ᠲᠠᠪᠤᠨ ᠡᠷᠳᠡᠨᠢ ᠮᠠᠯ ᠠᠵᠤ ᠠᠬᠤᠢ ᠶᠢ ᠬᠥᠭᠵᠢᠭᠦᠯᠬᠦ ᠬᠢᠵᠠᠭᠠᠷᠲᠤ ᠺᠣᠮᠫᠠᠨᠢ ᠶᠢᠨ ᠪᠡᠯᠡᠳᠬᠡᠯ ᠬᠤᠷᠠᠯ ᠢ ᠭᠠᠨᠵᠤᠤᠷ ᠰᠤᠮᠤᠨ ᠳᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2017-08-04
     ᠣᠶᠢᠷ᠎ᠠ ᠳᠤ᠂ ᠭᠠᠨᠵᠤᠤᠷ ᠰᠤᠮᠤᠨ ᠳᠤ ᠲᠠᠪᠤᠨ ᠡᠷᠳᠡᠨᠢ ᠮᠠᠯ ᠠᠵᠤ ᠠᠬᠤᠢ ᠶᠢ ᠬᠥᠭᠵᠢᠭᠦᠯᠬᠦ ᠬᠢᠵᠠᠭᠠᠷᠲᠤ ᠺᠣᠮᠫᠠᠨᠢ ᠶᠢᠨ ᠪᠡᠯᠡᠳᠬᠡᠯ ᠬᠤᠷᠠᠯ ᠢ ᠬᠤᠷᠠᠯᠳᠤᠭᠤᠯᠪᠠ᠃ ᠬᠤᠷᠠᠯ ᠢ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ ᠳ᠋ᠠᠢ ᠵᠧᠨ ᠫᠢᠩ ᠡᠷᠬᠢᠯᠡᠵᠦ᠂ ᠬᠠᠷᠢᠶ᠎ᠠ ᠣᠷᠣᠨ ᠤ8 ᠭᠠᠴᠠᠭᠠᠨ ᠤ ᠲᠥᠯᠥᠭᠡᠯᠡᠭᠴᠢ ᠪᠣᠯᠣᠨ ᠬᠠᠤᠯᠢᠴᠢ ᠨᠡᠶᠢᠲᠡ16 ᠬᠥᠮᠥᠨ ᠣᠷᠣᠯᠴᠠᠪᠠ᠃ ᠲᠤᠰ ᠤᠳᠠᠭᠠᠨ ᠤ ᠬᠤᠷᠠᠯ ᠤᠨ ᠭᠤᠣᠯ ᠵᠣᠷᠢᠯᠭ᠎ᠠ ᠪᠣᠯ ᠶᠡᠬᠡᠬᠦᠷᠢᠶ᠎ᠡ ᠭᠠᠴᠠᠭᠠᠨ ᠳᠤ ᠬᠠᠮᠲᠤ ᠪᠠᠷ ᠡᠳ᠋ᠯᠡᠬᠦ ᠲᠠᠰᠤᠭ ᠪᠠᠶᠢᠭᠤᠯᠵᠤ᠂ ᠤᠤᠯ ᠤᠨ ᠶᠡᠬᠡᠬᠦᠷᠢᠶ᠎ᠡ ᠭᠠᠴᠠᠭᠠᠨ ᠤ ᠲᠠᠪᠤᠨ ᠡᠷᠳᠡᠨᠢ ᠬᠤᠷᠰᠢᠶᠠᠵᠢᠯ ᠢ ᠳᠠᠬᠢᠨ ᠪᠠᠶᠢᠭᠤᠯᠵᠤ ᠳᠡᠰ ᠳᠡᠪᠰᠢᠭᠦᠯᠦᠭᠰᠡᠨ ᠤ ᠳᠠᠷᠠᠭ᠎ᠠ᠂ ᠶᠡᠬᠡᠬᠦᠷᠢᠶ᠎ᠡ᠂ ᠤᠯᠠᠭᠠᠨᠪᠤᠯᠠᠭ ᠵᠡᠷᠭᠡ8 ᠭᠠᠴᠠᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ︽ᠭᠤᠷᠪᠠ ᠶᠢ ᠲᠣᠰᠬᠤᠨ ᠳᠤ ᠬᠦᠷᠭᠡᠬᠦ᠂ ᠭᠤᠷᠪᠠ ᠶᠢ ᠡᠷᠦᠬᠡ ᠳᠤ ᠬᠦᠷᠭᠡᠬᠦ︾ ᠲᠥᠷᠥᠯ ᠵᠦᠢᠯ ᠎ ᠤᠨ ᠪᠡᠯᠡ ᠮᠥᠩᠭᠦ ᠳᠤ ᠲᠦᠰᠢᠭᠯᠡᠨ᠂ ᠲᠠᠪᠤᠨ ᠡᠷᠳᠡᠨᠢ ᠬᠤᠷᠰᠢᠶᠠᠵᠢᠯ ᠢ ᠬᠤᠪᠢᠷᠠᠭᠤᠯᠤᠭᠠᠳ ᠬᠠᠮᠲᠤ ᠪᠠᠷ ᠡᠵᠡᠩᠨᠡᠭᠰᠡᠨ ᠲᠠᠪᠤᠨ ᠡᠷᠳᠡᠨᠢ ᠬᠤᠪᠢ ᠣᠷᠤᠭᠤᠯᠤᠯᠲᠠ ᠶᠢᠨ ᠳᠦᠷᠢᠮᠲᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠭᠠᠨ᠎ᠠ᠃       ᠬᠤᠷᠠᠯ ᠳᠤ ᠥᠪᠥᠷ ᠮᠣᠩᠭᠤᠯ ᠤᠨ ᠽᠧ ᠮᠢᠩ ᠬᠠᠤᠯᠢᠴᠢ ᠶᠢᠨ ᠬᠡᠷᠡᠭ ᠶᠠᠪᠤᠳᠠᠯ ᠤᠨ ᠭᠠᠵᠠᠷ ᠤᠨ ᠬᠠᠤᠯᠢᠴᠢ ᠴᠣᠭᠲᠤ ᠶᠢ ᠣᠨᠴᠠᠭᠠᠶᠢᠯᠠᠨ ᠤᠷᠢᠵᠤ᠂ ᠣᠯᠠᠨ ᠳᠤ ᠺᠣᠮᠫᠠᠨᠢ ᠶᠢᠨ ᠳᠦᠷᠢᠮ ᠪᠣᠯᠣᠨ ᠲᠣᠭᠲᠠᠭᠠᠯ ᠤᠨ ᠬᠤᠯᠪᠣᠭᠳᠠᠯ ᠪᠦᠬᠦᠢ ᠨᠠᠷᠢᠨ ᠠᠭᠤᠯᠭ᠎ᠠ ᠶᠢ ᠲᠠᠶᠢᠯᠪᠤᠷᠢᠯᠠᠵᠤ ᠥᠭᠪᠡ᠃ ᠬᠠᠤᠯᠢᠴᠢ ᠶᠢᠨ ᠵᠢᠯᠣᠭᠤᠳᠤᠯᠭ᠎ᠠ ᠳᠣᠣᠷ᠎ᠠ᠂ ᠣᠯᠠᠨ ᠢᠶᠠᠷ ᠎ ᠢᠶᠠᠨ ᠺᠣᠮᠫᠠᠨᠢ ᠶᠢᠨ ᠳᠦᠷᠢᠮ ᠲᠣᠭᠲᠠᠭᠠᠯ ᠪᠣᠯᠣᠨ ᠬᠤᠯᠪᠣᠭᠳᠠᠯ ᠪᠦᠬᠦᠢ ᠠᠭᠤᠯᠭ᠎ᠠ ᠶᠢ ᠢᠳᠡᠪᠬᠢᠲᠡᠢ ᠶᠠᠷᠢᠯᠴᠠᠨ ᠰᠤᠳᠤᠯᠵᠤ᠂ ᠬᠤᠶᠢᠰᠢᠳᠠ ᠶᠢᠨ ᠠᠵᠢᠯ ᠳᠠᠭᠠᠨ ᠪᠠᠲᠤ ᠰᠠᠭᠤᠷᠢ ᠲᠠᠯᠪᠢᠪᠠ᠃ ᠬᠤᠷᠠᠯ ᠠᠴᠠ ᠺᠣᠮᠫᠠᠨᠢ ᠶᠢᠨ ᠨᠡᠷ᠎ᠡ ᠶᠢ ᠥᠪᠥᠷ ᠮᠣᠩᠭᠤᠯ ᠤᠨ ᠲᠠᠪᠤᠨ ᠡᠷᠳᠡᠨᠢ ᠮᠠᠯ ᠠᠵᠤ ᠠᠬᠤᠢ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠪᠠᠷ ᠲᠣᠭᠲᠠᠪᠠ᠃ ᠡᠭᠦᠨ ᠤ ᠬᠠᠮᠲᠤ ᠺᠣᠮᠫᠠᠨᠢ ᠶᠢᠨ ᠬᠡᠷᠡᠭ ᠮᠡᠳᠡᠭᠴᠢ ᠶᠢᠨ ᠬᠤᠷᠠᠯ᠂ ᠬᠡᠷᠡᠭ ᠮᠡᠳᠡᠭᠴᠢ᠂ ᠶᠡᠷᠦᠩᠬᠡᠢ ᠳᠠᠭᠠᠭᠠᠮᠠᠯ᠂ ᠲᠤᠬᠠᠶᠢᠯᠠᠭᠰᠠᠨ ᠠᠵᠢᠯ ᠤᠨ ᠳᠠᠭᠠᠭᠠᠮᠠᠯ᠂ ᠬᠤᠪᠢ ᠣᠷᠣᠭᠴᠢ ᠶᠢᠨ ᠲᠥᠯᠥᠭᠡᠯᠡᠭᠴᠢ ᠵᠡᠷᠭᠡ ᠴᠢᠬᠤᠯᠠ ᠲᠤᠰᠢᠶᠠᠯ ᠬᠠᠷᠢᠭᠤᠴᠠᠭᠴᠢ ᠶᠢ ᠪᠠᠲᠤᠯᠠᠨ ᠰᠣᠩᠭᠤᠪᠠ᠃       ᠥᠪᠥᠷ ᠮᠣᠩᠭᠤᠯ ᠤᠨ ᠲᠠᠪᠤᠨ ᠡᠷᠳᠡᠨᠢ ᠮᠠᠯ ᠠᠵᠤ ᠠᠬᠤᠢ ᠶᠢ ᠬᠥᠭᠵᠢᠭᠦᠯᠬᠦ ᠬᠢᠵᠠᠭᠠᠷᠲᠤ ᠺᠣᠮᠫᠠᠨᠢ ᠪᠠᠶᠢᠭᠤᠯᠤᠭᠳᠠᠭᠰᠠᠨ ᠤ ᠳᠠᠷᠠᠭ᠎ᠠ᠂ ᠳᠥᠷᠪᠡᠨ ᠲᠠᠯ᠎ᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ ᠴᠢᠳᠠᠨ᠎ᠠ᠄ ᠨᠢᠭᠡ ᠎ ᠳᠤ ᠬᠤᠲᠠ ᠳᠤ ᠣᠷᠣᠭᠰᠠᠨ ᠮᠠᠯᠴᠢᠳ ᠤᠨ ᠠᠵᠢᠯ ᠣᠯᠬᠤ ᠳᠤ ᠬᠦᠴᠢᠷ ᠠᠰᠠᠭᠤᠳᠠᠯ ᠢ ᠰᠢᠢᠳᠪᠦᠷᠢᠯᠡᠨ᠎ᠡ᠃ ᠬᠤᠶᠠᠷ ᠎ ᠲᠤ ᠮᠠᠯ ᠤᠨ ᠠᠰᠢᠭ ᠰᠢᠮ᠎ᠡ ᠶᠢᠨ ᠪᠣᠷᠣᠯᠠᠭᠤᠯᠤᠯᠲᠠ᠂ ᠪᠠᠷᠢᠮᠵᠢᠶ᠎ᠠ ᠨᠢᠭᠡᠳᠦᠯ ᠦᠭᠡᠢ᠂ ᠡᠬᠢ ᠪᠠᠶᠠᠯᠢᠭ ᠳᠤᠲᠠᠮᠠᠭ ᠠᠰᠠᠭᠤᠳᠠᠯ ᠢ ᠰᠢᠢᠳᠪᠦᠷᠢᠯᠡᠨ᠎ᠡ᠃ ᠬᠤᠶᠠᠷ ᠲᠤ ᠡᠬᠢ ᠪᠠᠶᠠᠯᠢᠭ ᠢ ᠨᠢᠭᠡᠳᠦᠭᠦᠯᠬᠦ ᠬᠡᠮᠵᠢᠶ᠎ᠡ ᠬᠦᠷᠦᠯᠴᠡᠬᠦ ᠦᠭᠡᠢ ᠠᠰᠠᠭᠤᠳᠠᠯ ᠢ ᠰᠢᠢᠳᠪᠦᠷᠢᠯᠡᠨ᠎ᠡ᠃ ᠳᠥᠷᠪᠡ ᠳᠤ ᠠᠵᠤ ᠦᠢᠯᠡᠰ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠳᠠᠶᠢᠴᠢᠯᠠᠬᠤ ᠬᠡᠯᠪᠡᠷᠢ ᠶᠢᠨ ᠳ᠋ᠠᠩ ᠭᠠᠭᠴᠠ ᠠᠰᠠᠭᠤᠳᠠᠯ ᠢ ᠰᠢᠢᠳᠪᠦᠷᠢᠯᠡᠨ᠎ᠡ᠃       ᠥᠪᠥᠷ ᠮᠣᠩᠭᠤᠯ ᠤᠨ ᠲᠠᠪᠤᠨ ᠡᠷᠳᠡᠨᠢ ᠮᠠᠯ ᠠᠵᠤ ᠠᠬᠤᠢ ᠶᠢ ᠬᠥᠭᠵᠢᠭᠦᠯᠬᠦ ᠬᠢᠵᠠᠭᠠᠷᠲᠤ ᠺᠣᠮᠫᠠᠨᠢ ᠶᠢᠨ ᠪᠠᠶᠢᠭᠤᠯᠤᠭᠳᠠᠭᠰᠠᠨ ᠨᠢ ᠤᠤᠯ ᠤᠨ ᠲᠠᠪᠤᠨ ᠡᠷᠳᠡᠨᠢ ᠲᠠᠸᠠᠷ ᠤᠨ ᠲᠡᠮᠳᠡᠭ᠂ ᠦᠢᠯᠡᠳᠪᠦᠷᠢ ᠶᠢᠨ ᠪᠠᠶᠢᠰᠢᠩ ᠵᠡᠷᠭᠡ ᠡᠬᠢ ᠪᠠᠶᠠᠯᠢᠭ ᠢ ᠠᠰᠢᠭᠯᠠᠵᠤ᠂8 ᠭᠠᠴᠠᠭᠠᠨ ᠤ ᠬᠥᠮᠥᠨ᠂ ᠡᠳ᠋ ᠬᠥᠷᠥᠩᠭᠡ᠂ ᠮᠠᠯ᠂ ᠡᠪᠡᠰᠦ ᠵᠡᠷᠭᠡ ᠡᠬᠢ ᠪᠠᠶᠠᠯᠢᠭ ᠎ ᠢ ᠤᠯᠠᠮ ᠨᠢᠭᠡ ᠠᠯᠬᠤᠮ ᠨᠢᠭᠡᠳᠬᠡᠵᠦ᠂ ᠶᠠᠳᠠᠭᠤ ᠠᠴᠠ ᠠᠩᠭᠢᠵᠢᠷᠠᠭᠤᠯᠬᠤ ᠲᠥᠷᠥᠯ ᠵᠦᠢᠯ ᠤᠨ ᠪᠡᠯᠡ ᠮᠥᠩᠭᠦ ᠶᠢᠨ ᠳᠠᠪᠠᠭᠤᠯᠢᠭ ᠢ ᠠᠰᠢᠭᠯᠠᠨ᠂ ᠣᠳᠣᠬᠢᠴᠢᠯᠠᠭᠰᠠᠨ ᠠᠵᠤ ᠠᠬᠤᠶᠢᠯᠠᠯ ᠤᠨ ᠳᠦᠷᠢᠮ ᠤᠨ ᠬᠠᠮᠢᠶᠠᠷᠤᠯᠲᠠ ᠶᠢᠨ ᠠᠷᠭ᠎ᠠ ᠎ ᠪᠠᠷ ᠳᠠᠮᠵᠢᠵᠤ᠂ ᠮᠠᠯ ᠠᠵᠤ ᠠᠬᠤᠢ ᠶᠢᠨ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠢ ᠳᠡᠭᠡᠭᠰᠢᠯᠡᠭᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号