ᠬᠦᠴᠢᠷᠲᠡᠢ ᠭᠡᠷ ᠪᠦᠯᠢ ᠶᠢ ᠬᠠᠯᠠᠮᠵᠢᠯᠠᠨ᠂ ᠭᠡᠷ ᠲᠡᠭᠡᠨ ᠬᠤᠴᠣᠷᠣᠭᠰᠠᠨ ᠬᠡᠣᠬᠡᠳ ᠤᠨ ᠰᠣᠷᠣᠯᠭ᠎ᠠ ᠶᠢ ᠨᠢ ᠳᠡᠮᠵᠢᠪᠡ
ᠨᠡᠶᠢᠲᠡᠯᠡᠭᠰᠡᠨ ᠴᠠᠭ᠄
2017-08-31
    ᠣᠶᠢᠷ᠎ᠠ ᠳᠤ᠂ ᠠᠮᠣᠭᠤᠯᠠᠩ ᠪᠠᠯᠭᠠᠰᠣᠨ ᠤ ᠰᠢᠯᠢᠨ ᠨᠡᠶᠢᠭᠡᠮ ᠲᠣᠭᠤᠷᠢᠭ ᠪᠣᠯᠣᠨ ᠣᠷᠱᠣᠨ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠲᠦᠯᠦᠭᠡᠯᠡᠭᠴᠢᠳ ᠠᠴᠠ ᠬᠦᠴᠢᠷᠲᠡᠢ ᠭᠡᠷ ᠪᠦᠯᠢ ᠶᠢ ᠬᠠᠯᠠᠮᠵᠢᠯᠠᠨ ᠭᠡᠷ ᠲᠡᠭᠡᠨ ᠬᠤᠴᠣᠷᠣᠭᠰᠠᠨ ᠬᠡᠣᠬᠡᠳ ᠤᠨ ᠰᠣᠷᠣᠯᠭ᠎ᠠ ᠶᠢ ᠨᠢ ᠳᠡᠮᠵᠢᠬᠦ ᠬᠦᠳᠡᠯᠭᠡᠭᠡᠨ ᠦᠷᠨᠢᠭᠦᠯᠦᠭᠰᠡᠨ ᠪᠠᠶᠢᠨ᠎ᠠ᠃     ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠲᠦᠯᠦᠭᠡᠯᠡᠭᠴᠢᠳ ᠠᠴᠠ ᠣᠨᠣᠪᠴᠢᠲᠠᠢ ᠪᠠᠷ ᠶᠠᠳᠠᠭᠤ ᠶᠢ ᠲᠡᠳᠬᠦᠬᠦ ᠠᠵᠢᠯ ᠲᠠᠢ ᠣᠶᠠᠯᠳᠣᠭᠤᠯᠵᠣ᠂ ᠠᠷᠠᠳ ᠲᠤ ᠳᠦᠭᠦᠮ ᠦᠵᠡᠭᠦᠯᠦᠨ᠂ ᠠᠷᠠᠳ ᠤᠨ ᠲᠦᠯᠦᠭᠡ ᠪᠣᠳᠠᠲᠣ ᠠᠵᠢᠯ ᠬᠢᠭᠰᠡᠭᠡᠷ ᠢᠷᠡᠵᠡᠢ᠃ ᠶᠠᠳᠠᠭᠤ ᠬᠦᠴᠢᠷᠲᠡᠢ ᠡᠷᠦᠬᠡ ᠶᠢᠨ ᠶᠠᠳᠠᠭᠤᠷᠠᠭᠰᠠᠨ ᠰᠢᠯᠲᠠᠭᠠᠨ ᠢ ᠮᠡᠳᠡᠭᠰᠡᠨ ᠤ ᠳᠠᠷᠠᠭ᠎ᠠ ᠨᠡᠶᠢᠭᠡᠮ ᠲᠣᠭᠤᠷᠢᠭ ᠤᠨ ᠭᠡᠰᠢᠭᠦᠳ ᠲᠡᠳᠡᠨ ᠳᠤ ᠣᠶᠣᠨ ᠰᠠᠨᠠᠭᠠᠨ ᠤ ᠲᠠᠯ᠎ᠠ ᠪᠠᠷ ᠲᠠᠶᠢᠳᠬᠤᠷᠠᠭᠤᠯᠬᠤ ᠠᠵᠢᠯ ᠬᠢᠬᠦ ᠶᠢᠨ ᠬᠠᠮᠲᠣ ᠲᠣᠰᠠᠯᠠᠨ ᠳᠡᠮᠵᠢᠬᠦ ᠮᠦᠩᠭᠦ ᠬᠦᠷᠭᠡᠭᠰᠡᠨ ᠪᠠᠶᠢᠨ᠎ᠠ᠃ ᠲᠡᠳᠡᠨ ᠢ ᠠᠮᠢᠳᠣᠷᠠᠯ ᠳᠠᠭᠠᠨ ᠢᠲᠡᠭᠡᠯ ᠲᠠᠢ  ᠪᠣᠯᠭᠠᠵᠣ᠂ ᠨᠠᠮ ᠪᠠ ᠵᠠᠰᠠᠭ ᠤᠨ ᠣᠷᠳᠣᠨ ᠤ ᠬᠠᠪᠰᠣᠷᠣᠨ ᠲᠡᠳᠬᠦᠬᠦ ᠲᠦᠷᠦ ᠶᠢᠨ ᠪᠣᠳᠣᠯᠭ᠎ᠠ ᠶᠢᠨ ᠬᠠᠶᠢᠷ᠎ᠠ ᠬᠠᠯᠠᠮᠵᠢ ᠶᠢ ᠬᠦᠷᠲᠡᠭᠡᠵᠣ ᠪᠠᠶᠢᠨ᠎ᠠ᠃     ᠠᠵᠣ ᠠᠬᠤᠢ ᠶᠢᠨ ᠲᠦᠷᠭᠡᠨ ᠬᠦᠭᠵᠢᠯᠲᠡ ᠶᠢ ᠳᠠᠭᠠᠯᠳᠣᠨ᠂ ᠭᠠᠳᠠᠭᠰᠢ ᠭᠠᠷᠴᠣ  ᠬᠦᠯᠦᠰᠣᠨ ᠠᠵᠢᠯ ᠬᠢᠬᠦ ᠬᠦᠮᠦᠰ ᠣᠯᠠᠰᠢᠷᠠᠵᠣ᠂ ᠭᠡᠷ ᠲᠡᠭᠡᠨ ᠬᠤᠴᠣᠷᠣᠭᠰᠠᠨ ᠬᠡᠣᠬᠡᠳ ᠤᠳ ᠴᠣ᠋ ᠣᠯᠠᠰᠢᠷᠠᠪᠠ᠃ ᠡᠮᠡᠭᠲᠡᠶᠢᠴᠦᠳ ᠤᠨ ᠲᠦᠯᠦᠭᠡᠯᠡᠭᠴᠢᠳ ᠨᠢ ︽ᠡᠮᠡᠭᠲᠡᠶᠢᠴᠦᠳ ᠤᠨ ᠭᠡᠷ ᠡᠷᠦᠬᠡ︾᠎ ᠶᠢᠨ ᠬᠡᠯᠬᠢᠶ᠎ᠡ ᠬᠤᠯᠪᠣᠭᠠᠰᠣ ᠶᠢᠨ ᠦᠢᠯᠡᠳᠦᠯ ᠢ ᠰᠠᠶᠢᠲᠣᠷ ᠪᠠᠳᠠᠷᠠᠭᠤᠯᠵᠣ᠂ ᠭᠡᠷ ᠲᠡᠭᠡᠨ ᠬᠤᠴᠣᠷᠣᠭᠰᠠᠨ ᠬᠡᠣᠬᠡᠳ ᠢ ᠬᠠᠶᠢᠷᠠᠯᠠᠨ ᠬᠠᠯᠠᠮᠵᠢᠯᠠᠬᠤ ᠨᠡᠶᠢᠭᠡᠮ ᠤᠨ ᠣᠷᠴᠢᠨ ᠠᠬᠤᠢ ᠶᠢ ᠪᠣᠢ ᠪᠣᠯᠭᠠᠵᠣ᠂ ᠨᠡᠶᠢᠭᠡᠮ ᠲᠣᠭᠤᠷᠢᠭ ᠤᠨ ᠭᠡᠷ ᠲᠡᠭᠡᠨ ᠬᠤᠴᠣᠷᠣᠭᠰᠠᠨ ᠬᠡᠣᠬᠡᠳ ᠲᠤ ᠦᠵᠡᠯ ᠰᠠᠨᠠᠭᠠᠨ ᠤ ᠲᠠᠶᠢᠳᠬᠤᠷᠠᠯ ᠬᠠᠯᠠᠮᠵᠢᠯᠠᠭ᠎ᠠ ᠦᠵᠡᠭᠦᠯᠵᠣ᠂ ᠬᠠᠷᠢᠶ᠎ᠠ ᠣᠷᠣᠨ ᠤ ᠭᠡᠷ ᠲᠡᠭᠡᠨ ᠬᠤᠴᠣᠷᠣᠭᠰᠠᠨ ᠬᠡᠣᠬᠡᠳ ᠲᠤ ᠲᠣᠰᠬᠠᠶᠢᠯᠠᠨ ᠰᠣᠷᠣᠯᠭ᠎ᠠ ᠶᠢᠨ ᠬᠡᠷᠡᠭᠰᠡᠯ ᠪᠠ ᠲᠣᠰᠠᠯᠠᠮᠵᠢ ᠶᠢᠨ ᠮᠦᠩᠭᠦ ᠬᠦᠷᠭᠡᠭᠰᠡᠨ ᠪᠠᠶᠢᠨ᠎ᠠ᠃ ᠬᠦᠳᠡᠯᠭᠡᠭᠡᠨ ᠨᠢ ᠦᠷᠭᠡᠨ ᠣᠯᠠᠨ ᠨᠡᠶᠢᠭᠡᠮ ᠲᠣᠭᠤᠷᠢᠭ ᠤᠨ ᠠᠷᠠᠳ ᠣᠯᠠᠨ ᠢ ᠳᠠᠶᠢᠴᠢᠯᠠᠨ᠂ ᠠᠷᠠᠳ  ᠣᠯᠠᠨ ᠤ ᠡᠳᠦᠷ ᠳᠣᠲᠣᠮ ᠤᠨ ᠠᠮᠢᠳᠣᠷᠠᠯ ᠳᠣᠮᠳᠠ ᠪᠠᠨ ᠴᠣ᠋ ᠭᠡᠷ ᠲᠡᠭᠡᠨ ᠬᠤᠴᠣᠷᠣᠭᠰᠠᠨ ᠬᠡᠣᠬᠡᠳ ᠢ ᠢᠯᠡᠭᠦᠬᠡᠨ ᠬᠠᠯᠠᠮᠵᠢᠯᠠᠵᠣ ᠬᠠᠷᠠᠭᠠᠯᠵᠠᠨ᠂ ᠰᠢᠯᠢᠳᠡᠭ ᠰᠠᠶᠢᠨ ᠨᠡᠶᠢᠭᠡᠮ ᠤᠨ ᠠᠭᠤᠷ ᠠᠮᠢᠰᠬᠤᠯ ᠪᠦᠷᠢᠯᠳᠦᠭᠦᠯᠵᠣ ᠪᠠᠶᠢᠨ᠎ᠠ᠂ ᠭᠡᠷ ᠲᠡᠭᠡᠨ ᠬᠤᠴᠣᠷᠣᠭᠰᠠᠨ ᠬᠡᠣᠬᠡᠳ ᠴᠣ᠋ ᠨᠡᠶᠢᠭᠡᠮ ᠲᠣᠭᠤᠷᠢᠭ ᠤᠨ ᠳᠣᠮᠣ ᠭᠡᠷ ᠪᠦᠯᠢ ᠶᠢᠨ ᠬᠠᠯᠠᠭᠤᠨ ᠳᠣᠲᠣᠨᠣ ᠬᠠᠶᠢᠷ᠎ᠠ ᠶᠢ ᠬᠦᠷᠲᠡᠨ᠂ ᠲᠡᠳᠡᠨ ᠤ ᠪᠠᠭ᠎ᠠ ᠪᠠᠯᠴᠢᠷ ᠦᠶ᠎ᠡ ᠶᠢᠨ ᠰᠠᠨᠠᠭ᠎ᠠ ᠰᠡᠳᠬᠢᠯ ᠢ ᠨᠢ ᠲᠠᠶᠢᠳᠬᠤᠷᠠᠭᠤᠯᠣᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号