ᠬᠤᠨᠢᠨ ᠤ ᠱᠦᠯᠬᠦᠭᠡ ᠡᠪᠡᠳᠴᠢᠨ ᠢ ᠰᠡᠷᠭᠡᠶᠢᠯᠡᠨ ᠵᠠᠰᠠᠬᠤ ᠠᠷᠭ᠎ᠠ
ᠨᠡᠶᠢᠲᠡᠯᠡᠭᠰᠡᠨ ᠴᠠᠭ᠄
2018-02-26
     ᠳᠤᠰ ᠡᠪᠡᠳᠴᠢᠨ ᠪᠤᠯ ᠱᠦᠯᠬᠦᠭᠡ ᠶᠢᠨ ᠸᠢᠷᠦ᠋ᠰ ᠠᠴᠠ ᠡᠭᠦᠰᠴᠤ ᠰᠠᠯᠠᠭ᠎ᠠ ᠳᠤᠭᠤᠷᠠᠶᠢᠳᠠᠨ ᠳᠤ ᠤᠢᠢᠷᠠᠳᠬᠤ ᠪᠠᠷ ᠳᠠᠮᠵᠢᠨ ᠬᠠᠯᠳᠠᠪᠤᠷᠢᠯᠠᠬᠤ ᠳᠦᠷᠭᠡᠨ ᠴᠢᠨᠠᠷᠳᠠᠢ ᠬᠠᠯᠳᠠᠪᠤᠷᠢᠳᠤ ᠡᠪᠡᠳᠴᠢᠨ ᠪᠤᠯᠤᠨ᠎ᠠ᠃ ᠳᠠᠷᠤᠢ ᠦᠬᠡᠷ᠂ ᠬᠤᠨᠢ᠂ ᠭᠠᠭ᠋ᠠᠢ᠂ ᠪᠤᠭᠤ᠂ ᠲᠡᠮᠡᠭᠡ ᠵᠡᠷᠭᠡ ᠳᠤ ᠬᠠᠯᠳᠠᠵᠤ᠂ ᠡᠭᠦᠨ ᠳᠤ ᠭᠠᠭ᠋ᠠᠢ ᠦᠭᠡᠷ ᠲᠤ ᠬᠠᠮᠤᠭ ᠠᠮᠠᠷᠬᠠᠨ ᠬᠠᠯᠳᠠᠪᠤᠷᠢᠯᠠᠵᠤ᠂ ᠳᠠᠷᠠᠭ᠎ᠠ ᠳᠤᠨᠢ ᠬᠤᠨᠢ ᠢᠮᠠᠭ᠎ᠠ ᠳᠤ ᠬᠠᠯᠳᠠᠪᠤᠷᠢᠯᠠᠨ᠎ᠠ᠃ ᠳᠤᠰ ᠡᠪᠡᠳᠴᠢᠨ ᠬᠦᠮᠦᠨ ᠳᠤ ᠪᠠᠰᠠ ᠬᠠᠯᠳᠠᠪᠤᠷᠢᠯᠠᠳᠠᠭ᠃       1. ᠰᠢᠨᠵᠢ ᠳᠡᠮᠳᠡᠭ᠄ ᠬᠤᠨᠢ ᠱᠦᠯᠬᠦᠭᠡ ᠶᠢᠨ ᠸᠢᠷᠦ᠋ᠰ ᠬᠠᠯᠳᠠᠪᠤᠷᠢᠯᠠᠭᠰᠠ ᠤ ᠳᠠᠷᠠᠭ᠎ᠠ ᠶᠡᠷᠦ ᠳᠡᠭᠡᠨ 1 —7 ᠡᠳᠦᠷ ᠤᠨ ᠳᠡᠯᠳᠠ ᠬᠤᠭᠤᠴᠠᠭ᠎ᠠ ᠦᠩᠭᠡᠷᠡᠭᠡᠳ ᠰᠠᠶ᠋ᠢ ᠰᠢᠨᠵᠢ ᠳᠡᠮᠳᠡᠭ ᠢᠯᠡᠷᠡᠳᠡᠭ᠃ ᠡᠪᠡᠳᠴᠢᠳᠠᠢ ᠬᠤᠨᠢ ᠶᠢᠨ ᠪᠡᠶ᠎ᠡ ᠶᠢᠨ ᠳᠤᠯᠠᠭᠠᠨ ᠳᠡᠭᠡᠭᠰᠢᠯᠡᠵᠤ᠂ ᠡᠬᠢᠨ ᠤ ᠬᠤᠭᠤᠴᠠᠭ᠎ᠠ ᠪᠡᠶ᠎ᠡ ᠶᠢᠨ ᠳᠤᠯᠠᠭᠠᠨ ᠨᠢ 40 — 41 ᠭᠷᠡᠳᠦ᠋ᠰ ᠳᠤᠯᠳᠠᠭ᠃ ᠴᠤᠭ ᠰᠦᠯᠳᠡ ᠪᠠᠭᠤᠷᠠᠵᠤ᠂ ᠢᠳᠡᠰᠢᠨ ᠳᠤᠷᠠᠰᠢᠯ ᠪᠠᠭᠤᠷᠠᠬᠤ ᠪᠤᠶᠤ ᠢᠳᠡᠰᠢ ᠢᠳᠡᠬᠦ ᠦᠭᠡᠢ᠂ ᠰᠤᠳᠠᠯ ᠤᠨ ᠯᠤᠭᠰᠢᠯᠳᠠ ᠬᠢᠭᠡᠳ ᠠᠮᠢᠰᠬᠤᠯ ᠳᠦᠷᠭᠡᠨ ᠪᠤᠯᠤᠨ᠎ᠠ᠃ ᠠᠮᠠᠨ ᠬᠦᠨᠳᠡᠢ ᠶᠢᠨ ᠰᠠᠯᠢᠰᠤᠳᠤ ᠪᠦᠷᠭᠦᠪᠴᠢ᠂ ᠳᠤᠭᠤᠷᠠᠢ ᠪᠤᠯᠤᠨ ᠳᠠᠯᠠᠩ ᠤᠨ ᠠᠷᠠᠰᠤᠨ ᠳᠡᠭᠡᠷ᠎ᠡ ᠤᠰᠤᠨ ᠴᠦᠪᠦᠷᠢᠭᠦᠦ ᠪᠠ ᠶᠠᠷ᠎ᠠ ᠭᠠᠷᠤᠨ᠎ᠠ᠃ ᠬᠦᠨᠳᠤ ᠡᠪᠡᠳᠴᠢᠯᠡᠭᠰᠡᠨ ᠳᠡᠵᠢᠭᠡᠪᠦᠷᠢ ᠶᠢᠨ ᠪᠠᠭᠠᠯᠵᠤᠤᠷ ᠮᠦᠭᠡᠷᠰᠦᠨ ᠬᠤᠭᠤᠯᠠᠢ᠂ ᠡᠮᠦᠨᠡᠳᠤ ᠬᠤᠳᠤᠭᠤᠳᠤ ᠶᠢᠨ ᠰᠠᠯᠢᠰᠤᠳᠤ ᠪᠦᠷᠭᠦᠪᠴᠢ ᠳᠤ ᠳᠤᠭᠤᠷᠢᠭ ᠬᠡᠯᠪᠡᠷᠢᠳᠠᠢ ᠶᠠᠷ᠎ᠠ ᠰᠢᠷᠬᠠᠯᠠᠭ᠎ᠠ ᠡᠭᠦᠰᠦᠨ᠎ᠡ᠃ ᠬᠤᠨᠢᠨ ᠤ ᠳᠤᠭᠤᠷᠠᠢ ᠳᠤ ᠡᠪᠡᠳᠴᠢᠨ ᠢᠯᠡᠷᠬᠡᠢ᠂ ᠠᠮᠠᠨ ᠤ ᠰᠠᠯᠢᠰᠤᠳᠤ ᠪᠦᠷᠭᠦᠪᠴᠢ ᠶᠢᠨ ᠬᠤᠪᠢᠷᠠᠯᠳᠠ ᠬᠦᠩᠭᠡᠨ ᠰᠢᠭ᠃ ᠢᠮᠠᠭᠠᠨ ᠳᠤ ᠠᠮᠠᠨ ᠳᠤᠨᠢ ᠡᠪᠡᠳᠴᠢᠨ ᠤ ᠢᠯᠡᠷᠡᠯ ᠳᠤᠳᠤᠷᠬᠠᠢ᠂ ᠦᠷᠭᠡᠨ ᠬᠡᠪᠴᠢᠶ᠎ᠠ ᠪᠠᠷ ᠠᠮᠠᠨ ᠤ ᠰᠠᠯᠢᠰᠤᠳᠤ ᠪᠦᠷᠭᠦᠪᠴᠢ ᠶᠢᠨ ᠦᠷᠪᠢᠰᠦᠯ ᠡᠭᠦᠰᠴᠤ᠂ ᠤᠰᠤᠨ ᠴᠦᠪᠦᠷᠢᠭᠦᠦ ᠬᠠᠳᠠᠭᠤ ᠳᠠᠩᠨᠠᠢ ᠪᠤᠯᠤᠨ ᠬᠡᠯᠡᠨ ᠳᠡᠭᠡᠷ᠎ᠡ ᠤᠯᠠᠨ ᠪᠠᠶᠢᠵᠤ᠂ ᠳᠤᠭᠤᠷᠠᠢ ᠶᠢᠨ ᠬᠡᠰᠡᠭ ᠴᠦᠬᠡᠨ ᠪᠠᠶᠢᠳᠠᠭ᠃ ᠡᠪᠡᠳᠴᠢᠳᠠᠢ ᠬᠤᠨᠢᠨ ᠤ ᠤᠰᠤᠨ ᠴᠦᠪᠦᠷᠢᠭᠦᠦ ᠬᠠᠭᠠᠷᠠᠪᠠᠯ ᠪᠡᠶ᠎ᠡ ᠶᠢᠨ ᠳᠤᠯᠠᠭᠠᠨ‌‍ᠪᠠᠭᠤᠷᠠᠵᠤ᠂ ᠡᠪᠡᠳᠴᠢᠨ ᠰᠠᠶᠢᠵᠢᠷᠠᠬᠤ ᠬᠠᠨᠳᠦᠰᠢ ᠲᠠᠢ ᠪᠤᠯᠤᠨ᠎ᠠ᠃     2. ᠰᠡᠷᠭᠡᠶᠢᠯᠡᠨ ᠵᠠᠰᠬᠠᠤ᠄ ᠬᠢᠵᠢᠭ ᠲᠠᠢ ᠤᠷᠤᠨ ᠠᠴᠠ ᠬᠤᠨᠢ ᠢᠮᠠᠭ᠎ᠠ ᠵᠡᠷᠭᠡ ᠰᠠᠯᠠᠭ᠎ᠠ ᠳᠤᠭᠤᠷᠠᠶᠢᠳᠠᠨ ᠬᠢᠭᠡᠳ ᠳᠡᠵᠢᠭᠡᠪᠦᠷᠢ ᠶᠢᠨ ᠪᠦᠳᠦᠭᠡᠭᠳᠡᠭᠦᠨ ᠢ ᠤᠷᠤᠭᠤᠯᠬᠤ ᠦᠭᠡᠢ ᠪᠠᠶᠢᠬᠤ ᠬᠡᠷᠡᠭᠳᠡᠢ᠃ ᠤᠬᠠᠮᠰᠠᠷ ᠠᠴᠠ ᠪᠠᠨ ᠳᠤᠰ ᠤᠷᠤᠨ ᠤ ᠠᠮᠢᠳᠠᠨ ᠤ ᠬᠢᠵᠢᠭ ᠰᠡᠷᠭᠡᠶᠢᠯᠡᠬᠦ ᠠᠵᠢᠯᠳᠠᠳ ᠲᠠᠢ ᠬᠠᠷᠢᠯᠴᠠᠨ ᠠᠯᠪᠠᠳᠠᠯᠭ᠎ᠠ ᠶᠢᠨ ᠴᠢᠨᠠᠷ ᠲᠠᠢ ᠰᠡᠷᠭᠡᠶᠢᠯᠡᠯᠳᠡ ᠶᠢᠨ ᠲᠠᠷᠢᠯᠭ᠎ᠠ ᠳᠠᠷᠢᠨ᠎ᠠ᠃ ᠦᠷ᠎ᠡ ᠶᠢᠨ ᠬᠤᠨᠢᠨ ᠤ ᠳᠠᠯᠠᠪᠤᠷ ᠡᠷᠬᠡᠪᠰᠢ ᠰᠡᠷᠭᠡᠶᠢᠯᠡᠯᠳᠡ ᠶᠢᠨ ᠵᠢᠷᠦᠮ ᠶᠤᠰᠤᠭᠠᠷ ᠵᠢᠯ ᠪᠦᠷᠢ ᠬᠤᠶᠠᠷ ᠤᠳᠠᠭ᠎ᠠ ᠰᠡᠷᠭᠡᠶᠢᠯᠡᠯᠳᠡ ᠶᠢᠨ ᠳᠠᠷᠢᠯᠭ᠎ᠠ ᠳᠠᠷᠢᠨ᠎ᠠ᠃ ᠬᠡᠷᠪᠡ ᠮᠠᠯ ᠳᠡᠵᠢᠭᠡᠪᠦᠷᠢ ᠳᠤ ᠳᠤᠰ ᠡᠪᠡᠳᠴᠢᠨ ᠬᠠᠯᠳᠠᠪᠤᠷᠢᠯᠠᠭᠰᠠᠨ ᠮᠠᠶ᠋ᠢᠬᠳᠠᠢ ᠭᠡᠵᠤ ᠰᠡᠵᠢᠭᠯᠡᠮᠡᠭᠴᠡ ᠳᠠᠷᠤᠢ ᠳᠦᠷᠭᠡᠨ ︽ᠡᠷᠳᠡ᠂ ᠳᠦᠷᠭᠡᠨ᠂ ᠴᠢᠩᠭ᠎ᠠ᠂ ᠪᠠᠭ᠎ᠠ︾᠎ ᠶᠢᠨ ᠵᠠᠷᠴᠢᠮ ᠢ ᠪᠠᠷᠢᠮᠳᠠᠯᠠᠨ᠂ ᠳᠤᠰᠠᠭᠠᠷᠯᠠᠨ ᠪᠢᠳᠡᠭᠦᠮᠵᠢᠯᠡᠵᠤ ᠠᠷᠢᠭᠤᠳᠬᠠᠨ᠎ᠠ᠃ ᠪᠤᠰᠢᠭᠤ ᠳᠦᠷᠭᠡᠨ ᠰᠡᠷᠭᠡᠶᠢᠯᠡᠯᠳᠡ ᠶᠢᠨ ᠳᠠᠷᠢᠯᠭ᠎ᠠ ᠳᠠᠷᠢᠵᠤ ᠬᠢᠵᠢᠭ ᠢ ᠪᠠᠶᠢᠴᠠᠭᠠᠨ᠂ ᠪᠠᠶᠢᠴᠠᠭᠠᠯᠳᠠ ᠳᠤ ᠠᠷᠭ᠎ᠠ ᠴᠢᠨᠠᠷᠳᠠᠢ ᠬᠤᠨᠢ ᠶᠢ ᠠᠯᠠᠨ ᠤᠰᠠᠳᠬᠠᠬᠤ ᠵᠡᠷᠭᠡ ᠰᠡᠷᠭᠡᠶᠢᠯᠡᠨ ᠤᠰᠠᠳᠬᠠᠬᠤ ᠠᠷᠭ᠎ᠠ ᠬᠡᠮᠵᠢᠶ᠎ᠡ ᠠᠪᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号