠤ ᠠᠮᠤᠷ ᠲᠦᠪᠰᠢᠨ ᠢ ᠰᠠᠨᠠᠭᠠᠰᠢᠷᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠳᠠᠯᠳᠠ ᠬᠡᠮ ᠢ ᠢᠳᠡᠪᠬᠢᠲᠡᠢ ᠦᠭᠡᠶᠢᠰᠬᠡᠵᠦ᠂ ᠴᠠᠭᠠᠨ ᠪᠠᠯᠭᠠᠰᠤᠨ ᠤ ᠬᠤᠲᠠ ᠲᠣᠭᠤᠷᠢᠭ ᠲᠠᠬᠢ ᠶᠠᠪᠤᠵᠤ ᠰᠠᠭᠤᠬᠤ ᠮᠠᠰᠢᠨ ᠪᠣᠯᠣᠨ ᠬᠥᠮᠥᠰ ᠤᠨ ᠠᠮᠤᠷ ᠲᠦᠪᠰᠢᠨ ᠢ ᠪᠠᠲᠤᠯᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号