ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠬᠡᠯᠡ ᠪᠢᠴᠢᠭ᠂ ᠲᠡᠥᠬᠡ ᠵᠡᠷᠭᠡ ᠬᠢᠴᠢᠶᠡᠯ ᠲᠦᠷᠦᠯ ᠤᠨ ᠵᠢᠭᠠᠨ ᠰᠤᠷᠭᠠᠯᠲᠠ ᠳᠤ ᠡᠷᠬᠡᠪᠰᠢ ᠲᠣᠭᠲᠠᠭᠠᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠬᠡᠷᠡᠭᠲᠡᠢ ᠭᠡᠵᠦ ᠰᠤᠷᠭᠠᠨ ᠬᠦᠮᠦᠵᠢᠯ ᠤᠨ ᠶᠠᠮᠤᠨ ᠠᠴᠠ ᠱᠠᠭᠠᠷᠳᠠᠪᠠ
ᠨᠡᠶᠢᠲᠡᠯᠡᠭᠰᠡᠨ ᠴᠠᠭ᠄
2017-08-30
  7  ᠰᠠᠷ᠎ᠠ ᠶᠢᠨ 4᠎ ᠤ ᠡᠳᠦᠷ ᠰᠤᠷᠭᠠᠨ ᠬᠦᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤᠨ ᠳᠠᠬᠢ ᠶᠣᠰᠤ ᠮᠤᠷᠠᠯ ᠪᠠ ᠬᠠᠥᠯᠢᠵᠢᠯ᠂ ᠬᠡᠯᠡ ᠪᠢᠴᠢᠭ᠂ ᠲᠡᠥᠬᠡ ᠪᠣᠯᠣᠨ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠵᠢᠭᠠᠨ ᠰᠤᠷᠭᠠᠯᠲᠠ ᠳᠤ ᠬᠡᠷᠡᠭᠯᠡᠬᠦ ᠨᠣᠮ ᠢ ᠰᠠᠶᠢᠲᠤᠷ ᠬᠢᠬᠦ ᠶᠢᠨ ᠲᠦᠯᠦᠭᠡ᠂ ᠰᠤᠷᠭᠠᠨ ᠬᠦᠮᠦᠵᠢᠯ ᠤᠨ ᠶᠠᠮᠤᠨ ᠣᠶᠢᠷ᠎ᠠ ᠳᠤ ᠮᠡᠳᠡᠭᠳᠡᠯ ᠨᠡᠶᠢᠲᠡᠯᠡᠵᠦ᠂ ᠬᠤᠯᠪᠤᠭᠳᠠᠯ  ᠪᠦᠬᠦᠢ‌ᠵᠢᠭᠠᠨ ᠰᠤᠷᠭᠠᠯᠲᠠ ᠳᠤ ᠡᠷᠬᠡᠪᠰᠢ ︽2017 ᠣᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠶᠣᠰᠤ ᠮᠤᠷᠠᠯ ᠪᠠ ᠬᠠᠥᠯᠢᠵᠢᠯ᠂ ᠬᠡᠯᠡ ᠪᠢᠴᠢᠭ᠂ ᠲᠡᠥᠬᠡ ᠪᠣᠯᠣᠨ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠵᠢᠭᠠᠨ  ᠰᠤᠷᠭᠠᠯᠲᠠ ᠵᠢᠨ‌ᠨᠣᠮ ᠤᠨ ᠭᠠᠷᠴᠠᠭ︾᠎ ᠲᠤ ᠨᠡᠶᠢᠲᠡᠯᠡᠭᠰᠡᠨ ᠵᠢᠭᠠᠬᠤ ᠮᠠᠲ᠋ᠧᠷᠢᠶᠠᠯ ᠢ ᠬᠡᠷᠡᠭᠯᠡᠬᠦ ᠬᠡᠷᠡᠭᠲᠡᠢ ᠬᠡᠮᠡᠨ ᠱᠠᠭᠠᠷᠳᠠᠭᠰᠠᠨ ᠪᠠᠶᠢᠨ᠎ᠠ᠃             2017 ᠣᠨ ᠠᠴᠠ ᠡᠬᠢᠯᠡᠭᠰᠡᠨ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠤ ᠰᠢᠨᠵᠢᠯᠡᠬᠦ ᠤᠬᠠᠭᠠᠨ ‍ᠤ‌‍ᠬᠢᠴᠢᠶᠡᠯ ᠤᠨ ᠲᠤᠬᠠᠢ᠂ ᠮᠡᠳᠡᠭᠳᠡᠯ ᠳᠤ᠂ ᠡᠯ᠎ᠡ ᠨᠠᠶᠢᠷᠠᠭᠤᠯᠤᠨ ᠬᠡᠪᠯᠡᠭᠦᠯᠬᠦ ᠨᠢᠭᠡᠴᠡ ᠠᠴᠠ ᠰᠢᠨ᠎ᠡ ᠬᠢᠴᠢᠶᠡᠯ ᠤᠨ  ᠪᠠᠷᠢᠮᠵᠢᠶ᠎ᠠ ᠶᠢ ᠦᠨᠳᠦᠰᠦᠯᠡᠨ ᠣᠳᠣ ᠶᠢᠨ ᠬᠡᠷᠡᠭᠯᠡᠵᠦ ᠪᠠᠶᠢᠭ᠎ᠠ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠬᠢᠴᠢᠶᠡᠯ ᠤᠨ ᠪᠢᠴᠢᠭ ᠲᠤ ᠵᠠᠰᠠᠪᠤᠷᠢ ᠣᠷᠣᠭᠤᠯᠤᠭᠰᠠᠨ ᠪᠦᠭᠡᠳ ᠨᠢᠭᠡ᠂ ᠬᠤᠶᠠᠳᠤᠭᠠᠷ ᠣᠨ ᠤ ᠵᠢᠭᠠᠬᠤ ᠮᠠᠲ᠋ᠧᠷᠢᠶᠠᠯ ᠢ ᠨᠡᠮᠡᠨ ᠨᠠᠶᠢᠷᠠᠭᠤᠯᠬᠤ ᠬᠡᠷᠡᠭᠲᠡᠢ ᠭᠡᠵᠦ‌ᠵᠢᠭᠠᠨ ᠭᠠᠷᠭᠠᠵᠠᠢ᠃         ᠮᠡᠳᠡᠭᠳᠡᠯ ᠳᠤ ᠪᠠᠰᠠ᠂ ᠪᠤᠢ ᠪᠦᠬᠦᠢ ᠵᠢᠭᠠᠬᠤ ᠮᠠᠲ᠋ᠧᠷᠢᠶᠠᠯ ᠳᠤ ᠢᠯᠡᠭᠦᠴᠡ ᠵᠢᠭᠠᠨ ᠰᠤᠷᠭᠠᠬᠤ  ᠲᠤᠰᠠᠯᠠᠬᠤ  ᠮᠠᠲ᠋ᠧᠷᠢᠶᠠᠯ ᠬᠠᠩᠭᠠᠬᠤ ᠪᠠ ᠡᠯ᠎ᠡ ᠵᠦᠢᠯ ᠤᠨ ᠴᠦᠷᠬᠡᠯᠡᠬᠦ ᠰᠦᠯᠵᠢᠶᠡᠨ ᠤ ᠬᠠᠶ᠋ᠢᠭ᠂ ᠬᠤᠶᠠᠷ ᠬᠡᠮᠵᠢᠯᠲᠦ ᠺᠣᠳ᠋ ᠵᠡᠷᠭᠡ ᠮᠡᠳᠡᠭᠡ ᠵᠠᠩᠭᠢ ᠪᠠᠶᠢᠵᠤ ᠪᠣᠯᠬᠤ ᠦᠭᠡᠢ ᠬᠡᠮᠡᠨ ᠲᠣᠳᠣᠷᠬᠠᠶᠢᠯᠠᠬᠤ ᠶᠢᠨ ᠬᠠᠮᠲᠤ᠂ ᠡᠯ᠎ᠡ ᠭᠠᠵᠠᠷ ᠤᠨ ᠬᠢᠨ ᠨᠢᠭᠡᠲᠦᠯᠲᠡᠢ ᠲᠦᠯᠦᠪᠯᠡᠨ ᠲᠣᠬᠢᠷᠠᠭᠤᠯᠵᠤ᠂ ᠬᠢᠴᠢᠶᠡᠯ ᠠᠴᠠ ᠡᠮᠦᠨ᠎ᠡ ᠨᠣᠮ ᠬᠦᠷᠬᠦ ᠶᠢ ᠦᠨᠡᠨ ᠬᠦ ᠪᠠᠲᠤᠯᠠᠬᠤ ᠬᠡᠷᠡᠭᠲᠡᠢ ᠬᠡᠮᠡᠨ ᠱᠠᠭᠠᠷᠳᠠᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号