ᠥᠪᠥᠷ ᠮᠣᠩᠭᠤᠯ ᠤᠷᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠰᠤᠷᠭᠠᠭᠤᠯᠢ ᠳᠤ ᠬᠦᠷᠬᠦ ᠴᠠᠭ ᠲᠤ ᠳᠤᠬᠢᠷᠠᠭᠤᠯᠤᠯᠳᠠ ᠬᠢᠪᠡ
ᠨᠡᠶᠢᠲᠡᠯᠡᠭᠰᠡᠨ ᠴᠠᠭ᠄
2018-04-18
    ᠦᠨᠦᠳᠦᠷ ᠠᠴᠠ ᠡᠬᠢᠯᠡᠨ ᠪᠦᠬᠦ ᠤᠷᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠳᠤ ᠬᠦᠷᠬᠦ ᠴᠠᠭ ᠢ ᠪᠠᠭ᠎ᠠ ᠰᠤᠷᠭᠠᠭᠤᠯᠢ 8᠄ 00 ᠴᠠᠭ ᠠᠴᠠ ᠡᠷᠳᠡ ᠪᠠᠶᠢᠵᠤ ᠪᠤᠯᠬᠤ ᠦᠬᠡᠢ᠂ ᠠᠩᠬ᠎ᠠ  ᠳᠤᠮᠳᠠᠳᠤ 7᠄ 50 ᠮᠢᠨᠦ᠋ᠲ ᠠᠴᠠ ᠡᠷᠳᠡ ᠪᠠᠶᠢᠵᠤ ᠪᠤᠯᠬᠤ ᠦᠬᠡᠢ᠂ ᠦᠨᠳᠦᠷ ᠳᠤᠮᠳᠠᠳᠤ 7᠄ 30 ᠮᠢᠨᠦ᠋ᠲ ᠠᠴᠠ ᠡᠷᠳᠡ ᠪᠠᠶᠢᠵᠤ ᠪᠤᠯᠬᠤ ᠦᠬᠡᠢ‌‍ᠬᠡᠵᠦ ᠳᠤᠬᠢᠷᠠᠭᠤᠯᠤᠯᠳᠠ ᠬᠢᠪᠡ᠃ ᠬᠦᠢᠳᠡᠨ ᠭᠠᠵᠠᠷ ᠤᠨ ᠳᠤᠮᠳᠠᠳᠤ  ᠪᠠᠭ᠎ᠠ  ᠰᠤᠷᠭᠠᠭᠤᠯᠢ ᠤᠯᠠᠷᠢᠯ ᠤᠨ  ᠪᠠᠶᠢᠳᠠᠯ᠂ ᠠᠭᠤᠷ ᠠᠮᠢᠰᠬᠤᠯ ᠤᠨ ᠬᠤᠪᠢᠷᠠᠯᠳᠠ ᠶᠢ ᠦᠨᠳᠦᠰᠦᠯᠡᠵᠦ᠂ ᠰᠤᠷᠭᠠᠭᠤᠯᠢ ᠳᠤ ᠬᠦᠷᠬᠦ ᠪᠠ ᠪᠤᠴᠠᠬᠤ ᠴᠠᠭ ᠢ ᠵᠤᠬᠢᠰᠳᠠᠢ ᠳᠤᠬᠢᠷᠠᠭᠤᠯᠵᠦ ᠪᠤᠯᠤᠨ᠎ᠠ ᠬᠡᠪᠡ᠃             ᠮᠠᠨ ᠤ ᠤᠷᠤᠨ ᠰᠤᠷᠤᠭᠴᠢ ᠶᠢᠨ ᠰᠤᠷᠭᠠᠭᠤᠯᠢ ᠳᠤ ᠪᠠᠶᠢᠬᠤ ᠴᠠᠭ ᠲᠤ ᠳᠤᠳᠤᠷᠬᠠᠢ ᠳᠤᠭᠳᠠᠭᠠᠯ ᠭᠠᠷᠭᠠᠪᠠ᠃ ᠬᠡᠷ ᠠᠴᠠ ᠪᠠᠨ ᠵᠠᠮᠨᠠᠵᠤ ᠰᠤᠷᠤᠯᠴᠠᠵᠤ ᠪᠠᠶᠢᠬᠤ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠰᠤᠷᠭᠠᠭᠤᠯᠢ ᠳᠤ ᠲᠦᠪᠯᠡᠷᠡᠬᠦᠯᠦᠨ ᠰᠤᠷᠤᠯᠴᠠᠬᠤ ᠴᠠᠭ ᠢ 6 ᠴᠠᠭ ᠠᠴᠠ ᠬᠡᠳᠦᠷᠡᠬᠦᠯᠵᠦ ᠪᠤᠯᠬᠤ ᠦᠬᠡᠢ᠂ ᠠᠩᠬ᠎ᠠ ᠳᠤᠮᠳᠠᠳᠤ 7 ᠴᠠᠭ ᠠᠴᠠ ᠬᠡᠳᠦᠷᠡᠬᠦᠯᠵᠦ ᠪᠤᠯᠬᠤ ᠦᠬᠡᠢ᠂ ᠦᠨᠳᠦᠷ ᠳᠤᠮᠳᠠᠳᠤ 8 ᠴᠠᠭ ᠠᠴᠠ ᠬᠡᠳᠦᠷᠡᠬᠦᠯᠵᠦ ᠪᠤᠯᠬᠤ ᠦᠬᠡᠢ᠃ ᠦᠳᠡ ᠶᠢᠨ ᠬᠤᠶᠢᠨ᠎ᠠ ᠰᠤᠷᠭᠠᠭᠤᠯᠢ ᠲᠠᠷᠬᠠᠬᠤ ᠴᠠᠭ ᠪᠠᠭ᠎ᠠ ᠰᠤᠷᠭᠠᠭᠤᠯᠢ ᠶᠢᠨ ᠰᠤᠷᠤᠭᠴᠢ 17᠄ 30᠂ ᠠᠩᠬ᠎ᠠ ᠳᠤᠮᠳᠠᠳᠤ ᠶᠢᠨ ᠰᠤᠷᠤᠭᠴᠢ 18᠄ 00᠂ ᠦᠨᠳᠦᠷ ᠳᠤᠮᠳᠠᠳᠤ ᠶᠢᠨ ᠰᠤᠷᠤᠭᠴᠢ 18᠄ 30᠎ ᠠᠴᠠ ᠤᠷᠤᠢ ᠪᠠᠶᠢᠵᠤ ᠪᠤᠯᠬᠤ ᠦᠬᠡᠢ᠃ ᠬᠡᠷ ᠠᠴᠠ ᠪᠠᠨ ᠵᠠᠮᠨᠠᠵᠤ ᠰᠤᠷᠤᠯᠴᠠᠵᠤ ᠪᠠᠶᠢᠬᠤ ᠰᠤᠷᠤᠭᠴᠢ ᠶᠢ ᠤᠷᠤᠢ ᠶᠢᠨ ᠳᠠᠪᠳᠠᠯᠭ᠎ᠠ ᠤᠷᠤᠭᠤᠯᠬᠤ ᠶᠢ ᠳᠠᠰᠤ ᠬᠤᠷᠢᠬᠯᠠᠨ᠎ᠠ᠃ ᠰᠤᠷᠭᠠᠭᠤᠯᠢ ᠳᠤ ᠬᠦᠷᠬᠦ ᠳᠤᠭᠳᠠᠭᠰᠠᠨ ᠴᠠᠭ ᠠᠴᠠ ᠡᠮᠦᠨ᠎ᠡ᠂ ᠪᠠᠶᠢᠷᠢ ᠳᠤ ᠰᠠᠭᠤᠭ᠎ᠠ ᠰᠤᠷᠤᠭᠴᠢ ᠶᠢ ᠵᠤᠬᠢᠶᠠᠨ ᠪᠠᠶᠢᠭᠤᠯᠤᠨ ᠬᠢᠴᠢᠶᠡᠯ ᠤᠷᠤᠵᠤ ᠪᠤᠯᠬᠤ ᠦᠬᠡᠢ ᠬᠡᠵᠡᠢ᠃             ᠱᠠᠭᠠᠷᠳᠠᠯᠭ᠎ᠠ ᠶᠤᠰᠤᠭᠠᠷ᠂ ᠪᠦᠬᠦ ᠤᠷᠤᠨ ᠤ ᠡᠯ᠎ᠠ ᠭᠠᠵᠠᠷ ᠤᠨ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ‌ᠮᠦ᠋ᠴᠢᠷ ᠨᠢᠬᠡᠳᠦᠯᠳᠡᠢ ᠵᠢᠯᠤᠭᠤᠳᠴᠤ ᠪᠠᠶᠢᠭᠠᠳ ᠬᠠᠷᠢᠶᠠᠨ ᠳᠠᠬᠢ ᠳᠤᠮᠳᠠᠳᠤ ᠪᠠᠭ᠎ᠠ ᠰᠤᠷᠭᠠᠭᠤᠯᠢ ︵ᠠᠷᠠᠳ ᠠᠴᠠ ᠡᠷᠬᠢᠯᠡᠭᠰᠡᠨ‌‍ᠰᠤᠷᠭᠠᠭᠤᠯᠢ ᠶᠢ ᠪᠠᠭᠳᠠᠭᠠᠨ᠎ᠠ︶᠎ ᠶᠢ ᠨᠢᠬᠡᠳᠦᠯᠳᠡᠢ ᠵᠢᠯᠤᠭᠤᠳᠴᠤ ᠠᠵᠢᠯᠯᠠᠵᠤ ᠠᠮᠠᠷᠠᠬᠤ ᠴᠠᠭ ᠲᠤ ᠳᠤᠬᠢᠷᠠᠭᠤᠯᠤᠯᠳᠠ ᠬᠢᠬᠦ ᠠᠵᠢᠯ ᠤᠨ ᠲᠦᠰᠦᠯ ᠭᠠᠷᠭᠠᠵᠤ᠂ ᠡᠯ᠎ᠠ ᠰᠤᠷᠭᠠᠭᠤᠯᠢ ᠠᠵᠢᠯᠯᠠᠵᠤ ᠠᠮᠠᠷᠠᠬᠤ ᠴᠠᠭ ᠲᠠᠭᠠᠨ ᠳᠠᠬᠢᠨ ᠳᠤᠬᠢᠷᠠᠭᠤᠯᠤᠯᠳᠠ ᠬᠢᠵᠦ ᠰᠤᠷᠭᠠᠭᠤᠯᠢ ᠪᠠ ᠬᠡᠷ ᠪᠦᠯᠢ ᠬᠠᠮᠳᠤᠷᠠᠯᠴᠠᠵᠤ᠂ ᠡᠳᠦᠷ ᠪᠦᠷᠢ ᠪᠠᠭ᠎ᠠ ᠰᠤᠷᠭᠠᠭᠤᠯᠢ ᠶᠢᠨ ᠰᠤᠷᠤᠭᠴᠢ 10 ᠴᠠᠭ ᠤᠨᠳᠠᠬᠤ᠂ ᠠᠩᠬ᠎ᠠ ᠳᠤᠮᠳᠠᠳᠤ ᠶᠢᠨ ᠰᠤᠷᠤᠭᠴᠢ 9 ᠴᠠᠭ ᠤᠨᠳᠠᠬᠤ᠂ ᠦᠨᠳᠦᠷ ᠳᠤᠮᠳᠠᠳᠤ ᠶᠢᠨ  ᠰᠤᠷᠤᠭᠴᠢ 8 ᠴᠠᠭ ᠤᠨᠳᠠᠬᠤ ᠶᠢ ᠪᠠᠳᠤᠯᠠᠬᠤ ᠬᠡᠷᠡᠭᠳᠡᠢ ᠭᠡᠪᠡ᠃           ᠠᠵᠢᠯ ᠢ ᠳᠤᠤᠱᠳᠠᠢ ᠨᠠᠶᠢᠳᠠᠪᠤᠷᠢᠵᠢᠭᠤᠯᠬᠤ ᠶᠢᠨ ᠲᠦᠯᠦᠬᠡ᠂ ᠲᠦᠷᠢᠮ ᠳᠤᠭᠳᠠᠭᠠᠯ ᠠᠴᠠ ᠵᠦᠷᠢᠴᠡᠭᠰᠡᠨ ᠰᠤᠷᠭᠠᠭᠤᠯᠢ ᠪᠠ ᠬᠠᠮᠢᠶ᠎ᠠ ᠪᠦᠬᠦᠢ ᠬᠠᠷᠢᠭᠤᠴᠠᠯᠭᠠᠳᠠᠨ ᠢ ᠪᠠᠶᠢᠴᠠᠭᠠᠨ ᠭᠠᠷᠭᠠᠬᠤ ᠡᠷᠴᠢᠮ ᠢᠶᠠᠨ ᠴᠢᠩᠭᠠᠷᠠᠭᠤᠯᠬᠤ ᠪᠤᠯᠤᠨ᠎ᠠ᠃ ᠱᠠᠭᠠᠷᠳᠠᠯᠭ᠎ᠠ ᠶᠤᠰᠤᠭᠠᠷ᠂ ᠡᠯ᠎ᠠ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠨᠢᠬᠡᠳᠦᠬᠡᠷ ᠬᠠᠷᠢᠭᠤᠴᠠᠯᠭᠠᠳᠠᠨ ᠪᠤᠯᠵᠤ᠂ ᠲᠦᠷᠢᠮ ᠳᠤᠭᠳᠠᠭᠠᠯ ᠢ ᠬᠡᠷᠡᠭᠵᠢᠬᠦᠯᠬᠦ ᠦᠬᠡᠢ ᠪᠤᠶᠤ ᠬᠡᠯᠪᠡᠷᠢ ᠶᠢ ᠨᠢ ᠬᠤᠪᠢᠷᠠᠭᠤᠯᠤᠨ ᠬᠡᠷᠡᠭᠵᠢᠬᠦᠯᠵᠦ ᠰᠤᠷᠤᠭᠴᠢᠳ ᠢ ᠤᠷᠢᠳᠠᠪᠡᠷ ᠰᠤᠷᠭᠠᠭᠤᠯᠢ ᠳᠤ ᠤᠴᠢᠭᠤᠯᠪᠠᠯ ᠰᠤᠷᠭᠠᠭᠤᠯᠢ ᠶᠢᠨ ᠬᠠᠷᠢᠭᠤᠴᠠᠯᠭᠠᠳᠠᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ ᠡᠯ᠎ᠠ ᠭᠠᠵᠠᠷ ᠤᠨ ᠰᠤᠷᠭᠠᠨ‌‍ᠬᠦ᠋ᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠳᠤᠬᠢᠷᠠᠭᠤᠯᠤᠯᠳᠠ ᠬᠢᠭᠰᠡᠨ ᠤ ᠳᠠᠷᠠᠭᠠᠬᠢ ᠰᠤᠷᠤᠭᠴᠢᠳ ‍ᠤᠨ‌‍ᠰᠤᠷᠭᠠᠭᠤᠯᠢ ᠳᠤ ᠬᠦᠷᠬᠦ ᠴᠠᠭ ᠲᠤ ᠬᠢᠨᠠᠯᠳᠠ ᠳᠠᠯᠪᠢᠬᠤ ᠪᠠᠨ ᠴᠢᠩᠭᠠᠳᠬᠠᠬᠤ ᠬᠡᠷᠡᠭᠳᠡᠢ᠃ ᠦᠪᠡᠷᠳᠡᠬᠡᠨ ᠵᠠᠰᠬᠠᠤ ᠤᠷᠤᠨ ᠤ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠱᠠᠯᠠᠪᠳᠠᠨ ᠪᠠᠶᠢᠴᠠᠭᠠᠬᠤ ᠳᠤᠭᠤᠢᠢᠯᠠᠩ ᠪᠠᠶᠢᠭᠤᠯᠵᠤ᠂ ᠡᠯ᠎ᠠ ᠭᠠᠵᠠᠷ ‍ᠤᠨ‌‍ᠰᠤᠷᠤᠭᠴᠢᠳ ᠤᠨ ᠰᠤᠷᠭᠠᠭᠤᠯᠢ ᠳᠤ ᠬᠦᠷᠴᠦ ᠪᠠᠶᠢᠬᠤ ᠴᠠᠭ ᠢ ᠳᠤᠭᠤᠷᠢᠨ ᠪᠠᠶᠢᠴᠠᠭᠠᠵᠤ᠂ ᠬᠢᠨᠠᠨ ᠬᠠᠮᠢᠶᠠᠷᠤᠯᠳᠠ ᠬᠦᠷᠦᠯᠴᠡᠬᠦ ᠦᠬᠡᠢ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠤᠳᠤᠷᠢᠳᠤᠯᠭ᠎ᠠ ᠲᠠᠢ ᠪᠤᠯᠵᠤᠨ ᠶᠠᠷᠢᠯᠴᠠᠵᠤ᠂ ᠬᠠᠮᠢᠶ᠎ᠠ ᠪᠦᠬᠦᠢ ᠬᠠᠷᠢᠭᠤᠴᠠᠯᠭᠠᠳᠠᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号