6 ᠰᠠᠷᠠᠶᠢᠨ 12 ᠤ ᠡᠳᠦᠷ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠤᠨᠢᠨ ᠮᠡᠳᠡᠭᠡ | ᠬᠡᠪᠯᠡᠯ ᠷᠠᠳᠢᠤ᠋ ᠲᠧᠯᠸᠢᠰ ᠲᠤᠪᠴᠢᠶᠠᠨ ᠤ ᠨᠠᠮ ᠤᠨ ᠲᠤᠭᠤᠶᠢᠯᠠᠩ ᠤᠨ ᠱᠦᠵᠢ᠂ ᠲᠤᠪᠴᠢᠶᠠᠨ ᠲᠠᠷᠤᠭ᠎ᠠ ᠵᠢᠶᠠᠩ | ᠪᠥᠸᠧ ᠶᠠᠨ ᠮᠠᠨ ᠤ ᠬᠤᠰᠢᠭᠤᠨ ᠳᠤ ᠢᠷᠡᠵᠦ᠂ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡ ᠪᠠ ᠰᠢᠨ᠎ᠡ | ᠬᠡᠯᠪᠡᠷᠢ ᠶᠢᠨ ᠤᠶᠤᠨᠴᠢ ᠮᠠᠯᠵᠢᠬᠤ ᠤᠷᠤᠨ ᠤ ᠲᠦᠷᠦᠯ ᠵᠦᠢᠯ ᠳᠤ ᠲᠤᠬᠠᠢ ᠶᠢᠨ ᠲᠠᠯᠠᠪᠤᠷ ᠲᠤ ᠪᠠᠶᠢᠴᠠᠭᠠᠯᠳᠠ | ᠶᠠᠪᠤᠭᠤᠯᠵᠦ᠂ ᠤᠷᠤᠨ ᠤ ᠷᠠᠳᠢᠤ᠋ ᠲᠧᠯᠸᠢᠰ ᠤᠨ ᠲᠤᠤᠷ ᠰᠦᠯᠵᠢᠶᠡᠨ ᠤ ᠪᠦᠯᠦᠭᠯᠡᠯᠳᠦ ᠬᠢᠵᠠᠭᠠᠷᠳᠦ ᠺᠤᠮᠫᠠᠨᠢ ᠶᠢᠨ | ᠬᠡᠷᠡᠭ ᠮᠡᠳᠡᠭᠴᠢ ᠶᠢᠨ ᠲᠠᠷᠤᠭ᠎ᠠ᠂ ᠨᠠᠮ ᠤᠨ ᠬᠤᠷᠢᠶᠠᠨ ᠤ ᠱᠦᠵᠢ ᠹᠦ᠋ ᠬᠠᠢ ᠪᠥᠸᠧ᠂ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠬᠡᠰᠢᠬᠦᠨ᠂ ᠤᠬᠠᠭᠤᠯᠬᠤ ᠬᠡᠯᠳᠡᠰ ᠤᠨ ᠲᠠᠷᠤᠭ᠎ᠠ ᠲᠡᠭᠰᠢᠪᠤᠶᠠᠨ ᠵᠢᠴᠢ ᠬᠠᠮᠢᠶᠠᠳᠠᠢ | ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠪᠠᠷ᠎ᠠ ᠪᠤᠯᠤᠯᠴᠠᠵᠠᠢ᠃ | | ᠵᠢᠶᠠᠩ ᠪᠥᠸᠧ ᠶᠠᠨ ᠵᠡᠷᠬᠡ ᠤᠳᠤᠷᠢᠳᠤᠯᠭ᠎ᠠ ᠤᠷᠢᠳ ᠬᠤᠵᠢᠳ ᠰᠢᠨᠡᠪᠤᠯᠠᠭ ᠰᠤᠮᠤᠨ ᠤ ᠲᠤᠤᠷ ᠰᠦᠯᠵᠢᠶ᠎ᠡ | ᠭᠠᠷ ᠤᠳᠠᠰᠤ ᠶᠢᠨ ᠲᠠᠮᠵᠢᠭᠤᠯᠭ᠎ᠠ ᠶᠢᠨ ᠬᠡᠷ᠂ ᠤᠯᠠᠠᠨᠠᠭᠤᠷ ᠭᠠᠴᠠᠭᠠᠨ ᠤ ᠬᠦᠳᠡᠯᠬᠡᠬᠡᠨ ᠤ ᠲᠠᠰᠤᠭᠠ ᠪᠠ ᠬᠦᠨᠨᠠᠭᠤᠷ | ᠭᠠᠴᠠᠭᠠᠨ ᠤ ᠮᠠᠯᠴᠢᠨ ᠰᠤᠨᠤᠷ ᠤᠨ ᠬᠢ ᠪᠠᠷ ᠬᠦᠷᠴᠦ᠂ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡ ᠪᠠ | ᠰᠢᠨ᠎ᠡ ᠬᠡᠯᠪᠡᠷᠢ ᠶᠢᠨ ᠤᠶᠤᠨᠴᠢ ᠮᠠᠯᠵᠢᠬᠤ ᠤᠷᠤᠨ ᠤ ᠲᠦᠷᠦᠯ ᠵᠦᠢᠯ ᠤᠨ ᠬᠡᠷᠡᠭᠵᠢᠬᠦᠯᠦᠯᠳᠡ ᠶᠢᠨ ᠠᠬᠢᠴᠠ ᠶᠢᠨ | ᠪᠠᠶᠢᠳᠠᠯ ᠢ ᠨᠠᠷᠢᠯᠢᠭ ᠦᠢᠯᠠᠭᠠᠵᠠᠢ᠃ ᠪᠠᠶᠢᠴᠠᠭᠠᠨ ᠰᠤᠳᠤᠯᠤᠯᠳᠠ ᠲᠤᠮᠳᠠ᠂ ᠵᠢᠶᠠᠩ ᠪᠥᠸᠧ ᠶᠠᠨ ᠤᠯᠠᠨ ᠨᠡᠶᠢᠳᠡ | ᠶᠢᠨ ᠰᠤᠶᠤᠯ ᠤᠨ ᠦᠢᠯᠡᠴᠢᠯᠡᠭᠡ ᠪᠠ ᠰᠢᠨ᠎ᠡ ᠬᠡᠯᠪᠡᠷᠢ ᠶᠢᠨ ᠤᠶᠤᠨᠴᠢ ᠮᠠᠯᠵᠢᠬᠤ ᠤᠷᠤᠨ ᠤ ᠲᠦᠷᠦᠯ ᠵᠦᠢᠯ ᠢᠶᠠᠷ | ᠲᠠᠮᠵᠢᠨ᠂ ᠮᠠᠯᠵᠢᠬᠤ ᠤᠷᠤᠨ ᠤ ᠲᠤᠤᠷ ᠰᠦᠯᠵᠢᠶᠡᠨ ᠤ ᠪᠦᠷᠬᠦᠴᠡ ᠪᠠ ᠮᠠᠯᠴᠢᠳ ᠤᠨ ᠲᠧᠯᠸᠢᠰ ᠦᠵᠡᠬᠦ | ᠦᠨᠳᠦᠰᠦᠨ ᠠᠰᠠᠭᠤᠳᠠᠯ ᠢ ᠰᠢᠢᠳᠪᠤᠷᠢᠯᠡᠵᠦ ᠴᠢᠳᠠᠭᠰᠠᠨ ᠢᠶᠠᠷ ᠪᠠᠷᠠᠬᠤ ᠦᠬᠡᠢ᠂ ᠲᠤᠪᠤᠶᠢᠮ᠎ᠠ ᠤᠨᠴᠠᠯᠢᠭ ᠪᠦᠬᠦᠢ | ᠬᠢᠳᠠᠳ ᠮᠤᠩᠭᠤᠯ ᠬᠤᠶᠠᠷ ᠬᠡᠯᠡᠨ ᠤ ᠬᠡᠰᠡᠭ ᠨᠢ ᠶᠡᠷᠦᠩᠬᠡᠶᠢᠯᠡᠭᠰᠡᠨ ᠠᠷᠠᠳ ᠲᠤ ᠲᠦᠬᠦᠮ ᠦᠵᠡᠬᠦᠯᠬᠦ | ᠦᠢᠯᠡᠴᠢᠯᠡᠬᠡᠨ ᠤ ᠴᠢᠳᠠᠪᠤᠷᠢ ᠶᠢ ᠲᠦᠪᠯᠡᠷᠡᠬᠦᠯᠵᠦ᠂ ᠮᠠᠯᠴᠢᠳ ᠤᠨ ᠲᠧᠯᠸᠢᠰ ᠰᠤᠨᠢᠷᠬᠠᠬᠤ ᠠᠴᠠ ᠲᠧᠯᠸᠢᠰ ᠬᠡᠷᠡᠭᠯᠡᠬᠦ | ᠬᠤᠪᠢᠷᠠᠯᠳᠠ ᠶᠢ ᠪᠡᠶᠡᠯᠡᠬᠦᠯᠦᠭᠰᠡᠨ ᠶᠢ ᠦᠢᠯᠠᠭᠠᠯ᠎ᠠ᠃ | ᠵᠠᠯᠭᠠᠭᠠᠳ᠂ ᠵᠢᠶᠠᠩ ᠪᠥᠸᠧ ᠶᠠᠨ ᠨᠠᠷ ᠮᠠᠨ ᠤ ᠬᠤᠰᠢᠭᠤᠨ ᠤ ᠤᠯᠠᠨ ᠨᠡᠶᠢᠳᠡ ᠶᠢᠨ ᠰᠤᠶᠤᠯ ᠤᠨ | ᠦᠢᠯᠡᠴᠢᠯᠡᠭᠡ ᠪᠠ ᠰᠢᠨ᠎ᠡ ᠬᠡᠯᠪᠡᠷᠢ ᠶᠢᠨ ᠤᠶᠤᠨᠴᠢ ᠮᠠᠯᠵᠢᠬᠤ ᠤᠷᠤᠨ ᠤ ᠵᠢᠯᠤᠭᠤᠳᠬᠤ ᠲᠦᠪ ᠲᠤ ᠬᠦᠷᠴᠦ᠂ | ᠲᠤᠬᠠᠢ ᠶᠢᠨ ᠲᠠᠯᠠᠪᠤᠷ ᠲᠤ ᠪᠤᠲᠠᠲᠠᠢ ᠵᠢᠯᠤᠭᠤᠳᠤᠯᠭ᠎ᠠ᠂ ᠦᠵᠡᠬᠦᠯᠬᠡ ᠶᠢᠨ ᠲᠠᠪᠴᠠᠩ ᠤᠨ ᠠᠭᠤᠯᠭ᠎ᠠ ᠪᠠᠷ ᠲᠠᠮᠵᠢᠨ᠂ | ᠲᠤᠰ ᠲᠦᠷᠦᠯ ᠵᠦᠢᠯ ᠤᠨ ᠪᠤᠲᠠᠲᠠᠢ ᠪᠠᠶᠢᠳᠠᠯ ᠢ ᠤᠯᠠᠮ ᠬᠦᠨᠵᠡᠬᠡᠢ ᠦᠢᠯᠠᠭᠠᠵᠠᠢ᠃ ᠦᠢᠯᠠᠭᠠᠭᠰᠠᠨ ᠢᠶᠠᠷ᠂ ᠤᠯᠠᠨ | ᠨᠡᠶᠢᠳᠡ ᠶᠢᠨ ᠰᠤᠶᠤᠯ ᠤᠨ ᠦᠢᠯᠡᠴᠢᠯᠡᠭᠡ ᠪᠡ ᠰᠢᠨ᠎ᠡ ᠬᠡᠯᠪᠡᠷᠢ ᠶᠢᠨ ᠤᠶᠤᠨᠴᠢ ᠮᠠᠯᠵᠢᠬᠤ ᠤᠷᠤᠨ ᠤ ᠲᠦᠷᠦᠯ ᠵᠦᠢᠯ | ᠪᠤᠯ ᠮᠠᠨ ᠤ ᠬᠤᠰᠢᠭᠤᠨ ᠤ 2018 ᠤᠨ ᠳᠤ ᠬᠡᠷᠡᠭᠵᠢᠬᠦᠯᠵᠦ ᠪᠠᠶᠢᠭ᠎ᠠ ᠭᠤᠤᠯᠳᠠᠯᠠᠭᠠᠳᠠᠢ ᠲᠦᠷᠦᠯ ᠵᠦᠢᠯ ᠤᠨ | ᠨᠢᠬᠡ ᠪᠠᠶᠢᠵᠦ᠂ ᠪᠠᠰᠠ ᠴᠤ ᠨᠢᠬᠡ ᠲᠦᠷᠦᠯ ᠤᠨ ᠬᠢᠯᠠᠰ ᠴᠢᠭ ᠲᠠᠢ ᠢᠨᠵᠧᠨᠧᠷᠢᠩ ᠪᠤᠯᠤᠨ᠎ᠠ᠃ ᠲᠦᠷᠦᠯ ᠵᠦᠢᠯ ᠤᠨ | ᠬᠡᠷᠡᠭᠵᠢᠬᠦᠯᠦᠯᠳᠡ ᠨᠢ ᠪᠦᠬᠦ ᠬᠤᠰᠢᠭᠤᠨ ᠤ ᠡᠯ᠎ᠡ ᠰᠤᠮᠤ ᠪᠠᠯᠭᠠᠰᠤ ᠶᠢ ᠪᠦᠷᠬᠦᠵᠦ᠂ ᠤᠯᠠᠨ ᠨᠡᠶᠢᠳᠡ ᠶᠢᠨ ᠰᠤᠶᠤᠯ | ᠤᠨ ᠦᠢᠯᠡᠴᠢᠯᠡᠬᠡᠨ ᠤ ᠬᠢᠷᠢ ᠲᠦᠪᠰᠢᠨ ᠶᠢ ᠲᠡᠬᠡᠭᠰᠢᠯᠡᠬᠦᠯᠦᠭᠰᠡᠨ ᠪᠠᠷ ᠪᠠᠷᠠᠬᠤ ᠦᠬᠡᠢ ᠲᠦᠷᠦᠯ ᠵᠦᠢᠯ ᠤᠨ | ᠰᠢᠰᠲ᠋ᠧᠮ ᠤᠨ ᠬᠠᠮᠤᠷᠴᠦ ᠪᠠᠶᠢᠭ᠎ᠠ ᠤᠢ ᠰᠢᠭᠤᠢ ᠶᠢᠨ ᠭᠠᠯ ᠢ ᠰᠡᠷᠬᠡᠶᠢᠯᠡᠬᠦ ᠬᠢᠨᠠᠨ ᠡᠵᠡᠮᠳᠡᠬᠦ ᠰᠢᠰᠲ᠋ᠧᠮ᠂ ᠵᠠᠮ | ᠬᠠᠷᠢᠯᠴᠠᠭᠠᠨ ᠤ ᠬᠢᠨᠠᠨ ᠰᠢᠯᠭᠠᠬᠤ ᠰᠢᠰᠲ᠋ᠧᠮ᠂ ᠲᠧᠯᠸᠢᠰ ᠳ᠋ᠢᠶᠠᠩᠬᠤᠸᠠ ᠬᠤᠷᠠᠯ ᠤᠨ ᠰᠢᠰᠲ᠋ᠧᠮ ᠵᠡᠷᠬᠡ ᠵᠢᠷᠭᠤᠭᠠᠨ | ᠶᠡᠭᠡ ᠬᠡᠰᠡᠭ ᠨᠢ ᠰᠢᠨ᠎ᠡ ᠪᠠᠷᠭᠤ ᠵᠡᠬᠦᠨ ᠬᠤᠰᠢᠭᠤᠨ ᠤ ᠨᠡᠶᠢᠬᠡᠮ ᠤᠨ ᠬᠠᠮᠢᠶᠠᠷᠤᠯᠳᠠ ᠶᠢᠨ ᠴᠢᠳᠠᠪᠤᠷᠢ ᠶᠢ ᠦᠨᠡᠨᠬᠦ | ᠲᠡᠬᠡᠭᠰᠢᠯᠡᠬᠦᠯᠵᠡᠢ᠃ | ᠵᠢᠶᠠᠩ ᠪᠥᠸᠧ ᠶᠠᠨ ᠵᠡᠷᠬᠡ ᠤᠳᠤᠷᠢᠳᠤᠯᠭ᠎ᠠ ᠮᠠᠨ ᠤ ᠬᠤᠰᠢᠭᠤᠨ ᠤ ᠤᠯᠠᠨ ᠨᠡᠶᠢᠳᠡ ᠶᠢᠨ ᠰᠤᠶᠤᠯ ᠤᠨ | ᠦᠢᠯᠡᠴᠢᠯᠡᠭᠡ ᠪᠠ ᠰᠢᠨ᠎ᠡ ᠬᠡᠯᠪᠡᠷᠢ ᠶᠢᠨ ᠤᠶᠤᠨᠴᠢ ᠮᠠᠯᠢᠬᠤ ᠤᠷᠤᠨ ᠤ ᠲᠦᠷᠦᠯ ᠵᠦᠢᠯ ᠳᠤ ᠬᠦᠢᠴᠡᠳ ᠦᠨᠡᠯᠡᠯᠳᠡ | ᠦᠭᠴᠦ᠂ ᠵᠢᠭᠠᠬᠤ ᠳᠠᠭᠠᠨ᠄ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡ ᠪᠡ ᠰᠢᠨ᠎ᠡ ᠬᠡᠯᠪᠡᠷᠢ ᠶᠢᠨ ᠤᠶᠤᠨᠴᠢ | ᠮᠠᠯᠵᠢᠬᠤ ᠤᠷᠤᠨ ᠤ ᠲᠦᠷᠦᠯ ᠵᠦᠢᠯ ᠢ ᠬᠡᠷᠡᠭᠵᠢᠬᠦᠯᠬᠦ ᠨᠢ ᠠᠯᠤᠰ ᠬᠡᠳᠦ ᠶᠢᠨ ᠠᠴᠢ ᠬᠤᠯᠪᠤᠭᠳᠠᠯ ᠲᠠᠢ ᠪᠠᠶᠢᠵᠦ᠂ | ᠲᠠᠷᠠᠭ᠎ᠠ ᠠᠯᠬᠤᠮ ᠳᠤ ᠦᠵᠡᠯ ᠤᠬᠠᠮᠰᠠᠷ ᠢᠶᠠᠨ ᠨᠢᠬᠡᠳᠬᠡᠨ᠂ ᠲᠡᠬᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ | ᠲᠤᠰ ᠲᠦᠷᠦᠯ ᠵᠦᠢᠯ ᠢ ᠴᠢᠬᠤᠯᠠ ᠠᠵᠢᠯ ᠪᠤᠯᠭᠠᠨ ᠴᠢᠩᠭ᠎ᠠ ᠠᠳᠬᠤᠵᠦ᠂ ᠵᠤᠯᠭᠠᠯᠴᠠᠭ᠎ᠠ ᠪᠠᠨ ᠴᠢᠩᠭᠠᠳᠬᠠᠨ᠂ | ᠢᠳᠡᠪᠬᠢᠳᠡᠢ ᠬᠦᠳᠡᠯᠦᠯᠴᠡᠵᠦ᠂ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠪᠦᠬᠦ ᠬᠦᠴᠦᠨ ᠢᠶᠠᠷ | ᠠᠬᠢᠭᠤᠯᠬᠤ ᠬᠡᠷᠡᠭᠳᠡᠢ ᠬᠡᠪᠡ᠃ | | ᠪᠠᠶᠢᠴᠠᠭᠠᠨ ᠰᠤᠳᠤᠯᠤᠯᠳᠠ ᠶᠢᠨ ᠬᠤᠭᠤᠴᠠᠭᠠᠨ ᠤ ᠵᠢᠶᠠᠩ ᠪᠥᠸᠧ ᠶᠠᠨ ᠨᠠᠷ ᠪᠠᠰᠠ 718 ᠲᠠᠮᠵᠢᠭᠤᠯᠭ᠎ᠠ | ᠶᠢᠨ ᠦᠷᠳᠡᠬᠡᠨ ᠤ ᠮᠠᠰᠢᠨ ᠤ ᠲᠠᠰᠤᠭ᠂ ᠲᠠᠮᠵᠢᠭᠤᠯᠤᠨ ᠡᠵᠡᠮᠳᠡᠬᠦ ᠲᠠᠰᠤᠭ᠂ ᠲᠤᠨᠤᠭ ᠲᠦᠬᠦᠬᠡᠷᠦᠮᠵᠢ ᠶᠢᠨ | ᠬᠦᠮᠦᠷᠬᠡ ᠵᠡᠷᠬᠡ ᠠᠵᠢᠯ ᠤᠨ ᠲᠠᠯᠠᠪᠤᠷ ᠢᠶᠠᠷ ᠬᠦᠨᠵᠡᠬᠡᠶᠢᠷᠡᠵᠦ᠂ ᠪᠠᠶᠢᠴᠠᠭᠠᠨ ᠦᠵᠡᠬᠦ ᠶᠢᠨ ᠬᠠᠮᠳᠤ ᠠᠵᠢᠯᠳᠠᠳ ᠤᠨ | ᠠᠵᠢᠯ ᠠᠮᠢᠳᠤᠷᠠᠯ ᠤᠨ ᠪᠠᠶᠢᠳᠠᠯ ᠢ ᠨᠠᠷᠢᠯᠢᠭ ᠠᠰᠠᠭᠤᠨ ᠯᠠᠪᠯᠠᠵᠦ᠂ ᠦᠵᠡᠯ ᠤᠬᠠᠮᠰᠠᠷ ᠤᠨ ᠲᠠᠨᠢᠯᠳᠠ᠂ ᠮᠡᠷᠬᠡᠵᠢᠯ | ᠤᠨ ᠪᠠᠳᠤᠯᠠᠭ᠎ᠠ ᠵᠡᠷᠬᠡ ᠲᠠᠯ᠎ᠠ ᠠᠴᠠ ᠪᠤᠲᠠᠲᠠᠢ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃ |