| | | | | | | | 8 ᠰᠠᠷ᠎ᠠ ᠶᠢᠨ21 ᠤ ᠦᠳᠡ ᠶᠢᠨ ᠬᠤᠶᠢᠨ᠎ᠠ᠂ ᠬᠠᠨᠳᠠᠭᠠᠢ ᠰᠤᠮᠤᠨ ᠳᠤ ᠶᠠᠳᠠᠭᠤ ᠶᠢ ᠲᠡᠳᠬᠦᠬᠦ ᠪᠣᠭᠤᠮᠲᠠ | ᠰᠢᠪᠲᠤᠯᠬᠤ ︽60 ᠡᠳᠦᠷ ᠤᠨ ᠳᠠᠶᠢᠯᠠᠯᠳᠤᠭᠠᠨ︾ ᠤ ᠳᠠᠶᠢᠴᠢᠯᠠᠯᠲᠠ ᠶᠢᠨ ᠬᠤᠷᠠᠯ ᠵᠢᠴᠢ ᠶᠠᠳᠠᠭᠤ ᠶᠢ ᠲᠡᠳᠬᠦᠬᠦ | ᠪᠣᠭᠤᠮᠲᠠ ᠰᠢᠪᠲᠤᠯᠬᠤ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ ᠰᠢᠨ᠎ᠡ ᠪᠠᠷᠭᠤ ᠵᠡᠭᠦᠨ ᠬᠤᠰᠢᠭᠤᠨ ᠤ | ᠬᠢᠨᠠᠨ ᠪᠠᠶᠢᠴᠠᠭᠠᠬᠤ ᠳᠤᠭᠤᠶᠢᠯᠠᠩ ᠤᠨ ᠰᠦᠨ ᠭᠧᠨ ᠰᠦᠩ᠂ ᠰᠣᠯᠣᠩᠭᠤᠸ᠎ᠠ ᠵᠡᠷᠭᠡ ᠤᠳᠤᠷᠢᠳᠤᠯᠭ᠎ᠠ ᠵᠢᠴᠢ ᠰᠤᠮᠤᠨ | ᠤ ᠤᠳᠤᠷᠢᠳᠬᠤ ᠪᠠᠭ ᠤᠨ ᠭᠡᠰᠢᠭᠦᠨ ᠬᠤᠷᠠᠯ ᠳᠤ ᠣᠷᠣᠯᠴᠠᠵᠤ᠂ ᠡᠯ᠎ᠡ ᠭᠠᠴᠠᠭᠠᠨ ᠤ ᠨᠢᠭᠡᠳᠦᠭᠡᠷ ᠱᠦᠵᠢ᠂ | ᠲᠣᠰᠬᠤᠨ ᠳᠤ ᠰᠠᠭᠤᠭ᠎ᠠ ᠠᠵᠢᠯᠯᠠᠬᠤ ᠳᠤᠭᠤᠶᠢᠯᠠᠩ ᠤᠨ ᠭᠡᠰᠢᠭᠦᠨ ᠪᠣᠯᠣᠨ ᠰᠤᠮᠤᠨ ᠤ ᠪᠦᠬᠦ ᠠᠵᠢᠯᠲᠠᠨ ᠬᠤᠷᠠᠯ | ᠳᠤ ᠣᠷᠣᠯᠴᠠᠪᠠ᠃ ᠰᠤᠮᠤᠨ ᠳᠠᠷᠤᠭ᠎ᠠ ᠶᠢᠨ ᠭᠠᠩ ᠬᠤᠷᠠᠯ ᠡᠷᠬᠢᠯᠡᠪᠡ᠃ | ᠬᠤᠷᠠᠯ ᠳᠤ ᠡᠩ ᠲᠡᠷᠢᠭᠦᠨ ᠳᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠷᠢᠨᠪᠠᠶᠠᠷ ᠪᠣᠯᠣᠨ | ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠼᠣᠣ ᠹᠧᠩ ᠴᠦᠨ ᠤ ᠬᠢᠭᠰᠡᠨ ᠪᠦᠬᠦ ᠬᠤᠰᠢᠭᠤᠨ ᠤ ᠶᠠᠳᠠᠭᠤ | ᠶᠢ ᠲᠡᠳᠬᠦᠬᠦ ᠪᠣᠭᠤᠮᠲᠠ ᠰᠢᠪᠲᠤᠯᠬᠤ ︽60 ᠡᠳᠦᠷ ᠤᠨ ᠳᠠᠶᠢᠯᠠᠯᠳᠤᠭᠠᠨ︾ ᠤ ᠳᠠᠶᠢᠴᠢᠯᠠᠯᠲᠠ ᠲᠣᠬᠢᠷᠠᠭᠤᠯᠤᠯᠲᠠ | ᠶᠢᠨ ᠬᠤᠷᠠᠯ ᠵᠢᠴᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠣᠯᠣᠳᠤᠭᠠᠷ ᠤᠳᠠᠭᠠᠨ ᠤ | ᠲᠣᠬᠢᠷᠠᠭᠤᠯᠤᠯᠲᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠵᠤ᠂ | ᠬᠠᠨᠳᠠᠭᠠᠢ ᠰᠤᠮᠤᠨ ᠤ ᠣᠳᠣᠬᠢ ᠠᠵᠢᠯ ᠤᠨ ᠳᠤᠮᠳᠠ ᠣᠷᠣᠰᠢᠵᠤ ᠪᠠᠶᠢᠭ᠎ᠠ ᠭᠤᠣᠯ ᠠᠰᠠᠭᠤᠳᠠᠯ ᠢ ᠪᠠᠶᠢᠴᠠᠭᠠᠨ | ᠡᠷᠢᠵᠦ᠂ ᠰᠡᠭᠦᠯᠴᠢ ᠶᠢᠨ ᠱᠠᠲᠤᠨ ᠳᠠᠬᠢ ᠡᠭᠦᠷᠭᠡ ᠶᠢ ᠪᠠᠶᠢᠷᠢᠯᠠᠭᠤᠯᠤᠨ ᠲᠣᠬᠢᠷᠠᠭᠤᠯᠵᠤ᠂ ᠪᠦᠬᠦ ᠺᠠᠳ᠋ᠷ ᠠᠵᠢᠯᠲᠠᠨ᠂ | ᠨᠢᠭᠡᠳᠦᠭᠡᠷ ᠱᠦᠵᠢ᠂ ᠲᠣᠰᠬᠤᠨ ᠳᠤ ᠰᠠᠭᠤᠭ᠎ᠠ ᠠᠵᠢᠯ ᠤᠨ ᠳᠤᠭᠤᠶᠢᠯᠠᠩ ᠢ ᠳᠠᠶᠢᠴᠢᠯᠠᠨ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠦᠵᠡᠯᠲᠡ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠪᠠᠨ ᠴᠢᠩᠭᠠᠳᠬᠠᠵᠤ᠂ ᠶᠠᠳᠠᠭᠤ | ᠠᠴᠠ ᠠᠩᠭᠢᠵᠢᠷᠠᠭᠤᠯᠬᠤ ︽ᠪᠣᠭᠤᠮᠲᠠ ᠰᠢᠪᠲᠤᠯᠬᠤ ᠳᠠᠶᠢᠯᠠᠯᠳᠤᠭᠠᠨ︾ ᠤ ᠪᠦᠬᠦ ᠲᠠᠯ᠎ᠠ ᠶᠢᠨ ᠠᠮᠵᠢᠯᠲᠠ ᠶᠢ | ᠪᠠᠲᠤᠯᠠᠬᠤ ᠬᠡᠷᠡᠭᠲᠡᠢ ᠭᠡᠪᠡ᠃ | ᠬᠤᠷᠠᠯ ᠳᠡᠭᠡᠷ᠎ᠡ ᠬᠤᠷᠠᠯ ᠳᠤ ᠣᠷᠣᠯᠴᠠᠭᠰᠠᠳ ᠲᠤ ᠬᠠᠨᠳᠠᠭᠠᠢ ᠰᠤᠮᠤᠨ ᠤ ᠶᠠᠳᠠᠭᠤ ᠶᠢ ᠲᠡᠳᠬᠦᠬᠦ ᠪᠣᠭᠤᠮᠲᠠ | ᠰᠢᠪᠲᠤᠯᠬᠤ ︽ᠲᠠᠪᠤᠨ ᠨᠢᠭᠡ ᠪᠦᠯᠦᠭ︾ ᠶᠠᠳᠠᠭᠤ ᠶᠢ ᠲᠡᠳᠬᠦᠬᠦ ᠠᠵᠢᠯ ᠤᠨ ᠳᠤᠭᠤᠶᠢᠯᠠᠩ ᠬᠤᠪᠢᠶᠠᠭᠰᠠᠨ ᠪᠠᠶᠢᠳᠠᠯ | ᠢ ᠨᠡᠶᠢᠲᠡᠯᠡᠬᠦ ᠶᠢᠨ ᠬᠠᠮᠲᠤ ᠬᠤᠰᠢᠭᠤᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠡᠷᠬᠢᠯᠡᠭᠴᠢ ᠵᠠᠩ ᠰᠦᠩ ᠲᠣᠣ | ᠠᠴᠠ ᠬᠠᠨᠳᠠᠭᠠᠢ ᠰᠤᠮᠤᠨ ᠤ ᠶᠠᠳᠠᠭᠤ ᠶᠢ ᠲᠡᠳᠬᠦᠬᠦ ᠠᠵᠢᠯᠲᠠᠨ᠂ ᠨᠢᠭᠡᠳᠦᠭᠡᠷ ᠱᠦᠵᠢ ᠪᠣᠯᠣᠨ ᠲᠣᠰᠬᠤᠨ ᠳᠤ | ᠰᠠᠭᠤᠭ᠎ᠠ ᠠᠵᠢᠯ ᠤᠨ ᠳᠤᠭᠤᠶᠢᠯᠠᠩ ᠳᠤ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ᠂ ᠣᠷᠣᠰᠢᠵᠤ ᠪᠠᠶᠢᠭ᠎ᠠ | ᠠᠰᠠᠭᠤᠳᠠᠯ᠂ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠲᠥᠷᠥᠯ ᠵᠦᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ | ᠵᠡᠷᠭᠡ ᠲᠠᠯ᠎ᠠ ᠪᠠᠷ ᠨᠠᠷᠢᠨ ᠲᠠᠶᠢᠯᠪᠤᠷᠢ ᠬᠢᠬᠦ ᠶᠢᠨ ᠬᠠᠮᠲᠤ ᠡᠯ᠎ᠡ ᠭᠠᠴᠠᠭᠠᠨ ᠤ ᠨᠢᠭᠡᠳᠦᠭᠡᠷ ᠱᠦᠵᠢ ᠶᠢᠨ ᠳᠤᠷᠠᠳᠤᠭᠰᠠᠨ | ᠠᠰᠠᠭᠤᠯᠲᠠ ᠶᠢ ᠨᠢᠭᠡᠳ ᠨᠢᠭᠡ ᠪᠠᠷ ᠲᠠᠶᠢᠯᠪᠤᠷᠢᠯᠠᠵᠤ ᠥᠭᠪᠡ᠃ | ᠬᠠᠮᠤᠭ ᠡᠴᠦᠰ ᠲᠤ᠂ ᠬᠤᠰᠢᠭᠤᠨ ᠤ ᠱᠠᠭᠠᠷᠳᠠᠨ ᠵᠢᠯᠣᠭᠤᠳᠬᠤ ᠳᠤᠭᠤᠶᠢᠯᠠᠩ ᠤᠨ ᠤᠳᠤᠷᠢᠳᠤᠯᠭ᠎ᠠ ᠠᠴᠠ | ᠬᠠᠨᠳᠠᠭᠠᠢ ᠰᠤᠮᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ ᠳᠣᠣᠷᠠᠬᠢ ᠮᠡᠲᠦ | ᠱᠠᠭᠠᠷᠳᠠᠯᠭ᠎ᠠ ᠳᠤᠷᠠᠳᠪᠠ᠄ ᠨᠢᠭᠡ ᠳᠤ ᠪᠦᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠴᠠᠭ ᠤᠨ | ᠱᠠᠭᠠᠷᠳᠠᠯᠭ᠎ᠠ ᠪᠠᠷ᠂ ᠠᠯᠢᠪᠠ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠲᠣᠳᠣᠷᠬᠠᠢ ᠠᠵᠢᠯ ᠤᠨ ᠲᠣᠬᠢᠷᠠᠭᠤᠯᠤᠯᠲᠠ | ᠶᠢ ᠠᠬᠢᠭᠤᠯᠵᠤ᠂ ᠡᠯ᠎ᠡ ᠲᠥᠷᠥᠯ ᠤᠨ ᠠᠵᠢᠯ ᠤᠨ ᠡᠭᠦᠷᠭᠡ ᠪᠠᠷ ᠱᠠᠯᠠᠪᠳᠠᠨ ᠪᠡᠶᠡᠯᠡᠭᠦᠯᠬᠦ ᠬᠡᠷᠡᠭᠲᠡᠢ᠃ ᠬᠤᠶᠠᠷ ᠲᠤ | ᠡᠷᠦᠬᠡ ᠳᠤ ᠬᠦᠷᠴᠦ ᠤᠬᠠᠭᠤᠯᠭ᠎ᠠ ᠬᠢᠬᠦ ᠪᠠᠨ ᠴᠢᠩᠭᠠᠳᠬᠠᠵᠤ᠂ ᠶᠠᠳᠠᠭᠤ ᠡᠷᠦᠬᠡ ᠶᠢᠨ ᠶᠠᠳᠠᠭᠤ ᠠᠴᠠ | ᠠᠩᠭᠢᠵᠢᠷᠠᠭᠤᠯᠵᠤ ᠪᠣᠭᠤᠮᠲᠠ ᠰᠢᠪᠲᠤᠯᠬᠤ ᠡᠯ᠎ᠡ ᠲᠥᠷᠥᠯ ᠤᠨ ᠠᠵᠢᠯ ᠤᠨ ᠣᠶᠢᠯᠠᠭᠠᠯᠲᠠ ᠲᠠᠨᠢᠯᠲᠠ ᠶᠢ ᠲᠠᠰᠤᠷᠠᠯᠲᠠ | ᠦᠭᠡᠢ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ ᠡᠯ᠎ᠡ ᠲᠥᠷᠥᠯ ᠤᠨ ᠠᠵᠢᠯ ᠤᠨ ᠳᠠᠩᠰᠠ ᠡᠪᠬᠡᠮᠡᠯ ᠢ | ᠨᠠᠷᠢᠯᠢᠭᠵᠢᠭᠤᠯᠵᠤ ᠲᠡᠭᠦᠯᠳᠡᠷᠵᠢᠭᠦᠯᠬᠦ ᠬᠡᠷᠡᠭᠲᠡᠢ᠃ ᠳᠥᠷᠪᠡ ᠳᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠴᠢᠩᠭᠠᠳᠬᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠢ ᠡᠷᠢᠵᠦ᠂ ᠴᠠᠭ ᠲᠤᠬᠠᠢ ᠳᠤᠨᠢ ᠠᠰᠠᠭᠤᠳᠠᠯ | ᠢ ᠲᠦᠷᠭᠡᠨ ᠴᠡᠭᠴᠡᠯᠡᠨ ᠵᠠᠰᠠᠬᠤ ᠬᠡᠷᠡᠭᠲᠡᠢ᠃ |