| | | | | | | | ︽ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠰᠢᠨ᠎ᠡ | ᠪᠠᠷᠭᠤ ᠵᠡᠭᠦᠨ ᠬᠤᠰᠢᠭᠤᠨ ᠤ2017 ᠣᠨ ᠤ ᠠᠮᠢ ᠠᠬᠤᠢ ᠶᠢᠨ ᠪᠣᠯᠪᠠᠰᠤᠨ ᠢ ᠪᠠᠶᠢᠭᠤᠯᠬᠤ ᠤᠬᠠᠭᠤᠯᠭ᠎ᠠ ᠶᠢᠨ | ᠭᠠᠷᠠᠭ ᠤᠨ ᠠᠵᠢᠯᠯᠠᠭᠠᠨ ᠥᠷᠨᠢᠭᠦᠯᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠰᠢᠨ᠎ᠡ ᠪᠠᠷᠭᠤ | ᠵᠡᠭᠦᠨ ᠬᠤᠰᠢᠭᠤᠨ ᠤ ᠠᠮᠤᠭᠤᠯᠠᠩ ᠪᠠᠯᠭᠠᠰᠤ2017 ᠣᠨ ᠤ8 ᠰᠠᠷ᠎ᠠ ᠶᠢᠨ21 ᠤ ᠡᠳᠦᠷ ᠠᠴᠠ28 ᠤ ᠡᠳᠦᠷ | ᠪᠣᠯᠲᠠᠯ᠎ᠠ᠂ ᠠᠮᠤᠭᠤᠯᠠᠩ ᠪᠠᠯᠭᠠᠰᠤᠨ ᠤ ᠠᠮᠢ ᠠᠬᠤᠢ ᠶᠢᠨ ᠪᠣᠯᠪᠠᠰᠤᠨ ᠪᠠᠶᠢᠭᠤᠯᠤᠯᠲᠠ ᠶᠢᠨ ᠤᠬᠠᠭᠤᠯᠭ᠎ᠠ ᠶᠢᠨ | ᠭᠠᠷᠠᠭ ᠪᠠᠷ ᠲᠣᠭᠲᠠᠭᠠᠵᠤ᠂ ᠪᠦᠬᠦ ᠪᠠᠯᠭᠠᠰᠤᠨ ᠤ ᠬᠡᠪᠴᠢᠶᠡᠨ ᠳᠤ ᠠᠮᠢ ᠠᠬᠤᠢ ᠶᠢᠨ ᠪᠣᠯᠪᠠᠰᠤᠨ ᠤ ᠤᠬᠠᠭᠤᠯᠭ᠎ᠠ | ᠶᠢᠨ ᠠᠵᠢᠯᠯᠠᠭᠠᠨ ᠥᠷᠨᠢᠭᠦᠯᠪᠡ᠃ ᠲᠤᠰ ᠤᠳᠠᠭᠠᠨ ᠤ ᠬᠥᠳᠡᠯᠭᠡᠭᠡᠨ ᠠᠵᠢᠯᠯᠠᠭᠠᠨ ᠡᠬᠢᠯᠡᠭᠦᠯᠬᠦ ᠶᠣᠰᠣᠯᠠᠯ ᠬᠢᠵᠦ᠂ | ᠪᠦᠬᠦ ᠺᠠᠳ᠋ᠷ ᠠᠵᠢᠯᠲᠠᠨ᠂ ᠭᠠᠴᠠᠭᠠᠨ ᠤ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠢᠶᠠᠨ ᠵᠣᠬᠢᠶᠠᠨ | ᠪᠠᠶᠢᠭᠤᠯᠤᠨ ᠬᠤᠭ ᠨᠣᠪᠰᠢ ᠵᠢᠴᠢ ᠠᠮᠢᠳᠤᠷᠠᠯ ᠤᠨ ᠬᠤᠭ ᠢ ᠴᠡᠪᠡᠷᠯᠡᠵᠦ᠂ ᠵᠠᠯᠠᠭᠤ ᠰᠠᠶᠢᠨ ᠳᠤᠷ᠎ᠠ ᠶᠢᠨ | ᠵᠠᠯᠠᠭᠤᠴᠤᠳ ᠢ ᠵᠣᠬᠢᠶᠠᠨ ᠪᠠᠶᠢᠭᠤᠯᠤᠨ ︽ᠪᠣᠭᠳᠠ ᠠᠭᠤᠯᠠ︾ ᠶᠢᠨ ᠣᠷᠴᠢᠨ ᠲᠣᠭᠤᠷᠢᠨ ᠢ ᠬᠠᠮᠠᠭᠠᠯᠠᠬᠤ ᠠᠵᠢᠯ | ᠳᠤ ᠣᠷᠣᠯᠴᠠᠪᠠ᠃ | ᠠᠵᠢᠯᠯᠠᠭᠠᠨ ᠡᠬᠢᠯᠡᠭᠦᠯᠬᠦ ᠶᠣᠰᠣᠯᠠᠯ᠂ ᠠᠮᠤᠭᠤᠯᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ | ᠠᠰᠠᠷ ᠤᠨ ᠬᠤᠶᠠᠳᠤᠭᠠᠷ ᠳᠠᠪᠬᠤᠷᠭ᠎ᠠ ᠶᠢᠨ ᠬᠤᠷᠠᠯ ᠤᠨ ᠭᠡᠷ ᠲᠤ ᠥᠷᠨᠢᠭᠦᠯᠵᠦ᠂ ᠪᠠᠯᠭᠠᠰᠤᠨ ᠤ ᠨᠠᠮ᠂ ᠵᠠᠰᠠᠭ ᠤᠨ | ᠠᠯᠪᠠᠨ ᠭᠡᠷ ᠠᠴᠠ ᠲᠣᠯᠣᠭᠠᠶᠢᠯᠠᠨ᠂ ᠡᠯ᠎ᠡ ᠭᠠᠴᠠᠭ᠎ᠠ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠥᠮᠥᠰ | ᠂ ᠬᠤᠯᠪᠣᠭᠳᠠᠯ ᠪᠦᠬᠦᠢ ᠥᠷᠲᠡᠭᠡ ᠶᠢᠨ ᠬᠠᠷᠢᠭᠤᠴᠠᠯᠭᠠᠲᠠᠨ ᠠᠵᠢᠯᠯᠠᠭᠠᠨ ᠡᠬᠢᠯᠡᠭᠦᠯᠬᠦ ᠬᠤᠷᠠᠯ ᠳᠤ ᠣᠷᠣᠯᠴᠠᠪᠠ᠃ | ᠬᠤᠷᠠᠯ ᠳᠤ ︽ᠰᠢᠨ᠎ᠡ ᠪᠠᠷᠭᠤ ᠵᠡᠭᠦᠨ ᠬᠤᠰᠢᠭᠤᠨ ᠤ2017 ᠣᠨ ᠤ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭᠠᠨ ᠥᠷᠨᠢᠭᠦᠯᠬᠦ ᠲᠤᠬᠠᠢ ᠰᠢᠨ᠎ᠡ ᠪᠠᠷᠭᠤ ᠵᠡᠭᠦᠨ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ᠶᠢ ᠳᠠᠮᠵᠢᠭᠤᠯᠤᠭᠰᠠᠨ ᠪᠠ ︽ᠠᠮᠤᠭᠤᠯᠠᠩ | ᠪᠠᠯᠭᠠᠰᠤᠨ ᠤ2017 ᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠤᠬᠠᠭᠤᠯᠭ᠎ᠠ ᠶᠢᠨ | ᠠᠵᠢᠯᠯᠠᠭᠠᠨ ᠤ ᠲᠥᠰᠥᠪ︾ ᠢ ᠤᠩᠰᠢᠵᠤ᠂ ᠳᠠᠷᠠᠭ᠎ᠠ ᠨᠢ ︽ᠠᠮᠢ ᠠᠬᠤᠢ ᠶᠢᠨ ᠪᠣᠯᠪᠠᠰᠤᠨ ᠤ ᠤᠬᠠᠭᠤᠯᠭ᠎ᠠ ᠹᠢᠯᠢᠮ | ︾ ᠦᠵᠡᠵᠦ᠂ ᠡᠯ᠎ᠡ ᠭᠠᠴᠠᠭ᠎ᠠ ᠨᠡᠶᠢᠭᠡᠮ ᠲᠣᠭᠤᠷᠢᠭ᠂ ᠪᠠᠶᠢᠭᠤᠯᠭ᠎ᠠ ᠥᠷᠲᠡᠭᠡ ᠠᠮᠤᠭᠤᠯᠠᠩ ᠪᠠᠯᠭᠠᠰᠤᠨ ᠤ2017 | ᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭᠠᠨ ᠳᠤ | ᠣᠷᠣᠯᠴᠠᠬᠤ ᠶᠢ ᠳᠠᠶᠢᠴᠢᠯᠠᠪᠠ᠃ | ᠬᠤᠶᠠᠳᠤᠭᠠᠷ ᠡᠳᠦᠷ ᠲᠤ ᠨᠢ᠂ ᠠᠮᠤᠭᠤᠯᠠᠩ ᠪᠠᠯᠭᠠᠰᠤᠨ ᠤ ᠨᠠᠮ ᠵᠠᠰᠠᠭ ᠤᠨ ᠠᠯᠪᠠᠨ ᠭᠡᠷ ᠠᠴᠠ ᠪᠦᠬᠦ | ᠺᠠᠳ᠋ᠷ ᠠᠵᠢᠯᠲᠠᠨ ᠪᠣᠯᠣᠨ ᠨᠡᠶᠢᠭᠡᠮ ᠲᠣᠭᠤᠷᠢᠭ ᠤᠨ ᠠᠵᠢᠯᠲᠠᠨ ᠡᠷᠲᠡ ᠶᠢᠨ6 ᠴᠠᠭ ᠠᠴᠠ ᠠᠵᠢᠯᠯᠠᠬᠤ ᠴᠠᠭ | ᠪᠣᠯᠲᠠᠯ᠎ᠠ ᠠᠮᠤᠭᠤᠯᠠᠩ ᠪᠠᠯᠭᠠᠰᠤ ᠲᠣᠭᠤᠷᠢᠭ ᠤᠨ ᠬᠡᠪᠴᠢᠶᠡᠨ ᠳᠤ ᠪᠤᠰᠤᠳ ᠪᠠᠶᠢᠭᠤᠯᠭ᠎ᠠ ᠨᠢᠭᠡᠴᠡ ᠠᠴᠠ ᠦᠯᠦ | ᠬᠠᠷᠢᠭᠤᠴᠠᠬᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠪᠡᠷᠯᠡᠬᠦ ᠭᠠᠵᠠᠷ ᠢ ᠱᠠᠯᠠᠪᠳᠠᠨ ᠴᠡᠪᠡᠷᠯᠡᠵᠦ᠂ ᠲᠤᠰ | ᠭᠠᠵᠠᠷ ᠤᠨ ᠪᠠᠷᠢᠯᠭ᠎ᠠ ᠶᠢᠨ ᠬᠤᠭ ᠨᠣᠪᠰᠢ᠂ ᠠᠮᠢᠳᠤᠷᠠᠯ ᠤᠨ ᠬᠤᠭ ᠨᠣᠪᠰᠢ᠂ ᠴᠠᠭᠠᠨ ᠬᠤᠭ ᠨᠣᠪᠰᠢ ᠶᠢ ᠪᠦᠬᠦ | ᠲᠠᠯ᠎ᠠ ᠪᠠᠷ ᠴᠡᠪᠡᠷᠯᠡᠪᠡ᠃ | ᠠᠭᠤᠯᠠᠨ ᠲᠠᠬᠢᠯᠭ᠎ᠠ ᠶᠢᠨ ᠡᠳᠦᠷ᠂ ᠠᠮᠤᠭᠤᠯᠠᠩ ᠪᠠᠯᠭᠠᠰᠤᠨ ᠤ ᠡᠪᠯᠡᠯ ᠤᠨ ᠡᠭᠦᠷ᠂ ᠡᠮᠡᠭᠲᠡᠶᠢᠴᠦᠳ ᠤᠨ | ᠬᠤᠯᠪᠣᠭ᠎ᠠ ᠰᠠᠶᠢᠨ ᠳᠤᠷ᠎ᠠ ᠶᠢᠨ ᠵᠠᠯᠠᠭᠤᠴᠤᠳ ᠢ ᠵᠣᠬᠢᠶᠠᠨ ᠪᠠᠶᠢᠭᠤᠯᠤᠨ ᠪᠣᠭᠳᠠ ᠠᠭᠤᠯᠠ ᠶᠢᠨ ᠣᠷᠴᠢᠨ | ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠠᠵᠢᠯ ᠳᠤ ᠣᠷᠣᠯᠴᠠᠪᠠ᠃ ᠰᠠᠶᠢᠨ ᠳᠤᠷ᠎ᠠ ᠶᠢᠨ ᠠᠵᠢᠯᠯᠠᠭᠠᠨ | ᠳᠤᠮᠳᠠ ᠬᠠᠵᠠᠭᠤ ᠬᠠᠪᠢ ᠶᠢᠨ ᠣᠯᠠᠨ ᠲᠦᠮᠡᠨ ᠢᠶᠠᠨ ᠳᠠᠶᠢᠴᠢᠯᠠᠨ᠂ ᠳᠤᠷ᠎ᠠ ᠪᠠᠷ ᠢᠶᠠᠨ ᠬᠤᠭ ᠬᠠᠶᠠᠬᠤ ᠦᠭᠡᠢ᠂ | ᠥᠪᠡᠷ ᠤᠨ ᠭᠠᠷᠭᠠᠭᠰᠠᠨ ᠬᠤᠭ ᠨᠣᠪᠰᠢ ᠪᠠᠨ ᠠᠪᠠᠴᠢᠬᠤ᠂ ᠥᠪᠡᠷ ᠤᠨ ᠬᠠᠵᠠᠭᠤ ᠳᠠᠬᠢ ᠬᠤᠭ ᠪᠠᠨ ᠴᠡᠪᠡᠷᠯᠡᠵᠦ᠂ | ᠲᠠᠯ᠎ᠠ ᠨᠤᠲᠤᠭ ᠢᠶᠠᠨ ᠬᠠᠶᠢᠷᠠᠯᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠡᠷᠬᠢᠮᠯᠡᠬᠦ ᠵᠡᠷᠭᠡ ᠶᠢ | ᠤᠬᠠᠭᠤᠯᠪᠠ᠃ | ᠨᠢᠭᠡ ᠭᠠᠷᠠᠭ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠤᠬᠠᠭᠤᠯᠭ᠎ᠠ ᠪᠠᠷ ᠳᠠᠮᠵᠢᠵᠤ᠂ | ᠠᠮᠤᠭᠤᠯᠠᠩ ᠪᠠᠯᠭᠠᠰᠤᠨ ᠤ ᠡᠯ᠎ᠡ ᠲᠥᠷᠥᠯ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠠᠵᠢᠯ | ᠤᠯᠠᠮ ᠨᠢᠭᠡ ᠠᠯᠬᠤᠮ ᠳᠡᠭᠡᠭᠰᠢᠯᠡᠵᠦ᠂ ᠳᠠᠷᠠᠭᠠᠴᠢ ᠶᠢᠨ ᠠᠯᠬᠤᠮ ᠳᠤ ᠠᠮᠤᠭᠤᠯᠠᠩ ᠪᠠᠯᠭᠠᠰᠤ ᠤᠬᠠᠭᠤᠯᠭ᠎ᠠ ᠪᠠᠨ | ᠦᠷᠭᠦᠯᠵᠢᠯᠡᠨ ᠲᠦᠭᠡᠮᠡᠯᠵᠢᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠠᠵᠢᠯᠯᠠᠭ᠎ᠠ ᠶᠢᠨ | ᠤᠬᠠᠭᠤᠯᠭ᠎ᠠ ᠶᠢ ᠦᠨᠡᠨᠬᠦ ᠣᠯᠠᠨ ᠲᠦᠮᠡᠨ ᠤ ᠰᠡᠳᠬᠢᠯ ᠳᠤ ᠰᠠᠭᠤᠭᠳᠠᠭᠤᠯᠤᠨ᠎ᠠ᠃ | | |