ᠭᠠᠨᠵᠤᠤᠷ ᠰᠤᠮᠤ ᠪᠡᠯᠴᠢᠭᠡᠷ ᠰᠢᠯᠵᠢᠵᠦ ᠡᠪᠦᠯ ᠥᠩᠭᠡᠷᠡᠭᠦᠯᠬᠦ ᠵᠢᠴᠢ ᠡᠪᠡᠰᠦ ᠪᠣᠷᠳᠤᠭ᠎ᠠ ᠣᠷᠣᠭᠤᠯᠬᠤ ᠠᠵᠢᠯ ᠎ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2017-09-14
     9 ᠰᠠᠷ᠎ᠠ ᠶᠢᠨ8᠎ ᠤ ᠡᠳᠦᠷ᠂ ᠭᠠᠨᠵᠤᠤᠷ ᠰᠤᠮᠤᠨ ᠠᠴᠠ ᠪᠡᠯᠴᠢᠭᠡᠷ ᠰᠢᠯᠵᠢᠵᠦ ᠡᠪᠦᠯ ᠥᠩᠭᠡᠷᠡᠭᠦᠯᠬᠦ ᠵᠢᠴᠢ ᠲᠡᠵᠢᠭᠡᠯ ᠪᠣᠷᠳᠤᠭ᠎ᠠ ᠣᠷᠣᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠰᠤᠮᠤᠨ ᠤ ᠤᠳᠤᠷᠢᠳᠬᠤ ᠪᠠᠭ ᠤᠨ ᠭᠡᠰᠢᠭᠦᠨ ᠵᠢᠴᠢ12 ᠭᠠᠴᠠᠭᠠᠨ ᠤ ︽ᠬᠤᠶᠠᠷ ᠵᠥᠪᠯᠡᠯ︾ ᠎ ᠤᠨ ᠭᠡᠰᠢᠭᠦᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠭᠠᠨᠵᠤᠤᠷ ᠰᠤᠮᠤᠨ ᠤ ᠳᠡᠳ᠋ ᠰᠤᠮᠤᠨ ᠳᠠᠷᠤᠭ᠎ᠠ ᠵᠠᠢ ᠱᠣ᠋ ᠭᠤᠸᠠᠩ ᠠᠴᠠ ᠠᠷᠣᠨ ᠬᠤᠰᠢᠭᠤ᠂ ᠵᠠᠯᠠᠨ ᠠᠶᠢᠯ ᠵᠡᠷᠭᠡ ᠭᠠᠵᠠᠷ ᠪᠡᠯᠴᠢᠭᠡᠷ ᠰᠢᠯᠵᠢᠬᠦ ᠵᠢᠴᠢ ᠡᠪᠡᠰᠦ ᠪᠣᠷᠳᠤᠭ᠎ᠠ ᠣᠷᠣᠭᠤᠯᠬᠤ ᠠᠵᠢᠯ ᠤᠨ ᠪᠠᠶᠢᠳᠠᠯ ᠢ ᠬᠠᠷᠢᠭᠤ ᠮᠡᠳᠡᠭᠦᠯᠵᠦ᠂ ᠣᠷᠣᠨ ᠨᠤᠲᠤᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠷᠤᠨ ᠬᠤᠰᠢᠭᠤᠨ ᠤ ᠪᠣᠷᠳᠤᠭ᠎ᠠ ᠨᠥᠭᠡᠴᠡᠯᠡᠬᠦ᠂ ᠪᠣᠷᠳᠤᠭ᠎ᠠ ᠵᠥᠭᠡᠭᠡᠪᠦᠷᠢᠯᠡᠬᠦ᠂ ᠪᠣᠷᠳᠣᠨ ᠲᠡᠵᠢᠭᠡᠬᠦ ᠵᠡᠷᠭᠡ ᠲᠠᠯ᠎ᠠ ᠪᠠᠷ ᠬᠢ ᠲᠡᠷᠢᠭᠦᠨ ᠤ ᠲᠤᠷᠰᠢᠯᠭ᠎ᠠ ᠶᠢ ᠬᠠᠶᠢᠨ ᠰᠤᠳᠤᠯᠪᠠ᠃      ᠬᠤᠷᠠᠯ ᠤᠨ ᠬᠠᠮᠲᠤ᠂ ᠰᠤᠮᠤᠨ ᠤ ᠠᠵᠢᠯᠲᠠᠨ ᠠᠴᠠ ᠪᠦᠬᠦ ᠰᠤᠮᠤᠨ ᠤ ᠪᠡᠯᠴᠢᠭᠡᠷ ᠰᠢᠯᠵᠢᠵᠦ ᠡᠪᠦᠯ ᠥᠩᠭᠡᠷᠡᠭᠦᠯᠬᠦ ᠮᠠᠯ ᠤᠨ ᠲᠤᠭ᠎ᠠ᠂ ᠪᠣᠷᠳᠤᠭ᠎ᠠ ᠬᠠᠳᠤᠬᠤ ᠬᠡᠮᠵᠢᠶ᠎ᠡ᠂ ᠲᠡᠵᠢᠭᠡᠯ ᠪᠣᠷᠳᠤᠭ᠎ᠠ ᠳᠤᠲᠠᠬᠤ ᠬᠡᠮᠵᠢᠶ᠎ᠡ ᠵᠡᠷᠭᠡ ᠲᠤᠭ᠎ᠠ ᠶᠢ ᠪᠦᠷᠢᠳᠬᠡᠵᠦ᠂ ᠪᠡᠯᠴᠢᠭᠡᠷ ᠰᠢᠯᠵᠢᠭᠦᠯᠬᠦ ᠪᠠ ᠪᠣᠷᠳᠤᠭ᠎ᠠ ᠲᠣᠬᠢᠷᠠᠭᠤᠯᠬᠤ ᠰᠠᠨᠠᠭ᠎ᠠ ᠲᠠᠢ ᠮᠠᠯᠴᠢᠳ ᠢ ᠪᠦᠷᠢᠳᠬᠡᠨ ᠲᠡᠮᠳᠡᠭᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠡᠯ᠎ᠡ ᠭᠠᠴᠠᠭ᠎ᠠ ᠪᠡᠯᠴᠢᠭᠡᠷ ᠰᠢᠯᠵᠢᠵᠦ ᠡᠪᠦᠯ ᠥᠩᠭᠡᠷᠡᠭᠦᠯᠬᠦ ᠵᠢᠴᠢ ᠡᠪᠡᠰᠦ ᠪᠣᠷᠳᠤᠭ᠎ᠠ ᠣᠷᠣᠭᠤᠯᠬᠤ ᠠᠵᠢᠯ ᠤᠨ ᠪᠦᠷᠢᠳᠬᠡᠬᠦ᠂ ᠲᠡᠮᠳᠡᠭᠯᠡᠬᠦ᠂ ᠵᠣᠬᠢᠴᠠᠭᠤᠯᠬᠤ ᠵᠡᠷᠭᠡ ᠠᠵᠢᠯ ᠢ ᠨᠠᠷᠢᠯᠢᠭ ᠰᠠᠶᠢᠲᠤᠷ ᠬᠢᠵᠦ᠂ ᠪᠦᠬᠦ ᠰᠤᠮᠤᠨ ᠤ ᠡᠪᠦᠯ ᠤᠨ ᠤᠯᠠᠷᠢᠯ ᠎ ᠤᠨ ᠮᠠᠯ ᠠᠵᠤ ᠦᠢᠯᠡᠰ ᠤᠨ ᠦᠷᠭᠦᠯᠵᠢᠯᠡᠨ ᠲᠣᠭᠲᠠᠭᠤᠨ ᠬᠥᠭᠵᠢᠯᠲᠡ ᠶᠢ ᠪᠠᠲᠤᠯᠠᠬᠤ ᠬᠡᠷᠡᠭᠲᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号