| | | ᠦᠢᠷ᠎ᠠ ᠶᠢᠨ ᠡᠳᠦᠷ ᠬᠤᠰᠢᠭᠤᠨ ᠤ ᠪᠠᠷᠭᠤ ᠲᠢᠶᠠᠲᠷ ᠲᠤ ᠬᠦᠯᠦᠨ ᠪᠣᠶᠢᠷ ᠬᠤᠲᠠ ᠶᠢᠨ ︽ᠦᠨᠳᠦᠰᠦᠲᠡᠨ ᠤ | ᠪᠦᠯᠬᠦᠮᠳᠠᠯ︾ ᠬᠤᠨᠳᠠᠭᠠᠲᠤ ᠭᠤᠷᠪᠠᠳᠤᠭᠠᠷ ᠤᠳᠠᠭᠠᠨ ᠤ ︽ᠪᠠᠶᠠᠨ ᠪᠠᠷᠭᠤ ᠶᠢᠨ ᠮᠠᠨᠠᠭ᠎ᠠ︾ ᠮᠠᠯᠴᠢᠳ ᠤᠨ ᠰᠢᠯᠦᠭ | ᠤᠨ ᠤᠷᠤᠯᠳᠠᠭᠠᠨ ᠲᠡᠭᠦᠰ ᠠᠮᠵᠢᠯᠲᠠᠲᠠᠢ ᠶᠠᠪᠤᠭᠳᠠᠭᠰᠠᠨ ᠪᠢᠯᠡ᠃ | ᠤᠷᠤᠯᠳᠤᠭᠠᠨ ᠳᠤ ᠬᠦᠯᠦᠨ ᠪᠣᠶᠢᠷ ᠡᠳᠦᠷ ᠤᠨ ᠰᠣᠨᠢᠨ ᠤ ᠨᠡᠷᠡᠲᠦ ᠨᠠᠶᠢᠷᠠᠭᠤᠯᠤᠭᠴᠢ᠂ ᠰᠠᠭᠤᠳᠠᠯ ᠤᠨ | ᠰᠤᠷᠪᠤᠯᠵᠢᠯᠠᠭᠴᠢ᠂ ᠵᠣᠬᠢᠶᠠᠯᠴᠢ ᠰ᠊· ᠪᠠᠭᠠᠨ᠎ᠠ᠂ ᠬᠤᠰᠢᠭᠤᠨ ᠤ ᠣᠣᠯ ᠤᠨ ᠣᠳᠬ᠎ᠠ ᠤᠷᠠᠯᠢᠭ ᠤᠨ ᠬᠤᠯᠪᠤᠭᠠᠨ | ᠤ ᠲᠡᠷᠢᠬᠦᠯᠡᠭᠴᠢ᠂ ︽ᠠᠮᠤᠭᠤᠯᠠᠩ ᠴᠡᠴᠡᠭ︾ ᠰᠡᠳᠬᠦᠯ ᠤᠨ ᠶᠡᠷᠦᠩᠬᠡᠢ ᠨᠠᠶᠢᠷᠠᠭᠤᠯᠤᠭᠴᠢ᠂ ᠨᠠᠢᠮᠠᠨ ᠮᠤᠵᠢ ᠤᠷᠤᠨ | ᠤ ᠮᠣᠩᠭᠤᠯ ᠤᠨ ᠢᠷᠠᠭᠤ ᠠᠯᠳᠠᠷᠲᠤ ᠨᠠᠶᠢᠷᠠᠭᠤᠯᠤᠭᠴᠢ ᠪᠢ᠊· ᠳᠠᠮᠳᠢᠨᠰᠦ᠋ᠷᠦᠩ ᠵᠡᠷᠬᠡ ᠲᠤᠯᠤᠭᠠᠨ ᠬᠦᠮᠦᠨ ᠢ | ᠬᠢᠨᠠᠭᠴᠢ ᠪᠠᠷ ᠤᠷᠢᠵᠠᠢ᠃ | ᠤᠷᠤᠯᠳᠤᠭᠠᠨ ᠨᠢ ᠤᠷᠲᠤ ᠶᠢᠨ ᠳᠠᠭᠤᠤ ︽ᠪᠠᠶᠠᠨ ᠪᠠᠷᠭᠤ ᠶᠢᠨ ᠮᠠᠨᠠᠭ᠎ᠠ︾ ᠪᠠᠷ ᠬᠦᠰᠢᠭᠡ ᠪᠠᠨ ᠰᠡᠬᠦᠵᠦ᠂ | ᠮᠠᠯᠵᠢᠬᠤ ᠲᠦᠷᠪᠡᠨ ᠬᠤᠰᠢᠭᠤ ᠠᠴᠠ ᠬᠦᠷᠦᠯᠴᠡᠨ ᠢᠷᠡᠭᠰᠡᠨ 44 ᠨᠡᠷᠡᠰ ᠤᠷᠤᠯᠴᠢᠭᠴᠢᠳ ᠨᠢ ᠥᠪᠡᠷ ᠤᠨ | ᠤᠨᠴᠠᠯᠢᠭ ᠪᠦᠬᠦᠢ ᠦᠨᠳᠦᠰᠦᠲᠡᠨ ᠤ ᠬᠤᠪᠴᠠᠰᠤ ᠵᠠᠰᠠᠯ ᠢᠶᠠᠷ ᠭᠤᠶᠤᠨ᠂ ᠪᠠᠶ᠋ᠯᠢᠭ ᠰᠠᠶᠢᠬᠠᠨ ᠤᠷ᠎ᠠ ᠮᠡᠷᠭᠡᠵᠢᠯ | ᠢᠶᠠᠷ ᠭᠠᠶᠢᠬᠠᠭᠤᠯᠵᠦ᠂ ᠡᠷᠳᠡᠮ ᠴᠢᠳᠠᠪᠤᠷᠢ ᠢᠶᠠᠨ ᠰᠤᠷᠢᠭᠰᠠᠨ ᠪᠠᠶᠢᠨ᠎ᠠ᠃ ᠰᠢᠯᠦᠭᠴᠢᠳ ᠤᠨ ᠰᠢᠯᠦᠭ ᠤᠨ ᠠᠭᠤᠯᠭ᠎ᠠ | ᠨᠢ ᠭᠤᠣᠯᠳᠠᠭᠤ ᠣᠷᠤᠨ ᠨᠤᠲᠤᠭ ᠢᠶᠠᠨ ᠰᠠᠨᠠᠭᠠᠯᠵᠠᠬᠤ᠂ ᠠᠮᠢᠳᠤᠷᠠᠯ ᠢᠶᠠᠨ ᠬᠠᠶᠢᠷᠠᠯᠠᠬᠤ ᠰᠡᠳᠬᠢᠯᠭᠡ ᠶᠢ ᠢᠯᠡᠳᠬᠡᠬᠦ᠂ | ᠢᠲᠡᠭᠡᠯ ᠬᠦᠰᠡᠯ ᠢᠶᠠᠨ ᠤᠶᠠᠩᠭᠠᠯᠠᠬᠤ ᠪᠠᠷ ᠳᠠᠮᠵᠢᠨ ᠥᠪᠡᠷ ᠤᠨ ᠮᠠᠯᠵᠢᠬᠤ ᠠᠮᠢᠳᠤᠷᠠᠯ ᠢᠶᠠᠨ ᠬᠠᠷᠠᠭᠤᠯᠤᠭᠰᠠᠨ | ᠪᠠᠶᠢᠯ᠎ᠠ᠃ ᠰᠢᠯᠦᠭᠴᠢᠳ ᠪᠠᠶᠠᠯᠢᠭ ᠰᠠᠶᠢᠬᠠᠨ ᠢᠷᠠᠭᠤ ᠨᠠᠶᠢᠷᠠᠭ ᠢᠶᠠᠷ ᠢᠶᠠᠨ ᠦᠵᠡᠭᠴᠢᠳ ᠤᠯᠠᠨ ᠤ ᠪᠠᠭ᠋ᠠᠷᠤᠯ ᠢ | ᠤᠯᠪᠠ᠃ ᠤᠷᠤᠯᠳᠠᠭᠠᠨ ᠤ ᠵᠠᠪᠰᠡᠷ ᠲᠤ᠂ ᠬᠤᠰᠢᠭᠤᠨ ᠤ ᠪᠠᠭᠠᠴᠣᠳ ᠬᠡᠦᠬᠡᠳ ᠤᠨ ᠬᠦᠳᠡᠯᠭᠡᠭᠡᠨ ᠤ ᠲᠥᠪ ᠤᠨ | ᠬᠢᠨ ᠭᠤᠶᠤ ᠰᠠᠶᠢᠬᠠᠨ ᠲᠣᠭᠯᠠᠯᠲᠠ ᠪᠠᠷ ᠢᠶᠠᠨ ᠦᠵᠡᠭᠴᠢ ᠣᠯᠠᠨ ᠪᠣᠯᠣᠨ ᠤᠷᠤᠯᠳᠤᠭᠠᠨ ᠳᠤ ᠤᠷᠤᠯᠴᠢᠭᠴᠢᠳ ᠤᠨ | ᠰᠡᠳᠬᠢᠯ ᠢ ᠪᠠᠶᠠᠰᠬᠠᠪᠠ᠃ ᠤᠷᠤᠯᠳᠠᠭᠠᠨ ᠤ ᠡᠴᠦᠰ ᠲᠤ ᠮ᠊· ᠣᠶᠤᠨᠲᠤ ᠲᠡᠷᠢᠭᠦᠯᠡᠵᠦ᠂ ᠠᠯᠳᠠᠷᠲᠤ᠂ ᠳᠠᠨᠳᠢᠮᠠ | ᠳᠡᠳ᠋ ᠪᠠᠶᠢᠷᠢᠨ ᠳᠤ ᠲᠤᠳᠤᠷᠠᠵᠦ᠂ ᠣᠷᠭᠢᠯᠰᠠᠶᠢᠬᠠᠨ᠂ ᠳᠠᠯᠠᠢ᠂ ᠤᠯᠠᠭᠠᠨ ᠭᠤᠷᠪᠠᠳᠤᠭᠠᠷ ᠨᠡᠷᠡᠰ ᠲᠤ ᠣᠷᠤᠵᠦ᠂ | ᠦᠯᠡᠮᠵᠢ᠂ ᠮᠦᠩᠬᠡᠪᠠᠭᠠᠲᠤᠷ᠂ ᠵᠣᠷᠢᠭᠲᠦ᠂ ᠪᠠᠲᠤᠵᠢᠷᠭᠠᠯ᠂ ᠳᠠᠰᠢᠸᠠᠩᠴᠡᠸᠡᠩ ᠪᠣᠯᠣᠨ ᠬᠠᠨᠳᠠᠮᠠ ᠨᠠᠷ ᠰᠢᠯᠢᠳᠡᠭ | ᠨᠡᠷᠡᠰ ᠲᠤ ᠣᠷᠤᠭᠰᠠᠨ ᠪᠠᠶᠢᠨ᠎ᠠ᠃ ᠡᠭᠦᠨ ᠳᠤ ᠨᠢᠭᠡᠳᠦᠭᠡᠷ ᠨᠡᠷᠡᠰ ᠲᠤ 3000 ᠲᠦᠬᠦᠷᠢᠭ᠂ ᠬᠤᠶᠠᠳᠤᠭᠠᠷ ᠨᠡᠷᠡᠰ | ᠢ 2000 ᠲᠦᠬᠦᠷᠢᠭ᠂ ᠭᠤᠷᠪᠠᠳᠤᠭᠠᠷ ᠨᠡᠷᠡᠰ ᠢ1000 ᠲᠦᠬᠦᠷᠢᠭ ᠪᠠ ᠰᠢᠯᠢᠳᠡᠭ ᠨᠡᠷᠡᠰ ᠢ 300 ᠲᠦᠬᠦᠷᠢᠭ | ᠤᠨ ᠱᠠᠩᠨᠠᠯ ᠤᠨ ᠮᠦᠩᠬᠦ ᠣᠯᠭᠤᠨ ᠂ ᠦᠨᠡᠮᠡᠯ ᠤᠨ ᠪᠢᠴᠢᠭ ᠭᠠᠷᠳᠠᠭᠤᠯᠤᠭᠰᠠᠨ ᠪᠠᠶᠢᠨ᠎ᠠ᠃ | ᠬᠦᠳᠡᠯᠭᠡᠭᠡᠨ ᠤ ᠳᠤᠮᠳᠠ ᠪᠠᠰᠠ ᠰᠢᠯᠦᠭ ᠤᠨ ᠤᠷᠤᠯᠳᠤᠭᠠᠨ ᠢ ᠰᠣᠨᠢᠷᠬᠠᠭᠰᠠᠨ ᠶᠢᠰᠦᠨ ᠪᠢᠴᠢᠬᠠᠨ ᠨᠠᠶᠢᠵᠠ | ᠨᠠᠷ ᠲᠤ ᠨᠣᠮ ᠭᠠᠷᠳᠠᠭᠤᠯᠤᠨ᠂ ᠬᠤᠵᠢᠮ ᠰᠢᠯᠦᠭᠴᠢᠨ ᠪᠣᠯᠣᠭᠠᠷᠠᠢ ᠭᠡᠵᠦ ᠵᠣᠷᠢᠭᠵᠢᠭᠤᠯᠤᠪᠠ᠃ | ᠤᠷᠤᠯᠳᠤᠭᠠᠨ ᠳᠤ ᠬᠢᠨᠠᠭᠴᠢ ᠪᠠᠷ ᠰᠠᠭᠠᠳᠠᠭᠰᠠᠨ ᠬᠦᠯᠦᠨ ᠪᠣᠶᠢᠷ ᠡᠳᠦᠷ ᠤᠨ ᠰᠣᠨᠢᠨ ᠤ ᠨᠡᠷᠡᠲᠦ | ᠨᠠᠶᠢᠷᠠᠭᠤᠯᠤᠭᠴᠢ᠂ ᠰᠠᠭᠤᠳᠠᠯ ᠤᠨ ᠰᠤᠷᠪᠤᠯᠵᠢᠯᠠᠭᠴᠢ᠂ ᠵᠣᠬᠢᠶᠠᠯᠴᠢ ᠰ᠊· ᠪᠠᠭᠠᠨ᠎ᠠ ᠠᠴᠠ ᠤᠷᠤᠯᠳᠠᠭᠠᠨ ᠳᠤ | ᠤᠷᠤᠯᠴᠢᠭᠴᠢᠳ ᠢ ᠳᠡᠭᠡᠳᠦ ᠬᠡᠮᠵᠢᠶ᠎ᠡ ᠪᠠᠷ ᠦᠨᠡᠯᠡᠬᠦ ᠶᠢᠨ ᠬᠠᠮᠲᠤ ᠡᠶᠢᠮᠦᠷᠬᠦᠦ ᠤᠷᠠᠯᠢᠭ ᠤᠨ ᠮᠠᠶ᠋ᠢᠭ ᠢ ᠢᠯᠡᠭᠦᠬᠡᠨ | ᠰᠤᠳᠤᠯᠵᠤ᠂ ᠰᠢᠯᠦᠭ ᠤᠨ ᠤᠷᠤᠯᠳᠤᠭᠠᠨ ᠳᠤ ᠢᠯᠡᠭᠦᠬᠡᠨ ᠣᠷᠤᠯᠴᠠᠵᠤ᠂ ᠥᠪᠡᠷ ᠢ ᠢᠶᠠᠨ ᠪᠠᠶᠠᠯᠢᠭᠵᠢᠭᠤᠯᠬᠤ ᠶᠢᠨ | ᠵᠡᠷᠬᠡᠪᠡᠷ ᠢᠷᠠᠭᠤ ᠨᠠᠶᠢᠷᠠᠭ ᠤᠨ ᠢᠷᠡᠬᠡᠳᠦᠢ ᠶᠢᠨ ᠬᠦᠭᠵᠢᠯᠳᠡ ᠳᠤ ᠵᠤᠬᠢᠬᠤ ᠬᠤᠪᠢ ᠨᠡᠮᠡᠷᠢ ᠪᠠᠨ ᠦᠵᠡᠬᠦᠯᠬᠦ ᠶᠢ | ᠬᠦᠰᠡᠵᠡᠢ᠃ |