ᠦᠨᠳᠦᠰᠦᠳᠡᠨ ᠤ ᠤᠯᠠᠮᠵᠢᠯᠠᠯᠳᠤ ᠭᠠᠷ ᠤᠷᠠᠯᠠᠯ ᠢᠶᠠᠨ ᠤᠯᠠᠮᠵᠢᠯᠠᠨ ᠲᠡᠬᠡᠳᠦᠯᠡᠵᠦ ᠶᠠᠪᠤᠭ᠎ᠠ ᠮᠠᠯᠴᠢᠨ ᠵᠤᠷᠢᠭᠳᠦ
ᠨᠡᠶᠢᠲᠡᠯᠡᠭᠰᠡᠨ ᠴᠠᠭ᠄
2018-06-12
    ᠦᠩᠬᠡᠷᠡᠭᠰᠡᠨ ᠳᠤ ᠠᠷᠤᠭ ᠰᠠᠪᠠᠷ ᠨᠢ ᠮᠤᠩᠭᠤᠯᠴᠤᠳ ᠤᠨ ᠨᠡᠬᠦᠳᠡᠯ ᠠᠮᠢᠳᠤᠷᠠᠯ ᠲᠤᠮᠳᠠ ᠴᠢᠬᠤᠯᠠ ᠦᠢᠯᠡᠳᠦᠯ ᠦᠵᠡᠬᠦᠯᠵᠦ ᠪᠠᠶᠢᠭᠰᠠᠨ ᠶᠤᠮ᠃ ᠬᠡᠪᠡᠴᠦ ᠴᠠᠭ ᠦᠶ᠎ᠡ ᠶᠢᠨ ᠬᠦᠭᠵᠢᠯᠳᠡ ᠶᠢ ᠲᠠᠭᠠᠯᠳᠤᠨ᠂ ᠠᠷᠤᠭ ᠰᠠᠪᠠᠷ ᠨᠢ ᠮᠠᠯᠴᠢᠳ ᠤᠨ ᠦᠢᠯᠡᠳᠪᠤᠷᠢᠯᠡᠯ ᠠᠮᠢᠳᠤᠷᠠᠯ ᠠᠴᠠ ᠶᠠᠪᠤᠬᠤ ᠲᠤᠳᠤᠮ ᠬᠤᠯᠠᠳᠴᠦ᠂ ᠨᠡᠩ ᠴᠤ ᠠᠷᠤᠭ ᠰᠠᠪᠠᠷ ᠬᠦᠷᠦᠵᠦ ᠬᠢᠵᠦ ᠴᠢᠳᠠᠬᠤ ᠬᠦᠮᠦᠨ ᠴᠤ ᠶᠠᠪᠤᠬᠤ ᠲᠤᠳᠤᠮ ᠴᠦᠬᠡᠷᠵᠡᠢ᠃ ᠡᠨᠡᠬᠦ ᠪᠠᠶᠢᠳᠠᠯ ᠢ ᠰᠡᠷᠡᠵᠦ ᠮᠡᠳᠡᠭᠰᠡᠨ ᠮᠠᠯᠴᠢᠨ ᠵᠤᠷᠢᠭᠳᠦ ᠡᠨᠡᠬᠦ ᠤᠯᠠᠮᠵᠢᠯᠠᠯᠳᠦ ᠭᠠᠷ ᠤᠷᠠᠯᠠᠯ ᠢ ᠤᠷᠬᠢᠭᠳᠠᠭᠤᠯᠬᠤ ᠦᠬᠡᠢ ᠶᠢᠨ ᠲᠦᠯᠦᠬᠡ ᠦᠪᠡᠷ ᠤᠨ ᠪᠤᠲᠠᠲᠠᠢ ᠦᠢᠯᠡ ᠠᠵᠢᠯᠯᠠᠭ᠎ᠠ ᠪᠠᠷ ᠢᠶᠠᠨ ᠦᠨᠳᠦᠰᠦᠳᠡᠨ ᠤ ᠭᠠᠷ ᠤᠷᠠᠯᠠᠯ ᠤᠨ ᠮᠡᠷᠬᠡᠵᠢᠯ ᠢᠶᠠᠨ ᠤᠯᠠᠮᠵᠢᠯᠠᠨ ᠲᠡᠯᠬᠡᠷᠡᠬᠦᠯᠬᠦ ᠪᠠᠷ ᠰᠢᠳᠭᠰᠡᠨ ᠪᠠᠶᠢᠨ᠎ᠠ᠃     ᠦᠢᠷ᠎ᠠ ᠶᠢᠨ ᠡᠳᠦᠷ᠂ ᠰᠤᠷᠪᠤᠯᠵᠢᠯᠠᠭᠴᠢ ᠮᠠᠯᠴᠢᠨ ᠵᠤᠷᠢᠭᠳᠦ ᠶᠢᠨ ᠳᠤ ᠬᠦᠷᠬᠦ ᠳᠤ᠂ ᠦᠨᠦ ᠵᠢᠯ 64 ᠨᠠᠰᠤᠳᠠᠢ ᠵᠤᠷᠢᠭᠳᠦ ᠬᠦᠷᠢᠶᠡᠨ ᠳᠡᠭᠡᠨ ᠨᠤᠶᠢᠳᠠᠨ ᠪᠤᠷᠭᠠᠰᠤ ᠪᠠᠨ ᠬᠠᠳᠠᠭᠠᠵᠦ ᠶᠠᠭᠠᠷᠠᠵᠦ ᠪᠠᠶᠢᠯ᠎ᠠ᠃ ᠵᠤᠷᠢᠭᠳᠦ ᠰᠤᠷᠪᠤᠯᠵᠢᠯᠠᠭᠴᠢ ᠳᠤ ᠪᠤᠷᠭᠠᠰᠤ ᠪᠠᠨ ᠬᠠᠳᠠᠭᠠᠬᠤ ᠨᠢ ᠠᠷᠤᠭ ᠬᠦᠷᠦᠬᠦ ᠴᠢᠬᠤᠯᠠ ᠠᠵᠢᠯ ᠤᠨ ᠶᠠᠪᠤᠴᠠ ᠪᠠᠶᠢᠵᠦ᠂ ᠠᠷᠤᠭ ᠬᠢᠬᠦ ᠳᠤ ᠪᠤᠷᠭᠠᠰᠤ ᠠᠪᠴᠤ᠂ ᠵᠠᠰᠠᠵᠦ ᠲᠡᠭᠰᠢᠯᠡᠨ᠂ ᠬᠠᠯᠢᠰᠤ ᠶᠢ ᠨᠢ ᠠᠪᠴᠤ᠂ ᠲᠦᠷᠰᠦ ᠶᠢ ᠨᠢ ᠲᠤᠭᠳᠠᠭᠠᠨ᠂ ᠨᠠᠷᠠᠨ ᠳᠤ ᠬᠠᠳᠠᠭᠠᠬᠤ᠂ ᠬᠦᠷᠦᠵᠦ ᠬᠢᠬᠦ ᠵᠡᠷᠬᠡ ᠵᠢᠷᠭᠤᠭᠠᠨ ᠶᠠᠪᠤᠴᠠ ᠶᠢ ᠦᠩᠬᠡᠷᠡᠬᠡᠳᠡᠭ ᠬᠡᠵᠦ ᠪᠠᠶᠢᠯ᠎ᠠ᠃ ᠠᠷᠤᠭ ᠬᠦᠷᠦᠬᠦ ᠨᠢ ᠪᠠᠰᠠ ᠤᠯᠠᠷᠢᠯ ᠤᠨ ᠬᠢᠵᠠᠭᠠᠷᠯᠠᠯ ᠲᠠᠢ ᠪᠠᠶᠢᠵᠦ᠂ ᠡᠪᠦᠯ ᠤᠨ ᠤᠯᠠᠷᠢᠯ ᠤᠨ 11᠂ 12 ᠰᠠᠷ᠎ᠠ ᠪᠤᠯ ᠪᠤᠷᠭᠠᠰᠤ ᠠᠪᠬᠤ ᠬᠠᠮᠤᠭ ᠤᠨ ᠰᠠᠶᠢᠨ ᠴᠠᠭ ᠪᠠᠶᠢᠵᠦ᠂ ᠬᠠᠪᠤᠷ ᠤᠨ ᠤᠯᠠᠷᠢᠯ ᠤᠨ 4᠂ 5 ᠰᠠᠷ᠎ᠠ ᠪᠤᠯ ᠠᠷᠤᠭ ᠬᠦᠷᠦᠬᠦ ᠬᠠᠮᠤᠭ ᠤᠨ ᠲᠤᠬᠢᠷᠠᠮᠵᠢᠳᠠᠢ ᠴᠠᠭ ᠪᠤᠯᠤᠨ᠎ᠠ᠃ ᠵᠤᠷᠢᠭᠳᠦ ᠵᠠᠯᠠᠭᠤ ᠳᠠᠭᠠᠨ ᠰᠢᠨᠡᠪᠤᠯᠠᠭ ᠰᠤᠮᠤᠨ ᠤ ᠵᠠᠰᠠᠭ ᠤᠨ ᠤᠷᠳᠤᠨ ᠳᠤ ᠠᠵᠢᠯᠯᠠᠵᠦ ᠪᠠᠶᠢᠭᠰᠠᠨ ᠶᠤᠮ᠂ ᠠᠵᠢᠯ ᠠᠴᠠ ᠪᠠᠨ ᠠᠮᠠᠷᠠᠭᠰᠠᠨ ᠤ ᠲᠠᠷᠠᠭ᠎ᠠ᠂ 2012᠎ ᠠᠴᠠ ᠲᠡᠷᠡ ᠠᠷᠤᠭ ᠬᠦᠷᠦᠵᠦ ᠦᠢᠯᠡᠳᠬᠦ ᠶᠢ ᠡᠬᠢᠯᠡᠵᠦ ᠰᠤᠳᠤᠯᠤᠨ᠂ ᠠᠩᠬ᠎ᠠ ᠡᠬᠢᠯᠡᠵᠦ ᠬᠢᠬᠦ ᠳᠤ ᠲᠤᠷᠰᠢᠯᠭ᠎ᠠ ᠦᠬᠡᠢ ᠪᠠᠶᠢᠵᠠᠢ᠃ ᠲᠡᠷᠡ ᠬᠢᠵᠦ ᠦᠢᠯᠡᠳᠦᠭᠰᠡᠨ 20 ᠭᠠᠷᠤᠢ ᠢᠵᠢ ᠨᠢᠬᠡ ᠲᠦᠮᠡᠨ ᠲᠦᠬᠦᠷᠢᠭ ᠤᠨ ᠦᠷᠳᠡᠭ ᠪᠦᠬᠦᠢ ᠠᠷᠤᠭ ᠰᠠᠪᠠᠷ ᠢᠶᠠᠨ ᠰᠤᠷᠭᠠᠭᠤᠯᠢ᠂ ᠴᠡᠴᠡᠷᠯᠢᠭ᠂ ᠶᠠᠳᠠᠭᠤ ᠬᠦᠴᠢᠷᠳᠡᠢ ᠮᠠᠯᠴᠢᠳ᠂ ᠬᠤᠰᠢᠭᠤᠨ ᠎ ᠤ ᠰᠤᠶᠤᠯ ᠤᠨ ᠤᠷᠳᠤᠨ ᠪᠠ ᠵᠤᠭᠠᠴᠠᠯ ᠤᠨ ᠭᠠᠵᠠᠷ ᠵᠡᠷᠬᠡ ᠭᠠᠵᠠᠷ ᠲᠤ ᠬᠠᠨᠳᠢᠪᠯᠠᠬᠤ ᠪᠠ ᠵᠤᠭᠠᠴᠠᠯ ᠤᠨ ᠭᠠᠵᠠᠷ ᠎ ᠲᠤ ᠦᠵᠡᠬᠦᠯᠬᠡ ᠬᠢᠵᠦ᠂ ᠨᠡᠩ ᠤᠯᠠᠨ ᠬᠦᠮᠦᠰ ᠲᠤ ᠠᠷᠤᠭ ᠰᠠᠪᠠᠷ ᠢ ᠦᠢᠯᠠᠭᠠᠭᠤᠯᠤᠨ᠂ ᠤᠯᠠᠮᠵᠢᠯᠠᠯᠳᠦ ᠰᠤᠶᠤᠯ ᠎ ᠢᠶᠠᠨ ᠤᠬᠠᠭᠤᠯᠤᠨ ᠲᠦᠬᠡᠮᠡᠯᠵᠢᠬᠦᠯᠬᠦ ᠶᠢ ᠵᠤᠷᠢᠵᠠᠢ᠃     ᠤᠯᠠᠨ ᠵᠢᠯ ᠤᠨ ᠦᠢᠯᠡᠳᠦᠯᠬᠡ ᠲᠤᠷᠰᠢᠯᠳᠠ ᠪᠠᠷ ᠲᠠᠮᠵᠢᠨ᠂ ᠵᠤᠷᠢᠭᠳᠦ ᠶᠢᠨ ᠬᠦᠷᠦᠵᠦ ᠦᠢᠯᠡᠳᠬᠦ ᠮᠡᠷᠬᠡᠵᠢᠯ ᠎ ᠨᠢ ᠶᠠᠪᠤᠬᠤ ᠲᠤᠳᠤᠮ ᠲᠡᠬᠡᠭᠰᠢᠯᠡᠵᠦ᠂ ᠤᠳᠤ ᠪᠤᠯᠬᠤ ᠳᠤ ᠨᠢᠬᠡᠨᠳᠡ 500 ᠭᠠᠷᠤᠢ ᠢᠵᠢ ᠠᠷᠤᠭ ᠪᠠ ᠰᠠᠪᠠᠷ ᠬᠦᠷᠦᠵᠦ ᠦᠢᠯᠡᠳᠴᠡᠢ᠃ 2017 ᠤᠨ ᠠᠴᠠ ᠡᠬᠢᠯᠡᠨ ᠭᠠᠳᠠᠭᠰᠢ ᠪᠤᠷᠤᠯᠠᠭᠤᠯᠭ᠎ᠠ ᠬᠢᠵᠦ᠂ ᠵᠤᠷᠢᠭᠳᠦ ᠶᠢᠨ ᠬᠢᠵᠦ ᠦᠢᠯᠡᠳᠦᠭᠰᠡᠨ ᠠᠷᠤᠭ ᠰᠠᠪᠠᠷ ᠨᠢ ᠮᠠᠯᠵᠢᠬᠤ ᠲᠦᠷᠪᠡᠨ ᠬᠤᠰᠢᠭᠤ ᠪᠠ ᠬᠠᠶᠢᠯᠠᠷ ᠲᠤᠭᠤᠷᠢᠭ ᠲᠤ ᠪᠤᠷᠤᠯᠠᠭᠤᠯᠤᠭᠳᠠᠭᠰᠠᠨ ᠢᠶᠠᠷ ᠪᠠᠷᠠᠬᠤ ᠦᠬᠡᠢ ᠬᠦᠬᠡᠬᠤᠳᠠ᠂ ᠰᠢᠯᠢᠩᠭᠤᠤᠯ᠂ ᠪᠤᠭᠤᠳᠤ ᠬᠤᠳᠠ ᠵᠡᠷᠬᠡ ᠭᠠᠵᠠᠷ ᠤᠳ ᠎ ᠢᠶᠠᠷ ᠪᠤᠷᠤᠯᠠᠭᠤᠯᠤᠭᠳᠠᠭᠰᠠᠨ ᠪᠠᠶᠢᠨ᠎ᠠ᠃ ᠬᠡᠤᠬᠡᠳ ᠪᠠᠭᠠᠴᠤᠳ ᠲᠤ ᠦᠨᠳᠦᠰᠦᠳᠡᠨ ᠤ ᠤᠯᠠᠮᠵᠢᠯᠠᠯᠳᠦ ᠰᠤᠶᠤᠯ ᠢᠶᠠᠨ ᠨᠡᠩ ᠰᠠᠶᠢᠨ ᠦᠢᠯᠠᠭᠠᠭᠤᠯᠤᠨ ᠲᠠᠨᠢᠭᠤᠯᠬᠤ ᠵᠤᠷᠢᠯᠭ᠎ᠠ ᠠᠴᠠ ᠠᠷᠤᠭ ᠰᠠᠪᠠᠷ ᠬᠤᠳᠠᠯᠳᠤᠨ ᠠᠪᠬᠤ ᠮᠠᠯᠴᠢᠳ ᠴᠤ ᠶᠠᠪᠤᠬᠤ ᠲᠤᠳᠤᠮ ᠤᠯᠠᠰᠢᠷᠠᠵᠠᠢ᠃ ᠤᠳᠤᠬᠠᠨ ᠳᠤ ᠵᠤᠷᠢᠭᠳᠦ ᠭᠤᠷᠪᠠᠨ ᠭᠠᠷ ᠤᠨ ᠱᠠᠪᠢ ᠲᠠᠢ ᠪᠠᠶᠢᠵᠦ᠂ ᠲᠡᠬᠦᠨ ᠤ ᠡᠬᠡᠨᠡᠷ ᠨᠢ ᠴᠤ ᠲᠡᠬᠦᠨ ᠶᠢ ᠶᠡᠬᠡᠳᠡ ᠲᠡᠮᠵᠢᠳᠡᠭ᠃     ︽ᠴᠢᠷᠮᠠᠶᠢᠯᠭ᠎ᠠ ᠬᠦᠮᠦᠨ ᠶᠢ ᠭᠤᠮᠤᠳᠠᠭᠠᠬᠤ ᠦᠬᠡᠢ︾ ᠬᠡᠳᠡᠭᠴᠢᠯᠡᠨ ᠤᠯᠠᠨ ᠵᠢᠯ ᠤᠨ ᠲᠤᠷᠰᠢ᠂ ᠵᠤᠷᠢᠭᠳᠦ ᠬᠦᠯᠦᠨ ᠪᠤᠶᠢᠷ ᠬᠤᠳᠠ ᠶᠢᠨ ᠬᠦᠯᠦᠨ ᠪᠠᠭ᠎ᠠ ᠰᠤᠷᠭᠠᠭᠤᠯᠢ᠂ ᠬᠤᠰᠢᠭᠤᠨ ᠤ ᠰᠤᠶᠤᠯ ᠤᠨ ᠤᠷᠳᠤᠨ ᠵᠡᠷᠬᠡ ᠰᠠᠯᠠᠭ᠎ᠠ ᠮᠦᠴᠢᠷ ᠠᠴᠠ ᠤᠯᠭᠤᠭᠰᠠᠨ ᠤᠯᠠᠨ ᠠᠷᠪᠢᠨ ᠢᠷᠠᠭᠤ ᠠᠯᠳᠠᠷ ᠤᠨ ᠪᠢᠴᠢᠭ ᠢ ᠬᠦᠷᠳᠡᠵᠦ᠂ ᠦᠩᠬᠡᠷᠡᠭᠰᠡᠨ ᠵᠢᠯ ᠲᠡᠷᠡ ᠪᠠᠰᠠ ᠰᠢᠨ᠎ᠡ ᠪᠠᠷᠭᠤ ᠵᠡᠬᠦᠨ ᠬᠤᠰᠢᠭᠤᠨ ᠤ ᠰᠤᠶᠤᠯ ᠤᠨ ᠤᠷᠳᠤᠨ ᠠᠴᠠ ᠤᠯᠭᠭᠤᠰᠠᠨ ︽ᠬᠠᠮᠤᠭ ᠤᠨ ᠭᠤᠶᠤ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ︾᠎ ᠶᠢᠨ ᠢᠷᠠᠭᠤ ᠠᠯᠳᠠᠷ ᠢ ᠬᠦᠷᠳᠡᠵᠡᠢ᠃ ᠲᠡᠬᠦᠨ ᠤ ᠬᠢᠭᠰᠡᠨ ᠠᠷᠤᠭ ᠰᠠᠪᠠᠷ ᠨᠢ ᠴᠤ ᠬᠦᠯᠦᠨ ᠪᠤᠶᠢᠷ ᠬᠤᠳᠠ ᠶᠢᠨ ᠪᠤᠳᠠᠰ ᠤᠨ ᠪᠤᠰᠤ ᠰᠤᠶᠤᠯ ᠤᠨ ᠦᠪ ᠎ ᠤᠨ ᠨᠡᠷᠡᠰ ᠲᠤ ᠤᠷᠤᠵᠦ᠂ ᠦᠨᠦ ᠵᠢᠯ ᠵᠤᠷᠢᠭᠳᠦ ᠬᠦᠯᠦᠨ ᠪᠤᠶᠢᠷ ᠬᠤᠳᠠ ᠶᠢᠨ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠯᠴᠢ ᠪᠠᠷ ᠬᠦᠬᠢᠬᠦᠯᠦᠭᠳᠡᠭᠰᠡᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号