ᠪᠥᠬᠦ ᠤᠯᠤᠰ ᠤᠨ ᠤᠯᠤᠰ ᠲᠥᠷᠤ ᠶᠢᠨ ᠵᠥᠪᠯᠡᠯᠭᠡᠨ ᠤ ᠭᠡᠰᠢᠬᠦᠨ ᠳᠤ ᠮᠢᠩ ᠶᠠᠨ᠄ ︽ᠬᠤᠶᠠᠷ ᠬᠤᠷᠠᠯ︾᠎ ᠤᠨ ᠵᠤᠷᠢᠭ ᠰᠠᠨᠠᠭ᠎ᠠ ᠶᠢ ᠨᠤᠳᠤᠭ ᠤᠨ ᠤᠯᠠᠨ ᠲᠥᠮᠠᠨ ᠳᠡᠭᠡᠨ ᠤᠯᠠᠮᠵᠢᠯᠠᠨ᠎ᠠ
ᠨᠡᠶᠢᠲᠡᠯᠡᠭᠰᠡᠨ ᠴᠠᠭ᠄
2018-05-21
     ᠪᠥᠬᠦ ᠤᠯᠤᠰ ᠤᠨ ︽ᠬᠤᠶᠠᠷ ᠬᠤᠷᠠᠯ︾᠎ ᠤᠨ ᠲᠠᠷᠠᠭ᠎ᠠ᠂ ᠥᠪᠠᠷᠳᠡᠭᠡᠨ ᠵᠠᠰᠠᠬᠤ ᠤᠷᠤᠨ ᠤ ᠱᠠᠭᠠᠷᠳᠠᠯᠭ᠎ᠠ ᠶᠤᠰᠤᠭᠠᠷ᠂ ᠡᠯ᠎ᠠ ᠠᠶᠢᠮᠠᠭ ᠬᠤᠳᠠ ᠥᠪᠠᠷᠳᠡᠭᠡᠨ ᠵᠠᠰᠠᠬᠤ ᠤᠷᠤᠨ ᠠᠴᠠ ᠰᠤᠩᠭᠤᠨ ᠲᠤᠮᠢᠯᠠᠭᠰᠠᠨ ᠤᠳᠤᠷᠢᠳᠤᠯᠭ᠎ᠠ᠂ ᠲᠤᠰᠬᠠᠢ ᠮᠡᠷᠭᠡᠵᠢᠯᠳᠠᠨ ᠪᠤᠯᠤᠨ ᠪᠥᠬᠦ ᠤᠯᠤᠰ ᠤᠨ ᠠᠷᠠᠳ ᠤᠨ ᠲᠥᠯᠤᠭᠡᠯᠡᠭᠴᠢ᠂ ᠤᠯᠤᠰ ᠲᠥᠷᠤ ᠶᠢᠨ ᠵᠥᠪᠯᠡᠯᠭᠡᠨ ᠤ ᠭᠡᠰᠢᠬᠦᠨ ᠵᠡᠷᠭᠡ ᠪᠠᠷ ᠪᠥᠷᠢᠯᠳᠥᠭᠰᠠᠨ ︽ᠲᠠᠯ᠎ᠠ ᠨᠤᠳᠤᠭ ᠤᠨ ᠰᠤᠷᠤᠯᠴᠠᠯᠭ᠎ᠠ ᠶᠢᠨ ᠬᠥᠡᠭᠭᠡᠨ ᠮᠤᠷᠢᠳᠤ ᠴᠡᠷᠢᠭ︾ ᠤᠬᠠᠭᠤᠯᠤᠨ ᠲᠠᠶᠢᠯᠪᠤᠷᠢᠯᠠᠬᠤ ᠲᠤᠭᠤᠢᠢᠯᠠᠩ ᠢ ᠪᠠᠶᠢᠭᠤᠯᠵᠠᠢ᠃ ᠳᠤ ᠮᠢᠩ ᠶᠠᠨ ᠬᠥᠯᠤᠨ ᠪᠤᠶᠢᠷ ᠬᠤᠳᠠ ᠶᠢᠨ ᠤᠬᠠᠭᠤᠯᠤᠨ ᠲᠠᠶᠢᠯᠪᠤᠷᠢᠯᠠᠬᠤ ᠲᠤᠭᠤᠢᠢᠯᠠᠩ ᠤᠨ ᠭᠡᠰᠢᠬᠦᠨ ᠪᠤᠯᠤᠭᠰᠠᠨ ᠤ ᠬᠤᠪᠢ ᠳᠤ ᠵᠠᠯᠠᠨ ᠠᠶᠢᠯ ᠬᠤᠳᠠ ᠶᠢᠨ ᠤᠬᠠᠭᠤᠯᠤᠨ ᠲᠠᠶᠢᠯᠪᠤᠷᠢᠯᠠᠬᠤ ᠠᠵᠢᠯ ᠢ ᠬᠠᠷᠢᠭᠤᠴᠠᠪᠠ᠃      ᠎ ᠳᠤ ᠮᠢᠩ ᠶᠠᠨ᠄ ︽ᠪᠢ ᠨᠢᠭᠡᠨ ᠴᠥᠭᠡᠨ ᠲᠤᠭᠠᠳᠤ ᠥᠨᠳᠤᠰᠤᠳᠠᠨ ᠤ ᠡᠳᠡᠭᠡᠳ ᠤᠨ ᠤᠯᠤᠰ ᠲᠥᠷᠤ ᠶᠢᠨ ᠵᠥᠪᠯᠡᠯᠭᠡᠨ ᠤ ᠭᠡᠰᠢᠬᠦᠨ ᠪᠤᠯᠤᠭᠰᠠᠨ ᠤ ᠬᠤᠪᠢ ᠳᠤ᠂ ᠢᠯᠠᠩᠭᠤᠶ᠎ᠠ ᠪᠥᠬᠦ ᠤᠯᠤᠰ ᠲᠤ ᠭᠤᠷᠪᠠᠭ᠋ᠠᠨ ᠲᠥᠮᠠᠨ ᠬᠥᠮᠤᠨ ᠠᠮᠠ ᠲᠠᠢ ᠠᠩᠴᠢᠨ ᠥᠨᠳᠤᠰᠤᠳᠠᠨ ᠤ ᠤᠯᠤᠰ ᠲᠥᠷᠤ ᠶᠢᠨ ᠵᠥᠪᠯᠡᠯᠭᠡᠨ ᠤ ᠭᠡᠰᠢᠬᠦᠨ ᠪᠤᠯᠤᠭᠰᠠᠨ ᠤ ᠬᠤᠪᠢ ᠳᠤ ᠡᠬᠦᠷᠭᠡ ᠬᠠᠷᠢᠭᠤᠴᠠᠯᠭ᠎ᠠ ᠮᠠᠰᠢ ᠬᠥᠨᠳᠤ ᠰᠠᠨᠠᠭᠳᠠᠵᠦ ᠪᠤᠢ᠃ ᠪᠢ ᠶᠠᠷᠤᠩᠭᠡᠢ ᠱᠥᠵᠢ ᠰᠢ ᠶᠢᠨ ᠫᠢᠩ ᠤᠨ ᠪᠥᠬᠦ ᠤᠯᠤᠰ ᠤᠨ ︿ᠬᠤᠶᠠᠷ ᠬᠤᠷᠠᠯ﹀᠎ ᠳᠠᠬᠢ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠥᠨᠳᠤᠰᠤᠨ ᠱᠠᠳᠤᠨ ᠳᠤ ᠤᠯᠠᠮᠵᠢᠯᠠᠵᠤ᠂ ᠨᠠᠮ ᠤᠨ ᠥᠨᠳᠤᠰᠤᠳᠠᠨ ᠤ ᠲᠤᠬᠠᠢ ᠲᠥᠷᠤ ᠶᠢᠨ ᠪᠤᠳᠤᠯᠭ᠎ᠠ᠂ ᠠᠷᠠᠳ ᠲᠤ ᠠᠰᠢᠭ ᠬᠥᠷᠳᠡᠭᠡᠬᠦ ᠲᠥᠷᠤ ᠶᠢᠨ ᠪᠤᠳᠤᠯᠭ᠎ᠠ ᠶᠢ ᠠᠩᠴᠢᠳ ᠲᠤ ᠲᠠᠶᠢᠯᠪᠤᠷᠢᠯᠠᠨ ᠦᠭᠴᠤ᠂ ᠡᠸᠡᠩᠬᠢ ᠥᠨᠳᠤᠰᠤᠳᠠᠨ ᠤ ᠠᠬ᠎ᠠ ᠲᠠᠬᠦᠤ ᠨᠠᠷ ᠤᠨ ᠥᠨᠳᠤᠰᠤᠳᠠᠨ ᠤ ᠰᠤᠶᠤᠯ ᠢᠶᠠᠨ ᠢᠳᠡᠪᠬᠢᠳᠠᠢ ᠪᠠᠷ ᠠᠭᠤᠳᠠᠯᠤᠨ ᠤᠯᠠᠮᠵᠢᠯᠠᠬᠤ ᠶᠢ ᠵᠤᠷᠢᠭᠵᠢᠭᠤᠯᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠬᠦᠳᠡᠭᠡ ᠲᠤᠰᠬᠤᠨ ᠢ ᠬᠥᠭᠵᠢᠬᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠲᠠᠢ ᠤᠷᠭᠠᠨᠢᠭ ᠢᠶᠠᠷ ᠤᠶᠠᠯᠳᠤᠭᠤᠯᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠠᠵᠤ ᠤᠢᠢᠯᠡᠰ ᠬᠥᠭᠵᠢᠨ ᠮᠠᠨᠳᠤᠵᠤ᠂ ᠠᠮᠢ ᠠᠬᠤᠢ ᠨᠢ ᠤᠷᠤᠰᠢᠨ ᠰᠠᠭᠤᠷᠢᠰᠢᠬᠤ ᠳᠤ ᠲᠤᠬᠢᠷᠠᠮᠵᠢᠳᠠᠢ᠂ ᠬᠦᠳᠡᠭᠡ ᠶᠢᠨ ᠬᠡᠪ ᠰᠤᠷᠳᠠᠯ ᠪᠤᠯᠪᠠᠰᠤᠨ᠂ ᠵᠠᠰᠠᠯᠳᠠ ᠦᠷ᠎ᠡ ᠪᠦᠳᠦᠮᠵᠢᠳᠡᠢ᠂ ᠠᠮᠢᠳᠤᠷᠠᠯ ᠪᠠᠶᠠᠨ ᠴᠢᠨᠡᠭᠡᠯᠢᠭ ᠪᠠᠶᠢᠬᠤ ᠶᠢ ᠲᠥᠯᠬᠢᠨ ᠠᠬᠢᠭᠤᠯᠵᠤ᠂ ᠥᠨᠳᠤᠰᠤᠳᠠᠨ ᠤ ᠰᠤᠶᠤᠯ ᠢ ᠪᠠᠶᠠᠵᠢᠨ ᠴᠢᠨᠡᠭᠡᠯᠢᠭᠵᠢᠬᠦ ᠡᠬᠢ ᠪᠠᠶᠠᠯᠢᠭ ᠪᠤᠯᠭᠠᠨ᠎ᠠ ︾ ᠭᠡᠵᠤ ᠰᠤᠷᠪᠤᠯᠵᠢᠯᠠᠭᠴᠢ ᠳᠤ ᠶᠠᠷᠢᠵᠤ ᠪᠠᠶᠢᠯ᠎ᠠ᠃       ᠪᠥᠬᠦ ᠤᠯᠤᠰ ᠤᠨ ︽ᠬᠤᠶᠠᠷ ᠬᠤᠷᠠᠯ︾᠎ ᠳᠤ᠂ ᠳᠤ ᠮᠢᠩ ᠶᠠᠨ ᠥᠪᠠᠷᠳᠡᠭᠡᠨ ᠵᠠᠰᠠᠬᠤ ᠤᠷᠤᠨ᠂ ᠬᠥᠯᠤᠨ ᠪᠤᠶᠢᠷ ᠬᠤᠳᠠ ᠵᠢᠴᠢ ᠵᠠᠯᠠᠨ ᠠᠶᠢᠯ ᠬᠤᠳᠠ ᠶᠢᠨ ᠠᠷᠠᠳ ᠲᠥᠮᠠᠨ ᠤ ᠬᠥᠰᠠᠯ ᠨᠠᠶᠢᠳᠠᠯᠭ᠎ᠠ ᠶᠢ ᠡᠪᠤᠷᠯᠠᠨ᠂ ᠨᠠᠶᠢᠳᠠ 8 ᠬᠤᠪᠢ ᠰᠠᠨᠠᠯ ᠲᠤᠷᠠᠳᠤᠯᠭ᠎ᠠ ᠲᠠᠪᠰᠢᠬᠦᠯᠵᠤ᠂ 7 ᠬᠤᠪᠢ ᠨᠢ ᠪᠤᠳᠠᠳᠠᠢ ᠰᠠᠨᠠᠯ ᠲᠤᠷᠠᠳᠤᠯᠭ᠎ᠠ ᠪᠠᠷ ᠲᠠᠩᠰᠠᠯᠠᠭᠳᠠᠪᠠ ᠃  ᠳᠤ ᠮᠢᠩ ᠶᠠᠨ ᠶᠠᠷᠢᠬᠤ ᠳᠠᠭᠠᠨ᠂ ︽︿ᠬᠤᠶᠠᠷ ᠬᠤᠷᠠᠯ﹀᠎ ᠳᠤ ᠮᠢᠨᠤ ᠲᠡᠪᠰᠢᠬᠦᠯᠦᠭᠰᠡᠨ ᠰᠠᠨᠠᠯ ᠲᠤᠷᠠᠳᠤᠯᠭ᠎ᠠ ᠪᠤᠯ ᠪᠥᠷ ᠨᠠᠶᠢᠭᠡᠮ ᠪᠠ ᠠᠷᠠᠳ ᠤᠨ ᠠᠮᠢᠳᠤᠷᠠᠯ ᠳᠤ ᠬᠤᠯᠪᠤᠭᠳᠠᠭᠰᠠᠨ ᠵᠦᠢᠯ ᠶᠤᠮ᠂ ᠤᠴᠢᠷ ᠨᠢ ᠠᠷᠠᠳ ᠤᠨ ᠠᠮᠢᠳᠤᠷᠠᠯ ᠳᠤ ᠥᠴᠤᠭᠡᠨ ᠶᠠᠪᠤᠳᠠᠯ ᠭᠡᠵᠤ ᠥᠭᠡᠢ᠂ ᠮᠠᠨ ᠤ ᠬᠢᠬᠦ ᠠᠵᠢᠯ ᠪᠤᠯ ᠠᠷᠠᠳ ᠤᠨ ᠠᠮᠢᠳᠤᠷᠠᠯ ᠤᠨ ᠬᠥᠴᠢᠷᠳᠠᠯ ᠢ ᠰᠢᠢᠳᠪᠤᠷᠢᠯᠡᠬᠦ ᠶᠠᠪᠤᠳᠠᠯ ᠪᠤᠯᠤᠨ᠎ᠠ᠃ ᠡᠬᠦᠨ ᠠᠴᠠ ᠬᠤᠶᠢᠰᠢᠳᠠ ᠲᠤᠰᠢᠶᠠᠯ ᠬᠠᠷᠢᠭᠤᠴᠠᠯᠭ᠎ᠠ ᠪᠠᠨ ᠬᠥᠢᠴᠡᠳᠭᠡᠬᠦ ᠲᠠᠯ᠎ᠠ ᠪᠠᠷ ᠨᠡᠩ ᠤᠯᠠᠨ ᠥᠨᠳᠤᠰᠤᠨ ᠱᠠᠳᠤᠨ ᠳᠤ ᠬᠥᠨᠵᠡᠭᠡᠶᠢᠷᠠᠨ ᠪᠠᠶᠢᠴᠠᠭᠠᠨ ᠰᠤᠳᠤᠯᠵᠤ᠂ ᠤᠯᠠᠨ ᠲᠥᠮᠠᠨ ᠤ ᠰᠠᠨᠠᠯ ᠬᠥᠰᠠᠯ ᠢ ᠨᠠᠮ ᠤᠨ ᠲᠥᠪ ᠬᠤᠷᠢᠶ᠎ᠠ ᠪᠠ ᠰᠢᠢᠳᠪᠤᠷᠢ ᠲᠤᠭᠳᠠᠭᠠᠭᠴᠢᠳ ᠤᠨ ᠭᠠᠷ ᠲᠤ ᠴᠢᠷᠮᠠᠶᠢᠨ ᠬᠥᠷᠭᠡᠵᠤ᠂ ᠵᠠᠰᠠᠭ ᠤᠨ ᠶᠠᠪᠤᠳᠠᠯ ᠳᠤ ᠤᠷᠤᠯᠴᠠᠵᠤ ᠲᠥᠷᠤ ᠶᠢᠨ ᠬᠡᠷᠡᠭ ᠢ ᠵᠥᠪᠯᠡᠬᠦ ᠠᠵᠢᠯ ᠢᠶᠠᠨ ᠨᠡᠩ ᠰᠠᠶᠢᠳᠤᠷ ᠬᠢᠨ᠎ᠠ︾ ᠭᠡᠵᠤ ᠪᠠᠶᠢᠯ᠎ᠠ᠃      ᠎ ᠳᠤ ᠮᠢᠩ ᠶᠠᠨ ᠤᠷᠢᠳ ᠬᠤᠵᠢᠳ ᠮᠤᠷᠢᠨᠳᠠᠪᠠᠭ᠎ᠠ ᠲᠠᠭᠤᠷ ᠥᠨᠳᠤᠰᠤᠳᠠᠨ ᠤ ᠥᠪᠠᠷᠳᠡᠭᠡᠨ ᠵᠠᠰᠠᠬᠤ ᠬᠤᠰᠢᠭᠤᠨ ᠳᠤ ᠵᠤᠭᠠᠴᠠᠯ ᠤᠨ ᠲᠤᠪᠴᠢᠶᠠᠨ ᠤ ᠲᠠᠳ᠋ ᠲᠠᠷᠤᠭ᠎ᠠ᠂ ᠳ᠋ᠤᠯᠠᠷ ᠡᠸᠡᠩᠬᠢ ᠥᠨᠳᠤᠰᠤᠳᠠᠨ ᠤ ᠰᠢᠶᠠᠩ ᠤᠨ ᠵᠠᠰᠠᠭ ᠤᠨ ᠤᠷᠳᠤᠨ ᠤ ᠲᠠᠷᠤᠭ᠎ᠠ᠂ ᠰᠢᠨᠵᠢᠯᠡᠭᠡ ᠮᠡᠷᠭᠡᠵᠢᠯ ᠤᠨ ᠲᠤᠪᠴᠢᠶᠠᠨ ᠤ ᠲᠠᠷᠤᠭ᠎ᠠ᠂ ᠰᠤᠷᠭᠠᠨ ᠬᠥᠮᠤᠵᠢᠯ ᠰᠢᠨᠵᠢᠯᠡᠭᠡ ᠮᠡᠷᠭᠡᠵᠢᠯ ᠤᠨ ᠲᠤᠪᠴᠢᠶᠠᠨ ᠤ ᠲᠠᠳ᠋ ᠲᠠᠷᠤᠭ᠎ᠠ ᠵᠡᠷᠭᠡ ᠲᠤᠰᠢᠶᠠᠯ ᠢ ᠬᠠᠷᠢᠭᠤᠴᠠᠵᠤ ᠦᠡᠭᠭᠡᠷᠡᠪᠡ᠃ 2017 ᠤᠨ ᠤ 10 ᠰᠠᠷ᠎ᠠ ᠳᠤ ᠵᠠᠯᠠᠨ ᠠᠶᠢᠯ ᠬᠤᠳᠠ ᠶᠢᠨ ᠵᠠᠰᠠᠭ ᠤᠨ ᠤᠷᠳᠤᠨ ᠤ ᠲᠠᠳ᠋ ᠲᠠᠷᠤᠭ᠎ᠠ ᠶᠢᠨ ᠲᠤᠰᠢᠶᠠᠯ ᠳᠤ ᠭᠠᠷᠴᠠᠢ᠃ ᠴᠥᠭᠡᠨ ᠲᠤᠭᠠᠳᠤ ᠥᠨᠳᠤᠰᠤᠳᠠᠨ ᠤ ᠨᠢᠭᠡᠨ ᠰᠢᠯᠢᠳᠡᠭ ᠵᠠᠯᠠᠭᠤ ᠺᠠᠳ᠋ᠷ ᠪᠤᠯᠤᠭᠰᠠᠨ ᠤ ᠬᠤᠪᠢ ᠳᠤ᠂ ᠱᠠᠳᠤ ᠱᠠᠳᠤᠨ ᠤ ᠬᠢᠨᠠᠨ ᠪᠠᠶᠢᠴᠠᠭᠠᠯᠳᠠ ᠶᠢ ᠥᠡᠭᠭᠡᠷᠡᠭᠡᠵᠤ᠂ ᠲᠡᠷᠡ ᠦᠩᠬᠡ ᠬᠡᠷᠡᠯᠳᠡᠢ ᠪᠠᠷ ᠴᠥᠭᠡᠨ ᠲᠤᠭᠠᠳᠤ ᠥᠨᠳᠤᠰᠤᠳᠠᠨ ᠤ ᠡᠳᠡᠬᠡᠳ ᠤᠨ ᠭᠡᠰᠢᠭᠦᠨ ᠤ ᠬᠤᠪᠢ ᠪᠠᠷ ᠪᠥᠬᠦ ᠤᠯᠤᠰ ᠤᠨ ᠤᠯᠤᠰ ᠲᠥᠷᠤ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠳᠤ ᠤᠷᠤᠯᠴᠠᠭᠰᠠᠨ ᠪᠥᠭᠡᠳ ᠵᠠᠯᠠᠨ ᠠᠶᠢᠯ ᠬᠤᠳᠠ ᠶᠢᠨ ᠲᠠᠤᠭᠡᠨ ᠳᠠᠬᠢ ᠴᠤᠷ ᠤᠨ ᠭᠠᠭᠴᠠ ᠪᠥᠬᠦ ᠤᠯᠤᠰ ᠤᠨ ᠤᠯᠤᠰ ᠲᠥᠷᠤ ᠶᠢᠨ ᠵᠥᠪᠯᠡᠯᠭᠡᠨ ᠤ ᠭᠡᠰᠢᠬᠦᠨ ᠪᠤᠯᠤᠭᠰᠠᠨ ᠪᠠᠶᠢᠨ᠎ᠠ᠃
 
ᠢᠷᠡᠯᠲᠡ᠄ ᠬᠦᠯᠦᠨ ᠪᠣᠶᠢᠷ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号