ᠪᠦᠬᠦ ᠤᠷᠤᠨ ᠪᠦᠰᠡ ᠶᠢᠨ ᠵᠤᠭᠠᠴᠠᠯ — ᠮᠠᠯᠴᠢᠳ ᠤᠨ ᠤᠷᠤᠯᠭ᠎ᠠ ᠶᠢ ᠨᠡᠮᠡᠭᠳᠡᠬᠦᠯᠬᠦ ᠰᠢᠨ᠎ᠠ ᠠᠷᠭ᠎ᠠ ᠵᠠᠮ
ᠨᠡᠶᠢᠲᠡᠯᠡᠭᠰᠡᠨ ᠴᠠᠭ᠄
2018-05-21
    ᠲᠦᠯᠦᠭᠡᠯᠡᠭᠴᠢ ᠵᠢᠷᠤᠮᠲᠤ᠄     ᠬᠤᠲᠠ ᠶᠢᠨ ᠳᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠬᠤᠭᠤᠴᠠᠭᠠᠨ ᠳᠤ ᠰᠤᠷᠪᠤᠯᠵᠢᠯᠠᠭᠴᠢ ᠡᠯ᠎ᠠ ᠬᠤᠰᠢᠭᠤ ᠰᠢᠶᠠᠨ ᠠᠴᠠ ᠬᠦᠷᠥᠯᠴᠡᠨ ᠢᠷᠡᠭᠰᠡᠨ ᠠᠷᠠᠳ ᠤᠨ ᠲᠦᠯᠦᠭᠡᠯᠡᠭᠴᠢᠳ ᠢ ᠰᠤᠷᠪᠤᠯᠵᠢᠯᠠᠬᠤ ᠪᠠᠷ ᠬᠤᠷᠠᠯ ᠤᠨ ᠭᠡᠷ ᠢ ᠵᠤᠷᠢᠯ᠎ᠠ᠃     ᠲᠦᠯᠦᠭᠡᠯᠡᠭᠴᠢ ᠵᠢᠷᠤᠮᠲᠦ ᠪᠤᠯ ᠡᠸᠡᠩᠬᠢ ᠬᠤᠰᠢᠭᠤᠨ ᠤ ᠢᠮᠢᠨ ᠰᠤᠮᠤᠨ ᠤ ᠦᠢᠳᠭᠡᠨ ᠭᠠᠴᠠᠭᠠᠨ ᠤ ᠮᠠᠯᠴᠢᠨ ᠂ ᠠᠩᠬᠠᠳᠤᠭᠠᠷ ᠤᠳᠠᠭ᠎ᠠ ᠮᠠᠯᠴᠢᠨ ᠲᠦᠮᠡᠨ ᠢᠶᠠᠨ ᠲᠦᠯᠦᠭᠡᠯᠡᠵᠦ᠂ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠤᠷᠤᠯᠴᠠᠵᠦ ᠪᠠᠶᠢᠭ᠎ᠠ ᠨᠢ ᠡᠨᠡ ᠪᠢᠯᠡ᠃ ᠲᠡᠷᠡ᠄ ︽ᠮᠠᠨ ᠤ ᠤᠷᠤᠨ ᠤ ᠡᠪᠤᠯ ᠤᠨ ᠤᠯᠠᠷᠢᠯ ᠤᠨ ᠵᠤᠭᠠᠴᠠᠯ ᠤᠨ ᠨᠠᠭᠠᠳᠤᠮ ᠤᠨ ᠬᠦᠢᠳᠡᠨ ᠤ ᠲᠦᠢᠯ᠂ ᠡᠪᠤᠯ ᠤᠨ ᠤᠯᠠᠷᠢᠯ ᠤᠨ ᠨᠡᠭᠦᠳᠡᠯ ᠰᠤᠶᠤᠯ ᠤᠨ ᠨᠠᠶᠢᠷ᠂ ᠮᠦᠰᠦ ᠴᠠᠰᠤᠨ ᠤ ᠢᠰᠡᠷᠡᠩ ᠵᠡᠷᠭᠡ ᠠᠵᠢᠯᠯᠠᠭ᠎ᠠ ᠨᠤᠭᠤᠳ ᠨᠢ ᠳᠤᠮᠳᠠᠲᠤ ᠤᠷᠤᠰ ᠮᠤᠩᠭᠤᠯ ᠤᠨ ᠬᠠᠷᠢᠯᠴᠠᠭ᠎ᠠ ᠶᠢ ᠤᠯᠠᠮ ᠨᠢᠭᠡ ᠠᠯᠬᠤᠮ ᠰᠠᠶᠢᠵᠢᠷᠠᠭᠤᠯᠤᠭᠰᠠᠠ ᠮᠦᠷᠲᠡᠭᠡᠨ ᠮᠠᠨ ᠤ ᠬᠤᠲᠠ ᠶᠢᠨ ᠪᠠᠶᠢᠭᠠᠯᠢ ᠶᠢᠨ ᠷᠢᠳᠢ ᠰᠢᠳᠢ᠂ ᠬᠦᠮᠦᠨ ᠰᠤᠶᠤᠯ ᠤᠨ ᠬᠦᠭᠵᠢᠯᠲᠡ ᠶᠢ ᠤᠯᠠᠨ ᠤ ᠡᠮᠤᠨ᠎ᠠ ᠳᠠᠬᠢᠨᠳᠠ ᠳᠡᠯᠭᠡᠨ ᠦᠵᠡᠭᠦᠯᠵᠦ᠂ ᠵᠢᠯ ᠤᠨ ᠳᠦᠷᠪᠡᠨ ᠤᠯᠠᠷᠢᠯ ᠳᠤ ᠬᠦᠯᠦᠨ ᠪᠤᠶᠢᠷ ᠬᠤᠲᠠ ᠪᠠᠷ ᠵᠤᠭᠠᠴᠠᠬᠤ ᠪᠤᠯᠤᠮᠵᠢ ᠶᠢ ᠬᠠᠨᠭ᠍ᠭᠠᠭᠰᠠᠨ ᠪᠠᠶᠢᠨ᠎ᠠ᠃ ᠡᠨᠡ ᠨᠢ ᠪᠦᠬᠦ ᠤᠷᠤᠨ ᠪᠦᠰᠡ ᠶᠢᠨ ᠵᠤᠭᠠᠴᠠᠯ ᠤᠨ ᠬᠦᠭᠵᠢᠯᠲᠡ ᠳᠤ ᠲᠦᠢᠯ ᠤᠨ ᠤᠯᠠᠨ ᠨᠦᠬᠦᠴᠡᠯ ᠢ ᠪᠦᠷᠢᠯᠳᠦᠬᠦᠯᠵᠦ ᠦᠭᠴᠡᠢ᠃ ᠪᠦᠬᠦ ᠤᠷᠤᠨ ᠪᠦᠰᠡ ᠶᠢᠨ ᠵᠤᠭᠠᠴᠠᠯ ᠢ ᠬᠦᠭᠵᠢᠬᠦᠯᠬᠦ ᠶᠢᠨ ᠡᠴᠤᠰ ᠤᠨ ᠬᠠᠷᠠᠯᠲᠠ ᠪᠤᠯ ᠮᠠᠯᠴᠢᠨ ᠲᠦᠮᠡᠨ ᠳᠡᠭᠡᠨ ᠦᠷ᠎ᠠ ᠠᠰᠢᠭ ᠠᠪᠴᠢᠷᠠᠬᠤ ᠳᠤ ᠪᠤᠢ᠂ ᠡᠭᠦᠨ ᠤ ᠲᠤᠯᠠᠳᠠ ᠰᠢᠨ᠎ᠠ ᠴᠠᠭ ᠦᠶ᠎ᠠ ᠶᠢᠨ ᠪᠠᠶᠢᠳᠠᠯ ᠳᠠᠭᠠᠨ ᠵᠤᠬᠢᠴᠠᠭᠤᠯᠵᠦ᠂ ᠠᠮᠢ ᠠᠬᠤᠢ ᠶᠢᠨ ᠳᠡᠩᠴᠡᠭᠦᠷᠢ ᠶᠢ ᠪᠠᠲᠤᠯᠠᠵᠦ᠂ ᠪᠤᠬᠢᠷᠳᠤᠯ ᠦᠭᠡᠢ ᠬᠦᠭᠵᠢᠯᠲᠡ ᠶᠢ ᠴᠢᠷᠮᠠᠶᠢᠨ ᠬᠦᠭᠵᠢᠬᠦᠯᠬᠦ ᠨᠢ ᠴᠢᠬᠤᠯᠠ᠃ ᠡᠶᠢᠮᠦ ᠠᠴᠠ ︿ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠯᠦᠨ ᠨᠠᠭᠤᠷ ᠤᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠳᠦᠷᠢᠮ﹀᠎ ᠲᠠᠢ ᠠᠳᠠᠯᠢᠪᠲᠤᠷ ᠳᠦᠷᠢᠮ ᠳᠤᠭᠳᠠᠭᠠᠯ ᠢ ᠮᠠᠯᠵᠢᠬᠤ ᠳᠦᠷᠪᠡᠨ ᠬᠤᠰᠢᠭᠤᠨ ᠤ ᠭᠤᠤᠯ ᠮᠦᠷᠡᠨ᠂ ᠨᠠᠭᠤᠷ ᠴᠦᠬᠦᠷᠦᠮ ᠤᠨ ᠪᠤᠵᠠᠷᠲᠤᠭᠰᠠ ᠪᠠᠶᠢᠳᠠᠯ ᠳᠤ ᠵᠤᠬᠢᠴᠠᠭᠤᠯᠤᠨ ᠬᠡᠷᠡᠭᠵᠢᠭᠦᠯᠬᠦ ᠰᠠᠨᠠᠯ ᠵᠦᠪᠯᠡᠯᠭᠡ ᠶᠢ ᠳᠤᠷᠠᠳᠤᠭᠰᠠᠨ᠃ ᠡᠭᠦᠨ ᠠᠴᠠ ᠭᠠᠳᠠᠨ᠎ᠠ᠂ ᠮᠠᠯᠴᠢᠨ ᠲᠦᠮᠡᠨ ᠳᠡᠭᠡᠨ ᠵᠤᠭᠠᠴᠠᠯ ᠤᠨ ᠦᠢᠯᠡᠰ ᠤᠨ ᠲᠤᠰᠬᠠᠢ ᠪᠤᠯᠪᠠᠰᠤᠷᠠᠯ ᠤᠨ ᠠᠩᠭᠢ ᠡᠷᠬᠢᠯᠡᠵᠦ᠂ ᠮᠠᠯᠴᠢᠨ ᠲᠦᠮᠡᠨ ᠲᠠᠢ ᠪᠠᠨ ᠰᠠᠨᠠᠯ ᠢᠶᠠᠨ ᠨᠢᠭᠡᠳᠭᠡᠵᠦ᠂ ᠨᠡᠩ ᠰᠢᠨᠵᠢᠯᠡᠬᠦ ᠤᠬᠠᠭᠠᠨᠴᠢ ᠬᠦᠭᠵᠢᠯᠲᠡ ᠶᠢᠨ ᠠᠷᠭ᠎ᠠ ᠪᠠᠷ ᠮᠠᠯᠴᠢᠳ ᠤᠨ ᠦᠷ᠎ᠠ ᠠᠰᠢᠭ ᠢ ᠨᠡᠮᠡᠭᠳᠡᠭᠦᠯᠬᠦ ᠰᠠᠨᠠᠯ ᠵᠦᠪᠯᠡᠯᠭᠡ ᠳᠡᠪᠰᠢᠭᠦᠯᠦᠭᠰᠡᠨ︾ ᠭᠡᠵᠦ ᠶᠠᠷᠢᠨ᠎ᠠ᠃     ᠬᠦᠯᠦᠨ ᠪᠤᠶᠢᠷ ᠬᠤᠲᠠ ᠪᠤᠯ ᠮᠠᠨ ᠤ ᠤᠯᠤᠰ ᠤᠨ ᠳᠠᠯᠠᠪᠠᠢ ᠪᠠᠷ ᠬᠠᠮᠤᠭ ᠤᠨ ᠶᠡᠭᠡ ᠭᠠᠵᠠᠷ ᠤᠨ ᠳᠡᠰ ᠤᠨ ᠬᠤᠲᠠ᠃ ᠪᠠᠶᠢᠭᠠᠯᠢᠯᠢᠭ ᠪᠡᠯᠴᠢᠭᠡᠷ 8 ᠲᠦᠮᠡᠨ ᠲᠡᠭᠰᠢ ᠲᠥᠷᠪᠡᠯᠵᠢᠨ ᠺᠢᠯᠤᠮᠧᠳ᠋ᠷ᠂ ᠤᠢ ᠰᠢᠭᠤᠢ 12 ᠲᠦᠮᠡᠨ ᠲᠡᠭᠰᠢ ᠲᠥᠷᠪᠡᠯᠵᠢᠨ ᠺᠢᠯᠤᠮᠧᠳ᠋ᠷ ᠪᠠᠶᠢᠵᠦ᠂ ᠡᠷᠭᠦᠨ᠎ᠠ ᠭᠤᠤᠯ᠂ ᠬᠡᠷᠤᠯᠤᠨ ᠭᠤᠤᠯ ᠵᠡᠷᠭᠡ ᠶᠢ ᠪᠠᠭᠲᠠᠭᠠᠭᠰᠠᠨ 3000 ᠭᠠᠷᠤᠢ ᠭᠤᠤᠯ ᠭᠤᠷᠤᠬ᠎ᠠ᠂ ᠬᠦᠯᠦᠨ ᠨᠠᠭᠤᠷ᠂ ᠪᠤᠶᠢᠷ ᠨᠠᠭᠤᠷ ᠢ ᠪᠠᠭᠲᠠᠭᠠᠭᠰᠠᠨ 500 ᠭᠠᠷᠤᠢ ᠨᠠᠭᠤᠷ ᠴᠦᠬᠦᠷᠦᠮ᠂ 3000 ᠰᠢᠬᠠᠮ ᠤᠷᠭᠤᠮᠠᠯ ᠤᠨ ᠲᠦᠷᠦᠯ ᠵᠦᠢᠯ᠂ 400 ᠭᠠᠷᠤᠢ ᠭᠡᠭᠡᠷ᠎ᠠ ᠶᠢᠨ ᠠᠷᠢᠶᠠᠳᠠᠨ ᠵᠡᠷᠭᠡ ᠪᠠᠶᠢᠳᠠᠭ᠃ ᠡᠳᠡᠭᠡᠷ ᠨᠢ ᠪᠦᠷ ᠮᠠᠨ ᠤ ᠬᠤᠳᠠ ᠶᠢᠨ ᠵᠤᠭᠠᠴᠠᠯ ᠤᠨ ᠦᠢᠯᠡᠰ ᠢ ᠬᠦᠭᠵᠢᠬᠦᠯᠬᠦ ᠳᠤ ᠳᠤᠳᠠᠭᠳᠠᠵᠦ ᠪᠤᠯᠤᠰᠢ ᠦᠭᠡᠢ ᠡᠬᠢ ᠪᠠᠶᠠᠯᠢᠭ ᠪᠤᠯᠤᠨ᠎ᠠ᠃ ᠡᠭᠦᠨ ᠠᠴᠠ ᠭᠠᠳᠠᠨ᠎ᠠ᠂ ᠡᠸᠡᠩᠬᠢ ᠶᠢᠨ ᠰᠧᠪᠵᠢᠶᠡᠨ ᠨᠠᠶᠢᠷ᠂ ᠤᠯᠭᠤᠶᠠ ᠶᠢᠨ ᠪᠤᠭᠤᠴᠢᠨ ᠠᠶᠢᠮᠠᠭ᠂ ᠳᠠᠭᠤᠷ ᠤᠨ ᠪᠦᠬᠡ ᠶᠢᠨ ᠪᠦᠵᠢᠭ᠂ ᠤᠷᠴᠤᠨ ᠤ ᠳᠦᠳᠡᠭ ᠭᠠᠯ ᠤᠨ ᠦᠳᠡᠰᠢᠯᠡᠭᠡ ᠵᠡᠷᠭᠡ ᠴᠦᠬᠡᠨ ᠲᠤᠭᠠᠲᠤ ᠦᠨᠳᠦᠰᠦᠲᠡᠨ ᠤ ᠤᠨᠴᠠᠯᠢᠭ ᠢ ᠬᠠᠳᠠᠭᠠᠯᠠᠭᠰᠠᠨ ᠦᠪᠡᠷᠮᠢᠴᠡ ᠵᠤᠭᠠᠴᠠᠯ ᠤᠨ ᠡᠭᠢ ᠰᠤᠷᠪᠤᠯᠵᠢ ᠨᠢ ᠮᠠᠨ ᠤ ᠬᠤᠲᠠ ᠶᠢᠨ ᠵᠤᠭᠠᠴᠠᠯ ᠤᠨ ᠬᠦᠭᠵᠢᠯᠲᠡ ᠳᠤ ᠠᠯᠤᠰ ᠬᠤᠯᠠ ᠶᠢᠨ ᠦᠢᠯᠡᠳᠦᠯ ᠲᠠᠢ᠃ᠵᠢᠷᠤᠮᠲᠤ᠄ ︽︿ᠵᠤᠭᠠᠴᠠᠯ +﹀᠎ ᠨᠢ ᠤᠳᠤ ᠦᠶ᠎ᠠ ᠶᠢᠨ ᠵᠤᠭᠠᠴᠠᠯ ᠤᠨ ᠦᠢᠯᠡᠰ ᠤᠨ ᠨᠢᠭᠡ ᠤᠨᠴᠠᠯᠢᠭ ᠪᠤᠯᠤᠭᠰᠠᠨ᠃ ᠡᠷᠡᠭᠦᠯ ᠵᠤᠭᠠᠴᠠᠯ᠂ ᠲᠡᠮᠢᠷ ᠤᠨ ᠵᠤᠭᠠᠴᠠᠯ᠂ ᠤᠢ ᠰᠢᠭᠤᠢ ᠶᠢᠨ ᠵᠤᠭᠠᠴᠠᠯ ᠵᠡᠷᠭᠡ ᠬᠡᠯᠪᠡᠷᠢ ᠨᠢ ᠮᠠᠨ ᠤ ᠬᠤᠲᠠ ᠶᠢᠨ ᠲᠠᠮᠢᠷ ᠤᠷᠠᠯᠢᠭ᠂ ᠰᠤᠶᠤᠯ ᠲᠡᠤᠬᠡ ᠶᠢᠨ ᠬᠦᠭᠵᠢᠯᠲᠡ ᠳᠤ ᠠᠰᠢᠭᠲᠠᠢ᠂ ᠮᠠᠯᠴᠢᠨ ᠲᠦᠮᠡᠨ ᠤ ᠠᠮᠢᠳᠤᠷᠠᠯ ᠲᠠᠢ ᠤᠢᠢᠷᠠᠲᠤᠭᠰᠠᠨ ᠵᠤᠭᠠᠴᠠᠯ ᠨᠢ ᠬᠠᠮᠤᠭ ᠤᠨ ᠦᠨ᠎ᠠ ᠴᠡᠨ᠎ᠠ ᠲᠠᠢ᠂ ᠴᠠᠭᠠᠨ ᠢᠳᠡᠭᠡ᠂ ᠬᠤᠪᠴᠠᠰᠦ ᠬᠤᠨᠠᠷ᠂ ᠦᠨᠳᠦᠰᠦᠲᠡᠨ ᠤ ᠭᠠᠷ ᠤᠷᠠᠯᠠᠯ ᠵᠡᠷᠭᠡ ᠶᠢ ᠵᠤᠭᠠᠴᠠᠯ ᠤᠨ ᠦᠢᠯᠡᠰ ᠲᠠᠢ ᠠᠭᠤᠰᠤᠯᠴᠠᠭᠤᠯᠪᠡᠯ ᠮᠠᠯᠴᠢᠳ ᠤᠨ ᠤᠷᠤᠯᠭ᠎ᠠ ᠨᠡᠮᠡᠭᠳᠡᠬᠦ ᠨᠢ ᠯᠠᠪᠲᠠᠢ︾ ᠭᠡᠯ᠎ᠠ᠃     ᠮᠠᠯᠴᠢᠳ ᠤᠨ ᠤᠷᠤᠯᠭ᠎ᠠ ᠶᠢ ᠨᠡᠮᠡᠭᠳᠡᠭᠦᠯᠬᠦ ᠰᠢᠨ᠎ᠠ ᠠᠷᠭ᠎ᠠ ᠵᠠᠮ ᠪᠤᠯᠤᠭᠰᠠᠨ ᠪᠦᠬᠦ ᠤᠷᠤᠨ ᠪᠦᠰᠡ ᠶᠢᠨ ᠵᠤᠭᠠᠴᠠᠯ ᠤᠨ ᠦᠢᠯᠡᠰ ᠨᠢ ᠰᠢᠨ᠎ᠠ ᠴᠠᠭ ᠦᠶ᠎ᠠ ᠳᠤ ᠲᠤᠬᠢᠷᠠᠵᠦ᠂ ᠰᠢᠨ᠎ᠠ ᠳᠦᠷᠰᠦ ᠪᠠᠶᠢᠳᠠᠯ ᠢ ᠢᠯᠡᠷᠡᠭᠦᠯᠵᠦ ᠴᠢᠳᠠᠬᠤ ᠨᠢ ᠳᠠᠮᠵᠢᠭ ᠦᠭᠡᠢ᠃
 
ᠢᠷᠡᠯᠲᠡ᠄ ᠬᠦᠯᠦᠨ ᠪᠣᠶᠢᠷ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号