︽ᠬᠡᠶᠢᠮᠦᠷᠢ ᠬᠤᠷᠤᠶᠢᠯᠠᠭᠰᠠᠨ ᠬᠡᠤᠬᠡᠳ ᠤᠨ ᠨᠠᠭᠠᠳᠤᠮ︾ ᠮᠤᠩᠭᠤᠯ ᠦᠨᠳᠦᠰᠦᠳᠡᠨ ᠤ ᠬᠡᠤᠬᠡᠳ ᠤᠨ ᠴᠡᠴᠡᠷᠯᠢᠭ ᠤᠨ ᠬᠠᠮᠳᠤᠷᠠᠭᠰᠠᠨ ᠤᠪᠤᠭᠠᠨ ᠲᠠᠬᠢᠯᠭ᠎ᠠ ᠶᠢᠨ ᠨᠠᠶᠢᠷ ᠶᠠᠪᠤᠭᠳᠠᠭᠰᠠᠨ
ᠨᠡᠶᠢᠲᠡᠯᠡᠭᠰᠡᠨ ᠴᠠᠭ᠄
2018-05-30
    ︽6.1︾᠎ ᠤ ᠬᠡᠤᠬᠡᠳ ᠤᠨ ᠪᠠᠶᠠᠷ ᠬᠦᠷᠴᠦ ᠢᠷᠡᠬᠦ ᠲᠠᠰᠢᠷᠠᠮ ᠳᠤ᠂ ᠬᠡᠤᠬᠡᠳ ᠪᠠᠭᠠᠴᠤᠳ ᠲᠤ ᠨᠢᠬᠡᠨ ᠪᠡᠶ᠎ᠡ ᠎ ᠪᠠᠨ ᠲᠠᠭᠠᠭᠠᠭᠰᠠᠨ᠂ ᠪᠠᠶᠠᠷ ᠬᠦᠷᠳᠡᠢ᠂ ᠤᠳᠬ᠎ᠠ ᠠᠭᠤᠯᠭ᠎ᠠ ᠲᠠᠢ ᠪᠠᠶᠠᠷ ᠤᠨ ᠡᠳᠦᠷ ᠢ ᠲᠡᠮᠳᠡᠭᠯᠡᠨ ᠦᠭᠴᠦ᠂ ᠲᠡᠳᠡᠨᠦᠰ ᠤᠨ ᠢᠳᠡᠪᠬᠢᠳᠦ ᠴᠢᠨᠠᠷ ᠪᠠ ᠡᠬᠦᠳᠦᠨ ᠪᠦᠳᠦᠬᠡᠯᠳᠦ ᠴᠢᠨᠠᠷ ᠢ ᠬᠦᠢᠴᠡᠳ ᠪᠠᠳᠠᠷᠠᠭᠤᠯᠬᠤ ᠶᠢᠨ ᠲᠤᠯᠠᠳᠠ᠂ 2018 ᠤᠨ ᠤ ᠰᠤᠷᠬᠤ ᠠᠴᠠ ᠡᠮᠦᠨᠡᠬᠢ ᠰᠤᠷᠭᠠᠨ ᠬᠦᠮᠦᠵᠢᠯ ᠤᠨ ᠤᠬᠠᠭᠤᠯᠭ᠎ᠠ ᠶᠢᠨ ᠰᠠᠷ᠎ᠠ ᠲᠠᠢ ᠤᠶᠠᠯᠳᠤᠭᠤᠯᠤᠨ᠂ 5 ᠳ᠋ᠤᠭᠠᠷ ᠰᠠᠷᠠᠶᠢᠨ 29᠎ ᠤ ᠡᠳᠦᠷ᠂ ᠬᠤᠰᠢᠭᠤᠨ ᠤ ᠮᠤᠩᠭᠤᠯ ᠦᠨᠳᠦᠰᠦᠳᠡᠨ ᠤ ᠬᠡᠤᠬᠡᠳ ᠎ ᠤᠨ ᠴᠡᠴᠡᠷᠯᠢᠭ ᠤᠨ ᠬᠢᠨ ︽ᠬᠡᠶᠢᠮᠦᠷᠢ ᠬᠤᠷᠤᠶᠢᠯᠠᠭᠰᠠᠨ ᠬᠡᠤᠬᠡᠳ ᠤᠨ ᠨᠠᠭᠠᠳᠤᠮ︾ ᠬᠠᠮᠳᠤᠷᠠᠭᠰᠠᠨ ᠤᠪᠤᠭᠠᠨ ᠲᠠᠬᠢᠯᠭ᠎ᠠ ᠶᠢᠨ ᠨᠠᠶᠢᠷ ᠡᠷᠬᠢᠯᠡᠨ ᠶᠠᠪᠤᠭᠳᠠᠭᠤᠯᠵᠠᠢ᠃
    ᠡᠷᠳᠡ ᠶᠢᠨ ᠨᠠᠢᠮᠠᠨ ᠴᠠᠭ ᠲᠤ ᠪᠦᠬᠦ ᠪᠠᠭᠰᠢᠨᠠᠷ ᠬᠡᠤᠬᠡᠳ ᠪᠠ ᠬᠡᠷ ᠤᠨ ᠠᠬᠠᠮᠠᠳ ᠭᠤᠶᠢᠳᠠ ᠰᠠᠶᠢᠬᠠᠨ ᠦᠨᠳᠦᠰᠦᠳᠡᠨ ᠤ ᠬᠤᠪᠴᠠᠰᠤ ᠵᠠᠰᠠᠯ ᠢᠶᠠᠷ ᠢᠶᠠᠨ ᠭᠤᠶᠤᠵᠦ᠂ ᠴᠡᠴᠡᠷᠯᠢᠭ ᠤᠨ ᠵᠠᠩ ᠵᠠᠩᠰᠢᠯ ᠤᠨ ᠴᠡᠩᠬᠡᠯ ᠤᠨ ᠬᠦᠷᠢᠶᠡᠯᠡᠩ ᠤᠨ ᠰᠠᠭᠤᠷᠢᠨ ᠭᠠᠵᠠᠷ ᠲᠤ ᠴᠤᠭᠯᠠᠷᠠᠵᠠᠭᠠᠯ᠎ᠠ᠃ ᠠᠵᠢᠯᠯᠠᠭ᠎ᠠ ᠨᠢ ᠦᠪᠡᠳᠡᠭᠰᠢ ᠰᠠᠶᠢᠬᠠᠨ᠂ ᠠᠷᠢᠭᠤᠨ ᠲᠡᠬᠡᠳᠦ ᠤᠪᠤᠭᠠᠨ ᠲᠠᠬᠢᠯᠭ᠎ᠠ ᠶᠢᠨ ᠠᠵᠢᠯᠯᠠᠭ᠎ᠠ ᠲᠤᠮᠳᠠ ᠬᠦᠰᠢᠬᠡ ᠪᠠᠨ ᠰᠡᠬᠦᠵᠡᠢ᠃ ᠶᠡᠭᠡ ᠠᠩᠬᠢ ᠶᠢᠨ ᠬᠦᠦᠴᠦᠦᠯ ᠭᠠᠷ ᠲᠠᠭᠠᠨ ᠪᠤᠷᠭᠠᠰᠤ ᠪᠠᠷᠢᠵᠦ᠂ ᠪᠢᠴᠢᠬᠠᠨ ᠬᠡᠤᠬᠡᠨᠴᠦᠦᠯ ᠠᠯᠳᠠ ᠬᠠᠳᠠᠭ ᠢᠶᠠᠨ ᠲᠡᠯᠬᠡᠨ᠂ ᠤᠪᠤᠭ᠎ᠠ ᠪᠠᠨ ᠲᠤᠭᠤᠷᠢᠨ ᠰᠦᠰᠦᠭᠯᠡᠨ ᠵᠠᠯᠪᠠᠷᠢᠵᠦ᠂ ᠬᠡᠤᠬᠡᠳ ᠪᠠᠭᠠᠴᠤᠳ ᠪᠠᠶᠠᠷ ᠪᠠᠶᠠᠰᠤᠯᠳᠠᠢ ᠠᠭᠤᠷ ᠠᠮᠢᠰᠬᠤᠯ ᠲᠤᠮᠳᠠ ᠦᠨᠳᠦᠰᠦᠳᠡᠨ ᠤ ᠵᠠᠩ ᠵᠠᠩᠰᠢᠯ ᠢᠶᠠᠨ ᠰᠤᠷᠤᠯᠴᠠᠬᠤ ᠶᠢᠨ ᠲᠠᠭᠠᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠮᠡᠳᠡᠷᠡᠭᠰᠡᠨ ᠪᠠᠶᠢᠨ᠎ᠠ᠃     ᠤᠪᠤᠭᠠᠨ ᠲᠠᠬᠢᠯᠭ᠎ᠠ ᠶᠢᠨ ᠠᠵᠢᠯᠯᠠᠭ᠎ᠠ ᠲᠠᠭᠤᠰᠤᠭᠰᠠᠨ ᠤ ᠲᠠᠷᠠᠭ᠎ᠠ᠂ ᠪᠦᠬᠦ ᠴᠡᠴᠡᠷᠯᠢᠭ ᠤᠨ ᠬᠡᠤᠬᠡᠳ ᠪᠠᠭᠠᠴᠤᠳ ᠲᠤ ᠬᠡᠤᠬᠡᠳ ᠤᠨ ᠨᠠᠭᠠᠳᠤᠮ ᠳᠤ ᠪᠠᠨ ᠤᠷᠤᠯᠴᠠᠵᠦ᠂ ᠠᠵᠢᠯᠯᠠᠭ᠎ᠠ ᠨᠢ ᠵᠢᠭᠠᠨ ᠰᠤᠳᠤᠯᠤᠯᠳᠠ ᠶᠢᠨ ᠲᠤᠭᠤᠶᠢᠯᠠᠩ ᠢᠶᠠᠷ ᠨᠢᠬᠡᠴᠢ ᠪᠤᠯᠭᠠᠨ᠂ ᠲᠤᠰ ᠲᠤᠰ ᠬᠡᠤᠬᠡᠳ ᠤᠨ ᠪᠦᠬᠡ᠂ ᠮᠤᠷᠢ ᠤᠷᠤᠯᠳᠤᠬᠤ᠂ ᠨᠤᠮᠤ ᠰᠤᠮᠤ ᠬᠠᠷᠪᠤᠬᠤ ᠵᠡᠷᠬᠡ ᠦᠨᠳᠦᠰᠦᠳᠡᠨ ᠤ ᠤᠯᠠᠮᠵᠢᠯᠠᠯᠳᠦ ᠪᠡᠶ᠎ᠡ ᠶᠢᠨ ᠲᠠᠮᠢᠷ ᠤᠨ ᠤᠷᠤᠯᠳᠤᠭᠠᠨ ᠲᠤᠭᠯᠠᠭᠠᠮ ᠶᠠᠪᠤᠭᠳᠠᠭᠤᠯᠵᠠᠢ᠃ ᠠᠵᠢᠯᠯᠠᠭ᠎ᠠ ᠲᠤᠮᠳᠠ᠂ ᠤᠷᠠᠢ ᠬᠠᠰᠬᠢᠷᠤᠯ ᠪᠠ ᠠᠯᠠᠭ᠎ᠠ ᠲᠠᠰᠢᠯᠳᠠ ᠶᠢᠨ ᠲᠠᠭᠤᠨ ᠪᠦᠬᠦᠶᠢᠯᠡ ᠴᠡᠴᠡᠷᠯᠢᠭ ᠤᠨ ᠬᠦᠷᠢᠶ᠎ᠡ ᠶᠢ ᠪᠦᠷᠬᠦᠵᠦ᠂ ᠬᠡᠤᠬᠡᠳ ᠪᠠᠭᠠᠴᠤᠳ ᠴᠢᠷᠠᠢ ᠲᠦᠬᠦᠷᠡᠩ ᠮᠦᠰᠢᠶᠡᠳᠦ ᠲᠤᠳᠤᠷᠠᠭᠤᠯᠤᠨ᠂ ᠲᠡᠳᠡᠨᠦᠰ ᠤᠨ ᠴᠢᠷᠠᠢ ᠲᠡᠬᠡᠷᠡᠬᠢ ᠮᠦᠰᠢᠶᠡᠳᠦ ᠪᠤᠯᠭᠠᠨ ᠨᠢ ᠰᠤᠷᠭᠠᠭᠤᠯᠢ ᠶᠢᠨ ᠬᠦᠷᠢᠶᠡᠨ ᠳᠤ ᠨᠡᠩ ᠴᠤ ᠦᠩᠬᠡ ᠪᠤᠳᠤᠭ ᠨᠡᠮᠡᠷᠢᠯᠡᠵᠦ ᠪᠠᠶᠢᠯ᠎ᠠ᠃     ᠲᠤᠰ ᠤᠳᠠᠭᠠᠨ ᠤ ᠠᠵᠢᠯᠯᠠᠭ᠎ᠠ ᠪᠠᠷ ᠲᠠᠮᠵᠢᠨ᠂ ᠬᠡᠤᠬᠡᠳ ᠪᠠᠭᠠᠴᠤᠳ ᠲᠤ ᠨᠢᠬᠡᠨ ᠤᠨᠴᠠᠭᠠᠢ ᠤᠳᠬ᠎ᠠ ᠠᠭᠤᠯᠤᠭᠳᠠᠬᠤᠨ ᠲᠠᠢ ᠬᠡᠤᠬᠡᠳ ᠤᠨ ᠪᠠᠶᠠᠷ ᠢ ᠲᠡᠮᠳᠡᠭᠯᠡᠨ ᠦᠭᠬᠦᠭᠰᠡᠨ ᠢᠶᠠᠷ ᠪᠠᠷᠠᠬᠤ ᠦᠬᠡᠢ ᠲᠡᠳᠡᠨᠦᠰ ᠲᠤ ᠪᠠᠶᠠᠷ ᠬᠦᠷ ᠲᠤᠮᠳᠠ ᠮᠤᠩᠭᠤᠯ ᠦᠨᠳᠦᠰᠦᠳᠡᠨ ᠤ ᠤᠯᠠᠮᠵᠢᠯᠠᠯᠳᠦ ᠰᠤᠶᠤᠯ ᠤᠨ ᠦᠷᠬᠡᠨ ᠲᠡᠯᠬᠡᠷ ᠬᠦᠨ ᠬᠦᠨᠵᠡᠬᠡᠢ ᠶᠢ ᠮᠡᠳᠡᠷᠡᠬᠦᠯᠦᠭᠰᠡᠨ ᠪᠠᠶᠢᠨ᠎ᠠ᠃
    ᠬᠤᠶᠢᠰᠢᠳᠠ ᠬᠤᠰᠢᠭᠤᠨ ᠤ ᠮᠤᠩᠭᠤᠯ ᠦᠨᠳᠦᠰᠦᠳᠡᠨ ᠤ ᠬᠡᠤᠬᠡᠳ ᠤᠨ ᠴᠡᠴᠡᠷᠯᠢᠭ ᠨᠢ ᠮᠤᠩᠭᠤᠯ ᠦᠨᠳᠦᠰᠦᠳᠡᠨ ᠤ ᠤᠯᠠᠮᠵᠢᠯᠠᠯᠳᠦ ᠰᠤᠶᠤᠯ ᠰᠤᠷᠭᠠᠨ ᠬᠦᠮᠦᠵᠢᠯ ᠪᠠ ᠬᠡᠤᠬᠡᠳ ᠤᠨ ᠬᠢᠴᠢᠶᠡᠯ ᠤᠨ ᠭᠠᠳᠠᠨᠠᠬᠢ ᠪᠡᠶ᠎ᠡ ᠎ ᠶᠢᠨ ᠲᠠᠮᠢᠷ ᠤᠨ ᠨᠠᠭᠠᠳᠤᠮ ᠲᠤᠭᠯᠠᠭᠠᠮ ᠢ ᠨᠢᠭᠳᠠ ᠤᠶᠠᠯᠳᠤᠭᠤᠯᠤᠭᠰᠠᠨ ᠤᠨᠴᠠᠯᠢᠭᠳᠦ ᠵᠢᠷᠭᠤᠭᠠᠨ ᠰᠠᠷᠠᠶᠢᠨ ᠨᠢᠬᠡᠨ ᠎ ᠤ ᠰᠢᠷᠢᠰ ᠬᠦᠳᠡᠯᠬᠡᠬᠡᠨ ᠶᠢ ᠲᠠᠰᠤᠷᠠᠯᠳᠠ ᠦᠬᠡᠢ ᠡᠷᠢᠯᠬᠢᠯᠡᠨ᠂ ᠬᠡᠤᠬᠡᠳ ᠪᠠᠭᠠᠴᠤᠳ ᠲᠤ ᠨᠠᠭᠠᠳᠤᠮ ᠲᠤᠭᠯᠠᠭᠠᠮ ᠪᠠ ᠰᠡᠳᠬᠢᠯ ᠤᠨ ᠬᠦᠳᠡᠯᠬᠡᠬᠡᠨ ᠤ ᠲᠤᠷᠰᠢᠨ ᠦᠢᠯᠠᠭᠠᠯᠳᠠ ᠲᠤᠮᠳᠠ ᠪᠠᠶᠠᠷ ᠤᠨ ᠡᠳᠦᠷ ᠤᠨ ᠪᠠᠶᠠᠷ ᠬᠦᠷ᠂ ᠵᠤᠯ ᠵᠢᠷᠭᠠᠯ ᠢ ᠡᠳ᠋ᠯᠡᠬᠦᠯᠬᠦ ᠪᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号