ᠬᠤᠰᠢᠭᠤ ᠨᠠᠮ ᠤᠨ ᠬᠤᠷᠢᠶᠠᠨ ᠤ ᠱᠦᠵᠢ ᠪᠦᠷᠢᠨᠪᠠᠶᠠᠷ ᠬᠠᠨᠳᠠᠭᠠᠢ ᠰᠤᠮᠤᠨ ᠪᠠᠷ ᠬᠦᠨᠵᠡᠬᠡᠶᠢᠷᠡᠵᠦ ᠠᠵᠢᠯ ᠪᠠᠶᠢᠴᠠᠭᠠᠨ ᠵᠢᠯᠤᠭᠤᠳᠤᠭᠰᠠᠨ
ᠨᠡᠶᠢᠲᠡᠯᠡᠭᠰᠡᠨ ᠴᠠᠭ᠄
2018-03-14
    3 ᠰᠠᠷᠠᠶᠢᠨ 13᠎ ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤ ᠨᠠᠮ ᠤᠨ ᠬᠤᠷᠢᠶᠠᠨ ᠤ ᠱᠦᠵᠢ ᠪᠦᠷᠢᠨᠪᠠᠶᠠᠷ ᠬᠠᠨᠳᠠᠭᠠᠢ ᠰᠤᠮᠤ ᠪᠠᠷ ᠬᠦᠨᠵᠡᠬᠡᠶᠢᠷᠡᠵᠦ᠂ ᠰᠤᠮᠤᠨ ᠤ ᠤᠳᠤᠬᠠᠨ ᠤ ᠭᠤᠤᠯᠳᠠᠯᠠᠭᠠᠳᠠᠢ ᠠᠵᠢᠯ ᠢ ᠪᠠᠶᠢᠴᠠᠭᠠᠨ ᠵᠢᠯᠤᠭᠤᠳᠴᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠤᠬᠠᠭᠤᠯᠬᠤ ᠬᠡᠯᠳᠡᠰ ᠎ ᠤᠨ ᠲᠠᠷᠤᠭ᠎ᠠ ᠲᠡᠭᠰᠢᠪᠤᠶᠠᠨ ᠵᠢᠴᠢ ᠬᠤᠰᠢᠭᠤᠨ ᠤ ᠤᠷᠤᠨ ᠰᠠᠭᠤᠴᠠ ᠶᠢᠨ ᠪᠦᠳᠦᠬᠡᠨ ᠪᠠᠶᠢᠭᠤᠯᠤᠯᠳᠠ᠂ ᠲᠠᠷᠢᠶᠠᠯᠠᠩ ᠮᠠᠯᠵᠢᠯ᠂ ᠵᠢᠭᠤᠯᠴᠢᠯᠠᠯ ᠤᠨ ᠲᠤᠪᠴᠢᠶᠠᠨ ᠤ ᠭᠤᠤᠯ ᠬᠠᠷᠢᠭᠤᠴᠠᠯᠭᠠᠳᠠᠳ ᠪᠠᠷ᠎ᠠ ᠪᠤᠯᠤᠯᠴᠠᠵᠠᠢ᠃     ᠪᠠᠶᠢᠴᠠᠭᠠᠨ ᠰᠤᠳᠤᠯᠤᠯᠳᠠ ᠲᠤᠮᠳᠠ᠂ ᠪᠦᠷᠢᠨᠪᠠᠶᠠᠷ ᠠᠴᠠ ᠬᠠᠨᠳᠠᠭᠠᠢ ᠰᠤᠮᠤᠨ ᠤ ᠭᠤᠤᠯ ᠬᠠᠷᠢᠭᠤᠴᠠᠯᠭᠠᠳᠠᠳ ᠎ ᠤᠨ ᠪᠠᠷ᠎ᠠ ᠪᠤᠯᠤᠯᠭ᠎ᠠ ᠲᠤᠤᠷ᠎ᠠ᠂ ᠬᠠᠨᠳᠠᠭᠠᠢ ᠶᠢᠨ ᠲᠡᠵᠢᠬᠡᠨ ᠦᠷᠡᠵᠢᠬᠦᠯᠬᠦ ᠰᠢᠨ᠎ᠡ ᠲᠤᠭᠤᠷᠢᠭ ᠲᠤ ᠬᠦᠷᠴᠦ᠂ ᠰᠢᠨ᠎ᠡ ᠲᠤᠭᠤᠷᠢᠭ ᠤᠨ ᠪᠦᠳᠦᠬᠡᠨ ᠪᠠᠶᠢᠭᠤᠯᠤᠯᠳᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠰᠤᠮᠤ ᠪᠠ ᠬᠠᠮᠢᠶᠠᠳᠠᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠤ ᠤᠳᠤᠬᠠᠨ ᠤ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢᠨ ᠪᠠᠶᠢᠳᠠᠯ ᠎ ᠤᠨ ᠬᠠᠷᠢᠭᠤ ᠮᠡᠳᠡᠬᠦᠯᠦᠯᠳᠡ ᠶᠢ ᠰᠤᠨᠤᠰᠴᠦ᠂ ᠬᠠᠮᠳᠤᠪᠠᠷ ᠰᠤᠳᠤᠯᠤᠨ ᠶᠠᠷᠢᠯᠴᠠᠵᠠᠢ᠃ ᠵᠠᠯᠭᠠᠭᠠᠳ ᠪᠦᠷᠢᠨᠪᠠᠶᠠᠷ ᠵᠡᠷᠬᠡ ᠤᠳᠤᠷᠢᠳᠤᠯᠭ᠎ᠠ ᠬᠠᠨᠳᠠᠭᠠᠢ ᠰᠤᠮᠤᠨ ᠤ ᠦᠨᠳᠦᠰᠦᠳᠡᠨ ᠤ ᠪᠦᠯᠬᠦᠮᠳᠡᠯ ᠢ ᠡᠬᠦᠳᠦᠨ ᠪᠠᠶᠢᠭᠤᠯᠬᠤ ᠦᠵᠡᠬᠦᠯᠬᠡ ᠎ ᠶᠢᠨ ᠲᠢᠩᠬᠢᠮ ᠢᠶᠠᠷ ᠬᠦᠷᠴᠦ᠂ ᠰᠤᠮᠤᠨ ᠤ ᠬᠠᠷᠢᠭᠤᠴᠠᠯᠭᠠᠳᠠᠨ ᠤ ᠲᠤᠬᠠᠢ ᠶᠢᠨ ᠲᠠᠯᠠᠪᠤᠷ ᠲᠤ ᠲᠠᠨᠢᠯᠴᠠᠭᠤᠯᠬᠤ ᠪᠠ ᠤᠬᠠᠭᠤᠯᠬᠤ ᠶᠢᠨ ᠬᠠᠪᠳᠠᠰᠤ ᠶᠢ ᠦᠵᠡᠬᠦ ᠬᠡᠯᠪᠡᠷᠢ ᠪᠠᠷ ᠰᠤᠮᠤᠨ ᠤ ᠤᠯᠠᠨ ᠵᠢᠯ ᠤᠨ ᠲᠤᠷᠰᠢᠬᠢ ᠦᠨᠳᠦᠰᠦᠳᠡᠨ ᠤ ᠪᠦᠯᠬᠦᠮᠳᠡᠯ ᠢ ᠠᠬᠢᠭᠤᠯᠬᠤ ᠲᠠᠯ᠎ᠠ ᠪᠠᠷ ᠤᠯᠤᠭᠰᠠᠨ ᠪᠠᠭ᠋ᠠᠳᠤᠮ᠎ᠠ ᠠᠮᠵᠢᠯᠳᠠ ᠶᠢ ᠦᠢᠯᠠᠭᠠᠵᠠᠢ᠃     ᠬᠠᠷᠢᠭᠤ ᠮᠡᠳᠡᠬᠦᠯᠦᠯᠳᠡ ᠶᠢᠨ ᠬᠤᠷᠠᠯ ᠲᠡᠬᠡᠷ᠎ᠡ᠂ ᠰᠤᠮᠤᠨ ᠤ ᠭᠤᠤᠯ ᠬᠠᠷᠢᠭᠤᠴᠠᠯᠭᠠᠳᠠᠨ ᠠᠴᠠ ᠦᠨᠳᠦᠰᠦᠳᠡᠨ ᠎ ᠤ ᠪᠦᠯᠬᠦᠮᠳᠡᠯ ᠲᠠᠪᠰᠢᠯᠳᠠ ᠶᠢ ᠵᠢᠱᠢᠶᠡᠴᠢ ᠶᠢ ᠡᠬᠦᠳᠦᠨ ᠪᠠᠶᠢᠭᠤᠯᠬᠤ᠂ ᠤᠨᠤᠪᠴᠢᠳᠠᠢ ᠪᠠᠷ ᠶᠠᠳᠠᠭᠤ ᠶᠢ ᠲᠡᠳᠬᠦᠬᠦ᠂ ᠬᠠᠪᠤᠷ ᠤᠨ ᠤᠯᠠᠷᠢᠯ ᠤᠨ ᠲᠦᠯ ᠲᠤᠰᠴᠦ ᠪᠤᠶᠢᠵᠢᠭᠤᠯᠬᠤ᠂ ᠵᠠᠬᠢᠳᠠᠯ ᠰᠤᠷᠪᠤᠯᠵᠢᠯᠠᠭ᠎ᠠ ᠲᠤᠭᠳᠠᠭᠤᠨ ᠢ ᠬᠠᠮᠠᠭᠠᠯᠠᠬᠤ᠂ ᠭᠠᠴᠠᠭᠠᠨ ᠤ ︽ᠬᠤᠶᠠᠷ ᠵᠦᠪᠯᠡᠯ︾᠎ ᠤᠨ ᠬᠤᠭᠤᠴᠠᠭ᠎ᠠ ᠰᠤᠯᠢᠬᠤ ᠵᠡᠷᠬᠡ ᠤᠳᠤᠬᠠᠨ ᠤ ᠭᠤᠤᠯᠳᠠᠯᠠᠭᠠᠳᠠᠢ ᠠᠵᠢᠯ ᠎ ᠤᠨ ᠦᠷᠨᠢᠯᠳᠡ ᠶᠢᠨ ᠪᠠᠶᠢᠳᠠᠯ ᠪᠠ ᠰᠤᠮᠤᠨ ᠤ ᠭᠤᠤᠯᠳᠠᠯᠠᠭᠠᠳᠠᠢ ᠲᠦᠷᠦᠯ ᠵᠦᠢᠯ ᠤᠨ ᠠᠬᠢᠭᠤᠯᠤᠯᠳᠠ ᠶᠢᠨ ᠪᠠᠶᠢᠳᠠᠯ ᠎ ᠶᠢᠨ ᠲᠠᠯ᠎ᠠ ᠪᠠᠷ ᠪᠦᠬᠦ ᠲᠠᠯ᠎ᠠ ᠶᠢᠨ ᠬᠠᠷᠢᠭᠤ ᠮᠡᠳᠡᠬᠦᠯᠦᠯᠳᠡ ᠬᠢᠵᠡᠢ᠃ ᠲᠡᠭᠰᠢᠪᠤᠶᠠᠨ ᠪᠠ ᠬᠤᠷᠠᠯ ᠳᠤ ᠤᠷᠤᠯᠴᠠᠭᠰᠠᠨ ᠰᠯᠠᠭ᠎ᠠ ᠮᠦᠴᠢᠷ ᠤᠨ ᠬᠠᠷᠢᠭᠤᠴᠠᠯᠭᠠᠳᠠᠨ ᠠᠴᠠ ᠲᠤᠰ ᠲᠤᠰ ᠤᠨ ᠠᠵᠢᠯ ᠤᠨ ᠵᠤᠭᠰᠤᠴᠠ ᠠᠴᠠ ᠰᠤᠮᠤᠨ ᠤ ᠲᠠᠷᠠᠭ᠎ᠠ ᠠᠯᠬᠤᠮ ᠤ ᠭᠤᠤᠯᠳᠠᠯᠭᠠᠳᠠᠢ ᠠᠵᠢᠯ ᠢ ᠠᠬᠢᠭᠤᠯᠬᠤ ᠲᠠᠯ᠎ᠠ ᠪᠠᠷ ᠰᠠᠨᠠᠯ ᠰᠠᠨᠠᠭᠤᠯᠭ᠎ᠠ ᠪᠠᠨ ᠲᠤᠷᠠᠳᠪᠠ᠃     ᠬᠠᠷᠢᠭᠤ ᠮᠡᠳᠡᠬᠦᠯᠦᠯᠳᠡ ᠶᠢ ᠰᠤᠨᠤᠰᠤᠭᠰᠠᠨ ᠤ ᠲᠠᠷᠠᠭ᠎ᠠ᠂ ᠰᠤᠮᠤᠨ ᠤ ᠲᠠᠷᠠᠭ᠎ᠠ ᠠᠯᠬᠤᠮ ᠤᠨ ᠭᠤᠤᠯᠳᠠᠯᠠᠭᠠᠳᠠᠢ ᠠᠵᠢᠯ ᠤᠨ ᠲᠠᠯ᠎ᠠ ᠪᠠᠷ ᠴᠢᠩᠭᠠᠳᠬᠠᠬᠤ ᠳᠠᠭᠠᠨ᠄ ᠵᠢᠭᠤᠯᠴᠢᠯᠠᠯ ᠤᠨ ᠦᠢᠯᠡᠰ ᠤᠨ ᠬᠦᠭᠵᠢᠯᠳᠡ ᠶᠢ ᠦᠷᠬᠦᠯᠵᠢᠯᠡᠨ ᠰᠠᠶᠢᠳᠤᠷ ᠠᠳᠬᠤᠨ᠎ᠠ᠃ ᠬᠠᠨᠳᠠᠭᠠᠢ ᠰᠤᠮᠤ ᠨᠢ ᠰᠢᠨ᠎ᠡ ᠪᠠᠷᠭᠤ ᠵᠡᠬᠦᠨ ᠬᠤᠰᠢᠭᠤᠨ ᠤ ᠡᠮᠦᠨ᠎ᠡ ᠡᠬᠦᠳᠡ ᠪᠤᠯᠤᠭᠰᠠᠨ ᠤ ᠬᠤᠪᠢ ᠳᠤ ᠭᠠᠵᠠᠷ ᠵᠦᠢ ᠶᠢᠨ ᠲᠠᠪᠠᠭᠤᠯᠢᠭ ᠪᠠᠶᠢᠷᠢᠰᠢᠯ ᠪᠠ ᠰᠢᠭᠤᠢ ᠲᠠᠯ᠎ᠠ ᠵᠠᠯᠭᠠᠯᠳᠤᠭᠰᠠᠨ ᠪᠠᠶᠢᠭᠠᠯᠢ ᠶᠢᠨ ᠡᠬᠢ ᠪᠠᠶᠠᠯᠢᠭ ᠶᠢᠨ ᠲᠠᠪᠠᠭᠤᠯᠢᠭ ᠢᠶᠠᠨ ᠠᠰᠢᠭᠯᠠᠨ᠂ ᠲᠠᠷᠠᠭ᠎ᠠ ᠠᠯᠬᠤᠮ ᠳᠤ ᠮᠠᠨᠵᠤᠤᠷ᠂ ᠷᠠᠰᠢᠶᠠᠨ ᠬᠦᠷᠬᠦ ᠰᠢᠵᠢᠷ ᠠᠯᠳᠠᠨ ᠵᠢᠭᠤᠯᠴᠢᠯᠠᠯ ᠤᠨ ᠱᠤᠭᠤᠮ ᠲᠤ ᠲᠦᠰᠢᠭᠯᠡᠨ᠂ ᠦᠨᠳᠦᠰᠦᠳᠡᠨ ᠤ ᠵᠠᠩ ᠵᠠᠩᠰᠢᠯ ᠪᠠ ᠰᠢᠭᠤᠢ ᠲᠠᠯ᠎ᠠ ᠵᠠᠯᠭᠠᠯᠳᠤᠭᠰᠠᠨ ᠵᠢᠭᠤᠯᠴᠢᠯᠠᠯ ᠤᠨ ᠡᠬᠢ ᠪᠠᠶᠠᠯᠢᠭ ᠢ ᠨᠡᠶᠢᠯᠡᠬᠦᠯᠵᠦ᠂ ᠮᠦᠰᠦ ᠴᠠᠰᠤᠨ ᠤ ᠦᠵᠡᠮᠵᠢ ᠰᠤᠨᠢᠷᠬᠠᠬᠤ᠂ ᠤᠢ ᠰᠢᠭᠤᠢ ᠲᠠᠯ᠎ᠠ ᠨᠤᠲᠤᠭ ᠤᠨ ᠠᠮᠢ ᠠᠬᠤᠢ ᠶᠢᠨ ᠦᠵᠡᠮᠵᠢ ᠰᠤᠨᠢᠷᠬᠠᠬᠤ ᠵᠡᠷᠬᠡ ᠵᠢᠭᠤᠯᠴᠢᠯᠠᠯ ᠤᠨ ᠡᠬᠢ ᠪᠠᠶᠠᠯᠢᠭ ᠢ ᠶᠡᠭᠡ ᠬᠦᠴᠦᠨ ᠢᠶᠠᠷ ᠬᠦᠭᠵᠢᠬᠦᠯᠦᠨ᠎ᠡ᠃ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠬᠦᠴᠦᠯᠡᠴᠡ ᠪᠠᠨ ᠴᠢᠩᠭᠠᠳᠬᠠᠵᠦ᠂ ᠵᠢᠭᠤᠯᠴᠢᠯᠠᠯ ᠤᠨ ᠬᠦᠭᠵᠢᠯᠳᠡ ᠶᠢᠨ ᠰᠡᠳᠬᠢᠴᠡ ᠪᠠᠨ ᠰᠠᠶᠢᠳᠤᠷ ᠲᠦᠯᠦᠪᠵᠢᠬᠦᠯᠦᠨ᠂ ᠬᠠᠨᠳᠠᠭᠠᠢ ᠭᠠᠴᠠᠭ᠎ᠠ ᠪᠠ ᠴᠠᠭᠠᠨᠨᠠᠭᠤᠷ ᠭᠠᠴᠠᠭᠠᠨ ᠤ ᠤᠨᠴᠠᠯᠢᠭᠳᠦ ᠵᠢᠵᠢᠭ ᠪᠠᠯᠭᠠᠰᠤ ᠶᠢᠨ ᠪᠦᠳᠦᠬᠡᠨ ᠪᠠᠶᠢᠭᠤᠯᠤᠯᠳᠠ ᠶᠢ ᠠᠬᠢᠭᠤᠯᠬᠤ ᠶᠢᠨ ᠬᠠᠮᠳᠤ ︽ᠵᠢᠵᠢᠭ ᠵᠤᠭᠠᠴᠠᠯ ᠤᠨ ᠭᠠᠵᠠᠷ︾᠎ ᠢ ᠴᠡᠪᠡᠷᠯᠡᠨ᠂ ᠵᠢᠭᠤᠯᠴᠢᠯᠠᠯ ᠤᠨ ᠵᠠᠬ᠎ᠠ ᠲᠡᠯᠬᠡᠬᠦᠷ ᠢ ᠲᠦᠷᠢᠮᠵᠢᠬᠦᠯᠦᠨ᠎ᠡ᠃ ᠮᠠᠯ ᠠᠵᠦ ᠠᠬᠤᠢ ᠶᠢᠨ ᠦᠢᠯᠡᠳᠪᠤᠷᠢᠯᠡᠯ ᠡᠵᠡᠩᠨᠡᠯᠳᠡ ᠎ ᠶᠢᠨ ᠬᠡᠯᠪᠡᠷᠢ ᠶᠢ ᠬᠤᠪᠢᠷᠠᠭᠤᠯᠵᠦ᠂ ᠮᠠᠯ ᠤᠨ ᠪᠦᠳᠦᠴᠡ ᠳᠤ ᠲᠤᠬᠢᠷᠠᠭᠤᠯᠤᠯᠳᠠ ᠬᠢᠵᠦ᠂ ᠮᠠᠯ ᠤᠨ ᠡᠬᠦᠯᠳᠡᠷ ᠢ ᠰᠢᠯᠢᠳᠡᠭᠵᠢᠬᠦᠯᠦᠨ᠂ ᠮᠠᠯᠴᠢᠳ ᠤᠨ ᠮᠢᠬᠠᠨ ᠤ ᠦᠬᠡᠷ ᠤᠨ ᠲᠦᠷᠢᠮᠵᠢᠬᠦᠨ ᠪᠠ ᠤᠨᠴᠠᠯᠢᠭᠳᠦ ᠲᠡᠵᠢᠬᠡᠨ ᠦᠷᠡᠵᠢᠬᠦᠯᠬᠡ ᠶᠢ ᠬᠦᠭᠵᠢᠬᠦᠯᠬᠦ ᠶᠢ ᠤᠳᠤᠷᠢᠳᠤᠨ ᠲᠠᠶᠢᠴᠢᠯᠠᠬᠤ ᠶᠢᠨ ᠬᠠᠮᠳᠤ ᠬᠠᠪᠤᠷ ᠤᠨ ᠤᠯᠠᠷᠢᠯ ᠤᠨ ᠮᠠᠯ ᠤᠨ ᠬᠢᠵᠢᠭ ᠬᠡᠮ ᠢ ᠰᠠᠶᠢᠳᠤᠷ ᠰᠡᠷᠬᠡᠶᠢᠯᠡᠨ᠂ ᠤᠨᠴᠠᠭᠠᠶᠢᠯᠠᠨ ᠨᠤᠲᠤᠭ ᠰᠢᠯᠵᠢᠭᠰᠡᠨ ᠮᠠᠯ ᠤᠨ ᠬᠢᠵᠢᠭ ᠢ ᠰᠡᠷᠬᠡᠶᠢᠯᠡᠬᠦ ᠠᠵᠢᠯ ᠢ ᠰᠠᠶᠢᠳᠤᠷ ᠬᠢᠬᠦ ᠬᠡᠷᠡᠭᠳᠡᠢ᠃ ᠤᠳᠤᠬᠠᠨ ᠤ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠠᠵᠢᠯ ᠎ ᠤᠨ ᠦᠷ᠎ᠡ ᠪᠦᠳᠦᠮᠵᠢ ᠶᠢᠨ ᠰᠠᠭᠤᠷᠢᠨ ᠲᠡᠬᠡᠷ᠎ᠡ ᠪᠠᠨ ᠰᠠᠭᠤᠷᠢ ᠶᠢ ᠪᠠᠬᠢᠵᠢᠬᠦᠯᠵᠦ᠂ ᠠᠵᠦ ᠦᠢᠯᠡᠰ ᠢ ᠪᠤᠶᠢᠵᠢᠭᠤᠯᠤᠨ᠂ ᠦᠷ᠎ᠡ ᠪᠦᠳᠦᠮᠵᠢ ᠪᠠᠨ ᠪᠠᠬᠢᠵᠢᠬᠦᠯᠵᠦ᠂ ᠠᠮᠢᠳᠤᠷᠠᠯ ᠬᠦᠴᠢᠷᠳᠡᠢ ᠡᠷᠦᠬᠡ ᠶᠢᠨ ᠲᠤᠳᠤᠭᠠᠳᠦ ᠬᠦᠳᠡᠯᠬᠡᠬᠦ ᠬᠦᠴᠦᠨ ᠢ ᠲᠡᠬᠡᠭᠰᠢᠯᠡᠬᠦᠯᠦᠨ᠎ᠡ᠃᠃ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠬᠦᠯᠬᠦ ᠬᠤᠰᠢᠭᠤ ᠶᠢ ᠡᠬᠦᠳᠦᠨ ᠪᠠᠶᠢᠭᠤᠯᠬᠤ ᠠᠵᠢᠯ ᠤᠨ ᠠᠯᠤᠰ ᠬᠡᠳᠦ ᠶᠢᠨ ᠤᠳᠬ᠎ᠠ ᠠᠬᠤᠢ ᠶᠢ ᠬᠦᠨᠵᠡᠬᠡᠢ ᠦᠢᠯᠠᠭᠠᠨ᠂ ᠪᠦᠬᠦ ᠬᠤᠰᠢᠭᠤᠨ ᠤ ᠲᠤᠭᠳᠠᠭᠠᠭᠰᠠᠨ ᠡᠬᠦᠷᠬᠡ ᠬᠠᠷᠠᠯᠳᠠ᠂ ᠵᠠᠮ ᠱᠤᠭᠤᠮ ᠪᠠ ᠴᠠᠭ ᠤᠨ ᠬᠦᠰᠦᠨᠦᠭᠳᠦ ᠶᠤᠰᠤᠭᠠᠷ᠂ ᠠᠵᠢᠯ ᠤᠨ ᠬᠦᠴᠦᠯᠴᠡ ᠪᠠᠨ ᠴᠢᠩᠭᠠᠳᠬᠠᠵᠦ᠂ ᠪᠤᠲᠠᠲᠠᠢ ᠦᠷ᠎ᠡ ᠪᠦᠳᠦᠮᠵᠢ ᠭᠠᠷᠬᠤ ᠶᠢ ᠪᠠᠳᠤᠯᠠᠬᠤ ᠬᠡᠷᠡᠭᠳᠡᠢ᠃ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠦ᠂ ᠭᠠᠴᠠᠭᠠᠨ ᠤ ︽ᠬᠤᠶᠠᠷ ᠵᠦᠪᠯᠡᠯ︾᠎ ᠤᠨ ᠬᠤᠭᠤᠴᠠᠭ᠎ᠠ ᠰᠤᠯᠢᠬᠤ ᠰᠠᠬᠢᠯᠭ᠎ᠠ ᠪᠠᠳᠤ ᠶᠢ ᠲᠦᠷᠢᠮᠵᠢᠬᠦᠯᠵᠦ᠂ ᠪᠠᠶᠢᠳᠠᠯ ᠎ ᠢ ᠦᠢᠯᠠᠭᠠᠬᠤ ᠪᠠ ᠪᠠᠶᠢᠴᠠᠭᠠᠨ ᠰᠤᠳᠤᠯᠤᠯᠳᠠ ᠬᠢᠬᠦ ᠬᠦᠴᠦᠯᠴᠡ ᠪᠠᠨ ᠴᠢᠩᠭᠠᠳᠬᠠᠵᠦ᠂ ᠠᠷᠢᠭᠤᠨ ᠴᠢᠬᠡᠴᠢ ᠬᠤᠭᠤᠴᠠᠭ᠎ᠠ ᠰᠤᠯᠢᠬᠤ ᠠᠭᠤᠷ ᠠᠮᠢᠰᠬᠤᠯ ᠢ ᠪᠤᠢ ᠪᠤᠯᠭᠠᠨ᠂ ᠬᠤᠭᠤᠴᠠᠭ᠎ᠠ ᠰᠤᠯᠢᠬᠤ ᠡᠬᠦᠷᠬᠡ ᠶᠢ ᠲᠡᠬᠦᠰ ᠠᠮᠵᠢᠯᠳᠠᠳᠠᠢ ᠪᠡᠶᠡᠯᠡᠬᠦᠯᠵᠦ᠂ ᠨᠢᠬᠡ ᠪᠦᠯᠦᠭ ᠰᠢᠯᠢᠳᠡᠭ ᠠᠵᠢᠯ ᠬᠢᠵᠦ ᠦᠢᠯᠡᠰ ᠪᠤᠰᠬᠠᠬᠤ ᠲᠤᠯᠤᠭᠠᠶᠢᠯᠠᠭᠴᠢ ᠬᠦᠮᠦᠰ ᠎ ᠢ ᠰᠤᠩᠭᠤᠨ ᠭᠠᠷᠭᠠᠬᠤ ᠬᠡᠷᠡᠭᠳᠡᠢ ᠬᠡᠰᠡᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号