ᠰᠢᠨ᠎ᠡ ᠪᠠᠷᠭᠤ ᠵᠡᠭᠦᠨ ᠬᠤᠰᠢᠭᠤᠨ ᠤ ᠭᠠᠨᠵᠤᠤᠷ ᠰᠤᠮᠤᠨ ᠤ ᠠᠮᠤᠭᠤᠯᠠᠩᠪᠤᠯᠠᠭ ᠭᠠᠴᠠᠭᠠᠨ ᠤ ᠡᠮᠡᠭᠲᠡᠶᠢᠴᠦᠳ ᠤᠨ ᠲᠥᠯᠥᠭᠡᠯᠡᠭᠴᠢᠳ ᠤᠨ ᠬᠤᠷᠠᠯ ᠤᠨ ᠡᠷᠬᠢᠯᠡᠭᠴᠢ ᠶᠠᠳᠠᠭᠤ ᠰᠤᠷᠤᠭᠴᠢ ᠶᠢ ᠲᠣᠬᠤᠨᠢᠭᠤᠯᠪᠠ
ᠨᠡᠶᠢᠲᠡᠯᠡᠭᠰᠡᠨ ᠴᠠᠭ᠄
2017-08-25
   
     ᠰᠢᠨ᠎ᠡ ᠰᠤᠷᠤᠯᠴᠠᠯᠭ᠎ᠠ ᠶᠢᠨ ᠬᠤᠭᠤᠴᠠᠭ᠎ᠠ ᠡᠬᠢᠯᠡᠬᠦ ᠦᠶ᠎ᠡ ᠳᠤ᠂ ᠥᠨᠥᠴᠢᠨ ᠬᠡᠦᠬᠡᠳ᠂  ᠶᠠᠳᠠᠭᠤ ᠬᠦᠴᠢᠷᠳᠡᠯᠲᠡᠢ ᠰᠤᠷᠤᠭᠴᠢᠳ ᠲᠤ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠢ ᠬᠦᠷᠲᠡᠭᠡᠵᠦ᠂ ᠲᠡᠳᠡᠨᠦᠰ ᠢ ᠪᠠᠶᠠᠷ ᠪᠠᠶᠠᠰᠤᠯ ᠲᠠᠢ ᠰᠤᠷᠤᠯᠴᠠᠭᠤᠯᠵᠤ᠂ ᠡᠷᠡᠭᠦᠯ ᠢᠶᠠᠷ ᠬᠥᠮᠥᠵᠢᠭᠦᠯᠬᠦ ᠶᠢᠨ ᠲᠥᠯᠥᠭᠡ᠂ ᠣᠶᠢᠷ᠎ᠠ ᠶᠢᠨ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ ᠭᠠᠨᠵᠤᠤᠷ ᠰᠤᠮᠤᠨ ᠤ ᠠᠮᠤᠭᠤᠯᠠᠩᠪᠤᠯᠠᠭ ᠭᠠᠴᠠᠭᠠᠨ ᠤ ᠡᠮᠡᠭᠲᠡᠶᠢᠴᠦᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠷᠬᠢᠯᠡᠭᠴᠢ ᠦᠷᠡᠵᠢᠨᠰᠦᠷᠦᠩ ᠭᠠᠴᠠᠭᠠᠨ ᠤ ᠨᠢᠭᠡ ᠶᠠᠳᠠᠭᠤ ᠰᠤᠷᠤᠭᠴᠢ ᠪᠣᠯᠣᠨ ᠨᠢᠭᠡ ᠥᠨᠥᠴᠢᠨ ᠬᠡᠦᠬᠡᠳ ᠢ ᠲᠣᠬᠤᠨᠢᠭᠤᠯᠵᠤ ᠣᠴᠢᠬᠤ ᠶᠢᠨ ᠬᠠᠮᠲᠤ ᠬᠥᠮᠥᠨ ᠪᠦᠷᠢ ᠳᠤ200 ᠲᠥᠭᠦᠷᠢᠭ ᠎ ᠤᠨ ᠲᠤᠰᠠᠯᠠᠮᠵᠢ ᠶᠢᠨ ᠮᠥᠩᠭᠦ ᠥᠭᠪᠡ᠃      ᠲᠣᠬᠤᠨᠢᠭᠤᠯᠬᠤ ᠶᠠᠪᠤᠴᠠ ᠳᠤ᠂ ᠭᠠᠴᠠᠭᠠᠨ ᠤ ᠡᠮᠡᠭᠲᠡᠶᠢᠴᠦᠳ ᠤᠨ ᠲᠥᠯᠥᠭᠡᠯᠡᠭᠴᠢᠳ ᠤᠨ ᠶᠡᠭᠡ ᠬᠤᠷᠠᠯ ᠎ ᠤᠨ ᠡᠷᠬᠢᠯᠡᠭᠴᠢ ᠦᠷᠡᠵᠢᠨᠰᠦᠷᠦᠩ  ᠬᠤᠶᠠᠷ ᠰᠤᠷᠤᠭᠴᠢ ᠶᠢᠨ ᠰᠤᠷᠤᠯᠴᠠᠯᠭ᠎ᠠ᠂ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠲᠡᠳᠡᠨᠦᠰ ᠢ ᠬᠠᠷᠠᠬᠠᠨ ᠪᠠᠭ᠎ᠠ ᠠᠴᠠ ᠪᠠᠨ ᠠᠯᠤᠰ ᠬᠡᠳᠦ ᠶᠢᠨ ᠬᠦᠰᠡᠯᠡᠩ ᠲᠠᠢ ᠪᠠᠶᠢᠵᠤ᠂ ᠰᠠᠶᠢᠲᠤᠷ ᠴᠢᠷᠮᠠᠶᠢᠨ ᠰᠤᠷᠤᠯᠴᠠᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠴᠢᠳᠠᠪᠤᠷᠢᠲᠠᠨ ᠪᠣᠯᠬᠤ ᠪᠠᠷ ᠵᠣᠷᠢᠭ ᠰᠢᠭᠤᠳᠴᠤ᠂  ︽ᠰᠠᠶᠢᠨ ᠰᠤᠷᠤᠭᠴᠢ︾ ᠪᠣᠯᠬᠤ ᠶᠢ ᠬᠦᠰᠡᠨ ᠵᠣᠷᠢᠭᠵᠢᠭᠤᠯᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号