ᠭᠠᠨᠵᠤᠤᠷ ᠰᠤᠮᠤᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠩᠰᠠ ᠡᠪᠬᠡᠮᠡᠯ ᠢ ᠲᠤᠰᠢᠶᠠᠬᠤ ᠵᠢᠴᠢ ᠣᠷᠣᠨ᠂ ᠬᠤᠲᠠ ᠬᠤᠶᠠᠷ ᠱᠠᠲᠤᠨ ᠤ ᠶᠠᠳᠠᠭᠤ ᠶᠢ ᠲᠡᠳᠬᠦᠬᠦ ᠬᠢᠨᠠᠨ ᠪᠠᠶᠢᠴᠠᠭᠠᠬᠤ ᠴᠡᠭᠴᠡᠯᠡᠨ ᠵᠠᠰᠠᠬᠤ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2017-08-24
     ᠬᠤᠰᠢᠭᠤᠨ ᠤ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠵᠢᠯᠣᠭᠤᠳᠬᠤ ᠭᠠᠵᠠᠷ ᠤᠨ ᠳᠣᠯᠣᠳᠤᠭᠠᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠤᠨ ᠳᠠᠩᠰᠠ ᠡᠪᠬᠡᠮᠡᠯ ᠤᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ᠂8 ᠰᠠᠷ᠎ᠠ ᠶᠢᠨ22᠎ ᠤ ᠡᠳᠦᠷ᠂ ᠭᠠᠨᠵᠤᠤᠷ ᠰᠤᠮᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠯᠪᠠᠨ ᠭᠡᠷ ᠠᠴᠠ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢ ᠵᠣᠬᠢᠶᠠᠨ ᠪᠠᠶᠢᠭᠤᠯᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠩᠰᠠ ᠡᠪᠬᠡᠮᠡᠯ ᠢ ᠲᠤᠰᠢᠶᠠᠨ ᠭᠦᠢᠴᠡᠳᠬᠡᠬᠦ ᠬᠤᠷᠠᠯ ᠥᠷᠨᠢᠭᠦᠯᠪᠡ᠃      ᠬᠤᠷᠠᠯ ᠠᠴᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠡᠮᠬᠢᠳᠬᠡᠭᠰᠡᠨ ᠡᠷᠦᠬᠡ ᠪᠦᠷᠢ ᠶᠢᠨ ᠳᠠᠩᠰᠠ ᠡᠪᠬᠡᠮᠡᠯ ᠢ ᠬᠤᠷᠠᠯ ᠤᠨ ᠪᠢᠴᠢᠭ ᠮᠠᠲ᠋ᠧᠷᠢᠶᠠᠯ ᠤᠨ ᠬᠡᠯᠪᠡᠷᠢ ᠪᠠᠷ ᠬᠠᠪᠰᠤᠷᠤᠨ ᠲᠡᠳᠬᠦᠬᠦ ᠺᠠᠳ᠋ᠷ ᠲᠤ ᠲᠤᠰᠢᠶᠠᠨ ᠭᠦᠢᠴᠡᠳᠬᠡᠭᠦᠯᠬᠦ᠂ ᠬᠠᠪᠰᠤᠷᠤᠨ ᠲᠡᠳᠬᠦᠬᠦ ᠺᠠᠳ᠋ᠷ ᠢ ᠳᠠᠷᠤᠶᠢᠬᠠᠨ ᠭᠠᠴᠠᠭ᠎ᠠ ᠡᠷᠦᠬᠡ ᠪᠠᠷ ᠪᠠᠭᠤᠯᠭᠠᠨ ᠭᠦᠨᠵᠡᠭᠡᠶᠢᠷᠡᠭᠦᠯᠬᠦ ᠶᠢ ᠱᠠᠭᠠᠷᠳᠠᠵᠤ᠂8 ᠰᠠᠷ᠎ᠠ ᠶᠢᠨ28᠎ ᠤ ᠡᠳᠦᠷ ᠠᠴᠠ ᠡᠮᠦᠨ᠎ᠡ ᠳᠠᠩᠰᠠ ᠡᠪᠬᠡᠮᠡᠯ ᠤᠨ ᠭᠠᠷᠴᠠᠭ ᠶᠣᠰᠣᠭᠠᠷ ᠬᠤᠯᠪᠣᠭᠳᠠᠯ ᠪᠦᠬᠦᠢ ᠠᠭᠤᠯᠭ᠎ᠠ ᠶᠢ ᠨᠥᠬᠦᠪᠦᠷᠢᠯᠡᠵᠦ᠂ ᠳᠠᠩᠰᠠ ᠡᠪᠬᠡᠮᠡᠯ ᠤᠨ ᠮᠡᠳᠡᠭᠡ ᠵᠠᠩᠭᠢ ᠶᠢ ᠤᠯᠠᠮ ᠨᠢᠭᠡ ᠠᠯᠬᠤᠮ ᠬᠠᠷᠠᠭᠤᠯᠤᠨ ᠬᠠᠯᠠᠨ ᠵᠠᠯᠠᠷᠠᠭᠤᠯᠵᠤ᠂ ᠶᠠᠳᠠᠭᠤ ᠶᠢ ᠲᠡᠳᠬᠦᠬᠦ ᠭᠠᠷ ᠳᠡᠪᠲᠡᠷ ᠤᠨ ᠬᠤᠯᠪᠣᠭᠳᠠᠯ ᠪᠦᠬᠦᠢ ᠰᠡᠭᠦᠳᠡᠷ ᠢ ᠪᠦᠷᠢᠳᠦᠭᠦᠯᠵᠦ᠂ ᠶᠠᠳᠠᠭᠤ ᠶᠢ ᠲᠡᠳᠬᠦᠬᠦ ᠭᠠᠷ ᠳᠡᠪᠲᠡᠷ᠂ ᠭᠤᠷᠪᠠᠨ ᠳᠡᠪᠲᠡᠷ ᠤᠨ ᠨᠠᠷᠢᠨ ᠳᠠᠩᠰᠠ ᠶᠢᠨ ᠠᠭᠤᠯᠭ᠎ᠠ ᠬᠢᠭᠡᠳ ᠨᠢᠭᠡ ᠡᠷᠦᠬᠡ ᠳᠤ ᠨᠢᠭᠡ ᠳᠠᠩᠰᠠ ᠡᠪᠬᠡᠮᠡᠯ ᠲᠠᠢ ᠪᠥᠭᠡᠳ ᠶᠠᠳᠠᠭᠤ ᠡᠷᠦᠬᠡ ᠶᠢᠨ ᠭᠡᠷ ᠪᠦᠯᠢ ᠶᠢᠨ ᠪᠣᠳᠠᠲᠤ ᠪᠠᠶᠢᠳᠠᠯ ᠲᠠᠢ ᠨᠢᠭᠡᠳᠦᠯᠲᠡᠢ ᠪᠠᠶᠢᠬᠤ ᠶᠢ ᠪᠠᠲᠤᠯᠠᠵᠤ᠂ ᠳᠠᠩᠰᠠ ᠡᠪᠬᠡᠮᠡᠯ ᠪᠣᠯᠣᠨ ᠶᠠᠳᠠᠭᠤ ᠡᠷᠦᠬᠡ ᠶᠢᠨ ᠪᠠᠶᠢᠳᠠᠯ ᠢ ᠪᠣᠳᠠᠲᠠᠢ ᠲᠠᠢ ᠨᠡᠶᠢᠴᠡᠭᠦᠯᠬᠦ ᠬᠡᠷᠡᠭᠲᠡᠢ᠃      ᠡᠭᠦᠨ ᠤ ᠬᠠᠮᠲᠤ᠂ ᠳᠠᠩᠰᠠ ᠡᠪᠬᠡᠮᠡᠯ ᠢ ᠵᠢᠩᠬᠢᠨᠢ ᠪᠠᠷ ᠲᠤᠰᠢᠶᠠᠨ ᠰᠢᠢᠳᠪᠦᠷᠢᠯᠡᠭᠦᠯᠬᠦ ᠬᠡᠯᠪᠡᠷᠢ ᠪᠠᠷ ᠳᠠᠮᠵᠢᠵᠤ ᠂ ᠬᠠᠪᠰᠤᠷᠤᠨ ᠲᠡᠳᠬᠦᠬᠦ ᠺᠠᠳ᠋ᠷ ᠪᠣᠯᠣᠨ ᠶᠠᠳᠠᠭᠤ ᠡᠷᠦᠬᠡ ᠶᠢᠨ ᠬᠠᠷᠢᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠷᠢᠮ ᠬᠠᠪᠰᠤᠷᠤᠨ ᠲᠡᠳᠬᠦᠬᠦ ᠺᠠᠳ᠋ᠷ ᠤᠨ ᠡᠷᠦᠬᠡ ᠪᠠᠷ ᠭᠦᠨᠵᠡᠭᠡᠶᠢᠷᠡᠬᠦ ᠴᠥᠭᠡᠨ ᠪᠠᠶᠢᠳᠠᠯ ᠢ ᠱᠠᠯᠠᠪᠳᠠᠨ ᠱᠠᠭᠠᠷᠳᠠᠵᠤ᠂ ᠶᠠᠳᠠᠭᠤ ᠡᠷᠦᠬᠡ ᠶᠢᠨ ᠪᠠᠶᠢᠳᠠᠯ ᠢᠶᠠᠨ ᠭᠦᠨᠵᠡᠭᠡᠢ ᠣᠶᠢᠯᠠᠭᠠᠭᠰᠠᠨ ᠦᠭᠡᠢ᠂ ᠶᠠᠳᠠᠭᠤ ᠡᠷᠦᠬᠡ ᠶᠢᠨ ᠬᠤᠭᠤᠷᠣᠨᠳᠤᠬᠢ ᠬᠠᠷᠢᠴᠠᠭ᠎ᠠ ᠭᠦᠨᠵᠡᠭᠡᠢ ᠪᠤᠰᠤ ᠵᠡᠷᠭᠡ ᠶᠠᠳᠠᠭᠤ ᠶᠢ ᠲᠡᠳᠬᠦᠬᠦ ᠳᠤᠮᠳᠠ ᠠᠮᠠᠷᠬᠠᠨ ᠪᠥᠭᠡᠳ ᠦᠷᠭᠦᠯᠵᠢ ᠡᠭᠦᠰᠳᠡᠭ ᠪᠣᠭᠤᠮᠲᠠ ᠰᠢᠪᠲᠤᠯᠬᠤ ᠬᠠᠭᠤᠴᠢᠨ ᠠᠰᠠᠭᠤᠳᠠᠯ᠂ ᠳᠠᠩᠰᠠ ᠡᠪᠬᠡᠮᠡᠯ ᠢ ᠪᠦᠬᠦᠨ ᠢ ᠲᠤᠰᠢᠶᠠᠵᠤ ᠭᠦᠢᠴᠡᠳᠬᠡᠯᠭᠡᠬᠦ ᠲᠣᠭᠤᠷᠢᠨ ᠳᠤ᠂ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠲᠤᠰᠢᠶᠠᠨ ᠡᠭᠦᠷᠭᠡᠯᠡᠭᠦᠯᠬᠦ ᠶᠢ ᠠᠬᠢᠭᠤᠯᠵᠤ᠂ ᠶᠠᠳᠠᠭᠤ ᠶᠢ ᠲᠡᠳᠬᠦᠬᠦ ᠶᠠᠪᠤᠴᠠ ᠳᠤ ᠡᠯ᠎ᠡ ᠲᠥᠷᠥᠯ ᠤᠨ ᠠᠰᠠᠭᠤᠳᠠᠯ ᠡᠭᠦᠰᠬᠦ ᠶᠢ ᠤᠯᠠᠮ ᠨᠢᠭᠡ ᠠᠯᠬᠤᠮ ᠰᠢᠢᠳᠪᠦᠷᠢᠯᠡᠨ᠎ᠡ᠃      ᠬᠠᠮᠤᠭ ᠰᠡᠭᠦᠯ ᠳᠤ᠂ ︽ ︿ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠰᠤᠭᠤᠴᠢᠨ ᠪᠠᠶᠢᠴᠠᠭᠠᠬᠤ ᠳᠤᠭᠤᠶᠢᠯᠠᠩ ᠵᠢᠴᠢ ᠬᠥᠯᠥᠨ ᠪᠣᠶᠢᠷ ᠬᠤᠲᠠ ᠶᠢᠨ ᠶᠠᠳᠠᠭᠤ ᠶᠢ ᠲᠡᠳᠬᠦᠬᠦ ᠠᠯᠪᠠᠨ ᠭᠡᠷ ᠎ ᠤᠨ ᠡᠯ᠎ᠡ ᠳᠠᠬᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠤᠨ ᠡᠮᠬᠢᠳᠬᠡᠯ﹀᠎ ᠤᠨ ᠲᠤᠬᠠᠢ ᠳᠠᠮᠵᠢᠭᠤᠯᠤᠨ ᠲᠠᠷᠬᠠᠭᠠᠭᠰᠠᠨ ᠮᠡᠳᠡᠭᠳᠡᠯ︾ ︵ᠰᠢᠨ᠎ᠡ ᠪᠠᠷᠭᠤ ᠵᠡᠭᠦᠨ ᠬᠤᠰᠢᠭᠤᠨ ᠤ ᠠᠩᠭᠢᠵᠢᠷᠠᠭᠤᠯᠬᠤ ᠵᠢᠯᠣᠭᠤᠳᠬᠤ ᠭᠠᠵᠠᠷ ᠦᠰᠦᠭᠲᠦ ﹇2017﹈94 ᠳ᠋ᠦ᠋ᠭᠡᠷ ᠲᠣᠭᠠᠲᠤ︶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠎ ᠶᠢ ᠳᠠᠮᠵᠢᠭᠤᠯᠵᠤ᠂ ᠵᠣᠬᠢᠰᠲᠠᠢ ᠲᠣᠬᠢᠷᠠᠭᠤᠯᠤᠯᠲᠠ ᠬᠢᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号