ᠰᠤᠷᠭᠠᠨ ᠬᠦᠮᠦᠵᠢᠯ ᠤᠨ ᠶᠠᠮᠤᠨ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠰᠦᠯᠵᠢᠶ᠎ᠡ ᠳᠤ ᠰᠢᠨᠤᠬᠤ ᠶᠢ ᠰᠡᠷᠭᠡᠶᠢᠯᠡᠬᠦ ᠠᠵᠢᠯ ᠢ ᠰᠠᠶᠢᠳᠤᠷ ᠬᠢᠬᠦ ᠬᠡᠷᠡᠭᠲᠠᠢ ᠭᠡᠵᠤ ᠱᠠᠭᠠᠷᠳᠠᠪᠠ
ᠨᠡᠶᠢᠲᠡᠯᠡᠭᠰᠡᠨ ᠴᠠᠭ᠄
2018-04-26
    ᠰᠤᠷᠪᠤᠯᠵᠢᠯᠠᠭᠴᠢ 24᠎ ᠤ ᠡᠳᠤᠷ ᠰᠤᠷᠭᠠᠨ ᠬᠦᠮᠦᠵᠢᠯ ᠤᠨ ᠶᠠᠮᠤᠨ ᠠᠴᠠ ᠤᠶᠢᠯᠠᠭᠠᠭᠰᠠᠨ ᠨᠢ᠂ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠰᠦᠯᠵᠢᠶ᠎ᠡ ᠳᠤ ᠰᠢᠨᠤᠬᠤ ᠶᠢ ᠰᠡᠷᠭᠡᠶᠢᠯᠡᠬᠦ ᠬᠦᠮᠦᠵᠢᠯ ᠵᠢᠯᠤᠭᠤᠳᠤᠯᠭ᠎ᠠ ᠶᠢᠨ ᠠᠵᠢᠯ ᠢ ᠰᠠᠶᠢᠳᠤᠷ ᠬᠢᠵᠤ᠂ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠪᠡᠶ᠎ᠡ ᠰᠡᠳᠬᠢᠯ ᠤᠨ ᠡᠷᠡᠬᠦᠯ ᠮᠡᠨᠳᠤ ᠪᠠ ᠠᠮᠢ ᠨᠠᠰᠤᠨ ᠤ ᠠᠮᠤᠷ ᠲᠦᠪᠰᠢᠨ ᠢ ᠪᠦᠲᠦᠮᠵᠢᠲᠠᠢ ᠬᠠᠮᠠᠭᠠᠯᠠᠬᠤ ᠶᠢᠨ ᠲᠦᠯᠦᠭᠡ᠂ ᠰᠤᠷᠭᠠᠨ ᠬᠦᠮᠦᠵᠢᠯ ᠤᠨ ᠶᠠᠮᠤᠨ ᠲᠦᠷᠦᠭᠦᠭᠡᠨ ᠳᠤ ᠪᠠᠴᠢᠮ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠤᠨ ᠬᠢᠨ ᠢ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠰᠦᠯᠵᠢᠶ᠎ᠡ ᠳᠤ ᠰᠢᠨᠤᠬᠤ ᠶᠢ ᠰᠡᠷᠭᠡᠶᠢᠯᠡᠬᠦ ᠶᠢᠨ ᠲᠦᠢᠯ ᠤᠨ ᠴᠢᠬᠤᠯᠠ ᠴᠢᠨᠠᠷ ᠪᠠ ᠪᠤᠲᠠᠲᠠᠢ ᠲᠤᠯᠭᠠᠮ᠎ᠠ ᠴᠢᠨᠠᠷ ᠢ ᠬᠦᠢᠴᠡᠳ ᠲᠠᠨᠢᠵᠤ᠂ ᠲᠠᠷᠤᠢ ᠲᠦᠷᠭᠡᠨ ᠪᠦᠬᠦ ᠲᠠᠯ᠎ᠠ ᠶᠢᠨ ᠪᠠᠶᠢᠴᠠᠭᠠᠯᠲᠠ ᠬᠢᠵᠤ᠂ ᠲᠤᠰᠬᠠᠢ ᠰᠡᠳᠦᠪᠳᠤ ᠬᠦᠮᠦᠵᠢᠯ ᠵᠤᠬᠢᠶᠠᠨ ᠪᠠᠶᠢᠭᠤᠯᠵᠤ᠂ ᠰᠤᠷᠭᠠᠭᠤᠯᠢ ᠶᠢᠨ ᠡᠳᠤᠷ ᠲᠤᠳᠤᠮ ᠤᠨ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠬᠤ ᠶᠢᠨ ᠬᠠᠮᠳᠤ ᠭᠡᠷ ᠤᠨ ᠠᠬᠠᠮᠠᠳ ᠤᠨ ᠬᠢᠨᠠᠨ ᠬᠠᠮᠠᠭᠠᠯᠠᠬᠤ ᠡᠬᠦᠷᠭᠡ ᠬᠠᠷᠢᠭᠤᠴᠠᠯᠭ᠎ᠠ ᠶᠢ ᠴᠢᠩᠭᠠᠳᠬᠠᠬᠤ ᠬᠡᠷᠡᠭᠲᠠᠢ ᠭᠡᠵᠤ ᠱᠠᠭᠠᠷᠳᠠᠪᠠ᠃     ᠮᠡᠳᠡᠭᠳᠡᠯ ᠳᠤ ᠱᠠᠭᠠᠷᠳᠠᠭᠰᠠᠨ ᠨᠢ᠂ ᠡᠯ᠎ᠡ ᠭᠠᠵᠠᠷ ᠤᠨ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦ᠋ᠴᠢᠷ ᠲᠤᠮᠳᠠᠳᠤ ᠪᠠᠭ᠎ᠠ ᠰᠤᠷᠭᠠᠭᠤᠯᠢ ᠨᠤᠭᠤᠳ ᠢ ᠵᠤᠬᠢᠶᠠᠨ ᠪᠠᠶᠢᠭᠤᠯᠵᠤ ᠲᠠᠷᠤᠢ ᠲᠦᠷᠭᠡᠨ ᠨᠢᠭᠡ ᠤᠳᠠᠭᠠᠨ ᠤ ᠪᠦᠬᠦ ᠲᠠᠯ᠎ᠠ ᠶᠢᠨ ᠪᠠᠶᠢᠴᠠᠭᠠᠯᠲᠠ ᠬᠢᠬᠦ ᠬᠡᠷᠡᠭᠲᠠᠢ᠃ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠳᠤ ᠬᠤᠯᠪᠤᠭᠳᠠᠭᠰᠠᠨ ᠰᠦᠯᠵᠢᠶᠡᠨ ᠤ ᠬᠠᠤᠯᠢ ᠲᠤᠭᠲᠠᠭᠠᠯ ᠵᠦᠷᠢᠴᠡᠭᠰᠡᠨ ᠦᠢᠯᠡ ᠠᠵᠢᠯᠯᠠᠭ᠎ᠠ ᠵᠢᠴᠢ ᠵᠤᠭᠤᠰ ᠨᠠᠭᠠᠳᠬᠤ ᠂ ᠬᠦᠴᠦᠷᠭᠡᠭᠯᠡᠯ᠂ ᠱᠠᠯᠢᠭ ᠵᠠᠪᠬᠠᠢ ᠵᠡᠷᠭᠡ ᠠᠭᠤᠯᠭ᠎ᠠ ᠶᠢ ᠤᠬᠠᠭᠤᠯᠤᠭᠰᠠᠨ ᠰᠦᠯᠵᠢᠶᠡᠨ ᠤ ᠰᠤᠶᠤᠯ ᠤᠨ ᠪᠦᠲᠦᠭᠡᠭᠳᠡᠬᠦᠨ ᠢ ᠢᠯᠡᠷᠡᠬᠦᠯᠪᠡᠯ᠂ ᠴᠠᠭ ᠲᠤᠬᠠᠢ ᠳᠤᠨᠢ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠠᠷᠭ᠎ᠠ ᠬᠡᠮᠵᠢᠶ᠎ᠡ ᠠᠪᠴᠦ ᠴᠡᠭᠴᠡᠯᠡᠨ ᠵᠠᠰᠠᠬᠤ ᠬᠡᠷᠡᠭᠲᠠᠢ᠃ ᠰᠤᠷᠤᠭᠴᠢ ᠶᠢᠨ ᠰᠦᠯᠵᠢᠶ᠎ᠡ ᠳᠤ ᠰᠢᠨᠤᠬᠤ ᠦᠵᠡᠭᠳᠡᠯ ᠢ ᠤᠯᠵᠤ ᠮᠡᠳᠡᠪᠡᠯ᠂ ᠴᠠᠭ ᠲᠤᠬᠠᠢ ᠳᠤᠨᠢ ᠵᠢᠭᠠᠨ ᠰᠤᠷᠭᠠᠵᠤ᠂ ᠰᠤᠷᠤᠯᠭ᠎ᠠ ᠬᠢᠴᠢᠶᠡᠯ ᠳᠤᠨᠢ ᠰᠢᠮᠳᠡᠬᠦᠯᠬᠦ ᠬᠡᠷᠡᠭᠲᠠᠢ᠃ ᠡᠬᠦᠨ ᠤ ᠬᠠᠮᠳᠤ᠂ ᠡᠯ᠎ᠡ ᠵᠦᠢᠯ ᠤᠨ ᠬᠡᠯᠪᠡᠷᠢ ᠪᠠᠷ ᠰᠤᠷᠤᠭᠴᠢ ᠶᠢ ᠬᠦᠲᠦᠯᠦᠨ ᠵᠢᠯᠤᠭᠤᠳᠴᠦ᠂ ᠲᠡᠳᠡᠨ ᠢ ᠰᠦᠯᠵᠢᠶ᠎ᠡ ᠳᠤ ᠵᠦᠪ ᠲᠠᠨᠢᠯᠲᠠ ᠲᠠᠢ ᠪᠤᠯᠵᠤ᠂ ᠰᠢᠨᠵᠢᠯᠡᠬᠦ ᠤᠬᠠᠭᠠᠨᠴᠢ ᠪᠠᠷ ᠬᠠᠨᠳᠤᠨ᠂ ᠵᠦᠢ ᠵᠤᠬᠢᠰᠲᠠᠢ ᠬᠡᠷᠡᠭᠯᠡᠵᠤ᠂ ᠰᠦᠯᠵᠢᠶ᠎ᠡ ᠳᠤ ᠰᠢᠨᠤᠬᠤ ᠶᠢ ᠰᠡᠷᠭᠡᠶᠢᠯᠡᠬᠦ ᠮᠡᠳᠡᠯᠭᠡ ᠪᠠ ᠠᠷᠭ᠎ᠠ ᠬᠡᠯᠪᠡᠷᠢ ᠶᠢ ᠤᠶᠢᠯᠠᠭᠠᠨ᠂ ᠰᠦᠯᠵᠢᠶᠡᠨ ᠲᠡᠭᠡᠷᠡᠬᠢ ᠱᠠᠯᠢᠭ ᠵᠠᠪᠬᠠᠢ᠂ ᠵᠤᠭᠤᠰ ᠨᠠᠭᠠᠳᠬᠤ᠂ ᠬᠤᠤᠷ ᠲᠠᠳᠠᠬᠤ ᠵᠡᠷᠭᠡ ᠳᠤ ᠬᠤᠯᠪᠤᠭᠳᠠᠭᠰᠠᠨ ᠮᠡᠳᠡᠭᠡ ᠵᠠᠩᠬᠢ᠂ ᠡᠷᠡᠬᠦᠯ ᠪᠤᠰᠤ ᠰᠦᠯᠵᠢᠶᠡᠨ ᠲᠤᠭᠯᠠᠭᠠᠮ ᠵᠡᠷᠭᠡ ᠶᠢᠨ ᠬᠤᠤᠷ ᠬᠦᠨᠦᠭᠡᠯ ᠤᠨ ᠲᠤᠬᠠᠢ ᠲᠠᠨᠢᠯᠲᠠ ᠪᠠᠨ ᠲᠡᠭᠡᠭᠰᠢᠯᠡᠬᠦᠯᠦᠨ᠂ ᠰᠦᠯᠵᠢᠶᠡᠨ ᠤ ᠡᠷᠡᠬᠦᠯ ᠪᠤᠰᠤ ᠮᠡᠳᠡᠭᠡ ᠵᠠᠩᠬᠢ ᠪᠠ ᠬᠠᠤᠯᠢ ᠪᠤᠰᠤ ᠠᠵᠢᠯᠯᠠᠭ᠎ᠠ ᠶᠢ ᠤᠬᠠᠮᠰᠠᠷ ᠠᠴᠠ ᠪᠠᠨ ᠬᠤᠷᠢᠭᠯᠠᠬᠤ ᠪᠤᠯᠭᠠᠬᠤ ᠬᠡᠷᠡᠭᠲᠠᠢ᠃ ᠰᠤᠷᠤᠭᠴᠢ ᠶᠢᠨ ᠰᠦᠯᠵᠢᠶ᠎ᠡ ᠳᠤ ᠰᠢᠨᠤᠬᠤ ᠶᠢ ᠰᠡᠷᠭᠡᠶᠢᠯᠡᠬᠦ ᠠᠵᠢᠯ ᠤᠨ ᠲᠦᠷᠢᠮ ᠢ ᠰᠤᠳᠤᠯᠤᠨ ᠲᠤᠭᠲᠠᠭᠠᠬᠤ ᠶᠢᠨ ᠬᠠᠮᠳᠤ ᠰᠤᠷᠭᠠᠭᠤᠯᠢ ᠨᠤᠭᠤᠳ ᠢ ᠰᠤᠷᠭᠠᠭᠤᠯᠢ ᠶᠢᠨ ᠬᠦᠷᠢᠶᠡᠨ ᠤ ᠰᠦᠯᠵᠢᠶᠡᠨ ᠤ ᠠᠭᠤᠯᠭ᠎ᠠ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠡᠷᠡᠬᠦᠯ ᠰᠦᠯᠵᠢᠶ᠎ᠡ ᠶᠢ ᠪᠠᠶᠢᠭᠤᠯᠬᠤ ᠲᠠᠯ᠎ᠠ ᠪᠠᠷ ᠵᠢᠭᠠᠨ ᠵᠢᠯᠤᠭᠤᠳᠬᠤ ᠬᠡᠷᠡᠭᠲᠠᠢ᠃ ᠡᠯ᠎ᠡ ᠰᠤᠷᠭᠠᠭᠤᠯᠢ ᠨᠤᠭᠤᠳ ᠰᠤᠷᠭᠠᠭᠤᠯᠢ ᠶᠢᠨ ᠡᠯ᠎ᠡ ᠠᠵᠢᠯ ᠤᠨ ᠪᠠᠶᠢᠷᠢ ᠳᠠᠬᠢ ᠪᠠᠭᠰᠢ ᠠᠵᠢᠯᠲᠠᠳ ᠤᠨ ᠢᠶᠠᠨ ᠬᠦᠮᠦᠨ ᠬᠦᠮᠦᠵᠢᠬᠦᠯᠬᠦ ᠬᠠᠷᠢᠭᠤᠴᠠᠯᠭ᠎ᠠ ᠶᠢ ᠲᠤᠳᠤᠷᠬᠠᠢ ᠪᠤᠯᠭᠠᠵᠤ᠂ ᠦᠳᠡ ᠶᠢᠨ ᠠᠮᠠᠷᠠᠯᠲᠠ᠂ ᠬᠢᠴᠢᠶᠡᠯ ᠤᠨ ᠵᠠᠪᠰᠠᠷᠯᠠᠭ᠎ᠠ ᠵᠡᠷᠭᠡ ᠶᠢᠨ ᠬᠠᠮᠢᠶᠠᠷᠤᠯᠲᠠ ᠪᠠᠨ ᠴᠢᠩᠭᠠᠳᠬᠠᠨ᠂ ᠰᠤᠷᠤᠭᠴᠢᠳ ᠤᠨ ᠢᠶᠠᠨ ᠭᠠᠷ ᠤᠳᠠᠰᠤ ᠬᠡᠷᠡᠭᠯᠡᠬᠦ ᠶᠠᠪᠤᠳᠠᠯ ᠢ ᠵᠢᠷᠤᠮᠵᠢᠭᠤᠯᠬᠤ ᠬᠡᠷᠡᠭᠲᠠᠢ᠃     ᠰᠤᠷᠭᠠᠨ ᠬᠦᠮᠦᠵᠢᠯ ᠤᠨ ᠶᠠᠮᠤᠨ ᠠᠴᠠ ᠪᠠᠰᠠ ︽ᠪᠦᠬᠦ ᠤᠯᠤᠰ ᠤᠨ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠭᠡᠷ ᠤᠨ ᠠᠬᠠᠮᠠᠳ ᠲᠤ ᠦᠭᠬᠦᠭᠰᠡᠨ ᠵᠠᠬᠢᠳᠠᠯ︾᠎ ᠢ ᠬᠠᠮᠳᠤ ᠳᠤᠨᠢ ᠪᠠᠭᠤᠯᠭᠠᠵᠤ᠂ ᠭᠡᠷ ᠤᠨ ᠠᠬᠠᠮᠠᠳ ᠲᠤ᠄ ᠬᠡᠦᠭᠡᠳ ᠢᠶᠠᠨ ᠬᠢᠨᠠᠵᠤ ᠬᠠᠮᠢᠶᠠᠷᠬᠤ ᠬᠠᠷᠢᠭᠤᠴᠠᠯᠭ᠎ᠠ ᠶᠢ ᠡᠬᠦᠷᠭᠡᠯᠡᠨ᠂ ᠲᠤᠰ ᠪᠡᠶ᠎ᠡ ᠶᠢᠨ ᠢᠶᠠᠨ ᠰᠦᠯᠵᠢᠶᠡᠨ ᠤ ᠬᠡᠪ ᠪᠤᠯᠪᠠᠰᠤᠷᠠᠯ ᠢᠶᠠᠨ ᠲᠡᠭᠡᠭᠰᠢᠯᠡᠬᠦᠯᠵᠤ᠂ ᠰᠦᠯᠵᠢᠶ᠎ᠡ ᠳᠤ ᠰᠢᠨᠤᠬᠤ ᠶᠢ ᠡᠬᠢᠨ ᠤ ᠬᠤᠭᠤᠴᠠᠭᠠᠨ ᠳᠤᠨᠢ ᠢᠯᠭᠠᠨ ᠲᠠᠨᠢᠬᠤ ᠪᠠ ᠬᠤᠷᠢᠭᠯᠠᠬᠤ ᠲᠤᠬᠠᠢ ᠮᠡᠳᠡᠯᠭᠡ ᠶᠢ ᠡᠵᠡᠮᠰᠢᠬᠦ ᠬᠡᠷᠡᠭᠲᠠᠢ ᠭᠡᠵᠤ ᠰᠠᠨᠠᠭᠤᠯᠤᠭᠰᠠᠨ ᠪᠠᠶᠢᠨ᠎ᠠ᠃     ︽ᠰᠤᠷᠭᠠᠨ ᠬᠦᠮᠦᠵᠢᠯ ᠤᠨ ᠶᠠᠮᠤᠨ ᠤ ᠡᠨᠡ ᠪᠠᠴᠢᠮ ᠮᠡᠳᠡᠭᠳᠡᠯ ᠪᠤᠯ ᠴᠠᠭ ᠲᠠᠭᠠᠨ ᠮᠠᠰᠢ ᠲᠤᠬᠢᠷᠠᠭᠰᠠᠨ᠂ ᠪᠤᠲᠠᠲᠠᠢ ᠪᠠᠶᠢᠳᠠᠯ ᠳᠤ ᠮᠠᠰᠢ ᠨᠡᠶᠢᠴᠡᠭᠰᠡᠨ᠂ ᠮᠠᠰᠢ ᠴᠢᠬᠤᠯᠠ ᠮᠡᠳᠡᠭᠳᠡᠯ ᠮᠦᠨ᠃︾ ᠪᠡᠭᠡᠵᠢᠩ ᠪᠠᠭ᠎ᠠ ᠰᠤᠷᠭᠠᠭᠤᠯᠢ ᠶᠢᠨ ᠵᠠᠬᠢᠷᠤᠯ ᠯᠢ ᠮᠢᠩ ᠰᠢᠨ ᠤ ᠦᠵᠡᠬᠦ ᠪᠠᠷ᠂ ᠤᠶᠢᠷ᠎ᠠ ᠶᠢᠨ ᠵᠢᠯ ᠳᠤ᠂ ᠰᠦᠯᠵᠢᠶᠡᠨ ᠤ ᠲᠦᠭᠡᠮᠡᠯᠵᠢᠬᠦ ᠶᠢ ᠲᠠᠭᠠᠯᠳᠤᠨ᠂ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠨᠡᠶᠢᠳᠡᠮ ᠭᠠᠷ ᠤᠳᠠᠰᠤ ᠬᠡᠷᠡᠭᠯᠡᠬᠦ ᠪᠤᠯᠵᠤ᠂ ᠡᠬᠦᠨ ᠤ ᠤᠯᠠᠮ ᠠᠴᠠ ᠠᠰᠠᠭᠤᠳᠠᠯ ᠴᠦ ᠪᠠᠶᠢᠨ ᠲᠠᠬᠢᠨ ᠢᠯᠡᠷᠡᠬᠦ ᠪᠤᠯᠪᠠ᠃ ᠮᠠᠰᠢ ᠤᠯᠠᠨ ᠰᠤᠷᠤᠭᠴᠢ ᠰᠦᠯᠵᠢᠶ᠎ᠡ ᠳᠤ ᠰᠢᠨᠤᠨ᠂ ᠨᠠᠭᠠᠳᠤᠮ ᠲᠤᠭᠯᠠᠭᠠᠮ ᠳᠤ ᠰᠢᠨᠤᠵᠤ᠂ ᠴᠤᠭ ᠰᠦᠯᠲᠡ ᠪᠠᠨ ᠠᠯᠳᠠᠵᠤ ᠪᠠᠶᠢᠨ᠎ᠠ᠂ ᠴᠢᠨᠠᠭᠰᠢᠯᠠᠭᠠᠳ ᠰᠡᠳᠬᠢᠴᠡ ᠶᠢᠨ ᠠᠷᠬᠠᠭ᠂ ᠠᠮᠤᠷ ᠲᠦᠪᠰᠢᠨ ᠤ ᠠᠳᠡᠯ ᠭᠠᠷᠴᠦ᠂ ᠵᠠᠯᠠᠭᠤᠴᠤᠳ ᠪᠠᠭᠠᠴᠤᠳ ᠤᠨ ᠡᠷᠡᠬᠦᠯ ᠦᠰᠦᠯᠲᠡ ᠶᠢ ᠲᠦᠢᠯ ᠤᠨ ᠶᠡᠭᠡ ᠪᠠᠷ ᠨᠦᠯᠦᠭᠡᠯᠡᠵᠤ ᠪᠠᠶᠢᠨ᠎ᠠ᠃ ᠡᠬᠦᠪᠡᠷ ᠪᠠᠷᠠᠬᠤ ᠦᠭᠡᠢ᠂ ᠵᠠᠷᠢᠮ ᠰᠤᠷᠭᠠᠭᠤᠯᠢ ᠠᠷᠭ᠎ᠠ ᠬᠡᠮᠵᠢᠶ᠎ᠡ ᠠᠪᠴᠦ ᠰᠤᠷᠤᠭᠴᠢᠳ ᠤᠨ ᠭᠠᠷ ᠤᠳᠠᠰᠤ ᠬᠡᠷᠡᠭᠯᠡᠬᠦ ᠲᠠᠯ᠎ᠠ ᠪᠠᠷ ᠬᠠᠮᠢᠶᠠᠷᠤᠯᠲᠠ ᠶᠠᠪᠤᠭᠤᠯᠬᠤ ᠦᠶ᠎ᠡ ᠳᠤ ᠰᠤᠷᠤᠭᠴᠢ᠂ ᠭᠡᠷ ᠤᠨ ᠠᠬᠠᠮᠠᠳ ᠪᠤᠯᠤᠨ ᠨᠡᠶᠢᠭᠡᠮ ᠨᠡᠶᠢᠲᠡ ᠶᠢᠨ ᠬᠢᠨ ᠡᠯᠳᠡᠪ ᠢᠶᠠᠷ ᠶᠠᠷᠢᠯᠴᠠᠵᠤ᠂ ᠡᠬᠦᠨ ᠠᠴᠠ ᠪᠤᠯᠵᠤ ᠰᠤᠷᠭᠠᠭᠤᠯᠢ ᠨᠤᠭᠤᠳ ᠰᠤᠷᠤᠭᠴᠢ ᠶᠢᠨ ᠭᠠᠷ ᠤᠳᠠᠰᠤᠨ ᠤ ᠬᠠᠮᠢᠶᠠᠷᠤᠯᠲᠠ ᠶᠢᠨ ᠠᠵᠢᠯ ᠢᠶᠠᠨ ᠨᠢᠭᠤᠵᠤ ᠲᠠᠯᠳᠠᠯᠠᠬᠤ ᠪᠤᠯᠤᠭᠰᠠᠨ ᠮᠦᠷᠲᠡᠭᠡᠨ ᠦᠷ᠎ᠡ ᠪᠦᠲᠦᠮᠵᠢ ᠪᠠᠷ ᠪᠠᠷᠤᠭᠲᠠᠢ ᠪᠤᠯᠵᠤ᠂ ᠴᠢᠨᠠᠭᠰᠢᠯᠠᠭᠠᠳ ᠦᠷᠬᠦᠯᠵᠢᠯᠡᠨ ᠶᠠᠪᠤᠭᠳᠠᠭᠤᠯᠬᠤ ᠶᠢᠨ ᠠᠷᠭ᠎ᠠ ᠦᠭᠡᠢ ᠪᠤᠯᠵᠠᠢ᠃ ᠲᠤᠰ ᠮᠡᠳᠡᠭᠳᠡᠯ ᠨᠡᠶᠢᠲᠡᠯᠡᠭᠳᠡᠭᠰᠡᠨ ᠠᠴᠠ ᠲᠤᠮᠳᠠᠳᠤ ᠪᠠᠭ᠎ᠠ ᠰᠤᠷᠭᠠᠭᠤᠯᠢ ᠨᠤᠭᠤᠳ ᠵᠢᠷᠤᠮᠵᠢᠭᠤᠨ ᠬᠠᠮᠢᠶᠠᠷᠤᠯᠲᠠ ᠶᠠᠪᠤᠭᠤᠯᠬᠤ ᠲᠦᠷᠦ ᠶᠢᠨ ᠪᠤᠳᠤᠯᠭ᠎ᠠ ᠶᠢᠨ ᠦᠨᠳᠦᠰᠦᠯᠡᠯ ᠲᠠᠢ ᠪᠤᠯᠪᠠ᠃
 
ᠢᠷᠡᠯᠲᠡ᠄ ᠰᠢᠨᠬᠤᠸᠠ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号