︽ᠱᠠᠩᠳᠤ ᠶᠢᠨ ᠡᠬᠡᠰᠢᠭᠯᠡᠩ︾ ᠨᠡᠷᠡᠮᠵᠢᠳᠦ ᠪᠦᠬᠦ ᠤᠷᠤᠨ ᠤ ᠭᠤᠷᠪᠠᠳᠤᠭᠠᠷ ᠤᠳᠠᠭᠠᠨ ᠤ ᠬᠡᠤᠬᠡᠳ ᠪᠠᠭᠠᠴᠤᠳ ᠤᠨ ᠰᠢᠯᠦᠭ ᠤᠨ ᠤᠷᠠᠨ ᠤᠩᠰᠢᠯᠭ᠎ᠠ ᠶᠢᠨ ᠤᠷᠤᠯᠳᠤᠭᠠᠨ ᠤ ᠠᠷᠪᠠᠨ ᠨᠢᠬᠡᠳᠦᠬᠡᠷ ᠲᠠᠯᠠᠪᠠᠢ ᠤᠷᠤᠯᠳᠤᠭᠠᠨ ᠮᠠᠨ ᠤ ᠬᠤᠰᠢᠭᠤᠨ ᠳᠤ ᠠᠮᠵᠢᠯᠳᠠᠳᠠᠢ ᠶᠠᠪᠤᠭᠳᠠᠭᠰᠠᠨ
ᠨᠡᠶᠢᠲᠡᠯᠡᠭᠰᠡᠨ ᠴᠠᠭ᠄
2018-05-14
    5 ᠰᠠᠷᠠᠶᠢᠨ 13᠎ ᠤ ᠡᠳᠦᠷ᠂ ᠰᠢᠯᠢ ᠶᠢᠨ ᠭᠤᠤᠯ ᠠᠶᠢᠮᠠᠭ ᠤᠨ ᠰᠢᠯᠦᠭᠤᠨ ᠬᠦᠬᠡ ᠬᠤᠰᠢᠭᠤᠨ ᠤ ︽ᠲᠤᠷᠭᠠᠨ ᠪᠠᠷᠢᠨᠳᠠᠭ︾ ᠤᠩᠰᠢᠯᠭ᠎ᠠ ᠶᠢᠨ ᠦᠷᠦᠬᠡ ᠠᠴᠠ ᠭᠤᠤᠯᠯᠠᠨ ᠡᠷᠬᠢᠯᠡᠵᠦ᠂ ᠰᠢᠨ᠎ᠡ ᠪᠠᠷᠭᠤ ᠵᠡᠬᠦᠨ ᠬᠤᠰᠢᠭᠤᠨ ᠎ ᠤ ᠨᠤᠮ ᠤᠨ ᠰᠠᠩ᠂ ᠰᠢᠯᠦᠭᠤᠨ ᠬᠦᠬᠡ ᠬᠤᠰᠢᠭᠤᠨ ᠤ ᠨᠤᠮ ᠤᠨ ᠰᠠᠩ ᠠᠴᠠ ᠬᠠᠮᠵᠢᠯᠴᠠᠨ ᠡᠷᠬᠢᠯᠡᠭᠰᠡᠨ ᠪᠦᠬᠦ ᠤᠷᠤᠨ ᠤ ᠭᠤᠷᠪᠠᠳᠤᠭᠠᠷ ᠤᠳᠠᠭᠠᠨ ᠤ ︽ ᠱᠠᠩᠳᠤ ᠶᠢᠨ ᠡᠬᠡᠰᠢᠭᠯᠡᠩ︾ ᠨᠡᠷᠡᠮᠵᠢᠳᠦ ᠬᠡᠤᠬᠡᠳ ᠪᠠᠭᠠᠴᠤᠳ ᠤᠨ ᠰᠢᠯᠦᠭ ᠤᠨ ᠤᠷᠠᠨ ᠤᠩᠰᠢᠯᠭ᠎ᠠ ᠶᠢᠨ ᠤᠷᠤᠯᠳᠤᠭᠠᠨ ᠤ ᠠᠷᠪᠠᠨ ᠨᠢᠬᠡᠳᠦᠬᠡᠷ ᠲᠠᠯᠠᠪᠠᠢ ᠪᠤᠯᠬᠤ ᠬᠦᠯᠦᠨ ᠪᠤᠶᠢᠷ ᠬᠤᠳᠠ ᠶᠢᠨ ᠬᠤᠪᠢᠶᠠᠷᠢ ᠲᠠᠯᠠᠪᠠᠢ ᠤᠷᠤᠯᠳᠤᠭᠠᠨ ᠮᠠᠨ ᠤ ᠬᠤᠰᠢᠭᠤᠨ ᠳᠤ ᠠᠮᠵᠢᠯᠳᠠᠳᠠᠢ ᠶᠠᠪᠤᠭᠳᠠᠵᠠᠢ᠃
    ᠤᠷᠤᠯᠳᠤᠭᠠᠨ ᠤ ᠲᠦᠪ ᠭᠤᠤᠯᠴᠢ᠂ ᠡᠷᠬᠡ ᠲᠡᠭᠰᠢ ᠴᠢᠨᠠᠷ ᠢ ᠢᠯᠡᠷᠡᠬᠦᠯᠬᠦ ᠶᠢᠨ ᠲᠤᠯᠠᠳᠠ᠂ ᠲᠤᠰ ᠤᠳᠠᠭᠠᠨ ᠎ ᠤ ᠤᠷᠤᠯᠳᠤᠭᠠᠨ ᠨᠢ ᠴᠡᠴᠡᠷᠯᠢᠭ ᠤᠨ ᠲᠤᠭᠤᠶᠢᠯᠠᠩ ᠪᠠ ᠪᠠᠭ᠎ᠠ ᠰᠤᠷᠭᠠᠭᠤᠯᠢ ᠶᠢᠨ ᠲᠤᠭᠤᠶᠢᠯᠠᠩ ᠬᠡᠵᠦ ᠬᠤᠶᠠᠷ ᠲᠤᠭᠤᠶᠢᠯᠠᠩ ᠬᠤᠪᠢᠶᠠᠵᠦ᠂ ᠮᠠᠯᠵᠢᠬᠤ ᠲᠦᠷᠪᠡᠨ ᠬᠤᠰᠢᠭᠤ ᠠᠴᠠ ᠢᠷᠡᠭᠰᠡᠨ 106 ᠨᠡᠷᠡᠰ ᠬᠡᠤᠬᠡᠳ ᠪᠠᠭᠠᠴᠤᠳ ᠤᠷᠤᠯᠴᠠᠨ᠂ ᠡᠬᠦᠨ ᠳᠤ ᠴᠡᠴᠡᠷᠯᠢᠭ ᠤᠨ ᠲᠤᠭᠤᠶᠢᠯᠠᠩ ᠲᠤ 46 ᠨᠡᠷᠡᠰ᠂ ᠪᠠᠭ᠎ᠠ ᠰᠤᠷᠭᠠᠭᠤᠯᠢ ᠶᠢᠨ ᠲᠤᠭᠤᠶᠢᠯᠠᠩ ᠎ ᠳᠤ 60 ᠨᠡᠷᠡᠰ ᠪᠠᠶᠢᠵᠦ᠂ ᠤᠷᠤᠯᠳᠤᠭᠠᠨ ᠤ ᠲᠠᠶᠢᠰᠠᠨ ᠲᠡᠬᠡᠷ᠎ᠡ ᠦᠨᠳᠦᠰᠦᠳᠡᠨ ᠤ ᠬᠤᠪᠴᠠᠰᠤ ᠵᠠᠰᠠᠯ ᠢᠶᠠᠷ ᠢᠶᠠᠨ ᠭᠤᠶᠤᠭᠰᠠᠨ ᠬᠦᠬᠡᠷᠦᠬᠦᠨ ᠴᠤᠪᠤᠭᠤ ᠬᠡᠤᠬᠡᠳ ᠪᠠᠭᠠᠴᠤᠳ ︽ᠪᠢ︾᠂ ︽ᠲᠡᠪᠡᠯ︾᠂ ︽ᠬᠠᠪᠤᠷ︾᠂ ︽ᠪᠢ ᠪᠤᠯ ᠮᠤᠩᠭᠤᠯ ᠬᠦᠮᠦᠨ︾ ᠵᠡᠷᠬᠡ ᠡᠯᠪᠡᠭ ᠪᠠᠶᠠᠯᠢᠭ ᠠᠭᠤᠯᠭ᠎ᠠ ᠪᠦᠬᠦᠢ ᠰᠢᠯᠦᠭ ᠢᠶᠠᠨ ᠤᠶᠠᠩᠭᠠᠯᠠᠨ᠂ ᠲᠠᠯᠠᠪᠠᠢ ᠳᠤ ᠬᠦᠷᠦᠯᠴᠡᠨ ᠢᠷᠡᠭᠰᠡᠨ ᠦᠵᠡᠭᠴᠢᠳ ᠤᠯᠠᠨ ᠰᠡᠳᠬᠢᠯ ᠬᠦᠳᠡᠯᠬᠡᠮ᠎ᠡ ᠰᠢᠯᠦᠭ ᠤᠨ ᠠᠶᠢᠵᠠᠮ ᠳᠤ ᠰᠤᠭᠳᠤᠭᠤᠷᠠᠨ᠂ ᠤᠷᠤᠯᠳᠤᠭᠠᠨ ᠤ ᠲᠤᠬᠠᠢ ᠶᠢᠨ ᠲᠠᠯᠠᠪᠤᠷ ᠲᠤ ᠠᠯᠠᠭ᠎ᠠ ᠲᠠᠰᠢᠯᠳᠠ ᠤᠨ ᠲᠠᠭᠤᠨ ᠲᠠᠰᠤᠯᠳᠠᠯ ᠦᠬᠡᠢ ᠪᠠᠶᠢᠯ᠎ᠠ᠃     ᠴᠡᠴᠡᠷᠯᠢᠭ ᠤᠨ ᠲᠤᠭᠤᠶᠢᠯᠠᠩ ᠤᠨ ᠪᠢᠴᠢᠬᠠᠨ ᠤᠷᠤᠯᠴᠠᠭᠴᠢ ᠪᠤᠯᠬᠤ ᠮᠠᠨ ᠤ ᠬᠤᠰᠢᠭᠤᠨ ᠤ ᠦᠪᠦᠷᠪᠤᠯᠠᠭ ᠰᠤᠮᠤᠨ ᠤ 6 ᠨᠠᠰᠤᠳᠠᠢ ᠲᠦᠪᠰᠢᠮ᠎ᠡ ᠤᠳᠤ ᠴᠡᠴᠡᠷᠯᠢᠭ ᠤᠨ ᠶᠡᠭᠡ ᠠᠩᠬᠢ ᠳᠤ ᠪᠠᠶᠢᠵᠦ᠂ ᠤᠤᠯ ᠨᠢ ᠡᠶᠢᠮᠦᠷᠬᠦ ᠦᠬᠡᠢ ᠲᠤᠮᠤ ᠬᠡᠯᠪᠡᠷᠢ ᠶᠢᠨ ᠤᠷᠤᠯᠳᠤᠭᠠᠨ ᠳᠤ ᠤᠷᠤᠯᠴᠠᠵᠦ ᠦᠩᠬᠡᠷᠡᠭᠰᠡᠨ ᠦᠬᠡᠢ ᠲᠡᠷᠡ ᠲᠤᠰ ᠡᠳᠦᠷ ᠤᠭᠳᠤ ᠰᠠᠨᠳᠤᠷᠴᠦ ᠡᠮᠢᠶᠡᠭᠰᠡᠨ ᠪᠠᠶᠢᠳᠠᠯ ᠦᠬᠡᠢ ᠪᠠᠶᠢᠵᠦ᠂ ᠲᠠᠶᠢᠰᠠᠨ ᠳᠤ ᠭᠠᠷᠤᠮᠠᠭᠴᠠ᠂ ᠨᠢᠷᠠᠢ ᠪᠠᠯᠴᠢᠷ ᠲᠠᠭᠤᠤ ᠬᠤᠭᠤᠯᠠᠢ ᠪᠠᠷ ᠰᠡᠳᠬᠢᠯᠬᠡ ᠲᠠᠢ ᠪᠦᠬᠡᠳ ᠬᠦᠳᠡᠯᠬᠡᠬᠡᠨ ᠲᠠᠢ ᠤᠩᠰᠢᠭᠰᠠᠨ ᠤ ᠳ᠋ᠦᠩ ᠲᠤ ᠲᠦᠪᠰᠢᠮ᠎ᠡ 46 ᠨᠡᠷᠡᠰ ᠤᠷᠤᠯᠴᠠᠭᠴᠢ ᠶᠢᠨ ᠲᠤᠮᠳᠠ ᠠᠴᠠ ᠰᠢᠯᠭᠠᠷᠠᠨ ᠭᠠᠷᠴᠦ᠂ ᠴᠡᠴᠡᠷᠯᠢᠭ ᠤᠨ ᠲᠤᠭᠤᠶᠢᠯᠠᠩ ᠤᠨ ᠨᠢᠬᠡᠳᠦᠬᠡᠷ ᠨᠡᠷᠡᠰ ᠲᠤ ᠲᠤᠳᠤᠷᠠᠨ᠂ ᠦᠨᠦ ᠵᠢᠯ ᠤᠨ 9 ᠰᠠᠷ᠎ᠠ ᠳᠤ ᠬᠤᠶᠠᠳᠤᠭᠠᠷ ᠲᠡᠰ ᠲᠤ ᠤᠷᠤᠯᠴᠠᠭᠰᠠᠨ ᠤᠷᠤᠯᠴᠠᠭᠴᠢ ᠲᠠᠢ ᠬᠠᠮᠳᠤ ᠬᠦᠯᠦᠨ ᠪᠤᠶᠢᠷ ᠬᠤᠳᠠ ᠶᠢᠨ ᠤᠷᠤᠯᠳᠤᠭᠠᠨ ᠤ ᠲᠤᠭᠤᠷᠢᠭ ᠢ ᠲᠦᠯᠦᠬᠡᠯᠡᠨ᠂ ︽ᠱᠠᠩᠳᠤ ᠶᠢᠨ ᠡᠬᠡᠰᠢᠭᠯᠡᠩ︾ ᠨᠡᠷᠡᠮᠵᠢᠳᠦ ᠬᠡᠤᠬᠡᠳ ᠪᠠᠭᠠᠴᠤᠳ ᠤᠨ ᠰᠢᠯᠦᠭ ᠤᠨ ᠤᠷᠠᠨ ᠤᠩᠰᠢᠯᠭ᠎ᠠ ᠶᠢᠨ ᠰᠢᠢᠳᠪᠤᠷᠢᠳᠦ ᠤᠷᠤᠯᠳᠤᠭᠠᠨ ᠳᠤ ᠤᠷᠤᠯᠴᠠᠬᠤ ᠡᠷᠬᠡ ᠶᠢ ᠤᠯᠵᠠᠢ᠃
    ᠤᠷᠤᠯᠳᠤᠭᠠᠨ ᠳᠤ ᠤᠷᠢᠭᠳᠠᠭᠰᠠᠨ ᠰᠢᠯᠦᠭᠤᠨ ᠬᠦᠬᠡ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ ᠪᠠ ᠮᠠᠨ ᠤ ᠬᠤᠰᠢᠭᠤᠨ ᠤ ᠰᠤᠶᠤᠯ ᠤᠨ ᠤᠷᠳᠤᠨ᠂ ᠨᠤᠮ ᠤᠨ ᠰᠠᠩ᠂ ᠮᠤᠩᠭᠤᠯ ᠦᠨᠳᠦᠰᠦᠳᠡᠨ ᠤ ᠬᠡᠤᠬᠡᠳ ᠤᠨ ᠴᠡᠴᠡᠷᠯᠢᠭ ᠤᠨ ᠤᠷᠤᠯᠳᠤᠭᠠᠨ ᠤ ᠬᠢᠨᠠᠭᠴᠢ ᠨᠠᠷ ᠪᠢᠴᠢᠬᠠᠨ ᠤᠷᠤᠯᠴᠠᠭᠴᠢ ᠨᠠᠷ ᠤᠨ ᠲᠠᠶᠢᠰᠠᠨ ᠤ ᠢᠯᠡᠷᠡᠯ ᠳᠤ ᠨᠡᠯᠢᠶᠡᠳ ᠦᠨᠳᠦᠷ ᠦᠨᠡᠯᠡᠯᠳᠡ ᠦᠭᠴᠦ᠂ ᠨᠢᠬᠡ ᠡᠳᠦᠷ ᠤᠨ ᠬᠤᠷᠴᠠ ᠰᠢᠷᠦᠬᠦᠨ ᠦᠷᠢᠰᠦᠯᠳᠦᠬᠡᠨ ᠎ ᠢᠶᠠᠷ ᠲᠠᠮᠵᠢᠨ᠂ ᠴᠡᠴᠡᠷᠯᠢᠭ ᠤᠨ ᠲᠤᠭᠤᠶᠢᠯᠠᠩ ᠪᠠ ᠪᠠᠭ᠎ᠠ ᠰᠤᠷᠭᠠᠭᠤᠯᠢ ᠶᠢᠨ ᠲᠤᠭᠤᠶᠢᠯᠠᠩ ᠠᠴᠠ ᠲᠤᠰ ᠲᠤᠰ ᠨᠢᠬᠡᠳᠦᠬᠡᠷ᠂ ᠬᠤᠶᠠᠳᠤᠭᠠᠷ᠂ ᠭᠤᠷᠪᠠᠳᠤᠭᠠᠷ ᠨᠡᠷᠡᠰ ᠢ ᠰᠤᠩᠭᠤᠨ ᠭᠠᠷᠭᠠᠭᠰᠠᠨ ᠤ ᠬᠠᠮᠳᠤ ᠬᠤᠶᠠᠷ ᠲᠤᠭᠤᠶᠢᠯᠠᠩ ᠤᠨ ᠪᠢᠴᠢᠬᠠᠨ ᠤᠷᠤᠯᠴᠠᠭᠴᠢ ᠨᠠᠷ ᠲᠤ ᠪᠠᠰᠠ ᠰᠢᠯᠢᠳᠡᠭ ᠪᠦᠪᠠᠢ ᠱᠠᠩᠨᠠᠯ᠂ ᠰᠢᠯᠢᠳᠡᠭ ᠱᠠᠩᠨᠠᠯ ᠪᠠ ᠰᠢᠯᠢᠳᠡᠭ ᠤᠷᠠᠨ ᠤᠩᠰᠢᠭᠴᠢ᠂ ᠵᠤᠷᠢᠭᠵᠢᠭᠤᠯᠤᠯ ᠤᠨ ᠱᠠᠩᠨᠠᠯ ᠤᠯᠭᠭᠤᠰᠠᠨ ᠪᠠᠶᠢᠨ᠎ᠠ᠃     ︽ᠱᠠᠩᠳᠤ ᠶᠢᠨ ᠡᠬᠡᠰᠢᠭᠯᠡᠩ︾ ᠬᠡᠤᠬᠡᠳ ᠪᠠᠭᠠᠴᠤᠳ ᠤᠨ ᠰᠢᠯᠦᠭ ᠤᠨ ᠤᠷᠠᠨ ᠤᠩᠰᠢᠯᠭ᠎ᠠ ᠶᠢᠨ ᠤᠷᠤᠯᠳᠤᠭᠠᠨ ᠳᠤ ᠦᠷᠬᠡᠨ ᠤᠯᠠᠨ ᠮᠤᠩᠭᠤᠯ ᠦᠨᠳᠦᠰᠦᠳᠡᠨ ᠤ ᠬᠡᠤᠬᠡᠳ ᠪᠠᠭᠠᠴᠤᠳ ᠲᠤ ᠦᠪᠡᠷ ᠤᠨ ᠠᠪᠢᠶᠠᠰ ᠴᠢᠳᠠᠪᠤᠷᠢ ᠪᠠᠨ ᠢᠯᠡᠷᠡᠬᠦᠯᠬᠦ ᠲᠠᠪᠴᠠᠩ ᠢ ᠬᠠᠩᠭᠠᠭᠰᠠᠨ ᠢᠶᠠᠷ ᠪᠠᠷᠠᠬᠤ ᠦᠬᠡᠢ ᠡᠬᠡ ᠬᠡᠯᠡ ᠢᠶᠠᠷ ᠢᠶᠠᠷ ᠤᠶᠠᠩᠭᠠᠯᠠᠬᠤ ᠰᠡᠳᠬᠢᠯᠬᠡ ᠶᠢ ᠬᠦᠪᠴᠢᠯᠡᠨ᠂ ᠬᠡᠤᠬᠡᠳ ᠪᠠᠭᠠᠴᠤᠳ ᠲᠤ ᠢᠷᠠᠭᠤ ᠨᠠᠶᠢᠷᠠᠭ ᠤᠨ ᠷᠢᠳᠢ ᠰᠢᠳᠢ ᠶᠢ ᠮᠡᠳᠡᠷᠡᠬᠦᠯᠵᠡᠢ᠃ ᠡᠬᠦᠨ ᠠᠴᠠ ᠭᠠᠳᠠᠨ᠎ᠠ ᠪᠠᠰᠠ ᠪᠦᠬᠦ ᠤᠷᠤᠨ ᠤ ︽ᠱᠠᠩᠳᠤ ᠶᠢᠨ ᠡᠬᠡᠰᠢᠭᠯᠡᠩ︾ ᠬᠡᠤᠬᠡᠳ ᠪᠠᠭᠠᠴᠤᠳ ᠤᠨ ᠰᠢᠯᠦᠭ ᠎ ᠤᠨ ᠤᠷᠠᠨ ᠤᠩᠰᠢᠯᠭ᠎ᠠ ᠶᠢᠨ ᠤᠷᠤᠯᠳᠤᠭᠠᠨ ᠤ ᠠᠷᠪᠠᠨ ᠨᠢᠬᠡᠳᠦᠬᠡᠷ ᠲᠠᠯᠠᠪᠠᠢ ᠪᠤᠯᠬᠤ ᠬᠦᠯᠦᠨ ᠪᠤᠶᠢᠷ ᠬᠤᠳᠠ ᠶᠢᠨ ᠬᠤᠪᠢᠶᠠᠷᠢ ᠤᠷᠤᠯᠳᠤᠭᠠᠨ ᠮᠠᠨ ᠤ ᠬᠤᠰᠢᠭᠤᠨ ᠳᠤ ᠶᠠᠪᠤᠭᠳᠠᠭᠰᠠᠨ ᠨᠢ ᠭᠠᠵᠠᠷ ᠤᠷᠤᠨ ᠤ ᠬᠤᠭᠤᠷᠤᠨᠳᠤᠬᠢ ᠦᠨᠳᠦᠰᠦᠳᠡᠨ ᠤ ᠰᠤᠶᠤᠯ ᠤᠨ ᠶᠠᠪᠤᠯᠴᠠᠭ᠎ᠠ ᠶᠢ ᠪᠦᠳᠦᠮᠵᠢᠳᠡᠢ ᠴᠢᠩᠭᠠᠳᠬᠠᠠᠨ᠂ ᠮᠠᠨ ᠤ ᠬᠤᠰᠢᠭᠤᠨ ᠤ ᠮᠤᠩᠭᠤᠯ ᠦᠬᠡ ᠬᠡᠯᠡ ᠦᠰᠦᠭ ᠪᠢᠴᠢᠭ ᠤᠨ ᠵᠢᠭᠠᠨ ᠰᠤᠷᠭᠠᠯᠳᠠ ᠶᠢᠨ ᠲᠤᠭᠳᠠᠭᠤᠨ ᠬᠦᠭᠵᠢᠯᠳᠡ ᠶᠢ ᠠᠬᠢᠭᠤᠯᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号