ᠲᠣᠭᠠᠴᠢᠯᠠᠭᠰᠠᠨ ᠰᠣᠶᠣᠯ ᠢ ᠮᠣᠩᠭᠤᠯ ᠭᠡᠷ ᠲᠤ ᠣᠷᠣᠭᠤᠯᠵᠤ ᠭᠠᠨᠵᠤᠤᠷ ᠰᠤᠮᠤᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠯᠭ᠎ᠠ ᠶᠢ ᠪᠠᠶᠠᠯᠢᠭᠵᠢᠭ᠋᠊
ᠨᠡᠶᠢᠲᠡᠯᠡᠭᠰᠡᠨ ᠴᠠᠭ᠄
2017-08-21
   8 ᠰᠠᠷ᠎ᠠ ᠶᠢᠨ16᠎ ᠤ ᠡᠳᠦᠷ᠂ ᠭᠠᠨᠵᠤᠤᠷ ᠰᠤᠮᠤᠨ ᠤ ᠶᠡᠬᠡᠬᠦᠷᠢᠶ᠎ᠡ ᠭᠠᠴᠠᠭ᠎ᠠ ᠨᠠᠮ ᠤᠨ ᠭᠡᠰᠢᠭᠦᠨ ᠤ ᠭᠤᠣᠯᠯᠠᠬᠤ ᠡᠷᠦᠬᠡ ᠬᠢᠭᠡᠳ ᠬᠤᠷᠰᠢᠶᠠᠵᠢᠯ ᠢ ᠬᠤᠯᠪᠣᠭᠠᠯᠠᠨ ᠪᠠᠶᠢᠭᠤᠯᠬᠤ ᠣᠨᠴᠠᠯᠢᠭ ᠲᠤ ᠰᠠᠭᠤᠷᠢᠯᠠᠨ᠂ ᠬᠤᠰᠢᠭᠤᠨ ᠎ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠶᠡᠭᠡ ᠳᠡᠮᠵᠢᠯᠭᠡ ᠳᠣᠣᠷ᠎ᠠ ︽ᠲᠣᠭᠠᠴᠢᠯᠠᠭᠰᠠᠨ ᠰᠣᠶᠣᠯ ᠢ ᠮᠣᠩᠭᠤᠯ ᠭᠡᠷ ᠲᠤ ᠣᠷᠣᠭᠤᠯᠬᠤ︾ ᠰᠢᠯᠵᠢᠮᠡᠯ ᠲᠣᠭᠠᠴᠢᠯᠠᠯᠲᠠ ᠶᠢᠨ ᠨᠡᠮᠡᠯᠲᠡ ᠥᠷᠲᠡᠭᠡ ᠲᠠᠢ ᠤᠶᠠᠯᠳᠤᠭᠤᠯᠤᠨ ᠥᠭᠡᠷᠡᠴᠢᠯᠡᠵᠦ᠂ ᠲᠣᠭᠠᠴᠢᠯᠠᠯᠲᠠ ᠶᠢᠨ ᠨᠡᠮᠡᠯᠲᠡ ᠥᠷᠲᠡᠭᠡ ᠨᠠᠮ ᠤᠨ ᠭᠡᠰᠢᠭᠦᠨ ᠤ ᠭᠤᠣᠯᠯᠠᠬᠤ ᠡᠷᠦᠬᠡ ᠶᠢᠨ ᠡᠳᠦᠷ ᠲᠤᠲᠤᠮ ᠤᠨ ᠰᠤᠷᠤᠯᠴᠠᠯᠭ᠎ᠠ ᠵᠢᠴᠢ ᠬᠤᠷᠰᠢᠶᠠᠵᠢᠯ ᠤᠨ ᠡᠳᠦᠷ ᠲᠤᠲᠤᠮ ᠤᠨ ᠡᠵᠡᠩᠨᠡᠯᠲᠡ ᠬᠠᠮᠢᠶᠠᠷᠤᠯᠲᠠ ᠶᠢ ᠬᠠᠮᠲᠤ ᠳᠤᠨᠢ ᠬᠠᠷᠠᠭᠠᠯᠵᠠᠵᠤ᠂ ᠲᠣᠭᠠᠴᠢᠯᠠᠭᠰᠠᠨ ᠰᠣᠶᠣᠯ ᠢ ᠬᠠᠮᠲᠤ ᠪᠠᠷ ᠡᠳ᠋ᠯᠡᠬᠦ ᠳᠠᠪᠲᠠᠮᠵᠢ ᠪᠣᠯᠣᠨ ᠬᠦᠷᠢᠶ᠎ᠡ ᠬᠡᠪᠴᠢᠶ᠎ᠡ᠂ ᠨᠠᠮ ᠤᠨ ᠭᠡᠰᠢᠭᠦᠨ ᠤ ᠭᠤᠣᠯᠯᠠᠬᠤ ᠡᠷᠦᠬᠡ ᠶᠢᠨ ᠰᠤᠷᠤᠯᠴᠠᠬᠤ ᠠᠭᠤᠯᠭ᠎ᠠ᠂ ᠬᠤᠷᠰᠢᠶᠠᠵᠢᠯ ᠤᠨ ᠰᠠᠭᠤᠷᠢ ᠲᠣᠨᠤᠭ ᠲᠥᠬᠦᠭᠡᠷᠦᠮᠵᠢ ᠶᠢᠨ ᠨᠥᠬᠦᠴᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂24 ᠴᠠᠭ ᠲᠤᠭ᠎ᠠ ᠪᠠᠷᠢᠮᠲᠠ ᠶᠢᠨ ᠰᠣᠶᠣᠯ ᠢ ᠠᠴᠢᠶᠠᠯᠠᠬᠤ+ ᠨᠠᠮ ᠤᠨ ᠭᠡᠰᠢᠭᠦᠨ ᠤ ᠭᠤᠣᠯᠯᠠᠬᠤ ᠡᠷᠦᠬᠡ ᠶᠢᠨ ᠡᠳᠦᠷ ᠲᠤᠲᠤᠮ ᠤᠨ ᠰᠤᠷᠤᠯᠴᠠᠯᠭ᠎ᠠ+ ᠡᠷᠦᠬᠡ ᠬᠤᠯᠪᠣᠭᠠᠯᠠᠨ ᠬᠤᠷᠰᠢᠨ ᠬᠥᠭᠵᠢᠭᠰᠡᠨ ︽ᠲᠣᠭᠠᠴᠢᠯᠠᠭᠰᠠᠨ ᠰᠣᠶᠣᠯ ᠎ ᠢ ᠮᠣᠩᠭᠤᠯ ᠭᠡᠷ ᠲᠤ ᠣᠷᠣᠭᠤᠯᠬᠤ︾+  ᠬᠡᠷᠡᠭᠯᠡᠭᠡᠨ ᠤ ᠰᠢᠨ᠎ᠡ ᠬᠡᠯᠪᠡᠷᠢ ᠶᠢ ᠪᠦᠷᠢᠯᠳᠦᠭᠦᠯᠪᠡ᠃    ᠣᠶᠢᠯᠠᠭᠠᠭᠰᠠᠨ ᠢᠶᠠᠷ᠂ ︽ᠲᠣᠭᠠᠴᠢᠯᠠᠭᠰᠠᠨ ᠰᠣᠶᠣᠯ ᠢ ᠮᠣᠩᠭᠤᠯ ᠭᠡᠷ ᠲᠤ ᠣᠷᠣᠭᠤᠯᠬᠤ︾ ᠢᠨᠵᠧᠨᠧᠷᠢᠩ ᠪᠣᠯ ᠲᠣᠨᠤᠭ ᠲᠥᠬᠦᠭᠡᠷᠦᠮᠵᠢ ᠪᠣᠯᠣᠨ ᠡᠬᠢ ᠪᠠᠶᠠᠯᠢᠭ ᠶᠢᠨ ᠡᠷᠭᠢᠯᠲᠡ ᠶᠢᠨ ᠦᠢᠯᠡᠴᠢᠯᠡᠭᠡ ᠶᠢᠨ ᠬᠡᠯᠪᠡᠷᠢ ᠶᠢ ᠠᠰᠢᠭᠯᠠᠵᠤ᠂ ᠶᠡᠭᠡ ᠬᠡᠮᠵᠢᠶᠡᠨ ᠤ ᠰᠢᠯᠢᠳᠡᠭ ᠲᠣᠭᠠᠴᠢᠯᠠᠭᠰᠠᠨ ᠰᠣᠶᠣᠯ ᠤᠨ ᠡᠬᠢ ᠪᠠᠶᠠᠯᠢᠭ ᠢ ᠦᠨᠳᠦᠰᠦᠨ ᠱᠠᠲᠤᠨ ᠳᠤ ᠳᠠᠮᠵᠢᠭᠤᠯᠵᠤ᠂ ᠳᠥᠭᠦᠮ ᠳᠥᠲᠡ ᠰᠣᠶᠣᠯ ᠤᠨ ᠦᠢᠯᠡᠴᠢᠯᠡᠭᠡᠨ ᠢ ᠦᠨᠳᠦᠰᠦᠨ ᠱᠠᠲᠤᠨ ᠳᠤ ᠬᠦᠷᠲᠡᠯ᠎ᠡ ᠭᠦᠨᠵᠡᠭᠡᠶᠢᠷᠡᠭᠦᠯᠵᠦ᠂ ᠦᠨᠳᠦᠰᠦᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠤᠨ ᠲᠡᠩᠴᠡᠭᠦᠷᠢᠰᠢᠭᠦᠯᠵᠦ᠂ ᠥᠷᠭᠡᠨ ᠣᠯᠠᠨ ᠮᠠᠯᠴᠢᠳ ᠲᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠠᠰᠢᠭ ᠢ ᠬᠠᠮᠲᠤ ᠳᠤᠨᠢ ᠡᠳ᠋ᠯᠡᠭᠦᠯᠪᠡ᠃ ᠲᠥᠷᠥᠯ ᠵᠦᠢᠯ ᠤᠨ ᠰᠢᠨ᠎ᠡ ᠶᠢ ᠡᠭᠦᠳᠦᠭᠰᠡᠨ ᠨᠢ ᠦᠨ᠎ᠡ ᠲᠥᠯᠥᠪᠦᠷᠢ ᠦᠭᠡᠢ᠂ ᠪᠦᠬᠦᠯᠢ ᠡᠳᠦᠷ ᠢᠶᠠᠷ ᠦᠢᠯᠡᠴᠢᠯᠡᠬᠦ ᠪᠠᠷ ᠪᠠᠷᠠᠬᠤ ᠦᠭᠡᠢ᠂ ᠨᠡᠩ ᠴᠦ ᠰᠢᠯᠢᠳᠡᠭ ᠰᠣᠶᠣᠯ ᠤᠨ ᠡᠬᠢ ᠪᠠᠶᠠᠯᠢᠭ ᠢ ︽ᠮᠣᠩᠭᠤᠯ ᠭᠡᠷ ᠡᠷᠦᠬᠡ ᠳᠤ ᠣᠷᠣᠭᠤᠯᠵᠤ︾᠂ ᠥᠷᠭᠡᠨ ᠣᠯᠠᠨ ᠦᠨᠳᠦᠰᠦᠨ ᠱᠠᠲᠤᠨ ᠤ ᠠᠷᠠᠳ ᠣᠯᠠᠨ ᠳᠤ ᠭᠠᠷ ᠤᠲᠠᠰᠤ ᠵᠡᠷᠭᠡ ᠪᠠᠷ ᠳᠠᠮᠵᠢᠵᠤ ᠮᠡᠳᠡᠭᠡ ᠵᠠᠩᠭᠢ ᠣᠯᠵᠤ᠂ ᠥᠩᠭᠡᠷᠡᠭᠰᠡᠨ ᠤ ︽ᠤᠲᠠᠰᠤ ᠵᠠᠯᠭᠠᠵᠤ ᠦᠢᠯᠡᠴᠢᠯᠡᠬᠦ︾ ᠎ ᠠᠴᠠ ᠪᠠᠨ ︽ᠰᠦᠯᠵᠢᠶᠡᠨ ᠳᠡᠭᠡᠷ᠎ᠡ ᠦᠢᠯᠡᠴᠢᠯᠡᠬᠦ︾  ᠪᠣᠯᠭᠠᠨ ᠬᠤᠪᠢᠷᠠᠭᠤᠯᠵᠤ᠂ ᠣᠯᠠᠨ ᠨᠡᠶᠢᠲᠡ ᠶᠢᠨ ᠰᠣᠶᠣᠯ ᠎ ᠤᠨ ᠲᠣᠣᠷ ᠰᠦᠯᠵᠢᠶᠡᠨ ᠤ ᠦᠢᠯᠡᠴᠢᠯᠡᠭᠡ ᠶᠢ ᠬᠥᠮᠥᠨ ᠪᠦᠬᠦᠨ ᠳᠤ ᠨᠡᠪᠲᠡᠷᠡᠭᠦᠯᠬᠦ ᠬᠠᠷᠠᠯᠲᠠ ᠳᠤ ᠬᠦᠷᠭᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号