ᠪᠦᠬᠦ ᠠᠷᠠᠳ ᠢᠶᠠᠷ ᠢᠶᠠᠨ ᠨᠣᠮ ᠣᠩᠰᠢᠬᠤ ᠶᠢ ᠰᠠᠨᠠᠭᠠᠴᠢᠯᠠᠨ᠂ ᠨᠣᠮ ᠤᠨ ᠰᠣᠷᠪᠣᠯᠵᠢᠲᠣ ᠨᠡᠶᠢᠭᠡᠮ ᠢ | ᠪᠠᠶᠢᠭᠤᠯᠬᠤ᠂ ᠨᠡᠶᠢᠭᠡᠮ ᠪᠣᠯᠣᠨ ᠣᠩᠰᠢᠭᠴᠢ ᠳᠤ ᠬᠠᠷᠢᠭᠤᠯᠬᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ | ᠴᠢᠬᠤᠯᠠ ᠨᠢᠭᠡᠨ ᠠᠭᠤᠯᠭ᠎ᠠ ᠪᠣᠯᠬᠤ ᠨᠣᠮ ᠪᠢᠴᠢᠭ ᠤᠨ ᠬᠠᠷᠠᠭᠠᠯᠵᠠᠲᠣ ᠢᠨᠵᠧᠨ᠋ᠷᠢᠩ— ᠬᠦᠯᠦᠨ ᠪᠣᠶᠢᠷ ᠬᠤᠲᠠ ᠶᠢᠨ | ᠠᠩᠬᠠᠳᠠᠭᠴᠢ ᠮᠠᠯᠴᠢᠨ ᠡᠷᠦᠬᠡ ᠶᠢᠨ《 ᠪᠠᠶᠠᠰᠣᠯᠲᠣ ᠣᠩᠰᠢᠯᠭ᠎ᠠ ᠶᠢᠨ ᠦᠷᠦᠭᠡ 》ᠭᠡᠷ ᠪᠦᠯᠢ ᠶᠢᠨ ᠨᠣᠮ ᠤᠨ | ᠰᠠᠩ 4 ᠰᠠᠷ᠎ᠠ ᠶᠢᠨ 3 ᠤ ᠡᠳᠦᠷ ᠰᠢᠨ᠎ᠡ ᠪᠠᠷᠭᠤ ᠵᠡᠭᠦᠨ ᠬᠤᠰᠢᠭᠤᠨ ᠤ ᠰᠢᠨᠡᠪᠣᠯᠠᠭ ᠰᠣᠮᠣᠨ ᠤ ᠭᠦᠨᠨᠠᠭᠤᠷ | ᠭᠠᠴᠠᠭᠠᠨ ᠤ ᠰᠠᠶ᠋ᠢᠩᠭᠠᠷᠪᠤ ᠶᠢᠨ ᠮᠣᠩᠭᠤᠯ ᠭᠡᠷ ᠲᠤ ᠬᠦᠰᠢᠭᠡ ᠰᠡᠬᠦᠨ ᠪᠠᠶᠢᠭᠤᠯᠣᠭᠳᠠᠯ᠎ᠠ᠃ | ᠲᠣᠰ ᠣᠳᠠᠭᠠᠨ ᠤ《 ᠭᠡᠷ ᠪᠦᠯᠢ ᠶᠢᠨ ᠨᠣᠮ ᠤᠨ ᠰᠠᠩ 》 ᠪᠠᠶᠢᠭᠤᠯᠬᠤ ᠠᠵᠢᠯ ᠢ ᠬᠦᠯᠦᠨ ᠪᠣᠶᠢᠷ ᠲᠠᠬᠢ | ᠰᠢᠨᠬᠤᠸᠠ ᠨᠣᠮ ᠤᠨ ᠳᠡᠯᠭᠡᠭᠦᠷ᠂ ᠰᠢᠨ᠎ᠡ ᠪᠠᠷᠭᠤ ᠵᠡᠭᠦᠨ ᠬᠤᠰᠢᠭᠤᠨ ᠳᠠᠬᠢ ᠰᠢᠨᠬᠤᠸᠠ ᠨᠣᠮ ᠤᠨ ᠳᠡᠯᠭᠡᠭᠦᠷ | ᠭᠤᠣᠯᠯᠠᠨ ᠡᠷᠬᠢᠯᠡᠵᠣ᠂ ᠰᠢᠨ᠎ᠡ ᠪᠠᠷᠭᠤ ᠵᠡᠭᠦᠨ ᠬᠤᠰᠢᠭᠤᠨ ᠤ ᠰᠣᠶᠣᠯ ᠲᠠᠮᠢᠷ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ | ᠲᠧᠯᠸᠢᠰ ᠲᠣᠪᠴᠢᠶ᠎ᠠ᠂ ᠰᠢᠨ᠎ᠡ ᠪᠠᠷᠭᠤ ᠵᠡᠭᠦᠨ ᠬᠤᠰᠢᠭᠤᠨ ᠤ ᠨᠣᠮ ᠤᠨ ᠰᠠᠩ ᠠᠴᠠ ᠳᠠᠭᠠᠭᠠᠴᠢᠯᠠᠨ ᠡᠷᠬᠢᠯᠡᠵᠡᠢ᠃ | ᠨᠠᠮ ᠤᠨ ᠲᠦᠷᠦ ᠶᠢᠨ ᠪᠣᠳᠣᠯᠭ᠎ᠠ ᠶᠢᠨ ᠳᠣᠶᠠᠭᠠᠯᠠᠯ ᠢᠶᠠᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠰᠣᠷᠣᠯᠴᠠᠨ ᠲᠣᠣᠱᠯᠠᠭᠤᠯᠵᠣ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ | ᠬᠦᠭᠵᠢᠶᠠᠨᠲᠡᠢ ᠪᠣᠯᠭᠠᠬᠤ᠂《 ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠨᠣᠮ ᠤᠨ ᠰᠠᠩ ᠤᠨ | ᠬᠠᠣᠯᠢ》 ᠶᠢ ᠰᠣᠷᠣᠯᠴᠠᠨ ᠪᠠᠲᠣᠯᠠᠭᠠᠵᠢᠭᠤᠯᠵᠣ᠂ ᠨᠣᠮ ᠣᠩᠰᠢᠬᠤ ᠶᠢ ᠲᠦᠭᠡᠮᠡᠯᠵᠢᠭᠦᠯᠬᠦ《 ᠪᠦᠬᠦ | ᠠᠷᠠᠳ ᠢᠶᠠᠷ ᠢᠶᠠᠨ ᠨᠣᠮ ᠣᠩᠰᠢᠬᠤ》ᠨᠡᠶᠢᠭᠡᠮ ᠨᠡᠶᠢᠲᠡ ᠶᠢᠨ ᠦᠷᠭᠡᠨ ᠣᠯᠠᠨ ᠣᠩᠰᠢᠭᠴᠢ ᠶᠢᠨ ᠬᠡᠷᠡᠭᠴᠡᠭᠡ | ᠱᠠᠭᠠᠷᠳᠠᠯᠭ᠎ᠠ ᠶᠢ ᠬᠠᠩᠭᠠᠵᠣ᠂ ᠲᠡᠳᠡᠨ ᠤ ᠨᠣᠮ ᠣᠩᠰᠢᠬᠤ ᠣᠷᠮ᠎ᠠ ᠪᠠᠬ᠎ᠠ ᠶᠢ ᠳᠠᠶᠢᠴᠢᠯᠠᠨ᠂ ᠰᠣᠶᠣᠯ ᠤᠨ | ᠦᠢᠯᠡᠴᠢᠯᠡᠭᠡ ᠶᠢ ᠬᠠᠮᠤᠭ ᠤᠨ ᠪᠣᠶᠢᠳᠠ ᠪᠦᠭᠯᠡᠭᠦᠦ᠂ ᠬᠢᠯᠢ ᠬᠢᠵᠠᠭᠠᠷ ᠲᠤ ᠬᠦᠷᠭᠡᠬᠦ ᠬᠠᠷᠠᠯᠲᠠ ᠶᠢ ᠪᠠᠶᠠᠯᠠᠭᠦᠯᠬᠦ | ᠰᠣᠷᠲᠠᠯ ᠣᠬᠠᠭᠤᠯᠭ᠎ᠠ᠂ ᠣᠷᠢᠶᠠᠯᠠᠭ᠎ᠠ ᠪᠠᠷ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠨᠢᠨ ᠮᠡᠳᠡᠭᠡ | ᠬᠡᠪᠯᠡᠯ ᠷᠠᠳᠢᠣ᠋ ᠲᠧᠯᠸᠢᠰ ᠲᠣᠪᠴᠢᠶ᠎ᠠ᠂ ᠰᠢᠨᠬᠤᠸᠠ ᠨᠣᠮ ᠤᠨ ᠪᠦᠯᠦᠭᠯᠡᠯ ᠠᠴᠠ ᠰᠠᠨᠠᠭᠠᠴᠢᠯᠠᠨ ᠾᠷᠢᠰᠲ᠋ᠣᠰ ᠪᠠᠶᠢᠭ᠎ᠠ | ᠨᠣᠮ ᠪᠢᠴᠢᠭ ᠤᠨ ᠬᠠᠷᠠᠭᠠᠯᠵᠠᠲᠣ ᠲᠦᠷᠦᠯ ᠵᠦᠢᠯ ᠨᠢ 2018 ᠣᠨ ᠠᠴᠠ ᠡᠬᠢᠯᠡᠨ ᠭᠤᠷᠪᠠᠨ ᠵᠢᠯ ᠤᠨ | ᠬᠤᠭᠤᠴᠠᠭ᠎ᠠ ᠶᠢ ᠬᠡᠷᠡᠭᠰᠡᠵᠦ᠂ ᠪᠦᠬᠦ ᠣᠷᠣᠨ ᠤ 19 ᠬᠢᠯᠢ ᠬᠢᠵᠠᠭᠠᠷ ᠤᠨ ᠬᠤᠰᠢᠭᠤ ᠰᠢᠶᠠᠨ᠂ 31 ᠣᠯᠣᠰ ᠤᠨ | ᠳᠡᠰ ᠤᠨ ᠲᠡᠷᠢᠶᠠᠯᠠᠬᠤ ᠮᠠᠯᠵᠢᠬᠤ ᠶᠠᠳᠠᠭᠤ ᠬᠤᠰᠢᠭᠤ ᠰᠢᠶᠠᠨ ᠳᠤ《 ᠭᠡᠷ ᠪᠦᠯᠢ ᠶᠢᠨ ᠨᠣᠮ ᠤᠨ ᠰᠠᠩ》 ᠢ | ᠲᠣᠰᠠᠯᠠᠨ ᠪᠠᠶᠢᠭᠤᠯᠬᠤ ᠢᠨᠵᠧᠨ᠋ᠷᠢᠩ ᠡᠬᠢᠯᠡᠨ ᠬᠡᠷᠡᠭᠵᠢᠭᠦᠯᠪᠡ᠃ | ᠲᠣᠰ ᠣᠳᠠᠭᠠᠨ ᠤ ᠰᠠᠶ᠋ᠢᠩᠭᠠᠷᠪᠤ ᠶᠢᠨ ᠳᠤ ᠡᠬᠢᠯᠡᠨ ᠪᠠᠶᠢᠭᠤᠯᠣᠭᠰᠠᠨ ᠮᠠᠯᠴᠢᠨ ᠡᠷᠦᠬᠡ ᠶᠢᠨ《 ᠭᠡᠷ ᠪᠦᠯᠢ ᠶᠢᠨ | ᠨᠣᠮ ᠤᠨ ᠰᠠᠩ》 ᠨᠢ ᠪᠦᠬᠦ ᠬᠤᠲᠠ ᠶᠢᠨ ᠬᠢᠯᠢ ᠬᠢᠵᠠᠭᠠᠷ ᠤᠨ ᠪᠣᠶᠢᠳᠠ ᠪᠦᠭᠯᠡᠭᠦᠦ ᠬᠤᠲᠠ ᠰᠢᠶᠠᠨ ᠳᠤ | ᠪᠠᠶᠢᠭᠤᠯᠣᠭᠳᠠᠬᠤ 20 ᠡᠷᠦᠬᠡ ᠶᠢᠨ ᠲᠣᠭᠠᠨ ᠳᠤ ᠪᠠᠭᠲᠠᠵᠣ ᠪᠠᠶᠢᠨ᠎ᠠ᠃ ᠵᠢᠱᠢᠯᠲᠡ ᠪᠠᠷ ᠮᠠᠨ ᠤ ᠬᠤᠲᠠ ᠠᠴᠠ | ᠰᠢᠨ᠎ᠡ ᠪᠠᠷᠭᠤ ᠵᠡᠭᠦᠨ ᠬᠤᠰᠢᠭᠤᠨ ᠤ ᠬᠢᠯᠢ ᠬᠢᠵᠠᠭᠠᠷ ᠲᠤ 2018—2020 ᠣᠨ ᠬᠦᠷᠲᠡᠯ᠎ᠡ ᠨᠡᠶᠢᠲᠡ 8 | ᠡᠷᠦᠬᠡ ᠶᠢ ᠨᠣᠮ ᠪᠢᠴᠢᠭ ᠤᠨ ᠠᠭᠤᠯᠭ᠎ᠠ᠂ ᠬᠡᠪᠯᠡᠯ ᠳᠠᠪᠬᠤᠴᠠᠭᠤᠯᠬᠤ ᠦᠭᠡᠢ᠂ ᠦᠷᠭᠡᠨ ᠣᠯᠠᠨ ᠣᠩᠰᠢᠭᠴᠢ ᠶᠢᠨ | ᠱᠠᠭᠠᠷᠳᠠᠯᠭ᠎ᠠ ᠬᠡᠷᠡᠭᠴᠡᠭᠡ ᠳᠤ ᠵᠣᠬᠢᠴᠠᠭᠰᠠᠨ᠂ ᠰᠣᠨᠢᠷᠬᠠᠯ ᠢᠶᠠᠷ ᠦᠨᠳᠦᠷ᠂ ᠴᠠᠭ ᠦᠶ᠎ᠡ ᠶᠢᠨ ᠰᠢᠨ᠎ᠡ ᠬᠡᠪᠯᠡᠯ ᠪᠦᠬᠦᠢ | ᠨᠣᠮ ᠪᠢᠴᠢᠭ ᠢ ᠬᠠᠩᠭᠠᠬᠤ ᠵᠠᠷᠴᠢᠮ ᠢᠶᠠᠷ ᠠᠵᠢᠯᠯᠠᠭᠤᠯᠣᠨ᠎ᠠ ᠭᠡᠰᠡᠨ ᠪᠠᠶᠢᠨ᠎ᠠ᠃ | ᠬᠦᠯᠦᠨ ᠪᠣᠶᠢᠷ ᠲᠠᠬᠢ ᠰᠢᠨᠬᠤᠸᠠ ᠨᠣᠮ ᠤᠨ ᠳᠡᠯᠭᠡᠭᠦᠷ ᠤᠨ ᠳᠡᠳ᠋ ᠵᠠᠬᠢᠷᠣᠯ ᠪᠠᠢ ᠴᠢᠩ ᠽᠧᠩ ᠶᠠᠷᠢᠶᠠᠨ | ᠳᠠᠭᠠᠨ ᠬᠤᠪᠢ ᠶᠢᠨ ᠡᠷᠦᠬᠡ ᠶᠢᠨ ᠨᠣᠮ ᠤᠨ ᠰᠠᠩ ᠤᠨ ᠦᠢᠯᠡᠳᠦᠯ ᠬᠡᠷᠡᠭᠴᠡᠭᠡ ᠨᠢ ᠰᠢᠨ᠎ᠡ ᠴᠠᠭ ᠦᠶ᠎ᠡ ᠶᠢᠨ | ᠰᠣᠶᠣᠯ ᠤᠨ ᠪᠦᠲᠦᠭᠡᠨ ᠪᠠᠶᠢᠭᠤᠯᠣᠯᠲᠠ ᠶᠢᠨ ᠱᠠᠭᠠᠷᠳᠠᠯᠭ᠎ᠠ ᠬᠡᠷᠡᠭᠴᠡᠭᠡ ᠳᠤ ᠵᠣᠬᠢᠴᠠᠵᠣ᠂ ᠪᠦᠬᠦ ᠠᠷᠠᠳ ᠢᠶᠠᠷ ᠢᠶᠠᠨ | ᠨᠣᠮ ᠣᠩᠰᠢᠬᠤ ᠠᠵᠢᠯᠯᠠᠭ᠎ᠠ ᠶᠢ ᠮᠠᠯᠵᠢᠬᠤ ᠲᠠᠷᠢᠶᠠᠯᠠᠬᠤ ᠣᠷᠣᠨ ᠳᠤ ᠬᠦᠷᠲᠡᠯ᠎ᠡ ᠲᠦᠭᠡᠮᠠᠯᠵᠢᠭᠦᠯᠦᠨ ᠴᠢᠩᠭᠠᠳᠬᠠᠵᠣ᠂ | ᠬᠦᠯᠦᠨ ᠨᠢᠭᠡᠪᠦᠷᠢ ᠶᠢᠨ ᠰᠣᠶᠣᠯ ᠤᠨ ᠬᠢᠷᠢ ᠲᠦᠪᠰᠢᠨ᠂ ᠨᠡᠶᠢᠭᠡᠮ ᠤᠨ ᠣᠶᠢᠯᠠᠭᠠᠬᠤ ᠴᠢᠳᠠᠪᠣᠷᠢ ᠶᠢ ᠬᠦᠮᠦᠵᠢᠭᠦᠯᠵᠣ | ᠂ ᠮᠠᠯᠴᠢᠳ ᠶᠠᠭᠠᠷᠠᠯᠲᠠᠢ ᠠᠵᠢᠯ ᠤᠨ ᠴᠢᠯᠦᠭᠡ ᠪᠠᠷ ᠢᠶᠠᠨ ᠨᠣᠮ ᠤᠨ ᠳᠠᠯᠠᠢ ᠠᠴᠠ ᠮᠡᠳᠡᠯᠭᠡ ᠮᠡᠷᠭᠡᠵᠢᠯ ᠬᠦᠷᠲᠡᠨ᠂ | ᠨᠣᠮ ᠤᠨ ᠦᠷᠦᠭᠡᠨ ᠤ ᠡᠵᠡᠨ ᠨᠢ ᠨᠣᠮ ᠣᠩᠰᠢᠯᠭ᠎ᠠ ᠶᠢᠨ ᠰᠠᠶᠢᠨ ᠳᠠᠭᠠᠭᠤᠯᠣᠭᠴᠢ ᠪᠣᠯᠵᠣ᠂ ᠪᠦᠬᠦ ᠨᠡᠶᠢᠭᠡᠮ ᠤᠨ | ᠨᠣᠮ ᠣᠩᠰᠢᠬᠤ ᠠᠵᠢᠯᠯᠠᠭ᠎ᠠ ᠶᠢ ᠦᠷᠭᠡᠨ ᠳᠡᠯᠭᠡᠷᠡᠩᠭᠦᠢ᠂ ᠣᠷᠮ᠎ᠠ ᠬᠦᠭᠵᠢᠯ ᠲᠠᠢ ᠶᠠᠪᠣᠭᠳᠠᠭᠤᠯᠬᠤ ᠶᠢ ᠬᠦᠰᠡᠨ | ᠱᠠᠭᠠᠷᠳᠠᠭᠰᠠᠨ ᠮᠦᠷᠲᠡᠭᠡᠨ ᠲᠣᠰ ᠣᠳᠠᠭᠠᠨ ᠤ ᠨᠣᠮ ᠪᠢᠴᠢᠭ ᠤᠨ ᠬᠠᠷᠠᠭᠠᠯᠵᠠᠲᠣ ᠲᠦᠷᠦᠯ ᠵᠦᠢᠯ ᠤᠨ ᠲᠣᠬᠠᠢ | ᠭᠤᠷᠪᠠᠨ ᠵᠢᠯ ᠤᠨ ᠬᠤᠭᠤᠴᠠᠭᠠᠨ ᠳᠠᠬᠢ ᠠᠵᠢᠯ ᠤᠨ ᠪᠠᠶᠢᠷᠢᠯᠠᠭᠤᠯᠠᠯᠲᠠ ᠪᠠᠨ ᠲᠠᠶᠢᠯᠪᠣᠷᠢᠯᠠᠭᠰᠠᠨ ᠪᠠᠶᠢᠨ᠎ᠠ᠃ |