ᠤᠯᠤᠰ ᠤᠨ ᠴᠠᠭᠢᠯᠭᠠᠨ ᠨᠡᠪᠳᠡᠷᠡᠬᠦᠯᠬᠦ ᠲᠦᠷᠦᠯ ᠵᠦᠢᠯ ᠨᠢ ᠮᠠᠯᠵᠢᠬᠤ ᠤᠷᠤᠨ ᠤ ᠮᠠᠯᠴᠢᠳ ᠤᠨ ᠠᠮᠢᠳᠤᠷᠠᠯ ᠎ ᠢ ᠬᠡᠷᠡᠯᠳᠦᠬᠦᠯᠵᠦ ᠪᠠᠶᠢᠭ᠎ᠠ
ᠨᠡᠶᠢᠲᠡᠯᠡᠭᠰᠡᠨ ᠴᠠᠭ᠄
2018-01-05
    ᠤᠳᠤᠬᠠᠨ ᠳᠤ ᠬᠡᠳᠦᠶᠢᠪᠡᠷ ᠡᠪᠦᠯ ᠤᠨ ᠢᠳᠡ ᠬᠦᠢᠳᠡ ᠪᠤᠯᠤᠭᠰᠠᠨ ᠪᠤᠯᠪᠠᠴᠤ ᠤᠯᠤᠰ ᠤᠨ ᠴᠠᠬᠢᠯᠭᠠᠨ ᠲᠤᠤᠷ ᠎ ᠤᠨ ᠰᠢᠨ᠎ᠡ ᠪᠠᠷᠭᠤ ᠵᠡᠬᠦᠨ ᠬᠤᠰᠢᠭᠤᠨ ᠤ ᠴᠠᠬᠢᠯᠭᠠᠨ ᠬᠠᠩᠭᠠᠬᠤ ᠺᠤᠮᠫᠠᠨᠢ ᠶᠢᠨ ᠬᠠᠶᠢᠷ᠎ᠠ ᠬᠠᠯᠠᠮᠵᠢ ᠬᠦᠷᠬᠡᠬᠦ ᠠᠯᠬᠤᠭ᠎ᠠ ᠶᠢ ᠬᠤᠷᠢᠭᠯᠠᠵᠦ ᠴᠢᠳᠠᠬᠤ ᠦᠬᠡᠢ ᠪᠠᠶᠢᠯ᠎ᠠ᠃ ᠦᠢᠷ᠎ᠠ ᠶᠢᠨ ᠡᠳᠦᠷ ᠤᠯᠤᠰ ᠤᠨ ᠴᠠᠬᠢᠯᠭᠠᠨ ᠲᠤᠤᠷ ᠤᠨ ᠰᠢᠨ᠎ᠡ ᠪᠠᠷᠭᠤ ᠵᠡᠬᠦᠨ ᠬᠤᠰᠢᠭᠤᠨ ᠤ ᠴᠠᠬᠢᠯᠭᠠᠨ ᠬᠠᠩᠭᠠᠬᠤ ᠺᠤᠮᠫᠠᠨᠢ ᠶᠢᠨ ᠠᠵᠢᠯᠳᠠᠳ ᠰᠢᠨᠡᠪᠤᠯᠠᠭ ᠰᠤᠮᠤᠨ ᠤ ᠪᠦᠯᠬᠦᠮᠳᠡᠯ ᠭᠠᠴᠠᠭᠠᠨ ᠤ ᠦᠯᠵᠡᠶᠢᠵᠢᠷᠭᠠᠯ ᠤᠨ ᠳᠤ ᠬᠦᠷᠴᠦ᠂ ᠲᠡᠳᠡᠨ ᠤ ᠳᠤ ᠴᠠᠬᠢᠯᠭᠠᠨ ᠵᠠᠯᠭᠠᠨ ᠦᠭᠴᠦ᠂ ᠨᠠᠮ ᠪᠠ ᠵᠠᠰᠠᠭ ᠤᠨ ᠬᠠᠶᠢᠷ᠎ᠠ ᠬᠠᠯᠠᠮᠵᠢ ᠶᠢ ᠮᠠᠯᠴᠢᠳ ᠤᠨ ᠡᠬᠦᠳᠡᠨ ᠡᠮᠦᠨ᠎ᠡ ᠬᠦᠷᠬᠡᠵᠦ᠂ ᠰᠡᠳᠬᠢᠯ ᠢ ᠨᠢ ᠲᠤᠯᠠᠭᠠᠴᠠᠭᠤᠯᠵᠦ ᠪᠠᠶᠢᠪᠠ᠃     ᠮᠠᠨ ᠤ ᠬᠤᠰᠢᠭᠤ ᠪᠤᠯ ᠬᠢᠯᠢ ᠬᠢᠵᠠᠭᠠᠷ ᠤᠷᠤᠨ ᠤ ᠴᠤᠯ ᠮᠠᠯᠵᠢᠬᠤ ᠬᠤᠰᠢᠭᠤ ᠪᠠᠶᠢᠵᠦ᠂ ᠮᠠᠯᠴᠢᠳ ᠤᠨ ᠰᠠᠭᠤᠷᠢᠰᠢᠯ ᠲᠠᠷᠠᠬᠠᠢ ᠪᠤᠳᠠᠷᠬᠠᠢ᠂ ᠮᠠᠯᠵᠢᠬᠤ ᠤᠷᠤᠨ ᠤ ᠦᠢᠯᠡᠳᠪᠤᠷᠢᠯᠡᠯ ᠠᠮᠢᠳᠤᠷᠠᠯ ᠲᠤᠮᠳᠠ ᠴᠠᠬᠢᠯᠭᠠᠨ ᠬᠡᠷᠡᠭᠰᠡᠬᠦ ᠬᠡᠷᠡᠭᠴᠡᠭᠡ ᠱᠠᠭᠠᠷᠳᠠᠯᠭ᠎ᠠ ᠨᠡᠯᠢᠶᠡᠳ ᠶᠡᠭᠡ ᠪᠠᠶᠢᠵᠦ᠂ ᠤᠯᠠᠨ ᠵᠢᠯ ᠤᠨ ᠲᠤᠷᠰᠢ ᠴᠠᠬᠢᠯᠭᠠᠨ ᠨᠡᠪᠳᠡᠷᠡᠬᠦ ᠦᠬᠡᠢ ᠨᠢ ᠬᠢᠯᠢ ᠬᠢᠵᠠᠭᠠᠷ ᠤᠨ ᠪᠤᠶᠢᠳᠠ ᠪᠦᠭᠯᠡᠬᠦᠤ ᠮᠠᠯᠵᠢᠬᠤ ᠤᠷᠤᠨ ᠤ ᠮᠠᠯᠴᠢᠳ ᠤᠨ ᠬᠠᠯᠠᠮᠰᠢᠯ ᠠᠰᠠᠭᠤᠳᠠᠯ ᠪᠤᠯᠤᠭᠰᠠᠭᠠᠷ ᠢᠷᠡᠵᠡᠢ᠃ ᠦᠨᠦ ᠵᠢᠯ ᠠᠴᠠ ᠨᠠᠰᠢ ᠬᠤᠰᠢᠭᠤᠨ ᠤ ᠴᠠᠬᠢᠯᠭᠠᠨ ᠬᠦᠴᠦᠨ ᠤ ᠰᠠᠯᠠᠭ᠎ᠠ ᠮᠦᠴᠢᠷ ᠨᠢ 435.54 ᠲᠦᠮᠡᠨ ᠲᠦᠬᠦᠷᠢᠭ ᠤᠨ ᠪᠡᠯᠡ ᠤᠷᠤᠭᠤᠯᠤᠨ᠂ ᠰᠢᠨ᠎ᠡ ᠡᠨᠧᠷᠬᠢ ᠶᠢ ᠴᠠᠬᠢᠯᠭᠠᠨ ᠪᠤᠯᠭᠠᠨ ᠬᠤᠪᠢᠷᠠᠭᠤᠯᠬᠤ ᠢᠨᠵᠧᠨᠧᠷᠢᠩ ᠤᠨ 10 ᠺᠢᠯᠤᠮᠸᠠᠲ ᠶᠢᠨ ᠵᠠᠮ ᠱᠤᠭᠤᠮ ᠢ 5.56 ᠺᠢᠯᠤᠮᠧᠲᠷ᠂ ᠲᠤᠤᠷ᠎ᠠ ᠬᠦᠴᠦᠳᠡᠯᠳᠦ ᠵᠠᠮ ᠱᠤᠭᠤᠮ 9.94 ᠺᠢᠯᠤᠮᠧᠲᠷ ᠢ ᠰᠢᠨ᠎ᠡ ᠪᠠᠷ ᠪᠦᠳᠦᠬᠡᠨ ᠪᠠᠶᠢᠭᠤᠯᠵᠦ᠂ ᠬᠦᠴᠦᠳᠡᠯ ᠦᠬᠡᠷᠡᠴᠢᠯᠡᠬᠦ ᠲᠦᠬᠦᠬᠡᠷᠦᠮᠵᠢ ᠶᠢ 66 ᠢᠵᠢ ᠤᠭᠰᠠᠷᠠᠨ᠂ 14 ᠭᠠᠴᠠᠭᠠᠨ ᠤ 90 ᠡᠷᠦᠬᠡ ᠳᠤ ᠴᠠᠬᠢᠯᠭᠠᠨ ᠨᠡᠪᠳᠡᠷᠡᠬᠦᠯᠬᠦ ᠠᠰᠠᠭᠤᠳᠠᠯ ᠢ ᠪᠦᠳᠦᠮᠵᠢᠳᠡᠢ ᠰᠢᠢᠳᠪᠤᠷᠢᠯᠡᠵᠦ ᠴᠢᠳᠠᠭᠰᠠᠨ ᠪᠠᠶᠢᠨ᠎ᠠ᠃     ᠦᠢᠯᠠᠭᠠᠭᠰᠠᠨ ᠢᠶᠠᠷ᠂ ᠲᠤᠰ ᠢᠨᠵᠧᠨᠧᠷᠢᠩ ᠨᠢ 2017 ᠤᠨ ᠤ 8 ᠰᠠᠷᠠᠶᠢᠨ 10᠎ ᠤ ᠡᠳᠦᠷ ᠠᠴᠠ ᠡᠬᠢᠯᠡᠵᠦ ᠪᠠᠷᠢᠯᠭ᠎ᠠ ᠡᠬᠢᠯᠡᠨ᠂ ᠲᠤᠰ ᠰᠠᠷ᠎ᠠ ᠶᠢᠨ ᠰᠡᠬᠦᠯᠴᠢ ᠪᠤᠯᠬᠤ ᠳᠤ ᠨᠠᠷᠠ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠲᠤᠨᠤᠭ ᠲᠦᠬᠦᠬᠡᠷᠦᠮᠵᠢ ᠬᠡᠷᠡᠭᠯᠡᠵᠦ ᠪᠠᠶᠢᠭᠰᠠᠨ 90 ᠮᠠᠯᠴᠢᠨ ᠡᠷᠦᠬᠡ ᠳᠤ ᠴᠠᠬᠢᠯᠭᠠᠨ ᠨᠡᠪᠳᠡᠷᠡᠬᠦᠯᠬᠦ ᠪᠠᠷ ᠲᠦᠯᠦᠪᠯᠡᠵᠦ ᠪᠤᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号