ᠨᠠᠮ ᠤᠨ ᠳᠤᠳᠤᠭᠠᠳᠦ ᠶᠢᠨ ᠬᠢᠨᠠᠯᠳᠠ ᠶᠢ ᠠᠷᠠᠳᠴᠢᠯᠠᠯ ᠲᠦᠪᠯᠡᠷᠡᠯ ᠤᠨ ᠶᠤᠰᠤᠨ ᠳᠤ ᠭᠡᠷᠬᠢᠨ ᠲᠤᠤᠱᠯᠠᠭᠤᠯᠬᠤ ᠪᠤᠢ
ᠨᠡᠶᠢᠲᠡᠯᠡᠭᠰᠡᠨ ᠴᠠᠭ᠄
2017-08-30
ᠨᠠᠮ ᠤᠨ ᠳᠤᠳᠤᠭᠠᠳᠦ ᠶᠢᠨ ᠬᠢᠨᠠᠯᠳᠠ ᠶᠢ ᠠᠷᠠᠳᠴᠢᠯᠠᠯ ᠲᠦᠪᠯᠡᠷᠡᠯ ᠤᠨ ᠶᠤᠰᠤᠨ ᠳᠤ ᠭᠡᠷᠬᠢᠨ ᠲᠤᠤᠱᠯᠠᠭᠤᠯᠬᠤ ᠪᠤᠢ       ᠠᠷᠠᠳᠴᠢᠯᠠᠯ ᠲᠦᠪᠯᠡᠷᠡᠯ ᠤᠨ ᠶᠤᠰᠤ ᠪᠤᠯ ᠨᠠᠮ ᠤᠨ ᠦᠨᠳᠦᠰᠦᠨ ᠵᠤᠬᠢᠶᠠᠨ ᠪᠠᠶᠢᠭᠤᠯᠤᠯᠳᠠ ᠶᠢᠨ ᠵᠠᠷᠴᠢᠮ ᠪᠠ ᠤᠳᠤᠷᠢᠳᠬᠤ ᠲᠦᠷᠢᠮ ᠮᠦᠨ᠂ ᠪᠠᠰᠠᠴᠦ ᠨᠠᠮ ᠤᠨ ᠳᠤᠳᠤᠭᠠᠳᠦ ᠶᠢᠨ ᠬᠢᠨᠠᠯᠳᠠ ᠶᠢᠨ ᠦᠨᠳᠦᠰᠦᠨ ᠵᠠᠷᠴᠢᠮ ᠮᠦᠨ᠃ ︽ᠲᠤᠮᠳᠠᠳᠦ ᠤᠯᠤᠰ ᠤᠨ ᠡᠪ ᠬᠠᠮᠳᠦ ᠨᠠᠮ ᠤᠨ ᠨᠠᠮ ᠤᠨ ᠳᠤᠳᠤᠭᠠᠳᠦ ᠶᠢᠨ ᠬᠢᠨᠠᠯᠳᠠ  ᠲᠠᠯᠪᠢᠬᠤ ᠲᠦᠷᠢᠮ︾ ︵ᠲᠤᠷᠤᠭᠰᠢ ︽ᠲᠦᠷᠢᠮ︾ ᠭᠡᠵᠦ ᠲᠦᠬᠦᠮᠴᠢᠯᠡᠨ᠎ᠠ︶᠎ ᠳᠤ᠂ ︽ᠨᠠᠮ ᠤᠨ ᠳᠤᠳᠤᠭᠠᠳᠦ ᠶᠢᠨ ᠬᠢᠨᠠᠯᠳᠠ ᠶᠢ ᠡᠷᠭᠡᠪᠰᠢ ᠠᠷᠠᠳᠴᠢᠯᠡᠯ ᠲᠦᠪᠯᠡᠷᠡᠯ ᠤᠨ ᠶᠤᠰᠤᠨ ᠳᠤ ᠲᠤᠤᠱᠯᠠᠭᠤᠯᠵᠦ᠂ ᠲᠦᠷᠢᠮ ᠲᠤᠭᠳᠠᠭᠠᠯ ᠰᠠᠬᠢᠯᠭ᠎ᠠ ᠪᠠᠳᠦ ᠶᠤᠰᠤᠭᠠᠷ ᠭᠡᠷᠡᠭᠵᠢᠭᠦᠯᠵᠦ᠂ ᠳᠡᠭᠡᠳᠦ ᠱᠠᠳᠤ ᠠᠴᠠ ᠲᠤᠤᠷᠠᠳᠦ ᠱᠠᠳᠤ ᠬᠦᠷᠳᠡᠯᠡᠬᠢ ᠵᠤᠬᠢᠶᠠᠨ ᠪᠠᠶᠢᠭᠤᠯᠤᠯᠳᠠ ᠶᠢᠨ ᠬᠢᠨᠠᠯᠳᠠ ᠶᠢ ᠴᠢᠩᠭᠠᠳᠬᠠᠵᠦ᠂ ᠲᠤᠤᠷᠠᠳᠦ ᠱᠠᠳᠤ ᠠᠴᠠ ᠳᠡᠭᠡᠳᠦ ᠱᠠᠳᠤ ᠬᠦᠷᠳᠡᠯᠡᠬᠢ ᠠᠷᠠᠳᠴᠢᠯᠠᠯ ᠤᠨ ᠬᠢᠨᠠᠯᠳᠠ ᠶᠢ ᠰᠠᠶᠢᠵᠢᠷᠠᠭᠤᠯᠵᠦ᠂ ᠠᠳᠠᠯᠢ ᠱᠠᠳᠤᠨ ᠤ ᠬᠢᠨ ᠬᠠᠷᠢᠯᠴᠠᠨ ᠬᠢᠨᠠᠯᠳᠠ ᠲᠠᠯᠪᠢᠬᠤ ᠦᠢᠯᠡᠳᠦᠯ ᠢ ᠪᠠᠳᠠᠷᠠᠭᠤᠯᠬᠤ᠋ ᠭᠡᠷᠡᠭᠲᠡᠢ︾ ᠭᠡᠵᠦ ᠲᠤᠭᠳᠠᠭᠠᠵᠠᠢ᠂ ᠡᠨᠡ ᠨᠢ ᠠᠷᠠᠳᠴᠢᠯᠡᠯ ᠲᠦᠪᠯᠡᠷᠡᠯ ᠤᠨ ᠶᠤᠰᠤᠨ ᠤ ᠨᠠᠮ ᠤᠨ ᠳᠤᠳᠤᠭᠠᠳᠦ ᠶᠢᠨ ᠬᠢᠨᠠᠯᠳᠠ ᠳᠤᠮᠳᠠᠬᠢ ᠴᠢᠬᠤᠯᠠ ᠪᠠᠶᠢᠷᠢ ᠰᠠᠭᠤᠷᠢ ᠪᠠ ᠦᠢᠯᠡᠳᠦᠯ ᠢ ᠲᠤᠪᠤᠶᠢᠯᠭᠠᠭᠰᠠᠨ ᠢᠶᠠᠷ ᠦᠯᠦ ᠪᠠᠷᠠᠮ᠂ ᠪᠠᠰᠠ ᠠᠷᠠᠳᠴᠢᠯᠠᠯ ᠲᠦᠪᠯᠡᠷᠡᠯ ᠤᠨ ᠶᠤᠰᠤ ᠶᠢ  ᠲᠤᠤᠱᠯᠠᠭᠤᠯᠬᠤ ᠭᠤᠤᠯ ᠠᠷᠭ᠎ᠠ ᠵᠠᠮ ᠪᠠ ᠠᠷᠭ᠎ᠠ ᠭᠡᠯᠪᠡᠷᠢ ᠶᠢ ᠳᠤᠳᠤᠷᠬᠠᠢᠢᠯᠠᠵᠠᠢ᠃ ᠪᠤᠳᠠᠳᠠᠢ ᠪᠠᠷ ᠭᠡᠯᠡᠪᠡᠯ ᠲᠤᠤᠷᠠᠬᠢ 3 ᠲᠠᠯ᠎ᠠ ᠪᠠᠷ ᠤᠢᠢᠯᠠᠭᠠᠵᠦ ᠪᠤᠯᠤᠨ᠎ᠠ᠃  ᠭᠤᠤᠯᠳᠠᠯᠭ᠎ᠠ ᠶᠢ ᠡᠵᠡᠮᠳᠡᠵᠦ᠂ ᠠᠷᠠᠳᠴᠢᠯᠠᠯ ᠲᠦᠪᠯᠡᠷᠡᠯ ᠤᠨ ᠶᠤᠰᠤ ᠶᠢ ᠨᠠᠮ ᠤᠨ ᠳᠤᠳᠤᠭᠠᠳᠦ ᠶᠢᠨ ᠬᠢᠨᠠᠯᠳᠠ ᠶᠢᠨ ᠪᠦᠬᠦ ᠶᠠᠪᠤᠴᠠ ᠳᠤ ᠲᠤᠤᠱᠯᠠᠭᠤᠯᠬᠤ ᠭᠡᠷᠡᠭᠲᠡᠢ᠃ ︽ᠲᠦᠷᠢᠮ︾᠎ ᠤᠨ ᠤᠳᠤᠷᠢᠳᠬᠠᠯ ᠤᠨ ᠭᠡᠰᠡᠭ ᠲᠤ ᠠᠷᠠᠳᠴᠢᠯᠠᠯ ᠲᠦᠪᠯᠡᠷᠡᠯ ᠤᠨ ᠶᠤᠰᠤ ᠶᠢ ᠲᠤᠤᠱᠯᠠᠭᠤᠯᠬᠤ ᠶᠡᠷᠦᠩᠭᠡᠢ ᠱᠠᠭᠠᠷᠳᠠᠯᠭ᠎ᠠ ᠶᠢ ᠳᠤᠳᠤᠷᠬᠠᠢᠢᠯᠠᠵᠦ᠂ ᠭᠤᠤᠯ ᠭᠡᠰᠡᠭ ᠲᠤ ᠲᠤᠰ ᠲᠤᠰ ᠨᠠᠮ ᠤᠨ ᠲᠦᠪ ᠬᠤᠷᠢᠶᠠᠨ ᠤ ᠵᠤᠬᠢᠶᠠᠨ ᠪᠠᠶᠢᠭᠤᠯᠤᠯᠳᠠ᠂ ᠨᠠᠮ ᠤᠨ ᠬᠤᠷᠢᠶ᠎ᠠ ︵ᠨᠠᠮ ᠤᠨ ᠤᠲᠤᠷᠢᠳᠬᠤ ᠲᠤᠭᠤᠢᠢᠯᠠᠩ︶ ᠵᠢᠴᠢ ᠨᠠᠮ ᠤᠨ ᠠᠵᠢᠯ ᠤᠨ ᠰᠠᠯᠠᠭ᠎ᠠ ᠮᠦᠴᠢᠷ᠂ ᠨᠠᠮ ᠤᠨ ᠰᠠᠬᠢᠯᠭ᠎ᠠ ᠪᠠᠳᠦ ᠪᠠᠶᠢᠴᠠᠭᠠᠬᠤ ᠬᠤᠷᠢᠶ᠎ᠠ᠂ ᠨᠠᠮ ᠤᠨ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠪᠠ ᠨᠠᠮ ᠤᠨ ᠭᠡᠰᠢᠬᠦᠨ ᠤ ᠬᠢᠨᠠᠯᠳᠠ ᠶᠢᠨ ᠲᠤᠬᠠᠢ ᠲᠤᠭᠳᠠᠭᠠᠯ ᠭᠠᠷᠭᠠᠵᠦ᠂ ᠵᠦᠪ ᠲᠦᠪᠯᠡᠷᠡᠯ ᠢ ᠴᠢᠬᠤᠯᠠᠴᠢᠯᠠᠵᠤ᠋᠂ ᠨᠠᠮ ᠤᠨ ᠵᠤᠬᠢᠶᠠᠨ ᠪᠠᠶᠢᠭᠤᠯᠤᠯᠳᠠ ᠪᠤᠯᠤᠨ ᠤᠳᠤᠷᠢᠳᠬᠤ ᠺᠠᠳ᠋ᠷ ‍ᠤᠨ‌‍ᠲ᠋ᠡᠭᠡᠳᠦ ᠱᠠᠳᠤᠨ ᠠᠴᠠ ᠲᠤᠤᠷᠠᠳᠦ ᠱᠠᠳᠤ ᠬᠦᠷᠳᠡᠯᠡᠬᠢ ᠬᠢᠨᠠᠯᠳᠠ ᠶᠢᠨ ᠬᠠᠷᠢᠭᠤᠴᠠᠯᠭ᠎ᠠ ᠶᠢ ᠴᠢᠩᠭᠠᠳᠬᠠᠬᠰᠠᠨ ᠢᠶᠠᠷ ᠦᠯᠦ ᠪᠠᠷᠠᠮ᠂ ᠨᠠᠮ ᠤᠨ ᠭᠡᠰᠢᠬᠦᠨ ᠤ ᠭᠤᠤᠯ ᠴᠤᠭᠴᠠ ᠶᠢᠨ ᠪᠠᠶᠢᠷᠢ ᠰᠠᠭᠤᠷᠢ ᠶᠢ ᠬᠦᠨᠳᠦᠳᠭᠡᠵᠦ᠂ ᠠᠳᠠᠯᠢ ᠱᠠᠳᠤᠨ ᠤ ᠬᠢᠨ ᠬᠠᠷᠢᠯᠴᠠᠨ ᠬᠢᠨᠠᠯᠳᠠ ᠲᠠᠯᠪᠢᠬᠤ᠋ ᠪᠠ ᠳᠤᠤᠷᠠᠳᠦ ᠱᠠᠳᠤ ᠨᠢ ᠳᠡᠭᠡᠳᠦ ᠱᠠᠳᠤᠨ ᠳᠠᠭᠠᠨ ᠬᠢᠨᠠᠯᠳᠠ  ᠲᠠᠯᠪᠢᠬᠤ ᠦᠢᠯᠡᠳᠦᠯ ᠢ ᠪᠠᠳᠠᠷᠠᠭᠤᠯᠵᠦ᠂ ᠡᠷᠭᠡ ᠪᠤᠯᠤᠨ ᠬᠠᠷᠢᠭᠤᠴᠠᠯᠭ᠎ᠠ᠂ ᠡᠷᠭᠡ ᠪᠤᠯᠤᠨ ᠡᠬᠦᠷᠭᠡ ᠶᠢᠨ ᠨᠢᠭᠡᠳᠦᠯᠳᠠᠢ ᠪᠠᠶᠢᠬᠤ᠋ ᠶᠢ ᠪᠡᠶᠡᠯᠡᠬᠦᠯᠵᠡᠢ᠃    ᠭᠤᠤᠯ ᠴᠤᠭᠴᠠ ᠶᠢᠨ ᠬᠠᠷᠢᠭᠤᠴᠠᠯᠭ᠎ᠠ ᠶᠢ ᠪᠤᠳᠠᠳᠠᠶᠢᠵᠢᠭᠤᠯᠵᠦ᠂ ᠳᠡᠭᠡᠳᠦ ᠱᠠᠳᠤᠨ ᠠᠴᠠ ᠳᠤᠤᠷᠠᠳᠦ ᠱᠠᠲᠤ ᠬᠦᠷᠳᠡᠯᠡᠬᠢ ᠬᠢᠨᠠᠯᠳᠠ ᠶᠢ ᠴᠢᠩᠭᠠᠳᠬᠠᠪᠠ᠃ ᠨᠠᠮ ᠤᠨ ᠳᠤᠳᠤᠭᠠᠳᠦ ᠶᠢᠨ ᠬᠢᠨᠠᠯᠳᠠ ᠶᠢᠨ ᠡᠷᠭᠡ ᠰᠦᠷ ᠪᠠ ᠬᠠᠷᠢᠭᠤᠴᠠᠯᠭ᠎ᠠ ᠨᠢ ᠡᠩ ᠲᠡᠷᠢᠬᠦᠨ ᠳᠤ ᠨᠠᠮ ᠤᠨ ᠵᠤᠬᠢᠶᠠᠨ ᠪᠠᠶᠢᠭᠤᠯᠤᠯᠳᠠ ᠠᠴᠠ ᠢᠷᠡᠯᠳᠡ ᠲᠠᠢ ᠶᠤᠮ᠃ ᠨᠠᠮ ᠤᠨ ᠳᠤᠳᠤᠭᠠᠳᠦ ᠶᠢᠨ ᠬᠢᠨᠠᠯᠳᠠ ᠶᠢᠨ ᠲᠡᠷᠢᠬᠦᠨ ᠪᠠᠶᠢᠷᠢ ᠳᠤ ᠤᠷᠤᠬᠤ ᠨᠢ ᠨᠠᠮ ᠤᠨ ᠬᠤᠷᠢᠶᠠᠨ ᠤ ᠬᠢᠨᠠᠯᠳᠠ ᠪᠤᠯᠤᠨ᠎ᠠ᠂ ᠨᠠᠮ ᠤᠨ ᠬᠤᠷᠢᠶ᠎ᠠ ᠠᠴᠠ ᠺᠠᠳ᠋ᠷ ᠢ ᠲᠤᠮᠢᠯᠠᠬᠤ ᠪᠦᠭᠡᠳ ᠨᠡᠩ ᠴᠦ ᠺᠠᠳ᠋ᠷ ᠲᠤ ᠬᠢᠨᠠᠯᠳᠠ ᠲᠠᠯᠪᠢᠬᠤ ᠭᠡᠷᠡᠭᠲᠡᠢ᠃ ︽ᠲᠦᠷᠢᠮ︾᠎ ᠳᠤ ᠡᠯ᠎ᠠ ᠱᠠᠲᠤᠠ ᠤ ᠨᠠᠮ ᠤᠨ ᠵᠤᠬᠢᠶᠠᠠ ᠪᠠᠶᠢᠭᠤᠯᠤᠯᠲᠠ ᠶᠢᠨ ᠬᠢᠨᠠᠯᠲᠠ ᠶᠢᠨ ᠡᠬᠦᠷᠭᠡ ᠬᠠᠷᠢᠭᠤᠴᠠᠯᠭ᠎ᠠ ᠶᠢ ᠲᠤᠲᠤᠷᠬᠠᠢᠢᠯᠠᠵᠠᠢ᠂ ᠵᠢᠱᠢᠶᠡᠯᠡᠪᠡᠯ ︽ᠲᠦᠪ ᠤᠨ ᠤᠯᠤᠰ ᠲᠦᠷᠦ ᠶᠢᠨ ᠲᠤᠪᠴᠢᠶᠠᠠ ᠤ ᠭᠡᠰᠢᠭᠦᠳ ᠰᠢᠭᠤᠳ ᠬᠤᠪᠢᠲᠠᠠ ᠬᠠᠮᠢᠶᠠᠷᠴᠦ ᠪᠠᠶᠢᠭ᠎ᠠ ᠰᠠᠯᠠᠭ᠎ᠠ ᠮᠦᠴᠢᠷ᠂ ᠤᠷᠤᠨ ᠨᠤᠲᠤᠭ᠂ ᠬᠦᠷᠢᠶ᠎ᠠ ᠬᠡᠪᠴᠢᠶᠠᠠ ᠤ ᠨᠠᠮ ᠤᠨ ᠵᠤᠬᠢᠶᠠᠠ ᠪᠠᠶᠢᠭᠤᠯᠤᠯᠲᠠ ᠪᠤᠯᠤᠨ ᠤᠳᠤᠷᠢᠳᠬᠤ ᠪᠠᠭ ᠤᠨ ᠭᠡᠰᠢᠭᠦᠳ ᠤᠨ ᠬᠢᠨᠠᠯᠲᠠ ᠶᠢ ᠴᠢᠩᠭᠠᠳᠬᠠᠨ᠎ᠠ︾᠂ ︽ᠲᠡᠭᠡᠲᠦ ᠱᠠᠲᠤᠨ ᠤ ᠨᠠᠮ ᠤᠨ ᠵᠤᠬᠢᠶᠠᠠ ᠪᠠᠶᠢᠭᠤᠯᠤᠯᠲᠠ ᠢᠯᠠᠩᠭᠤᠶ᠎ᠠ ᠭᠤᠤᠯ ᠬᠠᠷᠢᠭᠤᠴᠠᠯᠭᠠᠲᠠᠠ᠂ ᠲᠤᠤᠷᠠᠲᠦ ᠱᠠᠲᠤᠠ ᠤ ᠨᠠᠮ ᠤᠨ ᠵᠤᠬᠢᠶᠠᠠ ᠪᠠᠶᠢᠭᠤᠯᠤᠯᠲᠠ ᠶᠢᠨ ᠭᠤᠤᠯ ᠬᠠᠷᠢᠭᠤᠴᠠᠯᠭᠠᠲᠠᠠ ᠠᠴᠠ ᠡᠩ ᠤᠨ ᠦᠶ᠎ᠠ ᠳᠡᠭᠡᠨ ᠢᠯᠡᠭᠦᠭᠡᠡ ᠠᠰᠠᠭᠤᠵᠦ᠂ ᠢᠯᠡᠭᠦᠭᠡᠡ ᠰᠠᠨᠠᠭᠤᠯᠵᠦ᠂ ᠠᠰᠠᠭᠤᠲᠠᠯ ᠢ ᠢᠯᠡᠷᠡᠭᠦᠯᠪᠡᠯ ᠲᠠᠷᠤᠢ ᠳᠤᠨᠢ ᠵᠠᠯᠠᠷᠠᠭᠤᠯᠤᠨ᠎ᠠ︾  ᠭᠡᠵᠦ ᠲᠤᠭᠳᠠᠭᠠᠵᠦ᠂ ᠺᠠᠳ᠋ᠷ ᠢ ᠲᠤᠮᠢᠯᠠᠠ ᠭᠡᠷᠡᠭᠯᠡᠬᠦ ᠡᠷᠭᠡ ᠪᠤᠯᠤᠨ ᠺᠠᠳ᠋ᠷ ᠲᠤ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠬᠠᠷᠢᠯᠴᠠᠠ ᠨᠢᠭᠡᠳᠭᠡᠬᠦ ᠶᠢ ᠠᠬᠢᠭᠤᠯᠵᠠᠢ᠃ ᠨᠠᠮ ᠤᠨ ᠲᠤᠲᠤᠭᠠᠲᠤ ᠶᠢᠨ ᠠᠷᠠᠳᠴᠢᠯᠠᠯ ᠢ ᠪᠠᠲᠠᠷᠠᠭᠤᠯᠵᠦ᠂ ᠠᠲᠠᠯᠢ ᠱᠠᠳᠤᠨ ᠤ ᠬᠢᠨ ᠬᠠᠷᠢᠯᠴᠠᠠ ᠬᠢᠨᠠᠯᠲᠠ ᠲᠠᠯᠪᠢᠬᠤ ᠪᠠ  ᠲᠤᠤᠷᠠᠳᠦ ᠱᠠᠳᠤ ᠠᠴᠠ  ᠲᠡᠭᠡᠳᠦ ᠱᠠᠳᠤ ᠲᠡᠰᠢ ᠪᠠᠨ ᠠᠷᠠᠳᠴᠢᠯᠠᠯ ᠢᠶᠠᠷ ᠬᠢᠨᠠᠯᠲᠠ ᠲᠠᠯᠪᠢᠬᠤ ᠦᠢᠯᠡᠲᠦᠯ ᠢ ᠪᠠᠲᠠᠷᠠᠭᠤᠯᠤᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠨᠠᠶᠢᠲᠠᠪᠤᠷᠢᠵᠢᠭᠤᠯᠵᠦ᠂  ᠲᠡᠭᠡᠳᠦ ᠱᠠᠳᠤ ᠠᠴᠠ ᠲᠤᠤᠷᠠᠳᠦ ᠱᠠᠳᠤᠨ ᠳᠤ ᠬᠢᠨᠠᠯᠲᠠ ᠲᠠᠯᠪᠢᠬᠤ ᠠᠴᠠ ᠭᠠᠲᠠᠨ᠎ᠠ᠂ ᠠᠲᠠᠯᠢ ᠱᠠᠳᠤᠨ ᠤ ᠬᠢᠨ ᠬᠠᠷᠢᠯᠴᠠᠠ ᠬᠢᠨᠠᠯᠲᠠ ᠲᠠᠯᠪᠢᠬᠤ ᠪᠠ ᠲᠤᠤᠷᠠᠳᠦ ᠱᠠᠳᠤ ᠠᠴᠠ ᠲᠡᠭᠡᠲᠦ ᠱᠠᠳᠤ ᠲᠡᠰᠢ ᠪᠠᠨ ᠠᠷᠠᠳᠴᠢᠯᠠᠯ ᠢᠶᠠᠷ ᠬᠢᠨᠠᠯᠲᠠ ᠲᠠᠯᠪᠢᠬᠤ ᠨᠢ ᠲᠦᠢᠯ ᠤᠨ ᠴᠢᠬᠤᠯᠠ ᠪᠠᠶᠢᠭ᠎ᠠ ᠶᠤᠮ᠃ ︽ᠲᠦᠷᠢᠮ︾᠎ ᠳᠤ᠂ ᠲᠦᠪ ᠬᠤᠷᠢᠶᠠᠠ ᠤ ᠭᠡᠰᠢᠭᠦᠳ ︽ᠪᠤᠰᠤᠳ ᠪᠦᠷᠢᠯᠳᠦᠭᠦᠨ ᠤ ᠨᠠᠮ ᠤᠨ ᠲᠦᠷᠢᠮ ᠢ ᠵᠦᠷᠢᠴᠡᠵᠦ᠂ ᠨᠠᠮ ᠤᠨ ᠰᠠᠬᠢᠯᠭ᠎ᠠ ᠪᠠᠲᠤ ᠶᠢ ᠡᠪᠲᠡᠵᠦ᠂ ᠨᠠᠮ ᠤᠨ ᠪᠦᠯᠬᠦᠮᠲᠡᠯ ᠨᠢᠭᠡᠲᠦᠯ ᠢ ᠬᠤᠬᠢᠷᠠᠭᠤᠯᠤᠬᠰᠠᠨ ᠠᠵᠢᠯᠯᠠᠭ᠎ᠠ ᠶᠢ ᠢᠯᠡᠷᠡᠭᠦᠯᠵᠤ᠋ ᠮᠡᠲᠡᠪᠡᠯ ᠡᠷᠡᠰ ᠬᠤᠷᠢᠬᠯᠠᠬᠤ ᠪᠦᠭᠡᠳ ᠴᠠᠭ ᠲᠤᠬᠠᠢ ᠳᠤᠨᠢ ᠨᠠᠮ ᠤᠨ ᠲᠦᠪ ᠬᠤᠷᠢᠶᠠᠠ ᠳᠤ ᠮᠡᠲᠡᠭᠦᠯᠬᠦ ᠬᠡᠷᠡᠭᠲᠡᠢ︾︔ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠲᠤᠭᠤᠢᠢᠯᠠᠩ︶᠎ ᠶᠢᠨ ︽ ᠤᠳᠤᠷᠢᠳᠬᠤ ᠪᠠᠭ ᠤᠨ ᠪᠦᠷᠢᠯᠳᠦᠬᠦᠨ ᠪᠠᠭ ᠤᠨ ᠭᠤᠤᠯ ᠬᠠᠷᠢᠭᠤᠴᠠᠯᠭᠠᠲᠠᠠ ᠳᠤ ᠤᠷᠤᠰᠢᠵᠦ ᠪᠠᠶᠢᠭ᠎ᠠ ᠠᠰᠠᠭᠤᠲᠠᠯ ᠢ ᠢᠯᠡᠷᠡᠭᠦᠯᠵᠦ ᠮᠡᠳᠡᠪᠡᠯ ᠴᠠᠭ ᠲᠤᠬᠠᠢ ᠳᠤᠨᠢ ᠲᠡᠭᠦᠠ ᠳᠤ ᠭᠡᠯᠡᠵᠦ‌ᠦᠭᠬᠦ ᠪᠦᠭᠡᠳ ᠴᠢᠬᠤᠯᠠ ᠲᠠᠢ ᠦᠶ᠎ᠠ ᠳᠤ ᠰᠢᠭᠤᠳ ᠲᠡᠭᠡᠲᠦ ᠱᠠᠲᠤᠨ ᠤ ᠨᠠᠮ ᠤᠨ ᠵᠤᠬᠢᠶᠠᠠ ᠪᠠᠶᠢᠭᠤᠯᠤᠯᠲᠠ ᠳᠤ ᠮᠡᠲᠡᠭᠦᠯᠬᠦ ᠬᠡᠷᠡᠭᠳᠠᠢ︾︔ ᠰᠠᠬᠢᠯᠭ᠎ᠠ ᠪᠠᠳᠦ ᠪᠠᠶᠢᠴᠠᠭᠠᠬᠤ᠋ ᠬᠤᠷᠢᠶ᠎ᠠ ᠠᠲᠠᠯᠢ ᠱᠠᠲᠤᠨ ᠤ ᠨᠠᠮ ᠤᠨ ᠬᠤᠷᠢᠶᠠᠠ ᠤ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ᠂ ᠡᠷᠭᠡ ᠪᠠᠨ ᠭᠡᠷᠡᠭᠵᠢᠭᠦᠯᠵᠦ ᠪᠠᠶᠢᠬᠤ ᠪᠠᠶᠢᠲᠠᠯ ᠤᠨ ᠲᠠᠯ᠎ᠠ ᠪᠠᠷ ᠬᠢ ᠬᠢᠨᠠᠯᠲᠠ ᠪᠠᠨ ᠴᠢᠩᠭᠠᠳᠬᠠᠠ᠂ ︽ᠠᠲᠠᠯᠢ ᠱᠠᠲᠤᠨ ᠤ ᠨᠠᠮ ᠤᠨ ᠬᠤᠷᠢᠶᠠᠠ ᠤ ᠭᠤᠤᠯ ᠤᠳᠤᠷᠢᠳᠬᠤ ᠺᠠᠳ᠋ᠷ ᠤᠨ ᠠᠰᠠᠭᠤᠲᠠᠯ ᠢ ᠢᠯᠡᠷᠡᠭᠦᠯᠵᠦ ᠮᠡᠳᠡᠪᠡᠯ᠂ ᠰᠢᠭᠤᠳ ᠲᠡᠭᠡᠲᠦ ᠱᠠᠲᠤᠨ ᠤ ᠰᠠᠬᠢᠯᠭ᠎ᠠ ᠪᠠᠳᠦ ᠪᠠᠶᠢᠴᠠᠭᠠᠬᠤ ᠬᠤᠷᠢᠶᠠᠠ ᠳᠤ ᠮᠡᠲᠡᠭᠦᠯᠵᠦ ᠪᠤᠯᠤᠨ᠎ᠠ︾ ᠭᠡᠵᠦ ᠲᠤᠭᠳᠠᠭᠠᠵᠦ᠂ ᠠᠲᠠᠯᠢ ᠱᠠᠲᠤᠨ ᠤ ᠬᠢᠨ ᠤ ᠬᠠᠷᠢᠯᠴᠠᠠ ᠬᠢᠨᠠᠯᠲᠠ  ᠲᠠᠯᠪᠢᠬᠤ ᠶᠢ ᠨᠡᠩ ᠲᠤᠲᠤᠷᠬᠠᠢ ᠪᠦᠭᠡᠳ ᠪᠤᠲᠠᠲᠠᠢ ᠪᠤᠯᠭᠠᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号