ᠰᠢᠨ᠎ᠡ ᠪᠡᠷᠭᠤ ᠵᠡᠬᠦᠨ ᠬᠤᠰᠢᠭᠤᠨ ᠤ ᠠᠷᠪᠡᠨ ᠲᠠᠪᠤᠳᠤᠭᠠᠷ ᠬᠤᠭᠤᠴᠠᠭᠠᠨ ᠤ ᠠᠷᠡᠳ ᠤᠨ ᠲᠦᠯᠤᠭᠡᠯᠡᠭᠴᠢᠳ ᠤᠨ ᠶᠡᠭᠡ ᠬᠤᠷᠡᠯ ᠤᠨ ᠬᠤᠶᠠᠳᠤᠭᠠᠷ ᠤᠳᠠᠭᠠᠨ | ᠤ ᠬᠤᠷᠡᠯ ᠤᠨ ᠪᠢᠴᠢᠭ ᠮᠡᠲ᠋ᠧᠷᠢᠶᠡᠯ ︵ ︶ | ᠵᠠᠰᠠᠭ ᠤᠨ ᠣᠷᠳᠣᠨ ᠤ ᠠᠵᠢᠯ ᠤᠨ ᠢᠯᠡᠳᠬᠡᠯ | | — — 2018 ᠤᠨ ᠤ 2 ᠰᠡᠷ᠎ᠡ ᠶᠢᠨ3 ᠤ ᠡᠳᠤᠷ ᠰᠢᠨ᠎ᠡ ᠪᠡᠷᠭᠤ ᠵᠡᠬᠦᠨ ᠬᠤᠰᠢᠭᠤᠨ ᠤ ᠠᠷᠪᠡᠨ | ᠲᠠᠪᠤᠳᠤᠭᠠᠷ | ᠬᠤᠭᠤᠴᠠᠭᠠᠨ ᠤ ᠠᠷᠡᠳ ᠤᠨ ᠲᠦᠯᠤᠭᠡᠯᠡᠭᠴᠢᠳ ᠤᠨ ᠶᠡᠭᠡ ᠬᠤᠷᠡᠯ ᠤᠨ ᠬᠤᠶᠠᠳᠤᠭᠠᠷ | ᠬᠤᠷᠠᠯᠳᠤᠭᠠᠨ ᠲᠡᠭᠡᠷ᠎ᠡ | ᠠᠷᠡᠳ ᠤᠨ ᠵᠠᠰᠠᠭ ᠤᠨ ᠤᠷᠳᠤᠨ ᠤ ᠬᠤᠰᠢᠭᠤᠨ ᠲᠠᠷᠤᠭ᠎ᠠ ᠬᠠᠢ ᠴᠢᠩ | | ᠲᠥᠯᠥᠭᠡᠯᠡᠭᠴᠢᠳ ᠡ᠄ | ᠣᠳᠣ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠥᠪᠯᠡᠬᠦ | ᠪᠣᠯᠪᠠᠤ᠂ ᠲᠡᠷᠡᠴᠢᠯᠡᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠣᠨ ᠬᠤᠷᠠᠯ ᠳᠤ ᠰᠤᠯᠠ ᠤᠷᠤᠯᠴᠠᠭᠰᠡᠳ ᠰᠠᠨᠠᠯ ᠢᠶᠠᠨ ᠳᠤᠷᠠᠳᠬᠤ | ᠪᠤᠯᠪᠠᠤ᠃ | ᠨᠢᠭᠡ᠄ 2017 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠳᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠰᠢᠭᠤᠨ ᠤ ᠨᠠᠮ ᠤᠨ ᠬᠤᠷᠢᠶᠠᠨ ᠤ ᠵᠥᠪ | ᠤᠳᠤᠷᠢᠳᠤᠯᠭ᠎ᠠ ᠳᠣᠣᠷ᠎ᠠ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠤᠶᠢᠪᠢᠰᠢ ᠦᠭᠡᠢ ᠲᠤᠤᠱᠯᠠᠭᠤᠯᠤᠨ᠂ ᠬᠥᠯᠥᠨ ᠪᠣᠶᠢᠷ ᠬᠤᠲᠠ ᠶᠢᠨ《ᠬᠤᠶᠠᠷ ᠣᠷᠣᠨ | ᠭᠤᠷᠪᠠᠨ ᠭᠠᠵᠠᠷ ᠨᠢᠭᠡ ᠭᠡᠷ ᠣᠷᠣᠨ︾ ᠤ ᠠᠵᠢᠯ ᠤᠨ ᠪᠠᠶᠢᠷᠢᠯᠠᠭᠤᠯᠤᠯᠲᠠ ᠪᠠᠷ᠂ ᠡᠯ᠎ᠡ ᠲᠥᠷᠥᠯ ᠤᠨ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠵᠢᠯ | ᠤᠨ ᠡᠬᠢᠨ ᠳᠤ ᠲᠣᠭᠲᠠᠭᠠᠭᠰᠠᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠭᠦᠷᠭᠡ ᠬᠠᠷᠠᠯᠲᠠ ᠪᠠᠨ ᠰᠠᠶᠢᠲᠤᠷ ᠪᠡᠶᠡᠯᠡᠭᠦᠯᠪᠡ᠃ | — — ᠬᠥᠭᠵᠢᠯᠲᠡ ᠶᠢᠨ ᠴᠢᠨᠠᠷ ᠴᠢᠨᠰᠠᠭ᠎ᠠ ᠦᠷ᠎ᠡ ᠠᠰᠢᠭ ᠰᠢᠨ᠎ᠡ ᠳᠡᠭᠡᠭᠰᠢᠯᠡᠯᠲᠡ ᠲᠠᠢ ᠪᠣᠯᠪᠠ᠃ ᠪᠦᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ | ᠡᠳ᠋ ᠤᠨ ᠵᠠᠰᠠᠭ ᠣᠨᠲ᠋ᠥ᠋ᠰᠥᠪ ᠤᠨ ᠣᠷᠣᠯᠭ᠎ᠠ ᠶᠢ 1.93 ᠳ᠋ᠦᠩᠰᠢᠭᠤᠷ ᠲᠥᠭᠦᠷᠢᠭ᠂ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢ 14.34 | ᠳ᠋ᠦᠩᠰᠢᠭᠤᠷ ᠲᠥᠭᠦᠷᠢᠭ ᠪᠡᠶᠡᠯᠡᠭᠦᠯᠪᠡ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ16.1ᠳ᠋ᠦᠩᠰᠢᠭᠤᠷ | ᠲᠥᠭᠦᠷᠢᠭ ᠲᠤ ᠬᠦᠷᠴᠦ᠂ ᠬᠤᠲᠠ ᠶᠢᠨ ᠱᠠᠲᠤᠨ ᠤ ᠳᠣᠷᠣᠭᠰᠢ ᠪᠠᠭᠤᠯᠭᠠᠭᠰᠠᠨ ᠡᠭᠦᠷᠭᠡ ᠶᠢᠨ ᠭᠦᠢᠴᠡᠳᠬᠡᠬᠦ ᠲᠤᠭ᠎ᠠ ᠠᠴᠠ 6000 ᠲᠦᠮᠡᠨ ᠲᠥᠭᠦᠷᠢᠭ | ᠳᠠᠪᠠᠭᠤᠯᠪᠠ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠤᠭ᠎ᠠ 7.5 ᠳ᠋ᠦᠩᠰᠢᠭᠤᠷ ᠲᠥᠭᠦᠷᠢᠭ ᠲᠤ ᠬᠦᠷᠴᠦ᠂ 6.8 | % ᠪᠠᠷ ᠨᠡᠮᠡᠭᠳᠡᠪᠡ︔ ᠬᠤᠲᠠ ᠪᠠᠯᠭᠠᠰᠤ᠂ ᠮᠠᠯᠵᠢᠬᠤ ᠣᠷᠣᠨ ᠤ ᠪᠠᠶᠢᠩᠭᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ | ᠲᠣᠰ 24683 ᠲᠥᠭᠦᠷᠢᠭ ᠪᠣᠯᠣᠨ 19649 ᠲᠥᠭᠦᠷᠢᠭ ᠲᠤ ᠬᠦᠷᠴᠦ᠂ 7.9% ᠪᠠ 8.5% ᠪᠠᠷ ᠨᠡᠮᠡᠭᠳᠡᠪᠡ᠃ ᠬᠤᠲᠠ ᠪᠣᠯᠣᠨ ᠬᠤᠰᠢᠭᠤ ᠬᠤᠶᠠᠷ | ᠱᠠᠲᠤᠨ ᠤ 3000 ᠲᠦᠮᠡᠨ ᠲᠥᠭᠦᠷᠢᠭ ᠠᠴᠠ ᠳᠡᠭᠡᠭᠰᠢᠬᠢ 16 ᠭᠤᠣᠯᠳᠠᠯᠭᠠᠲᠤ ᠲᠥᠷᠥᠯ ᠵᠦᠢᠯ ᠢ ᠬᠡᠷᠡᠭᠵᠢᠭᠦᠯᠵᠦ᠂ 14.8 ᠳ᠋ᠦᠩᠰᠢᠭᠤᠷ ᠲᠥᠭᠦᠷᠢᠭ ᠪᠡᠯᠡ | ᠣᠷᠣᠭᠤᠯᠵᠤ᠂ ᠶᠡᠷᠦᠩᠬᠡᠢ ᠴᠢᠳᠠᠪᠤᠷᠢ ᠤᠯᠠᠮ ᠨᠢᠭᠡ ᠠᠯᠬᠤᠮ ᠳᠡᠭᠡᠭᠰᠢᠯᠡᠪᠡ᠃ ᠪᠦᠬᠦ ᠤᠯᠤᠰ ᠤᠨ ᠮᠠᠯᠵᠢᠬᠤ ᠣᠷᠣᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ | ᠶᠢᠨ ᠥᠭᠡᠷᠡᠴᠢᠯᠡᠯᠲᠡ ᠶᠢᠨ ᠲᠡᠷᠢᠭᠦᠨ ᠤ ᠭᠠᠵᠠᠷ ᠣᠷᠣᠨ᠂ ᠪᠦᠬᠦ ᠣᠷᠣᠨ ᠤ 4 ᠬᠤᠰᠢᠭᠤ ᠰᠢᠶᠠᠨ ᠤ ᠣᠷᠣᠨ ᠪᠦᠰᠡ ᠶᠢᠨ ᠠᠮᠢ ᠠᠬᠤᠢ ᠣᠷᠴᠢᠨ ᠲᠣᠭᠤᠷᠢᠨ ᠤ | ᠴᠢᠨᠠᠷ ᠴᠢᠨᠰᠠᠭ᠎ᠠ ᠭᠤᠷᠪᠠᠨ ᠵᠢᠯ ᠳᠠᠷᠠᠭᠠᠯᠠᠨ ᠰᠠᠶᠢᠵᠢᠷᠠᠭᠰᠠᠨ ᠬᠤᠰᠢᠭᠤᠨ ᠤ ᠨᠢᠭᠡ ᠪᠣᠯᠵᠤ᠂ ᠪᠦᠬᠦ ᠣᠷᠣᠨ ᠤ ᠳ᠋ᠠᠩ ᠴᠣᠭᠴᠠᠲᠤ ᠬᠡᠪᠴᠢᠶ᠎ᠡ ᠪᠠᠷ ᠬᠠᠮᠤᠭ ᠶᠡᠭᠡ | ᠠᠩᠭᠧᠰ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠪᠦᠬᠦ ᠬᠤᠲᠠ ᠶᠢᠨ ᠬᠠᠮᠤᠭ ᠲᠣᠮᠣ ᠴᠡᠪᠡᠷ ᠡᠨᠧᠷᠭᠢ ᠵᠥᠭᠡᠭᠡᠪᠦᠷᠢᠯᠡᠬᠦ ᠰᠠᠭᠤᠷᠢᠨ ᠭᠠᠵᠠᠷ ᠢ | ᠪᠠᠶᠢᠭᠤᠯᠵᠤ᠂ ᠡᠪᠦᠳᠦᠭ ᠪᠣᠭᠤᠮᠲᠠ ᠪᠠᠶᠢᠩᠭᠤ ᠨᠡᠭᠡᠭᠡᠯᠲᠡ ᠳᠤ ᠣᠷᠣᠵᠤ᠂ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠬᠢᠯᠢ ᠠᠯᠤᠰᠯᠠᠭᠰᠠᠨ ᠵᠢᠭᠤᠯᠴᠢᠯᠠᠯ ᠤᠨ | ᠪᠤᠰᠤᠳ ᠭᠠᠵᠠᠷ ᠲᠤ ᠸᠢᠰᠠ ᠭᠦᠢᠴᠡᠳᠬᠡᠬᠦ ᠦᠢᠯᠡᠴᠢᠯᠡᠭᠡ ᠶᠢ ᠨᠡᠭᠡᠭᠡᠵᠦ᠂ ᠡᠷᠡᠭᠦᠯ ᠴᠢᠭᠢᠷᠠᠭ ᠡᠮ ᠤᠨ ᠵᠢᠵᠢᠭ ᠬᠠᠶᠢᠷᠴᠠᠭ ᠥᠪᠡᠷᠲᠡᠭᠡᠨ ᠵᠠᠰᠠᠬᠤ ᠣᠷᠣᠨ ᠢ | ᠲᠥᠯᠥᠭᠡᠯᠡᠨ ᠶᠢᠰᠦᠳᠦᠭᠡᠷ ᠬᠤᠭᠤᠴᠠᠭᠠᠨ ᠤ ᠪᠦᠬᠦ ᠳᠡᠯᠡᠬᠡᠢ ᠶᠢᠨ ᠡᠷᠡᠭᠦᠯ ᠬᠠᠮᠠᠭᠠᠯᠠᠯ ᠤᠨ ᠠᠵᠢᠯ ᠢ ᠠᠬᠢᠭᠤᠯᠬᠤ ᠬᠤᠷᠠᠯ ᠤᠨ ᠳᠡᠯᠭᠡᠨ ᠦᠵᠡᠭᠦᠯᠦᠯᠭᠡ ᠳᠤ | ᠣᠷᠣᠯᠴᠠᠵᠤ ᠰᠠᠶᠢᠨ ᠦᠨᠡᠯᠡᠯᠲᠡ ᠣᠯᠪᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ | ᠡᠭᠦᠳᠦᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠪᠡ᠃ | — — ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠣᠯᠣᠨ ᠬᠠᠮᠠᠭᠠᠯᠠᠯᠲᠠ ᠶᠢ ᠲᠣᠭᠲᠠᠭᠤᠨ ᠲᠦᠯᠬᠢᠨ ᠠᠬᠢᠭᠤᠯᠪᠠ᠃ 1.6 ᠳ᠋ᠦᠩᠰᠢᠭᠤᠷ ᠲᠥᠭᠦᠷᠢᠭ | ᠵᠠᠷᠤᠴᠠᠭᠤᠯᠵᠤ᠂ ᠬᠥᠯᠥᠨ ᠨᠠᠭᠤᠷ ᠤᠷᠤᠰᠬᠠᠯ ᠤᠨ ᠰᠠᠪᠠ ᠭᠠᠵᠠᠷ ᠤᠨ ᠠᠮᠢ ᠠᠬᠤᠢ ᠶᠢᠨ ᠶᠡᠷᠦᠩᠬᠡᠶᠢᠯᠡᠨ ᠵᠠᠰᠠᠬᠤ ᠨᠢᠭᠡᠳᠦᠭᠡᠷ ᠬᠤᠭᠤᠴᠠᠭ᠎ᠠ ᠶᠢᠨ ᠢᠨᠵᠧᠨᠧᠷᠢᠩ ᠢ | ᠪᠦᠬᠦ ᠲᠠᠯ᠎ᠠ ᠪᠠᠷ ᠬᠡᠷᠡᠭᠵᠢᠭᠦᠯᠵᠦ᠂ 173 ᠡᠷᠦᠬᠡ ᠶᠢ ᠠᠮᠢ ᠠᠬᠤᠢ ᠶᠢᠨ ᠪᠠᠭᠤᠷᠠᠢ ᠣᠷᠣᠨ ᠠᠴᠠ ᠰᠢᠯᠵᠢᠭᠦᠯᠦᠨ ᠨᠡᠭᠦᠯᠭᠡᠵᠦ᠂ 8.5 ᠲᠦᠮᠡᠨ ᠮᠦ ᠨᠠᠭᠤᠷ ᠤᠨ | ᠲᠣᠭᠤᠷᠢᠨ ᠤ ᠡᠯᠡᠰᠦᠷᠬᠡᠭ ᠭᠠᠵᠠᠷ ᠢ ᠵᠠᠰᠠᠵᠤ᠂ 2 ᠠᠮᠤᠷ ᠲᠦᠪᠰᠢᠨ ᠤᠤᠭᠤᠬᠤ ᠤᠰᠤᠨ ᠤ ᠢᠨᠵᠧᠨᠧᠷᠢᠩ᠂ 1 ᠪᠤᠵᠠᠷ ᠤᠰᠤ ᠶᠢ ᠲᠥᠪᠯᠡᠷᠡᠭᠦᠯᠦᠨ | ᠰᠢᠢᠳᠪᠦᠷᠢᠯᠡᠬᠦ ᠭᠠᠵᠠᠷ ᠪᠣᠯᠣᠨ 8 ᠬᠤᠭ ᠨᠣᠪᠰᠢ ᠶᠢ ᠲᠥᠪᠯᠡᠷᠡᠭᠦᠯᠦᠨ ᠰᠢᠢᠳᠪᠦᠷᠢᠯᠡᠬᠦ ᠭᠠᠵᠠᠷ ᠢ ᠪᠠᠶᠢᠭᠤᠯᠪᠠ︔ 45 ᠲᠦᠮᠡᠨ ᠮᠦ ᠪᠡᠯᠴᠢᠭᠡᠷᠯᠡᠭᠦᠯᠬᠦ ᠶᠢ | ᠵᠣᠭᠰᠣᠭᠠᠵᠤ ᠪᠡᠯᠴᠢᠭᠡᠷ ᠢ ᠰᠡᠷᠭᠦᠭᠡᠬᠦ ᠲᠥᠷᠥᠯ ᠵᠦᠢᠯ ᠢ ᠬᠡᠷᠡᠭᠵᠢᠭᠦᠯᠵᠦ᠂ 10 ᠲᠦᠮᠡᠨ ᠮᠦ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠵᠤ᠂ 120 ᠲᠦᠮᠡᠨ ᠮᠦ | ᠨᠡᠶᠢᠲᠡ ᠶᠢᠨ ᠠᠰᠠᠷᠠᠮᠵᠢ ᠶᠢᠨ ᠣᠢ ᠰᠢᠭᠤᠢ ᠶᠢ ᠬᠠᠮᠢᠶᠠᠷᠤᠨ ᠬᠠᠮᠠᠭᠠᠯᠠᠵᠤ᠂ 1000 ᠮᠦ ᠠᠯᠪᠠᠨ ᠵᠢᠷᠤᠮ ᠤᠨ ᠮᠣᠳᠣ ᠲᠠᠷᠢᠬᠤ ᠪᠠ ᠭᠤᠣᠯᠳᠠᠯᠭᠠᠲᠤ ᠣᠷᠣᠨ ᠤ | ᠨᠣᠭᠤᠭᠠᠷᠠᠭᠤᠯᠤᠯᠲᠠ ᠶᠢ ᠪᠡᠶᠡᠯᠡᠭᠦᠯᠵᠦ᠂ ᠲᠤᠰᠬᠠᠢ ᠭᠠᠯ ᠤᠨᠲᠠᠷᠠᠭᠠᠬᠤ ᠠᠩᠭᠢ ᠶᠢᠨ ᠬᠤᠸᠠᠷᠠᠨ᠂ ᠡᠳ᠋ ᠪᠠᠷᠠᠭ᠎ᠠ ᠨᠥᠭᠡᠴᠡᠯᠡᠨ ᠬᠠᠳᠠᠭᠠᠯᠠᠬᠤ ᠬᠥᠮᠥᠷᠭᠡ ᠶᠢᠨ ᠭᠤᠣᠯ | ᠪᠦᠲᠦᠴᠡ ᠶᠢᠨ ᠢᠨᠵᠧᠨᠧᠷᠢᠩ ᠢ ᠪᠠᠶᠢᠭᠤᠯᠪᠠ᠃ 1.8 ᠳ᠋ᠦᠩᠰᠢᠭᠤᠷ ᠲᠥᠭᠦᠷᠢᠭ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠦᠷᠢ ᠱᠠᠩᠨᠠᠯ ᠮᠥᠩᠭᠦ ᠶᠢ | ᠲᠠᠯᠪᠢᠵᠤ᠂ 2210 ᠲᠦᠮᠡᠨ ᠮᠦ ᠪᠡᠯᠴᠢᠭᠡᠷᠯᠡᠬᠦ ᠶᠢ ᠵᠣᠭᠰᠣᠭᠠᠵᠤ᠂ ᠪᠡᠯᠴᠢᠭᠡᠷ ᠮᠠᠯ ᠢ ᠲᠡᠩᠴᠡᠭᠦᠷᠢᠰᠢᠭᠦᠯᠬᠦ ᠠᠵᠢᠯ ᠢ ᠨᠠᠶᠢᠳᠠᠪᠤᠷᠢᠵᠢᠭᠤᠯᠪᠠ᠃ ᠡᠪᠡᠰᠦᠨ ᠡᠮ ᠢ | ᠳᠤᠷ᠎ᠠ ᠪᠠᠷ ᠮᠠᠯᠲᠠᠬᠤ ᠠᠵᠢᠯᠯᠠᠭ᠎ᠠ ᠳᠤ ᠴᠣᠬᠢᠯᠲᠠ ᠥᠭᠬᠦ ᠬᠦᠴᠦᠯᠡᠴᠡ ᠪᠠᠨ ᠦᠷᠭᠦᠯᠵᠢᠯᠡᠨ ᠴᠢᠩᠭᠠᠳᠬᠠᠵᠤ᠂ 61 ᠬᠠᠤᠯᠢ ᠠᠴᠠ ᠵᠥᠷᠢᠴᠡᠭᠰᠡᠨ ᠬᠡᠷᠡᠭ ᠢ | ᠪᠠᠶᠢᠴᠠᠭᠠᠨ ᠰᠢᠢᠳᠪᠦᠷᠢᠯᠡᠪᠡ᠃ ᠲᠥᠪ ᠤᠨ ᠣᠷᠴᠢᠨ ᠲᠣᠭᠤᠷᠢᠨ ᠢ ᠬᠢᠨᠠᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠢ ᠦᠨᠳᠦᠰᠦᠯᠡᠨ ᠪᠦᠬᠦ | ᠲᠠᠯ᠎ᠠ ᠪᠠᠷ ᠵᠠᠰᠠᠨ ᠨᠠᠶᠢᠳᠠᠪᠤᠷᠢᠵᠢᠭᠤᠯᠵᠤ᠂ ᠤᠰᠤ᠂ ᠠᠭᠠᠷ ᠮᠠᠨᠳᠠᠯ᠂ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠠᠮᠢ | ᠠᠬᠤᠢ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ | — — ᠮᠠᠯ ᠠᠵᠤ ᠦᠢᠯᠡᠰᠵᠢᠯᠲᠡ ᠶᠢᠨ ᠳᠡᠰ ᠳᠡᠪᠰᠢᠭᠦᠯᠬᠦ ᠬᠤᠷᠳᠤᠴᠠ ᠶᠢ ᠲᠦᠷᠭᠡᠳᠬᠡᠪᠡ᠃ 6388ᠲᠦᠮᠡᠨ ᠲᠥᠭᠦᠷᠢᠭ ᠪᠡᠯᠡ ᠵᠠᠷᠤᠴᠠᠭᠤᠯᠵᠤ᠂ ᠫᠧᠩ | ᠰᠠᠷᠠᠪᠴᠢ᠂ ᠲᠡᠵᠢᠭᠡᠯ ᠪᠣᠷᠳᠤᠭ᠎ᠠ ᠨᠥᠭᠡᠴᠡᠯᠡᠬᠦ᠂ ᠬᠢᠵᠢᠭ ᠢ ᠰᠡᠷᠭᠡᠶᠢᠯᠡᠬᠦ ᠵᠡᠷᠭᠡ ᠮᠠᠯ ᠠᠵᠤ ᠠᠬᠤᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ | ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠢᠬᠠᠨ ᠤ ᠦᠬᠡᠷ ᠪᠣᠯᠣᠨ ᠬᠤᠨᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠠᠯᠠᠪᠠᠢ 11 | ᠪᠠᠶᠢᠭᠤᠯᠪᠠ᠃ ᠾᠧ ᠮᠦ ᠶᠠᠩ ᠭᠤᠸᠠᠩ᠂ ᠪᠠᠶᠠᠵᠢᠨ᠎ᠠ᠂ ᠳ᠋ᠢᠩ ᠵᠢᠢ ᠶᠠᠩ᠂ ᠬᠥᠬᠡᠬᠠᠳᠠ ᠵᠡᠷᠭᠡ ᠣᠷᠣᠨ ᠨᠤᠲᠤᠭ ᠤᠨ ᠠᠵᠤ ᠠᠬᠤᠶᠢᠯᠠᠯ ᠢ ᠳᠡᠮᠵᠢᠨ | ᠬᠦᠴᠦᠷᠬᠡᠭᠵᠢᠭᠦᠯᠵᠦ᠂ ᠾᠧ ᠮᠦ ᠶᠠᠩ ᠭᠤᠸᠠᠩ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠵᠢᠯ ᠳᠤ 1.1ᠲᠦᠮᠡᠨ ᠲᠣᠯᠣᠭᠠᠢ ᠠᠩᠭᠧᠰ ᠦᠬᠡᠷ ᠪᠣᠷᠣᠯᠠᠭᠤᠯᠵᠤ᠂ | ᠪᠣᠳᠠᠲᠠᠢ ᠮᠠᠯ ᠤᠨ ᠲᠤᠭ᠎ᠠ 1.4 ᠲᠦᠮᠡᠨ ᠲᠣᠯᠣᠭᠠᠢ ᠪᠣᠯᠵᠤ᠂ ᠪᠠᠶᠠᠵᠢᠨ᠎ᠠ ᠮᠢᠬᠠᠨ ᠤ ᠬᠤᠨᠢ ᠨᠠᠷᠢᠯᠢᠭ ᠪᠣᠯᠪᠠᠰᠤᠷᠠᠭᠤᠯᠬᠤ ᠵᠢᠭᠤᠯᠴᠢᠯᠠᠯ ᠤᠨ ᠲᠣᠭᠤᠷᠢᠨ ᠦᠵᠡᠬᠦ | ᠲᠥᠷᠥᠯ ᠵᠦᠢᠯ ᠤᠨ ᠭᠤᠣᠯ ᠪᠦᠲᠦᠴᠡ ᠶᠢᠨ ᠢᠨᠵᠧᠨᠧᠷᠢᠩ ᠢ ᠪᠡᠶᠡᠯᠡᠭᠦᠯᠪᠡ᠃ ᠰᠢᠨ᠎ᠡ ᠬᠡᠯᠪᠡᠷᠢ ᠶᠢᠨ ᠵᠢᠱᠢᠶ᠎ᠡ ᠦᠵᠡᠭᠦᠯᠬᠦ ᠠᠵᠤ ᠠᠬᠤᠢ ᠶᠢᠨ ᠬᠠᠮᠲᠤᠷᠠᠯᠴᠠᠭᠠᠨ ᠤ | ᠵᠣᠬᠢᠶᠠᠨ ᠪᠠᠶᠢᠭᠤᠯᠤᠯᠲᠠ ᠶᠢ ᠶᠡᠬᠡᠪᠡᠷ ᠬᠥᠭᠵᠢᠭᠦᠯᠵᠦ᠂ ᠤᠯᠤᠰ ᠪᠣᠯᠣᠨ ᠣᠷᠣᠨ ᠤ ᠳᠡᠰ ᠤᠨ 4 ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠬᠤᠲᠠ | ᠬᠤᠰᠢᠭᠤ ᠬᠤᠶᠠᠷ ᠳᠡᠰ ᠤᠨ 26 ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢ ᠠᠮᠵᠢᠯᠲᠠ ᠲᠠᠢ ᠬᠥᠮᠥᠵᠢᠭᠦᠯᠪᠡ᠃ 7.7 ᠲᠦᠮᠡᠨ ᠮᠦ ᠬᠤᠯᠢᠮᠠᠭ ᠴᠠᠷᠭᠠᠰᠤ | ᠲᠠᠷᠢᠵᠤ᠂ ᠲᠠᠷᠢᠮᠠᠯ ᠡᠪᠡᠰᠦᠨ ᠤ ᠰᠠᠭᠤᠷᠢᠨ ᠭᠠᠵᠠᠷ ᠢ ᠪᠠᠶᠢᠭᠤᠯᠪᠠ᠃ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠲᠣᠭᠲᠠᠭᠠᠬᠤ ᠠᠵᠢᠯ ᠢ ᠪᠡᠶᠡᠯᠡᠭᠦᠯᠵᠦ᠂ 413 | ᠲᠦᠮᠡᠨ ᠮᠦ ᠪᠡᠯᠴᠢᠭᠡᠷ ᠢ ᠡᠮᠬᠢ ᠳᠠᠷᠠᠭ᠎ᠠ ᠲᠠᠢ ᠰᠢᠯᠵᠢᠭᠦᠯᠪᠡ᠃ ᠮᠠᠯᠵᠢᠯ ᠤᠨ ᠣᠨ ᠤ ᠮᠠᠯ ᠤᠨ ᠲᠤᠭ᠎ᠠ126.62 ᠲᠦᠮᠡᠨ ᠲᠣᠯᠣᠭᠠᠢ᠂ ᠵᠣᠭᠰᠤᠭ᠎ᠠ ᠮᠠᠯ ᠤᠨ | ᠲᠤᠭ᠎ᠠ 76.18 ᠲᠦᠮᠡᠨ ᠲᠣᠯᠣᠭᠠᠢ ᠪᠣᠯᠵᠤ᠂ ᠰᠦ᠂ ᠮᠢᠬᠠᠨ ᠤ ᠵᠢᠯ ᠤᠨ ᠭᠠᠷᠤᠯᠲᠠ ᠲᠤᠰ ᠲᠤᠰ 8.2 ᠲᠦᠮᠡᠨ ᠲᠤᠨ ᠪᠣᠯᠣᠨ 2.2 ᠲᠦᠮᠡᠨ ᠲᠣᠨ ᠬᠦᠷᠴᠦ᠂ | ᠡᠳᠦᠷ ᠲᠤ ᠦᠢᠯᠡᠳᠪᠦᠷᠢᠯᠡᠵᠦ ᠪᠣᠯᠪᠠᠰᠤᠷᠠᠭᠤᠯᠬᠤ ᠴᠢᠳᠠᠪᠤᠷᠢ ᠲᠤᠰ ᠲᠤᠰ 300 ᠲᠣᠨ ᠪᠣᠯᠣᠨ 8000 ᠲᠣᠯᠣᠭᠠᠢ ᠬᠤᠨᠢ ᠨᠢᠭᠡᠴᠢ ᠳᠤ ᠬᠦᠷᠴᠦ᠂ ᠰᠦ ᠮᠢᠬᠠᠨ | ᠤ ᠠᠵᠤ ᠠᠬᠤᠶᠢᠯᠠᠯ ᠤᠨ ᠶᠡᠷᠦᠩᠬᠡᠢ ᠦᠢᠯᠡᠳᠬᠦᠨ ᠤ ᠥᠷᠲᠡᠭ 1.28 ᠳ᠋ᠦᠩᠰᠢᠭᠤᠷ ᠲᠥᠭᠦᠷᠢᠭ ᠲᠤ ᠬᠦᠷᠪᠡ᠃ ᠭᠠᠩ ᠢ ᠡᠰᠡᠷᠭᠦᠴᠡᠵᠦ ᠭᠠᠮᠰᠢᠭ ᠠᠴᠠ ᠠᠪᠤᠷᠠᠬᠤ | ᠠᠵᠢᠯ ᠪᠦᠲᠦᠮᠵᠢ ᠣᠯᠵᠤ᠂ 5000 ᠲᠦᠮᠡᠨ ᠲᠥᠭᠦᠷᠢᠭ ᠭᠠᠮᠰᠢᠭ ᠢ ᠡᠰᠡᠷᠭᠦᠴᠡᠬᠦ ᠪᠡᠯᠡ ᠮᠥᠩᠭᠦ ᠶᠢ ᠵᠠᠷᠤᠴᠠᠭᠤᠯᠵᠤ᠂ ᠪᠠᠷᠤᠭ 1 ᠳ᠋ᠦᠩᠰᠢᠭᠤᠷ ᠲᠥᠭᠦᠷᠢᠭ | ᠭᠠᠮᠰᠢᠭ ᠠᠴᠠ ᠠᠪᠤᠷᠠᠬᠤ ᠵᠢᠭᠡᠯᠡᠯᠭᠡ ᠲᠠᠯᠪᠢᠵᠤ᠂ ᠮᠣᠩᠭᠤᠯ ᠤᠯᠤᠰ ᠠᠴᠠ 3 ᠲᠦᠮᠡᠨ ᠲᠣᠨ ᠲᠡᠵᠢᠭᠡᠯ ᠪᠣᠷᠳᠤᠭ᠎ᠠ ᠣᠷᠣᠭᠤᠯᠵᠤ᠂ ᠵᠡᠷᠭᠡᠯᠡᠳᠡᠭᠡ ᠣᠷᠣᠨ ᠠᠴᠠ 5 | ᠲᠦᠮᠡᠨ ᠲᠣᠨ ᠪᠠᠴᠢᠮ ᠪᠠᠶᠢᠳᠠᠯ ᠢ ᠠᠷᠭᠠᠴᠠᠬᠤ ᠲᠡᠵᠢᠭᠡᠯ ᠪᠣᠷᠳᠤᠭ᠎ᠠ ᠵᠥᠭᠡᠭᠡᠪᠦᠷᠢᠯᠡᠨ ᠨᠥᠭᠡᠴᠡᠯᠡᠵᠦ᠂ 50 ᠭᠠᠩ ᠬᠠᠭᠰᠠᠷᠠᠭᠠᠨ ᠢ ᠡᠰᠡᠷᠭᠦᠴᠡᠬᠦ ᠬᠤᠳᠳᠤᠭ | ᠴᠣᠬᠢᠵᠤ᠂ ᠮᠠᠯᠴᠢᠳ ᠢ ᠵᠣᠬᠢᠶᠠᠨ ᠪᠠᠶᠢᠭᠤᠯᠵᠤ ᠵᠢᠯᠣᠭᠤᠳᠤᠨ 14.6 ᠲᠦᠮᠡᠨ ᠲᠣᠯᠣᠭᠠᠢ ᠮᠠᠯ ᠢ ᠬᠢᠩᠭᠠᠨ ᠠᠶᠢᠮᠠᠭ᠂ ᠲᠦᠩᠯᠢᠶᠤᠤ᠂ ᠬᠠᠷᠠᠮᠥ᠋ᠷᠡᠨ᠂ ᠭᠢᠷᠢᠨ ᠵᠡᠷᠭᠡ | ᠭᠠᠵᠠᠷ ᠢᠶᠠᠷ ᠨᠤᠲᠤᠭ ᠰᠢᠯᠵᠢᠨ ᠡᠪᠦᠯᠵᠢᠭᠦᠯᠵᠦ᠂ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠮᠤᠷ ᠲᠦᠪᠰᠢᠨ ᠢ ᠪᠦᠲᠦᠮᠵᠢᠲᠡᠢ ᠪᠠᠲᠤᠯᠠᠪᠠ᠃ | — — ᠮᠣᠩᠭᠤᠯ ᠤᠯᠤᠰ ᠲᠠᠢ ᠴᠢᠯᠦᠭᠡᠲᠡᠢ ᠶᠠᠪᠤᠯᠴᠠᠬᠤ ᠠᠵᠢᠯ ᠴᠢᠬᠤᠯᠠ ᠰᠢᠪᠲᠤᠯᠤᠯᠲᠠ ᠲᠠᠢ ᠪᠣᠯᠪᠠ᠃ 4270 ᠲᠦᠮᠡᠨ ᠲᠥᠭᠦᠷᠢᠭ ᠪᠡᠯᠡ | ᠵᠠᠷᠤᠴᠠᠭᠤᠯᠵᠤ᠂ ᠪᠣᠭᠤᠮᠲᠠ ᠶᠢᠨ ᠵᠠᠬ᠎ᠠ ᠶᠢᠨ ᠠᠷᠠᠯᠵᠢᠶ᠎ᠠ ᠶᠢᠨ ᠲᠣᠭᠤᠷᠢᠭ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ᠂ ᠡᠳ᠋ ᠪᠠᠷᠠᠭ᠎ᠠ ᠶᠢ ᠬᠢᠨᠠᠨ ᠬᠠᠮᠢᠶᠠᠷᠬᠤ | ᠭᠠᠵᠠᠷ ᠤᠨ ᠦᠷᠭᠦᠯᠵᠢᠯᠡᠨ ᠪᠠᠶᠢᠭᠤᠯᠬᠤ ᠢᠨᠵᠧᠨᠧᠷᠢᠩ ᠢ ᠪᠡᠶᠡᠯᠡᠭᠦᠯᠵᠦ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠬᠤ ᠠᠮᠤ ᠪᠤᠳᠠᠭ᠎ᠠ᠂ ᠲᠡᠵᠢᠭᠡᠯ ᠪᠣᠷᠳᠤᠭ᠎ᠠ ᠶᠢ | ᠪᠠᠶᠢᠴᠠᠭᠠᠨ ᠰᠢᠯᠭᠠᠬᠤ᠂ ᠨᠥᠭᠡᠴᠡᠯᠡᠨ ᠲᠡᠭᠡᠭᠡᠪᠦᠷᠢᠯᠡᠬᠦ᠂ ᠪᠣᠯᠪᠠᠰᠤᠷᠠᠭᠤᠯᠬᠤ ᠰᠠᠭᠤᠷᠢᠨ ᠭᠠᠵᠠᠷ᠂ ᠤᠯᠤᠰ ᠤᠨ ᠡᠭᠦᠳᠡ ᠶᠢᠨ ᠦᠵᠡᠮᠵᠢᠲᠦ ᠣᠷᠣᠨ ᠪᠣᠯᠣᠨ | ᠬᠤᠯᠪᠣᠭᠠᠯᠠᠨ ᠪᠠᠶᠢᠴᠠᠭᠠᠬᠤ ᠠᠵᠢᠯ ᠤᠨ ᠰᠢᠨ᠎ᠡ ᠠᠰᠠᠷ ᠤᠨ ppp ᠲᠥᠷᠥᠯ ᠵᠦᠢᠯ ᠢ ᠡᠬᠢᠯᠡᠨ ᠪᠠᠶᠢᠭᠤᠯᠵᠤ᠂ ᠵᠠᠬ᠎ᠠ ᠶᠢᠨ ᠠᠷᠠᠯᠵᠢᠶᠠᠨ ᠤ ᠲᠣᠭᠤᠷᠢᠭ᠂ ᠭᠠᠶᠢᠯᠢ | ᠲᠠᠲᠠᠪᠤᠷᠢ ᠦᠭᠡᠢ ᠬᠤᠳᠠᠯᠳᠤᠭᠠᠨ ᠤ ᠲᠤᠷᠰᠢᠨ ᠣᠶᠢᠯᠠᠭᠠᠬᠤ ᠬᠤᠳᠠᠯᠳᠤᠭ᠎ᠠ ᠵᠢᠩᠬᠢᠨᠢ ᠪᠠᠷ ᠡᠵᠡᠩᠨᠡᠯᠲᠡ ᠳᠤ ᠣᠷᠣᠵᠤ᠂ ᠠᠮᠤ ᠪᠤᠳᠠᠭ᠎ᠠ ᠶᠢ ᠭᠠᠳᠠᠭᠠᠳᠤ ᠠᠴᠠ | ᠣᠷᠣᠭᠤᠯᠬᠤ ᠲᠣᠭᠲᠠᠭᠰᠠᠨ ᠪᠣᠭᠤᠮᠲᠠ ᠶᠢᠨ ᠮᠡᠳᠡᠭᠦᠯᠬᠦ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠪᠠ᠃ ᠡᠪᠦᠳᠦᠭ ᠪᠣᠭᠤᠮᠲᠠ ᠳᠡᠰ ᠳᠡᠪᠰᠢᠨ ᠬᠤᠶᠠᠷ ᠲᠠᠯ᠎ᠠ | ᠪᠠᠷ ᠪᠠᠶᠢᠩᠭᠤ ᠨᠡᠭᠡᠭᠡᠯᠲᠡ ᠬᠢᠬᠦ ᠪᠣᠭᠤᠮᠲᠠ ᠶᠢᠨ ᠵᠢᠩᠬᠢᠨᠢ ᠵᠥᠪᠰᠢᠶᠡᠷᠡᠯ ᠢ ᠣᠯᠵᠤ᠂ ᠪᠣᠭᠤᠮᠲᠠ ᠪᠣᠯᠣᠨ ᠤᠯᠤᠰ ᠤᠨ ᠰᠢᠯᠭᠠᠨ ᠪᠠᠶᠢᠴᠠᠭᠠᠬᠤ ᠲᠤᠰᠠᠭᠠᠷ | ᠪᠠᠶᠢᠭᠤᠯᠤᠮᠵᠢ ᠪᠣᠯᠬᠤ ᠶᠢ ᠵᠥᠪᠰᠢᠶᠡᠷᠡᠪᠡ᠃ ᠳᠤᠮᠳᠠᠳᠤ ᠣᠷᠣᠰ ᠮᠣᠩᠭᠤᠯ ᠤᠯᠤᠰ ᠤᠨ ᠬᠠᠮᠲᠤᠷᠠᠨ ᠠᠵᠢᠯᠯᠠᠬᠤ ᠬᠤᠰᠢᠭᠤᠴᠢ ᠣᠷᠣᠨ ᠤ ᠲᠥᠷᠥ ᠶᠢᠨ ᠪᠣᠳᠣᠯᠭ᠎ᠠ | ᠮᠠᠨ ᠤ ᠬᠤᠰᠢᠭᠤᠨ ᠳᠤ ᠵᠢᠩᠬᠢᠨᠢ ᠪᠠᠷ ᠬᠡᠷᠡᠭᠵᠢᠭᠦᠯᠦᠭᠳᠡᠵᠦ᠂ ︽ᠳᠤᠮᠳᠠᠳᠤ ᠣᠷᠣᠰ ᠮᠣᠩᠭᠤᠯ︾ ᠭᠤᠷᠪᠠᠨ ᠤᠯᠤᠰ ᠤᠨ ᠳᠡᠯᠭᠡᠨ ᠪᠣᠷᠣᠯᠠᠭᠤᠯᠬᠤ ᠴᠤᠭᠯᠠᠭᠠᠨ ᠤ | ᠬᠡᠪᠴᠢᠶ᠎ᠡ ᠥᠷᠭᠡᠳᠴᠦ᠂ ᠬᠤᠶᠠᠷ ᠲᠠᠯ᠎ᠠ ᠶᠢᠨ ᠠᠷᠠᠯᠵᠢᠶ᠎ᠠ᠂ ᠬᠢᠯᠢ ᠶᠢᠨ ᠠᠷᠠᠳ ᠬᠠᠮᠲᠤᠷᠠᠨ ᠠᠵᠢᠯᠯᠠᠵᠤ ᠠᠰᠢᠭ ᠬᠦᠷᠲᠡᠬᠦ ᠲᠠᠯ᠎ᠠ ᠪᠠᠷ ᠨᠡᠩ ᠤᠷᠤᠭᠰᠢᠲᠠᠢ ᠪᠣᠯᠪᠠ᠃ | ᠬᠥᠯᠥᠨ ᠪᠣᠶᠢᠷ ᠬᠤᠲᠠ᠂ ᠮᠣᠩᠭᠤᠯ ᠤᠯᠤᠰ ᠤᠨ ᠳᠣᠷᠣᠨᠠᠲᠤ ᠠᠶᠢᠮᠠᠭ ᠤᠨ ᠬᠢᠯᠢ ᠶᠢᠨ ᠵᠠᠭᠠᠭ ᠤᠨ ᠬᠤᠶᠠᠳᠤᠭᠠᠷ ᠬᠥᠭᠦᠷᠭᠡ ᠪᠠᠶᠢᠭᠤᠯᠬᠤ ᠭᠡᠷ᠎ᠡ ᠶᠢ ᠵᠢᠩᠬᠢᠨᠢ ᠪᠠᠷ | ᠲᠣᠭᠲᠠᠪᠠ᠃ ᠪᠣᠭᠤᠮᠲᠠ ᠶᠢᠨ ᠡᠳ᠋ ᠪᠠᠷᠠᠭ᠎ᠠ ᠶᠢᠨ ᠭᠠᠷᠭᠠᠯᠲᠠ 65ᠲᠦᠮᠡᠨ ᠲᠣᠨ ᠳᠤ ᠬᠦᠷᠴᠦ᠂ ᠪᠦᠬᠦ ᠬᠤᠲᠠ ᠶᠢᠨ ᠪᠣᠭᠤᠮᠲᠠ ᠶᠢᠨ ᠬᠤᠶᠠᠳᠤᠭᠠᠷ ᠪᠠᠶᠢᠷᠢ ᠢᠶᠠᠨ | ᠦᠷᠭᠦᠯᠵᠢᠯᠡᠨ ᠪᠠᠲᠤᠯᠠᠪᠠ᠃ ᠪᠣᠭᠤᠮᠲᠠ ᠪᠠᠷ ᠭᠠᠷᠴᠤ ᠣᠷᠣᠭᠰᠠᠨ ᠬᠥᠮᠥᠨ ᠤ ᠲᠤᠭ᠎ᠠ ᠨᠡᠶᠢᠲᠡ 7.6 ᠲᠦᠮᠡᠨ ᠬᠥᠮᠥᠨ ᠤᠳᠠᠭ᠎ᠠ ᠪᠣᠯᠵᠤ᠂ ᠭᠠᠳᠠᠭᠠᠳᠤ ᠠᠴᠠ | ᠣᠷᠣᠭᠤᠯᠵᠤ ᠭᠠᠷᠭᠠᠭᠰᠠᠨ ᠠᠷᠠᠯᠵᠢᠶᠠᠨ ᠤ ᠥᠷᠲᠡᠭ 15.8 ᠳ᠋ᠦᠩᠰᠢᠭᠤᠷ ᠲᠥᠭᠦᠷᠢᠭ ᠲᠤ ᠬᠦᠷᠪᠡ᠃ | — — ᠵᠢᠭᠤᠯᠴᠢᠯᠠᠯ ᠪᠠ ᠰᠣᠶᠣᠯ ᠤᠨ ᠠᠵᠤ ᠦᠢᠯᠡᠰ ᠢ ᠤᠶᠠᠯᠳᠤᠭᠤᠯᠤᠨ ᠬᠥᠭᠵᠢᠭᠦᠯᠪᠡ᠃ 1.1 ᠳ᠋ᠦᠩᠰᠢᠭᠤᠷ ᠲᠥᠭᠦᠷᠢᠭ ᠪᠡᠯᠡ ᠵᠠᠷᠤᠴᠠᠭᠤᠯᠵᠤ᠂ | ᠵᠢᠭᠤᠯᠴᠢᠯᠠᠯ ᠤᠨ ᠦᠢᠯᠡᠰ ᠢ ᠲᠡᠷᠢᠭᠦᠨ ᠳᠤᠨᠢ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠭᠠᠨᠵᠤᠤᠷ ᠰᠦᠮ᠎ᠡ᠂ ᠨᠣᠮᠣᠨ ᠬᠠᠨ ᠤ ᠳᠠᠶᠢᠨ ᠤ | ᠪᠠᠭᠤᠷᠢ᠂ ᠪᠠᠷᠭᠤ ᠮᠣᠩᠭᠤᠯ ᠠᠶᠢᠮᠠᠭ᠂ ᠨᠣᠭᠤᠭᠠᠨᠨᠠᠭᠤᠷ ᠵᠡᠷᠭᠡ ᠭᠤᠣᠯᠳᠠᠯᠭᠠᠲᠤ ᠦᠵᠡᠮᠵᠢ ᠶᠢᠨ ᠣᠷᠣᠨ ᠢ ᠰᠠᠶᠢᠵᠢᠷᠠᠭᠤᠯᠤᠨ ᠳᠡᠰ ᠳᠡᠪᠰᠢᠭᠦᠯᠬᠦ ᠢᠨᠵᠧᠨᠧᠷᠢᠩ ᠢ | ᠪᠡᠶᠡᠯᠡᠭᠦᠯᠵᠦ᠂ ᠲᠤᠯᠤᠷ ᠬᠥᠭᠦᠷᠭᠡ ᠶᠢᠨ ᠵᠢᠭᠤᠯᠴᠢᠯᠠᠯ ᠤᠨ ᠤᠯᠠᠭ᠎ᠠ ᠥᠷᠲᠡᠭᠡ ᠶᠢ ᠪᠠᠶᠢᠭᠤᠯᠵᠤ᠂ ᠨᠣᠭᠤᠭᠠᠨᠨᠠᠭᠤᠷ ᠤᠨ ᠦᠵᠡᠮᠵᠢ ᠶᠢᠨ ᠣᠷᠣᠨ 4A ᠳᠡᠰ ᠳᠤ | ᠳᠡᠪᠰᠢᠪᠡ᠃ ︽ᠠᠩᠬᠠᠳᠤᠭᠠᠷ ᠬᠤᠭᠤᠴᠠᠭᠠᠨ ᠤ ᠪᠦᠬᠦ ᠣᠷᠣᠨ ᠤ ᠵᠢᠭᠤᠯᠴᠢᠯᠠᠯ ᠢ ᠬᠥᠭᠵᠢᠭᠦᠯᠬᠦ ᠶᠡᠭᠡ ᠬᠤᠷᠠᠯ︾ ᠤᠨ ᠪᠣᠳᠠᠲᠤ ᠦᠵᠡᠮᠵᠢ ᠶᠢᠨ ᠲᠣᠭᠯᠠᠯᠲᠠ ᠪᠣᠯᠣᠨ | ︽ᠠᠷᠪᠠᠨ ᠨᠠᠢᠮᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠮᠥᠰᠥ ᠴᠠᠰᠤᠨ ᠤ ᠨᠠᠭᠠᠳᠤᠮ ᠤᠨ ᠬᠤᠷᠠᠯ︾ ᠤᠨ ᠲᠣᠭᠯᠠᠯᠲᠠ ᠳᠤ ᠣᠷᠣᠯᠴᠠᠬᠤ ᠡᠭᠦᠷᠭᠡ ᠪᠠᠨ | ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠭᠠᠨᠵᠤᠤᠷ ᠰᠦᠮ᠎ᠡ ᠶᠢᠨ ᠠᠷᠢᠶᠠᠪᠠᠯᠤ ᠶᠢᠨ ᠳᠤᠭᠠᠩ ᠪᠣᠯᠣᠨ ᠠᠮᠤᠷᠯᠢᠭᠰᠠᠨ ᠠᠷᠢᠭᠤᠨ ᠰᠤᠪᠤᠷᠭ᠎ᠠ ᠶᠢᠨ ᠪᠤᠷᠬᠠᠨ | ᠠᠮᠢᠯᠠᠭᠤᠯᠬᠤ ᠨᠣᠮ ᠤᠨ ᠬᠤᠷᠠᠯ᠂ ᠪᠠᠷᠭᠤ ᠰᠣᠶᠣᠯ ᠤᠷᠠᠯᠢᠭ ᠤᠨ ᠨᠠᠶᠢᠷ᠂ ᠮᠥᠩᠭᠦᠨ ᠪᠠᠷᠭᠤ ᠡᠪᠦᠯ ᠤᠨ ᠤᠯᠠᠷᠢᠯ ᠤᠨ ᠵᠤᠭᠠᠴᠠᠯ᠂ ᠠᠩᠬᠠᠳᠤᠭᠠᠷ ᠬᠤᠭᠤᠴᠠᠭᠠᠨ ᠤ | ᠮᠠᠯᠴᠢᠳ ᠤᠨ ᠰᠣᠶᠣᠯ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠷᠠᠯ᠂ ᠬᠥᠯᠥᠨ ᠪᠣᠶᠢᠷ ᠤᠨ ᠲᠠᠯ᠎ᠠ ᠨᠤᠲᠤᠭ ᠤᠨ ᠭᠤᠣᠯ ᠣᠷᠣᠨ ᠤ ᠠᠮᠢ ᠠᠬᠤᠢ ᠶᠢᠨ | ᠪᠠᠶᠢᠭᠠᠯᠢᠯᠢᠭ ᠬᠤᠨᠢᠨ ᠮᠢᠬᠠᠨ ᠤ ᠬᠤᠳᠠᠯᠳᠤᠭᠠᠨ ᠤ ᠬᠤᠷᠠᠯ ᠵᠡᠷᠭᠡ ᠰᠢᠷᠢᠰ ᠰᠣᠶᠣᠯ ᠵᠢᠭᠤᠯᠴᠢᠯᠠᠯ ᠤᠨ ᠬᠥᠳᠡᠯᠭᠡᠭᠡᠨ ᠢ ᠠᠮᠵᠢᠯᠲᠠ ᠲᠠᠢ ᠡᠷᠬᠢᠯᠡᠪᠡ᠃ ᠪᠣᠶᠢᠷ ᠨᠠᠭᠤᠷ | ᠢᠶᠠᠷ ᠲᠣᠭᠤᠷᠢᠨ ᠵᠤᠭᠠᠴᠠᠬᠤ ᠵᠡᠷᠭᠡ ᠣᠯᠠᠨ ᠵᠤᠷᠪᠤᠰ ᠬᠢᠯᠢ ᠠᠯᠤᠰᠯᠠᠨ ᠵᠤᠭᠠᠴᠠᠬᠤ ᠰᠢᠯᠢᠳᠡᠭ ᠵᠠᠮ ᠱᠤᠭᠤᠮ ᠪᠣᠯᠣᠨ ᠪᠣᠭᠤᠮᠲᠠ ᠶᠢᠨ ᠬᠢᠯᠢ ᠪᠠᠷ ᠨᠡᠪᠲᠡᠷᠡᠵᠦ | ᠵᠤᠭᠠᠴᠠᠬᠤ ᠲᠣᠭᠤᠷᠢᠭ ᠱᠤᠭᠤᠮ ᠢ ᠠᠮᠵᠢᠯᠲᠠᠲᠠᠢ ᠪᠠᠷ ᠨᠡᠭᠡᠭᠡᠵᠦ᠂ ᠬᠢᠯᠢ ᠠᠯᠤᠰᠯᠠᠭᠰᠠᠨ ᠵᠤᠭᠠᠴᠠᠯ ᠤᠨ ᠪᠤᠰᠤᠳ ᠭᠠᠵᠠᠷ ᠲᠤ ᠸᠢᠰᠠ ᠭᠠᠷᠳᠠᠮ ᠭᠦᠢᠴᠡᠳᠬᠡᠬᠦ ᠶᠢ | ᠪᠡᠶᠡᠯᠡᠭᠦᠯᠪᠡ᠃ ᠪᠦᠬᠦ ᠵᠢᠯ ᠳᠤ ᠨᠡᠶᠢᠲᠡ 65.4 ᠲᠦᠮᠡᠨ ᠬᠥᠮᠥᠨ ᠤᠳᠠᠭ᠎ᠠ ᠵᠤᠭᠠᠴᠠᠭᠰᠠᠳ ᠢ ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ5% | ᠪᠠᠷ ᠨᠡᠮᠡᠭᠳᠡᠵᠦ᠂ ᠵᠢᠭᠤᠯᠴᠢᠯᠠᠯ ᠤᠨ ᠣᠷᠣᠯᠭ᠎ᠠ 5.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ6.8% ᠪᠠᠷ ᠨᠡᠮᠡᠭᠳᠡᠪᠡ᠃ | — — ᠴᠡᠪᠡᠷ ᠡᠨᠧᠷᠭᠢ ᠰᠤᠷᠪᠤᠯᠵᠢ ᠶᠢᠨ ᠨᠡᠭᠡᠭᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠪᠡ᠃ ᠴᠡᠪᠡᠷ ᠡᠨᠧᠷᠭᠢ ᠰᠤᠷᠪᠤᠯᠵᠢ ᠶᠢ ᠨᠡᠭᠡᠭᠡᠬᠦ 3.4 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠵᠤ᠂ ᠢᠦᠢ ᠬᠠᠨ ᠨᠢᠭᠡᠳᠦᠭᠡᠷ ᠬᠤᠭᠤᠴᠠᠭᠠᠨ ᠤ 20 ᠰᠠᠶ᠎ᠠ ᠸᠠᠲ᠂ ᠡᠦ ᠯᠢᠩ ᠬᠤᠶᠠᠳᠤᠭᠠᠷ ᠬᠤᠭᠤᠴᠠᠭᠠᠨ ᠤ10 ᠰᠠᠶ᠎ᠠ ᠸᠠᠲ | ᠭᠡᠷᠡᠯ ᠡᠨᠧᠷᠭᠢ ᠪᠠᠷ ᠴᠠᠬᠢᠯᠭᠠᠨ ᠭᠠᠷᠭᠠᠬᠤ ᠲᠥᠷᠥᠯ ᠵᠦᠢᠯ ᠪᠣᠯᠣᠨ ᠳ᠋ᠠᠴᠢᠩ ᠤᠨ ᠴᠢᠯᠠᠭᠤᠨ ᠲᠣᠰᠣ ᠬᠠᠶᠢᠨ ᠰᠢᠨᠵᠢᠬᠦ ᠵᠢᠴᠢ ᠦᠷᠭᠦᠯᠵᠢᠯᠡᠨ ᠨᠡᠭᠡᠭᠡᠨ ᠠᠰᠢᠭᠯᠠᠬᠤ | ᠲᠥᠷᠥᠯ ᠵᠦᠢᠯ ᠢ ᠪᠠᠶᠢᠭᠤᠯᠪᠠ᠃ ᠭᠡᠷᠡᠯ ᠡᠨᠧᠷᠭᠢ ᠪᠠᠷ ᠴᠠᠬᠢᠯᠭᠠᠨ ᠡᠭᠦᠰᠬᠡᠬᠦ ︽ᠳᠠᠭᠠᠭᠤᠯᠤᠭᠴᠢ︾ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠲᠥᠯᠥᠪᠵᠢᠭᠦᠯᠭᠡ | ᠶᠢᠨ ᠲᠥᠷᠥᠯ ᠵᠦᠢᠯ ᠢ ᠢᠳᠡᠪᠬᠢᠲᠡᠢ ᠴᠢᠷᠮᠠᠶᠢᠨ ᠣᠯᠵᠤ᠂ ᠪᠦᠬᠦ ᠬᠤᠰᠢᠭᠤᠨ ᠳᠤ 70 ᠰᠠᠶ᠎ᠠ ᠸᠠᠲ ᠭᠡᠷᠡᠯ ᠡᠨᠧᠷᠭᠢ ᠶᠢᠨ ᠲᠣᠨᠤᠭ ᠲᠥᠬᠦᠭᠡᠷᠦᠮᠵᠢ ᠤᠭᠰᠠᠷᠠᠵᠤ᠂ | ᠴᠠᠬᠢᠯᠭᠠᠨ ᠡᠭᠦᠰᠬᠡᠬᠦ ᠴᠢᠳᠠᠪᠤᠷᠢ 1 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠪᠦᠬᠦ ᠬᠤᠲᠠ ᠶᠢᠨ ᠲᠡᠷᠢᠭᠦᠨ ᠳᠤ ᠵᠢᠭᠰᠠᠭᠠᠭᠳᠠᠪᠠ᠃ ᠮᠧᠩ ᠯᠢ᠂ ᠡᠦ ᠯᠢᠩ᠂ | ᠢᠦᠢ ᠬᠠᠨ ᠵᠡᠷᠭᠡ ᠭᠤᠷᠪᠠᠨ ᠭᠡᠷᠡᠯ ᠡᠨᠧᠷᠭᠢ ᠪᠠᠷ ᠴᠠᠬᠢᠯᠭᠠᠨ ᠭᠠᠷᠭᠠᠬᠤ ᠠᠵᠤ ᠠᠬᠤᠶᠢᠯᠠᠯ 8300 ᠲᠦᠮᠡᠨ ᠺᠢᠯᠣᠸᠠᠲ ᠴᠠᠭ ᠴᠠᠬᠢᠯᠭᠠᠨ ᠭᠠᠷᠭᠠᠵᠤ᠂ | ᠦᠢᠯᠡᠳᠬᠦᠨ ᠤ ᠥᠷᠲᠡᠭ 7336 ᠲᠦᠮᠡᠨ ᠲᠥᠭᠦᠷᠢᠭ ᠲᠤ ᠬᠦᠷᠪᠡ᠃ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠬᠡᠮᠵᠢᠶ᠎ᠡ 8433 ᠲᠦᠮᠡᠨ ᠺᠢᠯᠣᠸᠠᠲ | ᠴᠠᠭ ᠲᠤ ᠬᠦᠷᠴᠦ᠂ ᠦᠢᠯᠡᠳᠬᠦᠨ ᠤ ᠥᠷᠲᠡᠭ ᠢ 3635 ᠲᠦᠮᠡᠨ ᠲᠥᠭᠦᠷᠢᠭ ᠪᠡᠶᠡᠯᠡᠭᠦᠯᠪᠡ᠃ ᠲᠦᠭᠦᠬᠡᠢ ᠴᠢᠯᠠᠭᠤᠨ ᠲᠣᠰᠣᠨ ᠤ ᠵᠢᠯ ᠤᠨ ᠭᠠᠷᠤᠯᠲᠠ 6.5 | ᠲᠦᠮᠡᠨ ᠲᠣᠨ ᠳᠤ ᠬᠦᠷᠴᠦ᠂ 4.3% ᠪᠠᠷ ᠨᠡᠮᠡᠭᠳᠡᠪᠡ᠃ | — — ᠰᠠᠭᠤᠷᠢ ᠲᠥᠬᠦᠭᠡᠷᠦᠮᠵᠢ ᠶᠢᠨ ᠬᠢᠷᠢ ᠲᠦᠪᠰᠢᠨ ᠢᠯᠡᠳᠲᠡ ᠰᠠᠶᠢᠵᠢᠷᠠᠪᠠ᠃ 5.6 ᠳ᠋ᠦᠩᠰᠢᠭᠤᠷ ᠲᠥᠭᠦᠷᠢᠭ ᠤᠨ ᠪᠡᠯᠡ ᠵᠠᠷᠤᠴᠠᠭᠤᠯᠵᠤ᠂ ᠮᠠᠯᠴᠢᠳ | ᠤᠨ ᠬᠤᠲᠠ ᠣᠷᠣᠵᠤ ᠰᠠᠭᠤᠷᠢᠰᠢᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠪᠠᠶᠢᠭᠤᠯᠵᠤ᠂ 1100 ᠡᠷᠦᠬᠡ ᠶᠢᠨ ᠳᠥᠭᠦᠮ ᠪᠦᠲᠦᠴᠡᠲᠦ ᠣᠷᠣᠨ | ᠰᠠᠭᠤᠴᠠ ᠶᠢᠨ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠪᠡ︔ ᠠᠮᠤᠭᠤᠯᠠᠩ ᠤᠨ ᠨᠤᠭᠤ ᠭᠠᠵᠠᠷ ᠤᠨ ᠴᠡᠴᠡᠷᠯᠢᠭ᠂ ᠥᠯᠵᠡᠶᠢᠲᠦ ᠷᠠᠰᠢᠶᠠᠨ ᠤ ᠴᠡᠴᠡᠷᠯᠢᠭ᠂ | ᠬᠤᠲᠠ ᠶᠢᠨ ᠲᠡᠭᠦᠷᠭᠡ ᠶᠢᠨ ᠵᠠᠮ ᠤᠨ ᠦᠵᠡᠮᠵᠢ ᠵᠡᠷᠭᠡ ᠢᠨᠵᠧᠨᠧᠷᠢᠩ ᠢ ᠡᠬᠢᠯᠡᠭᠦᠯᠵᠦ᠂ 8100 ᠰᠠᠭᠤᠷᠢ ᠮᠣᠳᠣ᠂ 8 ᠾᠧᠺᠲ᠋ᠠᠷ ᠡᠪᠡᠰᠦ ᠲᠠᠷᠢᠵᠤ | ᠨᠣᠭᠤᠭᠠᠷᠠᠭᠤᠯᠤᠨ᠂ ᠪᠠᠯᠭᠠᠰᠤ ᠲᠣᠭᠤᠷᠢᠭ ᠲᠠᠬᠢ ᠨᠣᠭᠤᠭᠠᠷᠠᠭᠤᠯᠤᠯᠲᠠ ᠶᠢᠨ ᠨᠤᠷᠮ᠎ᠠ 30% ᠳᠤ ᠬᠦᠷᠪᠡ︔ ᠠᠮᠤᠭᠤᠯᠠᠩ ᠪᠠᠯᠭᠠᠰᠤᠨ ᠳᠠᠬᠢ ᠵᠠᠮ᠂ ᠤᠰᠤ | ᠬᠠᠩᠭᠠᠵᠤ ᠵᠠᠯᠠᠬᠤ᠂ ᠳᠤᠯᠠᠭᠠᠯᠠᠭ᠎ᠠ ᠶᠢᠨ ᠲᠣᠨᠤᠭ ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠯᠭᠠᠰᠤ ᠲᠣᠭᠤᠷᠢᠭ ᠤᠨ ᠵᠠᠮ ᠭᠤᠳᠤᠮᠵᠢ ᠶᠢ ᠵᠠᠰᠠᠨ | ᠰᠠᠶᠢᠵᠢᠷᠠᠭᠤᠯᠵᠤ᠂ ᠠᠮᠤᠭᠤᠯᠠᠩ ᠤᠨ ᠪᠤᠵᠠᠷ ᠤᠰᠤ ᠶᠢ ᠰᠢᠢᠳᠪᠦᠷᠢᠯᠡᠬᠦ ᠪᠠᠷᠢᠮᠵᠢᠶ᠎ᠠ ᠶᠢ ᠳᠡᠭᠡᠭᠰᠢᠯᠡᠭᠦᠯᠦᠨ ᠰᠠᠶᠢᠵᠢᠷᠠᠭᠤᠯᠬᠤ ᠢᠨᠵᠧᠨᠧᠷᠢᠩ ᠢ ᠪᠡᠶᠡᠯᠡᠭᠦᠯᠵᠦ᠂ 26.7 | ᠺᠢᠯᠤᠮᠧᠲᠷ ᠪᠤᠵᠠᠷ ᠤᠰᠤᠨ ᠤ ᠲᠣᠣᠷ ᠬᠤᠭᠤᠯᠠᠢ ᠶᠢ ᠤᠭᠰᠠᠷᠠᠵᠤ᠂ ᠪᠦᠬᠦ ᠬᠤᠰᠢᠭᠤᠨ ᠤ ᠬᠤᠲᠠ ᠪᠠᠯᠭᠠᠰᠤᠵᠢᠯᠲᠠ ᠶᠢᠨ ᠨᠤᠷᠮ᠎ᠠ 55% ᠳᠤ ᠬᠦᠷᠴᠦ᠂ ᠤᠰᠤ | ᠪᠣᠯᠣᠨᠲ᠋ᠤᠯᠠᠭᠠᠯᠠᠭᠠ ᠬᠠᠩᠭᠠᠯᠲᠠ ᠶᠢᠨ ᠪᠦᠷᠬᠦᠴᠡ ᠨᠤᠷᠮ᠎ᠠ ᠲᠤᠰ ᠲᠤᠰ 97% ᠪᠠ 93% ᠪᠣᠯᠣᠨ ᠳᠡᠭᠡᠭᠰᠢᠯᠡᠪᠡ︔ 5 ᠰᠤᠮᠤ ᠪᠠᠯᠭᠠᠰᠤᠨ ᠤ ᠠᠮᠢᠳᠤᠷᠠᠯ ᠤᠨ | ᠬᠤᠭ ᠨᠣᠪᠰᠢ ᠪᠣᠯᠣᠨ ᠪᠤᠵᠠᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠢᠨᠵᠧᠨᠧᠷᠢᠩ ᠢ ᠪᠠᠶᠢᠭᠤᠯᠪᠠ᠃ 4 ᠳ᠋ᠦᠩᠰᠢᠭᠤᠷ ᠲᠥᠭᠦᠷᠢᠭ ᠤᠨ ᠪᠡᠯᠡ ᠵᠠᠷᠤᠴᠠᠭᠤᠯᠵᠤ᠂ | ᠭᠠᠴᠠᠭ᠎ᠠ ᠲᠣᠰᠬᠤᠨ ᠳᠤ ᠨᠡᠪᠲᠡᠷᠡᠬᠦ 338 ᠺᠢᠯᠤᠮᠧᠲᠷ ᠵᠠᠮ ᠢ ᠵᠠᠰᠠᠵᠤ᠂ ᠠᠮᠤᠭᠤᠯᠠᠩ — ᠦᠪᠦᠷᠪᠤᠯᠠᠭ᠂ ᠨᠣᠭᠤᠭᠠᠨᠨᠠᠭᠤᠷ — ᠦᠪᠦᠷᠪᠤᠯᠠᠭ — ᠠᠯᠲᠠᠨᠬᠠᠳᠠ | ᠬᠦᠷᠬᠦ ᠵᠠᠰᠠᠮᠠᠯ ᠵᠠᠮ ᠤᠨ ᠲᠥᠷᠥᠯ ᠵᠦᠢᠯ ᠢ ᠡᠬᠢᠯᠡᠨ ᠪᠠᠶᠢᠭᠤᠯᠪᠠ᠃ ᠵᠡᠭᠦᠨ ᠬᠤᠰᠢᠭᠤᠨ ᠠᠴᠠ ᠪᠠᠷᠠᠭᠤᠨ ᠬᠤᠰᠢᠭᠤ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ᠂ | ᠪᠣᠭᠤᠮᠲᠠ ᠶᠢᠨ ᠵᠠᠰᠠᠮᠠᠯ ᠵᠠᠮ ᠲᠡᠷᠭᠡ ᠨᠡᠪᠲᠡᠷᠡᠵᠦ᠂ ᠠᠮᠤᠭᠤᠯᠠᠩ ᠤᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠠᠰᠢᠭᠯᠠᠯᠲᠠ ᠳᠤ ᠣᠷᠣᠪᠠ᠃ ᠬᠥᠳᠡᠭᠡ | ᠲᠣᠰᠬᠤᠨ ᠮᠠᠯᠵᠢᠬᠤ ᠣᠷᠣᠨ ᠤ ᠠᠮᠤᠷ ᠲᠦᠪᠰᠢᠨ ᠤᠤᠭᠤᠬᠤ ᠤᠰᠤᠨ ᠤ ᠪᠠᠶᠢᠭᠤᠯᠤᠯᠲᠠ ᠶᠢ ᠪᠠᠬᠢᠵᠢᠭᠦᠯᠦᠨ ᠳᠡᠰ ᠳᠡᠪᠰᠢᠭᠦᠯᠬᠦ ᠢᠨᠵᠧᠨᠧᠷᠢᠩ ᠢ ᠦᠷᠭᠦᠯᠵᠢᠯᠡᠨ | ᠬᠡᠷᠡᠭᠵᠢᠭᠦᠯᠵᠦ᠂ 14 ᠤᠰᠤ ᠬᠠᠩᠭᠠᠬᠤ ᠦᠨᠳᠦᠰᠦᠨ ᠬᠤᠳᠳᠤᠭ ᠢ ᠰᠢᠨ᠎ᠡ ᠪᠠᠷ ᠪᠠᠶᠢᠭᠤᠯᠪᠠ᠃ ᠠᠮᠤᠭᠤᠯᠠᠩ ᠪᠠᠯᠭᠠᠰᠤ ᠲᠣᠭᠤᠷᠢᠭ ᠲᠠᠬᠢ ᠬᠤᠣᠰ ᠴᠠᠬᠢᠯᠭᠠᠨ | ᠡᠭᠦᠰᠭᠡᠭᠦᠷ ᠤᠨ ᠴᠠᠬᠢᠯᠭᠠᠨ ᠬᠠᠩᠭᠠᠯᠲᠠ ᠶᠢ ᠪᠡᠶᠡᠯᠡᠭᠦᠯᠪᠡ᠃ | — — ᠥᠭᠡᠷᠡᠴᠢᠯᠡᠯᠲᠡ ᠬᠥᠭᠵᠢᠯᠲᠡ ᠶᠢᠨ ᠬᠡᠪᠴᠢᠶ᠎ᠡ ᠲᠠᠰᠤᠷᠠᠯᠲᠠ ᠦᠭᠡᠢ ᠥᠷᠭᠡᠳᠪᠡ᠃ ᠠᠵᠤ ᠠᠬᠤᠢ ᠠᠮᠢ ᠠᠬᠤᠢ ᠶᠢᠨ ᠬᠦᠷᠢᠶᠡᠨ ᠳᠠᠬᠢ 13 | ᠲᠥᠷᠥᠯ ᠤᠨ ᠥᠭᠡᠷᠡᠴᠢᠯᠡᠯᠲᠡ ᠶᠢ ᠲᠣᠭᠲᠠᠭᠤᠨ ᠲᠦᠯᠬᠢᠨ ᠠᠬᠢᠭᠤᠯᠪᠠ᠃ ︽ᠡᠷᠬᠡ ᠶᠢ ᠥᠷᠭᠡᠳᠬᠡᠵᠦ ᠬᠤᠰᠢᠭᠤ ᠪᠠᠨ ᠬᠦᠴᠦᠷᠬᠡᠭᠵᠢᠭᠦᠯᠬᠦ︾ ᠲᠤᠷᠰᠢᠯᠲᠠ ᠶᠢᠨ | ᠴᠢᠭ᠋ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠢᠩᠬᠢᠮ ᠲᠣᠪᠴᠢᠶ᠎ᠠ ᠬᠢᠨᠠᠨ ᠵᠥᠪᠰᠢᠶᠡᠷᠡᠬᠦ ᠡᠷᠬᠡ | ᠮᠡᠳᠡᠯ ᠢᠶᠠᠨ ᠤᠯᠠᠮ ᠨᠢᠭᠡ ᠠᠯᠬᠤᠮ ᠳᠣᠷᠣᠭᠰᠢ ᠪᠠᠭᠤᠯᠭᠠᠪᠠ᠃ ᠵᠠᠰᠠᠭ ᠵᠠᠬᠢᠷᠭᠠᠨ ᠤ ᠵᠥᠪᠰᠢᠶᠡᠷᠡᠯ ᠤᠨ ᠭᠡᠷᠡᠴᠢᠯᠡᠬᠦ ᠵᠦᠢᠯᠡᠰ ᠤᠨ ᠨᠠᠷᠢᠨ ᠬᠠᠭᠤᠳᠠᠰᠤ ᠶᠢ ᠪᠦᠬᠦ | ᠲᠠᠯ᠎ᠠ ᠪᠠᠷ ᠪᠠᠶᠢᠭᠤᠯᠪᠠ᠃ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠣᠣᠷ ᠰᠦᠯᠵᠢᠶ᠎ᠡ ᠪᠠᠷ | ᠨᠡᠷᠡᠶᠢᠳᠦᠯ ᠢ ᠬᠢᠨᠠᠨ ᠲᠣᠭᠲᠠᠭᠠᠬᠤ ᠠᠵᠢᠯ ᠢ ᠠᠩᠬ᠎ᠠ ᠠᠯᠬᠤᠮ ᠪᠡᠶᠡᠯᠡᠭᠦᠯᠪᠡ᠃ ᠭᠠᠶᠢᠯᠢ ᠲᠠᠲᠠᠪᠤᠷᠢᠯᠠᠬᠤ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠬᠤ ᠠᠵᠢᠯ ᠢ ᠪᠡᠶᠡᠯᠡᠭᠦᠯᠪᠡ᠃ ᠳᠤᠮᠳᠠ ᠵᠢᠵᠢᠭ ᠠᠵᠤ ᠠᠬᠤᠶᠢᠯᠠᠯ ᠤᠨ | ᠦᠢᠯᠡᠰ ᠪᠣᠰᠬᠠᠬᠤ ᠬᠦᠷᠢᠶᠡᠯᠡᠩ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠪᠣᠯᠪᠠᠰᠤᠷᠠᠯ ᠤᠨ ᠲᠥᠪ ᠢ ᠪᠠᠶᠢᠭᠤᠯᠪᠠ᠃ ᠵᠢᠭᠤᠯᠴᠢᠯᠠᠯ ᠤᠨ ᠡᠬᠢ ᠪᠠᠶᠠᠯᠢᠭ ᠢ | ᠨᠢᠭᠡᠳᠦᠭᠦᠯᠵᠦ᠂ ᠠᠵᠠᠲᠠᠢ ᠵᠢᠭᠤᠯᠴᠢᠯᠠᠯ ᠤᠨ ᠪᠡᠯᠡ ᠣᠷᠤᠭᠤᠯᠤᠯᠲᠠ ᠶᠢᠨ ᠺᠣᠮᠫᠠᠨᠢ ᠶᠢ ᠪᠠᠶᠢᠭᠤᠯᠪᠠ᠃ ᠤᠯᠤᠰ ᠤᠨ ᠦᠮᠴᠢᠯᠡᠯᠲᠦ ᠣᠢ ᠰᠢᠭᠤᠢ ᠶᠢᠨ ᠲᠠᠯᠠᠪᠠᠢ ᠶᠢᠨ | ᠥᠭᠡᠷᠡᠴᠢᠯᠡᠯᠲᠡ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ ᠢᠳᠡᠪᠬᠢᠲᠡᠢ ᠲᠦᠯᠬᠢᠨ ᠠᠬᠢᠭᠤᠯᠪᠠ᠃ ᠬᠤᠲᠠ ᠶᠢᠨ | ᠬᠠᠮᠢᠶᠠᠷᠤᠯᠲᠠ ᠬᠠᠤᠯᠢ ᠬᠡᠷᠡᠭᠵᠢᠭᠦᠯᠦᠯᠲᠡ ᠶᠢᠨ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠶᠢ ᠪᠠᠶᠢᠭᠤᠯᠪᠠ᠃ ︽ᠳᠦᠷᠪᠡᠨᠲ᠋ᠥ᠋ᠷᠥᠯ ᠤᠨ ᠪᠠᠶᠢᠭᠤᠯᠤᠯᠲᠠ︾ ᠶᠢ ᠶᠡᠬᠡᠪᠡᠷ ᠲᠦᠯᠬᠢᠨ ᠠᠬᠢᠭᠤᠯᠵᠤ᠂ ᠪᠦᠬᠦ | ᠣᠷᠣᠨ ᠤ ᠳᠣᠲᠣᠭᠠᠳᠤ ᠶᠢ ᠬᠠᠮᠠᠭᠠᠯᠠᠬᠤ ᠭᠠᠵᠠᠷ ᠤᠨ ︽ᠲᠣᠮᠣ ᠰᠠᠯᠠᠭ᠎ᠠ ᠮᠥᠴᠢᠷ ᠤᠨ ᠪᠠᠶᠢᠭᠤᠯᠤᠯ︾ ᠤᠨ ᠥᠭᠡᠷᠡᠴᠢᠯᠡᠯᠲᠡ ᠶᠢᠨ ᠲᠤᠷᠰᠢᠯᠲᠠ ᠴᠢᠭ᠋ ᠤᠨ ᠠᠵᠢᠯ ᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ | — — ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠴᠢᠳᠠᠪᠤᠷᠢ ᠶᠡᠬᠡᠪᠡᠷ ᠳᠡᠭᠡᠭᠰᠢᠯᠡᠪᠡ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠵᠠᠰᠠᠭ | ᠤᠨ ᠣᠷᠳᠣᠨ ᠤ ᠠᠵᠢᠯ ᠤᠨ ᠲᠡᠷᠢᠭᠦᠨ ᠪᠠᠶᠢᠷᠢᠨ ᠳᠤ ᠲᠠᠯᠪᠢᠬᠤ ᠶᠢ ᠪᠠᠲᠤᠯᠠᠵᠤ᠂ ᠠᠷᠠᠳ ᠤᠨ ᠠᠮᠢᠳᠤᠷᠠᠯ ᠤᠨ ᠵᠠᠷᠤᠳᠠᠯ ᠡᠳ᠋ ᠤᠨ ᠵᠠᠰᠠᠭ ᠤᠨ ᠶᠡᠷᠦᠩᠬᠡᠢ ᠵᠠᠷᠤᠳᠠᠯ | ᠤᠨ ᠭᠤᠷᠪᠠᠨ ᠤ ᠬᠤᠶᠠᠷ ᠠᠴᠠ ᠳᠡᠭᠡᠭᠰᠢ ᠶᠢ ᠡᠵᠡᠯᠡᠪᠡ᠃ ᠨᠠᠷᠢᠨ ᠣᠨᠣᠪᠴᠢᠲᠠᠢ ᠪᠠᠷ ᠶᠠᠳᠠᠭᠤ ᠶᠢ ᠲᠡᠳᠬᠦᠬᠦ᠂ ᠨᠠᠷᠢᠨ ᠣᠨᠣᠪᠴᠢᠲᠠᠢ ᠪᠠᠷ ᠶᠠᠳᠠᠭᠤ ᠠᠴᠠ | ᠠᠩᠭᠢᠵᠢᠷᠠᠭᠤᠯᠬᠤ ᠠᠵᠢᠯ ᠢ ᠭᠦᠨᠵᠡᠭᠡᠢ ᠬᠡᠷᠡᠭᠵᠢᠭᠦᠯᠵᠦ᠂ ᠳᠠᠩᠰᠠ ᠺᠠᠷᠲ ᠪᠠᠶᠢᠭᠤᠯᠤᠭᠰᠠᠨ ᠶᠠᠳᠠᠭᠤ ᠡᠷᠦᠬᠡ ᠶᠢ ᠬᠥᠳᠡᠯᠦᠩᠭᠦᠢ ᠪᠠᠷ ᠬᠠᠮᠢᠶᠠᠷᠴᠤ᠂ 67 ᠡᠷᠦᠬᠡ | 178 ᠬᠥᠮᠥᠨ ᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠪᠠ᠃ ᠪᠠᠷᠤᠭ 2 ᠳ᠋ᠦᠩᠰᠢᠭᠤᠷ ᠲᠥᠭᠦᠷᠢᠭ ᠤᠨ ᠲᠥᠷᠥᠯ ᠵᠦᠢᠯ ᠤᠨ ᠪᠡᠯᠡ ᠮᠥᠩᠭᠦ ᠶᠢ | ᠨᠢᠭᠡᠳᠦᠭᠦᠯᠦᠨ ᠵᠠᠷᠤᠴᠠᠭᠤᠯᠵᠤ᠂ 173 ᠣᠷᠣᠨ ᠰᠠᠭᠤᠴᠠ᠂ 192 ᠫᠧᠩ ᠰᠠᠷᠠᠪᠴᠢ᠂ 99 ᠬᠤᠳᠳᠤᠭ ᠰᠢᠨ᠎ᠡ ᠪᠠᠷ ᠪᠠᠶᠢᠭᠤᠯᠪᠠ᠃ ᠭᠠᠴᠠᠭᠠᠨ ᠤ ᠬᠠᠮᠲᠤ ᠶᠢᠨ | ᠠᠵᠤ ᠠᠬᠤᠢ ᠶᠢᠨ ᠬᠥᠭᠵᠢᠯᠲᠡ ᠶᠢ ᠳᠡᠮᠵᠢᠵᠦ᠂ 46 ᠳᠠᠩᠰᠠ ᠺᠠᠷᠲ ᠪᠠᠶᠢᠭᠤᠯᠤᠭᠰᠠᠨ ᠶᠠᠳᠠᠭᠤ ᠡᠷᠦᠬᠡ ᠶᠢ ᠲᠥᠪᠬᠢᠨᠡᠭᠦᠯᠪᠡ᠃ 6181 ᠲᠦᠮᠡᠨ ᠲᠥᠭᠦᠷᠢᠭ | ᠶᠠᠳᠠᠭᠤ ᠶᠢ ᠲᠡᠳᠬᠦᠬᠦ ᠵᠢᠭᠡᠯᠡᠯᠭᠡ ᠲᠠᠯᠪᠢᠵᠤ᠂ 55 ᠭᠠᠴᠠᠭ᠎ᠠ᠂ 1103 ᠬᠥᠮᠥᠨ ᠢ ᠳᠡᠮᠵᠢᠪᠡ᠃ ᠬᠤᠲᠠ ᠬᠥᠳᠡᠭᠡ ᠶᠢᠨ ᠳᠣᠣᠷ᠎ᠠ ᠪᠠᠲᠤᠯᠠᠭ᠎ᠠ ᠶᠢᠨ ᠨᠥᠬᠦᠪᠦᠷᠢ | ᠵᠢᠯ ᠳᠤ ᠬᠥᠮᠥᠨ ᠳᠤᠮᠳᠠᠴᠢ ᠪᠠᠷ ᠲᠤᠰ ᠲᠤᠰ 6360 ᠲᠥᠭᠦᠷᠢᠭ ᠪᠠ 3800 ᠲᠥᠭᠦᠷᠢᠭ ᠪᠣᠯᠣᠨ ᠳᠡᠭᠡᠭᠰᠢᠯᠡᠪᠡ᠃ ᠠᠵᠢᠯ ᠣᠯᠭᠤᠬᠤ ᠳᠡᠮᠵᠢᠯᠭᠡ ᠶᠢᠨ | ᠬᠦᠴᠦᠯᠡᠴᠡ ᠪᠠᠨ ᠴᠢᠩᠭᠠᠳᠬᠠᠵᠤ᠂ ᠬᠤᠲᠠ ᠪᠠᠯᠭᠠᠰᠤᠨ ᠤ 620 ᠬᠥᠮᠥᠨ ᠳᠤ ᠰᠢᠨ᠎ᠡ ᠪᠠᠷ ᠠᠵᠢᠯ ᠣᠯᠭᠤᠵᠤ᠂ 100 ᠮᠠᠯᠴᠢᠳ ᠢ ᠰᠢᠯᠵᠢᠭᠦᠯᠦᠨ ᠠᠵᠢᠯ | ᠣᠯᠭᠤᠪᠠ᠃ ᠨᠠᠰᠤᠲᠠᠶᠢᠴᠤᠳ ᠲᠤ ᠬᠠᠷᠠᠭᠠᠯᠵᠠᠯ ᠦᠵᠡᠭᠦᠯᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠥᠨᠳᠥᠷ ᠨᠠᠰᠤᠨ ᠤ ᠨᠡᠮᠡᠭᠦᠷᠢ ᠮᠥᠩᠭᠦ ᠶᠢ ᠲᠤᠭ᠎ᠠ | ᠶᠣᠰᠣᠭᠠᠷ ᠲᠠᠯᠪᠢᠵᠤ᠂ ᠪᠦᠬᠦᠯᠢ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠢ ᠦᠨ᠎ᠡ ᠲᠥᠯᠥᠪᠦᠷᠢ ᠦᠭᠡᠢ ᠪᠠᠷ ᠠᠳᠡᠯ ᠤᠨ ᠳᠠᠭᠠᠳᠬᠠᠯ ᠳᠤ ᠣᠷᠣᠭᠤᠯᠪᠠ᠃ | ᠪᠦᠬᠦ ᠬᠤᠰᠢᠭᠤᠨ ᠤ ᠨᠠᠰᠤᠵᠢᠯ ᠤᠨ ᠳᠠᠭᠠᠳᠬᠠᠯ ᠪᠠ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ ᠲᠣᠰ ᠲᠣᠰ 28521 ᠪᠠ | 33242 ᠪᠣᠯᠪᠠ᠃ | — — ᠨᠡᠶᠢᠭᠡᠮ ᠤᠨ ᠠᠵᠢᠯ ᠦᠢᠯᠡᠰ ᠤᠨ ᠪᠠᠶᠢᠭᠤᠯᠤᠯᠲᠠ ᠪᠦᠬᠦ ᠲᠠᠯ᠎ᠠ ᠪᠠᠷ ᠳᠠᠪᠰᠢᠪᠠ᠃ 1920 ᠲᠦᠮᠡᠨ ᠲᠥᠭᠦᠷᠢᠭ ᠪᠡᠯᠡ ᠵᠠᠷᠤᠴᠠᠭᠤᠯᠵᠤ᠂ | ᠰᠤᠷᠭᠠᠨ ᠬᠥᠮᠥᠵᠢᠯ ᠵᠢᠭᠠᠨ ᠰᠤᠷᠭᠠᠯᠲᠠ ᠶᠢᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠮᠣᠩᠭᠤᠯ ᠢᠶᠠᠷ ᠬᠢᠴᠢᠶᠡᠯᠯᠡᠬᠦ ᠰᠤᠷᠤᠭᠴᠢᠳ ᠤᠨ ᠳᠤᠮᠳᠠᠳᠤ | ᠰᠤᠷᠭᠠᠭᠤᠯᠢ ᠳᠤ ᠳᠠᠪᠰᠢᠬᠤ ᠰᠢᠯᠭᠠᠯᠲᠠ ᠶᠢᠨ ᠬᠢᠷᠢ ᠲᠡᠩᠴᠡᠭᠰᠡᠨ ᠨᠤᠷᠮ᠎ᠠ ᠪᠦᠬᠦ ᠬᠤᠲᠠ ᠶᠢᠨ ᠡᠮᠦᠨ᠎ᠡ ᠵᠢᠭᠰᠠᠭᠠᠭᠳᠠᠵᠤ᠂ ᠤᠯᠤᠰ ᠪᠠ ᠥᠪᠡᠷᠲᠡᠭᠡᠨ ᠵᠠᠰᠠᠬᠤ | ᠣᠷᠣᠨ ᠤ ᠳᠡᠰ ᠤᠨ 9 ᠬᠥᠯ ᠪᠥᠮᠪᠦᠭᠡ ᠶᠢᠨ ᠣᠨᠴᠠᠯᠢᠭᠲᠤ ᠰᠤᠷᠭᠠᠭᠤᠯᠢ ᠪᠣᠯᠣᠨ ᠴᠡᠴᠡᠷᠯᠢᠭ ᠢ ᠡᠭᠦᠳᠦᠨ ᠪᠠᠶᠢᠭᠤᠯᠵᠤ᠂ ᠪᠦᠬᠦ ᠣᠷᠣᠨ ᠤ ᠰᠤᠷᠭᠠᠭᠤᠯᠢ ᠶᠢᠨ | ᠬᠦᠷᠢᠶᠡᠨ ᠤ ᠬᠥᠯ ᠪᠥᠮᠪᠦᠭᠡ ᠶᠢᠨ ᠰᠢᠯᠢᠳᠡᠭ ᠬᠤᠰᠢᠭᠤ ᠰᠢᠶᠠᠨ ᠤ ᠴᠣᠯᠠ ᠬᠦᠷᠲᠡᠵᠦ᠂ ᠠᠮᠤᠭᠤᠯᠠᠩ ᠨᠢᠭᠡᠳᠦᠭᠡᠷ ᠳᠤᠮᠳᠠᠳᠤ ᠰᠤᠷᠭᠠᠭᠤᠯᠢ ᠪᠦᠬᠦ ᠤᠯᠤᠰ ᠤᠨ | ᠬᠤᠶᠠᠳᠤᠭᠠᠷ ᠪᠦᠯᠦᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠳᠤᠮᠳᠠᠳᠤ ᠶᠢᠨ ᠰᠢᠯᠢᠳᠡᠭ ᠰᠣᠶᠣᠯ ᠤᠷᠠᠯᠢᠭ ᠤᠨ ᠤᠯᠠᠮᠵᠢᠯᠠᠭᠴᠢ ᠰᠤᠷᠭᠠᠭᠤᠯᠢ ᠪᠠᠷ ᠦᠨᠡᠯᠡᠭᠳᠡᠪᠡ᠃ | 2466 ᠲᠦᠮᠡᠨ ᠲᠥᠭᠦᠷᠢᠭ ᠪᠡᠯᠡ ᠵᠠᠷᠤᠴᠠᠭᠤᠯᠵᠤ᠂ ᠦᠨᠳᠦᠰᠦᠨ ᠡᠮ ᠡᠮᠨᠡᠯᠭᠡ ᠶᠢᠨ ᠬᠢᠷᠢ ᠲᠦᠪᠰᠢᠨ ᠪᠣᠯᠣᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠮᠣᠩᠭᠤᠯ ᠡᠮ ᠡᠮᠨᠡᠯᠭᠡ ᠶᠢᠨ ᠬᠤᠷᠢᠶᠠᠨ ᠤ ᠡᠮᠨᠡᠯᠭᠡ ᠳᠤ ᠰᠠᠭᠤᠬᠤ ᠭᠠᠵᠠᠷ ᠤᠨ ᠭᠤᠣᠯ | ᠪᠦᠲᠦᠴᠡ ᠶᠢᠨ ᠪᠠᠷᠢᠯᠭ᠎ᠠ ᠶᠢ ᠪᠡᠶᠡᠯᠡᠭᠦᠯᠵᠦ᠂ ︽ᠢᠨᠲ᠋ᠧᠷ ᠰᠦᠯᠵᠢᠶ᠎ᠡ + ᠡᠮ ᠤᠨ ᠵᠢᠵᠢᠭ ᠬᠠᠶᠢᠷᠴᠠᠭ︾ ᠤᠨ ᠳᠡᠰ ᠳᠡᠪᠰᠢᠭᠦᠯᠬᠦ ᠢᠨᠵᠧᠨᠧᠷᠢᠩ ᠢ ᠭᠦᠨᠵᠡᠭᠡᠢ | ᠥᠷᠨᠢᠭᠦᠯᠵᠦ᠂ 3107 ᠡᠮ ᠤᠨ ᠵᠢᠵᠢᠭ ᠬᠠᠶᠢᠷᠴᠠᠭ ᠲᠠᠷᠬᠠᠭᠠᠵᠤ᠂ 53 ᠭᠠᠴᠠᠭᠠᠨ ᠳᠤ ᠪᠦᠷᠬᠦᠭᠦᠯᠵᠦ᠂ ᠲᠦᠮᠡ ᠭᠠᠷᠤᠢ ᠬᠥᠮᠥᠰ ᠲᠤ ᠦᠢᠯᠡᠴᠢᠯᠡᠭᠡ ᠬᠠᠩᠭᠠᠪᠠ | ᠃ ᠰᠣᠶᠣᠯ ᠲᠠᠮᠢᠷ ᠤᠨ ᠬᠥᠳᠡᠯᠭᠡᠭᠡᠨ ᠤ ᠠᠷᠠᠳ ᠲᠤ ᠠᠰᠢᠭ ᠲᠤᠰᠠ ᠬᠦᠷᠲᠡᠭᠡᠬᠦ ᠢᠨᠵᠧᠨᠧᠷᠢᠩ ᠢ ᠦᠷᠭᠦᠯᠵᠢᠯᠡᠨ ᠥᠷᠨᠢᠭᠦᠯᠵᠦ᠂ ᠭᠤᠷᠪᠠᠳᠤᠭᠠᠷ ᠬᠤᠭᠤᠴᠠᠭᠠᠨ ᠤ | ︽ᠶᠡᠬᠡᠠ᠋ᠭᠤᠯᠠ ᠬᠤᠨᠳᠠᠭᠠᠲᠤ︾ ᠤᠷᠲᠤ ᠶᠢᠨ ᠳᠠᠭᠤᠤ ᠶᠢᠨ ᠳᠠᠭᠤᠴᠢᠳ ᠤᠨ ᠤᠷᠤᠯᠳᠤᠭᠠᠨ᠂ ᠪᠦᠬᠦ ᠣᠷᠣᠨ ᠤ ᠵᠠᠯᠠᠭᠤᠴᠤᠳ ᠤᠨ ᠪᠥᠬᠡ ᠶᠢᠨ ᠤᠷᠤᠯᠳᠤᠭᠠᠨ᠂ | ︽ᠰᠠᠷᠠᠭᠤᠯ ᠲᠠᠯ᠎ᠠ︾᠂ ︽ᠵᠣᠯ ᠵᠢᠷᠭᠠᠯᠲᠤ ᠭᠡᠷ ᠣᠷᠣᠨ︾ ᠭᠤᠣᠯ ᠰᠡᠳᠦᠪᠲᠦ ᠦᠳᠡᠰᠢᠯᠡᠭᠡ ᠵᠡᠷᠭᠡ 22 ᠲᠠᠯᠠᠪᠤᠷ ᠰᠣᠶᠣᠯ ᠲᠠᠮᠢᠷ ᠤᠨ ᠤᠷᠤᠯᠳᠤᠭᠠᠨ ᠢ | ᠠᠮᠵᠢᠯᠲᠠ ᠲᠠᠢ ᠡᠷᠬᠢᠯᠡᠵᠦ᠂ ᠤᠯᠠᠭᠠᠨᠮᠥ᠋ᠴᠢᠷ ᠬᠥᠳᠡᠭᠡ ᠪᠠᠭᠤᠵᠤ 87 ᠤᠳᠠᠭ᠎ᠠ ᠲᠣᠭᠯᠠᠯᠲᠠ ᠭᠠᠷᠭᠠᠪᠠ᠃ ᠥᠪᠡᠷᠲᠡᠭᠡᠨ ᠵᠠᠰᠠᠬᠤ ᠣᠷᠣᠨ ᠤ ᠶᠢᠰᠦᠳᠦᠭᠡᠷ | ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠲᠠᠮᠢᠷ ᠤᠨ ᠴᠤᠭᠯᠠᠭᠠᠨ ᠳᠤ17 ᠱᠠᠩᠨᠠᠯ ᠤᠨ ᠮᠧᠳᠠᠯ ᠬᠦᠷᠲᠡᠵᠦ᠂ ᠮᠠᠨ ᠤ ᠬᠤᠰᠢᠭᠤᠨ ᠤ ᠲᠠᠮᠢᠷᠴᠢᠨ ︽ | ᠳᠤᠮᠳᠠᠳᠤ ᠮᠠᠶ᠋ᠢᠭ ᠤᠨ ᠪᠥᠬᠡ︾ ᠶᠢᠨ ᠳᠡᠯᠡᠬᠡᠢ ᠶᠢᠨ ᠲᠡᠷᠢᠭᠦᠨ ᠱᠠᠩᠨᠠᠯ ᠢ ᠬᠦᠷᠲᠡᠪᠡ᠃ ︽ᠠᠮᠤᠷ ᠲᠦᠪᠰᠢᠨ ᠰᠢᠨ᠎ᠡ ᠪᠠᠷᠭᠤ ᠵᠡᠭᠦᠨ ᠬᠤᠰᠢᠭᠤ︾ ᠶᠢᠨ ᠪᠦᠲᠦᠭᠡᠨ | ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ ᠤᠨ ᠠᠵᠢᠯ | ᠢ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠪᠡ᠃ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠬᠦᠨᠳᠦ ᠴᠣᠬᠢᠯᠲᠠ ᠥᠭᠴᠦ᠂ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ ᠣᠷᠴᠢᠨ ᠲᠣᠭᠤᠷᠢᠨ ᠤ ᠰᠠᠶᠢᠨ ᠰᠠᠶᠢᠬᠠᠨ ᠪᠠᠶᠢᠳᠠᠯ ᠢ ᠪᠠᠲᠤᠯᠠᠪᠠ᠃ | | ᠲᠥᠯᠥᠭᠡᠯᠡᠭᠴᠢᠳ ᠡ᠂ ᠪᠢᠳᠠ ᠨᠢᠭᠡ ᠵᠢᠯ ᠤᠨ ᠲᠤᠷᠰᠢ᠂ ᠪᠡᠷᠬᠡ ᠪᠤᠳᠤᠯᠢᠶᠠᠨᠲᠠᠢ ᠥᠭᠡᠷᠡᠴᠢᠯᠡᠯᠲᠡ ᠬᠥᠭᠵᠢᠯᠲᠡ ᠶᠢᠨ ᠡᠭᠦᠷᠭᠡ ᠶᠢᠨ ᠡᠮᠦᠨ᠎ᠡ᠂ ︽ᠬᠤᠶᠠᠷ ᠢ | ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠲᠤᠰᠬᠠᠢ ᠰᠡᠳᠦᠪᠲᠦ ᠰᠤᠷᠤᠯᠴᠠᠯᠭ᠎ᠠ ᠬᠥᠮᠥᠵᠢᠯ ᠢ ᠭᠦᠨᠵᠡᠭᠡᠢ ᠥᠷᠨᠢᠭᠦᠯᠵᠦ᠂ ︽ᠳᠥᠷᠪᠡᠨ | ᠤᠬᠠᠮᠰᠠᠷ︾ ᠢ ᠪᠠᠲᠤ ᠪᠣᠢ ᠪᠣᠯᠭᠠᠨ᠂ ᠬᠠᠤᠯᠢ ᠶᠣᠰᠣᠭᠠᠷ ᠵᠠᠰᠠᠭ ᠶᠠᠪᠤᠭᠤᠯᠵᠤ᠂ ᠵᠠᠰᠠᠭ ᠢᠶᠠᠨ ᠴᠢᠩᠭ᠎ᠠ ᠵᠠᠰᠠᠬᠤ ᠶᠢ ᠢᠮᠠᠭᠲᠠ ᠪᠠᠷᠢᠮᠲᠠᠯᠠᠵᠤ᠂ ᠵᠠᠰᠠᠭ ᠤᠨ ᠣᠷᠳᠣᠨ | ᠤ ᠲᠤᠰ ᠪᠡᠶ᠎ᠡ ᠶᠢᠨ ᠪᠠᠶᠢᠭᠤᠯᠤᠯᠲᠠ ᠪᠣᠯᠣᠨ ᠵᠠᠰᠠᠭ ᠵᠠᠬᠢᠷᠭᠠᠨ ᠤ ᠠᠵᠢᠯ ᠤᠨ ᠴᠢᠳᠠᠪᠬᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠪᠡ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠵᠢᠯ ᠳᠤ ᠨᠡᠶᠢᠲᠡ146 | ᠬᠤᠪᠢ ᠠᠷᠠᠳ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠪᠣᠯᠣᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ | ᠰᠢᠢᠳᠪᠦᠷᠢᠯᠡᠵᠦ᠂ ᠰᠢᠢᠳᠪᠦᠷᠢᠯᠡᠭᠰᠡᠨ ᠨᠤᠷᠮ᠎ᠠ 100% ᠳᠤ ᠬᠦᠷᠪᠡ᠃ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ︽ | ᠨᠢᠭᠡ ᠠᠵᠢᠯ ᠤᠨ ᠪᠠᠶᠢᠷᠢᠨ ᠳᠠᠬᠢ ᠬᠤᠶᠠᠷ ᠬᠠᠷᠢᠭᠤᠴᠠᠯᠭ᠎ᠠ︾ ᠶᠢ ᠴᠢᠩᠭ᠎ᠠ ᠭᠦᠢᠴᠡᠳᠬᠡᠵᠦ᠂ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠢ ᠴᠢᠩᠭ᠎ᠠ | ᠬᠡᠷᠡᠭᠵᠢᠭᠦᠯᠵᠦ᠂ ᠪᠠᠷᠢᠮᠵᠢᠶᠠᠨ ᠠᠴᠠ ᠬᠡᠲᠦᠷᠡᠭᠰᠡᠨ ᠠᠯᠪᠠᠨ ᠬᠡᠷᠡᠭᠯᠡᠭᠡᠨ ᠤ ᠭᠡᠷ ᠢ ᠲᠡᠭᠰᠢᠯᠡᠨ ᠪᠤᠴᠠᠭᠠᠭᠰᠠᠨ ᠪᠥᠭᠡᠳ ᠠᠯᠪᠠᠨ ᠲᠡᠷᠭᠡ ᠶᠢ ᠬᠡᠷᠡᠭᠯᠡᠬᠦ ᠳᠦᠷᠢᠮ ᠤᠨ | ᠥᠭᠡᠷᠡᠴᠢᠯᠡᠯᠲᠡ ᠶᠢ ᠪᠡᠶᠡᠯᠡᠭᠦᠯᠪᠡ᠃ ᠡᠯ᠎ᠡ ᠲᠥᠷᠥᠯ ᠤᠨ ᠬᠤᠷᠠᠯ᠂ ᠠᠯᠪᠠᠨ ᠪᠢᠴᠢᠭ ᠮᠠᠲ᠋ᠧᠷᠢᠶᠠᠯ᠂ ᠪᠠᠶᠠᠷ ᠤᠨ ᠶᠣᠰᠣᠯᠠᠯ ᠪᠣᠯᠣᠨ ᠵᠣᠴᠢᠯᠠᠬᠤ ᠠᠵᠢᠯᠯᠠᠭᠠᠨ ᠢ | ᠴᠣᠮᠬᠠᠳᠬᠠᠵᠤ᠂ ᠭᠤᠷᠪᠠᠨ ᠵᠦᠢᠯ ᠤᠨ ᠠᠯᠪᠠᠨ ᠤ ᠵᠠᠷᠤᠳᠠᠯ ᠢ ᠶᠡᠬᠡᠪᠡᠷ ᠪᠠᠭᠠᠰᠪᠠ᠃ | ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠤᠨ ᠡᠯ᠎ᠡ ᠲᠥᠷᠥᠯ ᠤᠨ ᠠᠵᠢᠯ ᠤᠨ ᠠᠮᠵᠢᠯᠲᠠ ᠨᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠣᠯᠣᠨ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠠᠪᠰᠤᠷᠤᠯᠭ᠎ᠠ ᠳᠡᠮᠵᠢᠯᠭᠡ ᠬᠢᠭᠡᠳ ᠪᠦᠬᠦ ᠬᠤᠰᠢᠭᠤᠨ ᠤ ᠥᠷᠭᠡᠨ ᠣᠯᠠᠨ ᠺᠠᠳ᠋ᠷ | ᠲᠦᠮᠡᠨ ᠨᠢᠭᠲᠠᠷᠠᠨ ᠪᠦᠯᠬᠦᠮᠳᠡᠵᠦ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠡᠷᠡᠯᠬᠡᠭᠯᠡᠨ ᠤᠷᠤᠭᠰᠢᠯᠠᠭᠰᠠᠨ ᠤ ᠦᠷ᠎ᠡ ᠳ᠋ᠦᠩ ᠪᠣᠯᠣᠨ᠎ᠠ᠃ ᠠᠳᠡ ᠪᠢ ᠬᠤᠰᠢᠭᠤᠨ | ᠤ ᠠᠷᠠᠳ ᠤᠨ ᠵᠠᠰᠠᠭ ᠤᠨ ᠣᠷᠳᠣᠨ ᠢᠶᠠᠨ ᠲᠥᠯᠥᠭᠡᠯᠡᠨ᠂ ᠡᠯ᠎ᠡ ᠠᠵᠢᠯ ᠤᠨ ᠹᠷᠤᠨᠲ ᠲᠤ ᠪᠠᠶᠢᠭ᠎ᠠ ᠥᠷᠭᠡᠨ ᠣᠯᠠᠨ ᠺᠠᠳ᠋ᠷ᠂ ᠠᠷᠠᠳ ᠤᠨ ᠪᠦᠯᠬᠦᠮ᠂ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ᠂ ᠱᠠᠰᠢᠨ ᠰᠤᠷᠲᠠᠬᠤᠨ ᠤ ᠡᠲᠡᠭᠡᠳ ᠪᠣᠯᠣᠨ ᠠᠵᠢᠯ ᠠᠴᠠ ᠪᠠᠨ ᠳᠠᠷᠬᠠᠯᠠᠭᠳᠠᠵᠤ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ᠂ | ᠬᠤᠰᠢᠭᠤᠨ ᠳᠤ ᠰᠠᠭᠤᠭ᠎ᠠ ᠴᠡᠷᠢᠭ ᠴᠠᠭᠳᠠᠭ᠎ᠠ ᠪᠠᠶᠢᠯᠳᠤᠭᠴᠢᠳ ᠪᠣᠯᠣᠨ ᠪᠠᠶᠢᠭᠤᠯᠭ᠎ᠠ ᠨᠢᠭᠡᠴᠡ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ | ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠡᠳᠡᠭᠡᠷ ᠠᠮᠵᠢᠯᠲᠠ ᠶᠢ ᠣᠯᠣᠭᠰᠠᠨ ᠤ ᠬᠠᠮᠲᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠠᠪᠤᠴᠠ ᠳᠤ ᠪᠠᠰᠠ ᠵᠠᠷᠢᠮ ᠵᠥᠷᠢᠴᠡᠯ | ᠪᠣᠯᠣᠨ ᠠᠰᠠᠭᠤᠳᠠᠯ ᠣᠷᠣᠰᠢᠵᠤ ᠪᠠᠶᠢᠨ᠎ᠠ᠃ ᠨᠢᠭᠡ ᠳᠤ ᠨᠡᠭᠡᠭᠡᠯᠲᠡ ᠠᠰᠢᠭᠯᠠᠯᠲᠠ ᠪᠠᠭᠤᠷᠠᠢ᠂ ᠬᠥᠭᠵᠢᠯᠲᠡ ᠬᠤᠴᠣᠷᠤᠩᠭᠤᠢ ᠪᠠᠶᠢᠳᠠᠯ ᠪᠠᠰᠠ ᠦᠨᠳᠦᠰᠦᠨ ᠳᠡᠭᠡᠨ | ᠥᠭᠡᠷᠡᠴᠢᠯᠡᠭᠳᠡᠭᠡᠳᠦᠢ᠂ ᠪᠣᠯᠪᠠᠰᠤᠷᠠᠩᠭᠤᠢ ᠠᠵᠤ ᠦᠢᠯᠡᠰ ᠤᠨ ᠰᠢᠰᠲ᠋ᠧᠮ ᠦᠭᠡᠢ᠃ ᠬᠤᠶᠠᠷ ᠲᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ | ᠡᠳᠦᠷ ᠢᠷᠡᠬᠦᠶ᠎ᠡ ᠲᠣᠪᠣᠶᠢᠮ᠎ᠠ ᠪᠣᠯᠵᠤ᠂ ᠠᠷᠠᠳ ᠤᠨ ᠠᠮᠢᠳᠤᠷᠠᠯ᠂ ᠴᠠᠯᠢᠩ᠂ ᠡᠷᠭᠢᠯᠲᠡ ᠶᠢ ᠪᠠᠲᠤᠯᠠᠬᠤ ᠡᠭᠦᠷᠭᠡ ᠬᠦᠨᠳᠦ᠃ ᠭᠤᠷᠪᠠ ᠳᠤ ᠵᠠᠷᠢᠮ ᠤᠳᠤᠷᠢᠳᠬᠤ | ᠺᠠᠳ᠋ᠷᠴᠤᠳ ᠤᠨ ᠦᠵᠡᠯ ᠰᠠᠨᠠᠭ᠎ᠠ ᠬᠤᠴᠣᠷᠤᠩᠭᠤᠢ᠂ ᠠᠵᠢᠯ ᠤᠨ ᠪᠦᠲᠦᠮᠵᠢ ᠳᠣᠣᠷ᠎ᠠ᠂ ᠢᠳᠡᠪᠬᠢ ᠴᠢᠨᠠᠷ ᠪᠠᠭᠤᠷᠠᠢ᠃ ᠳᠥᠷᠪᠡ ᠳᠤ ᠭᠠᠵᠠᠷ ᠣᠷᠣᠨ ᠤ ᠣᠨᠴᠠᠭᠠᠢ | ᠴᠢᠨᠠᠷ ᠪᠠ ᠠᠮᠢ ᠠᠬᠤᠢ ᠶᠢᠨ ᠣᠯᠠᠨ ᠶᠠᠩᠵᠤᠲᠤ ᠪᠠᠶᠢᠳᠠᠯ ᠠᠴᠠ ᠪᠣᠯᠵᠤ ᠠᠮᠢ ᠠᠬᠤᠢ ᠶᠢᠨ ᠬᠠᠮᠠᠭᠠᠯᠠᠯᠲᠠ ᠬᠢᠭᠡᠳ ᠪᠦᠲᠦᠭᠡᠨ ᠪᠠᠶᠢᠭᠤᠯᠤᠯᠲᠠ ᠶᠢᠨ ᠡᠭᠦᠷᠭᠡ ᠲᠤᠩ | ᠬᠦᠨᠳᠦ᠃ ᠪᠢᠳᠠ ᠡᠷᠬᠡᠪᠰᠢ ᠡᠳᠡᠭᠡᠷ ᠣᠷᠣᠰᠢᠵᠤ ᠪᠠᠶᠢᠭ᠎ᠠ ᠠᠰᠠᠭᠤᠳᠠᠯ ᠪᠣᠯᠣᠨ ᠵᠥᠷᠢᠴᠡᠯ ᠢ ᠵᠥᠪ ᠢᠶᠠᠷ ᠲᠠᠨᠢᠵᠤ᠂ ᠢᠳᠡᠪᠬᠢ ᠪᠦᠲᠦᠮᠵᠢᠲᠡᠢ ᠠᠷᠭ᠎ᠠ ᠬᠡᠮᠵᠢᠶ᠎ᠡ | ᠠᠪᠴᠤ᠂ ᠬᠢᠨᠠᠮᠠᠭᠠᠢ ᠰᠢᠢᠳᠪᠦᠷᠢᠯᠡᠨ᠎ᠡ᠃ | ᠬᠤᠶᠠᠷ᠂ 2018 ᠣᠨ ᠤ ᠠᠵᠢᠯ ᠤᠨ ᠪᠠᠶᠢᠷᠢᠯᠠᠭᠤᠯᠤᠯᠲᠠ | ᠡᠨᠡ ᠵᠢᠯ ᠪᠣᠯ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠭᠰᠠᠨ ᠲᠡᠷᠢᠭᠦᠨ ᠨᠢᠭᠡ ᠵᠢᠯ ᠪᠣᠯᠣᠨ᠎ᠠ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠢᠯᠠᠯᠲᠠ ᠶᠢ ᠣᠯᠬᠤ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠪᠦᠬᠦ ᠲᠠᠯ᠎ᠠ ᠪᠠᠷ ᠬᠡᠷᠡᠭᠵᠢᠭᠦᠯᠬᠦ᠂ ᠳᠡᠭᠡᠷᠡᠬᠢ ᠶᠢ | ᠵᠠᠯᠭᠠᠮᠵᠢᠯᠠᠨ ᠳᠣᠷᠣᠭᠰᠢ ᠤᠯᠠᠮᠵᠢᠯᠠᠬᠤ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ ᠮᠠᠰᠢ ᠶᠡᠭᠡ | ᠠᠴᠢ ᠬᠤᠯᠪᠣᠭᠳᠠᠯ ᠲᠠᠢ ᠶᠤᠮ᠃ ᠪᠢᠳᠠ ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ ᠵᠢᠷᠭᠤᠳᠤᠭᠠᠷ ᠪᠦᠭᠦᠳᠡ ᠬᠤᠷᠠᠯ᠂ ᠬᠤᠲᠠ ᠶᠢᠨ | ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠠᠩᠬᠠᠳᠤᠭᠠᠷ ᠬᠤᠷᠠᠯ ᠤᠨ ᠠᠵᠢᠯ ᠤᠨ ᠪᠠᠶᠢᠷᠢᠯᠠᠭᠤᠯᠤᠯᠲᠠ ᠶᠢ ᠭᠤᠶᠢᠪᠢᠰᠢ ᠦᠭᠡᠢ ᠰᠠᠶᠢᠲᠤᠷ | ᠨᠠᠶᠢᠳᠠᠪᠤᠷᠢᠵᠢᠭᠤᠯᠵᠤ᠂ ︽ᠬᠤᠶᠠᠷ ᠣᠷᠣᠨ ᠭᠤᠷᠪᠠᠨ ᠭᠠᠵᠠᠷ ᠨᠢᠭᠡ ᠭᠡᠷ ᠣᠷᠣᠨ︾ ᠤ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠬᠤᠰᠢᠭᠤᠨ | ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠳᠥᠷᠪᠡᠳᠦᠭᠡᠷ ᠪᠦᠭᠦᠳᠡ ︵ᠥᠷᠭᠡᠳᠬᠡᠭᠰᠡᠨ︶ ᠬᠤᠷᠠᠯ ᠤᠨ ᠲᠣᠭᠲᠠᠭᠠᠭᠰᠠᠨ᠄ ︽ᠨᠡᠮᠡᠭᠳᠡᠯ ᠢ | ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠲᠣᠭᠲᠠᠭᠤᠨ ᠢ ᠪᠠᠲᠤᠯᠠᠬᠤ᠂ ᠠᠷᠠᠳ ᠲᠤ ᠠᠰᠢᠭ ᠬᠦᠷᠲᠡᠭᠡᠬᠦ︾ ᠡᠯ᠎ᠡ ᠲᠥᠷᠥᠯ ᠤᠨ ᠠᠵᠢᠯ ᠢ | ᠨᠢᠭᠡᠳᠦᠯᠲᠡᠢ ᠲᠥᠯᠥᠪᠯᠡᠵᠦ᠂ ︽ᠭᠤᠷᠪᠠᠨ ᠵᠤᠷᠪᠤᠰ ᠬᠤᠷᠢᠭ᠎ᠠ ᠱᠤᠭᠤᠮ︾ ᠢ ᠪᠠᠲᠤ ᠰᠠᠬᠢᠵᠤ᠂ ︽ᠭᠤᠷᠪᠠᠨ ᠶᠡᠭᠡ ᠪᠣᠭᠤᠮᠲᠠ ᠰᠢᠪᠲᠤᠯᠬᠤ ᠠᠵᠢᠯ︾ ᠢ ᠪᠠᠲᠤ | ᠰᠠᠶᠢᠲᠤᠷ ᠬᠢᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠬᠤ ᠨᠡᠶᠢᠭᠡᠮ ᠤᠨ ᠰᠢᠨ᠎ᠡ ᠪᠠᠶᠢᠳᠠᠯ ᠤᠨ ᠠᠵᠢᠯ ᠤᠨ | ᠪᠠᠶᠢᠷᠢᠯᠠᠭᠤᠯᠤᠯᠲᠠ ᠶᠢ ᠪᠣᠢ ᠪᠣᠯᠭᠠᠨ᠎ᠠ᠃ ᠡᠯ᠎ᠡ ᠲᠥᠷᠥᠯ ᠤᠨ ᠠᠵᠢᠯ ᠢᠶᠠᠨ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠠᠵᠤ ᠠᠬᠤᠢ ᠬᠥᠭᠵᠢᠭᠰᠡᠨ᠂ | ᠦᠨᠳᠦᠰᠦᠲᠡᠨ ᠪᠦᠯᠬᠦᠮᠳᠡᠨ ᠨᠢᠭᠲᠠᠷᠠᠭᠰᠠᠨ᠂ ᠰᠣᠶᠣᠯ ᠬᠥᠭᠵᠢᠨ ᠴᠡᠴᠡᠭᠯᠡᠭᠰᠡᠨ᠂ ᠬᠢᠯᠢ ᠬᠢᠵᠠᠭᠠᠷ ᠠᠮᠤᠷ ᠲᠣᠭᠲᠠᠭᠤᠨ᠂ ᠠᠮᠢ ᠠᠬᠤᠢ ᠪᠣᠯᠪᠠᠰᠤᠨ ᠦᠵᠡᠰᠬᠦᠯᠡᠩᠲᠦ | ᠡᠶ᠎ᠡ ᠵᠣᠬᠢᠴᠠᠩᠭᠤᠢ ᠵᠣᠯ ᠵᠢᠷᠭᠠᠯᠲᠤ ᠭᠡᠷ ᠣᠷᠣᠨ ᠢᠶᠠᠨ ᠴᠢᠷᠮᠠᠶᠢᠨ ᠪᠠᠶᠢᠭᠤᠯᠤᠨ᠎ᠠ᠃ | ᠨᠥᠬᠦᠳ ᠡ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠬᠤ ᠰᠢᠨ᠎ᠡ ᠪᠠᠶᠢᠳᠠᠯ ᠢ ᠴᠢᠷᠮᠠᠶᠢᠨ ᠨᠡᠭᠡᠭᠡᠬᠦ ᠳᠤ | ᠪᠢᠳᠠ ᠡᠷᠬᠡᠪᠰᠢ ᠬᠥᠭᠵᠢᠯᠲᠡ᠂ ᠠᠮᠢ ᠠᠬᠤᠢ ᠪᠣᠯᠣᠨ ᠠᠷᠠᠳ ᠤᠨ ᠠᠮᠢᠳᠤᠷᠠᠯ ᠵᠡᠷᠭᠡ ᠭᠤᠷᠪᠠᠨ ᠬᠤᠷᠢᠭ᠎ᠠ ᠱᠤᠭᠤᠮ ᠢ ᠴᠢᠩᠭ᠎ᠠ ᠰᠠᠶᠢᠲᠤᠷ ᠰᠠᠬᠢᠵᠤ᠂ ᠡᠷᠬᠡᠪᠰᠢ | ᠨᠠᠷᠢᠯᠢᠭ ᠣᠨᠣᠪᠴᠢᠲᠠᠢ ᠶᠠᠳᠠᠭᠤ ᠠᠴᠠ ᠠᠩᠭᠢᠵᠢᠷᠠᠭᠤᠯᠬᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ᠂ ᠪᠣᠬᠢᠷᠲᠤᠯ ᠢ ᠰᠡᠷᠭᠡᠶᠢᠯᠡᠨ | ᠵᠠᠰᠠᠬᠤ ᠭᠤᠷᠪᠠᠨ ᠶᠡᠭᠡ ᠪᠣᠭᠤᠮᠲᠠ ᠰᠢᠪᠲᠤᠯᠬᠤ ᠠᠵᠢᠯ ᠢ ᠪᠠᠲᠤᠲᠠᠢ ᠰᠠᠶᠢᠲᠤᠷ ᠬᠢᠬᠦ ᠬᠡᠷᠡᠭᠲᠡᠢ᠃ | ︵ᠨᠢᠭᠡ︶ ᠭᠤᠷᠪᠠᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠡᠨᠡ ᠨᠢ ᠮᠠᠨ ᠤ ᠠᠯᠢᠪᠠ ᠠᠵᠢᠯ ᠢᠶᠠᠨ ᠥᠷᠨᠢᠭᠦᠯᠬᠦ ᠶᠢᠨ ᠤᠷᠢᠳᠠᠯ ᠨᠥᠬᠦᠴᠡᠯ ᠮᠥᠨ᠂ | ᠪᠠᠰᠠ ᠰᠢᠨ᠎ᠡ ᠪᠠᠷᠭᠤ ᠵᠡᠭᠦᠨ ᠬᠤᠰᠢᠭᠤᠨ ᠤ ᠰᠠᠭᠤᠷᠢ᠂ ᠨᠡᠩ ᠲᠡᠷᠡᠴᠢᠯᠡᠨ ᠪᠦᠬᠦ ᠬᠤᠰᠢᠭᠤᠨ ᠤ ᠡᠯ᠎ᠡ ᠦᠨᠳᠦᠰᠦᠲᠡᠨ ᠺᠠᠳ᠋ᠷ ᠲᠦᠮᠡᠨ ᠤ ᠬᠦᠰᠡᠯ ᠱᠠᠭᠠᠷᠳᠠᠯᠭ᠎ᠠ | ᠪᠣᠯᠣᠨ᠎ᠠ᠃ | ᠲᠡᠷᠢᠭᠦᠨ ᠡᠭᠦᠷᠭᠡ ᠪᠣᠯ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠬᠥᠭᠵᠢᠯᠲᠡ ᠪᠣᠯ ᠰᠠᠭᠤᠷᠢ᠂ ᠮᠥᠨ ᠴᠦ ᠠᠯᠢᠪᠠ ᠠᠰᠠᠭᠤᠳᠠᠯ ᠢ | ᠰᠢᠢᠳᠪᠦᠷᠢᠯᠡᠬᠦ ᠶᠢᠨ ᠵᠠᠩᠭᠢᠯᠠᠭ᠎ᠠ ᠮᠥᠨ᠂ ᠪᠢᠳᠠ ᠡᠷᠬᠡᠪᠰᠢ ᠬᠥᠭᠵᠢᠯᠲᠡ ᠪᠣᠯ ᠲᠡᠷᠢᠭᠦᠨ ᠡᠭᠦᠷᠭᠡ ᠭᠡᠳᠡᠭ ᠢ ᠭᠤᠶᠢᠪᠢᠰᠢ ᠦᠭᠡᠢ ᠪᠠᠲᠤ ᠢᠲᠡᠭᠡᠨ ᠪᠠᠷᠢᠮᠲᠠᠯᠠᠵᠤ᠂ | ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠶᠢ ᠪᠦᠬᠦ ᠬᠤᠲᠠ ᠶᠢᠨ ᠳᠤᠮᠳᠠᠴᠢ ᠬᠢᠷᠢ ᠲᠦᠪᠰᠢᠨ ᠳᠤ ᠬᠦᠷᠭᠡᠬᠦ | ᠪᠠᠷ ᠴᠢᠷᠮᠠᠶᠢᠨ᠎ᠠ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 5% ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠡᠳ᠋ ᠤᠨ | ᠵᠠᠰᠠᠭ ᠤᠨ ᠲᠥᠰᠥᠪ ᠥᠨᠣᠷᠣᠯᠭᠠ ᠶᠢᠨ ᠨᠡᠮᠡᠭᠳᠡᠯ ᠢ ᠵᠣᠬᠢᠬᠤ ᠬᠡᠪᠴᠢᠶᠡᠨ ᠳᠤ ᠪᠠᠶᠢᠯᠭᠠᠵᠤ᠂ ᠠᠵᠤ ᠠᠬᠤᠢ ᠶᠢᠨ ᠨᠡᠮᠡᠭᠳᠡᠯ ᠢ ᠪᠦᠲᠦᠮᠵᠢᠲᠡᠢ ᠳᠠᠶᠢᠴᠢᠯᠠᠨ᠂ ᠨᠡᠶᠢᠭᠡᠮ | ᠤᠨ ᠬᠥᠭᠵᠢᠯᠲᠡ ᠶᠢ ᠲᠤᠯᠭᠠᠭᠤᠷᠢᠯᠠᠬᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠯ᠎ᠡ ᠲᠥᠷᠥᠯ ᠤᠨ ᠠᠵᠢᠯ ᠢ ᠦᠨᠡᠨᠬᠦ ᠪᠠᠲᠤᠯᠠᠨ᠎ᠠ︔ ᠨᠡᠶᠢᠭᠡᠮ | ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠬᠤ ᠶᠡᠷᠦᠩᠬᠡᠢ ᠲᠤᠭ᠎ᠠ ᠶᠢ 6% ᠣᠷᠴᠢᠮ ᠨᠡᠮᠡᠭᠳᠡᠭᠦᠯᠵᠦ᠂ ᠬᠤᠲᠠ ᠪᠠᠯᠭᠠᠰᠤ᠂ ᠮᠠᠯᠵᠢᠬᠤ ᠣᠷᠣᠨ ᠤ | ᠪᠠᠶᠢᠩᠭᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 6.5% ᠣᠷᠴᠢᠮ ᠨᠡᠮᠡᠭᠳᠡᠭᠦᠯᠦᠨ᠎ᠡ︔ 20 | ᠭᠤᠣᠯᠳᠠᠯᠭᠠᠲᠤ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠡᠭᠦᠨ ᠳᠤ ᠬᠤᠲᠠ ᠬᠤᠰᠢᠭᠤ ᠬᠤᠶᠠᠷ ᠱᠠᠲᠤᠨ ᠤ 9 ᠭᠤᠣᠯᠳᠠᠯᠭᠠᠲᠤ ᠲᠥᠷᠥᠯ ᠵᠦᠢᠯ ᠢ | ᠪᠠᠭᠲᠠᠭᠠᠵᠤ᠂ ᠡᠯ᠎ᠡ ᠲᠥᠷᠥᠯ ᠤᠨ ᠪᠡᠯᠡ ᠮᠥᠩᠭᠦ ᠶᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠪᠣᠯᠪᠠᠰᠤᠷᠠᠭᠤᠯᠬᠤ᠂ ᠪᠦᠬᠦ ᠣᠷᠣᠨ ᠪᠦᠰᠡ ᠶᠢᠨ ᠵᠢᠭᠤᠯᠴᠢᠯᠠᠯ᠂ | ᠴᠡᠪᠡᠷ ᠡᠨᠧᠷᠭᠢ ᠶᠢᠨ ᠨᠡᠭᠡᠭᠡᠯᠲᠡ᠂ ᠪᠣᠭᠤᠮᠲᠠ ᠶᠢᠨ ᠵᠠᠬ᠎ᠠ ᠠᠷᠠᠯᠵᠢᠶ᠎ᠠ᠂ ᠬᠤᠲᠠ ᠪᠠᠯᠭᠠᠰᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠳᠤ | ᠵᠠᠷᠤᠴᠠᠭᠤᠯᠬᠤ ᠶᠢ ᠬᠥᠲᠥᠯᠥᠨ ᠵᠢᠯᠣᠭᠤᠳᠴᠤ᠂ ᠴᠢᠬᠤᠯᠠ ᠶᠡᠭᠡ ᠲᠥᠷᠥᠯ ᠵᠦᠢᠯ ᠤᠨ ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ ᠲᠤᠯᠭᠠᠭᠤᠷᠢᠯᠠᠨ ᠳᠠᠶᠢᠴᠢᠯᠠᠬᠤ | ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | ᠭᠤᠣᠯ ᠡᠭᠦᠷᠭᠡ ᠪᠣᠯ ᠠᠮᠢ ᠠᠬᠤᠢ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠮᠠᠨ ᠤ ᠬᠤᠰᠢᠭᠤ ᠪᠣᠯ ᠤᠯᠤᠰ ᠤᠨ ᠭᠤᠣᠯᠳᠠᠯᠭᠠᠲᠤ ᠲᠠᠯ᠎ᠠ ᠨᠤᠲᠤᠭ | ᠤᠨ ᠠᠮᠢ ᠠᠬᠤᠢ ᠶᠢᠨ ᠭᠤᠣᠯ ᠴᠣᠭᠴᠠᠲᠤ ᠴᠢᠳᠠᠪᠬᠢ ᠶᠢᠨ ᠣᠷᠣᠨ ᠪᠣᠯᠣᠨ᠎ᠠ᠂ ᠪᠦᠬᠦ ᠬᠤᠰᠢᠭᠤᠨ ᠤ ᠲᠠᠯ᠎ᠠ ᠨᠤᠲᠤᠭ ᠤᠨ ᠲᠠᠯᠠᠪᠠᠢ 2774 ᠲᠦᠮᠡᠨ ᠮᠦ᠂ ᠣᠢ | ᠰᠢᠭᠤᠢ ᠶᠢᠨ ᠲᠠᠯᠠᠪᠠᠢ 14.5 ᠲᠦᠮᠡᠨ ᠾᠧᠺᠲ᠋ᠡᠷ᠂ ᠬᠥᠯᠥᠨ ᠪᠣᠶᠢᠷ ᠲᠠᠯ᠎ᠠ ᠨᠤᠲᠤᠭ ᠤᠨ ᠭᠤᠷᠪᠠᠨ ᠵᠤᠷᠪᠤᠰ ᠡᠯᠡᠰᠦᠨ ᠪᠦᠰᠡ ᠶᠢᠨ ᠬᠤᠶᠠᠷ ᠵᠤᠷᠪᠤᠰ ᠨᠢ ᠮᠠᠨ ᠤ | ᠬᠤᠰᠢᠭᠤᠨ ᠤ ᠬᠢᠯᠢ ᠳᠤ ᠬᠠᠷᠢᠶᠠᠯᠠᠭᠳᠠᠵᠤ᠂ ᠠᠮᠢ ᠠᠬᠤᠢ ᠶᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠬᠦᠨᠳᠦ ᠴᠢᠬᠤᠯᠠ ᠪᠠᠶᠢᠨ᠎ᠠ᠃ ᠪᠢᠳᠠ ︽ᠬᠥᠬᠡ ᠠᠭᠤᠯᠠ | ᠬᠥᠬᠡᠮᠳᠦᠭ ᠤᠰᠤ ᠪᠣᠯ ᠳᠠᠷᠤᠢ ᠠᠯᠲᠠ ᠮᠥᠩᠭᠦᠨ ᠠᠭᠤᠯᠠ︾ ᠭᠡᠬᠦ ᠣᠶᠢᠯᠠᠭᠠᠭᠳᠠᠬᠤᠨ ᠢ ᠡᠷᠬᠡᠪᠰᠢ ᠭᠤᠶᠢᠪᠢᠰᠢ ᠦᠭᠡᠢ ᠨᠠᠶᠢᠳᠠᠪᠤᠷᠢᠵᠢᠭᠤᠯᠵᠤ᠂ ᠡᠨᠡ ᠵᠢᠯ ᠤᠨ | ᠪᠦᠬᠦ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠭᠤᠣᠯ ᠵᠢᠱᠢᠭᠰᠡᠨ ᠬᠠᠷᠠᠯᠲᠠ ᠶᠢ ᠪᠦᠬᠦ ᠬᠤᠲᠠ ᠶᠢᠨ ᠳᠤᠮᠳᠠᠴᠢ ᠬᠡᠮᠵᠢᠶᠡᠨ ᠳᠤ ᠬᠦᠷᠭᠡᠬᠦ ᠪᠤᠶᠤ | ᠳᠠᠪᠠᠨ᠎ᠠ᠃ ᠲᠠᠯ᠎ᠠ ᠨᠤᠲᠤᠭ ᠤᠨ ᠶᠡᠷᠦᠩᠬᠡᠢ ᠤᠷᠭᠤᠮᠠᠯ ᠤᠨ ᠪᠦᠷᠬᠦᠴᠡ ᠶᠢ 75% ᠳᠤ ᠲᠣᠭᠲᠠᠪᠤᠷᠢᠵᠢᠭᠤᠯᠵᠤ᠂ ᠤᠷᠭᠤᠭ᠎ᠠ ᠮᠣᠳᠣᠨ ᠤ ᠴᠤᠭᠯᠠᠷᠠᠯ ᠢ 4.8 | ᠲᠦᠮᠡᠨ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠪᠣᠯᠭᠠᠨ ᠨᠡᠮᠡᠭᠳᠡᠭᠦᠯᠵᠦ᠂ ᠭᠤᠣᠯᠳᠠᠯᠭᠠᠲᠤ ᠭᠤᠣᠯ ᠮᠥᠷᠡᠨ᠂ ᠨᠠᠭᠤᠷ ᠪᠦᠷᠢᠳᠦ ᠶᠢᠨ ᠴᠢᠳᠠᠮᠵᠢ ᠶᠢᠨ | ᠣᠷᠣᠨ ᠤ ᠤᠰᠤᠨ ᠤ ᠴᠢᠨᠠᠷ ᠴᠢᠨᠰᠠᠭ᠎ᠠ ᠶᠢᠨ ᠪᠠᠷᠢᠮᠵᠢᠶᠠᠨ ᠳᠤ ᠬᠦᠷᠬᠦ ᠨᠤᠷᠮ᠎ᠠ ᠶᠢ 67% ᠳᠤ ᠬᠦᠷᠭᠡᠵᠦ᠂ ᠪᠤᠵᠠᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ | ᠬᠡᠮᠵᠢᠶ᠎ᠡ ᠶᠢ 95% ᠳᠤ ᠬᠦᠷᠭᠡᠵᠦ᠂ ᠡᠯᠡᠰᠦᠷᠬᠡᠭ ᠭᠠᠵᠠᠷ ᠢ ᠵᠠᠰᠠᠬᠤ ᠨᠤᠷᠮ᠎ᠠ ᠶᠢ ᠬᠥᠯᠥᠨ ᠪᠣᠶᠢᠷ ᠬᠤᠲᠠ ᠶᠢᠨ ᠡᠭᠦᠷᠭᠡ ᠪᠠᠷᠢᠮᠵᠢᠶᠠᠨ ᠳᠤ ᠬᠦᠷᠭᠡᠵᠦ᠂ ᠬᠤᠲᠠ | ᠶᠢᠨ ᠠᠭᠠᠷ ᠤᠨ ᠴᠢᠨᠠᠷ ᠴᠢᠨᠰᠠᠭ᠎ᠠ ᠶᠢᠨ ᠰᠢᠯᠢᠳᠡᠭ ᠡᠳᠦᠷ ᠤᠨ ᠲᠤᠭ᠎ᠠ ᠶᠢᠨ ᠬᠠᠷᠢᠴᠠᠯ ᠢ 97% ᠳᠤ ᠬᠦᠷᠭᠡᠨ᠎ᠡ᠃ ᠠᠵᠤ ᠦᠢᠯᠡᠰ ᠢ ᠵᠥᠪᠰᠢᠶᠡᠷᠡᠨ ᠣᠷᠣᠭᠤᠯᠬᠤ | ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠲᠣᠭᠲᠠᠴᠠ ᠪᠣᠯᠣᠨ ᠰᠢᠯᠭᠠᠨ ᠬᠢᠨᠠᠬᠤ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠤᠯᠤᠰ ᠤᠨ ᠠᠮᠢ ᠠᠬᠤᠢ ᠶᠢᠨ ᠴᠢᠳᠠᠪᠬᠢ ᠶᠢᠨ ᠣᠷᠣᠨ ᠳᠤ ᠰᠢᠯᠵᠢᠭᠦᠯᠦᠨ ᠥᠭᠬᠦ ᠪᠡᠯᠡ ᠮᠥᠩᠭᠦ ᠶᠢ ᠢᠳᠡᠪᠬᠢᠲᠡᠢ ᠴᠢᠷᠮᠠᠶᠢᠨ ᠣᠯᠣᠨ᠎ᠠ᠃ | ᠬᠥᠯᠥᠨ ᠨᠠᠭᠤᠷ ᠢ ᠶᠡᠷᠦᠩᠬᠡᠶᠢᠯᠡᠨ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠵᠦ᠂ 5340 ᠲᠦᠮᠡᠨ | ᠲᠥᠭᠦᠷᠢᠭ ᠪᠡᠯᠡ ᠣᠷᠣᠭᠤᠯᠬᠤ ᠪᠠᠷ ᠲᠥᠯᠥᠪᠯᠡᠵᠦ᠂ ᠬᠠᠰᠢᠶᠠᠯᠠᠨ ᠲᠡᠵᠢᠭᠡᠬᠦ ᠫᠧᠩ ᠰᠠᠷᠠᠪᠴᠢ ᠵᠡᠷᠭᠡ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ᠂ ᠠᠮᠢᠳᠤ | ᠪᠣᠳᠠᠰ ᠤᠨ ᠣᠷᠭᠠᠨᠢᠭ ᠪᠣᠷᠳᠣᠭᠤᠷ ᠦᠢᠯᠡᠳᠪᠦᠷᠢᠯᠡᠨ ᠪᠣᠯᠪᠠᠰᠤᠷᠠᠭᠤᠯᠬᠤ ᠲᠥᠷᠥᠯ ᠵᠦᠢᠯ᠂ 3 ᠲᠦᠮᠡᠨ ᠮᠦ ᠨᠠᠭᠤᠷ ᠤᠨ ᠡᠷᠭᠢᠨ ᠲᠣᠭᠤᠷᠢᠨ ᠤ ᠡᠯᠡᠰᠦᠷᠬᠡᠭ ᠭᠠᠵᠠᠷ | ᠢ ᠵᠠᠰᠠᠬᠤ ᠵᠡᠷᠭᠡ ᠲᠥᠷᠥᠯ ᠵᠦᠢᠯ ᠢ ᠬᠡᠷᠡᠭᠵᠢᠭᠦᠯᠦᠨ᠎ᠡ᠃ ᠡᠮᠦᠨᠡᠲᠦ ᠬᠡᠰᠡᠭ ᠤᠨ 4 ᠲᠦᠮᠡᠨ ᠮᠦ ᠲᠠᠷᠢᠶᠠᠯᠠᠬᠤ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠲᠥᠷᠥᠯ | ᠵᠦᠢᠯ ᠢ ᠲᠥᠯᠥᠪᠯᠡᠨ ᠬᠡᠷᠡᠭᠵᠢᠭᠦᠯᠵᠦ᠂ ᠬᠥᠯᠥᠨ ᠨᠠᠭᠤᠷ ᠤᠨ ᠡᠷᠭᠢᠨ ᠲᠣᠭᠤᠷᠢᠨ ᠤ ᠪᠠᠶᠢᠭᠠᠯᠢᠯᠢᠭ ᠨᠤᠲᠤᠭ ᠪᠣᠯᠣᠨ ᠨᠡᠭᠦᠳᠡᠯ ᠰᠣᠶᠣᠯ ᠤᠨ ᠬᠠᠮᠠᠭᠠᠯᠠᠯᠲᠠ ᠶᠢᠨ | ᠣᠷᠣᠨ ᠪᠠᠶᠢᠭᠤᠯᠬᠤ ᠲᠥᠷᠥᠯ ᠵᠦᠢᠯ ᠢ ᠢᠳᠡᠪᠬᠢᠲᠡᠢ ᠴᠢᠷᠮᠠᠶᠢᠨ ᠣᠯᠣᠨ᠎ᠠ᠃ | ᠭᠤᠣᠯ ᠤᠨ ᠤᠷᠤᠰᠬᠠᠯ ᠤᠨ ᠰᠠᠪᠠ ᠭᠠᠵᠠᠷ ᠤᠨ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠤᠯᠠᠮ ᠨᠢᠭᠡ ᠠᠯᠬᠤᠮ ᠴᠢᠩᠭᠠᠳᠬᠠᠵᠤ᠂ ᠭᠤᠣᠯ ᠤᠨ ᠳᠠᠷᠤᠭ᠎ᠠ | ᠶᠢᠨ ᠳᠦᠷᠢᠮ᠂ ᠨᠠᠭᠤᠷ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠶᠢᠯᠠᠷ ᠭᠤᠣᠯ᠂ ᠡᠷᠭᠦᠨ᠎ᠡ ᠭᠤᠣᠯ᠂ ᠬᠠᠯᠬ᠎ᠠ | ᠭᠤᠣᠯ᠂ ᠣᠷᠱᠤᠨ ᠭᠤᠣᠯ᠂ ᠬᠤᠢ ᠭᠤᠣᠯ ᠵᠡᠷᠭᠡ 5 ᠭᠤᠣᠯ ᠤᠨ ᠳᠠᠷᠤᠭ᠎ᠠ ᠶᠢᠨ ᠳᠦᠷᠢᠮ ᠪᠣᠯᠣᠨ ᠬᠥᠯᠥᠨ ᠨᠠᠭᠤᠷ ᠤᠨ ᠳᠠᠷᠤᠭ᠎ᠠ ᠶᠢᠨ ᠳᠦᠷᠢᠮ ᠢ ᠭᠤᠣᠯᠳᠠᠯᠭ᠎ᠠ | ᠲᠠᠢ ᠬᠡᠷᠡᠭᠵᠢᠭᠦᠯᠵᠦ᠂ ︽ᠨᠢᠭᠡ ᠭᠤᠣᠯ ᠨᠢᠭᠡ ᠪᠣᠳᠣᠯᠭ᠎ᠠ︾ ︽ᠨᠢᠭᠡ ᠨᠠᠭᠤᠷ ᠨᠢᠭᠡ ᠪᠣᠳᠣᠯᠭ᠎ᠠ︾ ᠶᠢᠨ ᠠᠵᠢᠯ ᠤᠨ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠤᠰᠤᠨ ᠤ ᠠᠮᠢ ᠠᠬᠤᠢ ᠶᠢᠨ ᠪᠣᠯᠪᠠᠰᠤᠨ ᠢ ᠪᠠᠶᠢᠭᠤᠯᠬᠤ ᠭᠤᠣᠯ ᠬᠠᠷᠠᠯᠲᠠ ᠡᠭᠦᠷᠭᠡ ᠶᠢ ᠪᠠᠲᠤᠲᠠᠢ ᠰᠠᠶᠢᠲᠤᠷ ᠪᠡᠶᠡᠯᠡᠭᠦᠯᠦᠨ᠎ᠡ᠃ | ᠬᠥᠯᠥᠨ ᠪᠣᠶᠢᠷ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ | ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ 868 ᠲᠦᠮᠡᠨ ᠮᠦ ᠨᠤᠲᠤᠭ ᠤᠨ ᠪᠡᠯᠴᠢᠭᠡᠷᠯᠡᠭᠦᠯᠬᠦ ᠶᠢ ᠵᠣᠭᠰᠣᠭᠠᠵᠤ᠂ | 1352 ᠲᠦᠮᠡᠨ ᠮᠦ ᠨᠤᠲᠤᠭ ᠤᠨ ᠪᠡᠯᠴᠢᠭᠡᠷ ᠮᠠᠯ ᠢ ᠲᠡᠩᠴᠡᠭᠦᠷᠢᠰᠢᠭᠦᠯᠵᠦ᠂ 45 ᠲᠦᠮᠡᠨ ᠮᠦ ᠨᠤᠲᠤᠭ ᠤᠨ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ | ᠰᠡᠷᠭᠦᠭᠡᠨ᠎ᠡ᠃ ᠬᠥᠯᠥᠨ ᠪᠣᠶᠢᠷ ᠤᠨ ᠠᠮᠢ ᠠᠬᠤᠶᠢᠴᠢ ᠪᠡᠯᠴᠢᠭᠡᠷ ᠮᠠᠯ ᠠᠵᠤ ᠦᠢᠯᠡᠰ ᠤᠨ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠢᠳᠡᠪᠬᠢᠲᠡᠢ ᠴᠢᠷᠮᠠᠶᠢᠨ ᠣᠯᠣᠨ᠎ᠠ᠃ ᠣᠷᠣᠨ ᠲᠣᠭᠤᠷᠢᠭ ᠢ ᠨᠣᠭᠤᠭᠠᠷᠠᠭᠤᠯᠵᠤ᠂ 120 ᠲᠦᠮᠡᠨ ᠮᠦ ᠨᠡᠶᠢᠲᠡ ᠶᠢᠨ ᠠᠰᠠᠷᠠᠮᠵᠢ ᠶᠢᠨ ᠣᠢ ᠶᠢ ᠬᠠᠮᠠᠭᠠᠯᠠᠵᠤ | ᠣᠶᠢᠵᠢᠭᠤᠯᠬᠤ ᠠᠵᠢᠯ ᠢ ᠰᠠᠶᠢᠲᠤᠷ ᠬᠢᠵᠦ᠂ 96 ᠲᠦᠮᠡᠨ ᠮᠦ ᠣᠢ ᠰᠢᠭᠤᠢ ᠶᠢ ᠳᠠᠭᠠᠳᠬᠠᠯ ᠳᠤ ᠣᠷᠣᠭᠤᠯᠤᠨ᠎ᠠ᠃ | ᠦᠨᠳᠦᠰᠦᠨ ᠡᠭᠦᠷᠭᠡ ᠪᠣᠯ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠠᠷᠠᠳ ᠤᠨ ᠠᠮᠢᠳᠤᠷᠠᠯ ᠢ ᠪᠠᠲᠤᠯᠠᠬᠤ ᠪᠠ | ᠰᠠᠶᠢᠵᠢᠷᠠᠭᠤᠯᠬᠤ ᠨᠢ ᠮᠠᠨ ᠤ ᠠᠯᠢᠪᠠ ᠠᠵᠢᠯ ᠤᠨ ᠡᠬᠢᠯᠡᠯᠲᠡ ᠪᠣᠯᠣᠨ ᠲᠡᠭᠦᠰᠬᠡᠯ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠳ᠋ᠦᠩ ᠢ ᠬᠡᠮᠵᠢᠬᠦ | ᠰᠢᠯᠭᠠᠭᠤᠷ ᠪᠣᠯᠣᠨ᠎ᠠ᠃ ᠠᠵᠢᠯ ᠣᠯᠭᠤᠬᠤ ᠪᠣᠯᠣᠨ ᠦᠢᠯᠡᠰ ᠪᠣᠰᠬᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠠᠵᠢᠯ ᠣᠯᠬᠤ ᠳᠤ ᠬᠦᠴᠢᠷ ᠬᠥᠮᠥᠰ᠂ | ᠰᠢᠯᠵᠢᠭᠦᠯᠦᠨ ᠠᠵᠢᠯ ᠣᠯᠭᠤᠬᠤ ᠮᠠᠯᠴᠢᠳ᠂ ᠶᠡᠭᠡ ᠰᠤᠷᠭᠠᠭᠤᠯᠢ ᠲᠡᠭᠦᠰᠦᠭᠰᠡᠨ ᠣᠶᠤᠲᠠᠳ ᠵᠡᠷᠭᠡ ᠬᠥᠮᠥᠰ ᠲᠤ ᠠᠵᠢᠯ ᠣᠯᠭᠤᠬᠤ ᠠᠵᠢᠯ ᠢ ᠭᠤᠣᠯᠳᠠᠯᠭ᠎ᠠ ᠲᠠᠢ | ᠰᠠᠶᠢᠲᠤᠷ ᠬᠢᠨ᠎ᠡ᠃ ᠠᠯᠪᠠᠨ ᠵᠢᠷᠤᠮ ᠤᠨ ᠰᠤᠷᠭᠠᠨ ᠬᠥᠮᠥᠵᠢᠯ ᠢ ᠲᠡᠩᠴᠡᠭᠦᠷᠢᠲᠡᠢ ᠬᠥᠭᠵᠢᠭᠦᠯᠵᠦ᠂ ᠭᠠᠴᠠᠭ᠎ᠠ ᠨᠡᠶᠢᠭᠡᠮ ᠲᠣᠭᠤᠷᠢᠭ ᠤᠨ ᠠᠷᠠᠳ ᠲᠤ ᠰᠣᠶᠣᠯ ᠤᠨ | ᠬᠠᠷᠠᠭᠠᠯᠵᠠᠯ ᠬᠦᠷᠲᠡᠭᠡᠬᠦ ᠢᠨᠵᠧᠨᠧᠷᠢᠩ ᠢ ᠪᠦᠷᠬᠦᠭᠦᠯᠵᠦ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠥᠪᠡᠷᠲᠡᠭᠡᠨ ᠵᠠᠰᠠᠬᠤ ᠣᠷᠣᠨ ᠤ | ᠲᠣᠭᠲᠠᠭᠠᠭᠰᠠᠨ ᠣᠯᠠᠨ ᠨᠡᠶᠢᠲᠡ ᠶᠢᠨ ᠬᠠᠨᠤᠮᠵᠢ ᠶᠢᠨ ᠪᠠᠷᠢᠮᠵᠢᠶᠠᠨ ᠳᠤ ᠬᠦᠷᠭᠡᠬᠦ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠥᠷᠭᠡᠨ ᠣᠯᠠᠨ ᠲᠦᠮᠡᠨ ᠤ | ᠬᠦᠰᠡᠭᠰᠡᠨ ᠰᠠᠶᠢᠨ ᠰᠠᠶᠢᠬᠠᠨ ᠰᠤᠷᠭᠠᠨ ᠬᠥᠮᠥᠵᠢᠯ᠂ ᠥᠨᠳᠥᠷ ᠬᠢᠷᠢ ᠲᠦᠪᠰᠢᠨ ᠲᠠᠢ ᠡᠮ ᠡᠮᠨᠡᠯᠭᠡ ᠶᠢᠨ ᠦᠢᠯᠡᠴᠢᠯᠡᠭᠡ᠂ ᠪᠠᠶᠠᠯᠢᠭ ᠣᠶᠣᠨ ᠤᠬᠠᠭᠠᠨ ᠰᠣᠶᠣᠯ ᠤᠨ | ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠨ᠎ᠠ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠤᠯᠠᠮ ᠨᠢᠭᠡ ᠠᠯᠬᠤᠮ | ᠰᠠᠶᠢᠵᠢᠷᠠᠭᠤᠯᠵᠤ᠂ 1000 ᠲᠦᠮᠡᠨ ᠲᠥᠭᠦᠷᠢᠭ ᠪᠡᠯᠡ ᠣᠷᠣᠭᠤᠯᠬᠤ ᠪᠠᠷ ᠲᠥᠯᠥᠪᠯᠡᠵᠦ᠂ ᠨᠠᠰᠤᠨ ᠳᠤ ᠦᠯᠦ ᠬᠦᠷᠦᠭᠰᠡᠳ ᠤᠨ ᠡᠷᠬᠡ ᠠᠰᠢᠭ ᠢ ᠬᠠᠮᠠᠭᠠᠯᠠᠬᠤ | ᠲᠥᠪ᠂ ᠵᠡᠮᠳᠡᠭᠴᠦᠳ ᠢ ᠨᠠᠶᠢᠳᠠᠨ ᠠᠰᠠᠷᠠᠬᠤ ᠲᠥᠪ᠂ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠶᠡᠭᠡ ᠲᠢᠩᠬᠢᠮ ᠢ ᠪᠠᠶᠢᠭᠤᠯᠵᠤ ᠠᠰᠢᠭᠯᠠᠯᠲᠠ ᠳᠤ | ᠣᠷᠣᠭᠤᠯᠤᠨ᠎ᠠ᠃ ᠪᠦᠬᠦ ᠬᠤᠰᠢᠭᠤᠨ ᠤ ᠳᠣᠣᠷ᠎ᠠ ᠣᠷᠣᠯᠭ᠎ᠠ ᠲᠠᠢ ᠬᠥᠮᠥᠰ ᠤᠨ ᠣᠷᠣᠯᠭ᠎ᠠ ᠶᠢᠨ ᠬᠢᠷᠢ ᠲᠦᠪᠰᠢᠨ ᠢ ᠲᠣᠭᠲᠠᠭᠤᠨ ᠳᠡᠭᠡᠭᠰᠢᠯᠡᠭᠦᠯᠵᠦ᠂ | ᠨᠠᠰᠤᠲᠠᠶᠢᠴᠤᠳ ᠲᠤ ᠬᠠᠷᠠᠭᠠᠯᠵᠠᠯ ᠦᠵᠡᠭᠦᠯᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠨ᠎ᠡ᠃ | ︵ᠬᠤᠶᠠᠷ︶ ᠭᠤᠷᠪᠠᠨ ᠶᠡᠭᠡ ᠪᠣᠭᠤᠮᠲᠠ ᠰᠢᠪᠲᠤᠯᠬᠤ ᠠᠵᠢᠯ ᠢ ᠰᠠᠶᠢᠲᠤᠷ ᠬᠢᠨ᠎ᠡ᠃ ᠪᠢᠳᠠ ᠡᠷᠬᠡᠪᠰᠢ ᠵᠣᠷᠢᠭ ᠰᠢᠭᠤᠳᠴᠤ᠂ ᠪᠦᠬᠦ ᠬᠦᠴᠦᠨ ᠢᠶᠠᠷ | ᠴᠢᠷᠮᠠᠶᠢᠵᠤ᠂ ᠪᠠᠴᠢᠮ ᠲᠤᠯᠭᠠᠮ᠎ᠠ ᠰᠡᠳᠬᠢᠯᠭᠡ᠂ ᠤᠳᠠᠭᠠᠨ ᠳᠠᠭᠠᠭᠠᠮᠠᠭᠠᠢ ᠲᠡᠮᠡᠴᠡᠬᠦ ᠬᠠᠳᠠᠨ ᠵᠣᠷᠢᠭ ᠪᠠᠶᠢᠬᠤ ᠬᠡᠷᠡᠭᠲᠡᠢ᠃ | ᠨᠠᠷᠢᠨ ᠣᠨᠣᠪᠴᠢᠲᠠᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠦᠷ᠎ᠡ ᠪᠦᠲᠦᠮᠵᠢ ᠣᠯᠬᠤ ᠬᠡᠷᠡᠭᠲᠡᠢ᠃ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠪᠣᠯ ᠣᠳᠣᠬᠠᠨ ᠤ ᠲᠤᠶᠢᠯ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠣᠨ᠎ᠠ᠂ ᠮᠠᠨ ᠤ ᠪᠦᠬᠦ ᠬᠤᠰᠢᠭᠤᠨ | ᠤ ᠡᠯ᠎ᠡ ᠦᠨᠳᠦᠰᠦᠲᠡᠨ ᠤ ᠣᠯᠠᠨ ᠲᠦᠮᠡᠨ ᠳᠤ ᠠᠮᠠᠯᠳᠠᠭᠰᠠᠨ ᠲᠥᠪ ᠴᠢᠩᠭ᠎ᠠ ᠲᠠᠩᠭᠠᠷᠢᠭ ᠪᠣᠯᠣᠨ᠎ᠠ᠃ ᠣᠨᠣᠪᠴᠢᠲᠠᠢ ᠢᠯᠭᠠᠨ ᠲᠠᠨᠢᠵᠤ᠂ ᠣᠨᠣᠪᠴᠢᠲᠠᠢ ᠲᠡᠳᠬᠦᠬᠦ | ᠂ ᠣᠨᠣᠪᠴᠢᠲᠠᠢ ᠶᠠᠳᠠᠭᠤ ᠠᠴᠠ ᠠᠩᠭᠢᠵᠢᠷᠠᠭᠤᠯᠬᠤ ᠡᠯ᠎ᠡ ᠲᠥᠷᠥᠯ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ︽ᠲᠠᠪᠤᠨ ᠨᠢᠭᠡ ᠪᠦᠯᠦᠭ︾ ᠢᠨᠵᠧᠨᠧᠷᠢᠩ ᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ᠂ ᠠᠷᠭ᠎ᠠ ᠠᠪᠴᠢᠯ᠂ ᠬᠠᠷᠢᠭᠤᠴᠠᠯᠭᠠᠲᠠᠳ ᠲᠤᠤᠱᠲᠠᠢ ᠬᠠᠪᠰᠤᠷᠴᠤ᠂ ᠶᠠᠳᠠᠭᠤ ᠠᠴᠠ | ᠠᠩᠭᠢᠵᠢᠷᠠᠭᠰᠠᠨ ᠴᠦ ᠳᠡᠮᠵᠢᠬᠦ ᠲᠥᠷᠥ ᠶᠢᠨ ᠪᠣᠳᠣᠯᠭ᠎ᠠ ᠬᠤᠪᠢᠷᠠᠬᠤ ᠦᠭᠡᠢ ᠶᠢ ᠪᠠᠷᠢᠮᠲᠠᠯᠠᠵᠤ᠂ 90 ᠳᠠᠩᠰᠠ ᠺᠠᠷᠲ ᠪᠠᠶᠢᠭᠤᠯᠤᠭᠰᠠᠨ ᠶᠠᠳᠠᠭᠤ ᠡᠷᠦᠬᠡ ᠶᠢᠨ 226 | ᠬᠥᠮᠥᠨ ᠢ ᠲᠣᠭᠲᠠᠭᠤᠨ ᠶᠠᠳᠠᠭᠤ ᠠᠴᠠ ᠠᠩᠭᠢᠵᠢᠷᠠᠭᠤᠯᠵᠤ᠂ ᠲᠤᠰ ᠵᠢᠯ ᠳᠤ ︽ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠬᠤᠰᠢᠭᠤ ᠭᠡᠬᠦ ᠨᠡᠷ᠎ᠡ ᠶᠢ ᠠᠪᠴᠤ | ᠬᠠᠶᠠᠬᠤ︾ ᠬᠠᠷᠠᠯᠲᠠ ᠪᠠᠨ ᠪᠡᠶᠡᠯᠡᠭᠦᠯᠦᠨ᠎ᠡ᠃ | ᠪᠠᠲᠤᠯᠠᠭ᠎ᠠ ᠶᠢᠨ ᠬᠢᠷᠢ ᠲᠦᠪᠰᠢᠨ ᠢ ᠪᠦᠬᠦ ᠬᠦᠴᠦᠨ ᠢᠶᠠᠷ ᠳᠡᠭᠡᠭᠰᠢᠯᠡᠭᠦᠯᠦᠨ᠎ᠡ᠃ ᠨᠠᠷᠢᠨ ᠣᠨᠣᠪᠴᠢᠲᠠᠢ ᠶᠠᠳᠠᠭᠤ ᠠᠴᠠ ᠠᠩᠭᠢᠵᠢᠷᠠᠭᠤᠯᠬᠤ ᠠᠵᠢᠯ ᠤᠨ | ᠲᠣᠭᠲᠠᠴᠠ ᠶᠢ ᠪᠦᠷᠢᠨ ᠲᠡᠭᠦᠯᠳᠡᠷᠵᠢᠭᠦᠯᠵᠦ᠂ 3000 ᠲᠦᠮᠡᠨ ᠲᠥᠭᠦᠷᠢᠭ ᠮᠠᠯ ᠠᠵᠤ ᠠᠬᠤᠢ ᠳᠤ ᠬᠤᠯᠪᠣᠭᠳᠠᠭᠰᠠᠨ ᠪᠡᠯᠡ ᠮᠥᠩᠭᠦ ᠶᠢ ᠦᠷᠭᠦᠯᠵᠢᠯᠡᠨ | ᠨᠢᠭᠡᠳᠦᠭᠦᠯᠵᠦ᠂ ᠶᠠᠳᠠᠭᠤ ᠭᠠᠴᠠᠭ᠎ᠠ᠂ ᠶᠠᠳᠠᠭᠤ ᠡᠷᠦᠬᠡ ᠶᠢᠨ ︽ᠤᠰᠤ᠂ ᠴᠠᠬᠢᠯᠭᠠᠨ᠂ ᠵᠠᠮ᠂ ᠰᠠᠭᠤᠴᠠ︾ ᠶᠢ ᠶᠡᠷᠦᠩᠬᠡᠶᠢᠯᠡᠨ ᠪᠠᠲᠤᠯᠠᠬᠤ ᠬᠢᠷᠢ ᠲᠦᠪᠰᠢᠨ ᠢ | ᠤᠯᠠᠮ ᠨᠢᠭᠡ ᠠᠯᠬᠤᠮ ᠳᠡᠭᠡᠭᠰᠢᠯᠡᠭᠦᠯᠵᠦ᠂ 650 ᠮᠣᠩᠭᠤᠯ ᠭᠡᠷ ᠲᠤ ᠰᠠᠭᠤᠭ᠎ᠠ ᠡᠷᠦᠬᠡ ᠶᠢᠨ ᠣᠷᠣᠨ ᠰᠠᠭᠤᠴᠠ ᠶᠢ ᠰᠠᠶᠢᠵᠢᠷᠠᠭᠤᠯᠬᠤ ᠢᠨᠵᠧᠨᠧᠷᠢᠩ ᠢ | ᠭᠤᠣᠯᠳᠠᠯᠭ᠎ᠠ ᠲᠠᠢ ᠬᠡᠷᠡᠭᠵᠢᠭᠦᠯᠦᠨ᠎ᠡ᠃ ᠶᠠᠳᠠᠭᠤ ᠠᠷᠠᠳ ᠤᠨ ᠦᠨᠳᠦᠰᠦᠨ ᠡᠮ ᠡᠮᠨᠡᠯᠭᠡ᠂ ᠬᠦᠨᠳᠦ ᠡᠪᠡᠳᠴᠢᠨ ᠢ ᠠᠪᠤᠷᠠᠨ ᠲᠤᠰᠠᠯᠠᠬᠤ᠂ ᠡᠷᠡᠭᠦᠯ ᠡᠩᠬᠡ ᠪᠠᠷ | ᠶᠠᠳᠠᠭᠤ ᠶᠢ ᠲᠡᠳᠬᠦᠬᠦ ᠬᠤᠳᠠᠯᠳᠤᠭᠠᠨ ᠤ ᠳᠠᠭᠠᠳᠬᠠᠯ ᠵᠡᠷᠭᠡ ᠪᠠᠲᠤᠯᠠᠭ᠎ᠠ ᠶᠢᠨ ᠲᠣᠭᠲᠠᠴᠠ ᠶᠢ ᠰᠠᠶᠢᠵᠢᠷᠠᠭᠤᠯᠵᠤ᠂ ᠲᠤᠰ ᠬᠥᠮᠥᠨ ᠳᠤᠨᠢ ᠲᠣᠬᠢᠷᠠᠭᠰᠠᠨ ᠬᠥᠳᠡᠯᠮᠦᠷᠢ | ᠶᠢᠨ ᠮᠡᠷᠭᠡᠵᠢᠯ ᠤᠨ ᠪᠣᠯᠪᠠᠰᠤᠷᠠᠯ 500 ᠬᠥᠮᠥᠨ ᠤᠳᠠᠭ᠎ᠠ ᠡᠷᠬᠢᠯᠡᠵᠦ᠂ ᠶᠠᠳᠠᠭᠤ ᠣᠯᠠᠨ ᠲᠦᠮᠡᠨ ᠤ ᠦᠨᠳᠦᠰᠦᠨ ᠦᠢᠯᠡᠳᠪᠦᠷᠢᠯᠡᠯ ᠠᠮᠢᠳᠤᠷᠠᠯ ᠤᠨ ᠪᠠᠲᠤᠯᠠᠭ᠎ᠠ | ᠶᠢᠨ ᠲᠣᠣᠷ ᠢ ᠪᠠᠬᠢᠵᠢᠭᠦᠯᠦᠨ᠎ᠡ᠃ ᠰᠤᠷᠭᠠᠨ ᠬᠥᠮᠥᠵᠢᠯ ᠤᠨ ︽ᠬᠤᠷ᠎ᠠ ᠲᠥᠯᠥᠪᠯᠡᠭᠡ︾ ᠶᠢᠨ ᠠᠵᠢᠯ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠶᠠᠳᠠᠭᠤ | ᠭᠡᠷ ᠪᠦᠯᠢ ᠶᠢᠨ ᠶᠡᠭᠡ ᠰᠤᠷᠭᠠᠭᠤᠯᠢ ᠬᠢᠭᠡᠳ ᠲᠤᠰᠬᠠᠢ ᠮᠡᠷᠭᠡᠵᠢᠯ ᠤᠨ ᠰᠤᠷᠭᠠᠭᠤᠯᠢ ᠳᠤ ᠰᠢᠨ᠎ᠡ ᠪᠠᠷ ᠣᠷᠣᠬᠤ ᠣᠶᠤᠲᠠᠳ ᠢ ᠬᠠᠪᠰᠤᠷᠬᠤ ᠬᠦᠴᠦᠯᠡᠴᠡ ᠪᠠᠨ ᠤᠯᠠᠮ | ᠨᠢᠭᠡ ᠠᠯᠬᠤᠮ ᠴᠢᠩᠭᠠᠳᠬᠠᠨ᠎ᠠ᠃ | ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠢ ᠬᠦᠴᠦᠯᠡᠨ ᠠᠬᠢᠭᠤᠯᠤᠨ᠎ᠠ᠃ ᠲᠣᠰᠬᠤᠨ ᠳᠤ ᠰᠠᠭᠤᠭ᠎ᠠ ᠺᠠᠳ᠋ᠷ ᠤᠨ ᠬᠠᠪᠰᠤᠷᠤᠨ ᠲᠡᠳᠬᠦᠬᠦ ᠬᠢᠷᠢ | ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠶᠠᠳᠠᠭᠤ ᠣᠯᠠᠨ ᠤ ᠶᠠᠳᠠᠭᠤ ᠠᠴᠠ ᠪᠠᠨ ᠠᠩᠭᠢᠵᠢᠷᠠᠬᠤ ᠳᠣᠲᠣᠭᠠᠳᠤ ᠬᠥᠳᠡᠯᠭᠡᠭᠴᠢ ᠬᠦᠴᠦᠨ ᠢ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠠᠵᠤ ᠦᠢᠯᠡᠰ ᠢᠶᠠᠷ ᠬᠠᠪᠰᠤᠷᠤᠨ ᠲᠡᠳᠬᠦᠬᠦ ᠲᠥᠷᠥᠯ ᠵᠦᠢᠯ ᠢ ᠬᠡᠷᠡᠭᠵᠢᠭᠦᠯᠵᠦ᠂ ᠡᠯ᠎ᠡ ᠭᠠᠴᠠᠭᠠᠨ ᠳᠤ 1-2 | ᠭᠤᠣᠯᠯᠠᠬᠤ ᠠᠵᠤ ᠦᠢᠯᠡᠰ ᠢ ᠬᠥᠭᠵᠢᠭᠦᠯᠬᠦ ᠶᠢ ᠲᠡᠳᠬᠦᠵᠦ᠂ ᠶᠠᠳᠠᠭᠤ ᠮᠠᠯᠵᠢᠬᠤ ᠡᠷᠦᠬᠡ ᠶᠢ ᠳᠠᠶᠢᠴᠢᠯᠠᠨ ᠣᠷᠣᠯᠭ᠎ᠠ ᠨᠡᠮᠡᠭᠳᠡᠭᠦᠯᠬᠦ ᠲᠥᠷᠥᠯ ᠵᠦᠢᠯ ᠢ | ᠬᠥᠭᠵᠢᠭᠦᠯᠦᠨ᠎ᠡ᠃ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠬᠦ ᠶᠢ ᠦᠷᠭᠦᠯᠵᠢᠯᠡᠨ ᠴᠢᠩᠭᠠᠳᠬᠠᠵᠤ᠂ 1ᠳ᠋ᠦᠩᠰᠢᠭᠤᠷ ᠲᠥᠭᠦᠷᠢᠭ ᠤᠨ ᠶᠠᠳᠠᠭᠤ ᠶᠢ ᠲᠡᠳᠬᠦᠬᠦ | ᠵᠢᠭᠡᠯᠡᠯᠭᠡ ᠲᠠᠯᠪᠢᠵᠤ᠂ 1400 ᠮᠠᠯᠵᠢᠬᠤ ᠡᠷᠦᠬᠡ ᠶᠢᠨ ᠭᠤᠣᠯᠯᠠᠬᠤ ᠠᠵᠤ ᠦᠢᠯᠡᠰ ᠬᠥᠭᠵᠢᠭᠦᠯᠬᠦ ᠶᠢ ᠳᠡᠮᠵᠢᠨ᠎ᠡ᠃ ᠾᠧ ᠮᠤ᠋ ᠶᠠᠩ ᠭᠤᠸᠠᠩ᠂ ᠪᠠᠶᠠᠵᠢᠨ᠎ᠠ᠂ | ᠳ᠋ᠢᠩ ᠵᠢᠢ ᠶᠠᠩ ᠵᠡᠷᠭᠡ ᠠᠵᠤ ᠠᠬᠤᠶᠢᠯᠠᠯ ᠤᠨ ᠬᠤᠭᠤᠷᠣᠨᠳᠤᠬᠢ ᠬᠥᠷᠥᠩᠭᠡ ᠮᠥᠩᠭᠦ ᠶᠢᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ | ᠶᠠᠳᠠᠭᠤ ᠮᠠᠯᠴᠢᠳ ᠤᠨ ᠪᠡᠯᠡ ᠬᠥᠷᠥᠩᠭᠡ ᠶᠢᠨ ᠠᠰᠢᠭ ᠣᠷᠣᠯᠭ᠎ᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠲᠣᠯᠣᠭᠠᠶᠢᠯᠠᠭᠴᠢ ᠠᠵᠤ ᠠᠬᠤᠶᠢᠯᠠᠯ | ᠪᠣᠯᠣᠨ ᠮᠠᠯᠴᠢᠳ ᠤᠨ ᠲᠤᠰᠬᠠᠢ ᠬᠤᠷᠰᠢᠶᠠᠵᠢᠯ ᠤᠨ ᠬᠠᠪᠰᠤᠷᠤᠨ ᠲᠡᠳᠬᠦᠵᠦ ᠳᠠᠶᠢᠴᠢᠯᠠᠬᠤ ᠦᠢᠯᠡᠳᠦᠯ ᠪᠠᠳᠠᠷᠠᠭᠤᠯᠬᠤ ᠶᠢ ᠴᠢᠬᠤᠯᠠᠴᠢᠯᠠᠵᠤ᠂ ︽ᠰᠠᠭᠤᠷᠢ ᠮᠥᠩᠭᠦ | + ᠲᠣᠯᠣᠭᠠᠶᠢᠯᠠᠭᠴᠢ ᠠᠵᠤ ᠠᠬᠤᠶᠢᠯᠠᠯ+ ᠰᠠᠭᠤᠷᠢᠨ ᠭᠠᠵᠠᠷ + ᠶᠠᠳᠠᠭᠤ ᠡᠷᠦᠬᠡ︾᠂ ᠡᠯᠧᠺᠲᠷᠤᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ᠂ ᠭᠡᠷᠡᠯ ᠡᠨᠧᠷᠭᠢ | ᠪᠠᠷ ᠶᠠᠳᠠᠭᠤ ᠶᠢ ᠲᠡᠳᠬᠦᠬᠦ᠂ ᠬᠢᠯᠢ ᠶᠢᠨ ᠠᠷᠠᠯᠵᠢᠶ᠎ᠠ ᠪᠠᠷ ᠶᠠᠳᠠᠭᠤ ᠶᠢ ᠲᠡᠳᠬᠦᠬᠦ ᠵᠡᠷᠭᠡ ᠣᠯᠠᠨ ᠬᠡᠯᠪᠡᠷᠢ ᠶᠢᠨ ᠠᠰᠢᠭ ᠲᠤᠰᠠ ᠶᠢᠨ ᠬᠤᠯᠪᠣᠯᠳᠤᠯ ᠤᠨ ᠲᠣᠭᠲᠠᠴᠠ | ᠶᠢ ᠰᠦᠪᠡᠭᠴᠢᠯᠡᠨ ᠪᠠᠶᠢᠭᠤᠯᠵᠤ᠂ ᠶᠠᠳᠠᠭᠤ ᠡᠷᠦᠬᠡ ᠶᠢᠨ ᠠᠵᠤ ᠦᠢᠯᠡᠰ ᠤᠨ ᠬᠡᠯᠬᠢᠶᠡᠵᠢᠯ ᠠᠴᠠ ᠣᠷᠣᠯᠭ᠎ᠠ ᠪᠠᠨ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ | ᠳᠡᠮᠵᠢᠨ᠎ᠡ᠃ | ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠪᠣᠭᠤᠮᠲᠠ ᠰᠢᠪᠲᠤᠯᠬᠤ ᠠᠵᠢᠯ ᠢ ᠰᠠᠶᠢᠲᠤᠷ ᠬᠢᠨ᠎ᠡ᠃ ᠡᠯ᠎ᠡ ᠲᠥᠷᠥᠯ ᠤᠨ ᠠᠶᠤᠯ | ᠲᠦᠭᠰᠢᠭᠦᠷᠢ ᠶᠢ ᠪᠠᠶᠢᠴᠠᠭᠠᠨ ᠰᠤᠳᠤᠯᠵᠤ ᠮᠠᠭᠠᠳᠯᠠᠬᠤ ᠶᠢ ᠦᠨᠡᠨᠬᠦ ᠴᠢᠩᠭᠠᠳᠬᠠᠵᠤ᠂ ᠬᠥᠳᠡᠯᠦᠩᠭᠦᠢ ᠪᠠᠷ ᠬᠢᠨᠠᠨ ᠡᠵᠡᠮᠳᠡᠬᠦ᠂ ᠴᠠᠭ ᠲᠤᠬᠠᠢ ᠳᠤᠨᠢ ᠰᠡᠷᠡᠮᠵᠢ ᠥᠭᠬᠦ᠂ | ᠲᠣᠣᠷ ᠰᠦᠯᠵᠢᠶᠡᠨ ᠤ ᠶᠠᠷᠢᠶ᠎ᠠ ᠬᠡᠯᠡᠯᠴᠡᠭᠡ ᠶᠢ ᠠᠷᠭᠠᠴᠠᠬᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠢ ᠠᠯᠢ ᠴᠢᠳᠠᠬᠤ ᠪᠠᠷ ᠡᠬᠢ ᠡᠭᠦᠰᠦᠯ | ᠠᠴᠠ ᠨᠢ ᠰᠢᠢᠳᠪᠦᠷᠢᠯᠡᠵᠦ᠂ ᠲᠤᠬᠠᠢ ᠶᠢᠨ ᠭᠠᠵᠠᠷ ᠲᠤᠨᠢ ᠡᠵᠡᠮᠳᠡᠨ ᠬᠤᠷᠢᠭᠯᠠᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢ ᠰᠢᠢᠳᠪᠦᠷᠢᠯᠡᠬᠦ᠂ ᠬᠠᠤᠯᠢ | ᠪᠤᠰᠤ ᠮᠥᠩᠭᠦᠨ ᠭᠦᠢᠯᠭᠡᠭᠡ ᠶᠢᠨ ᠠᠵᠢᠯᠯᠠᠭᠠᠨ ᠳᠤ ᠴᠣᠬᠢᠯᠲᠠ ᠥᠭᠬᠦ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠰᠢᠢᠳᠪᠦᠷᠢᠯᠡᠬᠦ ᠠᠵᠢᠯ ᠢ ᠭᠤᠣᠯᠳᠠᠯᠭ᠎ᠠ ᠲᠠᠢ | ᠰᠠᠶᠢᠲᠤᠷ ᠠᠳᠬᠤᠨ᠎ᠠ᠃ ᠪᠦᠬᠦ ᠬᠤᠰᠢᠭᠤᠨ ᠤ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢ ᠰᠢᠢᠳᠪᠦᠷᠢᠯᠡᠬᠦ ᠲᠥᠰᠥᠯ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠲᠣᠬᠢᠷᠠᠭᠤᠯᠬᠤ ᠪᠠᠷ ᠳᠠᠮᠵᠢᠵᠤ᠂ ᠡᠩ ᠤᠨ ᠴᠢᠨᠠᠷᠲᠠᠢ ᠵᠠᠷᠤᠯᠭ᠎ᠠ ᠶᠢ ᠪᠠᠭᠠᠰᠬᠠᠨ᠎ᠠ︔ | ᠡᠳ᠋ ᠤᠨ ᠵᠠᠰᠠᠭ ᠤᠨ ᠬᠠᠳᠠᠭᠠᠯᠠᠮᠵᠢ᠂ ᠰᠤᠯᠠ ᠪᠠᠶᠢᠭ᠎ᠠ ᠡᠳ᠋ ᠬᠥᠷᠥᠩᠭᠡ ᠶᠢ ᠭᠦᠢᠴᠡᠳ ᠠᠰᠢᠭᠯᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ | ᠶᠢᠨ ᠲᠡᠮᠳᠡᠭᠲᠦ ᠶᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ︔ ᠳᠡᠭᠡᠳᠦ ᠱᠠᠲᠤᠨ ᠤ ᠡᠩ ᠤᠨ ᠴᠢᠨᠠᠷᠲᠠᠢ ᠰᠢᠯᠵᠢᠭᠦᠯᠦᠨ ᠥᠭᠬᠦ ᠪᠡᠯᠡ ᠮᠥᠩᠭᠦ᠂ ᠥᠷᠢ ᠥᠭᠴᠡᠭᠡ | ᠶᠢ ᠰᠢᠢᠳᠪᠦᠷᠢᠯᠡᠬᠦ ᠨᠥᠬᠦᠪᠦᠷᠢ ᠱᠠᠩᠨᠠᠯ ᠤᠨ ᠮᠥᠩᠭᠦ ᠵᠡᠷᠭᠡ ᠶᠢ ᠢᠳᠡᠪᠬᠢᠲᠡᠢ ᠣᠯᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠰᠢᠢᠳᠪᠦᠷᠢᠯᠡᠬᠦ ᠠᠵᠢᠯ ᠢ | ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠬᠠᠤᠯᠢ ᠪᠤᠰᠤ ᠪᠠᠷ ᠮᠥᠩᠭᠦ ᠬᠤᠷᠠᠮᠳᠤᠭᠤᠯᠬᠤ᠂ ᠠᠷᠠᠳ ᠤᠨ ᠬᠤᠭᠤᠷᠣᠨᠳᠤᠬᠢ ᠥᠨᠳᠥᠷ ᠬᠦᠦ ᠲᠠᠢ ᠵᠢᠭᠡᠯᠡᠯᠭᠡ ᠵᠡᠷᠭᠡ | ᠬᠠᠤᠯᠢ ᠪᠤᠰᠤ ᠦᠢᠯᠡ ᠠᠵᠢᠯᠯᠠᠭ᠎ᠠ ᠳᠤ ᠴᠣᠬᠢᠯᠲᠠ ᠥᠭᠬᠦ ᠬᠦᠴᠦᠯᠡᠴᠡ ᠪᠠᠨ ᠴᠢᠩᠭᠠᠳᠬᠠᠵᠤ᠂ ᠮᠥᠩᠭᠦᠨ ᠭᠦᠢᠯᠭᠡᠭᠡᠨ ᠤ ᠬᠡᠪ ᠤᠨ ᠡᠮᠬᠢ ᠵᠢᠷᠤᠮ ᠢ ᠬᠠᠮᠠᠭᠠᠯᠠᠨ᠎ᠠ᠃ | ᠮᠠᠯᠴᠢᠳ ᠤᠨ ᠣᠷᠣᠯᠭ᠎ᠠ ᠵᠠᠷᠤᠯᠭ᠎ᠠ ᠪᠠᠨ ᠬᠠᠮᠢᠶᠠᠷᠬᠤ ᠮᠡᠳᠡᠯᠭᠡ᠂ ᠮᠥᠩᠭᠦᠨ ᠭᠦᠢᠯᠭᠡᠭᠡᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢᠨ ᠤᠬᠠᠭᠤᠯᠭ᠎ᠠ ᠶᠢᠨ | ᠪᠣᠯᠪᠠᠰᠤᠷᠠᠯ ᠥᠷᠨᠢᠭᠦᠯᠬᠦ ᠬᠦᠴᠦᠯᠡᠴᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠥᠪᠡᠷ ᠤᠨ ᠥᠷᠲᠡᠭ ᠤᠨ ᠲᠣᠭᠠᠴᠠᠭ᠎ᠠ ᠬᠢᠬᠦ᠂ ᠠᠶᠤᠯ ᠲᠦᠭᠰᠢᠭᠦᠷᠢ ᠶᠢ | ᠰᠡᠷᠭᠡᠶᠢᠯᠡᠬᠦ ᠪᠠ ᠢᠲᠡᠭᠡᠮᠵᠢ ᠶᠢᠨ ᠵᠡᠷᠭᠡ ᠳᠡᠰ ᠤᠨ ᠲᠠᠨᠢᠯᠲᠠ ᠶᠢ ᠳᠡᠭᠡᠭᠰᠢᠯᠡᠭᠦᠯᠦᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠢᠳᠡᠪᠬᠢᠲᠡᠢ ᠵᠣᠬᠢᠴᠠᠭᠤᠯᠵᠤ᠂ | ᠳᠤᠮᠳᠠ ᠤᠷᠲᠤ ᠬᠤᠭᠤᠴᠠᠭᠠᠨ ᠤ ᠵᠢᠭᠡᠯᠡᠯᠭᠡ ᠲᠠᠯᠪᠢᠬᠤ ᠶᠢ ᠴᠢᠩᠭᠠᠳᠬᠠᠵᠤ᠂ ᠵᠢᠭᠡᠯᠡᠯᠭᠡ ᠶᠢ ᠲᠣᠭᠲᠠᠪᠤᠷᠢᠵᠢᠭᠤᠯᠬᠤ᠂ ᠵᠢᠭᠡᠯᠡᠯᠭᠡ ᠶᠢ ᠨᠡᠮᠡᠭᠳᠡᠭᠦᠯᠬᠦ᠂ ᠵᠢᠭᠡᠯᠡᠯᠭᠡ ᠪᠠᠨ | ᠰᠣᠯᠢᠵᠤ ᠪᠤᠴᠠᠭᠠᠬᠤ ᠵᠡᠷᠭᠡ ᠢᠳᠡᠪᠬᠢᠲᠡᠢ ᠠᠷᠭ᠎ᠠ ᠬᠡᠮᠵᠢᠶ᠎ᠡ ᠠᠪᠴᠤ᠂ ᠠᠷᠠᠳ ᠤᠨ ᠳᠤᠮᠳᠠᠬᠢ ᠥᠨᠳᠥᠷ ᠬᠦᠦ ᠲᠠᠢ ᠵᠢᠭᠡᠯᠡᠯᠭᠡ ᠶᠢᠨ ᠣᠷᠣᠨ ᠵᠠᠢ ᠶᠢ ᠪᠠᠭᠠᠰᠬᠠᠵᠤ᠂ | ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠡᠵᠡᠮᠳᠡᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠮᠥᠷᠭᠦᠯᠳᠦᠭᠡᠨ ᠤ | ᠠᠰᠠᠭᠤᠳᠠᠯ ᠢ ᠰᠢᠢᠳᠪᠦᠷᠢᠯᠡᠬᠦ ᠠᠵᠢᠯ ᠤᠨ ᠬᠦᠴᠦᠯᠡᠴᠡ ᠪᠠᠨ ᠴᠢᠩᠭᠠᠳᠬᠠᠵᠤ᠂ ᠪᠦᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠤᠨ ᠨᠠᠷᠢᠨ ᠳᠠᠩᠰᠠ | ᠪᠠᠷ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠢᠶᠠᠨ ᠲᠣᠳᠣ ᠪᠣᠯᠭᠠᠵᠤ᠂ ᠡᠭᠦᠷᠭᠡ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠢᠭᠡᠳ ᠨᠢᠭᠡ ᠪᠠᠷ ᠲᠣᠭᠲᠠᠭᠤᠨ | ᠰᠢᠢᠳᠪᠦᠷᠢᠯᠡᠨ᠂ ᠬᠠᠤᠯᠢ ᠪᠤᠰᠤ᠂ ᠲᠦᠢᠪᠡᠭᠡᠯᠭᠡ ᠶᠢᠨ ᠴᠢᠨᠠᠷᠲᠠᠢ ᠵᠠᠬᠢᠳᠠᠯ ᠰᠤᠷᠪᠤᠯᠵᠢᠯᠠᠭ᠎ᠠ ᠶᠢᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ | ᠥᠭᠴᠦ᠂ ᠠᠷᠠᠳ ᠣᠯᠠᠨ ᠤ ᠵᠠᠬᠢᠳᠠᠯ ᠰᠤᠷᠪᠤᠯᠵᠢᠯᠠᠭ᠎ᠠ ᠶᠢᠨ ᠬᠡᠪ ᠤᠨ ᠡᠮᠬᠢ ᠵᠢᠷᠤᠮ ᠢ ᠦᠨᠡᠨᠬᠦ ᠬᠠᠮᠠᠭᠠᠯᠠᠨ᠎ᠠ᠃ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠵᠢᠯ ᠢ ᠪᠦᠲᠦᠮᠵᠢᠲᠡᠢ ᠰᠠᠶᠢᠲᠤᠷ ᠬᠢᠨ᠎ᠡ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ | ᠶᠢᠨ ᠬᠢᠨᠠᠨ ᠪᠠᠶᠢᠴᠠᠭᠠᠯᠲᠠ ᠶᠢᠨ ᠬᠠᠷᠢᠭᠤ ᠲᠤᠰᠬᠠᠯ ᠤᠨ ᠰᠠᠨᠠᠯ ᠢ ᠦᠨᠳᠦᠰᠦᠯᠡᠵᠦ ᠴᠡᠭᠴᠡᠯᠡᠨ ᠵᠠᠰᠠᠬᠤ ᠠᠵᠢᠯ ᠢ ᠵᠤᠷᠪᠤᠰ ᠳᠠᠷᠠᠭᠠᠯᠠᠨ ᠨᠠᠶᠢᠳᠠᠪᠤᠷᠢᠵᠢᠭᠤᠯᠵᠤ᠂ ︽ | ᠠᠭᠠᠷ ᠤᠨ ᠠᠷᠪᠠᠨ ᠵᠤᠷᠪᠤᠰ︾᠂ ︽ᠤᠰᠤᠨ ᠤ ᠠᠷᠪᠠᠨ ᠵᠤᠷᠪᠤᠰ︾᠂ ︽ᠬᠥᠷᠥᠰᠥᠨ ᠤ ᠠᠷᠪᠠᠨ ᠵᠤᠷᠪᠤᠰ︾ ᠢᠶᠠᠷ ᠵᠢᠯ ᠤᠨ ᠠᠵᠢᠯ ᠤᠨ ᠡᠭᠦᠷᠭᠡ ᠪᠠᠨ ᠪᠠᠳᠤᠲᠠᠢ | ᠪᠡᠶᠡᠯᠡᠭᠦᠯᠦᠨ᠎ᠡ᠃ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠪᠦᠷᠬᠦᠴᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ | ᠠᠵᠤ ᠠᠬᠤᠶᠢᠯᠠᠯ ᠤᠨ ᠬᠦᠬᠦᠷ ᠪᠣᠯᠣᠨ ᠱᠠᠤ ᠶᠢ ᠴᠡᠪᠡᠷᠰᠢᠭᠦᠯᠬᠦ᠂ ᠲᠣᠭᠤᠰᠣ ᠶᠢ ᠠᠷᠢᠯᠭᠠᠬᠤ ᠲᠥᠷᠥᠯ ᠵᠦᠢᠯ ᠢ ᠬᠡᠷᠡᠭᠵᠢᠭᠦᠯᠵᠦ᠂ ᠠᠮᠤᠭᠤᠯᠠᠩ ᠪᠠᠯᠭᠠᠰᠤᠨ ᠳᠠᠬᠢ | 10 ᠲᠣᠨ ᠠᠴᠠ ᠳᠣᠷᠤᠭᠰᠢᠬᠢ ᠨᠡᠭᠦᠷᠡᠰᠦ ᠰᠢᠲᠠᠭᠠᠬᠤ ᠵᠤᠤᠬ᠎ᠠ ᠶᠢ ᠪᠦᠬᠦᠨ ᠢ ᠲᠠᠶᠠᠭᠳᠠᠭᠤᠯᠤᠨ᠎ᠠ᠃ ᠲᠥᠪᠯᠡᠷᠡᠭᠦᠯᠦᠭᠰᠡᠨ ᠤᠤᠭᠤᠬᠤ ᠤᠰᠤᠨ ᠰᠤᠷᠪᠤᠯᠵᠢ ᠶᠢᠨ | ᠲᠣᠭᠤᠷᠢᠭ᠂ ᠲᠠᠷᠢᠶᠠᠯᠠᠩ ᠮᠠᠯ ᠠᠵᠤ ᠠᠬᠤᠢ ᠶᠢᠨ ᠲᠠᠯ᠎ᠠ ᠪᠠᠷ ᠬᠢ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠲᠤᠰᠬᠠᠢ ᠠᠵᠢᠯᠯᠠᠭᠠᠨ ᠢ ᠪᠦᠬᠦ ᠲᠠᠯ᠎ᠠ ᠪᠠᠷ | ᠥᠷᠨᠢᠭᠦᠯᠵᠦ᠂ ᠰᠢᠨ᠎ᠡ ᠨᠢᠭᠡ ᠡᠭᠡᠯᠵᠢ ᠶᠢᠨ ᠬᠥᠷᠥᠰᠥ ᠰᠢᠷᠣᠢ ᠶᠢᠨ ᠪᠣᠬᠢᠷᠲᠤᠯ ᠤᠨ ᠪᠠᠶᠢᠳᠠᠯ ᠢ ᠨᠠᠷᠢᠯᠢᠭ ᠪᠠᠶᠢᠴᠠᠭᠠᠬᠤ᠂ ᠬᠤᠶᠠᠳᠤᠭᠠᠷ ᠤᠳᠠᠭᠠᠨ ᠤ ᠪᠦᠬᠦ ᠤᠯᠤᠰ | ᠤᠨ ᠪᠣᠬᠢᠷᠲᠤᠯ ᠤᠨ ᠡᠭᠦᠰᠦᠯ ᠢ ᠨᠡᠶᠢᠳᠡᠮ ᠪᠠᠶᠢᠴᠠᠭᠠᠬᠤ᠂ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠭᠠᠵᠠᠷ ᠰᠢᠷᠣᠢ ᠶᠢ ᠪᠠᠶᠢᠴᠠᠭᠠᠬᠤ ᠠᠵᠢᠯ ᠢ | ᠬᠡᠷᠡᠭᠵᠢᠭᠦᠯᠦᠨ᠎ᠡ᠃ ᠭᠠᠵᠠᠷ ᠤᠨ ᠬᠥᠷᠥᠰᠥᠨ ᠤ ᠤᠰᠤ ᠶᠢ ᠬᠢᠨᠠᠨ ᠡᠵᠡᠮᠳᠡᠬᠦ ᠣᠭᠲᠣᠯᠣᠭᠠᠰᠤ ᠶᠢᠨ ᠬᠡᠰᠡᠭ ᠤᠨ ᠤᠰᠤᠨ ᠤ ᠴᠢᠨᠠᠷ ᠢ ᠬᠢᠨᠠᠨ ᠬᠡᠮᠵᠢᠬᠦ 1ᠥᠷᠲᠡᠭᠡ | ᠶᠢ ᠡᠬᠢᠯᠡᠨ ᠪᠠᠶᠢᠭᠤᠯᠤᠨ᠎ᠠ᠃ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠴᠢᠩᠭ᠎ᠠ ᠳᠠᠷᠤᠯᠲᠠ ᠶᠢ ᠨᠡᠶᠢᠳᠡᠮ ᠪᠠᠲᠤᠯᠠᠵᠤ᠂ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠵᠦ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ ᠲᠠᠯ᠎ᠠ ᠨᠤᠲᠤᠭ ᠤᠨ ᠨᠡᠭᠦᠷᠡᠰᠦᠲᠦ᠋ᠷᠦᠭᠴᠢ ᠶᠢᠨ ᠬᠤᠷᠠᠮᠠᠯ ᠤᠨ ᠠᠷᠠᠯᠵᠢᠶ᠎ᠠ ᠪᠣᠯᠣᠨ ᠪᠣᠬᠢᠷᠲᠤᠯ ᠪᠣᠳᠠᠰ | ᠢ ᠭᠠᠳᠠᠭᠰᠢᠯᠠᠭᠤᠯᠬᠤ᠂ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠲᠤᠷᠰᠢᠯᠲᠠ ᠶᠢᠨ ᠭᠠᠵᠠᠷ ᠣᠷᠣᠨ ᠳᠤ ᠣᠷᠣᠬᠤ ᠪᠠᠷ ᠢᠳᠡᠪᠬᠢᠲᠡᠢ | ᠴᠢᠷᠮᠠᠶᠢᠵᠤ᠂ ᠡᠷᠭᠢᠯᠳᠡᠲᠦ ᠠᠵᠤ ᠦᠢᠯᠡᠰ᠂ ᠡᠯᠡᠰᠦᠨ ᠤ ᠦᠢᠯᠡᠰ ᠢ ᠳᠡᠮᠵᠢᠬᠦ ᠬᠦᠴᠦᠯᠡᠴᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠵᠢᠱᠢᠶ᠎ᠡ ᠦᠵᠡᠭᠦᠯᠬᠦ | ᠲᠥᠷᠥᠯ ᠵᠦᠢᠯ ᠢ ᠴᠢᠷᠮᠠᠶᠢᠨ ᠪᠠᠶᠢᠭᠤᠯᠤᠨ᠎ᠠ᠃ | ᠨᠥᠬᠦᠳ ᠡ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠬᠤ ᠰᠢᠨ᠎ᠡ ᠪᠠᠶᠢᠳᠠᠯ ᠢ ᠴᠢᠷᠮᠠᠶᠢᠨ ᠨᠡᠭᠡᠭᠡᠬᠦ ᠳᠤ | ᠪᠢᠳᠠ ᠡᠷᠬᠡᠪᠰᠢ ᠪᠣᠭᠤᠮᠲᠠ ᠶᠢᠨ ᠬᠢᠯᠢ ᠶᠢᠨ ᠠᠷᠠᠯᠵᠢᠶ᠎ᠠ᠂ ᠵᠢᠭᠤᠯᠴᠢᠯᠠᠯ ᠤᠨ ᠰᠣᠶᠣᠯ᠂ ᠴᠡᠪᠡᠷ ᠡᠨᠧᠷᠭᠢ ᠶᠢᠨ ᠨᠡᠭᠡᠭᠡᠨ ᠠᠰᠢᠭᠯᠠᠯᠲᠠ᠂ ᠪᠣᠬᠢᠷᠲᠤᠯ ᠦᠭᠡᠢ ᠮᠠᠯ ᠤᠨ | ᠠᠰᠢᠭ ᠰᠢᠮ᠎ᠡ ᠪᠣᠯᠪᠠᠰᠤᠷᠠᠭᠤᠯᠬᠤ ᠳᠦᠷᠪᠡᠨ ᠲᠤᠯᠭᠠᠭᠤᠷᠢᠯᠠᠭᠴᠢ ᠠᠵᠤ ᠦᠢᠯᠡᠰ ᠤᠨ ᠬᠥᠭᠵᠢᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ | ︵ᠭᠤᠷᠪᠠ︶ ᠪᠣᠭᠤᠮᠲᠠ ᠶᠢᠨ ᠬᠢᠯᠢ ᠶᠢᠨ ᠠᠷᠠᠯᠵᠢᠶᠠᠨ ᠤ ᠠᠵᠤ ᠦᠢᠯᠡᠰ ᠤᠨ ᠬᠥᠭᠵᠢᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠤᠯᠤᠰ ᠤᠨ | ᠨᠢᠭᠡ ᠪᠦᠰᠡ ᠨᠢᠭᠡ ᠵᠠᠮ᠂ ᠳᠤᠮᠳᠠᠳᠤ ᠣᠷᠣᠰ ᠮᠣᠩᠭᠤᠯ ᠤᠯᠤᠰ ᠤᠨ ᠠᠵᠤ ᠠᠬᠤᠢ ᠶᠢᠨ ᠬᠤᠩᠭᠢᠯ ᠤᠨ ᠪᠠᠶᠢᠭᠤᠯᠤᠯᠲᠠ ᠶᠢᠨ ᠠᠬᠢᠴᠠ ᠲᠠᠢ ᠢᠳᠡᠪᠬᠢᠲᠡᠢ | ᠤᠶᠠᠯᠳᠤᠭᠤᠯᠵᠤ᠂ ᠨᠡᠭᠡᠭᠡᠯᠲᠡ ᠬᠢᠵᠦ ᠴᠢᠯᠦᠭᠡᠲᠡᠢ ᠶᠠᠪᠤᠯᠴᠠᠬᠤ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠶᠡᠨᠡ᠃ | ᠪᠠᠲᠤᠯᠠᠭ᠎ᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠪᠣᠭᠤᠮᠲᠠ ᠨᠡᠪᠲᠡᠷᠡᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃ ᠡᠪᠦᠳᠦᠭ | ᠪᠣᠭᠤᠮᠲᠠ ᠶᠢᠨ ᠪᠠᠶᠢᠩᠭᠤ ᠨᠡᠭᠡᠭᠡᠬᠦ᠂ ᠵᠠᠬ᠎ᠠ ᠶᠢᠨ ᠠᠷᠠᠯᠵᠢᠶᠠᠨ ᠤ ᠣᠷᠣᠨ ᠤ ᠪᠠᠶᠢᠴᠠᠭᠠᠯᠲᠠ ᠶᠢ ᠬᠦᠯᠢᠶᠡᠨ ᠤᠭᠲᠤᠬᠤ ᠠᠵᠢᠯ ᠢ ᠪᠦᠬᠦ ᠬᠦᠴᠦᠨ ᠢᠶᠠᠷ ᠰᠠᠶᠢᠲᠤᠷ | ᠬᠢᠵᠦ᠂ ᠡᠨᠡ ᠵᠢᠯ ᠤᠨ ᠡᠯ᠎ᠡ ᠲᠥᠷᠥᠯ ᠤᠨ ᠰᠢᠯᠭᠠᠨ ᠪᠠᠶᠢᠴᠠᠭᠠᠯᠲᠠ ᠶᠢ ᠤᠷᠤᠭᠰᠢᠲᠠᠢ ᠪᠡᠶᠡᠯᠡᠭᠦᠯᠬᠦ ᠪᠠᠷ ᠴᠢᠷᠮᠠᠶᠢᠨ᠎ᠠ᠃ 1.5 ᠳ᠋ᠦᠩᠰᠢᠭᠤᠷ ᠲᠥᠭᠦᠷᠢᠭ ᠪᠡᠯᠡ | ᠣᠷᠣᠭᠤᠯᠵᠤ ᠬᠤᠯᠪᠣᠭᠠᠯᠠᠨ ᠪᠠᠶᠢᠴᠠᠭᠠᠬᠤ ᠠᠰᠠᠷ ᠪᠣᠯᠣᠨ ᠤᠯᠤᠰ ᠤᠨ ᠡᠭᠦᠳᠡ ᠶᠢᠨ ᠦᠵᠡᠮᠵᠢᠲᠦ ᠣᠷᠣᠨ ᠤ PPP ᠲᠥᠷᠥᠯ ᠵᠦᠢᠯ ᠤᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠵᠠᠬ᠎ᠠ ᠶᠢᠨ ᠠᠷᠠᠯᠵᠢᠶᠠᠨ ᠤ ᠲᠣᠭᠤᠷᠢᠭ᠂ ᠡᠳ᠋ ᠪᠠᠷᠠᠭ᠎ᠠ ᠶᠢ ᠬᠢᠨᠠᠨ ᠬᠠᠮᠢᠶᠠᠷᠬᠤ ᠲᠠᠯᠠᠪᠤᠷ ᠵᠡᠷᠭᠡ ᠭᠤᠣᠯ ᠲᠥᠬᠦᠭᠡᠷᠦᠮᠵᠢ ᠶᠢᠨ ᠴᠢᠳᠠᠪᠬᠢ | ᠶᠢ ᠤᠯᠠᠮ ᠨᠢᠭᠡ ᠠᠯᠬᠤᠮ ᠰᠠᠶᠢᠵᠢᠷᠠᠭᠤᠯᠤᠨ᠎ᠠ︔ ᠭᠠᠳᠠᠭᠠᠳᠤ ᠠᠴᠠ ᠣᠷᠣᠭᠤᠯᠤᠭᠰᠠᠨ ᠲᠡᠵᠢᠭᠡᠯ ᠪᠣᠷᠳᠤᠭ᠎ᠠ ᠶᠢᠨ ᠬᠦᠷᠢᠶᠡᠯᠡᠩ ᠲᠣᠭᠤᠷᠢᠭ ᠢ ᠲᠦᠷᠭᠡᠨ ᠪᠠᠶᠢᠭᠤᠯᠵᠤ | ᠂ ᠭᠠᠳᠠᠭᠠᠳᠤ ᠠᠴᠠ ᠣᠷᠣᠭᠤᠯᠤᠭᠰᠠᠨ ᠠᠮᠤ ᠪᠤᠳᠠᠭ᠎ᠠ᠂ ᠲᠡᠵᠢᠭᠡᠯ ᠪᠣᠷᠳᠤᠭ᠎ᠠ ᠶᠢ ᠪᠠᠶᠢᠴᠠᠭᠠᠨ ᠰᠢᠯᠭᠠᠬᠤ᠂ ᠨᠥᠭᠡᠴᠡᠯᠡᠨ ᠵᠥᠭᠡᠭᠡᠪᠦᠷᠢᠯᠡᠬᠦ᠂ ᠪᠣᠯᠪᠠᠰᠤᠷᠠᠭᠤᠯᠬᠤ | ᠰᠠᠭᠤᠷᠢᠨ ᠭᠠᠵᠠᠷ᠂ ᠠᠮᠢᠲᠠᠨ ᠤᠷᠭᠤᠮᠠᠯ ᠤᠨ ᠲᠤᠷᠰᠢᠯᠲᠠ ᠶᠢᠨ ᠲᠠᠰᠤᠭ ᠢ ᠥᠭᠡᠷᠡᠴᠢᠯᠡᠨ ᠰᠠᠶᠢᠵᠢᠷᠠᠭᠤᠯᠬᠤ ᠵᠡᠷᠭᠡ ᠢᠨᠵᠧᠨᠧᠷᠢᠩ ᠢ ᠪᠡᠶᠡᠯᠡᠭᠦᠯᠵᠦ᠂ ᠠᠮᠤ ᠪᠤᠳᠠᠭ᠎ᠠ | ᠭᠠᠳᠠᠭᠠᠳᠤ ᠠᠴᠠ ᠣᠷᠣᠭᠤᠯᠵᠤ ᠭᠠᠷᠭᠠᠬᠤ ᠲᠣᠭᠲᠠᠭᠰᠠᠨ ᠪᠣᠭᠤᠮᠲᠠ ᠪᠣᠯᠭᠠᠬᠤ ᠵᠥᠪᠰᠢᠶᠡᠷᠡᠯ ᠢ ᠴᠢᠷᠮᠠᠶᠢᠨ ᠣᠯᠣᠨ᠎ᠠ᠃ ᠬᠢᠯᠢ ᠶᠢᠨ ᠵᠠᠭᠠᠭ ᠤᠨ ᠬᠤᠶᠠᠳᠤᠭᠠᠷ | ᠬᠥᠭᠦᠷᠭᠡ ᠶᠢ ᠪᠠᠶᠢᠭᠤᠯᠬᠤ ᠡᠮᠦᠨᠡᠬᠢ ᠬᠤᠭᠤᠴᠠᠭᠠᠨ ᠤ ᠠᠵᠢᠯ ᠪᠣᠯᠣᠨ ᠣᠯᠠᠨ ᠤᠯᠤᠰ ᠤᠨ ᠴᠢᠨᠠᠷᠲᠠᠢ ᠪᠣᠭᠤᠮᠲᠠ᠂ ᠭᠠᠳᠠᠭᠠᠳᠤ ᠠᠴᠠ ᠣᠷᠣᠭᠤᠯᠵᠤ ᠭᠠᠷᠭᠠᠬᠤ | ᠨᠡᠶᠢᠲᠡ ᠶᠢᠨ ᠨᠥᠭᠡᠴᠡᠯᠡᠬᠦ ᠬᠥᠮᠥᠷᠭᠡ ᠬᠢᠭᠡᠳ ᠪᠣᠳᠠᠰ ᠤᠨ ᠭᠦᠢᠯᠭᠡᠭᠡ ᠶᠢᠨ ᠲᠣᠭᠤᠷᠢᠭ ᠵᠡᠷᠭᠡ ᠶᠢ ᠮᠡᠳᠡᠭᠦᠯᠵᠦ ᠵᠥᠪᠰᠢᠶᠡᠷᠡᠯ ᠣᠯᠬᠤ ᠠᠵᠢᠯ ᠤᠨ ᠠᠬᠢᠴᠠ ᠶᠢ | ᠢᠳᠡᠪᠬᠢᠲᠡᠢ ᠲᠦᠯᠬᠢᠨ ᠠᠬᠢᠭᠤᠯᠤᠨ᠎ᠠ᠃ ᠪᠣᠭᠤᠮᠲᠠ ᠶᠢᠨ ᠰᠢᠰᠲ᠋ᠧᠮᠲᠦ ᠦᠢᠯᠡᠴᠢᠯᠡᠭᠡᠨ ᠤ ᠴᠣᠩᠬᠤ᠂ ᠲᠣᠮᠣ ᠳ᠋ᠠᠶᠢᠲᠨ ᠶᠢᠨ ᠲᠠᠪᠴᠠᠩ᠂ ATA ᠬᠠᠭᠤᠳᠠᠰᠤ | ᠪᠠᠷᠢᠮᠲᠠ ᠳᠠᠩᠰᠠ ᠬᠦᠰᠦᠨᠦᠭᠲᠦ ᠶᠢᠨ ᠲᠣᠭᠲᠠᠴᠠ᠂ ᠳᠤᠮᠳᠠᠳᠤ ᠮᠣᠩᠭᠤᠯ ᠤᠯᠤᠰ ᠤᠨ ᠢᠲᠡᠭᠡᠯ ᠤᠨ ᠵᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠡᠬᠢᠯᠡᠭᠦᠯᠵᠦ᠂ | ︽ᠭᠤᠷᠪᠠᠨ ᠬᠠᠷᠢᠯᠴᠠᠨ︾ ᠪᠣᠭᠤᠮᠲᠠ ᠨᠡᠪᠲᠡᠷᠡᠬᠦ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠣᠭᠤᠮᠲᠠ ᠨᠡᠪᠲᠡᠷᠡᠬᠦ ᠦᠷ᠎ᠡ ᠠᠰᠢᠭ ᠢ | ᠳᠡᠭᠡᠭᠰᠢᠯᠡᠭᠦᠯᠵᠦ᠂ ᠦᠢᠯᠡᠴᠢᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ᠳ᠋ᠠᠴᠢᠩ ᠤᠨ ᠲᠦᠭᠦᠬᠡᠢ ᠴᠢᠯᠠᠭᠤᠨ ᠲᠣᠰᠣ ᠶᠢ ᠭᠠᠳᠠᠭᠠᠳᠤ ᠠᠴᠠ | ᠣᠷᠣᠭᠤᠯᠬᠤ ᠬᠡᠪᠴᠢᠶᠡᠵᠢᠯ ᠢ ᠥᠷᠭᠡᠳᠬᠡᠬᠦ ᠶᠢ ᠳᠡᠮᠵᠢᠨ᠎ᠡ᠃ ᠡᠨᠡ ᠵᠢᠯ ᠪᠣᠭᠤᠮᠲᠠ ᠪᠠᠷ 80 ᠲᠦᠮᠡᠨ ᠲᠣᠨ ᠡᠳ᠋ ᠪᠠᠷᠠᠭ᠎ᠠ ᠶᠢ ᠥᠩᠭᠡᠷᠡᠭᠦᠯᠵᠦ᠂ 20 ᠳ᠋ᠦᠩᠰᠢᠭᠤᠷ | ᠲᠥᠭᠦᠷᠢᠭ ᠤᠨ ᠠᠷᠠᠯᠵᠢᠶᠠᠨ ᠤ ᠲᠤᠭ᠎ᠠ ᠨᠤᠷᠮ᠎ᠠ ᠶᠢᠨ ᠬᠠᠷᠠᠯᠲᠠ ᠶᠢ ᠴᠢᠷᠮᠠᠶᠢᠨ ᠪᠡᠶᠡᠯᠡᠭᠦᠯᠦᠨ᠎ᠡ᠃ | ᠴᠢᠯᠦᠭᠡᠲᠡᠢ ᠨᠡᠭᠡᠭᠡᠯᠲᠡ ᠬᠢᠬᠦ ᠣᠷᠣᠨ ᠲᠣᠭᠤᠷᠢᠭ ᠢ ᠦᠷᠭᠦᠯᠵᠢᠯᠡᠨ ᠥᠷᠭᠡᠳᠬᠡᠵᠦ᠂ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢ ᠢᠳᠡᠪᠬᠢᠲᠡᠢ | ᠲᠦᠯᠬᠢᠨ ᠠᠬᠢᠭᠤᠯᠤᠨ᠎ᠠ᠃ ᠳᠤᠮᠳᠠᠳᠤ ᠣᠷᠣᠰ ᠮᠣᠩᠭᠤᠯ ᠤᠯᠤᠰ ᠤᠨ ᠬᠠᠮᠲᠤᠷᠠᠯᠴᠠᠭᠠᠨ ᠤ ᠬᠤᠰᠢᠭᠤᠴᠢ ᠣᠷᠣᠨ᠂ ᠤᠯᠤᠰ ᠤᠨ ᠰᠢᠨ᠎ᠡ ᠨᠢᠭᠡ ᠡᠭᠡᠯᠵᠢ ᠶᠢᠨ | ᠵᠡᠭᠦᠨ ᠬᠤᠶᠢᠲᠤ ᠣᠷᠣᠨ ᠢ ᠬᠥᠭᠵᠢᠭᠦᠯᠬᠦ ᠲᠥᠷᠥ ᠶᠢᠨ ᠪᠣᠳᠣᠯᠭ᠎ᠠ ᠪᠣᠯᠣᠨ ᠬᠥᠯᠥᠨ ᠪᠣᠶᠢᠷ ᠬᠤᠲᠠ ᠬᠢᠭᠡᠳ ᠬᠢᠩᠭᠠᠨ ᠠᠶᠢᠮᠠᠭ ᠤᠨ ︽ᠬᠠᠶᠢᠯᠠᠷ ᠮᠠᠨᠵᠤᠤᠷ ᠷᠠᠰᠢᠶᠠᠨ | ︾ ᠤ ᠣᠷᠣᠨ ᠪᠦᠰᠡ ᠶᠢᠨ ᠬᠠᠮᠲᠤᠷᠠᠨ ᠬᠥᠭᠵᠢᠬᠦ ᠠᠵᠠ ᠲᠣᠬᠢᠶᠠᠯ ᠢ ᠰᠠᠶᠢᠲᠤᠷ ᠠᠰᠢᠭᠯᠠᠨ᠎ᠠ᠃ | ᠳᠤᠮᠳᠠᠳᠤ ᠮᠣᠩᠭᠤᠯ ᠤᠨ ᠬᠠᠮᠲᠤᠷᠠᠯᠴᠠᠭ᠎ᠠ ᠰᠣᠯᠢᠯᠴᠠᠭ᠎ᠠ ᠶᠢ ᠴᠢᠩᠭᠠᠳᠬᠠᠵᠤ᠂ ᠳᠤᠮᠳᠠᠳᠤ ᠮᠣᠩᠭᠤᠯ ᠤᠯᠤᠰ ᠤᠨ ᠬᠢᠯᠢ ᠠᠯᠤᠰᠯᠠᠨ ᠵᠤᠭᠠᠴᠠᠬᠤ | ᠬᠠᠮᠲᠤᠷᠠᠯᠴᠠᠭᠠᠨ ᠤ ᠣᠷᠣᠨ ᠢ ᠮᠡᠳᠡᠭᠦᠯᠦᠨ ᠪᠠᠶᠢᠭᠤᠯᠬᠤ ᠠᠵᠢᠯ᠂ ᠡᠪᠦᠳᠦᠭ ᠪᠣᠭᠤᠮᠲᠠ ᠠᠴᠠ ᠮᠣᠩᠭᠤᠯ ᠤᠯᠤᠰ ᠤᠨ ᠴᠣᠶᠢᠪᠠᠯᠰᠠᠩ ᠬᠤᠲᠠ ᠬᠦᠷᠬᠦ ᠵᠠᠰᠠᠮᠠᠯ ᠵᠠᠮ | ᠪᠠᠶᠢᠭᠤᠯᠬᠤ ᠠᠵᠢᠯ ᠢ ᠲᠦᠷᠭᠡᠳᠬᠡᠨ ᠠᠬᠢᠭᠤᠯᠤᠨ᠎ᠠ᠃ ︽ᠳᠤᠮᠳᠠᠳᠤ ᠮᠣᠩᠭᠤᠯ ᠤᠯᠤᠰ ᠤᠨ ᠠᠷᠠᠯᠵᠢᠶᠠᠨ ᠤ ᠳᠡᠯᠭᠡᠨ ᠪᠣᠷᠣᠯᠠᠭᠤᠯᠬᠤ ᠴᠤᠭᠯᠠᠭᠠᠨ︾ ᠤ ᠪᠠᠷᠢᠮᠵᠢᠶ᠎ᠠ | ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠣᠭᠤᠮᠲᠠ ᠶᠢᠨ ᠵᠠᠬ᠎ᠠ ᠶᠢᠨ ᠠᠷᠠᠯᠵᠢᠶᠠᠨ ᠤ ᠬᠡᠪᠴᠢᠶ᠎ᠡ ᠶᠢ ᠥᠷᠭᠡᠳᠬᠡᠵᠦ᠂ ᠰᠠᠭᠤᠭᠠᠯᠢ ᠠᠷᠠᠳ ᠮᠠᠯᠴᠢᠳ ᠤᠨ ᠬᠢᠯᠢ | ᠶᠢᠨ ᠠᠷᠠᠯᠵᠢᠶ᠎ᠠ ᠡᠵᠡᠩᠨᠡᠬᠦ ᠶᠢ ᠵᠣᠷᠢᠭᠵᠢᠭᠤᠯᠤᠨ ᠳᠡᠮᠵᠢᠨ᠎ᠡ᠃ ᠮᠣᠩᠭᠤᠯ ᠤᠯᠤᠰ ᠤᠨ ᠬᠥᠷᠰᠢ ᠵᠡᠷᠭᠡᠯᠡᠳᠡᠭᠡ ᠣᠷᠣᠨ ᠯᠤᠭ᠎ᠠ ᠰᠣᠶᠣᠯ᠂ ᠰᠤᠷᠭᠠᠨ ᠬᠥᠮᠥᠵᠢᠯ᠂ | ᠵᠢᠭᠤᠯᠴᠢᠯᠠᠯ᠂ ᠮᠣᠩᠭᠤᠯ ᠡᠮ ᠡᠮᠨᠡᠯᠭᠡ ᠵᠡᠷᠭᠡ ᠲᠠᠯ᠎ᠠ ᠪᠠᠷ ᠪᠣᠳᠠᠲᠠᠢ ᠬᠠᠮᠲᠤᠷᠠᠯᠴᠠᠵᠤ᠂ ᠳᠤᠮᠳᠠᠳᠤ ᠣᠷᠣᠰ ᠮᠣᠩᠭᠤᠯ ᠣᠯᠠᠨ ᠤᠯᠤᠰ ᠤᠨ ᠡᠯ᠎ᠡ ᠲᠥᠷᠥᠯ ᠤᠨ | ᠰᠣᠶᠣᠯ ᠲᠠᠮᠢᠷ ᠤᠨ ᠤᠷᠤᠯᠳᠤᠭᠠᠨ ᠢ ᠢᠳᠡᠪᠬᠢᠲᠡᠢ ᠥᠷᠨᠢᠭᠦᠯᠦᠨ᠎ᠡ᠃ ᠵᠠᠰᠠᠭ ᠤᠨ ᠣᠷᠳᠣᠨ ᠤ ᠬᠤᠭᠤᠷᠣᠨᠳᠤᠬᠢ ᠲᠣᠭᠲᠠᠭᠰᠠᠨ ᠬᠤᠭᠤᠴᠠᠭᠠᠨ ᠤ ᠬᠡᠯᠡᠯᠴᠡᠭᠡᠷ ᠬᠢᠬᠦ | ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢᠨ ᠲᠣᠭᠲᠠᠴᠠ ᠶᠢ ᠴᠢᠷᠮᠠᠶᠢᠨ ᠪᠠᠶᠢᠭᠤᠯᠤᠨ᠎ᠠ᠃ | ᠵᠡᠭᠦᠨ ᠬᠤᠶᠢᠲᠤ ᠣᠷᠣᠨ ᠲᠠᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠵᠤ ᠠᠬᠤᠢ ᠶᠢᠨ ᠠᠷᠠᠯᠵᠢᠶᠠᠨ ᠤ ᠶᠠᠪᠤᠯᠴᠠᠭ᠎ᠠ ᠪᠠᠨ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ᠂ ᠠᠵᠤ ᠦᠢᠯᠡᠰ ᠤᠨ ᠰᠢᠯᠵᠢᠯᠲᠡ ᠶᠢ ᠰᠣᠩᠭᠤᠯᠲᠠ ᠶᠢᠨ ᠴᠢᠨᠠᠷᠲᠠᠢ ᠪᠠᠷ ᠬᠦᠯᠢᠶᠡᠨ ᠠᠪᠴᠤ᠂ ᠭᠠᠳᠠᠭᠠᠳᠤ ᠠᠴᠠ ᠣᠷᠣᠭᠤᠯᠵᠤ ᠭᠠᠷᠭᠠᠨ | ᠪᠣᠯᠪᠠᠰᠤᠷᠠᠭᠤᠯᠬᠤ᠂ ᠪᠣᠭᠤᠮᠲᠠ ᠶᠢᠨ ᠬᠢᠯᠢ ᠶᠢᠨ ᠠᠷᠠᠯᠵᠢᠶ᠎ᠠ᠂ ᠪᠣᠳᠠᠰ ᠤᠨ ᠭᠦᠢᠯᠭᠡᠭᠡ ᠶᠢᠨ ᠬᠥᠮᠥᠷᠭᠡ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠡᠬᠢ ᠪᠠᠶᠠᠯᠢᠭ | ᠤᠨ ᠨᠡᠭᠡᠭᠡᠯᠲᠡ ᠵᠡᠷᠭᠡ ᠠᠵᠤ ᠦᠢᠯᠡᠰ ᠢ ᠬᠥᠭᠵᠢᠭᠦᠯᠵᠦ᠂ ᠮᠣᠩᠭᠤᠯ ᠤᠯᠤᠰ ᠤᠨ ᠮᠠᠨ ᠤ ᠤᠯᠤᠰ ᠤᠨ ᠵᠡᠭᠦᠨ ᠭᠤᠷᠪᠠᠨ ᠮᠤᠵᠢ ᠪᠠᠷ ᠳᠠᠮᠵᠢᠵᠤ ᠳᠠᠯᠠᠢ ᠶᠢᠨ | ᠪᠣᠭᠤᠮᠲᠠ ᠭᠠᠷᠬᠤ ᠲᠠᠪᠴᠠᠩ ᠪᠣᠯᠣᠨ ᠴᠢᠬᠤᠯᠠ ᠵᠠᠩᠭᠢᠯᠠᠭ᠎ᠠ ᠶᠢᠨ ᠴᠢᠭ᠋ ᠢ ᠢᠳᠡᠪᠬᠢᠲᠡᠢ ᠠᠰᠢᠭᠯᠠᠵᠤ᠂ 6 ᠳ᠋ᠦᠩᠰᠢᠭᠤᠷ ᠲᠥᠭᠦᠷᠢᠭ ᠠᠴᠠ ᠳᠡᠭᠡᠭᠰᠢ ᠭᠠᠳᠠᠭᠠᠳᠤ | ᠪᠡᠯᠡ ᠮᠥᠩᠭᠦ ᠶᠢ ᠴᠢᠷᠮᠠᠶᠢᠨ ᠣᠷᠣᠭᠤᠯᠤᠨ᠎ᠠ᠃ | ︽ᠬᠠᠶᠢᠯᠠᠷ ᠮᠠᠨᠵᠤᠤᠷ ᠷᠠᠰᠢᠶᠠᠨ︾ ᠤ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠪᠠᠶᠢᠭᠤᠯᠤᠯᠲᠠ ᠶᠢ ᠴᠢᠩᠭᠠᠳᠬᠠᠵᠤ᠂ ᠪᠣᠭᠤᠮᠲᠠ ᠶᠢᠨ ᠬᠢᠯᠢ ᠶᠢᠨ | ᠠᠷᠠᠯᠵᠢᠶ᠎ᠠ᠂ ᠣᠷᠣᠨ ᠪᠦᠰᠡ ᠶᠢᠨ ᠵᠢᠭᠤᠯᠴᠢᠯᠠᠯ᠂ ᠲᠠᠷᠢᠶᠠᠯᠠᠩ ᠮᠠᠯ ᠠᠵᠤ ᠠᠬᠤᠢ᠂ ᠣᠢ ᠰᠢᠭᠤᠢ ᠠᠮᠢ ᠠᠬᠤᠢ ᠶᠢᠨ ᠠᠵᠤ ᠦᠢᠯᠡᠰ᠂ ᠰᠠᠭᠤᠷᠢ ᠲᠥᠬᠦᠭᠡᠷᠦᠮᠵᠢ ᠶᠢ | ᠬᠠᠷᠢᠯᠴᠠᠨ ᠤᠶᠠᠯᠳᠤᠭᠤᠯᠬᠤ ᠵᠡᠷᠭᠡ ᠲᠠᠯ᠎ᠠ ᠪᠠᠷ ᠬᠠᠮᠲᠤᠷᠠᠯᠴᠠᠬᠤ ᠲᠥᠷᠥᠯ ᠵᠦᠢᠯ ᠢ ᠰᠦᠪᠡᠭᠴᠢᠯᠡᠵᠦ᠂ ᠴᠢᠬᠤᠯᠠ ᠣᠷᠣᠨ ᠪᠠᠶᠢᠷᠢ᠂ ᠠᠵᠤ ᠠᠬᠤᠢ ᠶᠢᠨ ᠭᠤᠣᠯ | ᠬᠤᠯᠪᠣᠭᠠᠰᠤ ᠦᠢᠯᠡᠳᠦᠯ ᠢ ᠪᠠᠳᠠᠷᠠᠭᠤᠯᠵᠤ᠂ ᠭᠠᠳᠠᠭᠠᠳᠤ ᠲᠠᠢ ᠴᠢᠯᠦᠭᠡᠲᠡᠢ ᠶᠠᠪᠤᠯᠴᠠᠬᠤ᠂ ᠬᠦᠷᠢᠶᠡᠯᠡᠩ ᠲᠣᠭᠤᠷᠢᠭ ᠪᠠᠶᠢᠭᠤᠯᠬᠤ᠂ ᠠᠵᠤ ᠠᠬᠤᠢ ᠠᠷᠠᠯᠵᠢᠶ᠎ᠠ | ᠵᠤᠭᠠᠴᠠᠯ ᠵᠡᠷᠭᠡ ᠬᠦᠷᠢᠶ᠎ᠡ ᠬᠡᠪᠴᠢᠶᠡᠨ ᠤ ᠬᠠᠮᠲᠤᠷᠠᠯᠴᠠᠨ ᠬᠥᠭᠵᠢᠬᠦ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ︵ᠳᠥᠷᠪᠡ︶ ᠵᠢᠭᠤᠯᠴᠢᠯᠠᠯ ᠰᠣᠶᠣᠯ ᠤᠨ ᠠᠵᠤ ᠦᠢᠯᠡᠰ ᠤᠨ ᠬᠥᠭᠵᠢᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠵᠢᠭᠤᠯᠴᠢᠯᠠᠯ ᠰᠣᠶᠣᠯ ᠤᠨ ᠡᠬᠢ | ᠪᠠᠶᠠᠯᠢᠭ ᠢ ᠨᠢᠭᠡᠳᠦᠭᠦᠯᠦᠨ ᠨᠡᠭᠡᠭᠡᠨ ᠬᠥᠭᠵᠢᠭᠦᠯᠵᠦ᠂ ᠪᠦᠬᠦ ᠣᠷᠣᠨ ᠪᠦᠰᠡ᠂ ᠳᠦᠷᠪᠡᠨ ᠤᠯᠠᠷᠢᠯ᠂ ᠬᠢᠯᠢ ᠠᠯᠤᠰᠯᠠᠭᠰᠠᠨ ᠵᠢᠭᠤᠯᠴᠢᠯᠠᠯ ᠢ ᠠᠭᠤᠰᠤᠯᠴᠠᠭᠤᠯᠤᠨ | ᠬᠥᠭᠵᠢᠭᠦᠯᠦᠭᠰᠡᠨ ᠰᠢᠨ᠎ᠡ ᠪᠠᠶᠢᠳᠠᠯ ᠢ ᠪᠣᠢ ᠪᠣᠯᠭᠠᠨ᠎ᠠ᠃ | ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠦᠨ᠎ᠡ᠃ ᠦᠵᠡᠮᠵᠢᠲᠦ ᠣᠷᠣᠨ ᠤ ᠳᠡᠰ ᠳᠡᠪᠰᠢᠭᠦᠯᠬᠦ | ᠢᠨᠵᠧᠨᠧᠷᠢᠩ ᠢ ᠤᠯᠠᠮ ᠨᠢᠭᠡ ᠠᠯᠬᠤᠮ ᠬᠡᠷᠡᠭᠵᠢᠭᠦᠯᠵᠦ᠂ 7900 ᠲᠦᠮᠡᠨ ᠲᠥᠭᠦᠷᠢᠭ ᠪᠡᠯᠡ ᠣᠷᠣᠭᠤᠯᠬᠤ ᠪᠠᠷ ᠲᠥᠯᠥᠪᠯᠡᠵᠦ᠂ ᠨᠣᠭᠤᠭᠠᠨᠨᠠᠭᠤᠷ ᠲᠠᠬᠢ ᠭᠤᠸᠠᠩ | ᠴᠢ ᠮᠠᠰᠢᠨ ᠲᠡᠷᠭᠡᠨ ᠤ ᠪᠦᠯᠦᠭᠯᠡᠯ ᠤᠨ ᠬᠦᠢᠲᠡᠨ ᠣᠷᠣᠨ ᠤ ᠲᠤᠷᠰᠢᠯᠲᠠ ᠶᠢᠨ ᠲᠠᠯᠠᠪᠤᠷ᠂ ᠭᠠᠨᠵᠤᠤᠷ ᠰᠦᠮ᠎ᠡ᠂ ᠨᠣᠮᠣᠨ ᠬᠠᠨ ᠳᠠᠶᠢᠨ ᠤ ᠪᠠᠭᠤᠷᠢ᠂ ᠪᠠᠷᠭᠤ | ᠮᠣᠩᠭᠤᠯ ᠠᠶᠢᠮᠠᠭ ᠵᠡᠷᠭᠡ ᠭᠤᠣᠯᠳᠠᠯᠭᠠᠲᠤ ᠵᠢᠭᠤᠯᠴᠢᠯᠠᠯ ᠤᠨ ᠦᠵᠡᠮᠵᠢᠲᠦ ᠣᠷᠣᠨ ᠢ ᠰᠢᠨ᠎ᠡ ᠪᠠᠷ ᠥᠷᠭᠡᠳᠬᠡᠨ ᠪᠠᠶᠢᠭᠤᠯᠵᠤ᠂ ᠪᠠᠰᠠ ᠨᠢᠭᠡ 4A ᠳᠡᠰ ᠤᠨ | ᠦᠵᠡᠮᠵᠢᠲᠦ ᠣᠷᠣᠨ ᠢ ᠪᠠᠶᠢᠭᠤᠯᠤᠨ᠎ᠠ᠃ ᠶᠡᠬᠡᠠ᠋ᠭᠤᠯᠠ ᠦᠵᠡᠮᠵᠢᠲᠦ ᠣᠷᠣᠨ ᠤ ᠪᠦᠬᠦᠯᠢ ᠴᠣᠭᠴᠠ ᠶᠢᠨ ᠴᠢᠳᠠᠮᠵᠢ ᠶᠢ ᠲᠡᠭᠦᠯᠳᠡᠷᠵᠢᠭᠦᠯᠵᠦ᠂ ᠬᠥᠯᠥᠨ ᠪᠣᠶᠢᠷ ᠤᠨ | ᠲᠠᠯ᠎ᠠ ᠨᠤᠲᠤᠭ ᠤᠨ ᠵᠤᠭᠠᠴᠠᠯ ᠤᠨ ᠣᠷᠣᠨ ᠤ ᠪᠠᠶᠢᠭᠤᠯᠤᠯᠲᠠ ᠳᠤ ᠪᠦᠬᠦ ᠲᠠᠯ᠎ᠠ ᠪᠠᠷ ᠠᠭᠤᠰᠤᠯᠴᠠᠭᠤᠯᠤᠨ᠎ᠠ᠃ ᠠᠮᠤᠭᠤᠯᠠᠩ ᠪᠠᠯᠭᠠᠰᠤᠨ ᠤ ᠵᠢᠭᠤᠯᠴᠢᠯᠠᠯ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠪᠠᠯᠭᠠᠰᠤᠨ ᠤ ᠨᠤᠭᠤ ᠭᠠᠵᠠᠷ ᠤᠨ ᠴᠡᠴᠡᠷᠯᠢᠭ᠂ ᠭᠠᠨᠵᠤᠤᠷ ᠰᠦᠮ᠎ᠡ ᠶᠢᠨ | ᠦᠵᠡᠮᠵᠢ ᠶᠢᠨ ᠣᠷᠣᠨ᠂ ᠥᠯᠵᠡᠶᠢᠲᠦ ᠷᠠᠰᠢᠶᠠᠨ ᠤ ᠴᠡᠴᠡᠷᠯᠢᠭ᠂ ᠮᠣᠩᠭᠤᠯ ᠡᠮ ᠡᠮᠨᠡᠯᠭᠡ ᠪᠣᠯᠣᠨ ᠹᠢᠽᠢᠺ ᠤᠨ ᠡᠮᠴᠢᠯᠡᠯ ᠵᠡᠷᠭᠡ ᠡᠬᠢ ᠪᠠᠶᠠᠯᠢᠭ ᠢ | ᠰᠢᠯᠢᠳᠡᠭᠵᠢᠭᠦᠯᠦᠨ ᠪᠠᠶᠢᠭᠤᠯᠵᠤ᠂ ᠠᠮᠤᠭᠤᠯᠠᠩ ᠪᠠᠯᠭᠠᠰᠤ ᠶᠢ ᠵᠤᠭᠠᠴᠠᠨ ᠲᠣᠭᠤᠷᠢᠬᠤ᠂ ᠪᠡᠶ᠎ᠡ ᠴᠢᠭᠢᠷᠠᠭᠵᠢᠭᠤᠯᠤᠨ ᠰᠤᠪᠢᠯᠠᠬᠤ᠂ ᠵᠤᠭᠠᠴᠠᠭᠰᠠᠳ ᠢ ᠲᠥᠪᠯᠡᠷᠡᠭᠦᠯᠬᠦ | ᠲᠥᠪ ᠵᠡᠷᠭᠡ ᠶᠢ ᠨᠢᠭᠡ ᠴᠣᠭᠴᠠᠵᠢᠭᠤᠯᠤᠭᠰᠠᠨ ᠣᠷᠣᠨ ᠪᠦᠰᠡ ᠶᠢᠨ ᠴᠢᠨᠠᠷᠲᠠᠢ ᠭᠤᠣᠯ ᠵᠢᠭᠤᠯᠴᠢᠯᠠᠯ ᠤᠨ ᠬᠤᠲᠠ ᠪᠠᠯᠭᠠᠰᠤ ᠪᠣᠯᠭᠠᠨ ᠪᠠᠶᠢᠭᠤᠯᠤᠨ᠎ᠠ᠃ ᠬᠠᠨᠳᠠᠭᠠᠢ | ᠰᠤᠮᠤ ᠪᠠ ᠣᠯᠠᠨᠨᠠᠭᠤᠷ᠂ ᠭᠠᠨᠵᠤᠤᠷ ᠭᠠᠴᠠᠭ᠎ᠠ ᠶᠢ ᠣᠨᠴᠠᠯᠢᠭᠲᠤ ᠵᠢᠭᠤᠯᠴᠢᠯᠠᠯ ᠤᠨ ᠰᠤᠮᠤ ᠭᠠᠴᠠᠭ᠎ᠠ ᠪᠣᠯᠭᠠᠨ ᠦᠷᠭᠦᠯᠵᠢᠯᠡᠨ ᠪᠠᠶᠢᠭᠤᠯᠬᠤ ᠶᠢ ᠲᠦᠯᠬᠢᠨ | ᠠᠬᠢᠭᠤᠯᠤᠨ᠎ᠠ᠃ ︽ᠬᠠᠶᠢᠯᠠᠷ ᠮᠠᠨᠵᠤᠤᠷ ᠷᠠᠰᠢᠶᠠᠨ︾ ᠣᠷᠣᠨ ᠤ ᠵᠢᠭᠤᠯᠴᠢᠯᠠᠯ ᠤᠨ ᠵᠠᠮ ᠱᠤᠭᠤᠮ ᠳᠠᠭᠠᠤ 60 ᠮᠠᠯᠵᠢᠬᠤ ᠡᠷᠦᠬᠡ ᠪᠣᠯᠣᠨ ᠦᠢᠯᠡᠳᠪᠦᠷᠢᠯᠡᠯ ᠤᠨ | ᠴᠡᠭ ᠢ ᠰᠣᠩᠭᠤᠵᠤ᠂ ᠠᠮᠢ ᠠᠬᠤᠢ ᠶᠢᠨ ᠭᠡᠷ ᠪᠦᠯᠢ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠮᠠᠯᠵᠢᠯ ᠤᠨ ᠲᠠᠯᠠᠪᠠᠢ ᠶᠢ ᠪᠠᠶᠢᠭᠤᠯᠤᠨ᠎ᠠ᠃ ᠵᠢᠭᠤᠯᠴᠢᠯᠠᠯ ᠤᠨ | ᠢᠯᠡᠷᠬᠡᠶᠢᠯᠡᠭᠴᠢ ᠲᠡᠮᠳᠡᠭ᠂ ᠤᠯᠠᠭ᠎ᠠ ᠥᠷᠲᠡᠭᠡ᠂ ᠵᠣᠷᠯᠣᠩ ᠵᠡᠷᠭᠡ ᠦᠢᠯᠡᠴᠢᠯᠡᠭᠡᠨ ᠤ ᠲᠥᠬᠦᠭᠡᠷᠦᠮᠵᠢ ᠶᠢᠨ ᠪᠠᠷᠢᠮᠵᠢᠶ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠣᠶᠤᠨᠴᠢ ᠵᠢᠭᠤᠯᠴᠢᠯᠠᠯ ᠤᠨ ᠲᠣᠮᠣ ᠳ᠋ᠠᠶᠢᠲᠨ ᠶᠢᠨ ᠲᠠᠪᠴᠠᠩ ᠤᠨ ᠪᠠᠶᠢᠭᠤᠯᠤᠯᠲᠠ ᠶᠢ ᠢᠳᠡᠪᠬᠢᠲᠡᠢ ᠲᠦᠯᠬᠢᠨ ᠠᠬᠢᠭᠤᠯᠤᠨ᠎ᠠ᠃ ᠵᠢᠭᠤᠯᠴᠢᠯᠠᠯ ᠤᠨ ᠵᠠᠬ᠎ᠠ ᠳᠡᠯᠭᠡᠭᠦᠷ | ᠢ ᠶᠡᠷᠦᠩᠬᠡᠶᠢᠯᠡᠨ ᠵᠠᠰᠠᠬᠤ᠂ ᠪᠣᠯᠪᠠᠰᠤᠨ ᠵᠢᠭᠤᠯᠴᠢᠯᠠᠯ ᠢ ᠤᠬᠠᠭᠤᠯᠬᠤ ᠬᠦᠴᠦᠯᠡᠴᠡ ᠪᠠᠨ ᠴᠢᠩᠭᠠᠳᠬᠠᠨ᠎ᠠ᠃ | ᠵᠢᠭᠤᠯᠴᠢᠯᠠᠯ ᠤᠨ ᠠᠵᠤ ᠦᠢᠯᠡᠰ ᠢ ᠤᠶᠠᠯᠳᠤᠭᠤᠯᠤᠨ ᠬᠥᠭᠵᠢᠭᠦᠯᠬᠦ ᠶᠢ ᠪᠦᠬᠦ ᠲᠠᠯ᠎ᠠ ᠪᠠᠷ ᠠᠬᠢᠭᠤᠯᠤᠨ᠎ᠠ᠃ ᠵᠢᠭᠤᠯᠴᠢᠯᠠᠯ ᠬᠢᠭᠡᠳ ᠪᠠᠶᠢᠭᠠᠯᠢ ᠠᠮᠢ ᠠᠬᠤᠢ᠂ | ᠪᠠᠷᠭᠤ ᠠᠷᠠᠳ ᠤᠨ ᠵᠠᠩ ᠦᠢᠯᠡ ᠰᠣᠶᠣᠯ ᠲᠠᠮᠢᠷ ᠢ ᠭᠦᠨᠵᠡᠭᠡᠢ ᠤᠶᠠᠯᠳᠤᠭᠤᠯᠤᠨ᠂ ᠮᠥᠩᠭᠦᠨ ᠪᠠᠷᠭᠤ᠂ ᠮᠣᠩᠭᠤᠯ ᠦᠨᠳᠦᠰᠦᠲᠡᠨ ᠤ ᠤᠷᠳᠤ ᠶᠢᠨ ᠳᠠᠭᠤᠤ ᠶᠢᠨ | ᠤᠷᠤᠯᠳᠤᠭᠠᠨ᠂ ︽ᠪᠠᠽᠠᠷᠭᠠᠨᠲᠠ ᠬᠤᠨᠳᠠᠭᠠᠲᠤ︾ ᠳᠤᠮᠳᠠᠳᠤ ᠣᠷᠣᠰ ᠮᠣᠩᠭᠤᠯ ᠤᠯᠤᠰ ᠤᠨ ᠴᠢᠯᠦᠭᠡᠲᠦ ᠮᠠᠶ᠋ᠢᠭ ᠤᠨ ᠪᠥᠬᠡ ᠶᠢᠨ ᠤᠷᠤᠯᠳᠤᠭᠠᠨ᠂ ᠪᠠᠷᠭᠤ ᠰᠣᠶᠣᠯ | ᠤᠷᠠᠯᠢᠭ ᠤᠨ ᠨᠠᠶᠢᠷ ᠵᠡᠷᠭᠡ ᠬᠥᠳᠡᠯᠭᠡᠭᠡᠨ ᠤ ᠬᠡᠪ ᠪᠠᠷᠢᠮᠵᠢᠶ᠎ᠠ ᠶᠢ ᠬᠦᠴᠦᠯᠡᠨ ᠳᠡᠭᠡᠭᠰᠢᠯᠡᠭᠦᠯᠵᠦ᠂ ︽ᠵᠢᠭᠤᠯᠴᠢᠯᠠᠯ+ ᠰᠣᠶᠣᠯ+ ᠲᠠᠮᠢᠷ︾ ᠢ ᠵᠣᠬᠢᠴᠠᠭᠤᠯᠤᠨ | ᠬᠥᠭᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ᠂ ᠣᠢ ᠰᠢᠭᠤᠢ᠂ ᠵᠢᠭᠠᠰᠤᠨ ᠤ ᠦᠢᠯᠡᠰ ᠢ ᠣᠷᠭᠠᠨᠢᠭ ᠢᠶᠠᠷ ᠤᠶᠠᠯᠳᠤᠭᠤᠯᠤᠭᠰᠠᠨ ᠣᠨᠴᠠᠯᠢᠭ ᠪᠦᠬᠦᠢ | ᠲᠣᠭᠤᠷᠢᠨ ᠵᠤᠭᠠᠴᠠᠬᠤ᠂ ᠣᠶᠢᠯᠠᠭᠠᠨ ᠵᠤᠭᠠᠴᠠᠬᠤ ᠲᠥᠷᠥᠯ ᠵᠦᠢᠯ ᠢ ᠬᠥᠭᠵᠢᠭᠦᠯᠦᠨ ᠪᠤᠵᠠᠭᠠᠶᠢᠷᠠᠭᠤᠯᠵᠤ᠂ ᠡᠪᠦᠯ ᠤᠨ ᠤᠯᠠᠷᠢᠯ ᠳᠤ ᠵᠢᠭᠠᠰᠤ ᠠᠩᠨᠠᠬᠤ᠂ ᠭᠡᠷ ᠪᠦᠯᠢ | ᠶᠢᠨ ᠮᠠᠯᠵᠢᠯ ᠤᠨ ᠲᠠᠯᠠᠪᠠᠢ ᠵᠡᠷᠭᠡ ᠠᠵᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠵᠦ᠂ ︽ᠵᠢᠭᠤᠯᠴᠢᠯᠠᠯ+ ᠣᠢ ᠰᠢᠭᠤᠢ᠂ ᠮᠠᠯ ᠠᠵᠤ ᠠᠬᠤᠢ︾ ᠶᠢ | ᠵᠣᠬᠢᠴᠠᠭᠤᠯᠤᠨ ᠬᠥᠭᠵᠢᠭᠦᠯᠦᠨ᠎ᠡ᠃ ᠮᠠᠨ ᠤ ᠬᠤᠰᠢᠭᠤᠨ ᠤ ᠡᠯᠪᠡᠭ ᠪᠠᠶᠠᠯᠢᠭ ᠮᠣᠩᠭᠤᠯ ᠡᠮ ᠡᠮᠨᠡᠯᠭᠡ ᠶᠢᠨ ᠡᠬᠢ ᠪᠠᠶᠠᠯᠢᠭ ᠢᠶᠠᠨ ᠲᠦᠰᠢᠭᠯᠡᠨ᠂ ︽ᠵᠢᠭᠤᠯᠴᠢᠯᠠᠯ+ | ᠪᠡᠶ᠎ᠡ ᠴᠢᠭᠢᠷᠠᠭᠵᠢᠭᠤᠯᠤᠨ ᠰᠤᠪᠢᠯᠠᠬᠤ︾ ᠵᠢᠱᠢᠶ᠎ᠡ ᠦᠵᠡᠭᠦᠯᠬᠦ ᠲᠥᠷᠥᠯ ᠵᠦᠢᠯ ᠢ ᠰᠦᠪᠡᠭᠴᠢᠯᠡᠨ ᠪᠠᠶᠢᠭᠤᠯᠤᠨ᠎ᠠ᠃ ᠨᠢᠭᠡ ᠪᠦᠯᠦᠭ ᠳᠡᠭᠡᠳᠦ ᠪᠠᠷᠢᠮᠵᠢᠶᠠᠲᠤ ᠬᠤᠪᠢ | ᠶᠢᠨ ᠮᠠᠰᠢᠨ ᠵᠢᠯᠣᠭᠤᠳᠤᠨ ᠵᠤᠭᠠᠴᠠᠬᠤ ᠰᠠᠭᠤᠷᠢᠨ ᠭᠠᠵᠠᠷ ᠢ ᠲᠥᠯᠥᠪᠯᠡᠨ ᠪᠠᠶᠢᠭᠤᠯᠵᠤ᠂ ᠲᠠᠯ᠎ᠠ ᠨᠤᠲᠤᠭ᠂ ᠣᠢ ᠰᠢᠭᠤᠢ ᠰᠣᠶᠣᠯ ᠤᠨ ᠪᠦᠬᠦ ᠣᠷᠣᠨ ᠪᠦᠰᠡ ᠶᠢᠨ | ᠵᠢᠭᠤᠯᠴᠢᠯᠠᠯ ᠤᠨ ᠬᠥᠭᠵᠢᠯᠲᠡ ᠳᠤ ᠰᠠᠭᠤᠷᠢ ᠲᠠᠯᠪᠢᠨ᠎ᠠ᠃ | ᠬᠢᠯᠢ ᠠᠯᠤᠰᠯᠠᠭᠰᠠᠨ ᠵᠢᠭᠤᠯᠴᠢᠯᠠᠯ ᠤᠨ ᠦᠢᠯᠡᠰ ᠤᠨ ᠬᠡᠪᠴᠢᠶᠡᠵᠢᠯ ᠢ ᠢᠳᠡᠪᠬᠢᠲᠡᠢ ᠥᠷᠭᠡᠳᠬᠡᠨ᠎ᠡ᠃ ᠬᠢᠯᠢ ᠠᠯᠤᠰᠯᠠᠭᠰᠠᠨ ᠵᠤᠭᠠᠴᠠᠯ ᠤᠨ ᠪᠤᠰᠤᠳ ᠭᠠᠵᠠᠷ | ᠸᠢᠰᠠ ᠭᠦᠢᠴᠡᠳᠬᠡᠬᠦ᠂ 72 ᠴᠠᠭ ᠳᠣᠲᠣᠷ᠎ᠠ ᠬᠢᠯᠢ ᠪᠠᠷ ᠨᠡᠪᠲᠡᠷᠡᠬᠦ ᠳᠤ ᠸᠢᠰᠠ ᠭᠠᠷᠳᠠᠮ ᠦᠯᠦ ᠭᠦᠢᠴᠡᠳᠬᠡᠬᠦ᠂ 8 ᠰᠠᠭᠤᠳᠠᠯ ᠠᠴᠠ ᠳᠣᠷᠣᠭᠰᠢ ᠪᠠᠭ᠎ᠠ ᠬᠡᠯᠪᠡᠷᠢ | ᠶᠢᠨ ᠮᠠᠰᠢᠨ ᠲᠡᠷᠭᠡ ᠶᠢ ᠬᠢᠯᠢ ᠶᠢᠨ ᠪᠣᠭᠤᠮᠲᠠ ᠪᠠᠷ ᠣᠨᠴᠠ ᠨᠡᠪᠲᠡᠷᠡᠭᠦᠯᠬᠦ ᠵᠡᠷᠭᠡ ᠳᠥᠲᠡ ᠲᠥᠷᠥ ᠶᠢᠨ ᠪᠣᠳᠣᠯᠭ᠎ᠠ ᠶᠢ ᠢᠳᠡᠪᠬᠢᠲᠡᠢ ᠲᠦᠯᠬᠢᠨ ᠠᠬᠢᠭᠤᠯᠤᠨ᠎ᠠ᠃ | ᠮᠠᠨ ᠤ ᠬᠤᠰᠢᠭᠤ ᠠᠴᠠ ᠮᠣᠩᠭᠤᠯ ᠤᠯᠤᠰ ᠤᠨ ᠬᠠᠯᠬ᠎ᠠ ᠰᠤᠮᠤ᠂ ᠪᠣᠶᠢᠷ ᠨᠠᠭᠤᠷ ᠬᠦᠷᠬᠦ ᠬᠢᠯᠢ ᠠᠯᠤᠰᠯᠠᠭᠰᠠᠨ ᠵᠢᠭᠤᠯᠴᠢᠯᠠᠯ ᠤᠨ ᠬᠠᠮᠲᠤᠷᠠᠯᠴᠠᠭᠠᠨ ᠤ ᠣᠷᠣᠨ᠂ | ᠬᠢᠯᠢ ᠠᠯᠤᠰᠯᠠᠭᠰᠠᠨ ᠳᠦᠷᠪᠡᠨ ᠤᠯᠠᠷᠢᠯ ᠤᠨ ᠵᠢᠭᠤᠯᠴᠢᠯᠠᠯ ᠨᠡᠭᠡᠭᠡᠵᠦ ᠬᠠᠮᠲᠤᠷᠠᠨ ᠠᠵᠢᠯᠯᠠᠬᠤ ᠲᠥᠷᠥᠯ ᠵᠦᠢᠯ ᠢ ᠴᠢᠷᠮᠠᠶᠢᠨ ᠣᠯᠵᠤ ᠬᠡᠷᠡᠭᠵᠢᠭᠦᠯᠦᠨ᠂ ᠳᠤᠮᠳᠠᠳᠤ | ᠣᠷᠣᠰ ᠮᠣᠩᠭᠤᠯ ᠤᠯᠤᠰ ᠤᠨ ︽ᠭᠤᠷᠪᠠᠨ ᠨᠠᠭᠤᠷ ᠤᠨ ᠵᠢᠭᠤᠯᠴᠢᠯᠠᠯ︾ ᠪᠣᠯᠣᠨ ︽ᠴᠠᠰᠤ ᠮᠥᠰᠥᠲᠦ ᠮᠣᠩᠭᠤᠯ ᠤᠯᠤᠰ ᠤᠨ ᠵᠢᠭᠤᠯᠴᠢᠯᠠᠯ︾ ᠤᠨ ᠬᠤᠪᠢ ᠶᠢᠨ | ᠮᠠᠰᠢᠨ ᠵᠢᠯᠣᠭᠤᠳᠤᠨ ᠵᠤᠭᠠᠴᠠᠬᠤ ᠬᠥᠳᠡᠯᠭᠡᠭᠡᠨ ᠢ ᠲᠥᠰᠥᠪᠯᠡᠨ ᠵᠣᠬᠢᠶᠠᠨ ᠪᠠᠶᠢᠭᠤᠯᠵᠤ᠂ ᠵᠤᠭᠠᠴᠠᠨ ᠠᠮᠠᠷᠠᠬᠤ᠂ ᠬᠢᠯᠢ ᠶᠢᠨ ᠭᠠᠳᠠᠨ᠎ᠠ ᠪᠡᠶᠡᠴᠢᠯᠡᠨ ᠣᠶᠢᠯᠠᠭᠠᠬᠤ᠂ | ᠰᠡᠯᠡᠭᠦᠴᠡᠯ ᠬᠤᠳᠠᠯᠳᠤᠭ᠎ᠠ ᠵᠡᠷᠭᠡ ᠴᠢᠳᠠᠪᠬᠢ ᠶᠢ ᠨᠢᠭᠡ ᠴᠣᠭᠴᠠᠵᠢᠭᠤᠯᠤᠭᠰᠠᠨ ᠵᠢᠭᠤᠯᠴᠢᠯᠠᠯ ᠤᠨ ᠪᠦᠲᠦᠭᠡᠭᠳᠡᠬᠦᠨ ᠪᠣᠯᠣᠨ ᠪᠣᠭᠤᠮᠲᠠ ᠠᠯᠤᠰᠯᠠᠨ ᠬᠢᠯᠢ ᠪᠠᠷ ᠣᠷᠣᠵᠤ | ᠭᠠᠷᠬᠤ᠂ ᠣᠷᠣᠰ ᠮᠣᠩᠭᠤᠯ ᠤᠯᠤᠰ ᠤᠨ ᠬᠥᠷᠰᠢ ᠵᠡᠷᠭᠡᠯᠡᠳᠡᠭᠡ ᠭᠠᠵᠠᠷ ᠣᠷᠣᠨ ᠢᠶᠠᠷ ᠨᠡᠪᠲᠡᠷᠡᠬᠦ ᠰᠢᠯᠢᠳᠡᠭ ᠵᠢᠭᠤᠯᠴᠢᠯᠠᠯ ᠤᠨ ᠵᠠᠮ ᠱᠤᠭᠤᠮ ᠢ ᠡᠭᠦᠳᠦᠨ᠎ᠡ᠃ | ︵ᠲᠠᠪᠤ︶ ᠴᠡᠪᠡᠷ ᠡᠨᠧᠷᠭᠢ ᠰᠤᠷᠪᠤᠯᠵᠢ ᠶᠢᠨ ᠨᠡᠭᠡᠭᠡᠨ ᠠᠰᠢᠭᠯᠠᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠭᠡᠷᠡᠯ ᠡᠨᠧᠷᠭᠢ ᠪᠠᠷ ᠴᠠᠬᠢᠯᠭᠠᠨ | ᠡᠭᠦᠰᠬᠡᠬᠦ ︽ᠳᠠᠭᠠᠭᠤᠯᠤᠭᠴᠢ︾ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠲᠦᠰᠢᠭ ᠪᠣᠯᠭᠠᠵᠤ᠂ ᠴᠡᠪᠡᠷ ᠡᠨᠧᠷᠭᠢ ᠰᠤᠷᠪᠤᠯᠵᠢ ᠶᠢ ᠵᠥᠭᠡᠭᠡᠪᠦᠷᠢᠯᠡᠬᠦ | ᠬᠡᠪᠴᠢᠶ᠎ᠡ ᠶᠢ ᠥᠷᠭᠡᠳᠬᠡᠵᠦ᠂ ᠮᠧᠩ ᠯᠢ᠂ ᠡᠦ ᠯᠢᠩ᠂ ᠢᠦᠢ ᠬᠠᠨ ᠵᠡᠷᠭᠡ ᠭᠡᠷᠡᠯ ᠡᠨᠧᠷᠭᠢ ᠶᠢᠨ ᠲᠣᠯᠣᠭᠠᠶᠢᠯᠠᠭᠴᠢ ᠠᠵᠤ ᠠᠬᠤᠶᠢᠯᠠᠯ ᠢ ᠥᠷᠭᠡᠳᠬᠡᠨ | ᠬᠥᠭᠵᠢᠭᠦᠯᠵᠦ᠂ ᠵᠦᠩ ᠾᠧ ᠵᠡᠭᠦᠨ ᠬᠤᠶᠢᠲᠤ ᠣᠷᠣᠨ ᠤ ᠰᠢᠨ᠎ᠡ ᠡᠨᠧᠷᠭᠢ ᠰᠤᠷᠪᠤᠯᠵᠢ ᠶᠢᠨ100 ᠰᠠᠶ᠎ᠠ ᠸᠠᠲ ᠭᠡᠷᠡᠯ ᠡᠨᠧᠷᠭᠢ ᠶᠢᠨ ᠲᠥᠷᠥᠯ ᠵᠦᠢᠯ ᠪᠠᠶᠢᠭᠤᠯᠬᠤ | ᠶᠢ ᠳᠡᠮᠵᠢᠵᠦ᠂ 10 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠣᠭᠤᠯᠬᠤ ᠪᠠᠷ ᠴᠢᠷᠮᠠᠶᠢᠨ᠎ᠠ᠃ ᠳ᠋ᠠᠴᠢᠩ ᠤᠨ ᠴᠢᠯᠠᠭᠤᠨ ᠲᠣᠰᠣᠨ ᠤ ᠬᠠᠶᠢᠨ ᠨᠡᠭᠡᠭᠡᠬᠦ | ᠲᠥᠷᠥᠯ ᠵᠦᠢᠯ ᠤᠨ ᠦᠢᠯᠡᠳᠪᠦᠷᠢᠯᠡᠯ ᠤᠨ ᠬᠡᠪᠴᠢᠶ᠎ᠡ ᠶᠢ ᠥᠷᠭᠡᠳᠬᠡᠬᠦ ᠶᠢ ᠦᠷᠭᠦᠯᠵᠢᠯᠡᠨ ᠲᠦᠯᠬᠢᠨ ᠠᠬᠢᠭᠤᠯᠵᠤ᠂ ᠰᠢᠨ ᠶᠦᠸᠧ ᠲᠡᠮᠦᠷ ᠵᠡᠰ ᠤᠨ ᠠᠭᠤᠷᠬᠠᠢ | ᠮᠠᠯᠲᠠᠬᠤ ᠢᠨᠵᠧᠨᠧᠷᠢᠩ ᠤᠨ ᠲᠥᠷᠥᠯ ᠵᠦᠢᠯ ᠢ ᠳᠡᠮᠵᠢᠵᠦ᠂ ᠭᠠᠷᠤᠯᠲᠠ ᠶᠢ ᠪᠠᠷᠢᠮᠵᠢᠶᠠᠨ ᠳᠤ ᠬᠦᠷᠭᠡᠵᠦ ᠦᠷ᠎ᠡ ᠠᠰᠢᠭ ᠨᠡᠮᠡᠭᠳᠡᠭᠦᠯᠬᠦ ᠪᠠᠷ ᠴᠢᠷᠮᠠᠶᠢᠨ᠎ᠠ᠃ ᠮᠠᠨᠵᠤᠤᠷ | ᠵᠡᠭᠦᠨ ᠬᠤᠰᠢᠭᠤᠨ ᠤ ᠠᠵᠤ ᠦᠢᠯᠡᠰ ᠤᠨ ᠬᠦᠷᠢᠶᠡᠯᠡᠩ ᠪᠠᠶᠢᠭᠤᠯᠬᠤ ᠠᠬᠢᠴᠠ ᠶᠢ ᠲᠦᠷᠭᠡᠳᠬᠡᠵᠦ᠂ ᠢᠵᠢ ᠪᠦᠷᠢᠳᠦᠭᠰᠡᠨ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠵᠦ᠂ ᠳᠠᠪᠠᠭᠤᠯᠢᠭ ᠡᠬᠢ ᠪᠠᠶᠠᠯᠢᠭ ᠲᠤ ᠰᠠᠭᠤᠷᠢᠯᠠᠵᠤ᠂ ᠭᠤᠣᠯᠳᠠᠯᠭᠠᠲᠤ ᠲᠥᠷᠥᠯ ᠵᠦᠢᠯ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠠᠵᠢᠯ ᠢ ᠰᠠᠶᠢᠲᠤᠷ ᠠᠳᠬᠤᠵᠤ᠂ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠳᠤ ᠵᠣᠬᠢᠴᠠᠭᠰᠠᠨ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ | ᠳᠡᠰ ᠳᠡᠪᠰᠢᠭᠦᠯᠬᠦ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠲᠣᠬᠢᠷᠠᠭᠰᠠᠨ ᠨᠢᠭᠡ ᠪᠦᠯᠦᠭ ᠲᠣᠮᠣ ᠰᠢᠯᠢᠳᠡᠭ ᠲᠥᠷᠥᠯ ᠵᠦᠢᠯ ᠢ ᠭᠤᠣᠯᠳᠠᠯᠭ᠎ᠠ ᠲᠠᠢ | ᠬᠡᠷᠡᠭᠵᠢᠭᠦᠯᠦᠨ᠎ᠡ᠃ | ︵ᠵᠢᠷᠭᠤᠭ᠎ᠠ︶ ᠮᠠᠯ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠮᠠᠯ ᠠᠵᠤ ᠠᠬᠤᠢ | ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠵᠤ᠂ ᠦᠬᠡᠷ ᠢ ᠨᠡᠮᠡᠭᠳᠡᠭᠦᠯᠵᠦ ᠬᠤᠨᠢ ᠶᠢ | ᠴᠥᠭᠡᠳᠬᠡᠬᠦ᠂ ᠴᠥᠭᠡᠨ ᠲᠡᠵᠢᠭᠡᠵᠦ ᠨᠠᠷᠢᠯᠢᠭ ᠠᠷᠠᠴᠢᠯᠠᠬᠤ᠂ ︽ᠨᠡᠷᠡᠲᠦ ᠰᠢᠯᠢᠳᠡᠭ ᠣᠨᠴᠠ ᠨᠠᠷᠢᠯᠢᠭ︾ ᠬᠥᠭᠵᠢᠯᠲᠡ ᠶᠢᠨ ᠵᠠᠮ ᠢᠶᠠᠷ ᠵᠠᠮᠨᠠᠵᠤ᠂ ᠮᠠᠯ ᠠᠵᠤ ᠠᠬᠤᠢ | ᠶᠢᠨ ᠦᠷ᠎ᠡ ᠠᠰᠢᠭ ᠬᠢᠭᠡᠳ ᠮᠠᠯᠴᠢᠳ ᠤᠨ ᠣᠷᠣᠯᠭ᠎ᠠ ᠶᠢ ᠨᠡᠮᠡᠭᠳᠡᠭᠦᠯᠵᠦ᠂ ᠮᠠᠯᠵᠢᠬᠤ ᠣᠷᠣᠨ ᠤ ᠠᠮᠢ ᠠᠬᠤᠢ ᠶᠢ ᠬᠠᠮᠠᠭᠠᠯᠠᠨ᠎ᠠ᠃ ᠡᠨᠡ ᠵᠢᠯ ᠦᠬᠡᠷ᠂ ᠠᠳᠤᠭᠤ᠂ | ᠬᠤᠨᠢ ᠶᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠮᠠᠯᠴᠢᠳ ᠤᠨ ᠲᠤᠰᠬᠠᠢ ᠬᠤᠷᠰᠢᠶᠠᠵᠢᠯ ᠪᠠᠶᠢᠭᠤᠯᠬᠤ ᠶᠢ ᠭᠤᠣᠯᠳᠠᠯᠭ᠎ᠠ ᠲᠠᠢ ᠠᠳᠬᠤᠵᠤ᠂ ᠦᠷ᠎ᠡ ᠶᠢᠨ ᠮᠠᠯ | ᠢ ᠣᠷᠣᠭᠤᠯᠵᠤ ᠬᠠᠮᠢᠶᠠᠷᠬᠤ ᠪᠠᠨ ᠴᠢᠩᠭᠠᠳᠬᠠᠨ᠂ ᠠᠵᠤ ᠦᠢᠯᠡᠰᠵᠢᠯᠲᠡ ᠶᠢ ᠳᠠᠶᠢᠴᠢᠯᠠᠨ ᠬᠥᠭᠵᠢᠭᠦᠯᠦᠨ᠎ᠡ᠃ | ᠪᠣᠬᠢᠷᠲᠤᠯ ᠦᠭᠡᠢ ᠠᠮᠢ ᠠᠬᠤᠶᠢᠴᠢ ᠮᠠᠯ ᠠᠵᠤ ᠠᠬᠤᠢ ᠶᠢᠨ ᠬᠥᠭᠵᠢᠯᠲᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠦᠷ᠎ᠡ ᠠᠰᠢᠭ ᠢᠶᠠᠨ | ᠨᠡᠮᠡᠭᠳᠡᠭᠦᠯᠦᠨ᠎ᠡ᠃ ᠮᠠᠯ ᠠᠵᠤ ᠠᠬᠤᠢ ᠳᠤ ᠬᠠᠷᠠᠭᠠᠯᠵᠠᠯ ᠦᠵᠡᠭᠦᠯᠬᠦ ᠡᠯ᠎ᠡ ᠲᠥᠷᠥᠯ ᠤᠨ ᠲᠥᠷᠥᠯ ᠵᠦᠢᠯ ᠢ ᠢᠳᠡᠪᠬᠢᠲᠡᠢ ᠴᠢᠷᠮᠠᠶᠢᠨ ᠣᠯᠵᠤ᠂ 2800 ᠲᠦᠮᠡᠨ | ᠲᠥᠭᠦᠷᠢᠭ ᠣᠷᠣᠭᠤᠯᠬᠤ ᠪᠠᠷ ᠲᠥᠯᠥᠪᠯᠡᠵᠦ᠂ ᠪᠣᠬᠢᠷᠲᠤᠯ ᠦᠭᠡᠢ ᠮᠠᠯ ᠲᠠᠷᠢᠶᠠᠯᠠᠩ ᠤᠨ ᠪᠦᠲᠦᠭᠡᠭᠳᠡᠬᠦᠨ ᠤ ᠮᠢᠬᠠᠨ ᠤ ᠬᠤᠨᠢ ᠶᠢ ᠠᠵᠤ ᠦᠢᠯᠡᠰᠵᠢᠭᠦᠯᠬᠦ ᠲᠥᠷᠥᠯ | ᠵᠦᠢᠯ᠂ 6 ᠪᠠᠷᠢᠮᠵᠢᠶᠠᠵᠢᠭᠰᠠᠨ ᠮᠢᠬᠠᠨ ᠤ ᠬᠤᠨᠢ᠂ ᠮᠢᠬᠠᠨ ᠤ ᠦᠬᠡᠷ ᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠠᠯᠠᠪᠠᠢ ᠶᠢᠨ ᠲᠥᠷᠥᠯ ᠵᠦᠢᠯ ᠪᠣᠯᠣᠨ | ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ᠂ ᠫᠧᠩ ᠰᠠᠷᠠᠪᠴᠢ ᠶᠢᠨ ᠨᠥᠬᠦᠪᠦᠷᠢ ᠶᠢᠨ ᠲᠥᠷᠥᠯ ᠵᠦᠢᠯ ᠢ ᠬᠡᠷᠡᠭᠵᠢᠭᠦᠯᠵᠦ᠂ ᠫᠧᠩ ᠰᠠᠷᠠᠪᠴᠢ᠂ | ᠲᠡᠵᠢᠭᠡᠯ ᠪᠣᠷᠳᠤᠭ᠎ᠠ ᠨᠥᠭᠡᠴᠡᠯᠡᠬᠦ ᠵᠡᠷᠭᠡ ᠰᠠᠭᠤᠷᠢ ᠲᠥᠬᠦᠭᠡᠷᠦᠮᠵᠢ ᠶᠢ ᠪᠠᠲᠤᠯᠠᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠾᠧ ᠮᠤ᠋ ᠶᠠᠩ | ᠭᠤᠸᠠᠩ ᠠᠩᠭᠧᠰ ᠮᠢᠬᠠᠨ ᠤ ᠦᠬᠡᠷ ᠲᠡᠵᠢᠭᠡᠨ ᠦᠷᠡᠵᠢᠭᠦᠯᠬᠦ ᠪᠣᠯᠣᠨ ᠪᠣᠯᠪᠠᠰᠤᠷᠠᠭᠤᠯᠬᠤ ᠶᠢ ᠨᠢᠭᠡ ᠴᠣᠭᠴᠠᠵᠢᠭᠤᠯᠤᠨ ᠦᠷᠭᠦᠯᠵᠢᠯᠡᠨ ᠪᠠᠶᠢᠭᠤᠯᠬᠤ ᠲᠥᠷᠥᠯ ᠵᠦᠢᠯ | ᠢ ᠬᠦᠴᠦᠯᠡᠨ ᠳᠡᠮᠵᠢᠵᠦ᠂ 5000 ᠲᠣᠯᠣᠭᠠᠢ ᠠᠦ᠋ᠰᠲᠷᠠᠯᠢᠶ᠎ᠠ ᠶᠢᠨ ᠠᠩᠭᠧᠰ ᠦᠬᠡᠷ ᠤᠨ ᠴᠡᠪᠡᠷ ᠡᠭᠦᠯᠳᠡᠷ ᠤᠨ ᠡᠬᠡ ᠮᠠᠯ ᠣᠷᠣᠭᠤᠯᠵᠤ᠂ ᠲᠡᠵᠢᠭᠡᠨ ᠦᠷᠡᠵᠢᠭᠦᠯᠬᠦ | ᠬᠡᠪᠴᠢᠶ᠎ᠡ ᠪᠠᠨ ᠤᠯᠠᠮ ᠨᠢᠭᠡ ᠠᠯᠬᠤᠮ ᠥᠷᠭᠡᠳᠬᠡᠨ᠎ᠡ᠃ ᠮᠠᠯ ᠰᠦᠷᠦᠭ ᠤᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠵᠤ᠂ 13 ᠢᠴᠡᠭᠡᠯ ᠦᠷ᠎ᠡ ᠶᠢᠨ | ᠬᠡᠭᠡᠯᠲᠦᠭᠦᠯᠭᠡ ᠶᠢᠨ ᠴᠡᠭ ᠪᠠᠶᠢᠭᠤᠯᠵᠤ᠂ ᠢᠴᠡᠭᠡᠯ ᠦᠷ᠎ᠡ ᠶᠢᠨ ᠬᠡᠭᠡᠯᠲᠦᠭᠦᠯᠭᠡ ᠬᠢᠬᠦ ᠦᠬᠡᠷ ᠤᠨ ᠲᠤᠭ᠎ᠠ ᠶᠢ 1.62 ᠲᠦᠮᠡᠨ ᠲᠣᠯᠣᠭᠠᠢ ᠳᠤ ᠬᠦᠷᠭᠡᠵᠦ᠂ 1 | ᠲᠦᠮᠡᠨ ᠲᠣᠯᠣᠭᠠᠢ ᠠᠩᠭᠧᠰ ᠮᠢᠬᠠᠨ ᠤ ᠦᠬᠡᠷ ᠲᠤ ᠢᠴᠡᠭᠡᠯ ᠦᠷ᠎ᠡ ᠶᠢᠨ ᠬᠡᠭᠡᠯᠲᠦᠭᠦᠯᠭᠡ ᠬᠢᠵᠦ ᠡᠭᠦᠯᠳᠡᠷ ᠰᠠᠶᠢᠵᠢᠷᠠᠭᠤᠯᠤᠨ᠎ᠠ᠃ ᠬᠥᠯᠥᠨ ᠪᠣᠶᠢᠷ ᠬᠤᠨᠢ ᠶᠢᠨ | ᠦᠷ᠎ᠡ ᠶᠢᠨ ᠮᠠᠯ ᠢ ᠥᠷᠭᠡᠳᠬᠡᠨ ᠦᠷᠡᠵᠢᠭᠦᠯᠬᠦ ᠲᠠᠯᠠᠪᠠᠢ ᠶᠢ ᠳᠦᠷᠢᠮᠵᠢᠭᠦᠯᠦᠨ ᠬᠠᠮᠢᠶᠠᠷᠴᠤ᠂ ᠪᠠᠷᠢᠮᠵᠢᠶᠠᠲᠤ ᠥᠷᠭᠡᠳᠬᠡᠨ ᠦᠷᠡᠵᠢᠭᠦᠯᠬᠦ ᠲᠠᠯᠠᠪᠠᠢ ᠶᠢ 15 ᠳᠤ | ᠬᠦᠷᠭᠡᠨ᠎ᠡ᠃ ᠨᠤᠲᠤᠭ ᠪᠡᠯᠴᠢᠭᠡᠷ ᠤᠨ ᠡᠷᠬᠡ ᠶᠢ ᠰᠢᠯᠵᠢᠭᠦᠯᠦᠨ ᠬᠡᠷᠡᠭᠯᠡᠬᠦ ᠬᠦᠴᠦᠯᠡᠴᠡ ᠶᠢ ᠴᠢᠩᠭᠠᠳᠬᠠᠵᠤ᠂ ᠥᠨᠳᠥᠷ ᠭᠠᠷᠤᠯᠲᠠᠳᠦ ᠡᠪᠡᠰᠦ ᠲᠠᠷᠢᠵᠤ᠂ ᠲᠠᠷᠢᠮᠠᠯ | ᠪᠡᠯᠴᠢᠭᠡᠷ ᠤᠨ ᠲᠠᠯᠠᠪᠠᠢ ᠶᠢ 10 ᠲᠦᠮᠡᠨ ᠮᠦ ᠠᠴᠠ ᠳᠡᠭᠡᠭᠰᠢ ᠳᠤ ᠬᠦᠷᠭᠡᠨ᠎ᠡ᠃ 1000 ᠲᠦᠮᠡᠨ ᠲᠥᠭᠦᠷᠢᠭ ᠪᠡᠯᠡ ᠣᠷᠣᠭᠤᠯᠬᠤ ᠪᠠᠷ ᠲᠥᠯᠥᠪᠯᠡᠵᠦ᠂ | ᠬᠤᠰᠢᠭᠤᠨ ᠱᠠᠲᠤᠨ ᠤ ᠭᠠᠮᠰᠢᠭ ᠢ ᠡᠰᠡᠷᠭᠦᠴᠡᠬᠦ ᠲᠡᠵᠢᠭᠡᠯ ᠪᠣᠷᠳᠤᠭ᠎ᠠ ᠨᠥᠭᠡᠴᠡᠯᠡᠬᠦ ᠰᠠᠭᠤᠷᠢᠨ ᠭᠠᠵᠠᠷ ᠢ ᠪᠠᠶᠢᠭᠤᠯᠵᠤ᠂ ᠲᠠᠷᠢᠬᠤ᠂ ᠪᠣᠯᠪᠠᠰᠤᠷᠠᠭᠤᠯᠬᠤ᠂ | ᠨᠥᠭᠡᠴᠡᠯᠡᠬᠦ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠲᠡᠵᠢᠭᠡᠯ ᠪᠣᠷᠳᠤᠭ᠎ᠠ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠪᠦᠷᠢᠯᠳᠦᠭᠦᠯᠦᠨ᠎ᠡ᠃ ᠬᠢᠵᠢᠭ | ᠡᠪᠡᠳᠴᠢᠨ ᠢ ᠰᠡᠷᠭᠡᠶᠢᠯᠡᠨ ᠡᠵᠡᠮᠳᠡᠬᠦ᠂ ᠮᠠᠯ ᠤᠨ ᠠᠰᠢᠭ ᠰᠢᠮ᠎ᠡ ᠶᠢᠨ ᠴᠢᠨᠠᠷ ᠢ ᠮᠥᠷᠳᠡᠨ ᠪᠠᠶᠢᠴᠠᠭᠠᠬᠤ ᠰᠢᠰᠲ᠋ᠧᠮ᠂ ᠰᠢᠨᠵᠢᠯᠡᠭᠡ ᠮᠡᠷᠭᠡᠵᠢᠯ ᠢ ᠳᠡᠯᠭᠡᠷᠡᠭᠦᠯᠬᠦ ᠵᠡᠷᠭᠡ | ᠠᠵᠢᠯ ᠢ ᠤᠯᠠᠮ ᠨᠢᠭᠡ ᠠᠯᠬᠤᠮ ᠴᠢᠩᠭᠠᠳᠬᠠᠨ᠎ᠠ᠃ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠷᠡᠲᠦ ᠲᠡᠮᠳᠡᠭᠴᠢᠯᠡᠬᠦ ᠠᠬᠢᠴᠠ ᠶᠢ ᠲᠦᠷᠭᠡᠳᠬᠡᠨ᠎ᠡ᠃ ᠳ᠋ᠦᠩ ᠯᠠᠢ ᠱᠦᠨ ᠳ᠋ᠢᠩ ᠵᠢᠢ ᠶᠠᠩ ᠮᠠᠯ ᠨᠢᠲᠤᠯᠵᠤ | ᠪᠣᠯᠪᠠᠰᠤᠷᠠᠭᠤᠯᠬᠤ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠢ ᠬᠡᠷᠡᠭᠵᠢᠭᠦᠯᠵᠦ᠂ 10 ᠲᠦᠮᠡᠨ ᠲᠣᠯᠣᠭᠠᠢ ᠮᠢᠬᠠᠨ ᠤ ᠦᠬᠡᠷ ᠨᠢᠲᠤᠯᠵᠤ ᠪᠣᠯᠪᠠᠰᠤᠷᠠᠭᠤᠯᠬᠤ | ᠲᠥᠷᠥᠯ ᠵᠦᠢᠯ ᠪᠣᠯᠣᠨ 2 ᠲᠦᠮᠡᠨ ᠲᠣᠨ ᠬᠦᠢᠲᠡᠨ ᠬᠥᠮᠥᠷᠭᠡ ᠶᠢ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠢ ᠪᠠᠶᠢᠭᠤᠯᠤᠨ᠎ᠠ᠃ ᠪᠠᠶᠠᠵᠢᠨ᠎ᠠ ᠶᠢᠨ 30 ᠲᠦᠮᠡᠨ | ᠲᠣᠯᠣᠭᠠᠢ ᠮᠢᠬᠠᠨ ᠤ ᠬᠤᠨᠢ ᠪᠣᠯᠪᠠᠰᠤᠷᠠᠭᠤᠯᠬᠤ ᠵᠢᠭᠤᠯᠴᠢᠯᠠᠯ ᠤᠨ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠪᠦᠬᠦ ᠬᠤᠲᠠ ᠶᠢᠨ ︽ | ᠳᠡᠭᠡᠳᠦ ᠳᠡᠰ ᠤᠨ ᠢᠳᠡᠰᠢᠨ ᠬᠤᠨᠢ ᠦᠢᠯᠡᠳᠪᠦᠷᠢᠯᠡᠬᠦ ᠪᠠ ᠬᠠᠮᠢᠶᠠᠷᠬᠤ ᠵᠢᠱᠢᠶ᠎ᠡ ᠦᠵᠡᠭᠦᠯᠬᠦ ᠣᠷᠣᠨ︾ ᠢ ᠪᠠᠶᠢᠭᠤᠯᠤᠨ᠎ᠠ᠃ ᠠᠳᠤᠭᠤᠨ ᠤ ᠦᠢᠯᠡᠰ ᠵᠡᠷᠭᠡ | ᠣᠨᠴᠠᠯᠢᠭᠲᠤ ᠠᠵᠤ ᠦᠢᠯᠡᠰ ᠢ ᠰᠦᠪᠡᠭᠴᠢᠯᠡᠨ ᠬᠡᠷᠡᠭᠵᠢᠭᠦᠯᠵᠦ᠂ ᠠᠳᠤᠭᠤᠨ ᠤ ᠰᠣᠶᠣᠯ ᠢ ᠠᠭᠤᠳᠠᠯᠬᠤ᠂ ᠠᠳᠤᠭᠤᠨ ᠤ ᠡᠭᠦᠯᠳᠡᠷ ᠢ ᠰᠠᠶᠢᠵᠢᠷᠠᠭᠤᠯᠬᠤ᠂ | ᠠᠳᠤᠭᠤᠨ ᠤ ᠪᠦᠲᠦᠭᠡᠭᠳᠡᠬᠦᠨ ᠢ ᠨᠡᠭᠡᠭᠡᠬᠦ ᠶᠢ ᠲᠠᠰᠤᠷᠠᠯᠲᠠ ᠦᠭᠡᠢ ᠴᠢᠩᠭᠠᠳᠬᠠᠬᠤ ᠪᠠ ᠠᠳᠤᠭᠤᠨ ᠤ ᠦᠢᠯᠡᠰ ᠬᠢᠭᠡᠳ ᠵᠢᠭᠤᠯᠴᠢᠯᠠᠯ ᠤᠨ ᠦᠢᠯᠡᠰ ᠢ ᠣᠷᠭᠠᠨᠢᠭ | ᠢᠶᠠᠷ ᠤᠶᠠᠯᠳᠤᠭᠤᠯᠵᠤ᠂ ︽ᠪᠠᠷᠭᠤ ᠠᠳᠤᠭᠤ︾ ᠭᠡᠬᠦ ᠨᠡᠷᠡᠲᠦ ᠲᠡᠮᠳᠡᠭ ᠢ ᠠᠵᠤ ᠦᠢᠯᠡᠰ ᠤᠨ ᠬᠡᠯᠬᠢᠶᠡᠵᠢᠯ ᠤᠨ ᠬᠡᠯᠪᠡᠷᠢ ᠪᠣᠯᠭᠠᠨ᠎ᠠ᠃ ᠲᠣᠯᠣᠭᠠᠶᠢᠯᠠᠭᠴᠢ ᠠᠵᠤ | ᠠᠬᠤᠶᠢᠯᠠᠯ ᠬᠢᠭᠡᠳ ᠮᠠᠯᠵᠢᠬᠤ ᠡᠷᠦᠬᠡ᠂ ᠬᠤᠷᠰᠢᠶᠠᠵᠢᠯ ᠤᠨ ᠠᠰᠢᠭ ᠲᠤᠰᠠ ᠶᠢᠨ ᠬᠤᠯᠪᠣᠯᠳᠤᠯ ᠤᠨ ᠲᠣᠭᠲᠠᠴᠠ ᠶᠢ ᠭᠦᠨᠵᠡᠭᠡᠶᠢᠷᠡᠭᠦᠯᠵᠦ᠂ ᠤᠷᠲᠤ ᠬᠤᠭᠤᠴᠠᠭᠠᠨ | ᠤ ᠬᠤᠳᠠᠯᠳᠤᠨ ᠪᠣᠷᠣᠯᠠᠭᠤᠯᠬᠤ ᠲᠣᠭᠲᠠᠭᠤᠨ ᠬᠠᠷᠢᠴᠠᠭ᠎ᠠ ᠶᠢ ᠪᠦᠷᠢᠯᠳᠦᠭᠦᠯᠦᠨ᠎ᠡ᠃ ᠮᠠᠯ ᠤᠨ ᠠᠰᠢᠭ ᠰᠢᠮ᠎ᠡ ᠪᠣᠷᠣᠯᠠᠭᠤᠯᠬᠤ ᠠᠷᠭ᠎ᠠ ᠵᠠᠮ ᠢ ᠤᠯᠠᠮ ᠨᠢᠭᠡ ᠠᠯᠬᠤᠮ | ᠥᠷᠭᠡᠳᠬᠡᠵᠦ᠂ ᠢᠨᠲ᠋ᠧᠷ ᠰᠦᠯᠵᠢᠶᠡᠨ ᠳᠡᠭᠡᠷ᠎ᠡ ᠡᠵᠡᠩᠨᠡᠨ ᠪᠣᠷᠣᠯᠠᠭᠤᠯᠬᠤ ᠬᠡᠯᠪᠡᠷᠢ ᠶᠢ ᠳᠡᠯᠭᠡᠷᠡᠭᠦᠯᠵᠦ᠂ ᠰᠢᠭᠤᠳ ᠪᠣᠷᠣᠯᠠᠭᠤᠯᠬᠤ ᠰᠢᠰᠲ᠋ᠧᠮ ᠢ ᠭᠠᠷᠳᠠᠨ | ᠪᠠᠶᠢᠭᠤᠯᠤᠨ᠎ᠠ᠃ ᠲᠤᠰᠬᠠᠢ ᠲᠣᠮᠣ ᠡᠷᠦᠬᠡ᠂ ᠮᠠᠯᠴᠢᠳ ᠤᠨ ᠲᠤᠰᠬᠠᠢ ᠬᠤᠷᠰᠢᠶᠠᠵᠢᠯ ᠢ ᠦᠷᠭᠦᠯᠵᠢᠯᠡᠨ ᠳᠡᠮᠵᠢᠨ ᠬᠥᠭᠵᠢᠭᠦᠯᠵᠦ᠂ ᠲᠤᠰᠬᠠᠢ ᠠᠵᠢᠯ ᠤᠨ | ᠱᠠᠭᠠᠷᠳᠠᠯᠭ᠎ᠠ ᠳᠤ ᠥᠯᠥ ᠨᠡᠶᠢᠴᠡᠬᠦ ᠬᠤᠷᠰᠢᠶᠠᠵᠢᠯ ᠢ ᠴᠡᠭᠴᠡᠯᠡᠨ ᠬᠠᠰᠤᠵᠤ᠂ ᠮᠠᠯᠴᠢᠳ ᠤᠨ ᠲᠤᠰᠬᠠᠢ ᠬᠤᠷᠰᠢᠶᠠᠵᠢᠯ ᠤᠨ ᠳᠠᠶᠢᠴᠢᠯᠠᠭᠴᠢ ᠦᠢᠯᠡᠳᠦᠯ ᠪᠠᠳᠠᠷᠠᠭᠤᠯᠬᠤ | ᠶᠢ ᠪᠠᠲᠤᠯᠠᠵᠤ᠂ ᠥᠷᠭᠡᠨ ᠣᠯᠠᠨ ᠮᠠᠯᠴᠢᠳ ᠢ ᠳᠠᠶᠢᠴᠢᠯᠠᠨ ᠵᠠᠬ᠎ᠠ ᠳᠡᠯᠭᠡᠭᠦᠷ ᠤᠨ ᠠᠵᠤ ᠠᠬᠤᠢ ᠲᠠᠢ ᠪᠦᠲᠦᠮᠵᠢᠲᠡᠢ ᠠᠪᠴᠠᠯᠳᠤᠭᠤᠯᠵᠤ᠂ ᠦᠷ᠎ᠡ ᠠᠰᠢᠭ ᠢ | ᠳᠡᠭᠡᠭᠰᠢᠯᠡᠭᠦᠯᠵᠦ᠂ ᠣᠷᠣᠯᠭ᠎ᠠ ᠶᠢ ᠨᠡᠮᠡᠭᠳᠡᠭᠦᠯᠵᠦ᠂ ᠡᠨᠡ ᠵᠢᠯ ᠳᠤ 15 ᠵᠢᠱᠢᠶ᠎ᠡ ᠦᠵᠡᠭᠦᠯᠬᠦ ᠲᠤᠰᠬᠠᠢ ᠬᠤᠷᠰᠢᠶᠠᠵᠢᠯ ᠢ ᠵᠣᠬᠢᠶᠠᠨ ᠪᠠᠶᠢᠭᠤᠯᠵᠤ᠂ ᠥᠪᠡᠷᠲᠡᠭᠡᠨ | ᠵᠠᠰᠠᠬᠤ ᠣᠷᠣᠨ ᠤ ᠳᠡᠰ ᠤᠨ 3 ᠵᠢᠱᠢᠶ᠎ᠡ ᠦᠵᠡᠭᠦᠯᠬᠦ ᠬᠤᠷᠰᠢᠶᠠᠵᠢᠯ ᠢ ᠬᠥᠮᠥᠵᠢᠭᠦᠯᠦᠨ᠎ᠡ᠃ | ᠨᠥᠬᠦᠳ ᠡ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠬᠤ ᠰᠢᠨ᠎ᠡ ᠪᠠᠶᠢᠳᠠᠯ ᠢ ᠴᠢᠷᠮᠠᠶᠢᠨ ᠨᠡᠭᠡᠭᠡᠬᠦ ᠳᠤ ᠪᠢᠳᠠ | ᠡᠷᠬᠡᠪᠰᠢ ᠬᠤᠲᠠ ᠬᠥᠳᠡᠭᠡ ᠶᠢᠨ ᠰᠠᠭᠤᠷᠢ ᠲᠣᠨᠤᠭ ᠲᠥᠬᠦᠭᠡᠷᠦᠮᠵᠢ ᠶᠢᠨ ᠪᠠᠶᠢᠭᠤᠯᠤᠯᠲᠠ ᠶᠢ ᠪᠠᠲᠤᠲᠠᠢ ᠲᠦᠯᠬᠢᠨ ᠠᠬᠢᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠨᠡᠶᠢᠭᠡᠮ ᠤᠨ ᠠᠵᠢᠯ ᠦᠢᠯᠡᠰ ᠢ ᠪᠦᠬᠦ ᠲᠠᠯ᠎ᠠ ᠪᠠᠷ ᠴᠡᠴᠡᠭᠯᠡᠨ ᠬᠥᠭᠵᠢᠭᠦᠯᠵᠦ᠂ ᠵᠠᠰᠠᠭ ᠤᠨ ᠣᠷᠳᠣᠨ | ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ︵ᠳᠣᠯᠤᠭ᠎ᠠ︶ ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠪᠠᠲᠤᠲᠠᠢ ᠲᠦᠯᠬᠢᠨ ᠠᠬᠢᠭᠤᠯᠤᠨ᠎ᠠ᠃ ᠬᠤᠲᠠ ᠬᠥᠳᠡᠭᠡ ᠶᠢ | ᠲᠡᠩᠴᠡᠭᠦᠷᠢᠲᠡᠢ ᠵᠣᠬᠢᠴᠠᠩᠭᠤᠢ ᠰᠢᠯᠢᠳᠡᠭᠵᠢᠭᠦᠯᠦᠨ ᠬᠥᠭᠵᠢᠭᠦᠯᠬᠦ ᠶᠢ ᠢᠳᠡᠪᠬᠢᠲᠡᠢ ᠲᠦᠯᠬᠢᠨ ᠠᠬᠢᠭᠤᠯᠵᠤ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠣᠷᠴᠢᠨ | ᠨᠥᠬᠦᠴᠡᠯ ᠢ ᠪᠠᠶᠢᠭᠤᠯᠬᠤ ᠲᠠᠯ᠎ᠠ ᠪᠠᠷ ᠴᠢᠬᠤᠯᠠᠴᠢᠯᠠᠵᠤ᠂ ᠬᠤᠲᠠ ᠬᠥᠳᠡᠭᠡ ᠶᠢᠨ ᠬᠠᠮᠲᠤ ᠪᠠᠷ ᠬᠥᠭᠵᠢᠬᠦ᠂ ᠬᠠᠮᠲᠤ ᠪᠠᠷ ᠳᠠᠪᠰᠢᠬᠤ᠂ ᠬᠠᠮᠲᠤ ᠪᠠᠷ ᠴᠡᠴᠡᠭᠯᠡᠨ | ᠬᠥᠭᠵᠢᠬᠦ ᠶᠢ ᠠᠬᠢᠭᠤᠯᠤᠨ᠎ᠠ᠃ | ᠠᠮᠤᠭᠤᠯᠠᠩ ᠪᠠᠯᠭᠠᠰᠤᠨ ᠤ ᠲᠥᠪ ᠬᠤᠲᠠ ᠶᠢᠨ ᠪᠠᠶᠢᠭᠤᠯᠤᠯᠲᠠ ᠶᠢ ᠲᠡᠷᠢᠭᠦᠨ ᠳᠤᠨᠢ ᠬᠥᠭᠵᠢᠭᠦᠯᠦᠨ᠎ᠡ᠃ ᠣᠨᠴᠠᠯᠢᠭᠲᠤ ᠬᠥᠭᠵᠢᠯᠲᠡ ᠶᠢ ᠪᠠᠷᠢᠮᠲᠠᠯᠠᠵᠤ᠂ | ᠲᠥᠯᠥᠪᠵᠢᠭᠦᠯᠦᠨ ᠵᠢᠯᠣᠭᠤᠳᠬᠤ ᠶᠢ ᠴᠢᠩᠭᠠᠳᠬᠠᠵᠤ᠂ ᠠᠪᠰᠠᠷᠬᠠᠨ ᠡᠷᠴᠢᠮᠵᠢᠭᠰᠡᠨ᠂ ᠥᠨᠳᠥᠷ ᠪᠦᠲᠦᠮᠵᠢᠲᠡᠢ ᠪᠣᠬᠢᠷᠲᠤᠯ ᠦᠭᠡᠢ ᠬᠥᠭᠵᠢᠯᠲᠡ ᠶᠢ ᠪᠡᠶᠡᠯᠡᠭᠦᠯᠦᠨ᠎ᠡ᠃ | ᠭᠤᠣᠯ ᠬᠤᠲᠠ ᠲᠣᠭᠤᠷᠢᠭ ᠪᠣᠯᠣᠨ ᠥᠷᠭᠡᠳᠬᠡᠨ ᠪᠠᠶᠢᠭᠤᠯᠤᠭᠰᠠᠨ ᠣᠷᠣᠨ ᠲᠣᠭᠤᠷᠢᠭ ᠤᠨ ᠴᠢᠳᠠᠪᠬᠢ ᠶᠢ ᠤᠯᠠᠮ ᠨᠢᠭᠡ ᠠᠯᠬᠤᠮ ᠰᠠᠶᠢᠵᠢᠷᠠᠭᠤᠯᠵᠤ᠂ | ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠯᠪᠠᠰᠤᠨ ᠬᠤᠰᠢᠭᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠴᠡᠴᠡᠷᠯᠢᠭᠲᠦ ᠬᠤᠲᠠ ᠪᠠᠯᠭᠠᠰᠤ ᠶᠢ ᠡᠭᠦᠳᠦᠨ | ᠪᠠᠶᠢᠭᠤᠯᠬᠤ ᠳᠤ ᠪᠠᠲᠤ ᠰᠠᠭᠤᠷᠢ ᠲᠠᠯᠪᠢᠨ᠎ᠠ᠃ ᠠᠮᠤᠭᠤᠯᠠᠩ ᠪᠠᠯᠭᠠᠰᠤᠨ ᠤ ᠨᠤᠭᠤ ᠭᠠᠵᠠᠷ ᠤᠨ ᠴᠡᠴᠡᠷᠯᠢᠭ᠂ ᠥᠯᠵᠡᠶᠢᠲᠦ ᠷᠠᠰᠢᠶᠠᠨ ᠤ ᠴᠡᠴᠡᠷᠯᠢᠭ ᠤᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠳᠤᠯᠠᠭᠠᠯᠠᠭ᠎ᠠ ᠬᠠᠩᠭᠠᠬᠤ᠂ ᠤᠰᠤ ᠬᠠᠩᠭᠠᠬᠤ᠂ ᠤᠰᠤ ᠭᠠᠳᠠᠭᠰᠢᠯᠠᠭᠤᠯᠬᠤ ᠵᠡᠷᠭᠡ 27 ᠺᠢᠯᠣᠮᠧᠲᠷ ᠬᠤᠭᠤᠯᠠᠢ | ᠲᠣᠣᠷ ᠢ ᠰᠢᠨ᠎ᠡ ᠪᠠᠷ ᠪᠠᠶᠢᠭᠤᠯᠤᠨ ᠰᠠᠶᠢᠵᠢᠷᠠᠭᠤᠯᠵᠤ᠂ 800 ᠡᠷᠦᠬᠡ ᠶᠢᠨ ᠳᠥᠭᠦᠮ ᠪᠦᠲᠦᠴᠡᠲᠦ ᠣᠷᠣᠨ ᠰᠠᠭᠤᠴᠠ ᠶᠢᠨ ᠥᠭᠡᠷᠡᠴᠢᠯᠡᠯᠲᠡ ᠶᠢᠨ ᠢᠨᠵᠧᠨᠧᠷᠢᠩ ᠢ | ᠲᠥᠪᠯᠡᠷᠡᠭᠦᠯᠦᠨ ᠬᠡᠷᠡᠭᠵᠢᠭᠦᠯᠵᠦ᠂ ᠵᠡᠭᠡᠯᠢ ᠳᠠᠭᠠᠤ ᠪᠠᠷᠢᠯᠭ᠎ᠠ᠂ ᠴᠡᠴᠡᠷᠯᠢᠭ᠂ ᠠᠭᠤᠳᠠᠮ ᠲᠠᠯᠠᠪᠠᠢ ᠶᠢ ᠵᠠᠰᠠᠨ ᠰᠠᠶᠢᠵᠢᠷᠠᠭᠤᠯᠵᠤ ᠭᠡᠷᠡᠯᠲᠦᠭᠦᠯᠬᠦ ᠢᠨᠵᠧᠨᠧᠷᠢᠩ ᠢ | ᠬᠡᠷᠡᠭᠵᠢᠭᠦᠯᠵᠦ᠂ ᠲᠠᠪᠤᠨ ᠣᠷᠣᠵᠤ ᠭᠠᠷᠬᠤ ᠵᠠᠮ ᠤᠨ ᠦᠵᠡᠮᠵᠢ ᠶᠢᠨ ᠪᠦᠰᠡ ᠶᠢ ᠪᠠᠶᠢᠭᠤᠯᠵᠤ᠂ ᠣᠷᠣᠨ ᠰᠠᠭᠤᠴᠠ ᠶᠢᠨ ᠪᠠᠭ᠎ᠠ ᠲᠣᠭᠤᠷᠢᠭ ᠤᠨ ᠦᠢᠯᠡᠴᠢᠯᠡᠭᠡᠨ ᠤ | ᠲᠥᠬᠦᠭᠡᠷᠦᠮᠵᠢ ᠶᠢ ᠢᠵᠢ ᠲᠡᠭᠦᠯᠳᠡᠷᠵᠢᠭᠦᠯᠦᠨ᠎ᠡ᠃ ᠬᠤᠲᠠ ᠪᠠᠯᠭᠠᠰᠤᠨ ᠤ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠤᠲᠠ ᠪᠠᠯᠭᠠᠰᠤᠨ ᠤ | ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠪᠠᠯᠭᠠᠰᠤ ᠲᠣᠭᠤᠷᠢᠭ ᠤᠨ ᠣᠷᠴᠢᠨ ᠲᠣᠭᠤᠷᠢᠨ ᠢ ᠵᠠᠰᠠᠨ ᠴᠡᠭᠴᠡᠯᠡᠬᠦ ᠪᠡᠯᠡ | ᠣᠷᠤᠭᠤᠯᠤᠯᠲᠠ ᠶᠢ ᠴᠢᠩᠭᠠᠳᠬᠠᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠭᠡᠷ ᠠᠬᠤᠢ ᠶᠢᠨ ᠬᠠᠮᠢᠶᠠᠷᠤᠯᠲᠠ ᠶᠢᠨ | ᠵᠠᠬ᠎ᠠ ᠳᠡᠯᠭᠡᠭᠦᠷᠴᠢᠯᠠᠬᠦ᠂ ᠲᠤᠰᠬᠠᠶᠢᠵᠢᠬᠤ ᠠᠬᠢᠴᠠ ᠶᠢ ᠲᠦᠷᠭᠡᠳᠬᠡᠨ ᠠᠬᠢᠭᠤᠯᠤᠨ᠎ᠠ᠃ ᠾᠧᠪᠸᠢ ᠮᠤᠵᠢ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠢ ᠤᠷᠢᠨ | ᠣᠷᠣᠭᠤᠯᠵᠤ᠂ ᠵᠠᠬ᠎ᠠ ᠳᠡᠯᠭᠡᠭᠦᠷ᠂ ᠬᠥᠷᠥᠩᠭᠡ ᠶᠢᠨ ᠥᠷᠢᠰᠦᠯᠳᠦᠭᠡᠨ ᠤ ᠲᠣᠭᠲᠠᠴᠠ ᠶᠢ ᠪᠠᠶᠢᠭᠤᠯᠵᠤ᠂ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠪᠠᠲᠤᠯᠠᠭ᠎ᠠ ᠶᠢᠨ | ᠴᠢᠳᠠᠪᠤᠷᠢ ᠶᠢ ᠴᠢᠩᠭᠠᠳᠬᠠᠨ᠎ᠠ᠃ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠪᠠᠷᠢᠮᠵᠢᠶᠠᠵᠢᠭᠰᠠᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ | ᠲᠥᠷᠥᠯ ᠵᠦᠢᠯ ᠢ ᠢᠳᠡᠪᠬᠢᠲᠡᠢ ᠤᠷᠢᠨ ᠣᠷᠣᠭᠤᠯᠵᠤ᠂ ᠬᠢᠯᠢ ᠶᠢᠨ ᠠᠷᠠᠯᠵᠢᠶᠠᠨ ᠤ ᠵᠡᠭᠡᠯᠢ᠂ ᠠᠮᠲᠠᠲᠤ ᠢᠳᠡᠭᠡᠨ ᠤ ᠵᠡᠭᠡᠯᠢ᠂ ᠰᠣᠶᠣᠯ ᠤᠨ ᠵᠠᠬ᠎ᠠ ᠵᠡᠭᠡᠯᠢ᠂ | ᠦᠨᠳᠦᠰᠦᠲᠡᠨ ᠤ ᠵᠠᠩ ᠦᠢᠯᠡ ᠶᠢᠨ ᠵᠡᠭᠡᠯᠢ ᠶᠢᠨ ᠬᠥᠭᠵᠢᠯᠲᠡ ᠶᠢ ᠬᠥᠲᠥᠯᠥᠨ ᠵᠢᠯᠣᠭᠤᠳᠴᠤ᠂ ᠬᠥᠮᠥᠨ ᠠᠮᠠ ᠶᠢ ᠲᠥᠪᠯᠡᠷᠡᠭᠦᠯᠦᠨ᠂ ᠠᠵᠤ ᠦᠢᠯᠡᠰ ᠢ | ᠬᠥᠭᠵᠢᠭᠦᠯᠵᠦ᠂ ᠪᠣᠭᠤᠮᠲᠠ᠂ ᠵᠢᠭᠤᠯᠴᠢᠯᠠᠯ᠂ ᠴᠡᠴᠡᠷᠯᠢᠭ ᠬᠤᠲᠠ ᠪᠠᠯᠭᠠᠰᠤᠨ ᠤ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠤᠨ᠎ᠠ᠃ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠪᠠᠶᠢᠷᠢᠰᠢᠯ ᠵᠦᠢ ᠵᠣᠬᠢᠰᠲᠠᠢ᠂ ᠢᠵᠢ ᠪᠦᠷᠢᠯᠳᠦᠯ ᠲᠡᠭᠦᠯᠳᠡᠷ᠂ | ᠬᠥᠭᠵᠢᠯᠲᠡ ᠶᠢᠨ ᠬᠡᠷᠡᠭᠴᠡᠭᠡ ᠶᠢ ᠬᠠᠩᠭᠠᠬᠤ ᠰᠠᠭᠤᠷᠢ ᠲᠥᠬᠦᠭᠡᠷᠦᠮᠵᠢ ᠶᠢᠨ ᠲᠣᠣᠷ ᠰᠦᠯᠵᠢᠶᠡᠨ ᠤ ᠰᠢᠰᠲ᠋ᠧᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ | ᠠᠬᠢᠭᠤᠯᠤᠨ᠎ᠠ᠃ 5 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠣᠭᠤᠯᠵᠤ᠂ ᠤᠯᠤᠰ ᠠᠴᠠ ᠬᠡᠷᠡᠭᠵᠢᠭᠦᠯᠦᠭᠰᠡᠨ ᠬᠥᠳᠡᠭᠡ ᠲᠣᠰᠬᠤᠨ ᠮᠠᠯᠵᠢᠬᠤ ᠣᠷᠣᠨ ᠤ | ᠵᠠᠰᠠᠮᠠᠯ ᠵᠠᠮ ᠤᠨ ᠪᠠᠶᠢᠭᠤᠯᠤᠯᠲᠠ ᠶᠢᠨ ᠠᠵᠠ ᠲᠣᠬᠢᠶᠠᠯ ᠢ ᠱᠠᠯᠠᠪᠳᠠᠨ ᠠᠳᠬᠤᠵᠤ᠂ ᠰᠦᠢ ᠮᠠᠨ ᠥᠨᠳᠥᠷ ᠬᠤᠷᠳᠤᠴᠠᠲᠤ ᠵᠠᠮ ᠤᠨ ᠬᠤᠰᠢᠭᠤ ᠪᠠᠷ ᠥᠩᠭᠡᠷᠡᠬᠦ | ᠬᠡᠰᠡᠭ ᠤᠨ ᠢᠨᠵᠧᠨᠧᠷᠢᠩ ᠪᠣᠯᠣᠨ ᠬᠠᠶᠢᠯᠠᠷ ᠠᠴᠠ ᠠᠮᠤᠭᠤᠯᠠᠩ᠂ ᠠᠮᠤᠭᠤᠯᠠᠩ ᠠᠴᠠ ᠲᠤᠯᠤᠷ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠤᠨ ᠪᠠᠶᠢᠭᠤᠯᠤᠯᠲᠠ ᠶᠢᠨ | ᠢᠨᠵᠧᠨᠧᠷᠢᠩ ᠢ ᠬᠡᠷᠡᠭᠵᠢᠭᠦᠯᠦᠨ᠎ᠡ᠃ ᠠᠽᠢᠶ᠎ᠠ ᠶᠢᠨ ᠨᠡᠭᠡᠭᠡᠯᠲᠡ ᠶᠢᠨ ᠪᠠᠩᠬᠢ ᠶᠢᠨ ᠵᠢᠭᠡᠯᠡᠯᠭᠡ ᠶᠢᠨ ᠵᠠᠰᠠᠮᠠᠯ ᠵᠠᠮ ᠪᠣᠯᠣᠨ ︽ᠲᠣᠰᠬᠤᠨ ᠪᠦᠬᠦᠨ ᠳᠤ ᠨᠡᠪᠲᠡᠷᠡᠬᠦ︾ | ᠵᠠᠰᠠᠮᠠᠯ ᠵᠠᠮ ᠤᠨ ᠲᠥᠷᠥᠯ ᠵᠦᠢᠯ ᠤᠨ ᠦᠷᠭᠦᠯᠵᠢᠯᠡᠨ ᠪᠠᠶᠢᠭᠤᠯᠬᠤ ᠢᠨᠵᠧᠨᠧᠷᠢᠩ ᠢ ᠪᠡᠶᠡᠯᠡᠭᠦᠯᠦᠨ᠎ᠡ᠃ 1892 ᠲᠦᠮᠡᠨ ᠲᠥᠭᠦᠷᠢᠭ ᠪᠡᠯᠡ ᠣᠷᠣᠭᠤᠯᠵᠤ᠂ ᠠᠮᠤᠷ | ᠲᠦᠪᠰᠢᠨ ᠤᠤᠭᠤᠬᠤ ᠤᠰᠤᠨ ᠤ ᠢᠨᠵᠧᠨᠧᠷᠢᠩ ᠢ ᠲᠣᠭᠲᠠᠭᠤᠨ ᠲᠦᠯᠬᠢᠨ ᠠᠬᠢᠭᠤᠯᠵᠤ᠂ ᠮᠣᠳᠤᠬᠠᠮᠵᠢ᠂ ᠰᠢᠯᠢᠨᠪᠣᠶᠢᠷ ᠤᠨ ᠲᠥᠪᠯᠡᠷᠡᠭᠦᠯᠦᠨ ᠤᠰᠤ ᠬᠠᠩᠭᠠᠬᠤ | ᠢᠨᠵᠧᠨᠧᠷᠢᠩ ᠢ ᠳᠡᠰ ᠳᠡᠪᠰᠢᠭᠦᠯᠦᠨ ᠰᠠᠶᠢᠵᠢᠷᠠᠭᠤᠯᠵᠤ᠂ 127 ᠤᠰᠤ ᠬᠠᠩᠭᠠᠬᠤ ᠦᠨᠳᠦᠰᠦᠨ ᠬᠤᠳᠳᠤᠭ ᠢ ᠰᠢᠨ᠎ᠡ ᠪᠠᠷ ᠪᠠᠶᠢᠭᠤᠯᠵᠤ᠂ 127 ᠢᠵᠢ ᠤᠰᠤ | ᠰᠠᠶᠢᠵᠢᠷᠠᠭᠤᠯᠬᠤ ᠲᠣᠨᠤᠭ ᠲᠥᠬᠦᠭᠡᠷᠦᠮᠵᠢ ᠶᠢ ᠤᠭᠰᠠᠷᠠᠨ᠎ᠠ᠃ 10 ᠰᠠᠶ᠎ᠠ ᠸᠠᠲ ᠠᠴᠠ ᠳᠣᠷᠤᠭᠰᠢᠬᠢ 24 ᠺᠢᠯᠣᠮᠧᠲᠷ ᠴᠠᠬᠢᠯᠭᠠᠨ ᠲᠣᠣᠷ ᠢ ᠥᠭᠡᠷᠡᠴᠢᠯᠡᠵᠦ᠂ | ᠬᠦᠴᠦᠳᠡᠯ ᠥᠭᠡᠷᠡᠴᠢᠯᠡᠬᠦ ᠥᠷᠲᠡᠭᠡ ᠴᠢᠭ ᠪᠣᠯᠣᠨ ᠭᠤᠣᠯ ᠴᠠᠬᠢᠯᠭᠠᠨ ᠲᠣᠣᠷ ᠪᠠᠶᠢᠭᠤᠯᠬᠤ ᠠᠵᠢᠯ ᠢ ᠲᠦᠷᠭᠡᠳᠬᠡᠵᠦ᠂ ᠰᠠᠯᠬᠢ ᠭᠡᠷᠡᠯ ᠤᠨ ᠡᠨᠧᠷᠭᠢ ᠶᠢᠨ ᠬᠠᠷᠢᠯᠴᠠᠨ | ᠨᠥᠬᠦᠪᠦᠷᠢᠯᠡᠨ ᠴᠠᠬᠢᠯᠭᠠᠨ ᠬᠠᠩᠭᠠᠬᠤ ᠶᠢᠨ ᠪᠠᠷᠢᠮᠵᠢᠶ᠎ᠠ ᠳᠡᠰ ᠪᠣᠯᠣᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠴᠠᠬᠢᠯᠭᠠᠨ ᠢ ᠭᠠᠳᠠᠭᠰᠢ ᠳᠠᠮᠵᠢᠭᠤᠯᠬᠤ | ᠲᠣᠣᠷ ᠪᠠᠶᠢᠭᠤᠯᠬᠤ ᠠᠵᠢᠯ ᠢ ᠢᠳᠡᠪᠬᠢᠲᠡᠢ ᠲᠦᠯᠬᠢᠨ ᠠᠬᠢᠭᠤᠯᠤᠨ᠎ᠠ᠃ 456 ᠡᠷᠦᠬᠡ ᠶᠢᠨ ᠰᠠᠯᠬᠢ ᠭᠡᠷᠡᠯ ᠤᠨ ᠡᠨᠧᠷᠭᠢ ᠶᠢ ᠬᠠᠷᠢᠯᠴᠠᠨ ᠨᠥᠬᠦᠪᠦᠷᠢᠯᠡᠬᠦ ᠰᠢᠨ᠎ᠡ | ᠡᠨᠧᠷᠭᠢ ᠰᠤᠷᠪᠤᠯᠵᠢ ᠶᠢᠨ ᠳᠡᠰ ᠳᠡᠪᠰᠢᠭᠦᠯᠬᠦ ᠢᠨᠵᠧᠨᠧᠷᠢᠩ ᠢ ᠡᠬᠢᠯᠡᠨ ᠬᠡᠷᠡᠭᠵᠢᠭᠦᠯᠦᠨ᠎ᠡ᠃ 8000 ᠲᠦᠮᠡᠨ ᠲᠥᠭᠦᠷᠢᠭ ᠪᠡᠯᠡ ᠣᠷᠣᠭᠤᠯᠵᠤ᠂ ︽ᠥᠷᠭᠡᠨ | ᠪᠦᠰᠡᠲᠦ ᠰᠢᠨ᠎ᠡ ᠪᠠᠷᠭᠤ ᠵᠡᠭᠦᠨ ᠬᠤᠰᠢᠭᠤ︾ ᠶᠢᠨ ᠪᠠᠶᠢᠭᠤᠯᠤᠯᠲᠠ ᠶᠢ ᠲᠦᠷᠭᠡᠳᠬᠡᠵᠦ᠂ ᠥᠪᠥᠷ ᠮᠣᠩᠭᠤᠯ ᠤᠨ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠲᠣᠣᠷ | ᠰᠦᠯᠵᠢᠶ᠎ᠡ ᠶᠢᠨ ᠪᠦᠯᠦᠭᠯᠡᠯ ᠤᠨ ᠬᠤᠭᠤᠷᠣᠨᠳᠤᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠬᠢᠭᠡᠳ ᠰᠢᠨ᠎ᠡ | ᠬᠡᠯᠪᠡᠷᠢ ᠶᠢᠨ ᠣᠶᠤᠨᠴᠢ ᠮᠠᠯᠵᠢᠬᠤ ᠣᠷᠣᠨ ᠤ ᠲᠥᠷᠥᠯ ᠵᠦᠢᠯ ᠢ ᠪᠦᠬᠦ ᠲᠠᠯ᠎ᠠ ᠪᠠᠷ ᠪᠠᠶᠢᠭᠤᠯᠵᠤ᠂ 7 ᠰᠤᠮᠤ ᠪᠠᠯᠭᠠᠰᠤ᠂ ᠭᠠᠴᠠᠭ᠎ᠠ ᠪᠦᠬᠦᠨ ᠢ ᠪᠦᠷᠬᠦᠭᠰᠡᠨ᠂ | ᠣᠯᠠᠨ ᠨᠡᠶᠢᠲᠡ ᠶᠢᠨ ᠰᠣᠶᠣᠯ᠂ ᠵᠠᠰᠠᠭ ᠤᠨ ᠶᠠᠪᠤᠳᠠᠯ ᠤᠨ ᠠᠵᠢᠯᠯᠠᠬᠤ ᠭᠠᠵᠠᠷ᠂ ᠮᠠᠯᠵᠢᠬᠤ ᠣᠷᠣᠨ ᠤ ᠨᠠᠮ ᠤᠨ ᠪᠠᠶᠢᠭᠤᠯᠤᠯᠲᠠ᠂ ᠵᠠᠮ ᠬᠠᠷᠢᠯᠴᠠᠭ᠎ᠠ᠂ | ᠵᠢᠭᠤᠯᠴᠢᠯᠠᠯ᠂ ᠣᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠡᠷᠭᠡ ᠦᠢᠯᠡᠴᠢᠯᠡᠭᠡᠨ ᠤ ᠴᠢᠳᠠᠪᠬᠢ ᠶᠢ ᠨᠢᠭᠡ ᠴᠣᠭᠴᠠᠵᠢᠭᠤᠯᠤᠭᠰᠠᠨ ᠶᠡᠷᠦᠩᠬᠡᠢ ᠲᠣᠣᠷ | ᠰᠦᠯᠵᠢᠶᠡᠨ ᠤ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ︽ᠦᠢᠯᠡᠳᠪᠦᠷᠢᠯᠡᠯ | ᠬᠥᠭᠵᠢᠭᠰᠡᠨ᠂ ᠠᠮᠢᠳᠤᠷᠠᠯ ᠴᠢᠨᠡᠭᠡᠯᠢᠭ᠂ ᠵᠠᠩ ᠰᠤᠷᠲᠠᠯ ᠪᠣᠯᠪᠠᠰᠤᠨ᠂ ᠠᠶᠢᠯ ᠲᠣᠰᠬᠤᠨ ᠴᠡᠪᠡᠷ ᠲᠣᠬᠢᠯᠢᠭ︾ ᠨᠡᠶᠢᠭᠡᠮ ᠵᠢᠷᠤᠮᠲᠤ ᠰᠢᠨ᠎ᠡ ᠮᠠᠯᠵᠢᠬᠤ ᠣᠷᠣᠨ ᠤ | ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠣᠯᠠᠨ ᠨᠡᠶᠢᠲᠡ ᠶᠢᠨ ᠦᠢᠯᠡᠴᠢᠯᠡᠭᠡ ᠶᠢ ᠮᠠᠯᠵᠢᠬᠤ ᠣᠷᠣᠨ ᠳᠤ ᠪᠦᠷᠬᠦᠭᠦᠯᠵᠦ᠂ ᠬᠤᠲᠠ ᠪᠠᠯᠭᠠᠰᠤᠨ ᠤ | ᠪᠣᠯᠪᠠᠰᠤᠨ ᠢ ᠮᠠᠯᠵᠢᠬᠤ ᠣᠷᠣᠨ ᠳᠤ ᠰᠤᠷᠲᠠᠯᠴᠢᠯᠠᠨ᠎ᠠ᠃ 1-2 ᠵᠢᠱᠢᠶ᠎ᠡ ᠦᠵᠡᠭᠦᠯᠬᠦ ᠭᠠᠴᠠᠭ᠎ᠠ ᠶᠢ ᠪᠦᠬᠦ ᠬᠦᠴᠦᠨ ᠢᠶᠠᠷ ᠪᠠᠶᠢᠭᠤᠯᠵᠤ᠂ ᠠᠮᠢ ᠠᠬᠤᠢ ᠶᠢᠨ | ᠪᠠᠭᠤᠷᠠᠢ ᠣᠷᠣᠨ ᠠᠴᠠ ᠠᠷᠠᠳ ᠢ ᠨᠡᠭᠦᠯᠭᠡᠬᠦ᠂ ᠪᠤᠰᠤᠳ ᠭᠠᠵᠠᠷ ᠨᠡᠭᠦᠯᠭᠡᠨ ᠰᠢᠯᠵᠢᠭᠦᠯᠬᠦ ᠵᠡᠷᠭᠡ ᠲᠥᠷᠥᠯ ᠵᠦᠢᠯ ᠳᠤ ᠲᠦᠰᠢᠭᠯᠡᠨ᠂ ᠨᠡᠶᠢᠭᠡᠮ ᠤᠨ ᠬᠥᠷᠥᠩᠭᠡ | ᠮᠥᠩᠭᠦ ᠶᠢ ᠦᠨᠳᠦᠰᠦᠨ ᠱᠠᠲᠤᠨ ᠳᠤ ᠣᠷᠣᠭᠤᠯᠬᠤ ᠶᠢ ᠢᠳᠡᠪᠬᠢᠲᠡᠢ ᠬᠥᠲᠥᠯᠥᠨ ᠳᠠᠶᠢᠴᠢᠯᠠᠵᠤ᠂ ᠭᠠᠴᠠᠭᠠᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ | ᠬᠦᠴᠦᠯᠡᠨ ᠰᠠᠶᠢᠵᠢᠷᠠᠭᠤᠯᠵᠤ᠂ ᠭᠤᠶᠤᠵᠢᠭᠤᠯᠵᠤ ᠨᠣᠭᠤᠭᠠᠷᠠᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠨᠢᠭᠡ ᠭᠠᠴᠠᠭ᠎ᠠ ᠨᠢᠭᠡ ᠨᠡᠷᠡᠲᠦ ᠲᠡᠮᠳᠡᠭ᠂ ᠨᠢᠭᠡ | ᠰᠤᠮᠤ ᠨᠢᠭᠡ ᠠᠵᠤ ᠦᠢᠯᠡᠰ︾ ᠢ ᠲᠦᠯᠬᠢᠨ ᠠᠬᠢᠭᠤᠯᠵᠤ᠂ ᠬᠤᠷᠰᠢᠶᠠᠵᠢᠯ ᠤᠨ ᠲᠤᠰᠬᠠᠶᠢᠵᠢᠨ ᠬᠡᠪᠴᠢᠶᠡᠵᠢᠭᠰᠡᠨ ᠬᠢᠷᠢ ᠲᠦᠪᠰᠢᠨ ᠢ ᠳᠡᠭᠡᠭᠰᠢᠯᠡᠭᠦᠯᠵᠦ᠂ ︽ | ᠵᠢᠵᠢᠭ ᠣᠨᠴᠠ ᠰᠣᠳᠣᠨ︾ ᠪᠦᠲᠦᠭᠡᠭᠳᠡᠬᠦᠨ ᠢᠶᠠᠷ ᠰᠤᠮᠤ ᠪᠠᠯᠭᠠᠰᠤ ᠶᠢ ᠪᠠᠶᠠᠵᠢᠭᠤᠯᠤᠨ ᠳᠠᠶᠢᠴᠢᠯᠠᠬᠤ ᠠᠵᠤ ᠦᠢᠯᠡᠰ ᠪᠣᠯᠭᠠᠵᠤ᠂ ᠠᠷᠭ᠎ᠠ ᠪᠦᠬᠦᠨ ᠢ | ᠰᠦᠪᠡᠭᠴᠢᠯᠡᠵᠦ ᠮᠠᠯᠴᠢᠳ ᠤᠨ ᠣᠷᠣᠯᠭ᠎ᠠ ᠶᠢ ᠨᠡᠮᠡᠭᠳᠡᠭᠦᠯᠦᠨ᠎ᠡ᠃ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠮᠠᠨ ᠤ ᠬᠤᠰᠢᠭᠤ ᠶᠢ | ᠪᠦᠬᠦ ᠤᠯᠤᠰ ᠤᠨ ᠬᠢᠵᠠᠭᠠᠷ ᠣᠷᠣᠨ ᠤ ᠪᠠᠶᠢᠭᠠᠯᠢᠯᠢᠭ ᠭᠠᠴᠠᠭ᠎ᠠ ᠲᠣᠰᠬᠤᠨ ᠤ ᠲᠡᠷᠢᠭᠦᠨ ᠤ ᠲᠤᠷᠰᠢᠯᠲᠠ ᠶᠢᠨ ᠴᠢᠭ᠋ ᠪᠠᠶᠢᠭᠤᠯᠬᠤ ᠬᠤᠰᠢᠭᠤ ᠪᠣᠯᠭᠠᠨ | ᠲᠣᠭᠲᠠᠭᠠᠭᠰᠠᠨ ᠠᠰᠢᠭᠲᠠᠢ ᠲᠣᠬᠢᠶᠠᠯ ᠢ ᠵᠠᠪᠳᠤᠨ ᠠᠰᠢᠭᠯᠠᠵᠤ᠂ 13 ᠬᠢᠵᠠᠭᠠᠷ ᠣᠷᠣᠨ ᠤ ᠭᠠᠴᠠᠭᠠᠨ ᠤ ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠬᠦ | ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠮᠠᠯᠵᠢᠬᠤ ᠣᠷᠣᠨ ᠤ ᠬᠥᠮᠥᠨ ᠠᠮᠠ ᠶᠢᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠶᠡᠷᠦᠩᠬᠡᠶᠢᠯᠡᠨ | ᠵᠠᠰᠠᠬᠤ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠮᠠᠯᠴᠢᠳ ᠤᠨ ᠬᠠᠷᠢᠴᠠᠩᠭᠤᠢ ᠪᠠᠷ ᠲᠥᠪᠯᠡᠷᠡᠨ ᠰᠠᠭᠤᠬᠤ ᠶᠢ ᠳᠡᠮᠵᠢᠵᠦ᠂ ᠦᠢᠯᠡᠳᠪᠦᠷᠢᠯᠡᠯ ᠤᠨ | ᠲᠣᠭᠤᠷᠢᠭ ᠪᠣᠯᠣᠨ ᠠᠮᠢᠳᠤᠷᠠᠯ ᠤᠨ ᠭᠠᠵᠠᠷ ᠢᠶᠠᠨ ᠬᠠᠷᠢᠴᠠᠩᠭᠤᠢ ᠪᠠᠷ ᠰᠠᠯᠭᠠᠵᠤ᠂ ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ᠂ ᠪᠤᠵᠠᠷ ᠤᠰᠤ ᠶᠢ | ᠰᠢᠢᠳᠪᠦᠷᠢᠯᠡᠬᠦ ᠠᠰᠠᠭᠤᠳᠠᠯ ᠢ ᠵᠣᠬᠢᠰᠲᠠᠢ ᠰᠢᠢᠳᠪᠦᠷᠢᠯᠡᠨ᠎ᠡ᠃ ᠮᠠᠯᠵᠢᠬᠤ ᠣᠷᠣᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠰᠠᠭᠤᠷᠢ ᠲᠥᠬᠦᠭᠡᠷᠦᠮᠵᠢ ᠶᠢᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠥᠪᠯᠡᠷᠡᠨ ᠰᠠᠭᠤᠷᠢᠰᠢᠭᠰᠠᠨ ᠲᠣᠰᠬᠤᠨ ᠳᠤ ᠴᠠᠬᠢᠯᠭᠠᠨ ᠨᠡᠪᠲᠡᠷᠡᠭᠦᠯᠵᠦ᠂ ᠪᠣᠶᠢᠳᠠ ᠪᠥᠭᠯᠡᠭᠦᠦ | ᠭᠠᠵᠠᠷ ᠣᠷᠣᠨ ᠳᠤ ᠨᠡᠭᠦᠳᠡᠯ ᠬᠤᠯᠪᠣᠭ᠎ᠠ ᠶᠢ ᠪᠦᠷᠬᠦᠭᠦᠯᠵᠦ᠂ ᠵᠠᠰᠠᠭ ᠵᠠᠬᠢᠷᠭᠠᠨ ᠤ ᠭᠠᠴᠠᠭᠠᠨ ᠳᠤ ᠥᠷᠭᠡᠨ ᠪᠦᠰᠡᠲᠦ ᠰᠦᠯᠵᠢᠶ᠎ᠡ ᠶᠢ ᠪᠦᠷᠬᠦᠭᠦᠯᠦᠨ᠎ᠡ᠃ ᠮᠠᠯᠴᠢᠳ | ᠤᠨ ᠠᠵᠢᠯ ᠮᠡᠷᠭᠡᠵᠢᠯ ᠤᠨ ᠪᠣᠯᠪᠠᠰᠤᠷᠠᠯ ᠢ ᠲᠠᠰᠤᠷᠠᠯᠲᠠ ᠦᠭᠡᠢ ᠴᠢᠩᠭᠠᠳᠬᠠᠵᠤ᠂ ᠰᠣᠶᠣᠯ ᠲᠠᠢ᠂ ᠮᠡᠷᠭᠡᠵᠢᠯ ᠲᠠᠢ᠂ ᠨᠡᠶᠢᠭᠡᠮ ᠤᠨ ᠲᠤᠷᠰᠢᠯᠭ᠎ᠠ ᠲᠠᠢ ᠰᠢᠨ᠎ᠡ ᠬᠡᠯᠪᠡᠷᠢ | ᠶᠢᠨ ᠮᠠᠯᠴᠢᠳ ᠢ ᠬᠥᠮᠥᠵᠢᠭᠦᠯᠦᠨ᠎ᠡ᠃ | ︵ᠨᠠᠢᠮᠠ︶ ᠠᠵᠤ ᠠᠬᠤᠢ ᠠᠮᠢ ᠠᠬᠤᠢ ᠶᠢᠨ ᠲᠣᠭᠲᠠᠴᠠ ᠶᠢᠨ ᠥᠭᠡᠷᠡᠴᠢᠯᠡᠯᠲᠡ ᠶᠢ ᠪᠠᠲᠤᠲᠠᠢ ᠲᠦᠯᠬᠢᠨ ᠠᠬᠢᠭᠤᠯᠤᠨ᠎ᠠ᠃ ᠥᠭᠡᠷᠡᠴᠢᠯᠡᠯᠲᠡ ᠬᠢᠵᠦ ᠰᠢᠨ᠎ᠡ | ᠶᠢ ᠡᠭᠦᠳᠬᠦ ᠪᠠᠷ ᠳᠠᠮᠵᠢᠵᠤ ᠴᠢᠨᠠᠷ ᠴᠢᠨᠰᠠᠭ᠎ᠠ ᠶᠢᠨ ᠥᠭᠡᠷᠡᠴᠢᠯᠡᠯᠲᠡ᠂ ᠦᠷ᠎ᠡ ᠪᠦᠲᠦᠮᠵᠢ ᠶᠢᠨ ᠥᠭᠡᠷᠡᠴᠢᠯᠡᠯᠲᠡ᠂ ᠬᠥᠳᠡᠯᠭᠡᠬᠦ ᠬᠦᠴᠦᠨ ᠤ ᠥᠭᠡᠷᠡᠴᠢᠯᠡᠯᠲᠡ ᠶᠢ | ᠲᠦᠯᠬᠢᠨ ᠠᠬᠢᠭᠤᠯᠬᠤ ᠶᠢ ᠪᠠᠷᠢᠮᠲᠠᠯᠠᠨ᠎ᠠ᠃ ᠵᠠᠰᠠᠭ ᠢ ᠴᠣᠮᠬᠠᠳᠬᠠᠨ ᠡᠷᠬᠡ ᠶᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ ᠥᠭᠡᠷᠡᠴᠢᠯᠡᠯᠲᠡ | ᠶᠢ ᠲᠦᠯᠬᠢᠨ ᠠᠬᠢᠭᠤᠯᠵᠤ᠂ ᠨᠠᠷᠢᠨ ᠲᠣᠳᠣ ᠬᠠᠭᠤᠳᠠᠰᠤ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠦᠨ᠎ᠡ᠃ | ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠳᠠᠩᠰᠠᠯᠠᠨ | ᠪᠦᠷᠢᠳᠬᠡᠬᠦ ᠠᠵᠢᠯ ᠤᠨ ᠪᠦᠬᠦ ᠶᠠᠪᠤᠴᠠ ᠶᠢ ᠡᠯᠧᠺᠲᠷᠤᠨ ᠢᠶᠠᠷ ᠪᠡᠶᠡᠯᠡᠭᠦᠯᠦᠨ᠎ᠡ᠃ ᠲᠣᠭᠲᠠᠮᠠᠯ ᠬᠥᠷᠥᠩᠭᠡ ᠶᠢ ᠨᠢᠭᠡᠳᠦᠯᠲᠡᠢ ᠳᠠᠩᠰᠠᠯᠠᠬᠤ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠲᠡᠭᠦᠯᠳᠡᠷᠵᠢᠭᠦᠯᠵᠦ᠂ ︽ᠭᠡᠷ ᠭᠠᠵᠠᠷ ᠬᠥᠷᠥᠩᠭᠡ ᠶᠢᠨ ᠨᠢᠭᠡ ᠴᠣᠭᠴᠠᠲᠤ︾ ᠡᠷᠬᠡ ᠶᠢ ᠨᠤᠲᠠᠯᠠᠨ ᠳᠠᠩᠰᠠᠯᠠᠬᠤ ᠠᠵᠢᠯ ᠢ | ᠪᠡᠶᠡᠯᠡᠭᠦᠯᠦᠨ᠎ᠡ᠃ ᠰᠢᠨ᠎ᠡ ᠮᠠᠶ᠋ᠢᠭ ᠤᠨ ᠮᠠᠯ ᠠᠵᠤ ᠠᠬᠤᠢ ᠶᠢᠨ ᠡᠵᠡᠩᠨᠡᠬᠦ ᠬᠡᠯᠪᠡᠷᠢ ᠶᠢ ᠪᠠᠶᠢᠭᠤᠯᠵᠤ᠂ ᠭᠡᠷ ᠪᠦᠯᠢ ᠪᠠᠷ ᠡᠵᠡᠩᠨᠡᠬᠦ᠂ ᠬᠠᠮᠲᠤ ᠨᠡᠶᠢᠲᠡ ᠪᠠᠷ ᠡᠵᠡᠩᠨᠡᠬᠦ᠂ | ᠬᠤᠷᠰᠢᠨ ᠡᠵᠡᠩᠨᠡᠬᠦ᠂ ᠠᠵᠤ ᠠᠬᠤᠶᠢᠯᠠᠯ ᠡᠵᠡᠩᠨᠡᠬᠦ ᠵᠡᠷᠭᠡ ᠬᠠᠮᠲᠤ ᠪᠠᠷ ᠬᠥᠭᠵᠢᠬᠦ ᠡᠵᠡᠩᠨᠡᠯᠲᠡ ᠶᠢᠨ ᠰᠢᠨ᠎ᠡ ᠠᠷᠭ᠎ᠠ ᠬᠡᠯᠪᠡᠷᠢ ᠶᠢ ᠡᠭᠦᠳᠴᠦ᠂ ᠮᠠᠯ ᠠᠵᠤ ᠠᠬᠤᠢ | ᠶᠢᠨ ᠰᠤᠷᠠᠭ ᠵᠠᠩᠭᠢ ᠶᠢᠨ ᠦᠢᠯᠡᠴᠢᠯᠡᠭᠡ᠂ ᠰᠢᠨᠵᠢᠯᠡᠭᠡ ᠮᠡᠷᠭᠡᠵᠢᠯ ᠤᠨ ᠲᠤᠯᠭᠠᠭᠤᠷᠢᠯᠠᠯ᠂ ᠭᠠᠮᠰᠢᠭ ᠢ ᠰᠡᠷᠭᠡᠶᠢᠯᠡᠬᠦ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡᠨ ᠤ | ᠰᠢᠰᠲ᠋ᠧᠮ ᠢ ᠲᠡᠭᠦᠯᠳᠡᠷᠵᠢᠭᠦᠯᠦᠨ᠎ᠡ᠃ ᠤᠯᠤᠰ ᠤᠨ ᠦᠮᠴᠢᠯᠡᠯᠲᠦ ᠣᠢ ᠰᠢᠭᠤᠢ ᠶᠢᠨ ᠲᠠᠯᠠᠪᠠᠢ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠠᠵᠢᠯ | ᠣᠯᠭᠤᠵᠤ ᠦᠢᠯᠡᠰ ᠪᠣᠰᠬᠠᠬᠤ ᠶᠢ ᠠᠬᠢᠭᠤᠯᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ ᠠᠬᠢᠭᠤᠯᠤᠨ᠎ᠠ᠃ ᠨᠡᠶᠢᠭᠡᠮ ᠤᠨ ᠪᠠᠲᠤᠯᠠᠭ᠎ᠠ ᠶᠢᠨ ᠳᠦᠷᠢᠮ ᠤᠨ | ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠪᠡᠯᠡ ᠣᠷᠣᠭᠤᠯᠬᠤ ᠪᠠ ᠬᠤᠷᠠᠮᠳᠤᠭᠤᠯᠬᠤ ᠲᠣᠭᠲᠠᠴᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠬᠢᠭᠡᠳ ᠨᠡᠶᠢᠭᠡᠮ ᠤᠨ ᠪᠡᠯᠡ ᠬᠥᠷᠥᠩᠭᠡ ᠶᠢᠨ ᠬᠠᠮᠲᠤᠷᠠᠯᠴᠠᠭ᠎ᠠ ᠶᠢ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠤ | ᠪᠡᠯᠡ ᠣᠷᠣᠭᠤᠯᠵᠤ ᠬᠤᠷᠠᠮᠳᠤᠭᠤᠯᠬᠤ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠴᠦ᠂ ᠣᠯᠠᠨ ᠠᠷᠭ᠎ᠠ ᠵᠠᠮ ᠢᠶᠠᠷ ᠪᠡᠯᠡ ᠬᠤᠷᠠᠮᠳᠤᠭᠤᠯᠵᠤ᠂ ᠭᠤᠣᠯᠳᠠᠯᠭᠠᠲᠤ | ᠲᠥᠷᠥᠯ ᠵᠦᠢᠯ ᠤᠨ ᠪᠠᠶᠢᠭᠤᠯᠤᠯᠲᠠ ᠶᠢᠨ ᠪᠡᠯᠡ ᠮᠥᠩᠭᠦ ᠶᠢᠨ ᠬᠡᠷᠡᠭᠴᠡᠭᠡ ᠶᠢ ᠪᠠᠲᠤᠯᠠᠨ᠎ᠠ᠃ ᠮᠥᠩᠭᠦᠨ ᠭᠦᠢᠯᠭᠡᠭᠡ ᠶᠢᠨ ᠰᠠᠯᠠᠭ᠎ᠠ ᠮᠥᠴᠢᠷ ᠤᠨ ᠮᠥᠩᠭᠦᠨ | ᠭᠦᠢᠯᠭᠡᠭᠡᠨ ᠤ ᠪᠦᠲᠦᠭᠡᠭᠳᠡᠬᠦᠨ ᠪᠣᠯᠣᠨ ᠦᠢᠯᠡᠴᠢᠯᠡᠭᠡᠨ ᠤ ᠰᠢᠨ᠎ᠡ ᠶᠢ ᠡᠭᠦᠳᠬᠦ ᠶᠢ ᠳᠡᠮᠵᠢᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠣᠷᠣᠨ ᠨᠤᠲᠤᠭ | ᠤᠨ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠲᠠᠢ ᠦᠢᠯᠡᠴᠢᠯᠡᠬᠦ ᠢᠳᠡᠪᠬᠢᠵᠢᠯ ᠢ ᠳᠡᠭᠡᠭᠰᠢᠯᠡᠭᠦᠯᠦᠨ᠎ᠡ᠃ | ︵ ᠶᠢᠰᠦ︶ ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠶᠢ ᠪᠠᠲᠤᠲᠠᠢ ᠲᠦᠯᠬᠢᠨ ᠠᠬᠢᠭᠤᠯᠤᠨ᠎ᠠ᠃ ᠦᠨᠳᠦᠰᠦᠨ ᠱᠠᠲᠤᠨ ᠳᠤ ᠭᠦᠨᠵᠡᠭᠡᠶᠢᠷᠡᠵᠦ᠂ | 4000 ᠲᠦᠮᠡᠨ ᠲᠥᠭᠦᠷᠢᠭ ᠪᠡᠯᠡ ᠣᠷᠣᠭᠤᠯᠵᠤ᠂ ᠡᠯ᠎ᠡ ᠦᠨᠳᠦᠰᠦᠲᠡᠨ ᠤ ᠣᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ | ᠠᠮᠢᠳᠤᠷᠠᠯ ᠤᠨ ᠬᠡᠷᠡᠭᠴᠡᠭᠡ ᠶᠢ ᠰᠠᠶᠢᠲᠤᠷ ᠪᠡᠶᠡᠯᠡᠭᠦᠯᠦᠨ᠎ᠡ᠃ 1ᠬᠡᠦᠬᠡᠳ ᠤᠨ ᠴᠡᠴᠡᠷᠯᠢᠭ ᠪᠣᠯᠣᠨ 3 ᠰᠤᠷᠭᠠᠭᠤᠯᠢ ᠶᠢᠨ ᠲᠠᠮᠢᠷ ᠤᠨ ᠬᠥᠳᠡᠯᠭᠡᠭᠡᠨ ᠤ ᠲᠠᠯᠠᠪᠤᠷ ᠢ | ᠰᠢᠨ᠎ᠡ ᠪᠠᠷ ᠦᠷᠭᠦᠯᠵᠢᠯᠡᠨ ᠪᠠᠶᠢᠭᠤᠯᠵᠤ᠂ ᠬᠡᠪ ᠴᠢᠨᠠᠷ ᠤᠨ ᠰᠤᠷᠭᠠᠨ ᠬᠥᠮᠥᠵᠢᠯ ᠢ ᠶᠡᠬᠡᠪᠡᠷ ᠬᠥᠭᠵᠢᠭᠦᠯᠵᠦ᠂ ᠰᠢᠨᠵᠢᠯᠡᠭᠡ ᠮᠡᠷᠭᠡᠵᠢᠯ ᠤᠨ ᠲᠥᠷᠥᠯ ᠵᠦᠢᠯ ᠢ ᠪᠦᠬᠦ | ᠲᠠᠯ᠎ᠠ ᠪᠠᠷ ᠠᠬᠢᠭᠤᠯᠤᠨ᠎ᠠ᠃ ᠦᠨᠳᠦᠰᠦᠲᠡᠨ ᠤ ᠰᠣᠶᠣᠯ ᠪᠡᠶ᠎ᠡ ᠲᠠᠮᠢᠷ᠂ ᠷᠠᠳᠢᠣ᠋ ᠨᠡᠪᠲᠡᠷᠡᠭᠦᠯᠭᠡ ᠶᠢᠨ ᠦᠢᠯᠡᠰ ᠢ ᠬᠥᠭᠵᠢᠭᠦᠯᠬᠦ ᠲᠥᠷᠥᠯ ᠵᠦᠢᠯ ᠢ ᠢᠳᠡᠪᠬᠢᠲᠡᠢ | ᠲᠦᠯᠬᠢᠨ ᠠᠬᠢᠭᠤᠯᠵᠤ᠂ ᠠᠮᠤᠭᠤᠯᠠᠩ ᠪᠠᠯᠭᠠᠰᠤᠨ ᠤ ︽ᠠᠷᠪᠠᠨ ᠮᠢᠨᠦ᠋ᠲ ᠪᠡᠶ᠎ᠡ ᠪᠣᠯᠪᠠᠰᠤᠷᠠᠭᠤᠯᠬᠤ ᠲᠠᠯᠠᠪᠤᠷ︾᠂ ᠰᠤᠮᠤ᠂ ᠭᠠᠴᠠᠭᠠᠨ ᠳᠤ ᠲᠠᠮᠢᠷ ᠤᠨ ᠲᠣᠨᠤᠭ | ᠲᠥᠬᠦᠭᠡᠷᠦᠮᠵᠢ ᠶᠢ ᠪᠦᠷᠬᠦᠭᠦᠯᠬᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠵᠡᠷᠭᠡ ᠲᠥᠷᠥᠯ ᠵᠦᠢᠯ ᠢ ᠰᠢᠨ᠎ᠡ ᠪᠠᠷ ᠪᠠᠶᠢᠭᠤᠯᠤᠨ᠎ᠠ᠃ ︽ᠡᠷᠡᠭᠦᠯ ᠡᠩᠬᠡ | ᠰᠢᠨ᠎ᠡ ᠪᠠᠷᠭᠤ ᠵᠡᠭᠦᠨ ᠬᠤᠰᠢᠭᠤ︾ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠮᠣᠩᠭᠤᠯ | ᠡᠮᠨᠡᠯᠭᠡ ᠶᠢᠨ ᠬᠤᠷᠢᠶ᠎ᠠ ᠶᠢᠨ ︽ᠬᠤᠶᠠᠳᠤᠭᠠᠷ ᠵᠡᠷᠭᠡ ᠶᠢᠨ ᠬᠥᠬᠡ ᠳᠡᠰ︾ ᠲᠤ ᠳᠡᠪᠰᠢᠬᠦ ᠠᠬᠢᠴᠠ ᠶᠢ ᠲᠦᠷᠭᠡᠳᠬᠡᠵᠦ᠂ ︽ᠢᠨᠲ᠋ᠧᠷ ᠰᠦᠯᠵᠢᠶ᠎ᠡ + ᠡᠮ ᠤᠨ | ᠵᠢᠵᠢᠭ ᠬᠠᠶᠢᠷᠴᠠᠭ︾ ᠤᠨ ᠮᠡᠳᠡᠭᠡ ᠵᠠᠩᠭᠢᠵᠢᠯᠲᠡ ᠶᠢ ᠳᠡᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠤ | ᠡᠮᠨᠡᠯᠭᠡ ᠳᠤ ᠰᠠᠭᠤᠬᠤ ᠠᠰᠠᠷ ᠢ ᠠᠰᠢᠭᠯᠠᠯᠲᠠ ᠳᠤ ᠣᠷᠣᠭᠤᠯᠵᠤ᠂ ᠬᠤᠰᠢᠭᠤᠨ ᠤ ᠡᠬᠡ ᠨᠢᠯᠬᠠᠰ ᠲᠥᠯᠥᠪᠯᠡᠭᠡᠲᠦ ᠦᠷᠡᠵᠢᠯ ᠤᠨ ᠥᠷᠲᠡᠭᠡ᠂ ᠡᠪᠡᠳᠴᠢᠨ ᠡᠮᠭᠡᠭ ᠢ | ᠰᠡᠷᠭᠡᠶᠢᠯᠡᠨ ᠡᠵᠡᠮᠳᠡᠬᠦ ᠲᠥᠪ ᠤᠨ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠭᠡᠷ ᠢ ᠰᠢᠨ᠎ᠡ ᠪᠠᠷ ᠪᠠᠶᠢᠭᠤᠯᠵᠤ᠂ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ | ᠬᠠᠮᠢᠶᠠᠷᠤᠯᠲᠠ ᠶᠢ ᠤᠯᠠᠮ ᠨᠢᠭᠡ ᠠᠯᠬᠤᠮ ᠰᠠᠶᠢᠵᠢᠷᠠᠭᠤᠯᠤᠨ᠎ᠠ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ | ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠬᠦᠴᠦᠯᠡᠴᠡ ᠪᠠᠨ ᠴᠢᠩᠭᠠᠳᠬᠠᠨ᠎ᠠ᠃ ︽ᠠᠮᠤᠷ ᠲᠦᠪᠰᠢᠨ ᠰᠢᠨ᠎ᠡ ᠪᠠᠷᠭᠤ ᠵᠡᠭᠦᠨ ᠬᠤᠰᠢᠭᠤ︾ | ᠶᠢᠨ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠵᠤ᠂ ᠨᠡᠶᠢᠭᠡᠮ ᠤᠨ ᠠᠮᠤᠷ ᠢ ᠬᠠᠮᠠᠭᠠᠯᠠᠬᠤ᠂ ᠬᠢᠯᠢ ᠶᠢᠨ ᠬᠠᠮᠢᠶᠠᠷᠤᠯᠲᠠ ᠡᠵᠡᠮᠳᠡᠯ ᠢ ᠬᠦᠴᠦᠯᠡᠨ | ᠴᠢᠩᠭᠠᠳᠬᠠᠵᠤ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠥᠵᠢᠯ ᠤᠨ ᠠᠵᠢᠯ ᠤᠨ ᠬᠦᠴᠦᠯᠡᠴᠡ ᠶᠢ ᠴᠢᠩᠭᠠᠳᠬᠠᠨ᠎ᠠ᠃ ᠤᠯᠠᠭᠠᠨ ᠵᠠᠭᠠᠯᠮᠠᠶᠢᠲᠠᠨ᠂ ᠵᠡᠮᠳᠡᠭᠴᠦᠳ ᠤᠨ | ᠬᠤᠯᠪᠣᠭ᠎ᠠ ᠵᠡᠷᠭᠡ ᠨᠡᠶᠢᠭᠡᠮ ᠤᠨ ᠠᠰᠠᠷᠠᠮᠵᠢ ᠶᠢᠨ ᠠᠵᠢᠯ ᠦᠢᠯᠡᠰ ᠪᠣᠯᠣᠨ ᠣᠯᠠᠨ ᠲᠦᠮᠡᠨᠴᠢ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ | ᠬᠦᠴᠦᠯᠡᠨ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠢ ᠲᠦᠯᠬᠢᠨ ᠠᠬᠢᠭᠤᠯᠵᠤ᠂ | ᠨᠡᠶᠢᠭᠡᠮ ᠤᠨ ᠪᠣᠯᠪᠠᠰᠤᠨ ᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠦᠢᠯᠡᠰ ᠢ ᠪᠦᠬᠦ | ᠲᠠᠯ᠎ᠠ ᠪᠠᠷ ᠬᠥᠭᠵᠢᠭᠦᠯᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠪᠠᠷ | ᠴᠢᠷᠮᠠᠶᠢᠨ᠎ᠠ᠃ | ︵ᠠᠷᠪᠠ︶ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠪᠠᠲᠤᠲᠠᠢ ᠲᠦᠯᠬᠢᠨ ᠠᠬᠢᠭᠤᠯᠤᠨ᠎ᠠ᠃ ᠠᠷᠠᠳ ᠲᠦᠮᠡᠨ ᠤ ᠬᠠᠨᠤᠮᠵᠢᠲᠠᠢ ᠵᠠᠰᠠᠭ | ᠤᠨ ᠣᠷᠳᠣᠨ ᠢ ᠪᠠᠶᠢᠭᠤᠯᠬᠤ ᠪᠠᠷ ᠬᠠᠮᠤᠭ ᠥᠨᠳᠥᠷ ᠬᠦᠰᠡᠯ ᠵᠣᠷᠢᠯᠲᠠ ᠪᠣᠯᠭᠠᠵᠤ᠂ ︽ᠳᠦᠷᠪᠡᠨ ᠤᠬᠠᠮᠰᠠᠷ︾ ᠢ ᠪᠣᠢ ᠪᠣᠯᠭᠠᠵᠤ᠂ ︽ᠳᠦᠷᠪᠡᠨ ᠢᠲᠡᠭᠡᠯ︾ ᠢ | ᠪᠠᠲᠤ ᠪᠣᠯᠭᠠᠵᠤ᠂ ᠣᠪᠣᠷ ᠰᠤᠷᠲᠠᠯ ᠢᠶᠠᠨ ᠬᠤᠪᠢᠷᠠᠭᠤᠯᠤᠨ᠂ ᠴᠢᠳᠠᠪᠬᠢ ᠪᠠᠨ ᠳᠡᠭᠡᠭᠰᠢᠯᠡᠭᠦᠯᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠴᠢᠳᠠᠪᠤᠷᠢ ᠪᠠᠨ ᠪᠦᠬᠦ ᠲᠠᠯ᠎ᠠ ᠪᠠᠷ ᠴᠢᠩᠭᠠᠳᠬᠠᠨ᠎ᠠ᠃ ᠠᠷᠠᠳ ᠤᠨ ᠲᠥᠯᠥᠭᠡ ᠠᠵᠢᠯᠴᠢ ᠬᠢᠴᠢᠶᠡᠩᠭᠦᠢ ᠪᠠᠷ ᠵᠠᠰᠠᠭ | ᠪᠠᠷᠢᠬᠤ ᠶᠢ ᠢᠮᠠᠭᠲᠠ ᠪᠠᠷᠢᠮᠲᠠᠯᠠᠨ᠎ᠠ᠃ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠥᠵᠢᠯ ᠤᠨ ᠦᠷ᠎ᠡ | ᠪᠦᠲᠦᠮᠵᠢ ᠪᠠᠨ ᠦᠷᠭᠦᠯᠵᠢᠯᠡᠨ ᠪᠠᠲᠤᠳᠬᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠦᠢᠯᠡᠳᠦᠯᠭᠡ ᠪᠠᠨ ᠵᠢᠯᠣᠭᠤᠳᠤᠭᠤᠯᠬᠤ᠂ | ᠠᠵᠢᠯ ᠢᠶᠠᠨ ᠲᠦᠯᠬᠢᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠤᠨ᠎ᠠ᠃ ᠠᠷᠠᠳ ᠲᠦᠮᠡᠨ ᠢᠶᠠᠷ ᠭᠤᠣᠯ ᠪᠣᠯᠭᠠᠭᠰᠠᠨ | ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠣᠯᠭᠠᠵᠤ᠂ ᠵᠣᠷᠢᠯᠭ᠎ᠠ ᠤᠬᠠᠮᠰᠠᠷ ᠢᠶᠠᠨ ᠳᠡᠭᠡᠭᠰᠢᠯᠡᠭᠦᠯᠵᠦ᠂ ᠠᠷᠠᠳ ᠤᠨ ᠲᠥᠯᠥᠭᠡ ᠵᠠᠰᠠᠭ ᠪᠠᠷᠢᠬᠤ ᠶᠢ | ᠪᠠᠷᠢᠮᠲᠠᠯᠠᠵᠤ᠂ ᠦᠨᠡᠨ ᠪᠣᠳᠠᠲᠠᠢ ᠪᠠᠷ ᠠᠷᠠᠳ ᠲᠦᠮᠡᠨ ᠳᠤ ᠦᠢᠯᠡᠴᠢᠯᠡᠵᠦ᠂ ᠦᠷ᠎ᠡ ᠪᠦᠲᠦᠮᠵᠢ ᠪᠠᠷ ᠠᠷᠠᠳ ᠤᠨ ᠢᠲᠡᠭᠡᠯ ᠢ ᠣᠯᠵᠤ᠂ ᠬᠥᠭᠵᠢᠯᠲᠡ ᠶᠢᠨ ᠦᠷ᠎ᠡ | ᠪᠦᠲᠦᠭᠡᠯ ᠢ ᠠᠷᠠᠳ ᠲᠦᠮᠡᠨ ᠳᠡᠭᠡᠨ ᠡᠳ᠋ᠯᠡᠭᠦᠯᠦᠨ᠎ᠡ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠢᠮᠠᠭᠲᠠ ᠪᠠᠷᠢᠮᠲᠠᠯᠠᠨ᠎ᠠ᠃ ᠬᠠᠤᠯᠢ ᠶᠣᠰᠣᠭᠠᠷ ᠬᠢᠨᠠᠨ | ᠪᠠᠶᠢᠴᠠᠭᠠᠬᠤ ᠶᠢ ᠪᠠᠷᠢᠮᠲᠠᠯᠠᠵᠤ᠂ ᠣᠯᠠᠨ ᠨᠡᠶᠢᠲᠡ ᠣᠷᠣᠯᠴᠠᠭᠰᠠᠨ᠂ ᠲᠤᠰᠬᠠᠢ ᠮᠡᠷᠭᠡᠵᠢᠯᠲᠡᠨ ᠠᠴᠠ ᠵᠥᠪᠯᠡᠬᠦ ᠪᠠ ᠵᠠᠰᠠᠭ ᠤᠨ ᠣᠷᠳᠣᠨ ᠠᠴᠠ ᠰᠢᠢᠳᠪᠦᠷᠢ ᠭᠠᠷᠭᠠᠬᠤ | ᠶᠢ ᠬᠠᠷᠢᠯᠴᠠᠨ ᠤᠶᠠᠯᠳᠤᠭᠤᠯᠤᠭᠰᠠᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠠᠤᠯᠢ ᠶᠣᠰᠣᠭᠠᠷ᠂ ᠠᠷᠠᠳᠴᠢᠯᠠᠯ ᠢᠶᠠᠷ᠂ ᠰᠢᠨᠵᠢᠯᠡᠬᠦ ᠤᠬᠠᠭᠠᠨᠴᠢ ᠪᠠᠷ | ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠬᠠᠤᠯᠢ ᠠᠴᠠ ᠣᠯᠭᠤᠭᠰᠠᠨ ᠦᠭᠡᠢ ᠡᠷᠬᠡ ᠶᠢ ᠦᠯᠦ ᠬᠡᠷᠡᠭᠵᠢᠭᠦᠯᠬᠦ᠂ ᠬᠠᠤᠯᠢ ᠪᠠᠷ ᠲᠣᠭᠲᠠᠭᠠᠭᠰᠠᠨ ᠡᠭᠦᠷᠭᠡ | ᠬᠠᠷᠢᠭᠤᠴᠠᠯᠭ᠎ᠠ ᠶᠢ ᠡᠷᠬᠡᠪᠰᠢ ᠭᠦᠢᠴᠡᠳᠬᠡᠬᠦ ᠶᠢ ᠦᠨᠡᠨᠬᠦ ᠪᠠᠲᠤᠯᠠᠨ᠎ᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ | ᠪᠠᠶᠢᠩᠭᠤ ᠶᠢᠨ ᠬᠤᠷᠢᠶ᠎ᠠ ᠶᠢᠨ ᠬᠠᠤᠯᠢ ᠴᠠᠭᠠᠵᠠ ᠪᠠᠷ ᠬᠢᠨᠠᠯᠲᠠ ᠲᠠᠯᠪᠢᠬᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ | ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠨᠡᠶᠢᠲᠡ ᠪᠣᠯᠣᠨ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠶᠢ ᠬᠦᠯᠢᠶᠡᠨ᠎ᠡ᠃ ᠪᠠᠲᠤ | ᠴᠢᠩᠭ᠎ᠠ ᠣᠪᠣᠷ ᠰᠤᠷᠲᠠᠯ ᠢ ᠢᠮᠠᠭᠲᠠ ᠪᠠᠷᠢᠮᠲᠠᠯᠠᠨ᠎ᠠ᠃ ᠣᠪᠣᠷ ᠰᠤᠷᠲᠠᠯ ᠤᠨ ᠪᠠᠶᠢᠭᠤᠯᠤᠯᠲᠠ ᠪᠠ ᠡᠭᠦᠷᠭᠡ ᠬᠠᠷᠢᠭᠤᠴᠠᠯᠭ᠎ᠠ ᠪᠠᠨ ᠦᠷᠭᠦᠯᠵᠢᠯᠡᠨ ᠴᠢᠩᠭᠠᠳᠬᠠᠵᠤ᠂ | ︽ᠣᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠱᠠᠭᠠᠷᠳᠠᠯᠭ᠎ᠠ︾ ᠶᠢ ᠰᠡᠳᠬᠢᠯ ᠳᠡᠭᠡᠨ ᠪᠣᠳᠣᠵᠤ᠂ ᠮᠥᠷᠥᠨ ᠳᠡᠭᠡᠨ ᠡᠭᠦᠷᠭᠡᠯᠡᠵᠦ᠂ ᠴᠢᠩᠭ᠎ᠠ | ᠪᠠᠲᠤᠲᠠᠢ ᠠᠳᠬᠤᠨ᠎ᠠ᠃ ᠦᠨᠡᠨ ᠦᠭᠡ ᠶᠠᠷᠢᠵᠤ᠂ ᠪᠣᠳᠠᠲᠤ ᠠᠵᠢᠯ ᠬᠢᠬᠦ᠂ ᠪᠣᠳᠠᠲᠠᠢ ᠠᠷᠭ᠎ᠠ ᠪᠣᠳᠣᠯᠭ᠎ᠠ ᠠᠪᠴᠤ᠂ ᠪᠣᠳᠠᠲᠤ ᠦᠷ᠎ᠡ ᠠᠰᠢᠭ ᠭᠠᠷᠭᠠᠬᠤ ᠶᠢ | ᠪᠠᠷᠢᠮᠲᠠᠯᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ᠂ ᠮᠣᠩᠭᠤᠯ ᠮᠣᠷᠢᠨ ᠤ ᠵᠣᠷᠢᠭ ᠰᠠᠨᠠᠭ᠎ᠠ ᠪᠠᠷ ᠡᠯ᠎ᠡ ᠲᠥᠷᠥᠯ ᠤᠨ ᠠᠵᠢᠯ ᠢᠶᠠᠨ ᠪᠣᠳᠠᠲᠠᠢ ᠬᠢᠨᠠᠮᠠᠭᠠᠢ ᠰᠠᠶᠢᠲᠤᠷ | ᠬᠢᠵᠦ᠂ ᠵᠠᠰᠠᠭ ᠤᠨ ᠣᠷᠳᠣᠨ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠨᠡᠭᠡᠭᠡᠨ᠎ᠡ᠃ ᠠᠷᠢᠭᠤᠨ ᠴᠢᠬᠡᠴᠢ ᠤᠭ ᠴᠢᠨᠠᠷ ᠢᠶᠠᠨ ᠢᠮᠠᠭᠲᠠ ᠪᠠᠷᠢᠮᠲᠠᠯᠠᠨ᠎ᠠ᠃ ︽ | ᠨᠢᠭᠡ ᠠᠵᠢᠯ ᠤᠨ ᠪᠠᠶᠢᠷᠢ ᠳᠠᠬᠢ ᠬᠤᠶᠠᠷ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ ᠪᠣᠯᠣᠨ ᠬᠢᠨᠠᠨ ᠪᠣᠳᠣᠯᠲᠠ ᠶᠢ | ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ ᠪᠣᠯᠣᠨ ᠵᠠᠩᠭᠢᠯᠠᠭ᠎ᠠ ᠶᠢᠨ ᠠᠵᠢᠯ ᠤᠨ ᠪᠠᠶᠢᠷᠢ ᠳᠠᠬᠢ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃ ᠲᠥᠪ ᠤᠨ ᠨᠠᠢᠮᠠᠨ ᠵᠦᠢᠯ ᠤᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ︽ᠳᠦᠷᠪᠡᠨ | ᠰᠤᠷᠲᠠᠯ︾ ᠢ ᠡᠷᠬᠡᠪᠰᠢ ᠵᠠᠯᠠᠷᠠᠭᠤᠯᠵᠤ᠂ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠲᠥᠪ ᠪᠤᠰᠤ ᠰᠤᠷᠲᠠᠯ ᠪᠣᠯᠣᠨ ᠢᠯᠵᠢᠷᠡᠮᠡᠯ ᠤᠨ ᠠᠰᠠᠭᠤᠳᠠᠯ ᠢ | ᠴᠢᠩᠭ᠎ᠠ ᠪᠠᠶᠢᠴᠠᠭᠠᠨ ᠰᠢᠢᠳᠬᠡᠵᠦ᠂ ᠲᠥᠪ ᠴᠢᠬᠡᠴᠢ ᠤᠯᠤᠰ ᠲᠥᠷᠥ ᠶᠢᠨ ᠣᠷᠴᠢᠨ ᠠᠬᠤᠢ ᠶᠢ ᠪᠣᠢ ᠪᠣᠯᠭᠠᠨ᠎ᠠ᠃ | ᠲᠥᠯᠥᠭᠡᠯᠡᠭᠴᠢᠳ ᠡ᠂ ᠰᠢᠨ᠎ᠡ ᠴᠠᠭ ᠦᠶ᠎ᠡ ᠶᠢᠨ ᠰᠢᠨ᠎ᠡ ᠠᠶᠠᠨ ᠨᠢᠭᠡᠨᠲᠡ ᠡᠬᠢᠯᠡᠪᠡ᠂ ᠰᠢᠨ᠎ᠡ ᠡᠭᠦᠷᠭᠡ᠂ ᠰᠢᠨ᠎ᠡ ᠠᠮᠵᠢᠯᠲᠠ ᠶᠢ ᠣᠯᠬᠤ ᠳᠤ ᠰᠢᠷᠭᠠᠭᠤ | ᠲᠡᠮᠡᠴᠡᠵᠦ ᠰᠢᠨ᠎ᠡ ᠶᠢ ᠡᠭᠦᠳᠬᠦ ᠴᠢᠬᠤᠯᠠᠲᠠᠢ᠃ ᠪᠢᠳᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠰᠢᠭᠤᠨ ᠤ ᠨᠠᠮ ᠤᠨ ᠬᠤᠷᠢᠶᠠᠨ ᠤ | ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠪᠦᠯᠬᠦᠮᠳᠡᠨ ᠲᠡᠮᠡᠴᠡᠵᠦ᠂ | ᠡᠷᠡᠯᠬᠡᠭᠯᠡᠨ ᠤᠷᠤᠭᠰᠢᠯᠠᠵᠤ᠂ ᠪᠦᠬᠦ ᠬᠤᠰᠢᠭᠤᠨ ᠤ ᠥᠷᠭᠡᠨ ᠣᠯᠠᠨ ᠺᠠᠳ᠋ᠷ ᠲᠦᠮᠡᠨ ᠢᠶᠠᠨ ᠪᠦᠯᠬᠦᠮᠳᠡᠭᠦᠯᠦᠨ ᠳᠠᠶᠢᠴᠢᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ | ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠣᠯᠬᠤ ᠰᠢᠨ᠎ᠡ ᠪᠠᠶᠢᠳᠠᠯ ᠢ ᠨᠡᠭᠡᠭᠡᠬᠦ ᠪᠠᠷ ᠴᠢᠷᠮᠠᠶᠢᠵᠠᠭᠠᠶ᠎ᠠ︕ |