ᠪᠦᠬᠦ ᠤᠷᠤᠨ ᠤ ᠵᠢᠷᠭᠤᠳᠤᠭᠠᠷ ᠤᠳᠠᠭᠠᠨ ᠤ 25 ᠨᠠᠰᠤᠨ ᠠᠴᠠ ᠲᠤᠷᠤᠭᠰᠢ ᠵᠠᠯᠠᠭᠤ ᠪᠦᠬᠡᠴᠦᠳ ᠤᠨ ᠪᠠᠷᠢᠯᠳᠤᠭᠠᠨ ᠮᠠᠨ ᠤ ᠬᠤᠰᠢᠭᠤᠨ ᠳᠤ ᠠᠮᠵᠢᠯᠳᠠᠳᠠᠢ ᠶᠠᠪᠤᠭᠳᠠᠭᠰᠠᠨ
ᠨᠡᠶᠢᠲᠡᠯᠡᠭᠰᠡᠨ ᠴᠠᠭ᠄
2018-02-26
   
    2 ᠰᠠᠷᠠᠶᠢᠨ 24᠎ ᠤ ᠡᠳᠦᠷ᠂ ᠰᠢᠨ᠎ᠡ ᠪᠠᠷᠭᠤ ᠵᠡᠬᠦᠨ ᠬᠤᠰᠢᠭᠤᠨ ᠤ ᠰᠤᠶᠤᠯ ᠲᠠᠮᠢᠷ ᠰᠤᠨᠢᠨ ᠮᠡᠳᠡᠭᠡ ᠬᠡᠪᠯᠡᠯ ᠺᠢᠨᠤ᠋ ᠷᠠᠳᠢᠤ᠋ ᠲᠧᠯᠸᠢᠰ ᠲᠤᠪᠴᠢᠶᠠᠨ ᠠᠴᠠ ᠭᠤᠤᠯᠯᠠᠨ ᠡᠷᠬᠢᠯᠡᠵᠦ᠂ ᠰᠢᠨ᠎ᠡ ᠪᠠᠷᠭᠤ ᠵᠡᠬᠦᠨ ᠬᠤᠰᠢᠭᠤᠨ ᠤ ᠪᠦᠬᠡ ᠎ ᠶᠢᠨ ᠨᠡᠶᠢᠬᠡᠮᠯᠢᠭ ᠠᠴᠠ ᠲᠠᠭᠠᠭᠠᠴᠢᠯᠠᠨ ᠡᠷᠬᠢᠯᠡᠭᠰᠡᠨ ᠴᠠᠭᠠᠨ ᠰᠠᠷ᠎ᠠ ᠶᠢᠨ ᠬᠤᠭᠤᠴᠠᠭᠠᠨ ᠤ ︽ᠮᠦᠩᠬᠦᠨ ᠪᠠᠷᠭᠤ︾ ᠡᠪᠦᠯ ᠤᠨ ᠤᠯᠠᠷᠢᠯ ᠤᠨ ᠰᠤᠶᠤᠯ ᠲᠠᠮᠢᠷ ᠵᠢᠭᠤᠯᠴᠢᠯᠠᠯ ᠤᠨ ᠰᠢᠷᠢᠰ ᠠᠵᠢᠯᠯᠠᠭ᠎ᠠ ᠪᠤᠯᠤᠨ 2018 ᠤᠨ ᠤ ᠰᠠᠷ᠎ᠠ ᠰᠢᠨ᠎ᠡ ᠶᠢᠨ ᠪᠠᠶᠠᠷ ᠲᠤ ᠵᠤᠷᠢᠭᠤᠯᠤᠭᠰᠠᠨ ᠪᠦᠬᠦ ᠤᠷᠤᠨ ᠤ ᠵᠢᠷᠭᠤᠳᠤᠭᠠᠷ ᠤᠳᠠᠭᠠᠨ ᠤ 25 ᠨᠠᠰᠤᠨ ᠠᠴᠠ ᠲᠤᠷᠤᠭᠰᠢ ᠵᠠᠯᠠᠭᠤ ᠪᠦᠬᠡᠴᠦᠳ ᠤᠨ ᠪᠠᠷᠢᠯᠳᠤᠭᠠᠨ ᠪᠦᠬᠡ ᠶᠢᠨ ᠦᠷᠬᠦᠬᠡᠨ ᠳᠤ ᠠᠮᠵᠢᠯᠳᠠᠳᠠᠢ ᠶᠠᠪᠤᠭᠳᠠᠵᠠᠢ᠃     ᠲᠤᠰ ᠤᠳᠠᠭᠠᠨ ᠤ ᠪᠠᠷᠢᠯᠳᠤᠭᠠᠨ ᠳᠤ ᠬᠦᠯᠦᠨ ᠪᠤᠶᠢᠷ ᠬᠤᠳᠠ ᠶᠢᠨ ᠮᠠᠯᠵᠢᠬᠤ ᠲᠦᠷᠪᠡᠨ ᠬᠤᠰᠢᠭᠤᠨ ᠤ ᠪᠦᠬᠡᠴᠦᠳ ᠠᠴᠠ ᠭᠠᠳᠠᠨ᠎ᠠ ᠰᠢᠯᠢᠩᠭᠤᠤᠯ ᠠᠶᠢᠮᠠᠭ  ᠂ ᠤᠯᠠᠭᠠᠨᠬᠠᠳᠠ ᠬᠤᠳᠠ ᠵᠡᠷᠬᠡ ᠠᠶᠢᠮᠠᠭ ᠬᠤᠳᠠ ᠶᠢᠨ ᠵᠠᠯᠠᠭᠤ ᠰᠤᠳᠤᠨ 128 ᠪᠦᠬᠡ ᠵᠤᠳᠤᠭᠯᠠᠵᠦ᠂ ᠬᠦᠴᠦ ᠦᠵᠡᠨ ᠪᠠᠷᠢᠯᠳᠤᠭᠰᠠᠨ ᠪᠠᠶᠢᠨ᠎ᠠ᠃ ᠪᠠᠷᠢᠯᠳᠤᠭᠠᠨ ᠨᠢ ᠬᠤᠪᠢ ᠬᠦᠮᠦᠨ ᠤ ᠪᠠᠷᠢᠯᠳᠤᠭᠠᠨ ᠪᠠ ᠬᠠᠮᠳᠤ ᠨᠢᠬᠡᠴᠡ ᠶᠢᠨ ᠪᠠᠷᠢᠯᠳᠤᠭᠠᠨ ᠬᠤᠶᠠᠷ ᠲᠦᠷᠦᠯ ᠬᠤᠪᠢᠶᠠᠨ ᠶᠠᠪᠤᠭᠳᠠᠵᠦ᠂ ᠬᠤᠷᠴᠠ ᠰᠢᠷᠦᠬᠦᠨ ᠪᠠᠷᠢᠯᠳᠤᠭᠠᠨ ᠪᠠᠷ ᠲᠠᠮᠵᠢᠨ᠂ ᠬᠤᠪᠢ ᠬᠦᠮᠦᠨ ᠤ ᠪᠠᠷᠢᠯᠳᠤᠭᠠᠨ ᠳᠤ ᠤᠯᠠᠭᠠᠨᠬᠠᠳᠠ ᠬᠤᠳᠠ ᠎ ᠶᠢᠨ ᠠᠷᠤ ᠬᠤᠷᠴᠢᠨ ᠬᠤᠰᠢᠭᠤᠨ ᠠᠴᠠ ᠢᠷᠡᠭᠰᠡᠨ ᠵᠠᠯᠠᠭᠤ ᠪᠦᠬᠡ ᠮᠦᠩᠬᠡᠳᠦ᠋ᠬᠦᠷᠡᠩ ᠲᠤᠯᠤᠭ᠎ᠠ ᠲᠠᠪᠠᠨ ᠲᠡᠷᠢᠬᠦᠯᠡᠵᠦ᠂ ᠰᠢᠨ᠎ᠡ ᠪᠠᠷᠭᠤ ᠵᠡᠬᠦᠨ ᠬᠤᠰᠢᠭᠤᠨ ᠤ ᠵᠠᠯᠠᠭᠤ ᠪᠦᠬᠡ ᠢᠳᠡᠷ ᠲᠡᠳ᠋ᠯᠡᠨ᠂ ᠬᠤᠷ᠎ᠠ ᠭᠤᠷᠪᠠᠳᠤᠭᠠᠷ ᠲᠤ ᠲᠤᠳᠤᠷᠠᠵᠦ᠂ ᠰᠢᠯᠢ ᠶᠢᠨ ᠭᠤᠤᠯ ᠠᠶᠢᠮᠠᠭ ᠤᠨ ᠵᠡᠬᠦᠨ ᠦᠵᠦᠮᠦᠴᠢᠨ ᠬᠤᠰᠢᠭᠤᠨ ᠠᠴᠠ ᠢᠷᠡᠭᠰᠡᠨ ᠲᠡᠮᠦᠷᠪᠠᠭᠠᠳᠤᠷ ᠲᠦᠷᠪᠡᠳᠦᠬᠡᠷ ᠪᠠᠶᠢᠷᠢᠨ ᠳᠤ ᠲᠤᠳᠤᠷᠠᠭᠰᠠᠨ ᠪᠠᠶᠢᠨ᠎ᠠ᠃ ᠬᠠᠮᠳᠤ ᠨᠢᠬᠡᠴᠡ ᠶᠢᠨ ᠪᠠᠷᠢᠯᠳᠤᠭᠠᠨ ᠳᠤ ᠰᠢᠯᠢ ᠶᠢᠨ ᠭᠤᠤᠯ ᠠᠶᠢᠮᠠᠭ ᠤᠨ ᠵᠡᠬᠦᠨ ᠦᠵᠦᠮᠦᠴᠢᠨ ᠬᠤᠰᠢᠭᠤᠨ ᠤ ᠨᠢᠬᠡᠴᠡ ᠲᠡᠷᠢᠬᠦᠯᠡᠵᠦ᠂ ᠰᠢᠨ᠎ᠡ ᠪᠠᠷᠭᠤ ᠵᠡᠬᠦᠨ ᠬᠤᠰᠢᠭᠤᠨ ᠤ ᠨᠢᠬᠡᠴᠡ ᠬᠤᠶᠠᠷ ᠲᠤ᠂ ᠠᠪᠠᠭ᠎ᠠ ᠬᠤᠰᠢᠭᠤᠨ ᠤ ᠨᠢᠬᠡᠴᠡ ᠭᠤᠷᠪᠠᠳᠤᠭᠠᠷ᠂ ᠪᠠᠷᠠᠭᠤᠨ ᠦᠵᠦᠮᠦᠴᠢᠨ ᠬᠤᠰᠢᠭᠤᠨ ᠤ ᠨᠢᠬᠡᠴᠡ ᠲᠦᠷᠪᠡᠳᠦᠬᠡᠷ ᠪᠠᠶᠢᠷᠢᠨ ᠳᠤ ᠲᠤᠰ ᠲᠤᠰ ᠲᠤᠳᠤᠷᠠᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号