ᠰᠠᠭᠠᠯᠢ ᠶᠢᠨ ᠦᠬᠡᠷ ᠤᠨ ᠠᠷᠠᠴᠢᠯᠠᠯᠳᠠ ᠬᠠᠮᠢᠶᠠᠷᠤᠯᠳᠠ ᠳᠠᠬᠢ ᠬᠡᠳᠦᠨ ᠴᠡᠭᠡᠷᠯᠡᠯ
ᠨᠡᠶᠢᠲᠡᠯᠡᠭᠰᠡᠨ ᠴᠠᠭ᠄
2018-05-11
    ᠰᠠᠭᠠᠯᠢ ᠶᠢᠨ ᠦᠬᠡᠷ ᠤᠨ ᠠᠩᠬ᠎ᠠ ᠬᠡᠭᠡᠯᠳᠦᠭᠦᠯᠬᠦ ᠨᠠᠰᠤ ᠶᠢ ᠬᠡᠳᠦᠷᠬᠡᠢ ᠡᠷᠳᠡ ᠪᠠᠶᠢᠯᠭᠠᠬᠤ ᠶᠢ ᠴᠡᠭᠡᠷᠯᠡᠨ᠎ᠡ᠃ ᠶᠡᠷᠤᠳᠠ ᠶᠢᠨ ᠪᠠᠶᠢᠳᠠᠯ ᠳᠤᠤᠷ᠎ᠠ ᠰᠠᠭᠠᠯᠢ ᠶᠢᠨ ᠦᠨᠢᠶ᠎ᠡ 18 ᠰᠠᠷ᠎ᠠ ᠪᠤᠯᠵᠤ᠂ ᠪᠡᠶ᠎ᠡ ᠶᠢᠨ ᠬᠦᠨᠳᠤ ᠨᠢ 350 ᠺᠢᠯᠦᠭᠷᠡᠮ ᠠᠴᠠ ᠳᠡᠭᠡᠭᠰᠢ ᠪᠤᠯᠬᠤ ᠦᠶ᠎ᠡ ᠳᠤ ᠬᠡᠭᠡᠯᠳᠤᠭᠦᠯᠪᠡᠯ ᠬᠠᠮᠤᠭ ᠰᠠᠶᠢᠨ᠃         ᠳᠦᠷᠭᠡᠨ ᠠᠰᠢᠭ ᠬᠦᠷᠳᠡᠬᠦ ᠶᠢ ᠪᠤᠳᠤᠵᠤ ᠳᠡᠭᠡᠷᠡᠮᠳᠡᠯ ᠤᠨ ᠬᠡᠯᠪᠡᠷᠢ ᠶᠢᠨ ᠰᠦ ᠰᠠᠭᠠᠬᠤ ᠶᠢ ᠴᠡᠭᠡᠷᠯᠡᠨ᠎ᠡ᠃ ᠶᠡᠷᠦᠳᠡ ᠶᠢᠨ ᠪᠠᠶᠢᠳᠠᠯ ᠳᠤᠤᠷ᠎ᠠ ᠰᠠᠭᠠᠯᠢ ᠶᠢᠨ ᠦᠬᠡᠷ ᠤᠨ ᠰᠦ ᠭᠠᠷᠬᠤ ᠬᠤᠭᠤᠴᠠᠭ᠎ᠠ ᠨᠢ 305 ᠡᠳᠦᠷ᠂ ᠡᠳᠦᠷ ᠲᠤ ᠭᠤᠷᠪᠠ ᠤᠳᠠᠭ᠎ᠠ ᠰᠠᠭᠠᠪᠠᠯ ᠬᠠᠮᠤᠭ ᠤᠨ ᠳᠤᠬᠢᠷᠠᠮᠵᠢᠳᠠᠢ᠃ ᠭᠡᠪᠡᠴᠤ ᠵᠠᠷᠢᠮ ᠳᠡᠵᠢᠭᠡᠪᠦᠷᠢ ᠶᠢᠨ ᠡᠷᠦᠬᠡ ᠤᠯᠵᠠ ᠠᠰᠢᠭ ᠢ ᠪᠤᠳᠤᠵᠤ ᠢᠯᠡᠭᠦᠦ ᠰᠠᠭᠠᠬᠤ ᠪᠤᠶᠤ ᠰᠦ ᠰᠠᠭᠠᠬᠤ ᠬᠤᠭᠤᠴᠠᠭ᠎ᠠ ᠶᠢ ᠤᠷᠳᠤᠳᠬᠠᠵᠤ᠂ ᠡᠭᠦᠨ ᠠᠴᠠ ᠪᠤᠯᠵᠤ ᠰᠠᠭᠠᠯᠢ ᠶᠢᠨ ᠦᠬᠡᠷ ᠤᠨ ᠪᠡᠶ᠎ᠡ ᠳᠠᠮᠢᠷ ᠢ ᠨᠦᠯᠦᠭᠡᠯᠡᠵᠤ᠂ ᠡᠨᠡ ᠨᠢ ᠳᠠᠷᠠᠭᠠᠴᠢ ᠶᠢᠨ ᠳᠤᠭᠤᠯᠯᠠᠬᠤ ᠪᠤᠶᠤ ᠰᠦ ᠭᠠᠷᠬᠤ ᠶᠢ ᠨᠦᠯᠦᠭᠡᠯᠡᠳᠡᠭ᠃ ᠪᠤᠷᠳᠤᠭ᠎ᠠ ᠶᠢ ᠳ᠋ᠠᠩ ᠭᠠᠭᠴᠠ ᠪᠠᠶᠢᠯᠭᠠᠵᠤ ᠬᠦᠬᠡ ᠪᠤᠷᠳᠤᠭ᠎ᠠ ᠪᠠᠷ ᠳᠡᠵᠢᠭᠡᠬᠦ ᠶᠢ ᠴᠢᠬᠤᠯᠠᠴᠢᠯᠠᠬᠤ ᠬᠡᠷᠡᠭᠳᠡᠢ᠃ ᠰᠠᠭᠠᠯᠢ ᠶᠢᠨ ᠦᠬᠡᠷ ᠤᠨ ᠪᠦᠳᠦᠭᠦᠯᠢᠭ ᠪᠤᠷᠳᠤᠭ᠎ᠠ ᠡᠷᠬᠡᠪᠰᠢ 2 ᠲᠦᠷᠦᠯ ᠤᠨ ᠪᠠᠶᠢᠵᠤ᠂ ᠨᠠᠷᠢᠯᠢᠭ ᠪᠤᠷᠳᠤᠭ᠎ᠠ ᠶᠢᠨ ᠪᠦᠷᠢᠯᠳᠦᠭᠦᠨ 3 ᠵᠦᠢᠯ ᠠᠴᠠ ᠳᠤᠳᠠᠭᠤ ᠪᠠᠶᠢᠵᠤ ᠪᠤᠯᠬᠤ ᠦᠭᠡᠢ᠃ ᠤᠳᠤᠬᠠᠨ ᠳᠤ ᠵᠠᠷᠢᠮ ᠳᠡᠵᠢᠭᠡᠪᠦᠷᠢ ᠶᠢᠨ ᠡᠷᠦᠬᠡ ᠶᠢᠨ ᠪᠦᠳᠦᠭᠦᠯᠢᠭ ᠪᠤᠷᠳᠤᠭ᠎ᠠ ᠨᠢ ᠡᠷᠳᠡᠨᠢ ᠰᠢᠰᠢ ᠶᠢᠨ ᠡᠰᠢ ᠰᠦᠷᠡᠯ᠂ ᠨᠠᠷᠢᠯᠢᠭ ᠪᠤᠷᠳᠤᠭ᠎ᠠ ᠨᠢ ᠡᠷᠳᠡᠨᠢ ᠰᠢᠰᠢ᠂ ᠳ᠋ᠸᠤᠪᠢᠩ ᠤᠨ ᠲᠦᠷᠦᠯ ᠢᠶᠠᠷ ᠭᠤᠤᠯᠳᠠᠵᠤ᠂ ᠬᠦᠬᠡ ᠪᠤᠷᠳᠤᠭ᠎ᠠ ᠶᠢ ᠳᠡᠶᠢᠮᠤ ᠠᠩᠬᠠᠷᠤᠯ ᠳᠠᠭᠠᠨ ᠠᠪᠴᠤ ᠪᠠᠶᠢᠬᠤ ᠦᠭᠡᠢ᠃         ᠬᠠᠮᠢᠶᠠᠷᠤᠯᠳᠠ ᠨᠢ ᠪᠦᠳᠦᠭᠦᠯᠢᠭ ᠭᠠᠭᠴᠠᠬᠦ ᠰᠦ ᠭᠠᠷᠬᠤ ᠬᠤᠭᠤᠴᠠᠭ᠎ᠠ ᠶᠢ ᠠᠩᠬᠠᠷᠬᠤ ᠶᠢ ᠴᠡᠭᠡᠷᠯᠡᠨ᠎ᠡ᠃ ᠵᠠᠷᠢᠮ ᠳᠡᠵᠢᠭᠡᠪᠦᠷᠢ ᠶᠢᠨ ᠡᠷᠦᠬᠡ ᠰᠠᠭᠠᠯᠢ ᠶᠢᠨ ᠦᠬᠡᠷ ᠤᠨ ᠰᠦ ᠭᠠᠷᠬᠤ ᠬᠤᠭᠤᠴᠠᠭ᠎ᠠ ᠶᠢ ᠯᠡ ᠴᠢᠬᠤᠯᠠᠴᠢᠯᠠᠵᠤ᠂ ᠪᠤᠰᠤᠳ ᠡᠯ᠎ᠡ ᠬᠤᠭᠤᠴᠠᠭ᠎ᠠ ᠶᠢᠨ ᠠᠷᠠᠴᠢᠯᠠᠯᠳᠠ ᠬᠠᠮᠢᠶᠠᠷᠤᠯᠳᠠ ᠶᠢ ᠤᠮᠳᠤᠭᠠᠢᠢᠯᠠᠵᠤ ᠡᠭᠦᠨ ᠠᠴᠠ ᠪᠤᠯᠵᠤ ᠳᠠᠷᠠᠭᠠᠴᠢ ᠶᠢᠨ ᠰᠦ ᠭᠠᠷᠬᠤ ᠬᠤᠭᠤᠴᠠᠭ᠎ᠠ ᠶᠢᠨ ᠰᠦ ᠶᠢᠨ ᠭᠠᠷᠤᠯᠳᠠ ᠶᠢ ᠨᠦᠯᠦᠭᠡᠯᠡᠵᠤ ᠪᠠᠶᠢᠨ᠎ᠠ᠃             ᠰᠠᠭᠠᠯᠢ ᠶᠢᠨ ᠦᠬᠡᠷ ᠭᠡᠮᠲᠦᠪᠡᠯ ᠳᠤᠷ᠎ᠠ ᠪᠠᠷ ᠡᠮ ᠬᠡᠷᠡᠭᠯᠡᠬᠦ ᠶᠢ ᠴᠡᠭᠡᠷᠯᠡᠨ᠎ᠡ᠃ ᠵᠠᠷᠢᠮ ᠳᠡᠵᠢᠭᠡᠪᠦᠷᠢ ᠶᠢᠨ ᠡᠷᠦᠬᠡ ᠡᠪᠡᠳᠴᠢᠨ ᠬᠢᠵᠢᠭ ᠢ ᠤᠷᠢᠳᠴᠢᠯᠠᠨ ᠰᠡᠷᠭᠡᠶᠢᠯᠡᠬᠦ ᠶᠢ ᠠᠩᠬᠠᠷᠬᠤ ᠦᠭᠡᠢ᠂ ᠤᠷᠴᠢᠨ ᠳᠤᠭᠤᠷᠢᠨ ᠢ ᠠᠷᠢᠭᠤᠳᠬᠠᠬᠤ ᠶᠢ ᠴᠤ ᠠᠩᠬᠠᠷᠤᠯ ᠳᠠᠭᠠᠨ ᠠᠪᠬᠤ ᠦᠭᠡᠢ᠂ ᠰᠠᠭᠠᠯᠢ ᠶᠢᠨ ᠦᠬᠡᠷ ᠨᠢ ᠭᠡᠮᠳᠦᠭᠰᠡᠬᠡᠷ ᠳᠤᠷ᠎ᠠ ᠪᠠᠷ ᠡᠮ ᠬᠡᠷᠡᠭᠯᠡᠳᠡᠭ᠃           ᠰᠠᠭᠠᠯᠢ ᠶᠢᠨ ᠦᠬᠡᠷ  ᠳᠤᠭᠤᠯᠯᠠᠭᠰᠠᠨ ᠤ ᠳᠠᠷᠠᠭ᠎ᠠ ᠬᠡᠭᠡᠯᠳᠦᠭᠦᠯᠬᠦ ᠴᠠᠭ ᠢ ᠤᠷᠳᠤᠳᠬᠠᠬᠤ ᠶᠢ ᠴᠡᠭᠡᠷᠯᠡᠨ᠎ᠡ᠃ ᠶᠡᠷᠦᠳᠡ ᠶᠢᠨ ᠪᠠᠶᠢᠳᠠᠯ ᠳᠤᠤᠷ᠎ᠠ ᠰᠠᠭᠠᠯᠢ ᠶᠢᠨ ᠦᠬᠡᠷ ᠳᠤᠭᠤᠯᠯᠠᠭᠠᠳ 13 — 15 ᠡᠳᠦᠷ ᠤᠨ ᠦᠶ᠎ᠡ ᠳᠤ ᠬᠡᠭᠡᠯᠳᠦᠭᠦᠯᠪᠡᠯ ᠬᠠᠮᠤᠭ ᠤᠨ ᠳᠤᠬᠢᠷᠠᠮᠵᠢᠳᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号