ᠪᠡᠶ᠎ᠡ ᠪᠤᠯᠪᠠᠰᠤᠷᠠᠬᠤ ᠨᠢ ᠠᠭᠤᠰᠬᠢᠨ ᠤ ᠬᠤᠤᠷᠳᠤ ᠬᠠᠪᠤᠳᠠᠷ ᠤᠨ ᠬᠠᠭᠠᠯᠭ᠎ᠠ ᠶᠢᠨ ᠲᠠᠷᠠᠭᠠᠬᠢ ᠬᠠᠮ ᠡᠪᠡᠳᠴᠢᠨ ᠤ ᠠᠶᠤᠯ ᠢ ᠪᠠᠭᠠᠰᠬᠠᠨ᠎ᠠ
ᠨᠡᠶᠢᠲᠡᠯᠡᠭᠰᠡᠨ ᠴᠠᠭ᠄
2018-04-16
    ᠰᠢᠳ᠋ᠨᠢ ᠶᠢᠨ 2 ᠰᠠᠷ᠎ᠠ ᠶᠢᠨ 4᠎ ᠤ ᠡᠳᠤᠷ ᠤᠨ ᠴᠠᠬᠢᠯᠭᠠᠨ ᠮᠡᠳᠡᠭᠡ ︵ᠭᠦᠸᠧ ᠶᠠᠩ︶ ᠠᠦ᠋ᠰᠲᠷᠡᠯᠢᠶ᠎ᠠ ᠶᠢᠨ ᠰᠤᠳᠤᠯᠤᠭᠴᠢᠳ ᠤᠨ ᠰᠢᠨ᠎ᠡ ᠢᠯᠡᠷᠡᠬᠦᠯᠦᠯᠳᠡ ᠳᠤ᠂ ᠠᠭᠤᠰᠬᠢᠨ ᠤ ᠬᠤᠤᠷᠳᠤ ᠬᠠᠪᠤᠳᠠᠷ ᠤᠨ ᠬᠠᠭᠠᠯᠭ᠎ᠠ ᠬᠢᠬᠦ ᠠᠴᠠ ᠡᠮᠦᠨ᠎ᠡ ᠲᠤᠭᠳᠠᠮᠠᠯ ᠬᠤᠭᠤᠴᠠᠭ᠎ᠠ ᠲᠠᠢ ᠪᠤᠯᠪᠠᠰᠤᠷᠠᠯ ᠬᠢᠬᠦ ᠨᠢ ᠬᠠᠭᠠᠯᠭ᠎ᠠ ᠶᠢᠨ ᠲᠠᠷᠠᠭᠠᠬᠢ ᠬᠠᠮ ᠡᠪᠡᠳᠴᠢᠨ ᠡᠬᠦᠰᠬᠦ ᠠᠶᠤᠯ ᠢ ᠬᠠᠭᠠᠰ ᠢᠶᠠᠷ ᠪᠠᠭᠤᠷᠠᠭᠤᠯᠬᠤ ᠶᠢᠨ ᠬᠠᠮᠳᠤ ᠡᠮᠨᠡᠯᠬᠡ ᠳᠤ ᠰᠠᠭᠤᠬᠤ ᠬᠤᠭᠤᠴᠠᠭ᠎ᠠ ᠶᠢ ᠴᠤ ᠪᠤᠭᠤᠨᠢᠰᠬᠠᠨ᠎ᠠ᠃     ᠬᠠᠭᠠᠯᠭ᠎ᠠ ᠨᠢ ᠠᠭᠤᠰᠬᠢᠨ ᠤ ᠬᠠᠪᠤᠳᠠᠷ ᠢ ᠵᠠᠰᠠᠬᠤ ᠭᠤᠤᠯ ᠠᠷᠭ᠎ᠠ᠂ ᠬᠡᠳᠡᠯ᠎ᠡ ᠬᠠᠭᠠᠯᠭ᠎ᠠ ᠬᠢᠭᠰᠡᠨ ᠤ ᠲᠠᠷᠠᠭ᠎ᠠ ᠡᠪᠴᠢᠬᠦᠦ ᠴᠡᠭᠡᠵᠢ ᠶᠢ ᠨᠦᠯᠦᠭᠡᠯᠡᠬᠦ᠂ ᠠᠮᠢᠰᠬᠤᠭ᠎ᠠ ᠰᠤᠯᠠᠳᠬᠤ᠂ ᠬᠡᠬᠦᠳᠡᠭ ᠠᠴᠠ ᠴᠢᠰᠤ ᠭᠠᠷᠬᠤ ᠵᠡᠷᠬᠡ ᠬᠠᠮ ᠡᠪᠡᠳᠴᠢᠨ ᠡᠬᠦᠰᠬᠦ ᠪᠤᠯᠤᠮᠵᠢᠲᠠᠢ᠂ ᠬᠡᠴᠡᠬᠦᠦ ᠳᠤ ᠪᠠᠨ ᠠᠮᠢ ᠳᠤ ᠬᠦᠷᠦᠨ᠎ᠡ᠃ ᠠᠦ᠋ᠰᠲᠷᠡᠯᠢᠶ᠎ᠠ ᠶᠢᠨ ᠰᠢᠳ᠋ᠨᠢ ᠶᠡᠭᠡ ᠰᠤᠷᠭᠠᠭᠤᠯᠢ ᠵᠡᠷᠬᠡ ᠪᠠᠶᠢᠭᠤᠯᠤᠮᠵᠢ ᠶᠢᠨ ᠰᠤᠳᠤᠯᠤᠭᠴᠢᠳ ︽ᠠᠩᠭ᠍ᠯᠢ ᠶᠢᠨ ᠪᠡᠶ᠎ᠡ ᠪᠤᠯᠪᠠᠰᠤᠷᠠᠯ ᠤᠨ ᠠᠨᠠᠭᠠᠬᠤ ᠤᠬᠠᠭᠠᠨ ᠤ ᠰᠡᠳᠬᠦᠯ︾᠎ ᠤᠨ ᠰᠢᠨ᠎ᠠ ᠨᠢᠬᠡ ᠬᠤᠭᠤᠴᠠᠭᠠᠨ ᠳᠤ ᠨᠡᠶᠢᠳᠡᠯᠡᠭᠰᠡᠨ ᠦᠬᠦᠯᠡᠯ ᠳᠤ ᠬᠠᠭᠠᠯᠭ᠎ᠠ ᠬᠢᠬᠦ ᠠᠴᠠ ᠡᠮᠦᠨ᠎ᠡ ᠪᠡᠶ᠎ᠡ ᠪᠤᠯᠪᠠᠰᠤᠷᠠᠬᠤ ᠨᠢ ᠠᠭᠤᠰᠬᠢᠨ ᠤ ᠬᠠᠪᠤᠳᠠᠷ ᠤᠨ ᠬᠠᠭᠠᠯᠭ᠎ᠠ ᠶᠢᠨ ᠲᠠᠷᠠᠭᠠᠬᠢ ᠬᠠᠮ ᠡᠪᠡᠳᠴᠢᠨ ᠡᠬᠦᠰᠬᠦ ᠨᠤᠷᠮ᠎ᠠ ᠶᠢ ᠪᠦᠲᠦᠮᠵᠢᠲᠡᠢ ᠪᠠᠭᠤᠷᠠᠭᠤᠯᠤᠨ᠎ᠠ ᠬᠡᠵᠡᠢ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号